12 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠳᠡᠳ᠋ ᠡᠷᠬᠢᠯᠡᠭᠴᠢ ᠲᠢᠶᠠᠨ ᠵᠠᠨ ᠪᠢᠶᠤᠤ ᠨᠠᠷ ᠮᠠᠨ ᠤ ᠰᠢᠶᠠᠨ ᠳᠤ ᠢᠷᠡᠵᠦ | ᠂ ᠭᠠᠳᠠᠭᠠᠳᠤ ᠶᠠᠪᠤᠳᠠᠯ ᠤᠨ ᠠᠵᠢᠯ᠂ ᠭᠠᠳᠠᠭᠰᠢ ᠴᠢᠭᠯᠡᠭᠦᠯᠦᠭᠰᠡᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ | ᠪᠣᠯᠤᠨ APEC ︵ᠠᠶᠢᠫᠠᠶᠢᠺ︶ ᠬᠤᠳᠠᠯᠳᠤᠭᠠᠨ ᠤ ᠶᠠᠪᠤᠳᠠᠯ ᠤᠨ ᠵᠢᠭᠤᠯᠴᠢᠯᠠᠯ ᠤᠨ ᠺᠠᠷᠲ᠂ ᠠᠷᠠᠳ ᠤᠨ | ᠬᠤᠭᠤᠷᠣᠨᠳᠣᠬᠢ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠨᠥᠬᠦᠷᠰᠡᠭ ᠬᠤᠲᠠ ᠪᠠᠶᠢᠭᠤᠯᠬᠤ ᠵᠡᠷᠭᠡ ᠠᠵᠢᠯ ᠤᠨ | ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠨᠠᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠶᠤᠤ ᠵᠧᠨ ᠢᠦᠶ | ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ | ᠬᠢᠪᠠ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠧᠩ ᠲᠦᠸᠧ ᠸᠠᠩ ᠢᠮᠠᠭᠠᠨ ᠨᠣᠯᠤᠤᠷ ᠤᠨ ᠬᠢᠵᠠᠭᠠᠷᠲᠤ | ᠺᠣᠮᠫᠠᠨᠢ ᠳᠤ᠂ ᠮᠠᠨ ᠤ ᠰᠢᠶᠠᠨ ᠤ ᠬᠤᠨᠢ ᠲᠡᠮᠡᠭᠡᠨ ᠨᠣᠯᠤᠤᠷ ᠤᠨ ᠤᠩᠭᠠᠷᠢᠯ ᠬᠤᠪᠴᠠᠰᠤᠨ ᠤ ᠠᠵᠤ ᠦᠢᠯᠡᠰ ᠤᠨ | ᠦᠢᠯᠡᠳᠬᠦᠨ ᠤ ᠦᠢᠯᠡᠳᠪᠤᠷᠢᠯᠡᠯ ᠤᠨ ᠶᠠᠪᠤᠴᠠ᠂ ᠬᠥᠭᠵᠢᠯᠲᠡ ᠶᠢᠨ ᠣᠳᠣᠬᠢ ᠪᠠᠶᠢᠳᠠᠯ᠂ ᠵᠠᠬ᠎ᠠ ᠳᠡᠯᠭᠡᠭᠦᠷ ᠤᠨ | ᠨᠡᠭᠡᠭᠡᠯᠲᠡ᠂ ᠠᠵᠤ ᠦᠢᠯᠡᠰ ᠤᠨ ᠠᠵᠢᠯ ᠣᠯᠭᠤᠯᠲᠠ ᠶᠢᠨ ᠨᠣᠷᠮ᠎ᠠ᠂ ᠮᠡᠷᠭᠡᠵᠢᠯ ᠤᠨ ᠵᠢᠯᠣᠭᠤᠳᠣᠯᠭ᠎ᠠ᠂ | ᠭᠠᠳᠠᠭᠠᠳᠤ ᠳᠤ ᠭᠠᠷᠭᠠᠬᠤ᠂ ᠢᠷᠡᠭᠡᠳᠦᠶ ᠶᠢᠨ ᠲᠦᠯᠦᠪ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠢᠶᠠᠨ ᠵᠠᠨ ᠪᠢᠶᠤᠤ ᠮᠠᠨ ᠤ ᠰᠢᠶᠠᠨ ᠤ ᠬᠤᠨᠢ ᠲᠡᠮᠡᠭᠡᠨ | ᠨᠣᠯᠤᠤᠷ ᠤᠨ ᠤᠩᠭᠠᠷᠢᠯ ᠬᠤᠪᠴᠠᠰᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠶᠠᠨ ᠤ ᠬᠡᠪᠴᠢᠶᠡᠨ ᠤ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠷᠭ᠎ᠠ ᠬᠢᠳᠡᠯ ᠢ ᠭᠦᠢᠴᠡᠳ ᠨᠤᠲᠠᠯᠠᠪᠠ᠃ ᠡᠭᠦᠨ ᠤ ᠬᠠᠮᠲᠤ | ᠮᠠᠨ ᠤ ᠰᠢᠶᠠᠨ ᠤ ᠲᠠᠷᠠᠭᠠᠴᠢ ᠶᠢᠨ ᠠᠯᠬᠤᠮ ᠤᠨ ᠬᠤᠨᠢ ᠲᠡᠮᠡᠭᠡᠨ ᠨᠣᠯᠤᠤᠷ ᠤᠨ ᠤᠩᠭᠠᠷᠢᠯ ᠬᠤᠪᠴᠠᠰᠤᠨ ᠤ ᠠᠵᠤ | ᠦᠢᠯᠡᠰ ᠤᠨ ᠬᠥᠭᠵᠢᠯᠲᠡ ᠶᠢᠨ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ | ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠤᠶᠤᠨ | ᠴᠢᠳᠠᠯ ᠢᠶᠠᠨ ᠲᠥᠪᠯᠡᠷᠡᠭᠦᠯᠵᠦ᠂ ᠬᠤᠨᠢ ᠲᠡᠮᠡᠭᠡᠨ ᠨᠣᠯᠤᠤᠷ ᠤᠨ ᠤᠩᠭᠠᠷᠢᠯ ᠬᠤᠪᠴᠠᠰᠤᠨ ᠤ ᠠᠵᠤ ᠦᠢᠯᠡᠰ ᠤᠨ | ᠥᠷᠢᠰᠥᠯᠳᠦᠭᠡᠨ ᠤ ᠳᠠᠪᠠᠭᠤᠯᠢᠭ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠰᠡᠳᠬᠢᠴᠡ ᠪᠠᠨ ᠤᠯᠠᠮ ᠴᠢᠨᠠᠭᠰᠢᠳᠠ | ᠡᠮᠬᠢᠯᠡᠵᠦ᠂ ᠠᠷᠭ᠎ᠠ ᠵᠠᠮ ᠢᠶᠠᠨ ᠲᠣᠳᠣᠷᠬᠠᠶᠢᠯᠠᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠪᠦᠲᠦᠭᠡᠭᠳᠡᠬᠦᠨ ᠢ ᠢᠳᠡᠪᠬᠢᠲᠡᠢ ᠰᠤᠳᠤᠯᠤᠨ ᠨᠡᠭᠡᠭᠡᠵᠦ᠂ ᠰᠢᠨ᠎ᠡ ᠵᠠᠬ᠎ᠠ | ᠳᠡᠯᠭᠡᠭᠦᠷ ᠪᠣᠯᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠨᠡᠭᠡᠭᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠰᠦᠪᠡᠭᠴᠢᠯᠡᠵᠦ᠂ ᠪᠦᠬᠦ ᠰᠢᠶᠠᠨ ᠤ ᠬᠤᠨᠢ ᠲᠡᠮᠡᠭᠡᠨ ᠨᠣᠯᠤᠤᠷ ᠤᠨ ᠤᠩᠭᠠᠷᠢᠯ ᠬᠤᠪᠴᠠᠰᠤᠨ ᠤ ᠠᠵᠤ ᠦᠢᠯᠡᠰ ᠢ | ᠪᠣᠳᠠᠲᠠᠶᠢᠵᠢᠭᠤᠯᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠪᠡ᠃ | | | ᠶᠠᠷᠢᠯᠴᠠᠬᠤ ᠬᠤᠷᠠᠯ ᠳᠡᠭᠡᠷ᠎ᠡ ᠲᠢᠶᠠᠨ ᠵᠠᠨ ᠪᠢᠶᠤᠤ APEC ᠤᠨ ᠬᠤᠳᠠᠯᠳᠤᠭᠠᠨ ᠤ ᠶᠠᠪᠤᠳᠠᠯ ᠤᠨ | ᠵᠢᠭᠤᠯᠴᠢᠯᠠᠯ ᠤᠨ ᠺᠠᠷᠲ ᠤᠨ ᠪᠤᠶ ᠪᠣᠯᠤᠭᠰᠠᠨ ᠠᠬᠤᠶ ᠪᠠᠶᠢᠳᠠᠯ᠂ ᠭᠤᠶᠤᠴᠢᠯᠠᠨ ᠭᠦᠢᠴᠡᠳᠬᠡᠬᠦ ᠬᠢᠷᠢ ᠬᠡᠮ᠂ | ᠭᠤᠶᠤᠴᠢᠯᠠᠨ ᠭᠦᠢᠴᠡᠳᠬᠡᠬᠦ ᠶᠠᠪᠤᠴᠠ ᠵᠡᠷᠭᠡ ᠶᠢ ᠲᠠᠨᠢᠯᠴᠠᠭᠤᠯᠵᠤ᠂ APEC ᠤᠨ ᠬᠤᠳᠠᠯᠳᠤᠭᠠᠨ ᠤ ᠶᠠᠪᠤᠳᠠᠯ ᠤᠨ | ᠵᠢᠭᠤᠯᠴᠢᠯᠠᠯ ᠤᠨ ᠺᠠᠷᠲ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠠᠵᠤ ᠠᠬᠤᠶᠢᠯᠠᠯ ᠤᠨ | ︽ᠭᠠᠳᠠᠭᠰᠢ ᠭᠠᠷᠬᠤ︾ ᠵᠠᠮ ᠢ ᠤᠯᠠᠮ ᠨᠢᠭᠡ ᠠᠯᠬᠤᠮ ᠰᠠᠭᠠᠳ ᠦᠭᠡᠶ ᠨᠡᠪᠲᠡᠷᠡᠭᠦᠯᠵᠡᠶ᠃ ᠲᠢᠶᠠᠨ ᠵᠠᠨ ᠪᠢᠶᠤᠤ | ᠴᠢᠬᠤᠯᠠᠴᠢᠯᠠᠭᠰᠠᠨ ᠨᠢ᠂ ᠰᠢᠶᠠᠨ ᠤ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠶᠢᠨ | ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠡᠳᠬᠢᠴᠡ ᠪᠠᠨ ᠥᠷᠭᠡᠳᠬᠡᠵᠦ᠂ ︽ᠭᠠᠳᠠᠭᠠᠳᠤ ᠶᠠᠪᠤᠳᠠᠯ ᠢᠶᠠᠷ | ᠠᠷᠠᠳ ᠲᠤ ᠦᠢᠯᠡᠴᠢᠯᠡᠬᠦ᠂ ᠭᠠᠳᠠᠭᠠᠳᠤ ᠶᠠᠪᠤᠳᠠᠯ ᠢᠶᠠᠷ ᠠᠷᠠᠳ ᠲᠤ ᠠᠰᠢᠭ ᠬᠦᠷᠲᠡᠭᠡᠬᠦ᠂ ᠭᠠᠳᠠᠭᠠᠳᠤ ᠶᠠᠪᠤᠳᠠᠯ ᠢᠶᠠᠷ | ᠠᠷᠠᠳ ᠲᠤ ᠲᠦᠬᠦᠮ ᠦᠵᠡᠭᠦᠯᠬᠦ︾ ᠵᠣᠷᠢᠯᠲᠠ ᠶᠢ ᠪᠠᠷᠢᠮᠲᠠᠯᠠᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠯᠪᠡᠷᠢ ᠶᠢ | ᠢᠳᠡᠪᠬᠢᠲᠡᠢ ᠰᠦᠪᠡᠭᠴᠢᠯᠡᠵᠦ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠭᠦᠳᠴᠦ᠂ | ᠭᠠᠳᠠᠭᠠᠳᠤ ᠳᠤ ᠴᠢᠭᠯᠡᠭᠦᠯᠦᠭᠰᠡᠨ ᠠᠵᠤ ᠠᠬᠤᠶᠢᠯᠠᠯ ᠳᠤ ᠳᠥᠭᠦᠮ ᠳᠥᠲᠡ ᠥᠨᠳᠥᠷ ᠪᠦᠲᠦᠮᠵᠢᠲᠡᠢ ᠦᠢᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠶᠢ ᠠᠬᠢᠭᠤᠯᠵᠤ᠂ ᠲᠤᠬᠠᠢ ᠶᠢᠨ | ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠲᠤᠷ ᠳᠡᠮᠵᠢᠬᠦ ᠬᠡᠷᠡᠭᠲᠡᠢ ᠭᠡᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |