ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶᠠᠨ ᠤ ᠠᠵᠢᠯᠳᠠᠳ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠨ ᠤᠬᠠᠭᠤᠯᠬᠤ  ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2021/12/3
   12 ᠰᠠᠷ᠎ᠠ ᠶᠢᠨ 03 ᠤ ᠡᠳᠤᠷ᠂  ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶᠠᠨ ᠤ ᠠᠵᠢᠯᠳᠠᠳ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠨ ᠤᠬᠠᠭᠤᠯᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃
   ᠲᠤᠰ ᠤᠳᠠᠭᠠᠨ ᠤ ᠠᠵᠢᠯᠯᠠᠭ᠎ᠠ ᠨᠢ ᠭᠤᠤᠯᠳᠠᠭᠤ ᠠᠭᠤᠳᠠᠮ ᠲᠠᠯᠠᠪᠠᠢ᠂ ᠦᠢᠯᠡᠴᠢᠯᠡᠭᠡᠨ ᠤ ᠶᠡᠭᠡ ᠲᠢᠩᠭᠢᠮ᠂ ᠨᠡᠶᠢᠭᠡᠮ ᠲᠤᠭᠤᠷᠢᠭ ᠵᠡᠷᠬᠡ ᠦᠨᠳᠤᠰᠤᠨ ᠱᠠᠳᠤᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠵᠠᠷ ᠤᠨ ᠫᠠᠶᠢᠰᠠ ᠳᠤ ᠤᠬᠠᠭᠤᠯᠭ᠎ᠠ ᠶᠢᠨ ᠬᠠᠭᠤᠳᠠᠰᠤ ᠨᠠᠭᠠᠬᠤ ᠬᠡᠯᠪᠡᠷᠢ ᠪᠠᠷ ᠶᠠᠪᠤᠭᠳᠠᠵᠤ᠂ ᠠᠵᠢᠯᠳᠠᠳ ᠠᠴᠠ ᠮᠤᠩᠭᠤᠯ ᠰᠦᠯᠵᠢᠶ᠎ᠡ ᠶᠢᠨ ᠠᠷᠠᠳ ᠲᠦᠮᠡᠨ ᠳᠤ ᠦᠵᠡᠬᠦᠯᠬᠦ ᠦᠢᠯᠡᠴᠢᠯᠡᠭᠡ᠂ ᠰᠢᠶᠠᠨ ᠤ ᠰᠣᠨᠢᠨ ᠮᠡᠳᠡᠭᠡ᠂ ᠨᠠᠮ ᠤᠨ ᠲᠡᠦᠬᠡ᠂ ᠰᠢᠶᠠᠨ ᠤ ᠪᠢᠴᠢᠭ ᠮᠠᠲ᠋ᠧᠷᠢᠶᠡᠯ᠂ ᠲᠦᠷᠦ ᠶᠢᠨ ᠪᠣᠳᠣᠯᠭ᠎ᠠ ᠶᠢᠨ ᠲᠠᠶᠢᠯᠦᠮᠵᠢ᠂ ᠵᠠᠰᠠᠭ ᠤᠨ ᠣᠷᠳᠤᠨ ᠤ ᠠᠯᠪᠠᠨ ᠮᠡᠳᠡᠭᠡ᠂ ᠰᠢᠨ᠎ᠡ ᠬᠦᠳᠡᠭᠡ᠂ ᠦᠵᠡᠰᠭᠦᠯᠡᠩᠲᠤ ᠬᠤᠸᠠᠳᠧ ᠵᠡᠷᠬᠡ ᠪᠤᠯᠤᠩ ᠢᠶᠠᠷ ᠬᠠᠮᠢᠶ᠎ᠠ ᠪᠦᠬᠦᠢ ᠴᠢᠮᠡᠭᠡ ᠵᠠᠩᠭᠢ ᠶᠢ ᠮᠤᠩᠭᠤᠯ ᠬᠡᠯᠡ ᠪᠠᠷ ᠢᠶᠠᠨ ᠴᠠᠭ ᠲᠤᠬᠠᠢ ᠳᠤᠨᠢ ᠣᠶᠢᠯᠭᠠᠨ ᠠᠪᠴᠤ ᠪᠣᠯᠬᠤ ᠶᠢ ᠨᠠᠷᠢᠨ ᠲᠠᠶᠢᠯᠪᠦᠷᠢᠯᠠᠵᠤ ᠥᠭᠪᠡ᠃
    ᠡᠨᠡ ᠤᠳᠠᠭᠠᠨ ᠤ ᠤᠬᠠᠭᠤᠯᠬᠤ ᠰᠢᠷᠢᠰ ᠠᠵᠢᠯᠯᠠᠭ᠎ᠠ ᠨᠢ᠂ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠢᠶᠠᠷ ᠳᠠᠮᠵᠢᠭᠤᠯᠤᠨ ᠨᠠᠮ ᠤᠨ ᠲᠦᠷᠦ ᠶᠢᠨ ᠪᠤᠳᠤᠯᠭ᠎ᠠ ᠵᠢᠴᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠮᠢᠶ᠎ᠠ ᠪᠦᠬᠦᠢ ᠮᠡᠳᠡᠭᠡ ᠵᠠᠩᠬᠢ ᠶᠢ ᠴᠠᠭ ᠲᠤᠬᠠᠢ ᠳᠤᠨᠢ ᠣᠶᠢᠯᠭᠠᠭᠤᠯᠤᠭᠰᠠᠨ ᠢᠶᠠᠷ ᠪᠠᠷᠠᠬᠤ ᠦᠭᠡᠢ᠂ ᠰᠢᠶᠠᠨ ᠤ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠨ ᠨᠡᠩ ᠢᠯᠡᠭᠦᠦ ᠲᠦᠭᠡᠮᠡᠯᠵᠢᠭᠦᠯᠵᠦ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠳᠤ ᠲᠥᠷᠦ ᠶᠢᠨ ᠪᠤᠲᠤᠯᠭ᠎ᠠ ᠶᠢᠨ ᠮᠡᠳᠡᠭᠡ ᠵᠠᠩᠭᠢ ᠶᠢ ᠳᠠᠮᠵᠢᠭᠤᠯᠬᠤ ᠴᠢᠬᠤᠯᠠ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠲᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤ ᠢᠳᠡᠪᠬᠢᠲᠠᠢ ᠦᠢᠯᠡᠳᠦᠯ ᠦᠵᠡᠬᠦᠯᠪᠡ᠃
     ᠢᠷᠡᠯᠳᠡ  ᠄  ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2