ᠸᠢᠴᠠᠲ ᠴᠢᠬᠤᠯᠠ ᠶᠡᠭᠡ ᠰᠢᠨᠡᠴᠢᠯᠡᠯᠲᠡ ᠲᠠᠢ ᠪᠤᠯᠪᠠ︕
ᠨᠡᠶᠢᠲᠡᠯᠡᠭᠰᠡᠨ ᠴᠠᠭ᠄
2021/10/29
    7 ᠰᠠᠷ᠎ᠠ ᠶᠢᠨ 14 ᠤ ᠡᠳᠦᠷ᠂ ᠸᠢᠴᠠᠲ iOS ᠤᠨ ᠦᠵᠦᠭᠦᠷ ᠨᠢ 8.0.8 ᠬᠡᠪ ᠤᠨ ᠴᠢᠬᠤᠯᠠ ᠶᠡᠭᠡ ᠰᠢᠨᠡᠴᠢᠯᠡᠯᠲᠡ ᠲᠠᠢ ᠪᠣᠯᠪᠠ᠃ 01. ᠲᠤᠰᠬᠠᠢ ᠴᠤᠬᠯᠠᠷᠠᠯ ᠤᠨ ᠪᠦᠷᠢᠯᠳᠦᠬᠦᠨ ᠤ ᠦᠭᠡ ᠬᠡᠯᠡᠬᠦ ᠳᠤ ᠠᠩᠬᠠᠷᠤᠯ ᠲᠠᠯᠪᠢᠬᠤ ᠪᠠᠶᠢᠷᠢᠯᠠᠯ ᠭᠠᠷᠭᠠᠪᠠ᠂ ᠲᠠᠨ ᠤ ᠠᠩᠬᠠᠷᠴᠦ ᠪᠠᠶᠢᠭ᠎ᠠ ᠬᠥᠮᠦᠨ ᠬᠡᠷᠪᠡ ᠣᠯᠠᠨ ᠤ ᠶᠠᠷᠢᠯᠴᠠᠭᠠᠨ ᠳᠤ ᠤᠷᠤᠯᠴᠠᠵᠤ ᠦᠭᠡ ᠬᠡᠯᠡᠬᠦ ᠳ᠋ᠤᠬᠦ᠋ᠷᠪᠡᠯ᠂ ᠸᠢᠴᠠᠲ ᠴᠢᠨᠢ ᠲᠡᠷᠡ ᠲᠤᠤᠷ᠎ᠠ ᠪᠠᠨ ᠴᠢᠮ᠎ᠠ ᠳᠤ Ta ᠶᠢ ᠠᠩᠬᠠᠷᠤᠭᠠᠷᠠᠢ ᠬᠡᠵᠦ ᠰᠠᠨᠠᠭᠤᠯᠤᠨ᠎ᠠ᠂ ᠴᠤᠬᠯᠠᠷᠠᠯ ᠤᠨ ᠲᠣᠲᠣᠷᠠᠬᠢ ᠪᠤᠰᠤᠳ ᠬᠥᠮᠦᠰ ᠤᠨ ᠬᠡᠯᠡᠭᠰᠡᠨ ᠦᠭᠡ ᠨᠢ ᠤᠤᠯ ᠤᠨ ᠬᠢ ᠲᠠᠢ ᠪᠠᠨ ᠠᠳᠠᠯᠢ ᠦᠢᠮᠡᠬᠦᠯᠬᠦ ᠠᠴᠠ ᠵᠠᠶᠢᠯᠠᠰᠬᠢᠬᠦᠪᠠᠶᠢᠳᠠᠯ ᠢᠶᠠᠨ ᠪᠠᠳᠤᠯᠠᠨ᠎ᠠ᠃ 02 . ᠤᠲᠠᠰᠤ ᠢᠷᠡᠬᠦ ᠬᠤᠩᠬᠤᠨ ᠳᠠᠭᠤᠨ ᠤ ᠮᠡᠳᠡᠭᠡ ᠴᠢᠮᠡᠭᠡ ᠶᠢᠨ ᠰᠠᠨᠠᠭᠤᠯᠤᠮᠵᠢ ᠶᠢᠨ ᠲᠠᠭᠤ ᠪᠠ ᠠᠪᠢᠶᠠᠨ ᠤ ᠬᠠᠷᠠᠭᠠᠨ ᠳᠠᠪᠲᠠᠮᠵᠢ ᠪᠠᠷ ᠤᠲᠠᠰᠤ ᠢᠷᠡᠬᠦ ᠬᠤᠩᠬᠤᠨ ᠳᠠᠭᠤ ᠶᠢ ᠦᠭᠡᠷᠡᠴᠢᠯᠡᠬᠦ ᠶᠢ ᠲᠡᠮᠵᠢᠪᠡᠯ ᠪᠦᠷ ᠰᠣᠯᠢᠵᠤ ᠪᠣᠯᠤᠨ᠎ᠠ᠃ ᠮᠡᠳᠡᠭᠡ ᠴᠢᠮᠡᠭᠡ ᠶᠢᠨ ᠰᠠᠨᠠᠭᠤᠯᠤᠮᠵᠢ ᠶᠢᠨ ᠲᠠᠭᠤ ᠳᠤ 8 ᠵᠦᠢᠯ ᠤᠨ ᠬᠤᠩᠬᠤ ᠶᠢᠨ ᠲᠠᠭᠤᠨ ᠢ ᠰᠣᠩᠭᠤᠵᠤ ᠪᠣᠯᠤᠨ᠎ᠠ᠂ ᠠᠪᠢᠶᠠᠨ ᠤ ᠬᠠᠷᠠᠭᠠᠨ ᠳᠠᠪᠲᠠᠮᠵᠢ ᠪᠠᠷ ᠤᠲᠠᠰᠤ ᠢᠷᠡᠬᠦ ᠬᠤᠩᠬᠤ ᠶᠢᠨ ᠲᠠᠭᠤᠨ ᠳᠤ ᠬᠠᠷᠢᠨ ᠳᠠᠭᠤᠤ ᠪᠤᠶᠤ ᠬᠠᠯᠠᠮᠰᠢᠯ ᠬᠠᠷᠠᠭᠠᠨ ᠳᠠᠪᠲᠠᠮᠵᠢ ᠶᠢᠨ ᠠᠷᠤ ᠦᠵᠡᠭᠳᠡᠯᠳᠦ ᠳᠠᠭᠤᠤ ᠬᠥᠭᠵᠢᠮ ᠲᠣᠬᠢᠷᠠᠭᠤᠯᠵᠤ᠂ ᠬᠠᠶᠢᠯᠲᠠ ᠶᠢ ᠳᠡᠮᠵᠢᠵᠦ ᠪᠣᠯᠤᠨ᠎ᠠ᠃ 03. ᠤᠷᠬᠢᠯ ᠳᠠᠭᠠᠨ ᠲᠤᠯᠳᠠᠯ᠎ᠠ ᠵᠣᠭᠤᠭᠳᠠᠬᠤ ᠶᠢ ᠪᠠᠶᠢᠷᠢᠯᠠᠭᠤᠯᠪᠠᠯ ᠨᠤᠭᠤᠯᠵᠤ ᠪᠤᠳᠤᠵᠤ ᠪᠣᠯᠤᠨ᠎ᠠ᠂ 04. ᠤᠳᠠᠰᠤ ᠨᠡᠪᠳᠡᠷᠡᠬᠦ ᠳ᠋ᠤᠪᠦ᠋ᠷ ᠬᠥᠨᠳᠡᠯᠡᠨ ᠪᠢᠴᠢᠭᠡᠰᠦ ᠪᠠᠷ ᠶᠠᠷᠢᠯᠴᠠᠨ᠎ᠠ / ᠬᠠᠷᠠᠭᠠᠨ ᠳᠠᠪᠲᠠᠮᠵᠢ ᠪᠠᠷ ᠤᠳᠠᠰᠤ ᠨᠡᠪᠳᠡᠷᠡᠭᠦ ᠶᠢ ᠰᠢᠨᠡᠴᠢᠯᠡᠭᠰᠡᠨ ᠤ ᠳᠠᠷᠠᠭ᠎ᠠ ᠪᠦᠷ ᠬᠥᠨᠳᠡᠯᠡᠨ ᠪᠢᠴᠢᠭᠡᠰᠦ ᠪᠠᠷ ᠮᠡᠳᠡᠭᠳᠡᠨ᠎ᠡ᠂ ᠦᠡᠭᠭᠡᠷᠡᠭᠰᠡᠨ ᠤ ᠰᠢᠭ ᠪᠦᠬᠦ ᠳᠡᠯᠭᠡᠴᠡ ᠪᠠᠷ ᠮᠡᠳᠡᠭᠳᠡᠬᠦ ᠮᠡᠳᠡᠭᠳᠡᠯ ᠪᠢᠰᠢ ᠪᠤᠯᠵᠤ᠂ ᠲᠠ ᠵᠣᠬᠢᠶᠠᠯ ᠭᠦᠶᠦᠯᠭᠡᠨ ᠦᠵᠡᠬᠦ ᠪᠤᠶᠤ ᠦᠰᠦᠭ ᠴᠣᠬᠢᠵᠤ ᠮᠡᠳᠡᠭᠡ ᠬᠠᠷᠢᠭᠤᠯᠬᠤ ᠦᠶᠡᠰ ᠲᠠᠰᠤᠯᠤᠭᠳᠠᠬᠤ ᠦᠭᠡᠢ ᠪᠤᠯᠵᠠᠢ᠃ ᠣᠳᠣᠬᠠᠨ ᠳᠤ᠂ ᠰᠢᠨ᠎ᠡ ᠬᠡᠪ ᠢ ᠶᠠᠭ ᠪᠦᠷᠬᠦᠬᠦᠯᠵᠦ ᠪᠠᠶᠢᠨ᠎ᠠ᠂ ᠠᠨ ᠵᠦᠸᠧ ᠬᠡᠷᠡᠭᠯᠡᠭᠴᠢ ᠴᠦ ᠲᠡᠮᠡᠢ ᠤᠳᠠᠯ ᠦᠭᠡᠢ ᠪᠡᠶᠡᠴᠢᠯᠡᠨ ᠣᠶᠢᠯᠠᠭᠠᠬᠤ ᠪᠣᠯᠤᠨ᠎ᠠ᠃            ᠪᠡᠯᠡᠳᠭᠡᠭᠰᠡᠨ ᠨᠢ  ᠄ ᠳᠤᠭᠤᠰ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2