︵2021 ᠣᠨ ᠤ 11 ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠲᠤᠯᠠᠪᠠ︶ | | ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ | ᠪᠦᠭᠦᠳᠡ ᠬᠤᠷᠠᠯ᠂ 2021 ᠤᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠲᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ | ᠪᠦᠭᠦᠳᠡ ᠬᠤᠷᠠᠯ᠂ 2021 ᠤᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ᠃ ᠪᠦᠬᠦᠳᠡ ᠬᠤᠷᠠᠯ ᠢ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠠᠴᠠ ᠡᠷᠬᠢᠯᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠥᠬᠦᠳᠡ ᠬᠤᠷᠠᠯ 2021 ᠣᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ ᠪᠡᠭᠡᠵᠢᠩ ᠳᠤ | ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 197 ᠬᠥᠮᠤᠨ᠂ ᠲᠥᠪ ᠬᠤᠷᠢᠶᠠᠨ ᠤ | ᠣᠷᠣᠯᠠᠭᠴᠢ ᠭᠡᠰᠢᠭᠦᠨ 151 ᠬᠥᠮᠤᠨ ᠣᠷᠣᠯᠴᠠᠪᠠ᠃ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠰᠤᠯᠠ ᠣᠷᠣᠯᠴᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠬᠡᠰᠡᠭ | ᠦᠨᠳᠦᠰᠦᠨ ᠱᠠᠲᠤᠨ ᠤ ᠨᠥᠬᠦᠳ ᠪᠠ ᠲᠤᠰᠬᠠᠶ ᠮᠡᠷᠭᠡᠵᠢᠯᠲᠡᠳ ᠡᠷᠳᠡᠮᠲᠡᠳ ᠴᠤ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠬᠢᠯᠡᠪᠡ᠃ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠠᠶᠢᠳᠠᠯᠭ᠎ᠠ ᠪᠠᠷ | ᠬᠢᠭᠰᠡᠨ ᠠᠵᠢᠯ ᠤᠨ ᠢᠯᠡᠳᠭᠡᠯ ᠢ ᠰᠣᠨᠣᠰᠤᠨ ᠶᠠᠷᠢᠯᠴᠠᠵᠤ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠰᠢᠢᠳᠪᠦᠷᠢ︾ ᠶᠢ ᠬᠢᠨᠠᠨ ᠶᠠᠷᠢᠯᠴᠠᠵᠤ ᠪᠠᠲᠤᠯᠠᠨ᠂ ︽ᠨᠠᠮ ᠤᠨ ᠬᠤᠷᠢᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠶ ᠰᠢᠢᠳᠪᠦᠷᠢ︾ ᠶᠢ ᠬᠢᠨᠠᠨ ᠶᠠᠷᠢᠯᠴᠠᠵᠤ | ᠪᠠᠲᠤᠯᠠᠪᠠ᠃ ᠰᠢ ᠶᠢᠨ ᠫᠢᠩ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ ︵ | ᠶᠠᠷᠢᠯᠴᠠᠬᠤ ᠨᠤᠤᠷᠠᠭ︶︾ ᠶᠢᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ | ᠨᠢᠭᠡ ᠵᠢᠯ ᠤᠨ ᠲᠤᠷᠰᠢ᠂ ᠳᠡᠯᠡᠬᠡᠶ ᠶᠢᠷᠳᠢᠨᠴᠤ ᠶᠢᠨ ᠵᠠᠭᠤᠨ ᠵᠢᠯ ᠳᠤ ᠪᠠᠶᠢᠭ᠎ᠠ ᠦᠭᠡᠶ ᠶᠡᠭᠡ ᠬᠤᠪᠢᠰᠤᠯᠲᠠ ᠪᠣᠯᠤᠨ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠳᠡᠯᠡᠬᠡᠶ ᠨᠡᠶᠢᠳᠡ ᠶᠢᠨ ᠬᠡᠪᠴᠢᠶᠡᠨ ᠳᠤ ᠶᠡᠭᠡ ᠪᠠᠷ ᠳᠡᠯᠭᠡᠷᠡᠵᠤ ᠪᠠᠶᠢᠭ᠎ᠠ | ᠪᠠᠶᠢᠳᠠᠯ ᠰᠤᠯᠪᠢᠴᠠᠨ ᠨᠦᠯᠤᠭᠡᠯᠡᠵᠤ᠂ ᠭᠠᠳᠠᠭᠠᠳᠤ ᠣᠷᠴᠢᠨ ᠨᠦᠬᠦᠴᠡᠯ ᠨᠡᠩ ᠪᠤᠳᠤᠯᠢᠶᠠᠨᠲᠠᠶ ᠬᠦᠨᠳᠦ ᠬᠡᠴᠡᠭᠦᠤ ᠪᠤᠯᠵᠤ᠂ | ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠲᠦᠢᠯ ᠤᠨ ᠨᠦᠰᠡᠷ ᠬᠦᠨᠳᠦ ᠪᠦᠭᠡᠳ ᠬᠠᠲᠠᠭᠤ | ᠪᠡᠷᠬᠡ ᠪᠤᠯᠪᠠ᠃ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ | ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ | ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ | ᠨᠢᠭᠡᠳᠦᠯᠲᠡᠶ ᠲᠥᠯᠥᠪᠯᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠯᠡᠨ ᠪᠠᠶᠢᠭᠤᠯᠵᠤ᠂ ᠠᠵᠤ ᠠᠬᠤᠢ ᠶᠢᠨ ᠨᠨᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢ ᠪᠠᠲᠤᠯᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠢᠳᠡᠪᠬᠢᠲᠡᠢ ᠠᠬᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠤᠨ᠂ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠤᠪ ᠢ | ᠰᠢᠢᠳᠪᠤᠷᠢᠯᠡᠬᠦ ᠲᠠᠶᠢᠨ ᠳᠤ ᠬᠤᠭᠤᠴᠠᠭ᠎ᠠ ᠶᠤᠰᠤᠭᠠᠷ ᠢᠯᠠᠯᠲᠠ ᠣᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠪᠦᠲᠦᠮᠵᠢᠲᠡᠶ ᠰᠠᠶᠢᠵᠢᠷᠠᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠤᠯᠤᠰ ᠤᠨ | ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ | ᠲᠡᠤᠭᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠦᠷᠨᠢᠬᠦᠯᠵᠤ᠂ ᠤᠯᠠᠨ ᠵᠦᠢᠯ ᠤᠨ | ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠢ ᠢᠯᠠᠨ ᠳᠠᠪᠠᠭᠠᠳ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ | ᠦᠢᠯᠡᠰ ᠲᠤ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠶᠢ ᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠤᠮᠳᠠᠳᠤ | ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠢ ᠠᠯᠪᠠᠨ ᠶᠣᠰᠣᠭᠠᠷ ᠨᠡᠶᠢᠲᠡᠯᠡᠵᠦ᠂ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠤᠭ ᠵᠤᠷᠢᠬ ᠪᠠᠳᠠᠷᠠᠩᠭᠤᠢ ᠪᠠᠷ ᠬᠤᠶᠠᠳᠤᠭᠠᠷ ᠵᠠᠭᠤᠨ | ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠵᠠᠮ ᠳᠤ ᠮᠣᠷᠳᠠᠬᠤ ᠶᠢ ᠤᠷᠮᠠᠰᠢᠭᠤᠯᠤᠨ | ᠵᠤᠷᠢᠬᠵᠢᠭᠤᠯᠤᠭᠰᠠᠨ ᠪᠠᠶᠢᠨ᠎ᠠ ᠭᠡᠵᠤ ᠰᠠᠨᠠᠯ ᠨᠢᠭᠡᠳᠡᠢ ᠦᠵᠡᠪᠠ᠃ | ᠪᠦᠬᠦᠳᠡ ᠬᠤᠷᠠᠯ ᠠᠴᠠ ᠦᠵᠡᠭᠰᠡᠨ ᠨᠢ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠲᠡᠤᠬᠡᠨ ᠲᠤᠷᠰᠢᠯᠭ᠎ᠠ ᠶᠢ ᠳ᠋ᠦᠩᠨᠡᠬᠦ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠤᠬᠡᠨ ᠨᠥᠬᠦᠴᠡᠯ | ᠳᠣᠤᠷ᠎ᠠ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ | ᠡᠬᠢᠯᠡᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠶᠢᠨ ᠬᠡᠷᠡᠭᠴᠡᠭᠡ ᠮᠥᠨ︔ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ | ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠢ ᠶᠢᠨ ᠫᠢᠩ ᠨᠦᠬᠦᠷ ᠤᠨ ᠨᠠᠮ ᠤᠨ ᠲᠥᠪ | ᠬᠤᠷᠢᠶ᠎ᠠ ᠶᠢᠨ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠨᠠᠮ ᠤᠨ | ᠲᠥᠪ ᠬᠤᠷᠢᠶᠠᠨ ᠤ ᠡᠷᠬᠡ ᠰᠦᠷ ᠪᠣᠯᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ | ᠪᠡᠶᠡᠯᠡᠬᠦᠯᠤᠨ᠂ ᠪᠦᠬᠦ ᠨᠠᠮ ᠢᠶᠠᠷ ᠢᠶᠠᠨ ᠠᠯᠬᠤᠭ᠎ᠠ ᠨᠢᠭᠡᠲᠡᠢ ᠤᠷᠤᠭᠰᠢᠯᠠᠬᠤ ᠶᠢ ᠦᠨᠡᠨ ᠬᠦ ᠪᠠᠳᠤᠯᠠᠬᠤ ᠶᠢᠨ ᠭᠡᠷᠡᠭᠴᠡᠭᠡ ᠮᠦᠨ | ︔ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠬᠢᠬᠦ ᠴᠢᠳᠠᠪᠤᠷᠢ ᠪᠠ | ᠲᠦᠭᠰᠢᠭᠦᠷᠢ ᠦᠷᠢᠰᠤᠯᠳᠤᠭᠡᠨ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠪᠠ | ᠠᠮᠢᠳᠤᠯᠢᠭ ᠬᠦᠴᠦᠨ ᠢ ᠡᠭᠦᠷᠢᠳᠡ ᠬᠠᠳᠠᠭᠠᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ | ᠤᠯᠤᠰ ᠤᠨ ᠵᠡᠭᠦᠳᠦ ᠶᠢ ᠪᠡᠶᠡᠯᠡᠬᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢᠨ ᠬᠡᠷᠡᠭᠴᠡᠭᠡ ᠮᠥᠨ᠃ ᠪᠦᠬᠦ | ᠨᠠᠮ ᠢᠶᠠᠷ ᠢᠶᠠᠨ ᠲᠡᠤᠬᠡ ᠶᠢᠨ ᠪᠣᠳᠠᠰᠴᠢ ᠦᠵᠡᠯᠲᠡ ᠪᠠ ᠵᠦᠪ ᠨᠠᠮ ᠤᠨ ᠲᠡᠤᠬᠡ ᠶᠢᠨ ᠦᠵᠡᠯᠲᠡ ᠶᠢ ᠪᠠᠷᠢᠮᠲᠠᠯᠠᠵᠤ᠂ | ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ | ᠴᠢᠳᠠᠭᠰᠠᠨ ᠭᠡᠳᠡᠭ ᠢ ᠲᠤᠳᠤᠷᠬᠠᠢ ᠲᠠᠨᠢᠵᠤ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ | ᠴᠢᠳᠠᠨ᠎ᠠ ᠭᠡᠳᠡᠭ ᠢ ᠲᠤᠳᠤᠷᠬᠠᠢ ᠣᠶᠢᠯᠠᠭᠠᠬᠤ ᠶᠢᠨ ᠤᠯᠠᠮ ᠠᠴᠠ ᠨᠡᠩ ᠭᠤᠶᠢᠪᠢᠰᠢ ᠦᠭᠡᠢ ᠪᠠᠷ᠂ ᠨᠡᠩ ᠤᠬᠠᠮᠰᠠᠷ ᠠᠴᠠ ᠪᠠᠨ | ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠦᠭᠵᠢᠬᠦᠯᠬᠦ ᠬᠡᠷᠡᠭᠳᠠᠢ᠃ | ᠪᠦᠬᠦᠳᠡ ᠬᠤᠷᠠᠯ ᠠᠴᠠ ᠲᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ | ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠢᠮᠠᠭᠳᠠ ᠲᠤᠯᠭᠤᠷ ᠵᠤᠷᠢᠯᠳᠠ ᠡᠭᠦᠷᠭᠡ | ᠬᠠᠷᠢᠭᠤᠴᠠᠯᠭ᠎ᠠ ᠪᠠᠨ ᠪᠣᠯᠭᠠᠵᠤ᠂ ᠡᠪ ᠬᠠᠮᠲᠤ ᠶᠣᠰᠣᠨ ᠤ ᠬᠦᠰᠡᠯᠡᠩ ᠪᠣᠯᠤᠨ ᠨᠡᠶᠢᠭᠡᠮ ᠵᠢᠷᠤᠮ ᠤᠨ ᠢᠲᠡᠭᠡᠯ ᠵᠣᠷᠢᠭ ᠢ | ᠢᠮᠠᠭᠲᠠ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ | ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ | ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠦᠯᠪᠡ᠃ ᠨᠠᠮ ᠪᠣᠯᠤᠨ ᠠᠷᠠᠳ | ᠲᠦᠮᠡᠨ ᠤ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ | ᠬᠠᠮᠤᠭ ᠤᠨ ᠰᠦᠷ ᠵᠢᠪᠬᠤᠯᠠᠩᠲᠠᠢ ᠲᠤᠤᠯᠢᠰ ᠢ ᠪᠢᠴᠢᠭᠯᠡᠭᠰᠡᠨ ᠶᠤᠮ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠠ ᠳᠤ᠂ | ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠡᠵᠡᠷᠬᠡᠭ ᠲᠦᠷᠢᠮᠡᠬᠡᠶ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ | ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ | ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ | ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠤᠨ᠎ᠠ᠃ ᠬᠤᠪᠢᠰᠬᠠᠯᠲᠤ ᠲᠡᠮᠡᠴᠡᠯ ᠤᠨ ᠳᠤᠮᠳᠠ᠂ ᠮᠠᠤ ᠽᠧ | ᠳ᠋ᠦᠩ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠯᠧᠨᠢᠨ ᠤ | ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠷᠭᠠᠭᠤ | ᠬᠠᠲᠠᠭᠤᠵᠢᠯᠲᠠᠶ ᠬᠠᠶᠢᠨ ᠰᠦᠪᠡᠭᠴᠢᠯᠡᠯᠳᠡ ᠬᠢᠵᠦ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠬᠤᠷᠠᠮᠳᠤᠭᠤᠯᠤᠭᠰᠠᠨ | ᠠᠯᠢ ᠤᠯᠠᠨ ᠥᠪᠡᠷᠮᠢᠴᠡ ᠪᠦᠲᠦᠭᠡᠯᠴᠢ ᠴᠢᠨᠠᠷᠲᠠᠶ ᠲᠤᠷᠰᠢᠯᠭ᠎ᠠ ᠳᠤ ᠤᠨᠤᠯ ᠤᠨ ᠬᠤᠷᠢᠶᠠᠩᠭᠤᠶᠢᠯᠠᠯ ᠬᠢᠵᠤ᠂ ᠬᠥᠳᠡᠭᠡ | ᠲᠣᠰᠬᠤᠨ ᠢᠶᠠᠷ ᠬᠤᠲᠠ ᠶᠢ ᠪᠦᠰᠡᠯᠡᠬᠦ᠂ ᠵᠡᠪᠰᠡᠭᠲᠦ ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠵᠥᠪ | ᠣᠨᠣᠪᠴᠢᠲᠠᠶ ᠬᠤᠪᠢᠰᠬᠠᠯ ᠤᠨ ᠵᠠᠮ ᠢ ᠨᠡᠭᠡᠭᠡᠵᠦ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠰᠢᠨ᠎ᠡ | ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ ᠤᠯᠬᠤ ᠳᠤ ᠵᠥᠪ ᠴᠢᠭᠯᠡᠯ ᠢ ᠲᠣᠳᠣᠷᠬᠠᠶ ᠵᠢᠭᠠᠵᠤ ᠥᠭᠪᠡ᠃ | ᠨᠠᠮ ᠠᠴᠠ ᠠᠷᠠᠳ ᠲᠦᠮᠡᠨ ᠢ ᠤᠳᠤᠷᠢᠳᠤᠨ ᠠᠮᠢ ᠴᠦᠯᠡᠨ ᠡᠷᠡᠯᠬᠡᠭᠯᠡᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠨ᠂ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠴᠤ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠥᠭᠡᠯᠡᠯᠲᠡ ᠶᠢ ᠪᠡᠶᠡᠯᠡᠭᠦᠯᠵᠤ᠂ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ | ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠥᠷᠭᠡᠨ ᠤᠯᠠᠨ ᠬᠥᠳᠡᠯᠮᠦᠷᠢᠴᠢᠨ ᠠᠷᠠᠳ ᠲᠦᠮᠡᠨ ᠢ ᠲᠦᠢᠯ ᠤᠨ ᠴᠥᠭᠡᠨ | ᠲᠣᠭᠠᠨ ᠤ ᠮᠥᠯᠵᠢᠭᠴᠢᠳ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ | ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ ᠤᠳ ᠤᠨ ᠳᠤᠮᠳᠠᠳᠤ | ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠠ ᠡᠵᠡᠷᠬᠡᠭ ᠲᠦᠷᠢᠮᠡᠭᠡᠶᠢᠳᠡᠨ ᠤ ᠳᠤᠮᠳᠠᠳᠤ ᠤᠯᠤᠰ ᠲᠠᠬᠢ | ᠠᠯᠢᠪᠠ ᠣᠨᠴᠠ ᠡᠷᠬᠡ ᠶᠢ ᠲᠦᠢᠯᠪᠤᠷᠢᠲᠠᠶ ᠬᠦᠴᠦᠨ ᠦᠭᠡᠢ ᠪᠣᠯᠭᠠᠵᠤ᠂ ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ | ᠹᠸᠤᠳᠠᠯ ᠤᠨ ᠡᠵᠡᠷᠬᠡᠭ ᠶᠤᠰᠤᠨ ᠤ ᠤᠯᠤᠰ ᠲᠦᠷᠦ ᠠᠴᠠ ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ | ᠦᠰᠦᠷᠦᠯᠲᠡ ᠶᠢ ᠪᠡᠶᠡᠯᠡᠭᠦᠯᠦᠭᠰᠡᠨ ᠪᠦᠭᠡᠳ ᠪᠠᠰᠠ ᠳᠡᠯᠡᠬᠡᠶ ᠶᠢᠨ ᠤᠯᠤᠰ ᠲᠦᠷᠦ ᠶᠢᠨ ᠪᠠᠶᠢᠷᠢᠰᠢᠯ ᠢ ᠲᠦᠢᠯ ᠤᠨ ᠶᠡᠭᠡ ᠪᠠᠷ | ᠬᠤᠪᠢᠷᠠᠭᠤᠯᠵᠤ᠂ ᠪᠦᠬᠦ ᠳᠡᠯᠡᠬᠡᠶ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠪᠠ ᠳᠠᠷᠤᠯᠠᠭᠳᠠᠵᠤ ᠪᠠᠶᠢᠭ᠎ᠠ ᠠᠷᠠᠳ | ᠲᠦᠮᠡᠨ ᠤ ᠴᠢᠯᠥᠭᠡᠯᠡᠯᠲᠡ ᠪᠠᠨ ᠲᠡᠮᠡᠴᠡᠨ ᠤᠯᠬᠤ ᠲᠡᠮᠡᠴᠡᠯ ᠢ ᠵᠣᠷᠢᠬᠵᠢᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ | ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ | ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ ᠳᠤᠮᠳᠠᠳᠤ ᠶᠢᠨ | ᠦᠨᠳᠦᠰᠦᠲᠡᠨ ᠤ ᠬᠥᠮᠦᠨ ᠪᠤᠯᠭᠠᠨ ᠳᠤ ᠲᠠᠷᠤᠯᠠᠬᠳᠠᠵᠦ᠂ ᠲᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠵᠤ ᠪᠠᠶᠢᠬᠰᠠᠨ ᠴᠠᠭ | ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ ᠬᠥᠭᠵᠢᠯᠲᠡ ᠡᠭᠦᠨ ᠠᠴᠠ ᠡᠬᠢᠯᠡᠨ ᠰᠢᠨ᠎ᠡ ᠴᠠᠭ | ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ | ᠪᠠᠶᠢᠭᠤᠯᠤᠯᠲᠠ ᠶᠢᠨ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠰᠢᠨ᠎ᠡ ᠠᠷᠠᠳᠴᠢᠯᠠᠭᠰᠠᠨ ᠶᠣᠰᠣᠨ ᠠᠴᠠ | ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ | ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ | ᠥᠭᠭᠦ ᠶᠠᠪᠤᠳᠠᠯ ᠪᠤᠯᠤᠨ᠎ᠠ᠃ ᠡᠨᠡ ᠬᠦ ᠦᠶ᠎ᠠ ᠳᠤ᠂ ᠮᠠᠤ ᠽᠧ ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠨᠡᠶᠢᠭᠡᠮ ᠵᠢᠷᠤᠮᠲᠤ ᠪᠦᠳᠦᠭᠡᠨ ᠪᠠᠶᠢᠭᠤᠯᠤᠯᠲᠠ ᠶᠢᠨ ᠲᠤᠬᠠᠶ ᠠᠯᠢ | ᠤᠯᠠᠨ ᠴᠢᠬᠤᠯᠠ ᠦᠵᠡᠯ ᠰᠠᠨᠠᠭ᠎ᠠ ᠶᠢ ᠳᠤᠷᠠᠳᠤᠨ ᠭᠠᠷᠭᠠᠪᠠ᠃ ᠮᠠᠤ ᠽᠧ ᠳ᠋ᠦᠩ ᠤᠨ ᠦᠵᠡᠯ ᠰᠠᠨᠠᠭ᠎ᠠ ᠪᠤᠯ ᠮᠠᠷᠺᠰ | ᠯᠧᠨᠢᠨ ᠤ ᠦᠵᠡᠯ ᠢ ᠲᠤᠮᠳᠠᠳᠤ ᠤᠯᠤᠰ ᠲᠤ ᠪᠦᠳᠤᠭᠡᠯᠴᠢ ᠪᠠᠷ ᠬᠡᠷᠡᠭᠯᠡᠵᠦ ᠬᠥᠭᠵᠢᠬᠦᠯᠦᠭᠰᠡᠨ ᠶᠠᠪᠤᠳᠠᠯ ᠮᠦᠨ᠂ | ᠦᠢᠯᠡᠳᠦᠯᠭᠡ ᠪᠠᠷ ᠭᠡᠷᠡᠴᠢᠯᠡᠭᠳᠡᠭᠰᠡᠨ ᠲᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠳᠠ ᠶᠢᠨ ᠲᠤᠬᠠᠢ ᠵᠦᠪ | ᠤᠨᠤᠯ ᠤᠨ ᠵᠠᠷᠴᠢᠮ ᠪᠠ ᠲᠤᠷᠰᠢᠯᠭ᠎ᠠ ᠶᠢᠨ ᠳ᠋ᠦᠡᠭᠨᠡᠯᠳᠡ ᠮᠦᠨ᠂ ᠮᠠᠷᠺᠰ ᠤᠨ ᠦᠵᠡᠯ ᠢ ᠲᠤᠮᠳᠠᠳᠤ ᠤᠯᠤᠰᠴᠢᠯᠠᠭᠰᠠᠨ | ᠠᠩᠬᠠᠳᠤᠭᠠᠷ ᠤᠳᠠᠭᠠᠨ ᠤ ᠲᠡᠤᠭᠡᠳᠤ ᠴᠢᠨᠠᠷᠳᠠᠢ ᠦᠰᠦᠷᠦᠯᠳᠡ ᠮᠦᠨ᠃ ᠨᠠᠮ ᠠᠴᠠ ᠠᠷᠠᠳ ᠲᠦᠮᠡᠨ ᠢ ᠤᠳᠤᠷᠢᠳᠤᠨ | ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ | ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠳᠤᠮᠵᠢ ᠶᠢ ᠡᠭᠦᠳᠴᠤ᠂ ᠳᠤᠮᠳᠠᠳᠤ ᠶᠢᠨ ᠦᠨᠳᠦᠰᠦᠲᠡᠨ ᠤ | ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ | ᠶᠠᠳᠠᠭᠤ ᠬᠤᠭᠤᠰᠣᠨ᠂ ᠬᠥᠮᠦᠨ ᠠᠮᠠ ᠣᠯᠠᠨᠲᠠᠶ ᠳᠣᠷᠣᠨᠠᠳᠠᠬᠢᠨ ᠤ ᠲᠣᠮᠣ ᠤᠯᠤᠰ ᠢ ᠲᠤᠮᠤ ᠠᠯᠬᠤᠮ ᠢᠶᠠᠷ ᠨᠡᠶᠢᠭᠡᠮ | ᠵᠢᠷᠤᠮᠲᠤ ᠨᠡᠶᠢᠭᠡᠮ ᠳᠤ ᠤᠷᠤᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠪᠡ᠃ ᠮᠠᠨ ᠤ ᠤᠯᠤᠰ ᠪᠡᠶ᠎ᠡ ᠪᠠᠨ | ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ ᠠᠷᠠᠳ ᠤᠨ ᠠᠵᠤ ᠠᠬᠤᠶ ᠶᠢᠨ | ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠢᠯᠡᠳᠲᠡ ᠬᠤᠪᠢᠷᠠᠭᠤᠯᠵᠤ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠢ ᠮᠠᠰᠢ ᠶᠡᠭᠡ | ᠬᠥᠭᠵᠢᠯᠳᠠ ᠲᠠᠢ ᠪᠤᠯᠭᠠᠵᠤ᠂ ᠠᠷᠠᠳ ᠤᠨ ᠴᠢᠯᠥᠭᠡᠯᠡᠬᠦ ᠴᠡᠷᠢᠭ ᠢ ᠪᠤᠵᠠᠭᠠᠶᠢᠷᠠᠭᠤᠯᠤᠨ ᠳᠡᠭᠡᠭᠰᠢᠯᠡᠭᠦᠯᠵᠦ᠂ ᠬᠠᠭᠤᠴᠢᠨ | ᠳᠤᠮᠳᠠᠳᠤ ᠤᠯᠤᠰ ᠤᠨ ᠭᠤᠲᠤᠭᠠᠯ ᠲᠤᠷᠤᠮᠵᠢᠯᠠᠯ ᠠᠮᠰᠠᠵᠤ ᠪᠠᠶᠢᠬᠰᠠᠨ ᠭᠠᠳᠠᠭᠠᠳᠤ ᠬᠠᠷᠢᠯᠴᠠᠭ᠎ᠠ ᠶᠢ ᠲᠦᠢᠯᠪᠤᠷᠢᠲᠠᠶ | ᠡᠴᠦᠰᠯᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ | ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ | ᠶᠢᠷᠲᠢᠨᠴᠦ ᠶᠢ ᠡᠪᠳᠡᠬᠦ ᠳᠤ ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ | ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ | ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ | ᠳᠤᠮᠳᠠᠳᠤ ᠤᠯᠤᠰ ᠤᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ | ᠠᠩᠭᠢᠵᠢᠷᠠᠭᠤᠯᠤᠨ ᠠᠯᠢ ᠲᠦᠷᠭᠡᠨ ᠢᠶᠠᠷ ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠳᠤᠯᠢᠬ ᠬᠦᠴᠦᠨ ᠢᠶᠠᠷ ᠪᠢᠯᠬᠠᠬᠰᠠᠨ ᠪᠠᠶᠢᠭᠤᠯᠤᠯ ᠤᠨ ᠪᠠᠲᠤᠯᠠᠭ᠎ᠠ ᠪᠠ | ᠲᠦᠷᠭᠡᠨ ᠢᠶᠠᠷ ᠬᠥᠭᠵᠢᠭᠰᠡᠨ ᠪᠣᠳᠠᠰ ᠤᠨ ᠨᠥᠬᠦᠴᠡᠯ ᠢ ᠬᠠᠩᠭᠠᠬᠤ ᠶᠠᠪᠤᠳᠠᠯ ᠪᠤᠯᠤᠨ᠎ᠠ᠃ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠤᠶᠢᠰᠢ᠂ ᠳ᠋ᠧᠩ ᠰᠢᠶᠣᠤ ᠫᠢᠩ | ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ | ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠡᠨᠡ ᠬᠦ ᠦᠨᠳᠦᠰᠦᠨ | ᠠᠰᠠᠭᠤᠳᠠᠯ ᠤᠨ ᠲᠣᠭᠤᠷᠢᠨ ᠳᠤ᠂ ᠳᠡᠯᠡᠬᠡᠶ ᠶᠢᠨ ᠨᠡᠶᠢᠭᠡᠮ ᠵᠢᠷᠤᠮ ᠤᠨ ᠲᠡᠦᠬᠡᠨ ᠲᠤᠷᠰᠢᠯᠭ᠎ᠠ ᠪᠠᠷ ᠲᠣᠯᠢ ᠪᠣᠯᠭᠠᠵᠤ᠂ ᠳ᠋ᠧᠩ | ᠰᠢᠶᠣᠤ ᠫᠢᠩ ᠤᠨ ᠣᠨᠣᠯ ᠢ ᠪᠤᠢ ᠪᠤᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠦᠨᠡᠨ ᠠᠴᠠ ᠵᠥᠪ ᠢ ᠡᠷᠢᠵᠦ᠂ ᠨᠠᠮ ᠪᠠ | ᠤᠯᠤᠰ ᠤᠨ ᠠᠵᠢᠯ ᠤᠨ ᠭᠤᠤᠯᠳᠠᠯᠭ᠎ᠠ ᠶᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠬᠦ᠂ | ᠥᠭᠡᠷᠡᠴᠢᠯᠡᠯᠲᠡ ᠨᠡᠭᠡᠭᠡᠯᠲᠡ ᠶᠢ ᠬᠡᠷᠡᠭᠵᠢᠭᠦᠯᠬᠦ ᠲᠡᠦᠬᠡᠲᠦ ᠴᠢᠨᠠᠷᠲᠠᠶ ᠰᠢᠢᠳᠪᠦᠷᠢᠲᠦ ᠪᠣᠳᠣᠯᠭ᠎ᠠ ᠭᠠᠷᠭᠠᠵᠤ᠂ ᠨᠡᠶᠢᠭᠡᠮ | ᠵᠢᠷᠤᠮ ᠤᠨ ᠮᠥᠨ ᠴᠢᠨᠠᠷ ᠢ ᠭᠦᠨᠵᠡᠭᠡᠶ ᠢᠯᠡᠷᠡᠭᠦᠯᠦᠨ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠦᠨᠳᠦᠰᠦᠨ | ᠱᠤᠭᠤᠮ ᠢ ᠲᠣᠭᠲᠠᠭᠠᠵᠤ᠂ ᠥᠪᠡᠷ ᠤᠨ ᠢᠶᠠᠨ ᠵᠠᠮ ᠢᠶᠠᠷ ᠵᠠᠮᠨᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠪᠦᠲᠦᠭᠡᠨ ᠪᠠᠶᠢᠭᠤᠯᠬᠤ ᠶᠢ ᠲᠣᠳᠣᠷᠬᠠᠶ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ | ᠬᠠᠷᠢᠭᠤᠯᠵᠤ᠂ ᠬᠤᠷᠢᠨ ᠨᠢᠭᠡᠳᠦᠭᠡᠷ ᠵᠠᠭᠤᠨ ᠤ ᠳᠤᠮᠳᠠᠴᠢ ᠦᠶ᠎ᠡ ᠪᠣᠯᠲᠠᠯ᠎ᠠ ᠭᠤᠷᠪᠠᠨ ᠠᠯᠬᠤᠮ ᠬᠤᠪᠢᠶᠠᠵᠤ ᠶᠠᠪᠤᠬᠤ᠂ | ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠣᠭᠲᠠᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠡᠭᠦᠳᠦᠨ ᠨᠡᠭᠡᠭᠡᠪᠡ᠃ | | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠬᠤᠶᠢᠰᠢ᠂ ᠵᠢᠶᠠᠩ ᠽᠧ ᠮᠢᠨ ᠨᠥᠬᠦᠷ ᠢᠶᠠᠷ ᠭᠤᠣᠯ | ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ ᠢ ᠪᠠᠷᠢᠮᠲᠠᠯᠠᠨ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠳᠦᠭᠡᠨ | ᠪᠠᠶᠢᠭᠤᠯᠬᠤ ᠪᠠ ᠶᠠᠮᠠᠷ ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ ᠲᠤᠬᠠᠶ ᠲᠠᠨᠢᠯᠲᠠ ᠪᠠᠨ | ᠭᠦᠨᠵᠡᠭᠡᠶᠢᠷᠡᠭᠦᠯᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠪᠤᠢ ᠪᠣᠯᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠮᠠᠰᠢ ᠪᠤᠳᠤᠯᠢᠶᠠᠨᠲᠠᠶ᠂ ᠳᠡᠯᠡᠬᠡᠶ ᠶᠢᠨ ᠨᠡᠶᠢᠭᠡᠮ ᠵᠢᠷᠤᠮ ᠬᠦᠨᠳᠦ ᠨᠣᠴᠢᠲᠠᠶ ᠨᠤᠭᠤᠷᠠᠯ | ᠪᠦᠳᠦᠷᠢᠯ ᠳᠤ ᠤᠴᠠᠷᠠᠭᠰᠠᠨ ᠬᠠᠲᠠᠭᠤ ᠰᠢᠯᠭᠠᠯᠲᠠ ᠶᠢᠨ ᠡᠮᠦᠨ᠎ᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠬᠠᠮᠠᠭᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠠᠷᠠᠯᠲᠠ ᠪᠣᠯᠤᠨ ᠦᠨᠳᠦᠰᠦᠨ ᠪᠣᠷᠣ ᠲᠥᠯᠥᠪ ᠢ ᠲᠣᠭᠲᠠᠭᠠᠵᠤ᠂ ᠨᠡᠶᠢᠭᠡᠮ ᠵᠢᠷᠤᠮ ᠤᠨ ᠠᠩᠬᠠᠨ ᠤ | ᠱᠠᠲᠤᠨ ᠳᠠᠬᠢ ᠨᠡᠶᠢᠲᠡ ᠶᠢᠨ ᠥᠮᠴᠢᠯᠡᠯ ᠢᠶᠠᠷ ᠭᠤᠤᠯ ᠴᠣᠭᠴᠠ ᠪᠣᠯᠭᠠᠬᠤ᠂ ᠤᠯᠠᠨ ᠲᠦᠷᠦᠯ ᠤᠨ ᠥᠮᠴᠢᠯᠡᠯ ᠤᠨ ᠠᠵᠤ | ᠠᠬᠤᠶ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ ᠬᠥᠳᠡᠯᠮᠦᠷᠢᠯᠡᠭᠰᠡᠨ ᠤ ᠬᠢᠨᠢ | ᠬᠢᠷᠢ ᠪᠠᠷ ᠬᠤᠪᠢᠶᠠᠷᠢᠯᠠᠬᠤ ᠪᠠᠷ ᠭᠤᠤᠯ ᠴᠣᠭᠴᠠ ᠪᠣᠯᠭᠠᠬᠤ᠂ ᠤᠯᠠᠨ ᠲᠦᠷᠤᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ | ᠵᠡᠷᠭᠡ ᠪᠠᠷ ᠬᠡᠷᠡᠭᠯᠡᠬᠦ ᠬᠤᠪᠢᠶᠠᠷᠢᠯᠠᠯᠲᠠ ᠶᠢᠨ ᠲᠦᠷᠢᠮ ᠢ ᠲᠣᠭᠲᠠᠭᠠᠵᠤ᠂ ᠪᠦᠬᠦ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠬᠦ | ᠰᠢᠨ᠎ᠡ ᠪᠠᠶᠢᠳᠠᠯ ᠢ ᠨᠡᠭᠡᠭᠡᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠤᠭᠠᠳ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠤᠷᠢᠨ ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ | ᠤᠷᠤᠬᠰᠢᠯᠠᠭᠤᠯᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠠᠴᠠ ᠬᠤᠶᠢᠰᠢ᠂ | ᠬᠤ᠋ ᠶᠢᠨ ᠲᠤᠤ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ | ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠲᠤᠮᠳᠠ ᠦᠢᠯᠡᠳᠦᠯᠭᠡ ᠶᠢᠨ ᠰᠢᠨ᠎ᠡ ᠡᠭᠦᠳᠦᠯᠲᠡ᠂ | ᠣᠨᠣᠯ ᠤᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠪᠠᠶᠢᠳᠠᠯ ᠤᠨ ᠳᠣᠤᠷ᠎ᠠ | ᠶᠠᠮᠠᠷ ᠶᠠᠩᠵᠤ ᠶᠢᠨ ᠬᠥᠭᠵᠢᠯᠲᠡ ᠶᠢ ᠪᠡᠶᠡᠯᠡᠭᠦᠯᠬᠦ᠂ ᠬᠡᠷᠬᠢᠨ ᠬᠥᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠶ | ᠲᠠᠨᠢᠭᠰᠠᠨ ᠪᠠ ᠲᠡᠭᠦᠨ ᠳᠤ ᠬᠠᠷᠢᠭᠤᠯᠲᠠ ᠥᠭᠴᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠤᠢ | ᠪᠣᠯᠭᠠᠵᠤ᠂ ᠴᠢᠬᠤᠯᠠ ᠪᠠᠶᠢᠯᠳᠤᠬᠤ ᠪᠣᠳᠣᠯᠭ᠎ᠠ ᠶᠢᠨ ᠲᠣᠬᠢᠶᠠᠯᠳᠤ ᠬᠤᠭᠤᠴᠠᠭ᠎ᠠ ᠶᠢ ᠠᠮᠵᠢᠵᠤ᠂ ᠰᠡᠳᠭᠢᠯ ᠰᠠᠨᠠᠭ᠎ᠠ ᠪᠠᠨ | ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠵᠦ᠂ ᠨᠢᠭᠡ ᠰᠡᠳᠭᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠨ᠂ | ᠬᠥᠮᠦᠨ ᠢᠶᠠᠷ ᠦᠨᠳᠦᠰᠦ ᠪᠣᠯᠭᠠᠬᠤ᠂ ᠪᠦᠬᠦ ᠲᠠᠯ᠎ᠠ ᠶᠢᠨ ᠵᠣᠬᠢᠴᠠᠩᠭᠤᠶ ᠪᠦᠭᠡᠳ ᠦᠷᠭᠦᠯᠵᠢᠯᠡᠬᠦ ᠬᠥᠭᠵᠢᠯᠲᠡ ᠶᠢ | ᠪᠠᠷᠢᠮᠲᠠᠯᠠᠬᠤ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ | ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠤᠨ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ | ᠲᠡᠷᠢᠭᠦᠨ ᠤ ᠴᠢᠨᠠᠷ ᠤᠨ ᠪᠠᠶᠢᠭᠤᠯᠤᠯᠲᠠ ᠶᠢ ᠠᠬᠢᠭᠤᠯᠤᠭᠠᠳ᠂ ᠰᠢᠨ᠎ᠡ ᠪᠠᠶᠢᠳᠠᠯ ᠤᠨ ᠳᠣᠤᠷ᠎ᠠ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠪᠠᠷᠢᠮᠲᠠᠯᠠᠨ ᠬᠥᠭᠵᠢᠭᠦᠯᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠬᠦ ᠦᠶ᠎ᠠ ᠳᠤ᠂ ᠨᠠᠮ ᠠᠴᠠ ᠰᠢᠨ᠎ᠡ ᠦᠢᠯᠡᠳᠦᠯᠭᠡ ᠪᠣᠯᠤᠨ ᠴᠠᠭ | ᠦᠶ᠎ᠡ ᠶᠢᠨ ᠣᠨᠴᠠᠯᠢᠭ ᠠᠴᠠ ᠡᠭᠦᠰᠦᠨ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠵᠠᠮ᠂ ᠬᠥᠭᠵᠢᠯᠲᠡ ᠶᠢᠨ ᠱᠠᠲᠤ᠂ | ᠦᠨᠳᠦᠰᠦᠨ ᠡᠭᠦᠷᠭᠡ᠂ ᠬᠥᠭᠵᠢᠯᠲᠡ ᠶᠢᠨ ᠬᠥᠳᠡᠯᠭᠡᠭᠴᠢ ᠬᠦᠴᠦᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠯᠤᠰ | ᠲᠥᠷᠥ ᠶᠢᠨ ᠪᠠᠲᠤᠯᠠᠭ᠎ᠠ᠂ ᠡᠬᠡ ᠤᠯᠤᠰ ᠤᠨ ᠨᠢᠭᠡᠳᠦᠯ᠂ ᠭᠠᠳᠠᠭᠠᠳᠤ ᠬᠠᠷᠢᠯᠴᠠᠭ᠎ᠠ ᠪᠣᠯᠤᠨ ᠤᠯᠤᠰ ᠤᠨ ᠬᠤᠭᠤᠷᠤᠨᠳᠤᠬᠢ | ᠪᠠᠶᠢᠯᠳᠤᠬᠤ ᠪᠣᠳᠣᠯᠭ᠎ᠠ᠂ ᠤᠳᠤᠷᠢᠳᠬᠤ ᠬᠦᠴᠦᠨ ᠪᠣᠯᠤᠨ ᠲᠦᠰᠢᠭᠯᠡᠬᠦ ᠬᠦᠴᠦᠨ ᠵᠡᠷᠭᠡ ᠠᠯᠢ ᠤᠯᠠᠨ ᠦᠨᠳᠦᠰᠦᠨ | ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠤᠨᠤᠯ ᠤᠨ ᠰᠢᠰᠲ᠋ᠧᠮ ᠢ ᠪᠤᠢ ᠪᠣᠯᠭᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠰᠠᠨ ᠰᠢᠨ᠎ᠡ | ᠦᠰᠦᠷᠦᠯᠲᠡ ᠶᠢ ᠪᠡᠶᠡᠯᠡᠭᠦᠯᠪᠡ᠃ ᠨᠠᠮ ᠠᠴᠠ ᠠᠷᠠᠳ ᠲᠦᠮᠡᠨ ᠢ ᠤᠳᠤᠷᠢᠳᠤᠨ ᠦᠵᠡᠯ ᠰᠠᠨᠠᠭ᠎ᠠ ᠪᠠᠨ ᠴᠢᠯᠥᠭᠡᠯᠡᠨ᠂ | ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠴᠤ᠂ ᠮᠠᠨ ᠤ ᠤᠯᠤᠰ | ᠳᠡᠭᠡᠳᠦ ᠬᠡᠮᠵᠢᠶ᠎ᠡ ᠪᠠᠷ ᠲᠥᠪᠯᠡᠷᠡᠭᠦᠯᠦᠭᠰᠡᠨ ᠲᠥᠯᠥᠪᠯᠡᠭᠡᠲᠦ ᠠᠵᠤ ᠠᠬᠤᠢ ᠶᠢᠨ ᠪᠠᠶᠢᠭᠤᠯᠤᠯ ᠠᠴᠠ ᠠᠮᠢᠳᠤᠯᠢᠬ ᠬᠦᠴᠦᠨ ᠢᠶᠠᠷ | ᠪᠢᠯᠬᠠᠬᠰᠠᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠳᠤ ᠰᠢᠯᠵᠢᠭᠰᠡᠨ᠂ ᠲᠦᠭᠵᠢᠮᠡᠯ ᠪᠠ | ᠬᠠᠭᠠᠰ ᠲᠦᠭᠵᠢᠮᠡᠯ ᠪᠠᠶᠢᠳᠠᠯ ᠠᠴᠠ ᠪᠠᠨ ᠪᠦᠬᠦ ᠲᠠᠯ᠎ᠠ ᠪᠠᠷ ᠨᠡᠭᠡᠭᠡᠯᠲᠡ ᠬᠢᠭᠰᠡᠨ ᠲᠡᠦᠬᠡᠲᠦ ᠴᠢᠨᠠᠷᠲᠠᠢ ᠬᠤᠪᠢᠷᠠᠯᠲᠠ ᠶᠢ | ᠪᠡᠶᠡᠯᠡᠭᠦᠯᠵᠤ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠬᠤᠴᠣᠷᠤᠩᠭᠤᠶ ᠪᠠᠶᠢᠳᠠᠯ ᠠᠴᠠ ᠪᠠᠨ ᠠᠵᠤ ᠠᠬᠤᠶ ᠶᠢᠨ | ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠣᠷᠣᠬᠰᠠᠨ ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠵᠦ᠂ | ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠶ ᠪᠠᠶᠢᠭᠰᠠᠨ ᠠᠴᠠ ᠪᠠᠨ ᠶᠡᠷᠦᠩᠬᠡᠶ ᠳᠡᠭᠡᠨ ᠴᠢᠨᠡᠭᠡᠯᠢᠭᠵᠢᠭᠰᠡᠨ᠂ | ᠪᠦᠬᠦ ᠲᠠᠯ᠎ᠠ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠰᠠᠨ ᠲᠡᠤᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ | ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠠᠴᠠ ᠪᠠᠨ ᠪᠠᠶᠠᠵᠢᠬᠰᠠᠨ ᠠᠭᠤᠤ ᠶᠡᠭᠡ ᠦᠰᠦᠷᠦᠯᠲᠡ ᠶᠢ ᠠᠬᠢᠭᠤᠯᠪᠠ | ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ | ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ | ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠦᠨ᠂ ᠲᠤᠮᠳᠠᠳᠤ ᠤᠯᠤᠰ ᠤᠨ ᠤᠨᠴᠠᠯᠢᠬ ᠪᠦᠬᠦᠢ | ᠨᠡᠶᠢᠭᠡᠮ ᠵᠢᠷᠤᠮ ᠤᠨ ᠵᠠᠮ ᠪᠤᠯ ᠲᠤᠮᠳᠠᠳᠤ ᠤᠯᠤᠰ ᠤᠨ ᠬᠦᠭᠵᠢᠯ ᠴᠡᠴᠡᠭᠯᠡᠯ ᠢ ᠵᠢᠭᠠᠨ ᠵᠢᠯᠤᠭᠤᠳᠬᠤ ᠵᠦᠪ ᠵᠠᠮ ᠮᠦᠨ᠂ | ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠶ ᠳ᠋ᠠᠬᠢᠨ ᠳᠤ ᠲᠥᠪ | ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠃ ᠨᠠᠮ ᠳᠤ ᠲᠤᠯᠭᠠᠷᠠᠵᠤ | ᠪᠠᠶᠢᠭ᠎ᠠ ᠭᠤᠤᠯ ᠡᠭᠦᠷᠭᠡ ᠪᠣᠯ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠯᠠᠯ ᠢᠶᠠᠨ ᠡᠬᠢᠯᠡᠭᠦᠯᠤᠨ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠲᠡᠶᠢᠰᠢ ᠦᠷᠭᠦᠯᠵᠢᠯᠡᠨ | ᠤᠷᠤᠭᠰᠢᠯᠠᠬᠤ ᠶᠠᠪᠤᠳᠠᠯ ᠪᠤᠯᠤᠨ᠎ᠠ᠃ ᠨᠠᠮ ᠠᠴᠠ ᠠᠷᠠᠳ ᠲᠦᠮᠡᠨ ᠢ ᠤᠳᠤᠷᠢᠳᠤᠨ ᠥᠪᠡᠷ ᠢ ᠪᠠᠨ ᠢᠲᠡᠭᠡᠵᠦ ᠥᠪᠡᠷ ᠢ ᠪᠠᠨ | ᠬᠦᠴᠦᠷᠬᠡᠭᠵᠢᠭᠦᠯᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠤᠨ ᠦᠵᠡᠯ ᠤᠨ ᠦᠨᠳᠦᠰᠦᠨ ᠤᠬ ᠶᠤᠰᠤ ᠶᠢ ᠳᠤᠮᠳᠠᠳᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠶᠢ ᠪᠠᠷᠢᠮᠲᠠᠯᠠᠨ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ | ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ | ᠪᠠᠷᠢᠮᠲᠠᠯᠠᠵᠦ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡᠨ ᠲᠤᠷᠰᠢᠯᠭ᠎ᠠ ᠶᠢ ᠭᠦᠨᠵᠡᠭᠡᠶ ᠳ᠋ᠦᠩᠨᠡᠵᠤ ᠭᠦᠢᠴᠡᠳ | ᠬᠡᠷᠡᠭᠯᠡᠨ᠂ ᠰᠢᠨ᠎ᠡ ᠪᠣᠳᠠᠲᠤ ᠪᠠᠶᠢᠳᠠᠯ ᠠᠴᠠ ᠡᠭᠦᠰᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠪᠠ᠃ ᠰᠢ ᠶᠢᠨ ᠫᠢᠩ ᠨᠥᠬᠦᠷ ᠰᠢᠨ᠎ᠡ | ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ | ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠬᠥᠨ ᠭᠦᠨᠵᠡᠭᠡᠢ ᠪᠣᠳᠣᠯᠬᠢᠯᠠᠬᠰᠠᠨ ᠪᠠ ᠲᠡᠬᠦᠨ ᠳᠤ ᠰᠢᠨᠵᠢᠯᠡᠬᠦ | ᠤᠬᠠᠭᠠᠨᠴᠢ ᠮᠠᠭᠠᠳᠯᠠᠯᠲᠠ ᠬᠢᠵᠦ᠂ ᠰᠢᠨ᠎ᠠ ᠴᠠᠭ ᠦᠶ᠎ᠠ ᠳᠤ ᠶᠡᠮᠡᠷ ᠶᠡᠩᠵᠤ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠭᠡᠷᠬᠢᠨ | ᠪᠠᠷᠢᠮᠳᠠᠯᠠᠨ ᠬᠦᠭᠵᠢᠬᠦᠯᠬᠦ᠂ ᠶᠠᠮᠠᠷ ᠶᠠᠩᠵᠤ ᠶᠢᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠬᠡᠷᠬᠢᠨ ᠪᠦᠲᠦᠭᠡᠨ ᠪᠠᠶᠢᠭᠤᠯᠬᠤ᠂ ᠶᠠᠮᠠᠷ | ᠶᠠᠩᠵᠤ ᠶᠢᠨ ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ | ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ | ᠴᠢᠬᠤᠯᠠ ᠶᠡᠭᠡ ᠴᠠᠭ ᠦᠶ᠎ᠡ ᠶᠢᠨ ᠰᠡᠳᠦᠪ ᠤᠳ ᠤᠨ ᠲᠤᠬᠠᠢ ᠠᠯᠢ ᠤᠯᠠᠨ ᠤᠤᠭᠠᠯ ᠡᠬᠦᠳᠤᠯᠳᠠ ᠶᠢᠨ ᠴᠢᠨᠠᠷᠲᠠᠶ ᠲᠦᠷᠦ ᠶᠢ | ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ | ᠳᠤᠷᠠᠳᠤᠨ ᠭᠠᠷᠭᠠᠪᠠ᠂ ᠲᠡᠷᠡ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠡᠭᠦᠳᠦᠭᠴᠢ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ | ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠮᠦᠨ᠂ ᠳᠤᠮᠳᠠᠳᠤ ᠶᠢᠨ ᠰᠣᠶᠣᠯ | ᠪᠠ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠠᠭ ᠦᠶ᠎ᠡ ᠶᠢᠨ ᠤᠬᠢ ᠰᠣᠳᠣ ᠮᠥᠨ᠂ ᠲᠡᠷᠡ ᠨᠢ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠭᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ | ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠤᠯᠬᠤ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ | ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠬᠰᠠᠨ ᠪᠠᠶᠢᠨ᠎ᠠ᠂ ᠡᠨᠡ ᠨᠢ | ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠲᠠᠢ ᠶᠤᠮ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ | ᠲᠥᠪ ᠬᠤᠷᠢᠶ᠎ᠠ᠂ ᠠᠭᠤᠤ ᠶᠡᠭᠡ ᠲᠡᠤᠬᠡᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠶᠡᠭᠡ ᠤᠯᠤᠰ ᠲᠥᠷᠥ ᠶᠢᠨ ᠰᠥᠰᠥ | ᠵᠣᠷᠢᠭ᠂ ᠡᠷᠡᠰ ᠴᠢᠩᠭ᠎ᠠ ᠡᠬᠦᠷᠭᠡ ᠬᠠᠷᠢᠭᠤᠴᠠᠯᠭᠠᠳᠤ ᠰᠡᠳᠭᠢᠯᠭᠡ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ | ᠂ ᠠᠭᠤᠤ ᠶᠡᠭᠡ ᠬᠦᠰᠡᠯ ᠡᠷᠡᠮᠡᠯᠵᠡᠯ ᠢ ᠶᠡᠷᠦᠩᠬᠡᠶᠢᠯᠡᠨ ᠵᠢᠯᠣᠭᠤᠳᠴᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠯᠢ ᠣᠯᠠᠨ ᠴᠢᠬᠤᠯᠠ ᠶᠡᠭᠡ ᠴᠢᠭᠯᠡᠯᠲᠡ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠡᠶᠢᠳᠡᠯᠡᠨ᠂ ᠠᠯᠢ ᠣᠯᠠᠨ | ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠣᠯᠠᠨ ᠬᠦᠨᠳᠦ ᠶᠡᠭᠡ ᠲᠦᠭᠰᠢᠭᠦᠷᠢ ᠦᠷᠢᠰᠤᠯᠳᠤᠭᠡᠨ ᠢ ᠢᠯᠠᠨ ᠲᠠᠪᠠᠵᠤ᠂ | ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠬᠦ ᠭᠡᠰᠡᠨ ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠪᠡᠷᠬᠡ | ᠰᠡᠳᠦᠪ ᠢ ᠰᠢᠢᠳᠪᠦᠷᠢᠯᠡᠨ᠂ ᠦᠩᠭᠡᠷᠡᠭᠰᠡᠨ ᠳᠤ ᠬᠢᠬᠦ ᠭᠡᠰᠡᠨ ᠪᠤᠯᠪᠠᠴᠤ ᠬᠢᠵᠦ ᠴᠢᠳᠠᠭᠰᠠᠨ ᠦᠭᠡᠢ ᠮᠠᠰᠢ ᠤᠯᠠᠨ ᠶᠡᠭᠡ | ᠶᠠᠪᠤᠳᠠᠯ ᠢ ᠪᠦᠳᠦᠬᠡᠬᠡᠳ᠂ ᠨᠠᠮ ᠪᠠ ᠤᠯᠤᠰ ᠤᠨ ᠠᠵᠢᠯ ᠦᠢᠯᠡᠰ ᠤᠨ ᠲᠡᠤᠬᠡᠲᠦ ᠴᠢᠨᠠᠷᠲᠠᠶ ᠠᠮᠵᠢᠯᠲᠠ ᠪᠦᠳᠦᠮᠵᠢ ᠣᠯᠬᠤ᠂ | ᠲᠡᠤᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠬᠦᠴᠦᠲᠡᠶ ᠪᠠᠲᠤᠯᠠᠭ᠎ᠠ ᠲᠠᠢ ᠪᠤᠯᠵᠦ᠂ ᠨᠠᠮ ᠤᠨ ᠤᠳᠤᠷᠢᠳᠬᠤ | ᠪᠠᠶᠢᠭᠤᠯᠤᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠤᠨ ᠤᠳᠤᠷᠢᠳᠬᠤ ᠠᠷᠭ᠎ᠠ ᠬᠡᠯᠪᠡᠷᠢ ᠨᠠᠩ | ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠨᠡᠩ ᠨᠢᠭᠡᠳᠦᠯᠲᠡᠶ᠂ ᠤᠯᠤᠰ | ᠲᠦᠷᠦ ᠶᠢᠨ ᠲᠠᠯ᠎ᠠ ᠪᠠᠷ ᠨᠡᠩ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠡᠩ ᠠᠯᠬᠤᠮ ᠨᠢᠭᠡᠲᠡᠶ ᠪᠤᠯᠵᠤ᠂ | ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ | ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠪᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ | ᠨᠠᠮ ᠢ ᠵᠠᠰᠠᠬᠤ ᠲᠠᠯ᠎ᠠ ᠪᠠᠷ ᠠᠭᠤᠵᠢᠭᠤ ᠰᠤᠯᠠ ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ | ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠠᠪᠠᠭᠤ ᠢᠯᠠᠯᠲᠠ ᠶᠢ ᠣᠯᠤᠭᠰᠠᠨ ᠪᠥᠭᠡᠳ ᠲᠡᠬᠦᠨ ᠢ ᠪᠦᠬᠦ ᠲᠠᠯ᠎ᠠ ᠪᠠᠷ | ᠪᠠᠬᠢᠵᠢᠭᠦᠯᠤᠨ᠂ ᠨᠠᠮ ᠬᠤᠪᠢᠰᠬᠠᠯᠲᠤ ᠴᠢᠨᠠᠷᠳᠠᠢ ᠳᠠᠪᠲᠠᠯᠲᠠ ᠶᠢᠨ ᠳᠤᠮᠳᠠ ᠨᠠᠩᠳᠡ ᠪᠠᠳᠥ ᠴᠢᠩᠭ᠎ᠠ ᠪᠣᠯᠪᠠ᠃ ᠠᠵᠤ | ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ | ᠲᠡᠩᠴᠡᠭᠦᠷᠢᠲᠦ ᠴᠢᠨᠠᠷ᠂ ᠵᠣᠬᠢᠴᠠᠩᠭᠤᠶ ᠴᠢᠨᠠᠷ᠂ ᠦᠷᠭᠦᠯᠵᠢᠯᠡᠬᠦ ᠴᠢᠨᠠᠷ ᠢᠯᠡᠳᠲᠡ ᠴᠢᠩᠭᠠᠷᠠᠵᠤ᠂ ᠤᠯᠤᠰ ᠤᠨ ᠠᠵᠤ | ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ | ᠬᠦᠴᠦᠨ ᠰᠢᠨ᠎ᠡ ᠳᠡᠭᠲᠡᠷ ᠲᠤ ᠭᠠᠷᠴᠤ᠂ ᠮᠠᠨ ᠤ ᠤᠯᠤᠰ ᠤᠨ ᠠᠵᠤ ᠠᠬᠤᠶ ᠨᠡᠩ ᠴᠢᠨᠠᠷ ᠰᠠᠶᠢᠲᠠᠶ᠂ ᠨᠡᠩ ᠦᠷ᠎ᠡ | ᠪᠦᠲᠦᠮᠵᠢᠲᠡᠶ᠂ ᠨᠡᠩ ᠲᠦᠪ ᠭᠤᠤᠯᠴᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢᠨ ᠵᠠᠮ ᠳᠤ | ᠤᠷᠤᠪᠠ᠃ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ᠂ ᠨᠠᠮ ᠠᠴᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠥᠢᠯᠡᠰ ᠤᠨ ᠥᠷᠭᠡᠵᠢᠨ ᠬᠥᠨᠵᠡᠭᠡᠶᠢᠷᠡᠬᠦ ᠶᠢ ᠲᠠᠰᠤᠷᠠᠯᠳᠠ ᠥᠭᠡᠢ | ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠨᠡᠩ ᠪᠣᠯᠪᠠᠰᠤᠷᠠᠩᠭᠤᠶ ᠨᠡᠩ | ᠲᠤᠭᠳᠠᠪᠤᠷᠢᠵᠢᠵᠤ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ | ᠲᠠᠰᠤᠷᠠᠯᠲᠠ ᠦᠭᠡᠢ ᠳᠡᠭᠡᠭᠰᠢᠯᠡᠵᠦ᠂ ᠨᠠᠮ ᠪᠠ ᠤᠯᠤᠰ ᠤᠨ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠪᠠ | ᠠᠮᠢᠳᠥᠯᠢᠬ ᠬᠥᠴᠥᠨ ᠢᠶᠠᠨ ᠪᠠᠳᠠᠷᠠᠭᠤᠯᠪᠠ᠃ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠢᠳᠡᠪᠬᠢᠲᠡᠶ ᠬᠥᠭᠵᠢᠭᠦᠯᠣᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ | ᠤᠯᠤᠰ ᠲᠥᠷᠥ ᠶᠢᠨ ᠳᠦᠷᠢᠮᠵᠢᠬᠦᠯᠥᠯᠳᠡ᠂ ᠵᠢᠷᠤᠮᠵᠢᠭᠤᠯᠤᠯᠲᠠ᠂ ᠲᠡᠰ ᠲᠠᠷᠠᠭᠠᠵᠢᠭᠤᠯᠤᠯᠳᠠ ᠪᠦᠬᠦ ᠲᠠᠯ᠎ᠠ ᠪᠠᠷ ᠠᠬᠢᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ ᠴᠢᠨᠠᠷ | ᠨᠡᠩ ᠰᠠᠶᠢᠨ ᠪᠠᠳᠠᠷᠠᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠪᠠᠬᠢᠵᠢᠨ | ᠬᠥᠭᠵᠢᠪᠡ᠃ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠲᠠᠯ᠎ᠠ ᠪᠠᠷ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠲᠠᠰᠤᠷᠠᠯᠲᠠ ᠦᠭᠡᠢ ᠪᠦᠷᠢᠨᠰᠢᠵᠤ᠂ ᠬᠠᠤᠯᠢ ᠪᠠᠷ ᠵᠠᠰᠠᠬᠤ | ᠳᠤᠮᠳᠠᠳᠤ ᠤᠯᠤᠰ ᠤᠨ ᠪᠠᠶᠢᠭᠤᠯᠤᠯᠲᠠ ᠢᠳᠡᠷᠡᠭᠦᠨ ᠠᠯᠬᠤᠭ᠎ᠠ ᠶᠢ ᠠᠯᠬᠤᠵᠤ᠂ ᠨᠠᠮ ᠤᠨ ᠬᠠᠤᠯᠢ ᠪᠠᠷ ᠵᠠᠰᠠᠬᠤ ᠠᠷᠭ᠎ᠠ | ᠮᠠᠶ᠋ᠢᠭ ᠢᠶᠠᠷ ᠲᠦᠷᠦ ᠶᠢ ᠤᠳᠤᠷᠢᠳᠬᠤ ᠪᠠ ᠵᠠᠰᠠᠬᠤ ᠴᠢᠳᠠᠪᠦᠷᠢ ᠢᠯᠡᠳᠳᠡ ᠴᠢᠩᠭᠠᠷᠠᠪᠠ᠃ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ᠂ ᠮᠠᠨ ᠤ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ | ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠰᠣᠶᠣᠯ ᠤᠨ ᠢᠲᠡᠭᠡᠯ ᠮᠡᠳᠡᠭᠳᠡᠭᠦ᠋ᠢᠴᠡ ᠴᠢᠩᠭᠠᠷᠠᠡ᠂ ᠨᠡᠶᠢᠭᠡᠮ ᠲᠠᠶᠠᠭᠠᠷ ᠤᠨ ᠨᠢᠭᠲᠠᠷᠠᠯ ᠤᠨ ᠬᠦᠴᠦᠨ | ᠪᠠ ᠲᠥᠪᠯᠡᠩᠭᠦᠢ ᠬᠦᠴᠦᠨ ᠲᠦᠢᠯ ᠤᠨ ᠶᠡᠭᠡ ᠪᠠᠷ ᠳᠡᠭᠡᠭᠰᠢᠯᠡᠭᠡᠳ᠂ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ | ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ | ᠤᠶᠤᠨ ᠰᠠᠨᠠᠭᠠᠨ ᠤ ᠬᠦᠴᠦᠨ ᠴᠢᠳᠠᠯ ᠬᠠᠩᠭᠠᠪᠠ᠃ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠳ ᠤᠨ | ᠠᠮᠢᠳᠤᠷᠠᠯ ᠪᠦᠬᠦ ᠲᠠᠯ᠎ᠠ ᠪᠠᠷ ᠰᠠᠶᠢᠵᠢᠷᠠᠨ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢ ᠪᠠᠷ ᠵᠠᠰᠠᠭᠰᠠᠨ᠂ | ᠤᠶᠤᠨᠴᠢᠯᠠᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ ᠶᠡᠭᠡ ᠪᠠᠷ ᠳᠡᠭᠡᠭᠰᠢᠯᠡᠵᠤ᠂ ᠠᠷᠠᠳ ᠲᠦᠮᠡᠨ ᠠᠮᠤᠷ ᠲᠠᠶᠢᠪᠤᠩ ᠠᠵᠤ | ᠲᠦᠷᠦᠭᠦ᠂ ᠨᠡᠶᠢᠭᠡᠮ ᠨᠡᠶᠢᠳᠡ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠬᠥᠭᠵᠢᠭᠦᠯᠵᠦ | ᠂ ᠨᠡᠶᠢᠭᠡᠮ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠤᠷᠢᠳ ᠡᠮᠦᠨ᠎ᠡ ᠪᠠᠶᠢᠭ᠎ᠠ ᠦᠭᠡᠶ | ᠡᠷᠴᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠵᠦ᠂ ᠦᠵᠡᠰᠭᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠵᠤ᠂ ᠮᠠᠨ ᠤ ᠤᠯᠤᠰ ᠤᠨ ᠠᠮᠢ ᠠᠬᠤᠶ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ ᠳᠤ ᠲᠡᠤᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ | ᠬᠤᠪᠢᠷᠠᠯᠲᠠ ᠭᠠᠷᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ | ᠲᠠᠯ᠎ᠠ ᠪᠠᠷ᠂ ᠠᠷᠠᠳ ᠤᠨ ᠴᠡᠷᠢᠭ ᠠᠩᠭᠢ ᠪᠦᠬᠦᠯᠢ ᠴᠣᠭᠴᠠᠳᠤ ᠴᠢᠨᠠᠷᠲᠠᠶ ᠬᠤᠪᠢᠰᠬᠠᠯᠳᠤ ᠴᠢᠨᠠᠷᠲᠠᠶ ᠳᠠᠬᠢᠨ | ᠴᠤᠬᠴᠠᠯᠠᠯᠳᠡ ᠶᠢ ᠪᠡᠶᠡᠯᠡᠬᠦᠯᠵᠦ᠂ ᠲᠦᠷᠦᠭᠡ ᠴᠢᠩᠭᠠᠯᠠᠨ ᠲᠠᠬᠢᠨᠲᠠ ᠮᠤᠷᠳᠠᠵᠦ᠂ ᠤᠯᠤᠰ ᠤᠨ ᠪᠠᠳᠤᠯᠠᠨ ᠬᠠᠮᠠᠭᠠᠯᠠᠯᠳᠡ ᠶᠢᠨ | ᠪᠣᠳᠠᠲᠤ ᠬᠦᠴᠦᠨ ᠪᠣᠯᠤᠨ ᠠᠵᠤ ᠠᠬᠤᠶ ᠶᠢᠨ ᠪᠣᠳᠠᠲᠤ ᠬᠦᠴᠦᠨ ᠵᠡᠷᠭᠡ ᠪᠠᠷ ᠳᠡᠭᠡᠭᠰᠢᠯᠡᠵᠦ᠂ ᠠᠷᠠᠳ ᠤᠨ ᠴᠡᠷᠢᠭ ᠠᠩᠬᠢ | ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠭᠡᠵᠦ᠂ ᠡᠷᠡᠰ ᠬᠠᠲᠠᠭᠤ ᠲᠡᠮᠡᠴᠡᠯ ᠤᠨ ᠵᠣᠷᠢᠭ | ᠰᠠᠨᠠᠭ᠎ᠠ ᠪᠤᠯᠤᠨ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠪᠠ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ᠂ ᠤᠯᠤᠰ ᠣᠷᠣᠨ ᠤ ᠠᠮᠤᠷ | ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠦ᠂ ᠤᠯᠤᠰ ᠲᠦᠷᠦ᠂ ᠠᠵᠤ ᠠᠬᠤᠶ᠂ ᠦᠵᠡᠯ ᠤᠬᠠᠮᠰᠠᠷ ᠤᠨ ᠬᠡᠯᠪᠡᠷᠢ᠂ | ᠪᠠᠶᠢᠭᠠᠯᠢ ᠶᠢᠷᠲᠢᠨᠴᠦ ᠵᠡᠷᠭᠡ ᠲᠠᠯ᠎ᠠ ᠶᠢᠨ ᠲᠦᠭᠰᠢᠭᠦᠷᠢ ᠦᠷᠢᠰᠤᠯᠳᠤᠭᠡᠨ ᠤ ᠰᠢᠯᠭᠠᠯᠲᠠ ᠶᠢ ᠳᠠᠭᠠᠭᠠᠵᠤ᠂ ᠨᠠᠮ ᠪᠠ | ᠤᠯᠤᠰ ᠤᠨ ᠪᠠᠳᠠᠷᠠᠨ ᠬᠥᠭᠵᠢᠬᠦ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠳᠠᠯᠠᠬᠤ ᠪᠠ ᠡᠭᠡ ᠤᠯᠤᠰ ᠤᠨ ᠨᠢᠭᠡᠳᠦᠯ ᠢ ᠠᠬᠢᠭᠤᠯᠬᠤ | ᠲᠠᠯ᠎ᠠ ᠪᠠᠷ᠂ ᠨᠠᠮ ᠤᠨ ᠲᠦᠪ ᠬᠤᠷᠢᠶ᠎ᠠ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠠᠯᠢ ᠣᠯᠠᠨ | ᠠᠷᠭ᠎ᠠ ᠬᠡᠮᠵᠢᠶ᠎ᠡ ᠠᠪᠴᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ ᠣᠷᠣᠨᠴᠢ | ᠬᠥᠮᠦᠰ ᠢᠶᠠᠷ ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠤᠨ | ᠰᠠᠮᠠᠭᠤᠷᠠᠯ ᠠᠴᠠ ᠵᠠᠰᠠᠯᠲᠠ ᠳᠤ ᠬᠦᠷᠬᠦ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠬᠠᠤᠯᠢ ᠶᠣᠰᠣᠭᠠᠷ | ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠠᠬᠢᠭᠤᠯᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ | ᠦᠢᠯᠡᠳᠦᠯᠭᠡ ᠶᠢᠨ ᠯᠠᠪᠳᠠᠭᠤᠨ ᠪᠦᠭᠡᠳ ᠤᠳᠠᠭᠠᠨ ᠶᠠᠪᠤᠬᠳᠠᠬᠤ ᠶᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠵᠦ ᠦᠭᠪᠠ | ︔ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ | ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠡᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ | ᠭᠠᠳᠠᠭᠠᠳᠤ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ | ᠬᠠᠷᠢᠴᠠᠭ᠎ᠠ ᠶᠢᠨ ᠭᠤᠤᠯᠯᠠᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠪᠡ᠃ ᠭᠠᠳᠠᠭᠠᠳᠤ | ᠬᠠᠷᠢᠯᠴᠠᠭᠠᠨ ᠤ ᠠᠵᠢᠯ ᠤᠨ ᠲᠠᠯ᠎ᠠ ᠪᠠᠷ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ | ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠨᠢ ᠴᠠᠭ ᠦᠶ᠎ᠡ ᠶᠢᠨ ᠤᠷᠤᠰᠬᠠᠯ ᠪᠠ ᠬᠥᠮᠦᠨ ᠲᠥᠷᠥᠯᠬᠢᠲᠡᠨ ᠤ ᠤᠷᠤᠭᠰᠢᠯᠠᠯᠲᠠ ᠶᠢᠨ ᠴᠢᠭᠯᠡᠯ ᠢ ᠬᠥᠲᠥᠯᠥᠨ | ᠳᠠᠭᠠᠭᠤᠯᠬᠤ ᠢᠯᠡ ᠲᠣᠳᠣ ᠲᠤᠭ ᠲᠡᠮᠳᠡᠭ ᠪᠤᠯᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ ᠳᠡᠯᠡᠬᠡᠶ ᠶᠢᠨ ᠶᠡᠭᠡ | ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠶᠢᠨ ᠰᠠᠮᠠᠭᠤᠨ ᠪᠠᠶᠢᠳᠠᠯ ᠤᠨ ᠲᠤᠮᠳᠠ ᠲᠦᠭᠰᠢᠭᠦᠷᠢ ᠶᠢ | ᠲᠣᠬᠢᠶᠠᠯ ᠪᠣᠯᠭᠠᠨ ᠬᠤᠪᠢᠷᠠᠭᠤᠯᠵᠦ᠂ ᠮᠠᠨ ᠤ ᠤᠯᠤᠰ ᠤᠨ ᠲᠡᠯᠡᠭᠡᠢ ᠲᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ | ᠬᠦᠴᠦᠨ᠂ ᠴᠤᠭᠴᠠᠯᠠᠨ ᠪᠠᠶᠢᠭᠤᠯᠬᠤ ᠬᠦᠴᠦᠨ ᠢᠯᠡᠳᠲᠡ ᠳᠡᠭᠡᠭᠰᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ | ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠳᠠᠢ ᠲᠡᠮᠡᠴᠡᠯ ᠢᠶᠠᠷ ᠢᠶᠠᠨ᠂ | ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠦ ᠶᠡᠭᠡ | ᠦᠰᠦᠷᠦᠯᠲᠡ ᠶᠢ ᠤᠭᠲᠤᠨ ᠠᠪᠴᠢᠷᠠᠬᠰᠠᠡ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠭᠡᠳᠤ ᠠᠴᠢ | ᠬᠤᠯᠪᠣᠭᠳᠠᠯ ᠢ ᠵᠢᠭᠠᠵᠤ ᠭᠠᠷᠭᠠᠪᠠ᠄ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ | ᠢᠷᠡᠭᠡᠳᠦᠶ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ | ᠲᠤᠷᠤᠮᠵᠢᠯᠠᠭᠳᠠᠵᠤ ᠳᠠᠷᠤᠯᠠᠭᠳᠠᠵᠤ ᠪᠣᠭᠤᠯᠴᠢᠯᠠᠭᠳᠠᠵᠤ ᠪᠠᠶᠢᠭᠰᠠᠨ ᠬᠤᠪᠢ ᠵᠠᠶᠠᠭ᠎ᠠ ᠠᠴᠠ ᠪᠠᠨ ᠲᠦᠢᠯᠪᠤᠷᠢᠲᠠᠶ ᠠᠩᠭᠢᠵᠢᠷᠠᠵᠤ | ᠂ ᠤᠯᠤᠰ᠂ ᠨᠡᠶᠢᠭᠡᠮ ᠪᠠ ᠬᠤᠪᠢ ᠵᠠᠶᠠᠭᠠᠨ ᠤ ᠪᠠᠨ ᠡᠵᠡᠨ ᠨᠢ ᠪᠣᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠰᠤᠷᠠᠯᠳᠠ ᠦᠭᠡᠢ ᠪᠣᠳᠠᠲᠤ ᠠᠬᠤᠶ ᠪᠤᠯᠵᠤ ᠬᠤᠪᠢᠷᠠᠪᠠ︔ ᠨᠠᠮ ᠤᠨ | ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ | ᠵᠠᠮ ᠢ ᠨᠡᠭᠡᠭᠡᠵᠤ᠂ ᠲᠤᠮᠳᠠᠳᠤ ᠤᠯᠤᠰ ᠬᠡᠳᠦᠨ ᠠᠷᠪᠠᠭ᠋ᠠᠨ ᠵᠢᠯ ᠤᠨ ᠬᠤᠭᠤᠴᠠᠭᠠᠨ ᠳᠤ ᠬᠥᠭᠵᠢᠭᠰᠡᠨ ᠤᠯᠤᠰ ᠤᠨ ᠬᠡᠳᠦᠨ | ᠵᠠᠭᠤᠨ ᠵᠢᠯ ᠶᠠᠪᠤᠵᠦ ᠢᠷᠡᠭᠰᠡᠨ ᠠᠵᠤ ᠦᠢᠯᠡᠳᠪᠦᠷᠢᠵᠢᠯᠲᠡ ᠶᠢᠨ ᠶᠠᠪᠤᠴᠠ ᠶᠢ ᠶᠠᠪᠤᠵᠦ ᠲᠠᠭᠤᠰᠬᠠᠭᠠᠳ᠂ ᠠᠵᠤ ᠠᠬᠤᠶ | ᠲᠦᠷᠭᠡᠨ ᠬᠥᠭᠵᠢᠭᠰᠡᠨ ᠪᠠ ᠨᠡᠶᠢᠭᠡᠮ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ | ᠡᠭᠦᠳᠴᠡᠶ︔ ᠨᠠᠮ ᠤᠨ ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ | ᠬᠦᠴᠦᠨ ᠢ ᠢᠯᠡᠷᠡᠭᠦᠯᠵᠤ᠂ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠴᠢᠨᠠᠷ ᠪᠤᠯᠤᠨ ᠦᠨᠡᠨ ᠶᠣᠰᠣᠴᠢ ᠴᠢᠨᠠᠷ ᠨᠢ | ᠳᠤᠮᠳᠠᠳᠤ ᠤᠯᠤᠰ ᠲᠤ ᠬᠦᠢᠴᠡᠳ ᠰᠢᠯᠭᠠᠬᠳᠠᠵᠦ᠂ ᠮᠠᠷᠺᠰ ᠤᠨ ᠦᠵᠡᠯ ᠤᠨ ᠠᠷᠠᠳᠴᠢ ᠴᠢᠨᠠᠷ ᠪᠤᠯᠤᠨ ᠦᠢᠯᠡᠳᠦᠯᠭᠡᠳᠦ | ᠴᠢᠨᠠᠷ ᠨᠢ ᠳᠤᠮᠳᠠᠳᠤ ᠤᠯᠤᠰ ᠲᠤ ᠭᠦᠢᠴᠡᠳ ᠲᠤᠭᠤᠰᠢᠯᠠᠭᠳᠠᠵᠤ᠂ ᠮᠠᠷᠺᠰ ᠤᠨ ᠦᠵᠡᠯ ᠤᠨ ᠨᠡᠭᠡᠭᠡᠯᠲᠡᠲᠦ ᠴᠢᠨᠠᠷ ᠪᠤᠯᠤᠨ | ᠴᠠᠭ ᠦᠶᠡᠴᠢ ᠴᠢᠨᠠᠷ ᠨᠢ ᠳᠤᠮᠳᠠᠳᠤ ᠤᠯᠤᠰ ᠲᠤ ᠭᠦᠢᠴᠡᠳ ᠢᠯᠡᠷᠡᠪᠡ︔ ᠨᠠᠮ ᠤᠨ ᠵᠠᠭᠤᠨ ᠵᠢᠯ ᠤᠨ ᠲᠡᠮᠡᠴᠡᠯ ᠨᠢ | ᠳᠡᠯᠡᠬᠡᠶ ᠶᠢᠨ ᠲᠡᠦᠬᠡ ᠶᠢᠨ ᠠᠬᠢᠴᠠ ᠶᠢ ᠭᠦᠨᠵᠡᠭᠡᠶ ᠨᠥᠯᠥᠭᠡᠯᠡᠵᠤ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢ ᠠᠮᠵᠢᠯᠲᠠ ᠲᠠᠢ ᠨᠡᠭᠡᠭᠡᠵᠦ᠂ ᠬᠥᠮᠦᠨ ᠲᠥᠷᠥᠯᠬᠢᠲᠡᠨ ᠤ | ᠪᠣᠯᠪᠠᠰᠤᠨ ᠤ ᠰᠢᠨ᠎ᠡ ᠬᠡᠯᠪᠡᠷᠢ ᠪᠠᠶᠢᠳᠡᠯ ᠢ ᠡᠭᠦᠳᠴᠦ᠂ ᠬᠥᠭᠵᠢᠵᠦ ᠪᠠᠶᠢᠭ᠎ᠠ ᠤᠯᠤᠰ ᠤᠨ ᠤᠳᠤᠬᠢᠴᠢᠯᠡᠯᠳᠡ ᠲᠡᠶᠢᠰᠢ | ᠤᠷᠤᠬᠰᠢᠯᠠᠬᠤ ᠠᠷᠭ᠎ᠠ ᠵᠠᠮ ᠢ ᠥᠷᠭᠡᠳᠭᠡᠪᠠ︔ ᠨᠠᠮ ᠤᠨ ᠵᠠᠭᠤᠨ ᠵᠢᠯ ᠤᠨ ᠲᠡᠮᠡᠴᠡᠯ ᠨᠢ ᠴᠠᠭ ᠦᠶ᠎ᠡ ᠶᠢᠨ ᠡᠮᠦᠨ᠎ᠡ | ᠡᠩᠨᠡᠭᠡᠨ ᠳᠤ ᠬᠤᠰᠢᠭᠤᠴᠢᠯᠠᠵᠤ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠣᠯᠪᠠᠰᠤᠷᠠᠭᠤᠯᠵᠤ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠵᠣᠷᠢᠭ ᠰᠠᠨᠠᠭᠠᠨ ᠤ ᠲᠤᠬᠳᠠᠯᠴᠠᠭ᠎ᠠ ᠶᠢ | ᠪᠦᠷᠢᠯᠳᠦᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ ᠪᠠᠲᠤᠯᠠᠵᠤ᠂ ᠨᠠᠮ ᠤᠨ ᠲᠥᠷᠥ ᠪᠠᠷᠢᠬᠤ | ᠴᠢᠳᠠᠪᠤᠷᠢ ᠪᠣᠯᠤᠨ ᠤᠳᠤᠷᠢᠳᠬᠤ ᠬᠢᠷᠢ ᠭᠡᠮᠵᠢᠶ᠎ᠠ ᠶᠢ ᠲᠠᠰᠤᠷᠠᠯᠲᠠ ᠤᠢᠭᠡᠢ ᠳᠡᠭᠡᠭᠰᠢᠯᠡᠬᠦᠯᠪᠠ᠂ ᠲᠤᠮᠳᠠᠳᠤ ᠤᠯᠤᠰ ᠤᠨ ᠡᠪ | ᠬᠠᠮᠳᠤ ᠨᠠᠮ ᠪᠤᠯ ᠨᠡᠷ᠎ᠡ ᠨᠢᠳᠡᠷ ᠲᠡᠭᠡᠨ ᠨᠡᠶᠢᠴᠡᠭᠰᠡᠨ ᠠᠭᠤᠦ ᠶᠡᠭᠡ ᠢᠷᠠᠭᠤ ᠠᠯᠳᠠᠷᠲᠠᠢ ᠵᠥᠪ ᠤᠨᠤᠪᠴᠢᠳᠠᠢ ᠨᠠᠮ ᠮᠥᠨ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ | ᠤᠳᠤᠷᠢᠳᠤᠨ ᠠᠭᠤᠤ ᠶᠡᠭᠡ ᠲᠡᠮᠡᠴᠡᠯ ᠬᠢᠵᠦ᠂ ᠡᠷᠬᠢᠮ ᠨᠠᠨᠳᠢᠨ ᠲᠡᠦᠬᠡᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠂ | ᠲᠤᠬᠠᠶᠢᠯᠠᠪᠠᠯ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠂ | ᠤᠨᠤᠯ ᠤᠨ ᠰᠢᠨ᠎ᠡ ᠡᠭᠦᠳᠤᠯᠳᠡ ᠶᠢ ᠪᠠᠷᠢᠮᠲᠠᠯᠠᠨ᠎ᠠ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠂ ᠳᠤᠮᠳᠠᠳᠤ | ᠤᠯᠤᠰ ᠤᠨ ᠵᠠᠮ ᠢ ᠪᠠᠷᠢᠮᠲᠠᠯᠠᠨ᠎ᠠ᠂ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠂ ᠵᠠᠮ | ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠂ ᠵᠣᠷᠢᠭᠲᠠᠶ ᠪᠠᠷ ᠲᠡᠮᠡᠴᠡᠯ ᠬᠢᠬᠦ ᠶᠢ ᠪᠠᠷᠢᠮᠲᠠᠯᠠᠨ᠎ᠠ᠂ ᠨᠢᠭᠡᠳᠦᠮᠡᠯ ᠹᠷᠣᠨᠲ ᠢ | ᠪᠠᠷᠢᠮᠲᠠᠯᠠᠨ᠎ᠠ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠨ᠎ᠠ᠃ ᠳᠡᠭᠡᠷᠡᠬᠢ ᠠᠷᠪᠠᠨ ᠲᠠᠯ᠎ᠠ ᠪᠣᠯ ᠤᠷᠲᠤ | ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ ᠨᠠᠮ ᠪᠣᠯᠤᠨ | ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠦᠨ᠂ ᠡᠷᠬᠡᠪᠰᠢ ᠬᠤᠪᠢ | ᠳᠠᠬᠢᠨ ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠦᠢᠯᠡᠳᠦᠯᠭᠡ | ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠪᠦᠬᠦᠳᠡ ᠬᠤᠷᠠᠯ ᠠᠴᠠ ᠲᠤᠷᠠᠳᠤᠨ ᠭᠠᠷᠭᠠᠭᠰᠠᠨ ᠨᠢ᠂ ᠲᠤᠯᠭᠤᠷ ᠵᠤᠷᠢᠯᠲᠠ ᠪᠠᠨ ᠮᠠᠷᠲᠠᠬᠤ ᠦᠭᠡᠢ ᠪᠤᠯ ᠰᠠᠶ᠋ᠢ | ᠲᠤᠭᠤᠰᠢᠲᠠᠢ ᠪᠠᠷᠢᠮᠲᠠᠯᠠᠵᠤ ᠴᠢᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ | ᠮᠢᠩᠭᠠᠨ ᠣᠨ ᠤ ᠠᠤᠭ᠎ᠠ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠤ ᠪᠤᠢ᠂ ᠵᠠᠭᠤᠨ ᠵᠢᠯ ᠪᠣᠯ ᠶᠠᠬ ᠴᠤᠬ | ᠪᠠᠳᠠᠷᠠᠩᠭᠤᠢ ᠦᠶ᠎ᠡ ᠮᠦᠨ᠃ ᠥᠩᠭᠡᠷᠡᠭᠰᠡᠨ ᠵᠠᠭᠤᠨ ᠵᠢᠯ ᠳᠤ᠂ ᠨᠠᠮ ᠠᠴᠠ ᠠᠷᠠᠳ ᠲᠦᠮᠡᠨ ᠪᠠ ᠲᠡᠦᠬᠡ ᠳᠤ ᠨᠢᠭᠡᠨ | ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠤᠳᠤ᠂ ᠨᠠᠮ ᠠᠴᠠ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ | ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ | ᠪᠤᠢ᠂ ᠶᠠᠭᠤ ᠬᠢᠬᠦ ᠶᠤᠰᠤᠲᠠᠢ ᠪᠤᠢ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ | ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ᠂ ᠬᠦᠰᠡᠯᠡᠩ ᠢᠲᠡᠭᠡᠯ ᠵᠤᠷᠢᠭ ᠢᠶᠠᠨ ᠪᠠᠲᠤᠳᠬᠠᠵᠤ᠂ ᠲᠤᠯᠭᠤᠷ ᠵᠤᠷᠢᠯᠲᠠ | ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠢᠮᠠᠬᠳᠠ ᠲᠠᠷᠤᠤ ᠬᠢᠴᠢᠶᠡᠩᠭᠦᠢ ᠬᠢᠨᠠᠭᠤᠷ ᠪᠤᠯᠭᠤᠮᠵᠢᠳᠠᠢ ᠪᠠᠶᠢᠵᠤ᠂ | ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠶᠠᠮᠠᠷᠪᠠ ᠠᠶᠤᠯ ᠲᠦᠭᠰᠢᠭᠦᠷᠢ ᠠᠴᠠ | ᠡᠮᠢᠶᠡᠬᠦ ᠦᠭᠡᠢ᠂ ᠶᠠᠮᠠᠷᠪᠠ ᠰᠠᠭᠠᠳ ᠬᠠᠷᠰᠢᠯᠠᠯ ᠳᠤ ᠨᠦᠯᠦᠭᠡᠯᠡᠭᠳᠡᠬᠦ ᠦᠭᠡᠢ᠂ ᠦᠨᠳᠦᠰᠦᠨ ᠴᠢᠨᠠᠷᠲᠠᠶ ᠠᠰᠠᠭᠤᠳᠠᠯ ᠳᠡᠭᠡᠷ᠎ᠡ | ᠨᠤᠷᠠᠭᠠᠯᠲᠠ ᠶᠢᠨ ᠴᠢᠨᠠᠷᠲᠠᠶ ᠠᠯᠳᠠᠭ᠎ᠠ ᠶᠠᠭᠠᠬᠢᠭᠰᠠᠨ ᠴᠤ ᠭᠠᠷᠭᠠᠬᠤ ᠦᠭᠡᠢ ᠪᠠᠶᠢᠵᠤ᠂ ᠰᠠᠨᠠᠭᠰᠠᠨ ᠳᠠᠭᠠᠨ ᠬᠦᠷᠬᠦ ᠪᠠᠷ | ᠰᠢᠨᠲᠠᠷᠠᠰᠢ ᠦᠭᠡᠢ ᠲᠡᠮᠡᠴᠡᠬᠦ ᠵᠤᠷᠢᠬ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ | ᠠᠶᠠᠯᠠᠬᠤᠢ ᠳᠤᠷ ᠶᠡᠷᠡᠨ ᠭᠠᠵᠠᠷ ᠳᠤᠭᠤᠯᠤᠭᠰᠠᠨ ᠠᠨᠤ ᠬᠠᠭᠠᠰ ᠵᠠᠮᠨᠠᠭᠰᠠᠨ ᠳᠡᠳᠤᠢ ᠪᠤᠯᠠᠢ ᠭᠡᠬᠦ ᠰᠡᠷᠬᠡᠭ ᠲᠠᠨᠢᠯᠳᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠢᠶᠠᠷ ᠢᠶᠠᠨ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ | ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ | ᠦᠶ᠎ᠡ ᠶᠢ ᠡᠵᠡᠮᠳᠡᠨ᠂ ᠴᠠᠭ ᠦᠶ᠎ᠡ ᠶᠢ ᠬᠥᠲᠥᠯᠥᠨ ᠳᠠᠭᠠᠭᠤᠯᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠡᠷᠬᠡᠪᠰᠢ | ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ | ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ | ᠬᠦᠴᠦᠷᠬᠡᠭᠵᠢᠬᠦ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠤ | ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ | ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ ᠠᠷᠠᠳ ᠲᠦᠮᠡᠨ ᠪᠠᠶᠠᠵᠢᠨ | ᠴᠢᠨᠡᠭᠡᠯᠢᠭᠵᠢᠭᠦ᠂ ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠳᠤ ᠰᠠᠶᠢᠬᠠᠨ ᠪᠤᠯᠬᠤ ᠶᠢ | ᠬᠠᠮᠵᠢᠯᠴᠠᠭᠤᠯᠤᠨ ᠠᠬᠢᠭᠤᠯᠬᠤ ᠭᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠢᠶᠠᠷ ᠢᠶᠠᠨ ᠡᠷᠬᠡᠪᠰᠢ ᠠᠷᠠᠳ ᠤᠯᠠᠨ ᠯᠤᠭ᠎ᠠ ᠶᠢᠨ ᠰᠠᠯᠵᠤ | ᠪᠤᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢ ᠲᠠᠰᠤᠷᠠᠯᠲᠠ ᠤᠢᠭᠡᠢ ᠰᠠᠶᠢᠲᠤᠷ ᠪᠡᠶᠡᠯᠡᠭᠦᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ | ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠶ᠃ ᠪᠦᠬᠦ ᠨᠠᠮ ᠢᠶᠠᠷ ᠢᠶᠠᠨ ᠡᠷᠬᠡᠪᠰᠢ ᠵᠤᠪᠡᠵᠦ | ᠵᠦᠳᠡᠬᠦᠢ ᠳᠤᠷ ᠲᠤᠬᠳᠠᠨᠢᠵᠤ᠂ ᠵᠢᠷᠭᠠᠵᠤ ᠴᠡᠩᠭᠡᠬᠦᠢ ᠳᠤᠷ ᠰᠦᠨᠤᠮᠤᠢ ᠭᠡᠳᠡᠭ ᠢ ᠪᠠᠲᠤ ᠴᠡᠭᠡᠵᠢᠯᠡᠨ᠂ ᠴᠠᠭ ᠢᠮᠠᠭᠲᠠ | ᠠᠯᠤᠰ ᠤᠨ ᠪᠣᠳᠣᠯᠭ᠎ᠠ ᠲᠠᠢ ᠪᠠᠶᠢᠵᠤ᠂ ᠠᠮᠤᠷ ᠲᠦᠪᠰᠢᠨ ᠪᠠᠶᠢᠬᠤ ᠦᠶ᠎ᠠ ᠳᠡᠭᠡᠨ ᠠᠶᠤᠯ ᠲᠦᠭᠰᠢᠬᠦᠷᠢ ᠶᠢ ᠪᠤᠳᠤᠯᠬᠢᠯᠠᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠬ | ᠶᠠᠪᠤᠭᠤᠯᠬᠤ ᠪᠠᠶᠢᠭᠤᠯᠤᠯᠲᠠ ᠵᠢᠴᠢ ᠢᠯᠵᠢᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ | ᠪᠡᠷᠭᠡ ᠠᠴᠠ ᠪᠡᠷᠭᠡᠰᠢᠶᠡᠬᠦ ᠦᠭᠡᠢ᠂ ᠲᠠᠷᠤᠯᠳᠠ ᠳᠤ ᠳᠠᠷᠤᠭᠳᠠᠬᠤ ᠦᠭᠡᠢ ᠪᠠᠶᠢᠬᠤ ᠶᠢ ᠪᠡᠶᠡᠯᠡᠭᠦᠯᠦᠨ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠠᠶᠠᠯᠠᠯ ᠤᠨ ᠣᠩᠭᠤᠴᠠ ᠶᠢᠨ ᠳᠠᠪᠠᠯᠭᠠᠨ ᠢ ᠵᠦᠰᠦᠨ ᠳᠣᠯᠭᠢᠶᠠᠨ ᠢ | ᠰᠢᠪᠳᠤᠯᠵᠤ᠂ ᠪᠤᠴᠠᠯᠲᠠ ᠦᠭᠡᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ ᠳᠣᠤᠷ᠎ᠠ ᠬᠠᠭᠠᠰ ᠵᠢᠯ ᠳᠤ ᠪᠡᠭᠡᠵᠢᠩ ᠳᠤ ᠬᠤᠷᠠᠯᠳᠤᠭᠤᠯᠬᠤ ᠪᠠᠷ | ᠲᠣᠭᠲᠠᠭᠠᠪᠠ᠃ ᠪᠦᠬᠦᠳᠡ ᠬᠤᠷᠠᠯ ᠠᠴᠠ ᠦᠵᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠮᠠᠨ ᠤ ᠨᠠᠮ ᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠠ ᠠᠶᠠᠨ ᠵᠠᠮ ᠳᠤ ᠤᠷᠤᠬᠰᠠᠨ ᠴᠢᠬᠤᠯᠠ ᠴᠠᠭ ᠮᠥᠴᠡ ᠳᠤ | ᠬᠤᠷᠠᠯᠳᠤᠭᠤᠯᠬᠤ ᠨᠢᠭᠡ ᠤᠳᠠᠭᠠᠨ ᠤ ᠮᠠᠰᠢ ᠴᠢᠬᠤᠯᠠ ᠶᠡᠭᠡ ᠬᠤᠷᠠᠯ ᠪᠤᠯᠤᠨ᠎ᠠ᠂ ᠨᠠᠮ ᠪᠠ ᠲᠦᠷᠦ ᠶᠢᠨ ᠤᠯᠤᠰ ᠲᠦᠷᠦ ᠶᠢᠨ | ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠃ ᠪᠦᠬᠦ ᠨᠠᠮ ᠢᠶᠠᠷ ᠢᠶᠠᠨ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠡᠷᠭᠡ ᠶᠢ ᠲᠤᠭᠤᠯᠤᠨ ᠬᠦᠴᠢᠷ ᠢ ᠲᠠᠪᠠᠵᠦ᠂ ᠵᠠᠮ ᠨᠡᠭᠡᠭᠡᠨ ᠡᠷᠡᠯᠬᠡᠭᠯᠡᠨ | ᠤᠷᠤᠭᠰᠢᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ | ᠪᠡᠶᠡᠯᠡᠬᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠳᠤᠮᠵᠢ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠳᠠᠢ᠃ | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠦᠨ᠂ ᠥᠴᠥᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ ᠤᠮᠠᠷᠳᠠᠬᠤ ᠦᠭᠡᠢ᠂ ᠥᠨᠥᠳᠦᠷ ᠤᠨ | ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠡᠷᠡᠮᠡᠯᠵᠠᠯ ᠢᠶᠠᠨ | ᠬᠥᠰᠡᠷᠳᠡᠭᠦᠯᠬᠦ ᠦᠭᠡᠢ ᠪᠠᠶᠢᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠡᠭᠦᠳᠦᠨ ᠨᠡᠭᠡᠭᠡᠵᠦ᠂ ᠰᠢᠷᠭᠠᠭᠤ | ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ | ᠤᠯᠤᠰ ᠤᠨ ᠵᠡᠬᠦᠳᠤ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ ᠭᠡᠵᠦ ᠨᠠᠮ ᠤᠨ ᠲᠦᠪ | ᠬᠤᠷᠢᠶ᠎ᠠ ᠠᠴᠠ ᠤᠷᠢᠶᠠᠯᠠᠵᠦ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ ᠠᠭᠤᠤ ᠶᠡᠭᠡ ᠢᠯᠠᠯᠲᠠ ᠪᠠ ᠦᠡᠭᠭᠡ ᠭᠡᠷᠡᠯ ᠢ | ᠣᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ ᠪᠠ ᠦᠡᠭᠭᠡ ᠬᠡᠷᠡᠯ ᠢ ᠤᠯᠬᠤ ᠨᠢ ᠯᠠᠪᠲᠠᠢ ᠶᠤᠮ ᠭᠡᠳᠡᠭ ᠢ ᠪᠢᠳᠡ | ᠪᠠᠲᠤ ᠢᠲᠡᠭᠡᠵᠦ ᠪᠠᠶᠢᠨ᠎ᠠ︕ | ︵ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 11 ᠤ ᠡᠳᠦᠷ ᠤᠨ ᠮᠡᠳᠡᠭᠡ︶ | ︵ᠲᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠤᠷᠴᠢᠭᠤᠯᠪᠠ︶ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | | | | |