11 ᠰᠠᠷ᠎ᠠ ᠶᠢᠨ 30 ᠤ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠮᠠᠨᠵᠤᠤᠷ ᠬᠤᠲᠠ ᠶᠢ ᠲᠤᠰᠠᠯᠠᠬᠤ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ ᠡᠮᠴᠢᠯᠡᠭᠡᠨ ᠤ ᠠᠩᠭᠢ ᠶᠢᠨ 43 ᠭᠡᠰᠢᠭᠦᠨ | ᠦᠳᠲᠡᠷ ᠲᠦᠷᠭᠡᠨ ᠴᠤᠭᠯᠠᠷᠠᠵᠤ᠂ ᠡᠮᠴᠢ ᠬᠦᠮᠦᠨ ᠤ ᠲᠠᠷᠬᠠᠨ ᠡᠭᠦᠷᠭᠡ᠂ ᠵᠤᠬᠢᠶᠠᠨ ᠪᠠᠶᠢᠭᠤᠯᠤᠯᠲᠠ ᠶᠢᠨ ᠢᠶᠠᠨ | ᠬᠦᠨᠳᠦ ᠨᠠᠶᠢᠳᠠᠯᠭ᠎ᠠ ᠶᠢ ᠬᠦᠯᠢᠶᠠᠨ ᠮᠠᠨᠵᠤᠤᠷ ᠬᠤᠲᠠ ᠳᠤ ᠬᠦᠷᠴᠦ ᠰᠢᠨ᠎ᠡ ᠲᠢᠲᠢᠮᠯᠢᠭ ᠠᠭᠤᠰᠭᠢᠨ ᠦᠷᠪᠢᠰᠦᠯ ᠲᠠᠢ | ᠲᠠᠮᠠᠴᠠᠬᠦ ᠠᠵᠢᠯ ᠲᠤ ᠤᠷᠤᠯᠴᠠᠬᠤ ᠪᠠᠷ ᠮᠤᠷᠳᠠᠪᠠ᠃ | ᠮᠤᠷᠳᠠᠬᠤ ᠶᠤᠰᠤᠯᠠᠯ ᠤᠨ ᠲᠤᠬᠠᠢ ᠶᠢᠨ ᠲᠠᠯᠠᠪᠠᠢ ᠳᠤ᠂ ᠡᠮᠴᠢ ᠰᠣᠪᠢᠯᠠᠭᠴᠢᠳ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠬᠢᠵᠢᠭ ᠲᠠᠢ ᠲᠡᠮᠡᠴᠡᠬᠦ ᠰᠡᠷᠭᠡᠶᠢᠯᠡᠨ | ᠡᠵᠡᠮᠳᠡᠬᠦ ᠪᠠ ᠠᠪᠤᠷᠠᠨ ᠡᠮᠨᠡᠬᠦ ᠠᠵᠢᠯ ᠳᠤ ᠢᠳᠡᠪᠬᠢᠲᠡᠢ ᠣᠷᠣᠯᠴᠠᠵᠤ᠂ ᠲᠣᠰᠬᠠᠢ ᠮᠡᠷᠭᠡᠵᠢᠯ ᠤᠨ ᠲᠦᠪᠰᠢᠨ ᠢᠶᠠᠨ | ᠭᠦᠢᠴᠡᠳ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠤᠨ ᠤ ᠲᠤᠰᠢᠶᠠᠭᠰᠠᠨ ᠥᠩᠭᠡ | ᠭᠡᠷᠡᠯᠲᠤ ᠡᠭᠦᠷᠭᠡ ᠶᠢ ᠰᠡᠳᠭᠢᠯ ᠲᠠᠯᠪᠢᠨ ᠬᠦᠴᠦᠯᠡᠨ ᠪᠡᠶᠡᠯᠡᠭᠦᠯᠵᠦ᠂ ᠤᠯᠠᠭᠠᠨᠴᠠᠪ ᠤᠨ ᠬᠥᠮᠦᠰ ᠤᠨ ᠬᠠᠷᠢᠭᠤᠴᠠᠯᠭ᠎ᠠ | ᠡᠭᠦᠷᠭᠡᠯᠡᠯ ᠪᠠ ᠤᠶᠤᠨ ᠰᠠᠨᠠᠭᠠᠨ ᠤ ᠲᠦᠷᠢ ᠶᠢ ᠨᠢ ᠭᠦᠢᠴᠡᠳ ᠢᠯᠡᠷᠡᠭᠦᠯᠦᠨ᠎ᠡ ᠭᠡᠵᠦ ᠢᠯᠡᠳᠭᠡᠵᠡᠭᠡᠪᠡ᠃ | ᠣᠶᠢᠯᠭᠠᠭᠰᠠᠨ ᠢᠶᠠᠷ᠂ ᠲᠣᠰ ᠤᠳᠠᠭ᠎ᠠ ᠮᠠᠨᠵᠤᠤᠷ ᠬᠤᠲᠠ ᠳᠤ ᠮᠣᠷᠳᠠᠭᠰᠠᠨ ᠡᠮᠴᠢ ᠰᠣᠪᠢᠯᠠᠭᠴᠢᠳ ᠲᠤᠰ | ᠬᠤᠲᠠ ᠶᠢᠨ ᠲᠦᠪ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠵᠢᠷᠦᠬᠡ ᠴᠢᠰᠤᠨ ᠰᠤᠳᠠᠯ ᠤᠨ ᠰᠠᠯᠠᠭ᠎ᠠ᠂ | ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠰᠠᠯᠠᠭ᠎ᠠ᠂ ᠠᠮᠢᠰᠬᠤᠯ ᠤᠨ ᠳᠣᠲᠤᠷ ᠰᠠᠯᠠᠭ᠎ᠠ᠂ ICU ︵ ᠬᠦᠨᠲᠤ | ᠡᠪᠡᠳᠴᠢᠲᠡᠨ ᠢ ᠰᠤᠪᠢᠯᠠᠬᠤ ᠡᠪᠡᠳᠴᠢᠲᠠᠨ ᠤ ᠥᠷᠦᠭᠡ︶᠂ ᠲᠦᠷᠭᠡᠨ ᠡᠮᠨᠡᠬᠦ ᠰᠠᠯᠠᠭ᠎ᠠ ᠵᠡᠷᠭᠡ ᠰᠠᠯᠠᠭ᠎ᠠ ᠲᠠᠰᠤᠭ | ᠠᠴᠠ ᠢᠷᠡᠵᠠᠢ᠂ ᠡᠭᠦᠨ ᠳᠤ᠂ 13 ᠡᠮᠴᠢ᠂ 25 ᠰᠣᠪᠢᠯᠠᠭᠴᠢ᠂ 3 ᠴᠡᠪᠡᠷᠯᠡᠭᠴᠢ ᠪᠠ 2 ᠬᠠᠮᠢᠶ᠎ᠠ ᠪᠦᠬᠦᠢ | ᠭᠡᠰᠢᠭᠦᠨ ᠵᠡᠷᠭᠡ ᠬᠦᠮᠦᠰ ᠢᠶᠠᠷ ᠪᠦᠷᠢᠯᠳᠦᠵᠠᠢ᠃ ᠡᠭᠦᠷᠭᠡ ᠬᠦᠯᠢᠶᠡᠭᠰᠡᠨ ᠤ ᠳᠠᠷᠠᠭ᠎ᠠ᠂ ᠭᠡᠰᠢᠭᠦᠨ ᠨᠢᠭᠡ ᠪᠦᠷᠢ ᠲᠡᠷᠡ | ᠳᠠᠷᠤᠶ ᠳᠤᠨᠢ ᠤᠷᠢᠶᠠᠯᠠᠭ᠎ᠠ ᠶᠢ ᠢᠳᠡᠪᠬᠢᠲᠠᠢ ᠴᠤᠤᠷᠢᠶᠠᠳᠤᠨ ᠳᠠᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ | ᠴᠤᠭᠯᠠᠷᠠᠵᠤ᠂ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠡᠷᠡᠰ ᠴᠢᠩᠭ᠎ᠠ | ᠬᠦᠴᠦᠲᠡᠶ ᠲᠤᠰᠠᠯᠠᠮᠵᠢ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠤᠭᠴᠠᠯᠠᠬᠤ ᠳᠤ ᠤᠯᠠᠭᠠᠨᠴᠠᠪ ᠤᠨ ᠢᠶᠠᠨ ᠬᠦᠴᠦᠨ ᠴᠢᠳᠠᠯ ᠢᠶᠠᠨ | ᠡᠷᠬᠦᠬᠦ ᠪᠠᠷ ᠮᠤᠷᠳᠠᠪᠠ᠃ | ᠵᠣᠬᠢᠶᠠᠭᠴᠢ᠄ ᠬᠠᠢ ᠵᠢᠶᠦ᠋ᠨ | ᠨᠠᠶᠢᠷᠠᠭᠤᠯᠤᠭᠴᠢ᠄ ᠪᠤᠶᠠᠨᠦ᠌ᠨᠳᠦᠰᠦ | ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ |