ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ 2021 ᠣᠨ ᠤ ᠠᠵᠢᠯ ᠢ ᠥᠷᠨᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2021/11/15
    ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ 2021 ᠣᠨ ᠤ ᠠᠵᠢᠯ ᠢ ᠥᠷᠨᠢᠭᠦᠯᠦᠭᠰᠡᠨ ᠪᠠᠶᠢᠳᠠᠯ                                — ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠧᠩ ᠬᠤ᠋
   ᠰᠤᠷᠪᠤᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠦᠦ︖ ᠥᠨᠥᠳᠦᠷ ᠪᠢᠳᠡ ᠵᠣᠯ ᠢᠶᠠᠷ ᠰᠢᠶᠠᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ  ᠮᠧᠩ ᠬᠤ᠋ ᠨᠥᠬᠦᠷ ᠢ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠠᠷ ᠤᠷᠢᠯ᠎ᠠ᠂ ᠮᠧᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃    ᠮᠧᠩ ᠬᠤ᠋᠄ ᠰᠠᠶᠢᠨ ᠪᠠᠶᠢᠵᠠᠭᠠᠨ᠎ᠠ ᠦᠦ︖ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ  ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠣᠯᠠᠨ ᠢᠶᠠᠷ ᠢᠶᠠᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠮᠠᠰᠢ ᠲᠠᠯᠠᠷᠬᠠᠵᠤ ᠪᠠᠶᠢᠨ᠎ᠠ᠃    ᠨᠢᠭᠡ᠂ ᠰᠤᠷᠪᠤᠯᠵᠢᠯᠠᠭᠴᠢ᠄ ᠮᠧᠩ ᠡᠷᠬᠢᠯᠡᠭᠴᠢ ᠡ᠂ ᠲᠠ ᠡᠩ ᠲᠡᠷᠢᠭᠦᠨ ᠳᠤ ᠡᠨᠡ ᠵᠢᠯ ᠤᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖     ᠮᠧᠩ ᠬᠤ᠋᠄     ︵ᠨᠢᠭᠡ︶ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ     ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ 74 ᠠᠵᠤ ᠠᠬᠤᠶᠢᠯᠠᠯ ᠲᠠᠢ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ 18 ᠠᠵᠤ ᠠᠬᠤᠶᠢᠯᠠᠯ ︵ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ 12᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ 1᠂ ᠱᠦᠢᠨᠢ ᠶᠢᠨ ᠠᠵᠤ ᠠᠬᠤᠶᠢᠯᠠᠯ 1᠂ ᠬᠤᠪᠴᠠᠰᠤ ᠬᠤᠨᠠᠷ ᠤᠨ ᠠᠵᠤ ᠠᠬᠤᠶᠢᠯᠠᠯ 4︶ ᠪᠠᠶᠢᠵᠤ᠂ ᠡᠨᠡ ᠵᠢᠯ ᠤᠨ 1 — 8 ᠳ᠋ᠤᠭᠠᠷ ᠰᠠᠷ᠎ᠠ ᠳᠤ ᠬᠦᠷᠢᠶᠡᠯᠡᠩ ᠲᠣᠭᠤᠷᠢᠭ ᠲᠤ ᠬᠡᠪᠴᠢᠶᠡᠵᠢᠯ ᠠᠴᠠ ᠳᠡᠭᠡᠭᠰᠢᠬᠢ 18 ᠠᠵᠤ ᠠᠬᠤᠶᠢᠯᠠᠯ 57.55 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠪᠠᠭᠤᠷᠠᠪᠠ︔ ᠴᠠᠬᠢᠯᠭᠠᠨ ᠬᠡᠷᠡᠭᠯᠡᠭᠰᠡᠨ ᠬᠡᠮᠵᠢᠶ᠎ᠡ ᠪᠠᠷᠤᠭ 34.44 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.17% ᠪᠠᠭᠤᠷᠠᠵᠠᠶ︔ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ 1.99 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.1 ᠳᠠᠬᠢᠨ ᠪᠣᠯᠵᠠᠶ︔ ᠠᠵᠤ ᠠᠬᠤᠶᠢᠯᠠᠯ 4.2 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5 ᠳ᠋ᠦᠩᠰᠢᠭᠤᠷ ᠲᠥᠭᠦᠷᠢᠭ ︵ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠷᠤᠭ -0.7 ᠳ᠋ᠦᠩᠰᠢᠭᠤᠷ ᠲᠥᠭᠦᠷᠢᠭ ᠪᠠᠶᠢᠵᠤ᠂ ᠰᠥᠭᠡᠷᠭᠦ ᠨᠡᠮᠡᠭᠳᠡᠯ ᠳᠤ ᠲᠣᠭᠠᠴᠠᠭᠳᠠᠨ᠎ᠠ︶ ᠨᠡᠮᠡᠭᠳᠡᠵᠡᠶ᠂ ᠡᠭᠦᠨ ᠤ ᠳᠣᠲᠣᠷ᠎ᠠ ᠠᠰᠢᠭ ᠣᠯᠵᠠᠪᠤᠷᠢ 14᠂ ᠠᠯᠳᠠᠭᠳᠠᠯ 4 ᠪᠣᠶ︔ ᠪᠣᠷᠣᠯᠠᠭᠤᠯᠭ᠎ᠠ ᠶᠢᠨ ᠣᠷᠣᠯᠭ᠎ᠠ 61.93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠭᠤᠷᠠᠪᠠ︔ 3741 ᠠᠵᠢᠯ ᠤᠨ ᠪᠠᠶᠢᠷᠢ ᠬᠠᠩᠭᠠᠵᠤ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠪᠠ᠂ ᠡᠨᠡ ᠨᠢ ᠭᠤᠤᠯᠳᠠᠭᠤ ᠬᠢᠵᠢᠭ ᠤᠨ ᠪᠠᠶᠢᠳᠠᠯ᠂ ᠡᠨᠧᠷᠭᠢ ᠶᠢᠨ ᠬᠤᠷᠣᠭᠳᠠᠯ ᠤᠨ ᠬᠤᠤᠰ ᠬᠢᠵᠠᠭᠠᠷᠯᠠᠯ ᠵᠢᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠨᠥᠯᠥᠭᠡᠯᠡᠯ ᠠᠴᠠ ᠪᠣᠯᠵᠣ᠂ ᠬᠡᠰᠡᠭ ᠠᠵᠤ ᠠᠬᠤᠶᠢᠯᠠᠯ ᠵᠣᠬᠢᠬᠤ ᠬᠡᠮᠵᠢᠶ᠎ᠡ ᠪᠠᠷ ᠠᠵᠢᠯᠴᠢᠨ ᠬᠡᠷᠡᠭᠯᠡᠬᠦ ᠪᠠᠨ ᠪᠠᠭᠠᠰᠬᠠᠪᠠ᠃    ︵ᠬᠤᠶᠠᠷ︶ ᠭᠤᠤᠯᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ    1. ᠬᠠᠶᠢᠯᠤᠰᠢ ᠶᠢᠨ ᠠᠵᠤ ᠦᠢᠯᠡᠰ ᠤᠨ ᠲᠠᠯ᠎ᠠ ᠪᠠᠷ᠄ ᠣᠳᠣᠬᠠᠨ ᠳᠤ ᠬᠦᠷᠢᠶᠡᠯᠡᠩ ᠲᠣᠭᠤᠷᠢᠭ ᠤᠨ 17 ᠡᠷᠦᠬᠡ ᠬᠠᠶᠢᠯᠤᠰᠢ ᠶᠢᠨ ᠠᠵᠤ ᠠᠬᠤᠶᠢᠯᠠᠯ 56 ᠰᠠᠤᠷᠢ ᠬᠠᠶᠢᠯᠤᠰᠢ ᠶᠢᠨ ᠠᠭᠤᠷᠬᠠᠶ ᠶᠢᠨ ᠢᠯᠴᠢ ᠶᠢᠨ ᠵᠤᠤᠬ᠎ᠠ ︵ᠡᠭᠦᠨ ᠳᠤ 2.5 ᠲᠦᠮᠡᠨ KVA ᠠᠴᠠ ᠳᠡᠭᠡᠭᠰᠢᠬᠢ ᠠᠭᠤᠷᠬᠠᠶ ᠶᠢᠨ ᠢᠯᠴᠢ ᠶᠢᠨ ᠵᠤᠤᠬ᠎ᠠ 29 ᠰᠠᠤᠷᠢ᠂ 2.5 ᠲᠦᠮᠡᠨ KVA ᠠᠴᠠ ᠳᠣᠷᠣᠭᠰᠢᠬᠢ ᠠᠭᠤᠷᠬᠠᠶ ᠶᠢᠨ ᠢᠯᠴᠢ ᠶᠢᠨ ᠵᠤᠤᠬ᠎ᠠ 17 ᠰᠠᠤᠷᠢ᠂ ᠨᠠᠷᠢᠯᠢᠭ ᠪᠣᠯᠪᠠᠰᠤᠷᠠᠭᠤᠯᠬᠤ ᠵᠤᠤᠬ᠎ᠠ 10 ᠰᠠᠤᠷᠢ︶ ᠪᠠᠶᠢᠭᠤᠯᠵᠤ᠂ ᠶᠡᠷᠦᠩᠬᠡᠶ ᠳᠠᠭᠠᠭᠠᠴᠠ ᠨᠢ 115 ᠲᠦᠮᠡᠨ KVA ᠳᠤ ᠬᠦᠷᠴᠦ᠂ ᠦᠢᠯᠡᠳᠪᠤᠷᠢᠯᠡᠬᠦ ᠴᠢᠳᠠᠪᠤᠷᠢ ᠨᠢ 200 ᠲᠦᠮᠡᠨ ᠲᠣᠨ ᠢ ᠳᠠᠪᠠᠵᠤ᠂ ᠦᠢᠯᠡᠳᠬᠦᠨ ᠤ ᠥᠷᠲᠡᠭ ᠨᠢ 120 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠲᠡᠮᠦᠷ ᠤᠨ ᠬᠠᠶᠢᠯᠤᠰᠢ ᠶᠢᠨ ᠭᠠᠷᠤᠯᠲᠠ ᠶᠢ 120 ᠲᠦᠮᠡᠨ ᠲᠣᠨ ᠪᠡᠶᠡᠯᠡᠭᠦᠯᠬᠦ ᠪᠠᠷ ᠵᠢᠱᠢᠵᠦ ᠪᠣᠶ᠃ ᠣᠳᠣᠬᠠᠨ ᠳᠤ 39 ᠠᠭᠤᠷᠬᠠᠢ ᠶᠢᠨ ᠢᠯᠴᠢ ᠶᠢᠨ ᠵᠤᠤᠬ᠎ᠠ ᠠᠵᠢᠯᠯᠠᠵᠤ᠂ 17 ᠰᠠᠤᠷᠢ ᠦᠢᠯᠡᠳᠪᠦᠷᠢᠯᠡᠯ ᠢᠶᠠᠨ ᠵᠣᠭᠰᠣᠭᠠᠵᠠᠢ ︵ᠡᠦ ᠵᠧᠦ ᠶᠢᠨ ᠴᠠᠬᠢᠯᠭᠠᠨ ᠢ ᠬᠢᠵᠠᠭᠠᠷᠯᠠᠭᠠᠳ 1 ᠰᠠᠤᠷᠢ ᠦᠢᠯᠡᠳᠪᠦᠷᠢᠯᠡᠯ ᠵᠣᠭᠰᠣᠭᠠᠵᠤ᠂ ᠳ᠋ᠠ ᠲᠠᠩ ᠤᠨ ᠯᠦᠩ ᠳ᠋ᠧ ᠶᠢᠨ ᠴᠠᠬᠢᠯᠭᠠᠨ ᠢ ᠬᠢᠵᠠᠭᠠᠷᠯᠠᠭᠠᠳ 2 ᠰᠠᠤᠷᠢ ᠦᠢᠯᠡᠳᠪᠦᠷᠢᠯᠡᠯ ᠵᠣᠭᠰᠣᠭᠠᠵᠤ᠂ ᠵᠢᠶᠠ ᠮᠢᠩ ᠤᠨ ᠮᠡᠷᠭᠡᠵᠢᠯ ᠤᠨ ᠥᠭᠡᠷᠡᠴᠢᠯᠡᠯᠲᠡ ᠳᠤ 3 ᠰᠠᠤᠷᠢ ᠦᠢᠯᠡᠳᠪᠦᠷᠢᠯᠡᠯ ᠢ ᠵᠣᠭᠰᠣᠭᠠᠵᠤ᠂ ᠰᠢᠨ ᠳ᠋ᠡ ᠳ᠋ᠢ ᠶᠢᠨ ᠮᠡᠷᠭᠡᠵᠢᠯ ᠤᠨ ᠥᠭᠡᠷᠡᠴᠢᠯᠡᠯᠲᠡ ᠳᠤ 1 ᠰᠠᠤᠷᠢ ᠦᠢᠯᠡᠳᠪᠦᠷᠢᠯᠡᠯ ᠵᠣᠭᠰᠣᠭᠠᠵᠤ᠂ ᠮᠧᠩ ᠢᠦᠢ ᠮᠡᠷᠭᠡᠵᠢᠯ ᠤᠨ ᠥᠭᠡᠷᠡᠴᠢᠯᠡᠯᠲᠡ ᠳᠤ 1 ᠰᠠᠤᠷᠢ ᠦᠢᠯᠡᠳᠪᠦᠷᠢᠯᠡᠯ ᠵᠣᠭᠰᠣᠭᠠᠵᠤ᠂ ᠪᠸᠢ ᠴᠧᠨ ᠤᠨ ᠮᠡᠷᠭᠡᠵᠢᠯ ᠤᠨ ᠥᠭᠡᠷᠡᠴᠢᠯᠡᠯᠲᠡ ᠳᠤ 2 ᠰᠠᠤᠷᠢ ᠦᠢᠯᠡᠳᠪᠦᠷᠢᠯᠡᠯ ᠵᠣᠭᠰᠣᠭᠠᠵᠤ᠂ ᠶᠢᠨ ᠰᠢᠨ ‍ᠤᠨ‌ᠮᠡᠷᠭᠡᠵᠢᠯ ᠤᠨ ᠥᠭᠡᠷᠡᠴᠢᠯᠡᠯᠲᠡ ᠳᠤ 2 ᠰᠠᠤᠷᠢ ᠦᠢᠯᠡᠳᠪᠦᠷᠢᠯᠡᠯ ᠵᠣᠭᠰᠣᠭᠠᠵᠤ᠂ ᠲᠢᠶᠠᠨ ᠴᠧᠩ ᠤᠨ ᠰᠡᠯᠪᠢᠨ ᠵᠠᠰᠠᠬᠤ ᠳᠤ 1 ᠰᠠᠤᠷᠢ ᠦᠢᠯᠡᠳᠪᠦᠷᠢᠯᠡᠯ ᠵᠣᠭᠰᠣᠭᠠᠵᠤ᠂ ᠪᠥᠸᠧ ᠶᠤᠸᠠᠨ᠂ ᠾᠧᠩ ᠱᠦᠨ᠂ ᠰᠢᠨ ᠽᠧ ᠤᠷᠳᠤ ᠬᠤᠭᠤᠴᠠᠭ᠎ᠠ ᠪᠠᠷ ᠦᠢᠯᠡᠳᠪᠤᠷᠢᠯᠡᠯ ᠵᠣᠭᠰᠤᠵᠠᠢ᠂ ᠨᠡᠶᠢᠲᠡ5 ᠰᠠᠦᠷᠢ︶᠃    2. ᠬᠤᠪᠴᠠᠰᠤᠨ ᠤ ᠠᠵᠤ ᠦᠢᠯᠡᠰ ᠤᠨ ᠲᠠᠯ᠎ᠠ ᠪᠠᠷ᠄ 2020 ᠣᠨ ᠳᠤ ᠪᠥᠬᠦ ᠰᠢᠶᠠᠨ ᠤ ᠬᠤᠪᠴᠠᠰᠤᠨ ᠤ ᠦᠢᠯᠡᠳᠪᠤᠷᠢᠯᠡᠭᠰᠡᠨ ᠬᠡᠮᠵᠢᠶ᠎ᠡ ᠪᠠᠷᠤᠭ 1500 ᠲᠦᠮᠡᠨ ᠵᠠᠬ᠎ᠠ ᠪᠠᠶᠢᠵᠤ᠂  ᠦᠢᠯᠡᠳᠬᠦᠨ ᠤ ᠥᠷᠲᠡᠭ ᠨᠢ ᠪᠠᠷᠤᠭ 12 ᠳ᠋ᠦᠩᠰᠢᠭᠤᠷ ᠲᠥᠭᠦᠷᠢᠭ ᠪᠣᠯᠤᠨ᠎ᠠ᠃ ᠡᠨᠡ ᠵᠢᠯ ᠪᠣᠯᠲᠠᠯ᠎ᠠ ᠪᠥᠬᠦ ᠰᠢᠶᠠᠨ ᠤ 106 ᠬᠤᠪᠴᠠᠰᠤᠨ ᠤ ᠠᠵᠤ ᠠᠬᠤᠶᠢᠯᠠᠯ ᠤᠨ ᠦᠢᠯᠡᠳᠪᠤᠷᠢᠯᠡᠯ ᠤᠨ ᠬᠡᠮᠵᠢᠶ᠎ᠡ ᠪᠠᠷᠤᠭ 1500 ᠲᠦᠮᠡᠨ ᠵᠠᠬ᠎ᠠ ᠳᠤ ᠬᠦᠷᠴᠦ᠂ ᠦᠢᠯᠡᠳᠬᠦᠨ ᠤ ᠥᠷᠲᠡᠭ ᠨᠢ ᠪᠠᠷᠤᠭ 12 ᠳ᠋ᠦᠩᠰᠢᠭᠤᠷ ᠲᠥᠭᠦᠷᠢᠭ ᠲᠤ ᠬᠦᠷᠴᠦ᠂ 2.5 ᠲᠦᠮᠡ ᠰᠢᠬᠠᠮ ᠬᠥᠮᠦᠨ ᠤ ᠠᠵᠢᠯ ᠣᠯᠭᠤᠯᠲᠠ ᠶᠢ ᠨᠥᠯᠥᠭᠡᠯᠡᠨ ᠳᠠᠶᠢᠴᠢᠯᠠᠵᠤ᠂ ᠡᠭᠦᠨ ᠤ ᠳᠣᠲᠣᠷ᠎ᠠ ᠰᠢᠭᠤᠳ ᠠᠵᠢᠯᠯᠠᠵᠤ ᠪᠠᠶᠢᠭ᠎ᠠ ᠬᠥᠮᠦᠨ ᠪᠠᠷᠤᠭ 5700 ᠪᠠᠶᠢᠨ᠎ᠠ᠃ ᠣᠳᠣᠬᠠᠨ ᠳᠤ ᠬᠤᠪᠴᠠᠰᠤᠨ ᠤ ᠦᠢᠯᠡᠰ ᠪᠤᠰᠬᠠᠬᠤ ᠬᠦᠷᠢᠶᠡᠯᠡᠩ ᠳᠤ 11 ᠠᠵᠤ ᠠᠬᠤᠶᠢᠯᠠᠯ ᠰᠠᠭᠤᠷᠢᠰᠢᠵᠤ᠂ ᠡᠨᠡ ᠵᠢᠯ ᠤᠨ ᠵᠢᠱᠢᠯᠲᠡ ᠪᠠᠷ ᠦᠢᠯᠡᠳᠪᠤᠷᠢᠯᠡᠯ ᠤᠨ ᠬᠡᠮᠵᠢᠶ᠎ᠡ 600 ᠲᠦᠮᠡ ᠳᠤ ᠲᠣᠭᠲᠠᠪᠤᠷᠢᠵᠢᠵᠤ ᠂ ᠦᠢᠯᠡᠳᠬᠦᠨ ᠤ ᠦᠷᠳᠡᠭ ᠨᠢ 3.6 ᠳ᠋ᠦᠩᠰᠢᠭᠤᠷ ᠲᠥᠭᠦᠷᠢᠭ ᠲᠤ ᠬᠦᠷᠴᠡᠢ᠃ ᠵᠠᠯᠭᠠᠭᠠᠳ ᠪᠢᠳᠡ ︽ᠪᠠᠭ᠋ᠠᠷᠤᠯᠲᠤ ᠵᠣᠣ ᠵᠢᠶᠦ᠋ᠨ︾ ᠭᠡᠬᠦ ᠬᠤᠪᠴᠠᠰᠤᠨ ᠤ ᠣᠯᠠᠨ ᠨᠡᠶᠢᠲᠡ ᠶᠢᠨ ᠨᠠᠷᠠᠲᠤ ᠲᠡᠮᠳᠡᠭ ᠢ ᠭᠤᠤᠯᠳᠠᠯᠭ᠎ᠠ ᠲᠠᠢ ᠪᠣᠶ ᠪᠣᠯᠭᠠᠵᠤ᠂ ᠠᠵᠤ ᠠᠬᠤᠶᠢᠯᠠᠯ ᠤᠨ ᠲᠣᠰᠣ ᠴᠠᠪᠠᠤᠯᠢᠭ ᠨᠡᠶᠢᠯᠡᠮᠡᠯ ᠮᠠᠰᠢᠨ ᠬᠤᠳᠠᠯᠳᠤᠨ ᠠᠪᠬᠤ ᠶᠢ ᠳᠡᠮᠵᠢᠵᠦ᠂ ᠰᠢᠨ᠎ᠡ ᠮᠠᠶ᠋ᠢᠭ ᠤᠨ ᠬᠤᠪᠴᠠᠰᠤᠨ ᠤ ᠵᠠᠭᠪᠤᠷ ᠢ ᠵᠢᠷᠤᠵᠤ ᠲᠥᠯᠥᠪᠯᠡᠨ᠂ ︽ᠷᠢᠳᠢ ᠰᠢᠳᠢ ᠲᠠᠢ ᠵᠣᠣ ᠵᠢᠶᠦ᠋ᠨ︾ ᠬᠡᠷᠡᠭᠯᠡᠬᠦ ᠦᠢᠯᠡᠳᠪᠤᠷᠢᠯᠡᠯ ᠤᠨ ᠪᠠᠷᠢᠮᠵᠢᠶ᠎ᠠ᠂ ᠣᠯᠠᠨ ᠨᠡᠶᠢᠲᠡ ᠶᠢᠨ ᠨᠠᠷᠠᠲᠤ ᠲᠡᠮᠳᠡᠭ ᠤᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠲᠥᠰᠦᠯ ᠢ ᠲᠣᠭᠲᠠᠭᠠᠵᠤ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠢ ᠪᠠᠶᠢᠭᠤᠯᠵᠤ᠂ ᠣᠯᠠᠨ ᠨᠡᠶᠢᠲᠡ ᠶᠢᠨ ᠨᠠᠷᠠᠲᠤ ᠲᠡᠮᠳᠡᠭ ᠤᠨ ᠲᠢᠶᠠᠨ ᠮᠤᠤ ᠳᠡᠯᠭᠡᠭᠦᠷ ᠵᠢᠴᠢ ᠵᠢᠩ ᠳ᠋ᠦᠩ ᠳᠡᠯᠭᠡᠭᠦᠷ ᠵᠡᠷᠭᠡ ᠶᠢ ᠨᠡᠭᠡᠭᠡᠬᠦ ᠪᠠᠷ ᠲᠥᠯᠥᠪᠯᠡᠵᠦ ᠪᠣᠶ᠃    ︵ᠭᠤᠷᠪᠠ︶ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠡᠷᠡᠭᠵᠢᠭᠦᠯᠵᠦ ᠪᠠᠶᠢᠭ᠎ᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 3 ᠪᠣᠶ᠄ ᠨᠢᠭᠡ ᠳᠤ᠂ ᠬᠤᠪᠴᠠᠰᠤ ᠬᠤᠨᠠᠷ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ 8 ᠳ᠋ᠤᠭᠠᠷ ᠰᠠᠷ᠎ᠠ ᠶᠢᠨ ᠰᠡᠭᠦᠯᠴᠢ ᠪᠠᠷ ᠨᠢᠭᠡᠨᠲᠡ ᠪᠠᠷᠢᠯᠭ᠎ᠠ ᠳᠠᠭᠤᠰᠴᠤ ᠰᠢᠯᠭᠠᠨ ᠠᠪᠤᠨ᠎ᠠ︔ ᠬᠤᠶᠠᠷ ᠲᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠦᠷᠢ ᠲᠥᠷᠬᠦ ᠶᠢᠨ ᠠᠬᠢᠴᠠ ᠶᠢᠨ 90% ᠰᠢᠬᠠᠮ ᠢ ᠨᠢᠭᠡᠨᠲᠡ ᠪᠡᠶᠡᠯᠡᠭᠦᠯᠪᠡ︔ ᠭᠤᠷᠪᠠ ᠳᠤ᠂ ᠬᠦᠷᠢᠶᠡᠯᠡᠩ ᠲᠣᠭᠤᠷᠢᠭ ᠤᠨ ᠪᠣᠷᠣᠭᠠᠨ ᠤ ᠪᠣᠬᠢᠷᠲᠤᠯ ᠢ ᠰᠠᠯᠭᠠᠬᠤ ᠵᠢᠴᠢ ᠳᠤᠮᠳᠠ ᠵᠡᠷᠭᠡ ᠶᠢᠨ ᠤᠰᠤᠨ ᠬᠤᠭᠤᠯᠠᠶ ᠶᠢᠨ ᠲᠣᠤᠷ ᠤᠨ ᠲᠥᠷᠥᠯ ᠵᠦᠢᠯ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠬᠡᠰᠡᠭ ᠨᠢ ᠨᠢᠭᠡᠨᠲᠡ ᠢᠨᠵᠧᠨᠧᠷᠢᠩ ᠤᠨ ᠳᠦᠷᠢ ᠲᠥᠷᠬᠦ ᠶᠢᠨ ᠠᠬᠢᠴᠠ ᠶᠢ ᠪᠠᠷᠤᠭ 85% ᠪᠠᠷ ᠪᠡᠶᠡᠯᠡᠭᠦᠯᠪᠡ︔     ᠠᠵᠤ ᠠᠬᠤᠶᠢᠯᠠᠯ ᠤᠨ ᠬᠡᠷᠡᠭᠵᠢᠭᠦᠯᠦᠭᠰᠡᠨ ᠲᠥᠷᠥᠯ ᠵᠦᠢᠯ 12 ᠪᠣᠶ᠄ ᠨᠢᠭᠡ ᠳᠤ᠂ ᠶᠡᠷᠦᠩᠬᠡᠶ ᠪᠠᠯᠠ ᠣᠷᠣᠭᠤᠯᠤᠯᠲᠠ ᠨᠢ 1.56 ᠳ᠋ᠦᠩᠰᠢᠭᠤᠷ ᠲᠥᠭᠦᠷᠢᠭ ᠪᠣᠯᠬᠤ ᠲᠢᠶᠠᠨ ᠴᠧᠩ ᠤᠨ 50 ᠰᠠᠶ᠎ᠠ ᠸᠠᠲ ᠤᠨ ᠦᠯᠡᠳᠡᠭᠳᠡᠯ ᠬᠡᠶ ᠪᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠤᠨ᠎ᠠ᠂ ᠡᠨᠡ ᠵᠢᠯ ᠨᠢᠭᠡᠨᠲᠡ 1.3 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ ᠬᠤᠶᠠᠷ ᠲᠤ᠂ ᠵᠦᠩ ᠲᠠᠢ ᠺᠣᠮᠫᠠᠨᠢ ᠶᠢᠨ 48000KVA ᠶᠢ ᠦᠷᠭᠦᠯᠵᠢᠯᠡᠨ ᠪᠠᠶᠢᠭᠤᠯᠬᠤ 2 ᠲᠦᠷᠦᠯ ᠵᠦᠢᠯ ᠪᠣᠯᠤᠨ᠎ᠠ᠂ ᠡᠨᠡ ᠵᠢᠯ ᠨᠢᠭᠡᠨᠲᠡ 2.3 ᠳ᠋ᠦᠩᠰᠢᠭᠤᠷ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠭᠤᠷᠪᠠ ᠳᠤ᠂ ᠶᠡᠷᠦᠩᠬᠡᠢ ᠪᠡᠯᠡ ᠣᠷᠣᠭᠤᠯᠤᠯᠲᠠ ᠨᠢ 2.8 ᠳ᠋ᠦᠩᠰᠢᠭᠤᠷ ᠲᠥᠭᠦᠷᠢᠭ ᠲᠤ ᠬᠦᠷᠦᠭᠰᠡᠨ ᠵᠢᠶᠠ ᠮᠢᠩ ᠺᠣᠮᠫᠠᠨᠢ ᠶᠢᠨ 2019 ᠣᠨ ᠳᠤ ᠪᠡᠯᠡᠳᠬᠡᠨ ᠪᠠᠶᠢᠭᠤᠯᠤᠭᠰᠠᠨ 2 ᠰᠠᠤᠷᠢ 36000KVA ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠨᠢ ᠡᠨᠡ ᠵᠢᠯ ᠨᠢᠭᠡᠨᠲᠡ 6500 ᠲᠦᠮᠡᠨ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠲᠦᠷᠪᠡ ᠳᠤ᠂ ᠶᠡᠷᠦᠩᠬᠡᠢ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠲᠤ ᠬᠦᠷᠦᠭᠰᠡᠨ ᠮᠧᠩ ᠳ᠋ᠠ ᠺᠣᠮᠫᠠᠨᠢ ᠶᠢᠨ 25500KVA ᠥᠨᠳᠥᠷ ᠲᠢᠲ᠋ᠠᠨ ᠤ ᠰᠢᠭᠠᠷᠤ ᠶᠢᠨ 4 ᠲᠦᠷᠦᠯ ᠵᠦᠢᠯ ᠣᠳᠣᠬᠠᠨ ᠳᠤ ᠨᠢᠭᠡᠨᠲᠡ 6400 ᠲᠦᠮᠡᠨ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ ︵ᠡᠨᠡ ᠵᠢᠯ 1400 ᠲᠦᠮᠡᠨ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠪᠡ︶︔ ᠲᠠᠪᠤ ᠳᠤ᠂ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠲᠤ ᠬᠦᠷᠦᠭᠰᠡᠨ ᠰᠢᠨ ᠯᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠲᠦᠷᠦᠯ ᠵᠦᠢᠯ ᠡᠨᠡ ᠵᠢᠯ ᠨᠢᠭᠡᠨᠲᠡ 2 ᠳ᠋ᠦᠩᠰᠢᠭᠤᠷ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠵᠢᠷᠭᠤᠭ᠎ᠠ ᠳᠤ᠂ ᠶᠡᠷᠦᠩᠬᠡᠶ ᠪᠠᠯᠠ ᠣᠷᠣᠭᠤᠯᠤᠯᠲᠠ ᠨᠢ 1.58 ᠳ᠋ᠦᠩᠰᠢᠭᠤᠷ ᠲᠥᠭᠦᠷᠢᠭ ᠲᠤ ᠬᠦᠷᠦᠭᠰᠡᠨ 30 ᠲᠦᠮᠡᠨ ᠲᠣᠨ ᠠᠮᠢᠳᠤ ᠪᠣᠳᠠᠰ ᠤᠨ ᠬᠡᠯᠪᠡᠷᠢ ᠶᠢᠨ ᠨᠡᠭᠦᠷᠡᠰᠦᠲᠥ᠋ᠷᠥᠭᠴᠢ ᠵᠢᠴᠢ ᠢᠵᠢ ᠪᠥᠷᠢᠳᠦᠭᠰᠡᠨ ᠢᠯᠴᠢ ᠬᠠᠩᠭᠠᠬᠤ ᠮᠠᠰᠢᠨ ᠤ ᠢᠯᠴᠢ ᠬᠠᠩᠭᠠᠬᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠳᠤ ᠡᠨᠡ ᠵᠢᠯ ᠨᠢᠭᠡᠨᠲᠡ 500 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ ᠳᠣᠯᠤᠭ᠎ᠠ ᠳᠤ᠂ ᠶᠡᠷᠦᠩᠬᠡᠶ ᠪᠠᠯᠠ ᠣᠷᠣᠭᠤᠯᠤᠯᠲᠠ ᠨᠢ 1.41 ᠳ᠋ᠦᠩᠰᠢᠭᠤᠷ ᠲᠥᠭᠦᠷᠢᠭ ᠪᠣᠯᠬᠤ ᠴᠠᠩᠱᠦ᠋ᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠪᠠᠷᠠᠭᠠᠨ ᠤ ᠲᠠᠯᠠᠪᠠᠶ ᠶᠢᠨ ᠲᠤᠰᠬᠠᠶ ᠱᠤᠭᠤᠮ ᠤᠨ ᠲᠥᠷᠥᠯ ᠵᠦᠢᠯ ᠳᠤ᠂ ᠣᠳᠣᠬᠠᠨ ᠳᠤ ᠨᠢᠭᠡᠨᠲᠡ 1.02 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠪᠡ ︵ᠡᠨᠡ ᠵᠢᠯ ᠨᠢᠭᠡᠨᠲᠡ 7200 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠪᠡ︶︔ ᠨᠠᠢᠮᠠ ᠳᠤ᠂ ᠶᠡᠷᠦᠩᠬᠡᠢ ᠪᠡᠯᠡ ᠣᠷᠣᠭᠤᠯᠤᠯᠲᠠ ᠨᠢ 5500 ᠲᠦᠮᠡᠨ ᠲᠥᠭᠦᠷᠢᠭ ᠲᠤ ᠬᠦᠷᠴᠦ 5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠶᠢ ᠲᠦᠩ ᠪᠠᠷᠠᠭᠠᠨ ᠤ ᠭᠦᠢᠯᠭᠡᠭᠡᠨ ᠤ ᠺᠣᠮᠫᠠᠨᠢ ᠶᠢᠨ ᠲᠦᠷᠦᠯ ᠵᠦᠢᠯ ᠪᠣᠯᠤᠨ᠎ᠠ᠂ ᠡᠨᠡ ᠵᠢᠯ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 3000 ᠲᠦᠮᠡᠨ ᠲᠥᠭᠦᠷᠢᠭ ᠪᠡᠶᠡᠯᠡᠭᠦᠯᠦᠨ᠎ᠡ︔ ᠶᠢᠰᠦ ᠳᠤ᠂ ᠦ᠋ ᠵᠧᠤ ᠺᠣᠮᠫᠠᠨᠢ ᠶᠢᠨ 1 ᠰᠠᠭᠤᠷᠢ 30000KVA ᠠᠭᠤᠷᠬᠠᠶ ᠶᠢᠨ ᠢᠯᠴᠢ ᠶᠢᠨ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠪᠣᠯᠤᠨ᠎ᠠ᠂ ᠡᠨᠡ ᠵᠢᠯ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 3500 ᠲᠦᠮᠡᠨ ᠲᠥᠭᠦᠷᠢᠭ ᠪᠡᠶᠡᠯᠡᠭᠦᠯᠦᠨ᠎ᠡ︔ ᠠᠷᠪᠠ ᠳᠤ᠂ ᠶᠡᠷᠦᠩᠬᠡᠢ ᠪᠡᠯᠡ ᠣᠷᠣᠭᠤᠯᠤᠯᠲᠠ 1000 ᠲᠦᠮᠡᠨ ᠲᠥᠭᠦᠷᠢᠭ ᠤᠨ ᠰᠢᠶᠦ᠋ᠩ ᠸᠧᠢ ᠭᠤᠸᠠᠩ ᠳ᠋ᠠ ᠺᠣᠮᠫᠠᠨᠢ ᠶᠢᠨ ᠲᠤᠨᠤᠭ ᠲᠥᠬᠦᠭᠡᠷᠦᠮᠵᠢ ᠶᠢᠨ ᠥᠭᠡᠷᠡᠴᠢᠯᠡᠯᠲᠡ ︵ᠤᠰᠤᠨ ᠤ ᠰᠢᠭᠠᠷᠤ ᠶᠢ ᠬᠠᠭᠤᠷᠠᠢ ᠰᠢᠭᠠᠷᠤ ᠪᠣᠯᠭᠠᠨ ᠥᠭᠡᠷᠡᠴᠢᠯᠡᠬᠦ︶ ᠲᠦᠷᠦᠯ ᠵᠦᠢᠯ ᠪᠠᠶᠢᠵᠤ᠂ ᠡᠨᠡ ᠵᠢᠯ ᠨᠢᠭᠡᠨᠲᠡ 1000 ᠲᠦᠮᠡᠨ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ︔ ᠠᠷᠪᠠᠨ ᠨᠢᠭᠡ ᠳᠤ᠂ ᠶᠡᠷᠦᠩᠬᠡᠶ ᠪᠠᠯᠠ ᠣᠷᠣᠭᠤᠯᠤᠯᠲᠠ ᠨᠢ 1200 ᠲᠦᠮᠡᠨ ᠲᠥᠭᠦᠷᠢᠭ ᠪᠣᠯᠬᠤ ᠵᠧᠩ ᠯᠦᠩ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠪᠣᠯᠤᠨ᠎ᠠ᠂ ᠡᠨᠡ ᠵᠢᠯ ᠨᠢᠭᠡᠨᠲᠡ 1200 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ ᠠᠷᠪᠠᠨ ᠬᠤᠶᠠᠷ ᠲᠤ᠂ 1.16 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠭᠰᠠᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠪᠣᠷᠵᠢᠨ ᠴᠢᠯᠠᠭᠤᠯᠢᠭ ︵ᠳᠠᠬᠢᠯᠲᠠ ᠡᠬᠢ ᠪᠠᠶᠠᠯᠢᠭ︶ ᠤᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠢ ᠰᠢᠢᠳᠪᠤᠷᠢᠯᠡᠵᠦ᠂ ᠣᠳᠣᠬᠠᠨ ᠳᠤ ᠲᠣᠰ ᠲᠥᠷᠥᠯ ᠵᠦᠢᠯ ᠤᠨ ᠭᠠᠷᠳᠠᠮ ᠢ ᠶᠠᠭ ᠭᠦᠢᠴᠡᠳᠬᠡᠵᠦ ᠪᠣᠶ᠃    ᠬᠤᠶᠠᠷ᠂ ᠰᠤᠷᠪᠤᠯᠵᠢᠯᠠᠭᠴᠢ᠄ ᠮᠧᠩ ᠡᠷᠬᠢᠯᠡᠭᠴᠢ ᠡ᠂ ᠲᠠ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠨ᠎ᠠ ᠦᠦ︖    ᠡᠨᠡ ᠵᠢᠯ ᠠᠴᠠ ᠨᠠᠰᠢ᠂ ᠨᠠᠮ ᠤᠨ ᠠᠵᠢᠯ ᠤᠨ ᠵᠦᠪᠯᠡᠯ ᠬᠦᠷᠢᠶᠡᠯᠡᠩ ᠲᠣᠭᠤᠷᠢᠭ ᠤᠨ ᠪᠣᠳᠠᠲᠠᠢ ᠪᠠᠶᠢᠳᠠᠯ ᠳᠤ ᠰᠠᠭᠤᠷᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠰᠡᠳᠬᠢᠴᠡ ᠶᠢ ᠢᠳᠡᠪᠬᠢᠲᠡᠢ ᠰᠦᠪᠡᠭᠴᠢᠯᠡᠵᠦ᠂ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠪᠣᠯᠤᠨ ᠡᠯ᠎ᠡ ᠵᠦᠢᠯ ᠤᠨ ᠦᠢᠯᠡᠰ ᠤᠨ ᠡᠷᠡᠭᠦᠯ᠂ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠠᠢ᠃ ᠨᠢᠭᠡ ᠳᠤ᠂ ᠲᠣᠭᠲᠠᠭᠠᠭᠰᠠᠨ ᠰᠤᠷᠤᠯᠴᠠᠬᠤ ᠲᠥᠯᠥᠪᠯᠡᠭᠡ ᠶᠢ ᠴᠢᠩᠭ᠎ᠠ ᠵᠢᠷᠤᠮᠯᠠᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠬᠤ ᠡᠭᠦᠷᠭᠡ ᠶᠢ ᠲᠣᠳᠣᠷᠬᠠᠶᠢᠯᠠᠵᠤ᠂ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠤᠳᠤᠷᠢᠳᠬᠤ ᠪᠠᠭ ᠲᠦᠷᠦᠭᠦᠯᠡᠨ ᠰᠤᠷᠤᠯᠴᠠᠬᠤ᠂ ᠲᠡᠷᠢᠭᠦᠨ ᠤ ᠨᠡᠶᠢᠲᠡᠯᠢᠭ ᠵᠢᠱᠢᠶ᠎ᠡ ᠭᠤᠣᠯᠳᠠᠯᠭ᠎ᠠ ᠲᠠᠢ ᠰᠤᠷᠤᠯᠴᠠᠬᠤ᠂ ᠠᠵᠤ ᠠᠬᠤᠶᠢᠯᠠᠯ ᠢ ᠳᠠᠶᠢᠴᠢᠯᠠᠨ ᠥᠷᠭᠡᠨ ᠢᠶᠠᠷ ᠰᠤᠷᠤᠯᠴᠠᠬᠤ᠂ ᠨᠠᠮ ᠤᠨ ᠭᠡᠰᠢᠭᠦᠨ ᠺᠠᠳ᠋ᠷ ᠲᠥᠪᠯᠡᠷᠡᠭᠦᠯᠦᠨ ᠰᠤᠷᠤᠯᠴᠠᠬᠤ︾ ᠳᠦᠷᠪᠡᠨ ᠲᠠᠯ᠎ᠠ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠣᠳᠠᠲᠠᠢ ᠠᠳᠬᠤᠵᠤ᠂ ᠰᠤᠷᠤᠯᠴᠠᠬᠤ ᠬᠡᠪᠴᠢᠶ᠎ᠡ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠦᠬᠦ ᠺᠠᠳ᠋ᠷ ᠠᠵᠢᠯᠳᠠᠨ ᠢ ᠬᠠᠮᠤᠷᠪᠠ︔ ᠬᠤᠶᠠᠷ ᠲᠤ᠂ 2020 ᠣᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠮ ᠤᠨ ᠠᠵᠢᠯᠯᠠᠬᠤ ᠵᠦᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ᠴᠠᠭ ᠲᠤᠬᠠᠢ ᠳᠤᠨᠢ ᠨᠣᠮᠧᠷ ᠢ ᠨᠢ ᠬᠠᠰᠤᠵᠤ ᠴᠡᠭᠴᠡᠯᠡᠨ ᠰᠠᠶᠢᠵᠢᠷᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠤᠨ᠎ᠠ︔ ᠭᠤᠷᠪᠠ ᠳᠤ᠂ ︽ᠬᠤᠶᠠᠷ ᠬᠠᠷᠢᠭᠤᠴᠠᠯᠭ᠎ᠠ︾ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠶᠡᠭᠡ ᠡᠭᠦᠷᠭᠡ ᠪᠣᠯᠭᠠᠵᠤ᠂ ᠲᠠᠯᠪᠢᠯ ᠦᠭᠡᠢ ᠴᠢᠩᠭ᠎ᠠ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃    ᠭᠤᠷᠪᠠ᠂ ᠰᠤᠷᠪᠤᠯᠵᠢᠯᠠᠭᠴᠢ᠄ ᠮᠧᠩ ᠡᠷᠬᠢᠯᠡᠭᠴᠢ ᠡ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠤᠨ᠎ᠠ ᠦᠦ︖    ᠵᠠᠯᠭᠠᠭᠠᠳ ᠪᠢᠳᠡ ᠪᠠᠰᠠ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠦᠰᠦᠯ ᠤᠨ ᠪᠡᠯᠡ ᠮᠥᠩᠭᠦ ᠶᠢ ᠲᠡᠮᠡᠴᠡᠨ ᠤᠯᠬᠤ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠵᠢᠴᠢ ᠲᠦᠰᠦᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠬᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠺᠤᠷᠤᠨᠠ ᠸᠢᠷᠦ᠋ᠰ ᠤᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠬᠤ ᠵᠡᠷᠭᠡ ᠬᠡᠳᠦᠨ ᠲᠠᠯ᠎ᠠ ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃    ᠨᠢᠭᠡ ᠳᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠲᠦᠰᠦᠯ ᠤᠨ ᠪᠡᠯᠡ ᠮᠥᠩᠭᠦ ᠶᠢ ᠴᠢᠷᠮᠠᠶᠢᠨ ᠣᠯᠤᠨ᠎ᠠ᠃ ᠨᠢᠳᠤᠨᠤᠨ ᠮᠠᠨ ᠤ ᠵᠦᠪᠯᠡᠯ ᠪᠣᠷᠣᠭᠠᠨ ᠪᠣᠬᠢᠷᠲᠤᠯ ᠢ ᠰᠠᠯᠭᠠᠬᠤ ᠵᠢᠴᠢ ᠳᠤᠮᠳᠠ ᠵᠡᠷᠭᠡ ᠶᠢᠨ ᠤᠰᠤᠨ ᠬᠤᠭᠤᠯᠠᠶ ᠶᠢᠨ ᠲᠣᠣᠷ ᠤᠨ ᠢᠨᠵᠧᠨᠧᠷᠢᠩ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠬᠤᠶᠠᠷ ᠲᠦᠰᠦᠯ ᠲᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠥᠪᠡᠷᠲᠡᠭᠡᠨ ᠵᠠᠰᠠᠬᠤ ᠣᠷᠣᠨ ︵ᠬᠦᠷᠢᠶᠡᠯᠡᠩ ᠲᠣᠭᠤᠷᠢᠭ︶ ᠤ ᠲᠤᠰᠬᠠᠶ ᠲᠦᠰᠦᠯ ᠤᠨ ᠬᠥᠭᠵᠢᠯᠲᠡ ᠶᠢᠨ ᠪᠡᠯᠡ ᠮᠥᠩᠭᠦ ᠶᠢ ᠲᠤᠰ ᠲᠤᠰ 2000 ᠲᠦᠮᠡᠨ ᠲᠥᠭᠦᠷᠢᠭ ᠮᠡᠳᠡᠭᠦᠯᠵᠦ᠂ ᠣᠳᠣᠬᠠᠨ ᠳᠤ ᠴᠥᠮ ᠰᠢᠶᠠᠨ ᠤ ᠡᠳ᠋ ᠤᠨ ᠵᠠᠰᠠᠭ ᠲᠤ ᠪᠠᠭᠤᠯᠭᠠᠭᠰᠠᠨ ᠪᠠᠶᠢᠨ᠎ᠠ᠃ ᠡᠨᠡ ᠵᠢᠯ ᠮᠠᠨ ᠤ ᠵᠦᠪᠯᠡᠯ ᠪᠠᠰᠠ ᠪᠣᠷᠣᠭᠠᠨ ᠪᠠ ᠪᠣᠬᠢᠷᠲᠤᠯ ᠢ ᠰᠠᠯᠭᠠᠬᠤ ᠵᠢᠴᠢ ᠳᠤᠮᠳᠠᠳᠤ ᠤᠯᠤᠰ ᠤᠨ ᠤᠰᠤᠨ ᠬᠤᠭᠤᠯᠠᠶ ᠶᠢᠨ ᠲᠣᠣᠷ ᠤᠨ ᠲᠦᠰᠦᠯ ᠲᠤ ᠲᠦᠰᠢᠭᠯᠡᠨ 2021 ᠣᠨ ᠤ ᠣᠷᠣᠨ ᠨᠤᠲᠤᠭ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 5000 ᠲᠦᠮᠡᠨ ᠲᠥᠭᠦᠷᠢᠭ ᠭᠤᠶᠤᠴᠢᠯᠠᠨ ᠮᠡᠳᠡᠭᠦᠯᠪᠡ᠂ ᠵᠠᠯᠭᠠᠭᠠᠳ ᠡᠨᠡ ᠬᠤᠶᠠᠷ ᠲᠦᠰᠦᠯ ᠢ ᠭᠤᠣᠯᠳᠠᠯᠭ᠎ᠠ ᠲᠠᠢ ᠪᠠᠷ ᠮᠥᠷᠳᠡᠵᠦ᠂ ᠪᠦᠳᠦᠭᠡᠨ ᠪᠠᠶᠢᠭᠤᠯᠤᠯᠲᠠ ᠶᠢᠨ ᠲᠦᠰᠦᠯ ᠤᠨ ᠪᠡᠯᠡ ᠮᠥᠩᠭᠦ ᠶᠢ ᠤᠯᠬᠤ ᠪᠠᠷ ᠴᠢᠷᠮᠠᠶᠢᠨ᠎ᠠ᠃ ᠬᠠᠮᠢᠶᠠᠷᠤᠯᠲᠠ ᠶᠢᠨ ᠲᠣᠣᠷ ᠤᠨ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠂ ᠮᠠᠨ ᠤ ᠵᠥᠪᠯᠡᠯ ᠪᠠᠰᠠ ᠬᠤᠸᠠᠳᠧ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠣᠷ ᠢ ᠰᠢᠨ᠎ᠡ ᠪᠠᠷ ᠪᠠᠶᠢᠭᠤᠯᠬᠤ ᠵᠢᠴᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠨᠠᠶᠢᠷᠠᠭᠤᠯᠤᠨ ᠵᠣᠬᠢᠶᠠᠪᠠ᠂ ᠣᠳᠣᠬᠠᠨ ᠳᠤ ᠲᠤᠰ ᠲᠦᠰᠦᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠨᠢᠭᠡᠨᠲᠡ ᠭᠦᠢᠴᠡᠳᠬᠡᠵᠦ ᠳᠠᠭᠤᠰᠬᠠᠪᠠ᠂ ᠲᠦᠰᠦᠯ ᠤᠨ ᠪᠡᠯᠡ ᠮᠥᠩᠭᠦ ᠶᠢᠨ ᠲᠥᠯᠥᠪᠯᠡᠭᠡ ᠶᠢ ᠬᠠᠰᠢᠯᠠ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠪᠣᠯᠤᠨ ᠥᠪᠡᠷᠲᠡᠭᠡᠨ ᠵᠠᠰᠠᠬᠤ ᠣᠷᠣᠨ ᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠱᠠᠩᠨᠠᠯ ᠨᠥᠬᠦᠪᠥᠷᠢ ᠶᠢᠨ ᠪᠡᠯᠡ ᠮᠥᠩᠭᠦ ᠭᠤᠶᠤᠴᠢᠯᠠᠬᠤ ᠪᠠᠷ ᠳᠠᠮᠵᠢᠭᠤᠯᠵᠤ ᠴᠤᠭᠯᠠᠭᠤᠯᠤᠨ᠎ᠠ᠃    ᠬᠤᠶᠠᠷ ᠲᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠵᠢᠴᠢ ᠲᠦᠰᠦᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠨ᠎ᠠ᠃ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠠᠵᠢᠯᠯᠠᠭᠠᠨ ᠢ ᠳᠣᠭᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ︽ᠳᠠᠭᠠᠭᠠᠴᠢᠯᠠᠵᠣ︾ ᠬᠠᠪᠰᠤᠷᠤᠨ ᠲᠡᠳᠬᠦᠬᠦ ᠪᠠ ︽ᠴᠡᠭ ᠠᠴᠠ ᠴᠡᠭ ᠲᠤ︾ ᠦᠢᠯᠡᠴᠢᠯᠡᠬᠦ ᠢ ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠨ᠎ᠠ᠃ ᠬᠠᠶᠢᠯᠤᠰᠢ ᠶᠢᠨ ᠠᠵᠤ ᠠᠬᠤᠶᠢᠯᠠᠯ ᠤᠨ ᠬᠠᠭᠤᠷᠠᠶ ᠰᠢᠭᠠᠷᠤ ᠭᠠᠷᠭᠠᠬᠤ ᠶᠤᠮ ᠦᠦ ᠡᠰᠡᠬᠦᠯ᠎ᠡ ᠤᠰᠤᠨ ᠤ ᠰᠢᠭᠠᠷᠤ ᠭᠠᠷᠭᠠᠬᠤ ᠲᠤᠬᠠᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠰᠤᠳᠤᠯᠵᠤ᠂ ᠲᠡᠮᠦᠷ ᠵᠠᠮ ᠤᠨ ᠰᠠᠯᠪᠤᠷᠢ ᠱᠤᠭᠤᠮ᠂ ᠭᠠᠶᠢᠯᠢ ᠪᠠᠲᠤᠯᠠᠬᠤ ᠬᠥᠮᠥᠷᠭᠡ ᠶᠢᠨ ᠲᠦᠰᠦᠯ ᠢ ᠠᠬᠢᠭᠤᠯᠤᠨ᠂ ᠲᠢᠶᠠᠨ ᠴᠧᠩ᠂ ᠵᠥᠩ ᠲᠠᠢ ᠺᠣᠮᠫᠠᠨᠢ ᠶᠢᠨ ᠰᠡᠭᠦᠯ ᠤᠨ ᠬᠡᠶ ᠪᠠᠷ ᠴᠠᠬᠢᠯᠭᠠᠨ ᠭᠠᠷᠭᠠᠬᠤ ᠲᠦᠰᠦᠯ ᠢ ᠰᠠᠶᠢᠲᠤᠷ ᠮᠥᠷᠳᠡᠵᠦ᠂ ᠰᠢᠨ ᠰᠢᠨ ᠽᠧ ᠺᠣᠮᠫᠠᠨᠢ ᠶᠢᠨ ᠭᠠᠵᠠᠷ ᠰᠢᠷᠣᠶ ᠶᠢ ᠠᠮᠢᠳᠤᠯᠢᠭ ᠪᠣᠯᠭᠠᠬᠤ ᠶᠢᠨ ᠬᠠᠮᠲᠤ ᠪᠦᠲᠦᠮᠵᠢᠲᠡᠶ ᠠᠰᠢᠭᠯᠠᠨ᠎ᠠ᠃    ᠭᠤᠷᠪᠠ ᠳᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ︽ᠴᠠᠭ ᠲᠤᠬᠠᠶ ᠳᠤᠨᠢ ᠢᠯᠡᠷᠡᠭᠦᠯᠬᠦ᠂ ᠲᠦᠷᠭᠡᠨ ᠰᠢᠢᠳᠪᠤᠷᠢᠯᠡᠬᠦ᠂ ᠨᠠᠷᠢᠯᠢᠭ ᠣᠨᠤᠴᠢᠲᠠᠢ ᠪᠠᠷ ᠬᠠᠮᠢᠶᠠᠷᠤᠨ ᠡᠵᠡᠮᠳᠡᠬᠦ᠂ ᠪᠦᠲᠦᠮᠵᠢᠲᠡᠶ ᠠᠪᠤᠷᠠᠨ ᠵᠠᠰᠠᠬᠤ︾ ᠠᠵᠢᠯ ᠤᠨ ᠵᠠᠷᠴᠢᠮ ᠶᠣᠰᠣᠭᠠᠷ᠂ ︽ᠳᠥᠷᠪᠡᠨ ᠡᠷᠲᠡ ᠶᠢᠨ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠷᠢᠯᠢᠭ  ᠣᠨᠤᠴᠢᠲᠠᠢ ᠪᠠᠷ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠬᠡᠪᠰᠢᠭᠰᠡᠨ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ  ᠪᠠᠲᠤᠯᠠᠨ᠎ᠠ᠃    ᠲᠦᠷᠪᠡ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠨᠢᠭᠡ ᠲᠠᠯ᠎ᠠ ᠪᠠᠷ ᠵᠦᠩ ᠴᠤᠸᠠᠨ ᠪᠦᠯᠦᠭᠯᠡᠯ ᠤᠨ ᠵᠢᠯ ᠳᠤ 40 ᠲᠦᠮᠡᠨ ᠲᠣᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠲᠦᠰᠦᠯ ᠪᠣᠯᠤᠨ ᠱᠠᠨᠰᠢ ᠶᠢᠨ ᠵᠦᠩ ᠰᠢᠩ ᠾᠧᠩ ᠲᠠᠢ ᠺᠣᠮᠫᠠᠨᠢ ᠶᠢᠨ ᠵᠢᠯ ᠳᠤ 1000 ᠲᠦᠮᠡᠨ ᠲᠣᠨ ᠸᠠᠨᠠᠳᠢ ᠲᠢᠲ᠋ᠠᠨ ᠰᠣᠷᠢᠨᠵᠢᠨ ᠲᠡᠮᠦᠷ ᠤᠨ ᠠᠭᠤᠷᠬᠠᠢ ᠶᠢ ᠰᠢᠢᠳᠪᠦᠷᠢᠯᠡᠬᠦ ᠲᠦᠰᠦᠯ ᠤᠨ ᠲᠣᠭᠤᠷᠢᠨ ᠳᠤ᠂ ᠵᠥᠪᠳᠡᠯᠴᠡᠨ ᠶᠠᠷᠢᠯᠴᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠦᠰᠦᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ︔ ᠨᠥᠭᠦᠭᠡ ᠲᠠᠯ᠎ᠠ ᠪᠠᠷ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ 1.4 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ  ᠦᠢᠯᠡᠳᠪᠤᠷᠢ ᠶᠢᠨ ᠬᠡᠷ ᠪᠠᠶᠢᠰᠢᠩ ᠵᠢᠴᠢ ᠲᠡᠭᠦᠨ ᠤ ᠳᠠᠭᠠᠯᠲᠠ ᠪᠠᠷᠢᠯᠭ᠎ᠠ ᠶᠢ ᠵᠢᠯ ᠤᠨ ᠡᠴᠦᠰ ᠲᠤ ᠳᠠᠭᠤᠰᠬᠠᠬᠤ ᠶᠢ ᠲᠦᠷᠭᠡᠳᠬᠡᠨ ᠠᠬᠢᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠤᠷᠢ ᠶᠢᠨ ᠬᠡᠷ ᠪᠠᠶᠢᠰᠢᠩ ᠤᠨ ᠡᠬᠢ ᠪᠠᠶᠠᠯᠢᠭ ᠲᠤ ᠲᠦᠰᠢᠭᠯᠡᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠦᠨ᠎ᠡ᠃     ᠰᠤᠷᠪᠤᠯᠵᠢᠯᠠᠭᠴᠢ᠄ ᠮᠧᠩ ᠡᠷᠬᠢᠯᠡᠭᠴᠢ ᠪᠢᠳᠡᠨ ᠲᠠᠢ ᠰᠠᠨᠠᠯ ᠢᠶᠠᠨ ᠰᠣᠯᠢᠯᠴᠠᠨ ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠂ ᠮᠧᠩ ᠡᠷᠬᠢᠯᠡᠭᠴᠢ ᠶᠢᠨ ᠨᠠᠷᠢᠨ ᠲᠠᠨᠢᠯᠴᠠᠭᠤᠯᠭ᠎ᠠ ᠪᠠᠷ ᠳᠡᠮᠵᠢᠨ᠂ ᠪᠢᠳᠡ 2021 ᠣᠨ ᠤ ᠬᠤᠸᠠᠳᠧ ᠰᠢᠶᠠᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯ ᠳᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠪᠠ᠃ ᠡᠨᠡ ᠡᠳᠦᠷ ᠤᠨ ᠰᠤᠷᠪᠤᠯᠵᠢᠯᠠᠭ᠎ᠠ ᠶᠢ ᠠᠳᠡ ᠬᠦᠷᠭᠡᠶ᠎ᠡ᠂  ᠮᠧᠩ ᠡᠷᠬᠢᠯᠡᠭᠴᠢ ᠪᠢᠳᠡᠨ ᠤ ᠰᠤᠷᠪᠤᠯᠵᠢᠯᠠᠭ᠎ᠠ ᠳᠤ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃     ᠮᠧᠩ ᠬᠤ᠋᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃        ᠣᠷᠴᠢᠭᠤᠯᠤᠭᠴᠢ᠄ ᠣᠳᠣᠨᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2