11 ᠰᠠᠷ᠎ᠠ ᠶᠢᠨ 30 ᠤ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠮᠠᠨᠵᠤᠤᠷ ᠬᠤᠲᠠ ᠶᠢ ᠲᠤᠰᠠᠯᠠᠬᠤ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ ᠡᠮᠴᠢᠯᠡᠭᠡᠨ ᠤ ᠠᠩᠭᠢ ᠶᠢᠨ 43 ᠭᠡᠰᠢᠭᠦᠨ | ᠦᠳᠲᠡᠷ ᠲᠦᠷᠭᠡᠨ ᠴᠤᠭᠯᠠᠷᠠᠵᠤ᠂ ᠡᠮᠴᠢ ᠬᠦᠮᠦᠨ ᠤ ᠲᠠᠷᠬᠠᠨ ᠡᠭᠦᠷᠭᠡ᠂ ᠵᠤᠬᠢᠶᠠᠨ ᠪᠠᠶᠢᠭᠤᠯᠤᠯᠲᠠ ᠶᠢᠨ ᠢᠶᠠᠨ ᠬᠦᠨᠳᠦ | ᠨᠠᠶᠢᠳᠠᠯᠭ᠎ᠠ ᠶᠢ ᠬᠦᠯᠢᠶᠠᠨ ᠮᠠᠨᠵᠤᠤᠷ ᠬᠤᠲᠠ ᠳᠤ ᠬᠦᠷᠴᠦ ᠰᠢᠨ᠎ᠡ ᠲᠢᠲᠢᠮᠯᠢᠭ ᠠᠭᠤᠰᠭᠢᠨ ᠦᠷᠪᠢᠰᠦᠯ ᠲᠠᠢ ᠲᠠᠮᠠᠴᠠᠬᠦ | ᠠᠵᠢᠯ ᠲᠤ ᠤᠷᠤᠯᠴᠠᠬᠤ ᠪᠠᠷ ᠮᠤᠷᠳᠠᠪᠠ᠃ | ᠮᠤᠷᠳᠠᠬᠤ ᠶᠤᠰᠤᠯᠠᠯ ᠤᠨ ᠲᠤᠬᠠᠢ ᠶᠢᠨ ᠲᠠᠯᠠᠪᠠᠢ ᠳᠤ᠂ ᠡᠮᠴᠢ ᠰᠣᠪᠢᠯᠠᠭᠴᠢᠳ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠬᠢᠵᠢᠭ ᠲᠠᠢ ᠲᠡᠮᠡᠴᠡᠬᠦ ᠰᠡᠷᠭᠡᠶᠢᠯᠡᠨ ᠡᠵᠡᠮᠳᠡᠬᠦ ᠪᠠ | ᠠᠪᠤᠷᠠᠨ ᠡᠮᠨᠡᠬᠦ ᠠᠵᠢᠯ ᠳᠤ ᠢᠳᠡᠪᠬᠢᠲᠡᠢ ᠣᠷᠣᠯᠴᠠᠵᠤ᠂ ᠲᠣᠰᠬᠠᠢ ᠮᠡᠷᠭᠡᠵᠢᠯ ᠤᠨ ᠲᠦᠪᠰᠢᠨ ᠢᠶᠠᠨ ᠭᠦᠢᠴᠡᠳ | ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠤᠨ ᠤ ᠲᠤᠰᠢᠶᠠᠭᠰᠠᠨ ᠥᠩᠭᠡ ᠭᠡᠷᠡᠯᠲᠤ ᠡᠭᠦᠷᠭᠡ ᠶᠢ | ᠰᠡᠳᠭᠢᠯ ᠲᠠᠯᠪᠢᠨ ᠬᠦᠴᠦᠯᠡᠨ ᠪᠡᠶᠡᠯᠡᠭᠦᠯᠵᠦ᠂ ᠤᠯᠠᠭᠠᠨᠴᠠᠪ ᠤᠨ ᠬᠥᠮᠦᠰ ᠤᠨ ᠬᠠᠷᠢᠭᠤᠴᠠᠯᠭ᠎ᠠ ᠡᠭᠦᠷᠭᠡᠯᠡᠯ ᠪᠠ ᠤᠶᠤᠨ | ᠰᠠᠨᠠᠭᠠᠨ ᠤ ᠲᠦᠷᠢ ᠶᠢ ᠨᠢ ᠭᠦᠢᠴᠡᠳ ᠢᠯᠡᠷᠡᠭᠦᠯᠦᠨ᠎ᠡ ᠭᠡᠵᠦ ᠢᠯᠡᠳᠭᠡᠵᠡᠭᠡᠪᠡ᠃ | ᠣᠶᠢᠯᠭᠠᠭᠰᠠᠨ ᠢᠶᠠᠷ᠂ ᠲᠣᠰ ᠤᠳᠠᠭ᠎ᠠ ᠮᠠᠨᠵᠤᠤᠷ ᠬᠤᠲᠠ ᠳᠤ ᠮᠣᠷᠳᠠᠭᠰᠠᠨ ᠡᠮᠴᠢ ᠰᠣᠪᠢᠯᠠᠭᠴᠢᠳ ᠲᠤᠰ ᠬᠤᠲᠠ ᠶᠢᠨ | ᠲᠦᠪ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠵᠢᠷᠦᠬᠡ ᠴᠢᠰᠤᠨ ᠰᠤᠳᠠᠯ ᠤᠨ ᠰᠠᠯᠠᠭ᠎ᠠ᠂ ᠶᠡᠷᠦᠩᠬᠡᠢ ᠰᠠᠯᠠᠭᠠᠨ ᠤ | ᠠᠨᠠᠭᠠᠬᠤ ᠤᠬᠠᠭᠠᠨ ᠤ ᠰᠠᠯᠠᠭ᠎ᠠ᠂ ᠠᠮᠢᠰᠬᠤᠯ ᠤᠨ ᠳᠣᠲᠤᠷ ᠰᠠᠯᠠᠭ᠎ᠠ᠂ ICU ︵ ᠬᠦᠨᠲᠤ ᠡᠪᠡᠳᠴᠢᠲᠡᠨ ᠢ ᠰᠤᠪᠢᠯᠠᠬᠤ | ᠡᠪᠡᠳᠴᠢᠲᠠᠨ ᠤ ᠥᠷᠦᠭᠡ︶᠂ ᠲᠦᠷᠭᠡᠨ ᠡᠮᠨᠡᠬᠦ ᠰᠠᠯᠠᠭ᠎ᠠ ᠵᠡᠷᠭᠡ ᠰᠠᠯᠠᠭ᠎ᠠ ᠲᠠᠰᠤᠭ ᠠᠴᠠ ᠢᠷᠡᠵᠠᠢ᠂ ᠡᠭᠦᠨ ᠳᠤ᠂ 13 | ᠡᠮᠴᠢ᠂ 25 ᠰᠣᠪᠢᠯᠠᠭᠴᠢ᠂ 3 ᠴᠡᠪᠡᠷᠯᠡᠭᠴᠢ ᠪᠠ 2 ᠬᠠᠮᠢᠶ᠎ᠠ ᠪᠦᠬᠦᠢ ᠭᠡᠰᠢᠭᠦᠨ ᠵᠡᠷᠭᠡ ᠬᠦᠮᠦᠰ ᠢᠶᠠᠷ ᠪᠦᠷᠢᠯᠳᠦᠵᠠᠢ᠃ | ᠡᠭᠦᠷᠭᠡ ᠬᠦᠯᠢᠶᠡᠭᠰᠡᠨ ᠤ ᠳᠠᠷᠠᠭ᠎ᠠ᠂ ᠭᠡᠰᠢᠭᠦᠨ ᠨᠢᠭᠡ ᠪᠦᠷᠢ ᠲᠡᠷᠡ ᠳᠠᠷᠤᠶ ᠳᠤᠨᠢ ᠤᠷᠢᠶᠠᠯᠠᠭ᠎ᠠ ᠶᠢ ᠢᠳᠡᠪᠬᠢᠲᠠᠢ | ᠴᠤᠤᠷᠢᠶᠠᠳᠤᠨ ᠳᠠᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠴᠤᠭᠯᠠᠷᠠᠵᠤ᠂ ᠮᠠᠨᠵᠤᠤᠷ ᠬᠤᠳᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠡᠷᠡᠰ ᠴᠢᠩᠭ᠎ᠠ ᠬᠦᠴᠦᠲᠡᠶ ᠲᠤᠰᠠᠯᠠᠮᠵᠢ ᠬᠠᠩᠭᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠤᠭᠴᠠᠯᠠᠬᠤ ᠳᠤ | ᠤᠯᠠᠭᠠᠨᠴᠠᠪ ᠤᠨ ᠢᠶᠠᠨ ᠬᠦᠴᠦᠨ ᠴᠢᠳᠠᠯ ᠢᠶᠠᠨ ᠡᠷᠬᠦᠬᠦ ᠪᠠᠷ ᠮᠤᠷᠳᠠᠪᠠ᠃ | ᠵᠣᠬᠢᠶᠠᠭᠴᠢ᠄ ᠬᠠᠢ ᠵᠢᠶᠦ᠋ᠨ | ᠨᠠᠶᠢᠷᠠᠭᠤᠯᠤᠭᠴᠢ᠄ ᠪᠤᠶᠠᠨᠦ᠌ᠨᠳᠦᠰᠦ | ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ |