ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠳ᠋ᠢᠶᠤᠤ ᠴᠦᠨ ᠬᠠᠶ ᠲᠣᠭᠠᠴᠢᠯᠠᠭᠰᠠᠨ ᠬᠥᠳᠡᠭᠡ ᠲᠣᠰᠬᠤᠨ ᠤ ᠵᠢᠯᠣᠭᠤᠳᠬᠤ ᠲᠠᠪᠴᠠᠩ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/12/7
  ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠳ᠋ᠢᠶᠤᠤ ᠴᠦᠨ ᠬᠠᠶ ᠯᠢᠶᠠᠨ ᠾᠧ ᠲᠣᠰᠬᠤᠨ ᠳᠤ ᠭᠦᠨᠵᠡᠭᠡᠶᠢᠷᠡᠨ ᠲᠣᠭᠠᠴᠢᠯᠠᠭᠰᠠᠨ ᠬᠥᠳᠡᠭᠡ ᠲᠣᠰᠬᠤᠨ ᠤ ᠵᠢᠯᠣᠭᠤᠳᠬᠤ ᠲᠠᠪᠴᠠᠩ ᠤᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
   ᠳ᠋ᠢᠶᠤᠤ ᠴᠦᠨ ᠬᠠᠶ ᠲᠤᠬᠠᠶ ᠶᠢᠨ ᠲᠠᠯᠠᠪᠤᠷ ᠲᠤ ᠲᠣᠰᠬᠤᠨ ᠢ ᠬᠦᠭᠵᠢᠭᠦᠯᠬᠦ ᠲᠣᠭᠠᠴᠢᠯᠠᠭᠰᠠᠨ ᠬᠥᠳᠡᠭᠡ ᠲᠣᠰᠬᠤᠨ ᠤ ᠵᠢᠯᠣᠭᠤᠳᠬᠤ ᠲᠠᠪᠴᠠᠩ ᠤᠨ ᠲᠥᠷᠥᠯ ᠵᠦᠢᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠲᠣᠰᠬᠤᠨ ᠢ ᠬᠦᠭᠵᠢᠭᠦᠯᠬᠦ ᠲᠣᠭᠠᠴᠢᠯᠠᠭᠰᠠᠨ ᠬᠥᠳᠡᠭᠡ ᠲᠣᠰᠬᠤᠨ ᠤ ᠵᠢᠯᠣᠭᠤᠳᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠪᠴᠠᠩ ᠤᠨ ᠬᠠᠮᠢᠶᠠᠷᠤᠯᠲᠠ ᠶᠢᠨ ᠠᠵᠢᠯᠲᠠᠨ ᠲᠠᠢ ᠰᠠᠨᠠᠯ ᠢᠶᠠᠨ ᠨᠠᠷᠢᠨ ᠬᠢᠨᠠᠮᠠᠭᠠᠶ ᠰᠣᠯᠢᠯᠴᠠᠪᠠ᠃ ᠳ᠋ᠢᠶᠣᠤ ᠴᠦᠨ ᠬᠠᠶ ᠵᠢᠭᠠᠵᠤ ᠭᠠᠷᠭᠠᠬᠤ ᠳᠠᠭᠠᠨ᠂ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠪᠣᠯ ᠶᠡᠭᠡ ᠬᠠᠨᠳᠤᠰᠢ ᠮᠥᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠨᠢ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ᠂ ᠤᠶᠤᠨᠲᠤ ᠨᠡᠶᠢᠭᠡᠮ ᠤᠨ ᠪᠠᠶᠢᠭᠤᠯᠤᠯᠲᠠ ᠶᠢᠨ ᠭᠤᠣᠯ ᠬᠦᠴᠦᠨ ᠪᠣᠯᠤᠭᠰᠠᠨ ᠤ ᠬᠤᠪᠢ ᠳᠤ᠂ ᠤᠯᠤᠰ ᠤᠨ ᠤᠷᠢᠶᠠᠯᠠᠭ᠎ᠠ ᠶᠢ ᠦᠷᠭᠦᠯᠵᠢᠯᠡᠨ ᠴᠤᠤᠷᠢᠶᠠᠲᠤᠵᠤ᠂ ᠰᠦᠯᠵᠢᠶ᠎ᠡ᠂ ᠲᠠᠪᠴᠠᠩ᠂ ᠦᠢᠯᠡᠴᠢᠯᠡᠭᠡ᠂ ᠠᠮᠢ ᠠᠬᠤᠢ ᠵᠡᠷᠭᠡ ᠡᠯ᠎ᠡ ᠲᠠᠯ᠎ᠠ ᠶᠢᠨ ᠲᠣᠭᠠᠴᠢᠯᠠᠭᠰᠠᠨ ᠳᠠᠪᠠᠭᠤᠯᠢᠭ ᠢ ᠪᠠᠳᠠᠷᠠᠭᠤᠯᠵᠤ᠂ ᠤᠶᠤᠨᠲᠤ ᠰᠢᠶᠠᠩ ᠪᠠᠯᠭᠠᠰᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢᠨ ᠭᠤᠣᠯ ᠬᠦᠴᠦᠨ ᠪᠤᠯᠵᠤ᠂ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠦᠬᠦ ᠲᠠᠯ᠎ᠠ ᠪᠠᠷ ᠦᠢᠯᠡᠴᠢᠯᠡᠬᠦ ᠬᠡᠷᠡᠭᠲᠡᠢ᠃      ᠳ᠋ᠢᠶᠣᠤ ᠴᠦᠨ ᠬᠠᠢ ᠱᠠᠭᠠᠷᠳᠠᠭᠰᠠᠨ ᠨᠢ᠂ ᠲᠣᠰᠬᠤᠨ ᠤ ᠠᠷᠠᠳ ᠤᠨ ᠵᠥᠪᠯᠡᠯ ᠤᠨ ᠬᠢᠨ ᠡᠷᠬᠡᠪᠰᠢ ᠲᠠᠪᠴᠠᠩ ᠢ ᠰᠠᠶᠢᠲᠤᠷ ᠠᠰᠢᠭᠯᠠᠵᠤ᠂ ᠬᠠᠪᠰᠤᠷᠤᠨ ᠲᠡᠳᠬᠦᠬᠦ ᠨᠢᠭᠡᠴᠡ ᠶᠢᠨ ᠪᠡᠯᠡ ᠮᠥᠩᠭᠦ ᠪᠣᠯᠤᠨ ᠲᠦᠷᠦ ᠶᠢᠨ ᠪᠤᠳᠤᠯᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠨᠢᠭᠡᠴᠡ ᠶᠢᠨ ᠬᠠᠶᠢᠷ᠎ᠠ ᠬᠠᠯᠠᠮᠵᠢ ᠶᠢ ᠠᠷᠠᠳ ᠤᠯᠠᠨ ᠤ ᠰᠡᠳᠬᠢᠯ ᠳᠤ ᠦᠨᠡᠨ ᠪᠣᠳᠠᠲᠠᠢ ᠪᠠᠷ ᠳᠠᠮᠵᠢᠭᠤᠯᠵᠤ᠂ ᠤᠯᠠᠨ ᠲᠦᠮᠡᠨ ᠳᠤ ᠨᠠᠮ ᠠᠴᠠ ᠲᠠᠷᠢᠶᠠᠴᠢᠳ ᠲᠤ ᠦᠵᠡᠭᠦᠯᠦᠭᠰᠡᠨ ᠭᠦᠨ ᠵᠤᠵᠠᠭᠠᠨ ᠬᠠᠯᠠᠮᠵᠢᠯᠠᠯ ᠢ ᠦᠨᠡᠨᠬᠦ ᠮᠡᠳᠡᠷᠡᠭᠦᠯᠬᠦ ᠬᠡᠷᠡᠭᠲᠡᠢ  ᠭᠡᠪᠡ᠃
   ᠣᠶᠢᠯᠠᠭᠠᠭᠰᠠᠨ ᠢᠶᠠᠷ᠂ 2021 ᠣᠨ ᠤ 11 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠨᠢᠭᠡᠴᠡ ᠶᠢᠨ ᠬᠤᠸᠠᠳᠧ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠯᠢᠶᠠᠨ ᠾᠧ ᠲᠣᠰᠬᠤᠨ ᠳᠤ ᠣᠷᠣᠵᠤ ᠰᠠᠭᠤᠪᠠ᠃ ᠥᠪᠥᠷ ᠮᠣᠩᠭᠤᠯ ᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ ᠪᠠᠷ᠂ 12 ᠰᠠᠷ᠎ᠠ ᠶᠢᠨ 1 ᠤ ᠡᠳᠦᠷ ᠭᠦᠨᠤᠯᠠᠭᠠᠨᠬᠤᠳᠳᠤᠭ ᠰᠢᠶᠠᠩ ᠤᠨ ᠯᠢᠶᠠᠨ ᠾᠧ ᠲᠣᠰᠬᠤᠨ ᠤ ᠲᠣᠭᠠᠴᠢᠯᠠᠭᠰᠠᠨ ᠬᠥᠳᠡᠭᠡ ᠲᠣᠰᠬᠤᠨ ᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠳᠠᠭᠤᠰᠬᠠᠪᠠ ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 100 ᠲᠦᠮᠡᠨ ᠲᠥᠭᠦᠷᠢᠭ ᠪᠠᠶᠢᠵᠤ᠂ ᠬᠠᠷᠢᠶ᠎ᠠ ᠭᠤᠷᠪᠠᠨ ᠠᠶᠢᠯ ᠲᠣᠰᠬᠤᠨ ᠳᠤ 4G ᠶᠢᠨ ᠰᠠᠭᠤᠷᠢ ᠥᠷᠲᠡᠭᠡ ᠶᠢ ᠰᠢᠨ᠎ᠡ ᠪᠠᠷ 3 ᠪᠠᠶᠢᠭᠤᠯᠵᠤ᠂ ᠲᠣᠰᠬᠤᠨ ᠤ ᠬᠡᠪᠴᠢᠶᠡᠨ ᠳᠤ 4G ᠶᠢᠨ ᠤᠲᠠᠰᠤ ᠥᠬᠡᠶ ᠰᠦᠯᠵᠢᠶ᠎ᠡ ᠶᠢ ᠨᠡᠶᠢᠳᠡᠮ ᠪᠦᠷᠬᠦᠭᠦᠯᠵᠦ᠂ ᠭᠡᠷᠡᠯᠯᠢᠭ ᠰᠢᠷᠬᠡᠭ ᠤᠨ ᠢᠨᠲ᠋ᠧᠷ ᠰᠦᠯᠵᠢᠶᠡᠨ ᠤ ᠥᠷᠭᠡᠨ ᠪᠦᠰᠡ ᠶᠢ ᠪᠦᠬᠦᠨ ᠢ ᠡᠷᠦᠬᠡ ᠳᠤ ᠬᠦᠷᠭᠡᠵᠦ᠂ ᠲᠣᠰᠬᠤᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠣᠷᠣᠨ ᠪᠦᠰᠡ ᠶᠢᠨ ᠥᠯᠥ ᠣᠨᠣᠭᠳᠠᠬᠤ ᠥᠨᠴᠥᠭ ᠥᠬᠡᠶ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠪᠡ᠃
   ᠡᠭᠦᠨ ᠤ ᠵᠡᠷᠭᠡ ᠳᠤ ᠨᠢᠭᠡᠳᠦᠮᠡᠯ ᠬᠤᠯᠪᠣᠭ᠎ᠠ ᠶᠢᠨ ᠺᠣᠮᠫᠠᠨᠢ ᠲᠣᠰᠬᠤᠨ ᠤ ᠠᠷᠠᠳ ᠵᠢᠴᠢ ᠲᠣᠰᠬᠤᠨ ᠤ ᠠᠷᠠᠳ ᠤᠨ ᠵᠥᠪᠯᠡᠯ ᠳᠤ ᠭᠠᠷ ᠤᠲᠠᠰᠤᠨ ᠤ ᠰᠦᠢᠳᠬᠡᠯ᠂ ᠰᠦᠯᠵᠢᠶᠡᠨ ᠳᠤ ᠭᠠᠷᠬᠤ ᠰᠦᠢᠳᠬᠡᠯ ᠨᠡᠶᠢᠲᠡ 11.5 ᠲᠦᠮᠡᠨ ᠲᠥᠭᠦᠷᠢᠭ ᠨᠥᠬᠦᠪᠥᠷᠢᠯᠡᠵᠦ᠂ ᠲᠣᠰᠬᠤᠨ ᠤ ᠠᠷᠠᠳ ᠲᠤ ᠮᠡᠳᠡᠭᠡ ᠵᠠᠩᠭᠢᠵᠢᠯᠲᠠ ᠠᠴᠠ ᠪᠣᠯᠤᠭᠰᠠᠨ ᠠᠮᠢᠳᠤᠷᠠᠯ ᠤᠨ ᠳᠥᠭᠦᠮ ᠨᠥᠬᠦᠴᠡᠯ ᠢ ᠦᠨᠡᠨ ᠬᠦ ᠡᠳ᠋ᠯᠡᠭᠦᠯᠦᠭᠰᠡᠨ ᠪᠠᠶᠢᠨ᠎ᠠ᠃ ᠯᠢᠶᠠᠨ ᠾᠧ ᠲᠣᠰᠬᠤᠨ ᠤ ᠲᠣᠭᠠᠴᠢᠯᠠᠭᠰᠠᠨ ᠬᠥᠳᠡᠭᠡ ᠲᠣᠰᠬᠤᠨ ᠤ ᠵᠢᠯᠣᠭᠤᠳᠬᠤ ᠲᠠᠪᠴᠠᠩ ᠢ ᠪᠠᠶᠢᠭᠤᠯᠤᠨ ᠳᠠᠭᠤᠰᠬᠠᠵᠤ᠂ ᠲᠣᠰᠬᠤᠨ ᠤ ᠠᠷᠠᠳ ᠭᠠᠷ ᠤᠲᠠᠰᠤ ᠪᠠᠷ ᠢᠶᠠᠨ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ᠂ ᠨᠠᠮ ᠤᠨ ᠶᠠᠪᠤᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠵᠤ ᠮᠡᠳᠡᠵᠦ᠂ ᠲᠣᠰᠬᠤᠨ ᠤ ᠠᠷᠠᠳ ᠤᠨ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠢ ᠪᠠᠲᠤᠯᠠᠭᠰᠠᠨ ᠢᠶᠠᠷ ᠪᠠᠷᠠᠬᠤ ᠦᠭᠡᠢ ᠲᠣᠰᠬᠤᠨ ᠤ ᠠᠷᠠᠳ ᠤᠨ ᠵᠥᠪᠯᠡᠯ ᠤᠨ ᠤᠯᠠᠨ ᠨᠡᠶᠢᠲᠡ ᠶᠢᠨ ᠢᠲᠡᠭᠡᠮᠵᠢ ᠶᠢᠨ ᠬᠡᠮᠵᠢᠶ᠎ᠡ ᠶᠢ ᠴᠦ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ ᠪᠠᠰᠠ 25 ᠺᠢᠯᠣᠮᠧᠲᠷ ᠭᠡᠷᠡᠯᠯᠢᠭ ᠳᠡᠭᠡᠰᠦ ᠶᠢ ᠰᠢᠨ᠎ᠡ ᠪᠠᠷ ᠪᠠᠶᠢᠭᠤᠯᠵᠤ᠂ ᠲᠣᠰᠬᠤᠨ ᠤ ᠵᠠᠬᠢᠷᠭ᠎ᠠ ᠳᠤ ᠡᠭᠦᠯᠡᠨ ᠲᠦᠷᠭᠡᠨ ᠱᠤᠭᠤᠮ ᠤᠨ ᠲᠤᠰᠬᠠᠶ ᠰᠦᠯᠵᠢᠶ᠎ᠡ ᠶᠢ ᠵᠠᠯᠭᠠᠨ ᠥᠭᠴᠦ᠂ ︽ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ︾ ᠢ ᠪᠠᠶᠢᠭᠤᠯᠤᠭᠰᠠᠨ ᠪᠥᠭᠡᠳ ᠪᠥᠬᠦ ᠲᠣᠰᠬᠤᠨ ᠤ ᠠᠷᠠᠳ ᠲᠤ ᠨᠡᠭᠡᠭᠡᠵᠦ ᠥᠭᠭᠦᠭᠰᠡᠨ ᠠᠴᠠ ᠲᠣᠰᠬᠤᠨ ᠤ ᠠᠷᠠᠳ ᠭᠠᠷ ᠤᠲᠠᠰᠤ ᠪᠠᠷ ᠢᠶᠠᠨ ᠲᠣᠰᠬᠤᠨ ᠤ ᠳᠣᠲᠣᠭᠠᠳᠤ ᠶᠢᠨ ᠪᠠᠶᠢᠳᠠᠯ ᠢ ᠮᠡᠳᠡᠵᠦ᠂ ᠲᠣᠰᠬᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠥᠭᠡᠳ ᠲᠣᠰᠬᠤᠨ ᠤ ᠠᠷᠠᠳ ᠤᠨ ᠡᠵᠡᠨ ᠬᠥᠮᠦᠨ ᠤ ᠤᠬᠠᠮᠰᠠᠷ ᠪᠠ ᠲᠣᠰᠬᠤᠨ ᠤ ᠬᠡᠷᠡᠭ ᠶᠠᠪᠤᠳᠠᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠴᠦ ᠳᠡᠭᠡᠭᠰᠢᠯᠡᠭᠦᠯᠦᠭᠰᠡᠨ ᠪᠠᠶᠢᠨ᠎ᠠ᠃ ᠲᠣᠭᠠᠴᠢᠯᠠᠭᠰᠠᠨ ᠤᠶᠤᠨᠲᠤ ᠪᠦᠷᠢᠶ᠎ᠡ ᠪᠠ ᠲᠣᠭᠠᠴᠢᠯᠠᠭᠰᠠᠨ ᠳᠡᠯᠭᠡᠴᠡ ᠶᠢ ᠤᠭᠰᠠᠷᠠᠵᠤ᠂ ᠮᠡᠳᠡᠭᠡ ᠵᠠᠩᠭᠢ ᠶᠢ ᠪᠦᠲᠦᠮᠵᠢᠲᠡᠢ ᠳᠠᠮᠵᠢᠭᠤᠯᠬᠤ ᠶᠢ ᠪᠡᠶᠡᠯᠡᠭᠦᠯᠵᠦ᠂ ᠲᠣᠰᠬᠤᠨ ᠤ ᠨᠠᠮ ᠤᠨ ᠬᠤᠶᠠᠷ ᠵᠥᠪᠯᠡᠯ ᠤᠨ ᠨᠠᠮ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠯᠠᠨ ᠲᠦᠮᠡᠨ ᠤ ᠳᠤᠮᠳᠠ ᠳᠠᠮᠵᠢᠭᠤᠯᠬᠤ ᠳᠤ ᠲᠦᠬᠦᠮ ᠦᠵᠡᠭᠦᠯᠪᠡ᠃ ᠡᠭᠦᠨ ᠤ ᠬᠠᠮᠲᠤ᠂ ᠲᠣᠰᠬᠤᠨ ᠤ ᠠᠷᠠᠳ ᠪᠠᠰᠠ ᠭᠠᠷ ᠤᠲᠠᠰᠤ ᠪᠠᠷ ᠳᠠᠮᠵᠢᠭᠤᠯᠤᠨ ᠪᠠᠭᠤᠯᠭᠠᠭᠰᠠᠨ ᠡᠯ᠎ᠡ ᠵᠦᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ︽ᠳᠠᠬᠢᠨ ᠦᠵᠡᠵᠦ︾᠂  ᠠᠷᠠᠳ ᠣᠯᠠᠨ ᠤ ᠨᠠᠮ ᠤᠨ ᠲᠠᠭᠤᠨ ᠢ ᠣᠯᠵᠤ ᠰᠣᠨᠣᠰᠬᠤ ᠶᠢ ᠦᠨᠡᠨ ᠬᠦ ᠪᠠᠲᠤᠯᠠᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠰᠡᠳᠬᠢᠭᠳᠡᠯ ᠢ ᠪᠦᠲᠦᠮᠵᠢᠲᠡᠶ ᠳᠡᠭᠡᠭᠰᠢᠯᠡᠭᠦᠯᠦᠭᠰᠡᠨ ᠮᠥᠷᠲᠡᠭᠡᠨ ᠲᠣᠰᠬᠤᠨ ᠤ ᠨᠠᠮ ᠤᠨ ᠡᠭᠦᠷ ᠤᠨ ᠵᠠᠰᠠᠭ ᠵᠠᠬᠢᠷᠭᠠᠨ ᠤ ᠲᠣᠰᠬᠤᠨ ᠳᠠᠬᠢ ᠵᠠᠰᠠᠯᠲᠠ ᠶᠢᠨ ᠴᠢᠳᠠᠪᠤᠷᠢ ᠶᠢ ᠴᠤ ᠬᠦᠴᠦᠲᠡᠶ ᠳᠡᠭᠡᠭᠰᠢᠯᠡᠭᠦᠯᠦᠭᠰᠡᠨ ᠪᠠᠶᠢᠨ᠎ᠠ᠃         ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2