ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠤᠨ᠎ᠠ
ᠨᠡᠶᠢᠲᠡᠯᠡᠭᠰᠡᠨ ᠴᠠᠭ᠄
2021/2/3
   ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠦ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠤᠨ᠎ᠠ—ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠵᠠᠩ ᠶᠠᠨ
   ᠰᠤᠷᠪᠤᠯᠵᠢᠯᠠᠭᠴᠢ᠄ ᠵᠠᠩ ᠡᠷᠬᠢᠯᠡᠭᠴᠢ ᠲᠠ ᠰᠠᠶᠢᠨ ᠦᠦ᠂ ᠲᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ  ᠳᠤ ᠲᠠᠯᠠᠷᠬᠠᠵᠤ ᠪᠠᠶᠢᠨ᠎ᠠ᠂ ᠮᠠᠨ ᠤ ᠰᠢᠶᠠᠨ ᠤ ᠶᠠᠳᠠᠭᠤ ᠶᠢ ᠲᠡᠳᠬᠦᠬᠦ ᠠᠵᠢᠯ ᠨᠢᠭᠡᠨᠲᠡ ᠡᠴᠦᠰ ᠤᠨ ᠰᠢᠶᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠮᠠᠨ ᠤ ᠰᠢᠶᠠᠨ ᠤ ᠣᠳᠣᠬᠠᠨ ᠤ ᠶᠠᠳᠠᠭᠤ ᠬᠦᠴᠢᠷᠳᠡᠯᠲᠡᠶ ᠡᠷᠦᠬᠡ ᠶᠢᠨ ᠲᠠᠩᠰᠠᠯᠠᠵᠤ ᠺᠠᠷᠲᠯᠠᠭᠰᠠᠨ ᠨᠢ ᠶᠠᠮᠠᠷ ᠪᠠᠶᠢᠳᠠᠯ ᠲᠠᠢ ᠪᠠᠶᠢᠨ᠎ᠠ ᠪᠣᠶ︖    ᠵᠠᠩ ᠶᠠᠨ᠄ ᠣᠲᠣ ᠪᠣᠯᠲᠠᠯ᠎ᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠰᠢᠰᠲ᠋ᠧᠮ ᠤᠨ ᠶᠠᠳᠠᠭᠤ ᠬᠦᠴᠢᠷᠳᠡᠯᠲᠡᠶ ᠡᠷᠦᠬᠡ 6839 ᠡᠷᠦᠬᠡ 14998 ᠬᠥᠮᠦᠨ ᠪᠠᠶᠢᠵᠤ᠂ ᠪᠦᠬᠦᠨ ᠢ ᠶᠠᠳᠠᠭᠤ ᠠᠴᠠ ᠠᠩᠭᠢᠵᠢᠷᠠᠭᠤᠯᠪᠠ ( ᠡᠭᠦᠨ ᠳᠤ 6353 ᠡᠷᠦᠬᠡ 13677 ᠬᠥᠮᠦᠨ ᠨᠢ ᠲᠥᠷᠥ ᠶᠢᠨ ᠪᠣᠳᠣᠯᠭ᠎ᠠ ᠬᠦᠷᠲᠡᠵᠦ᠂ 486 ᠡᠷᠦᠬᠡ 1321 ᠬᠥᠮᠦᠨ ᠨᠢ ᠲᠥᠷᠥ ᠶᠢᠨ ᠪᠣᠳᠣᠯᠭ᠎ᠠ ᠬᠦᠷᠲᠡᠬᠦ ᠪᠠᠨ ᠪᠠᠶᠢᠭᠰᠠᠨ︶︔ ᠶᠠᠳᠠᠭᠤᠷᠠᠮᠠᠷ ᠪᠠᠶᠢᠭ᠎ᠠ 392 ᠡᠷᠦᠬᠡ 715 ᠬᠥᠮᠦᠨ ︵ᠡᠭᠦᠨ ᠳᠤ ᠶᠠᠳᠠᠭᠤᠷᠠᠬᠤ ᠲᠦᠭᠰᠢᠭᠦᠷᠢ ᠲᠠᠢ 37 ᠡᠷᠦᠬᠡ 67 ᠬᠥᠮᠦᠨ ᠪᠠᠶᠢᠵᠤ᠂ 355 ᠡᠷᠦᠬᠡ 648 ᠬᠥᠮᠦᠨ ᠢ ᠢ ᠶᠠᠳᠠᠭᠤᠷᠠᠬᠤ ᠲᠦᠭᠰᠢᠭᠦᠷᠢ ᠶᠢ ᠨᠢ ᠠᠷᠢᠯᠭᠠᠪᠡ︶︔ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠯᠲᠡ ᠶᠢᠨ ᠡᠷᠦᠬᠡ 340 ᠡᠷᠦᠬᠡ 761 ᠬᠥᠮᠦᠨ ︵ᠡᠭᠦᠨ ᠳᠤ ᠶᠠᠳᠠᠭᠤᠷᠠᠬᠤ ᠲᠦᠭᠰᠢᠭᠦᠷᠢ ᠲᠠᠢ 50 ᠡᠷᠦᠬᠡ 133 ᠬᠥᠮᠦᠨ ᠪᠠᠶᠢᠵᠤ᠂ 290 ᠡᠷᠦᠬᠡ 628 ᠬᠥᠮᠦᠨ ᠢ ᠶᠠᠳᠠᠭᠤᠷᠠᠬᠤ ᠲᠦᠭᠰᠢᠭᠦᠷᠢ ᠶᠢ ᠨᠢ ᠠᠷᠢᠯᠭᠠᠪᠡ︶᠃    ᠰᠤᠷᠪᠤᠯᠵᠢᠯᠠᠭᠴᠢ᠄ 2020 ᠣᠨ ᠳᠤ ᠬᠠᠮᠢᠶ᠎ᠠ ᠪᠥᠬᠦᠶ ᠠᠵᠢᠯ ᠢ ᠬᠡᠷᠬᠢᠨ ᠪᠠᠶᠢᠷᠢᠯᠠᠭᠤᠯᠤᠨ ᠠᠬᠢᠭᠤᠯᠤᠭᠰᠠᠨ ᠪᠣᠶ︖ ᠤᠷᠢᠳᠴᠢᠯᠠᠨ ᠲᠣᠭᠲᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠶᠠᠮᠠᠷ ᠵᠡᠷᠭᠡ ᠪᠤᠢ︖ ᠦᠷ᠎ᠡ ᠳ᠋ᠦᠩ ᠨᠢ ᠶᠠᠮᠠᠷ ᠵᠡᠷᠭᠡ ᠪᠣᠶ︖ ᠶᠠᠮᠠᠷ ᠰᠠᠶᠢᠨ ᠲᠤᠷᠰᠢᠯᠭ᠎ᠠ ᠪᠠ ᠬᠢᠳᠡᠯ ᠪᠠᠶᠬᠤ ᠪᠤᠢ︖    ᠵᠠᠩ ᠶᠠᠨ᠄ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠬᠠᠶᠢᠯᠠᠭᠰᠠᠨ ᠠᠵᠢᠯ  ᠤᠨ ᠵᠣᠬᠢᠴᠠᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠥᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ᠂ ᠣᠨ ᠤ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠰᠠᠯᠠᠭ᠎ᠠ ᠮᠥᠴᠢᠷ᠂ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠵᠢᠯᠣᠭᠤᠳᠴᠤ᠂ ᠰᠢᠮᠳᠠᠭᠤᠯᠵᠤ ᠪᠠᠶᠢᠭᠠᠳ ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠯᠦᠭᠡ ᠵᠣᠯᠭᠠᠭᠤᠯᠤᠨ ᠬᠠᠷᠢᠭᠤ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠲᠣᠭᠲᠠᠭᠰᠠᠨ ᠬᠤᠭᠤᠴᠠᠭ᠎ᠠ ᠲᠠᠢ ᠪᠠᠷ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠳᠤ ᠶᠠᠳᠠᠭᠤ ᠶᠢ ᠲᠡᠳᠬᠦᠬᠦ ᠠᠵᠢᠯ ᠢ ᠬᠠᠷᠢᠭᠤ ᠮᠡᠳᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠰᠠᠶᠢᠲᠤᠷ ᠬᠢᠨ᠎ᠠ᠃ ᠭᠤᠤᠯᠳᠠᠭᠤ ᠳᠡᠩᠰᠡᠯᠡᠨ ᠺᠠᠷᠲᠯᠠᠬᠤ᠂ ᠲᠥᠷᠥᠯ ᠵᠦᠶᠯ ᠤᠨ ᠪᠠᠯᠠ ᠮᠥᠩᠭᠦ ᠶᠢᠨ ᠲᠣᠬᠢᠷᠠᠭᠤᠯᠤᠯᠲᠠ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠬᠡᠰᠡᠭ ᠠᠵᠤ ᠦᠶᠯᠡᠰ ᠢᠶᠠᠷ ᠲᠡᠳᠬᠦᠨ ᠳᠡᠮᠵᠢᠬᠦ᠂ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ᠂ ᠢᠪᠡᠭᠡᠯ ᠬᠡᠰᠢᠭ ᠤᠨ ᠲᠥᠯᠥᠪᠯᠡᠭᠡ᠂ ᠰᠠᠯᠠᠭ᠎ᠠ ᠮᠥᠴᠢᠷ ᠤᠨ ᠠᠮᠤᠷ ᠲᠦᠪᠰᠢᠨ ᠤᠰᠤ ᠤᠮᠳᠠ ᠵᠡᠷᠭᠡ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠴᠢᠬᠤᠯᠠ ᠡᠭᠦᠷᠭᠡ ᠶᠢ ᠪᠡᠶᠡᠯᠡᠭᠦᠯᠪᠡ᠃    2020 ᠣᠨ ᠤ ᠡᠬᠢ ᠪᠠᠷ ︽ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾ ᠢ ᠲᠣᠭᠲᠠᠭᠠᠵᠤ᠂ ᠪᠥᠬᠦ ᠰᠢᠶᠠᠨ ᠤ 462 ᠰᠢᠶᠠᠩ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠲᠤ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ ᠂ 6 ᠳ᠋ᠤᠭᠠᠷ ᠰᠠᠷ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠪᠠ᠃ ︽ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢᠨ ᠬᠡᠷᠡᠭᠵᠢᠭᠦᠯᠬᠦ ᠲᠥᠰᠦᠯ︾᠂ ︽ᠬᠤᠸᠠᠳᠧ ᠰᠢᠶᠠᠨ ᠤ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠪᠥᠬᠦ ᠰᠢᠶᠠᠨ ᠤ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠶᠯ ᠤᠨ ᠠᠵᠢᠯ ᠢ ᠤᠷᠤᠭᠰᠢᠲᠠᠶ ᠡᠮᠬᠢ ᠵᠢᠷᠤᠮ ᠲᠠᠢ ᠠᠬᠢᠭᠤᠯᠪᠠ᠃ ᠶᠠᠳᠠᠭᠤ ᠠᠴᠠ ᠠᠩᠭᠢᠵᠢᠷᠠᠭᠠᠳᠤᠶ ᠡᠷᠦᠬᠡ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ ᠶᠢ ᠬᠢᠨᠠᠨ ᠰᠢᠨᠵᠢᠬᠦ ᠰᠢᠰᠲ᠋ᠧᠮᠵᠢ ᠶᠢ ᠪᠠᠶᠢᠭᠤᠯᠵᠤ᠂ ᠡᠯ᠎ᠡ ᠵᠦᠶᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠥᠬᠦ ᠲᠠᠯ᠎ᠠ  ᠪᠠᠷ ᠨᠠᠶᠢᠳᠠᠪᠤᠷᠢᠵᠢᠭᠤᠯᠤᠨ᠂ ᠬᠠᠪᠰᠤᠷᠤᠨ ᠲᠡᠳᠬᠦᠬᠦ᠂ ᠬᠢᠨᠠᠨ ᠰᠢᠨᠵᠢᠬᠦ ᠵᠡᠷᠭᠡ ᠡᠯ᠎ᠡ ᠲᠥᠷᠥᠯ ᠤᠨ ᠡᠬᠡ ᠲᠠᠩᠰᠠ ᠶᠢ ᠪᠦᠷᠢᠨᠰᠢᠬᠦᠯᠵᠦ᠂ 200 ᠲᠦᠮᠡᠨ ᠲᠥᠭᠦᠷᠢᠭ ᠰᠠᠯᠭᠠᠨ ᠥᠭᠴᠦ ᠶᠠᠳᠠᠭᠤ ᠬᠦᠴᠢᠷᠳᠡᠯᠲᠡᠶ ᠶᠢ ᠰᠡᠷᠭᠡᠶᠢᠯᠡᠬᠦ ᠶᠢᠨ ᠳᠠᠭᠠᠳᠬᠠᠯ ᠪᠣᠯᠭᠠᠵᠤ᠂ ᠪᠥᠬᠦ ᠰᠢᠶᠠᠨ ᠤ ᠬᠥᠳᠡᠭᠡ ᠲᠣᠰᠬᠤᠨ ᠤ ᠪᠣᠶ ᠪᠥᠬᠦᠶ ᠪᠠᠶᠢᠩᠭᠤ ᠰᠠᠭᠤᠭ᠎ᠠ ᠬᠥᠮᠦᠨ ᠠᠮᠠ  ᠶᠢᠨ ᠶᠠᠳᠠᠭᠤ ᠬᠦᠴᠢᠷᠳᠡᠯᠲᠡᠶ ᠶᠢ ᠰᠡᠷᠭᠡᠶᠢᠯᠡᠬᠦ ᠳᠤ ᠦᠨᠳᠦᠰᠦᠨ ᠵᠦᠶᠯ ᠢ ᠨᠢ ᠪᠠᠲᠤᠯᠠᠪᠡ᠃ ︽ᠬᠤᠸᠠᠳᠧ ᠰᠢᠶᠠᠨ ᠤ 2020 ᠣᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠬᠠᠷᠠᠯᠲᠠ᠂ ᠪᠠᠯᠠ ᠮᠥᠩᠭᠦ ᠶᠢᠨ ᠠᠰᠢᠭ ᠣᠯᠵᠠᠪᠤᠷᠢ ᠶᠢᠨ ᠪᠠᠷᠢᠮᠵᠢᠶ᠎ᠠ᠂ ᠬᠡᠷᠡᠭᠯᠡᠬᠦ ᠠᠷᠭ᠎ᠠ ᠵᠠᠮ ᠪᠣᠯᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠲᠣᠳᠣᠷᠬᠠᠶᠢᠯᠠᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠪᠦᠲᠦᠮᠵᠢᠲᠡᠶ ᠵᠢᠷᠤᠮᠵᠢᠭᠤᠯᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠪᠠ᠃  ︽ᠬᠤᠸᠠᠳᠧ ᠰᠢᠶᠠᠨ ᠤ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠦᠷ ᠬᠡᠷᠡᠭᠵᠢᠭᠦᠯᠬᠦ︶︾ ᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠪᠠᠷᠢᠮᠵᠢᠶ᠎ᠠ᠂ ᠲᠥᠷᠥᠯ ᠢᠯᠭᠠᠯ ᠂ ᠨᠥᠬᠦᠴᠡᠯ ᠪᠠ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠰᠢᠶᠠᠩ ᠪᠠᠯᠭᠠᠰᠤᠨ ᠤ ᠪᠣᠳᠠᠲᠤ ᠪᠠᠶᠢᠳᠠᠯ  ᠲᠠᠢ ᠤᠶᠠᠯᠳᠤᠭᠤᠯᠤᠨ᠂ ᠪᠠᠶᠢᠳᠠᠯ ᠢ ᠭᠦᠨᠵᠡᠭᠡᠶ ᠤᠶᠢᠯᠠᠭᠠᠨ ᠪᠠᠶᠢᠴᠠᠭᠠᠵᠤ᠂ ᠰᠢᠶᠠᠨ ᠤ ᠬᠡᠪᠴᠢᠶᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠶᠠᠳᠠᠭᠤ ᠶᠢ ᠲᠡᠳᠬᠦᠬᠦ ᠲᠤᠰᠬᠠᠶ ᠠᠵᠢᠯ ᠤᠨ ᠪᠠᠶᠢᠷᠢ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ᠠᠵᠢᠯ ᠤᠯᠬᠤ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢ ᠬᠦᠴᠦᠨ ᠳᠤ ᠠᠵᠢᠯ ᠤᠨ ᠪᠠᠶᠢᠷᠢ ᠭᠠᠷᠭᠠᠨ ᠠᠵᠢᠯ ᠣᠯᠭᠤᠬᠤ ᠶᠢ ᠪᠡᠶᠡᠯᠡᠭᠦᠯᠪᠡ︔ ︽ᠬᠤᠸᠠᠳᠧ ᠰᠢᠶᠠᠨ ᠤ 2020 ᠣᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠲᠥᠰᠦᠯ︾᠂ ︽2020 ᠣᠨ ᠤ ᠬᠡᠷᠡᠭᠯᠡᠭᠡ  ᠪᠠᠷ ᠶᠠᠳᠠᠭᠤ ᠶᠢ ᠲᠡᠳᠬᠦᠬᠦ ᠰᠠᠷ᠎ᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ 6 ᠠᠵᠤ ᠠᠬᠤᠶᠢᠯᠠᠯ ︵ᠶᠠᠳᠠᠭᠤ ᠠᠴᠠ ᠠᠩᠭᠢᠵᠢᠷᠠᠭᠤᠯᠬᠤ ᠦᠶᠯᠡᠳᠪᠦᠷᠢ ᠶᠢᠨ ᠲᠠᠰᠤᠭ︶ ᠢ ᠰᠢᠭᠰᠢᠨ ᠭᠠᠷᠭᠠᠵᠤ᠂ 35 ᠲᠥᠷᠥᠯ ᠤᠨ ᠦᠶᠯᠡᠳᠬᠦᠨ ᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠣᠨᠴᠠ ᠦᠶᠯᠡᠳᠬᠦᠨ ᠪᠣᠯᠭᠠᠨ ᠵᠠᠬ᠎ᠠ ᠳᠡᠯᠭᠡᠭᠦᠷ  ᠤᠨ ᠵᠣᠯᠭᠠᠯᠴᠠᠭ᠎ᠠ ᠬᠢᠪᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠡᠮᠬᠢ ᠵᠢᠷᠤᠮ ᠲᠠᠢ ᠬᠥᠭᠵᠢᠬᠦ ᠶᠢ ᠠᠬᠢᠭᠤᠯᠪᠠ᠃ ᠣᠨᠳᠣᠣ ᠭᠠᠵᠠᠷ ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ ᠣᠷᠣᠨ ᠳᠤ ︽ᠲᠦᠯᠯᠡᠬᠦ ᠬᠤᠨᠢᠨ  ᠤ ᠪᠠᠩᠬᠢ︾ ᠶᠢ ᠬᠡᠷᠡᠭᠵᠢᠭᠦᠯᠵᠦ᠂ ᠨᠡᠭᠦᠯᠭᠡᠭᠰᠡᠨ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠪᠡ᠃ ᠪᠥᠬᠦ ᠰᠢᠶᠠᠨ ᠤ  ᠮᠢᠬᠠᠨ ᠤ ᠬᠤᠨᠢ ᠲᠡᠵᠢᠭᠡᠨ ᠦᠷᠡᠵᠢᠭᠦᠯᠬᠦ ᠲᠣᠭᠤᠷᠢᠭ ᠲᠤ ︽ᠬᠤᠴᠠ ᠲᠡᠵᠢᠭᠡᠬᠦ ᠢᠨᠵᠧᠨᠧᠷᠢᠩ︾ ᠢ ᠬᠡᠷᠡᠭᠵᠢᠭᠦᠯᠵᠦ᠂  ᠮᠢᠬᠠᠨ ᠤ ᠬᠤᠨᠢᠨ ᠤ ᠡᠭᠦᠯᠳᠡᠷ ᠢ ᠰᠢᠯᠢᠳᠡᠭᠵᠢᠭᠦᠯᠦᠨ᠂ ᠮᠢᠬᠠᠨ ᠤ ᠬᠤᠨᠢᠨ ᠤ ᠠᠵᠤ ᠦᠶᠯᠡᠰ ᠤᠨ ᠨᠡᠮᠡᠯᠲᠡ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠪᠠ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ 2020 ᠣᠨ ᠳᠤ᠂ ᠪᠥᠬᠦ ᠰᠢᠶᠠᠨ ᠤ 1716 ᠡᠷᠦᠬᠡ ᠳᠤ 8425.4 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ︽ᠬᠤᠸᠠᠳᠧ ᠰᠢᠶᠠᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠰᠠᠨᠠᠯ︾ ᠢ ᠲᠣᠭᠲᠠᠭᠠᠨ ᠨᠡᠶᠢᠲᠡᠯᠡᠵᠦ᠂ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠬᠡᠷᠡᠯ ᠴᠡᠨᠡᠭ  ᠤᠨ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃    ᠰᠤᠷᠪᠤᠯᠵᠢᠯᠠᠭᠴᠢ᠄ ᠰᠠᠶ᠋ᠢᠬᠠᠨ ᠲᠠ ᠶᠠᠳᠠᠭᠤ ᠶᠢ ᠲᠡᠳᠬᠦᠬᠦ ᠠᠵᠢᠯ ᠤᠨ ᠣᠯᠤᠭᠰᠠᠨ ᠦᠷ᠎ᠡ ᠪᠦᠲᠦᠭᠡᠯ ᠢ ᠲᠠᠨᠢᠯᠴᠠᠭᠤᠯᠪᠠ᠂ 2020 ᠣᠨ ᠤ ᠠᠵᠢᠯ ᠤᠨ ᠬᠠᠷᠠᠯᠲᠠ ᠶᠢ ᠪᠡᠶᠡᠯᠡᠭᠦᠯᠬᠦ ᠪᠣᠳᠠᠲᠠᠶ ᠠᠷᠭ᠎ᠠ ᠬᠡᠮᠵᠢᠶ᠎ᠡ ᠨᠢ ᠶᠠᠭᠤ ᠪᠠᠶᠢᠨ᠎ᠠ ᠪᠣᠶ︖    ᠵᠠᠩ ᠶᠠᠨ᠄ 1᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠨᠢᠭᠡ ᠳᠤ᠂ ︽ᠬᠤᠸᠠᠳᠧ ᠰᠢᠶᠠᠨ ᠤ 2020 ᠣᠨ ᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠬᠠᠷᠠᠯᠲᠠ᠂ ᠪᠠᠯᠠ ᠮᠥᠩᠭᠦ ᠶᠢᠨ ᠠᠰᠢᠭ ᠣᠯᠵᠠᠪᠤᠷᠢ ᠶᠢᠨ ᠪᠠᠷᠢᠮᠵᠢᠶ᠎ᠠ᠂ ᠬᠡᠷᠡᠭᠯᠡᠬᠦ ᠠᠷᠭ᠎ᠠ ᠵᠠᠮ ᠪᠣᠯᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠲᠣᠳᠣᠷᠬᠠᠶᠢᠯᠠᠵᠤ᠂ ᠶᠠᠳᠠᠭᠤ ᠶᠢ ᠲᠡᠳᠬᠦᠬᠦ ᠪᠠᠯᠠ ᠮᠥᠩᠭᠦ  ᠶᠢᠨ ᠬᠡᠷᠡᠭᠯᠡᠯᠲᠡ ᠬᠠᠮᠢᠶᠠᠷᠤᠯᠲᠠ ᠶᠢ ᠪᠦᠲᠦᠮᠵᠢᠲᠡᠶ ᠵᠢᠷᠤᠮᠵᠢᠭᠤᠯᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠠᠵᠤ ᠦᠢᠯᠡᠰ ᠢᠶᠠᠷ ᠶᠠᠳᠠᠭᠤ  ᠶᠢ ᠲᠡᠳᠬᠦᠬᠦ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠡᠷᠦᠬᠡ ᠶᠢ ᠰᠠᠭᠤᠷᠢ ᠲᠥᠬᠦᠭᠡᠷᠦᠮᠵᠢ᠂ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠵᠡᠷᠭᠡ ᠲᠠᠯ᠎ᠠ ᠪᠠᠷ ᠱᠠᠩᠨᠠᠨ ᠲᠡᠳᠬᠦᠵᠦ᠂ 1136 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ 3780 ᠭᠠᠷᠤᠢ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ ᠶᠢ ᠠᠬᠢᠭᠤᠯᠤᠨ᠎ᠠ᠃ ᠠᠵᠢᠯ ᠤᠨ ᠪᠠᠶᠢᠷᠢ ᠲᠣᠬᠢᠷᠠᠭᠤᠯᠬᠤ᠂ ᠬᠥᠮᠦᠨ ᠳᠤᠨᠢ ᠲᠣᠬᠢᠷᠠᠭᠤᠯᠤᠨ ᠠᠵᠢᠯ ᠤᠨ ᠪᠠᠶᠢᠷᠢ ᠲᠣᠬᠢᠷᠠᠭᠤᠯᠬᠤ ᠵᠠᠷᠴᠢᠮ ᠤᠨ ᠶᠣᠰᠣᠭᠠᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ 3980 ᠬᠥᠮᠦᠨ ᠢ ᠲᠥᠪᠬᠢᠨᠡᠭᠦᠯᠵᠦ ᠂ ᠰᠢᠶᠠᠨ ᠤ ᠬᠤᠲᠠ ᠳᠤ 945 ᠬᠥᠮᠦᠨ ᠢ ᠲᠥᠪᠬᠢᠨᠡᠭᠦᠯᠵᠦ᠂ ᠰᠢᠶᠠᠩ ᠲᠣᠰᠬᠤᠨ ᠳᠤ 3035 ᠬᠥᠮᠦᠨ ᠢ ᠲᠦᠪᠬᠢᠨᠡᠭᠦᠯᠪᠡ᠃ ᠲᠡᠳᠬᠦᠵᠦ ᠬᠥᠭᠵᠢᠭᠦᠯᠬᠦ ᠪᠡᠯᠡ ᠮᠥᠩᠭᠦ 1200 ᠲᠦᠮᠡᠨ ᠲᠥᠭᠦᠷᠢᠭ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠵᠢᠴᠢ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠶᠢ ᠨᠢ ᠥᠷᠭᠡᠳᠬᠡᠵᠦ᠂ 120 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ᠎ᠠ᠃ ᠣᠨᠳᠣᠣ ᠭᠠᠵᠠᠷ ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ ᠣᠷᠣᠨ ᠳᠤ ︽ᠲᠦᠯᠯᠡᠬᠦ ᠬᠤᠨᠢᠨ ᠤ ᠪᠠᠩᠬᠢ︾ ᠶᠢ ᠬᠡᠷᠡᠭᠵᠢᠭᠦᠯᠵᠦ᠂ 530 ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠤᠨ᠎ᠠ︔ ᠪᠥᠬᠦ ᠰᠢᠶᠠᠨ ᠤ ᠮᠢᠬᠠᠨ ᠤ ᠬᠤᠨᠢ ᠲᠡᠵᠢᠭᠡᠨ ᠦᠷᠡᠵᠢᠭᠦᠯᠬᠦ ᠲᠣᠭᠤᠷᠢᠭ ᠲᠤ ︽ᠬᠤᠴᠠ ᠲᠡᠵᠢᠭᠡᠬᠦ ᠢᠨᠵᠧᠨᠧᠷᠢᠩ︾ ᠢ ᠬᠡᠷᠡᠭᠵᠢᠭᠦᠯᠵᠦ᠂ ᠮᠢᠬᠠᠨ ᠤ ᠬᠤᠨᠢᠨ ᠤ ᠡᠭᠦᠯᠳᠡᠷ ᠢ ᠰᠢᠯᠢᠳᠡᠭᠵᠢᠭᠦᠯᠦᠨ᠂ ᠮᠢᠬᠠᠨ ᠤ ᠬᠤᠨᠢᠨ ᠤ ᠠᠵᠤ ᠦᠶᠯᠡᠰ ᠤᠨ ᠨᠡᠮᠡᠯᠲᠡ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠡᠷᠦᠬᠡ  ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ ᠭᠤᠷᠪᠠ ᠳᠤ᠂ ᠠᠵᠤ ᠦᠶᠯᠡᠰ ᠤᠨ ᠲᠥᠷᠥᠯ ᠵᠦᠶᠯ ᠳᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠨ᠎ᠠ᠃8 ᠳ᠋ᠤᠭᠠᠷ ᠰᠠᠷ᠎ᠠ ᠶᠢᠨ ᠡᠬᠢ ᠪᠠᠷ ᠥᠪᠥᠷ ᠮᠣᠩᠭᠤᠯ ᠤᠨ ᠴᠠᠯᠢᠩ ᠬᠥᠯᠥᠰᠥ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠯᠠᠪᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠤᠷᠢᠵᠤ 2019 ᠣᠨ 2020 ᠣᠨ ᠪᠣᠯᠲᠠᠯᠠᠬᠢ ᠠᠰᠢᠭ ᠲᠤᠰᠠ ᠶᠢ ᠬᠤᠯᠪᠣᠭᠳᠠᠭᠤᠯᠬᠤ ᠲᠥᠷᠥᠯ  ᠤᠨ ᠶᠠᠳᠠᠭᠤ ᠶᠢ ᠲᠡᠳᠬᠦᠬᠦ 26 ᠲᠥᠷᠥᠯ ᠵᠦᠶᠯ ᠵᠢᠴᠢ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠳᠤ ᠬᠤᠯᠪᠣᠭᠳᠠᠬᠤ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠪᠣᠯᠤᠨ ᠬᠤᠷᠰᠢᠶ᠎ᠠ ᠳᠤ ᠪᠥᠬᠦ ᠲᠠᠯ᠎ᠠ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠬᠢᠯᠭᠡᠵᠦ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠣᠳᠣᠬᠢ ᠪᠠᠶᠢᠳᠠᠯ᠂ ᠲᠦᠭᠰᠢᠭᠦᠷᠢ ᠵᠢᠴᠢ ᠠᠵᠢᠯ ᠤᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠭᠦᠨᠵᠡᠭᠡᠶ ᠰᠤᠳᠤᠯᠤᠨ ᠮᠠᠭᠠᠳᠯᠠᠬᠤ ᠶᠢᠨ ᠬᠠᠮᠲᠤ᠂ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠪᠣᠯᠤᠨ ᠲᠡᠭᠦᠯᠳᠡᠷᠵᠢᠭᠦᠯᠦᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠠᠭᠤᠯᠭ᠎ᠠ  ᠶᠢ ᠭᠠᠷᠭᠠᠵᠤ᠂ ᠣᠳᠣᠬᠠᠨ ᠳᠤ ᠲᠥᠷᠥᠯ ᠵᠦᠶᠯ ᠤᠨ ᠲᠦᠭᠰᠢᠭᠦᠷᠢ ᠶᠢᠨ ᠴᠡᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠪᠡ᠃ ᠳᠥᠷᠪᠡ ᠳᠤ᠂ ᠭᠡᠷ ᠪᠦᠯᠢ ᠶᠢᠨ ᠠᠵᠤ ᠠᠬᠤᠢ ᠶᠢᠨ ᠪᠦᠲᠦᠭᠡᠨ ᠪᠠᠢᠭᠤᠯᠤᠯᠲᠠ ᠶᠢ ᠠᠬᠢᠭᠤᠯᠤᠨ᠎ᠠ᠃ ︽ᠬᠤᠸᠠᠳᠧ ᠰᠢᠶᠠᠨ ᠤ 2020 ᠣᠨ ᠤ ᠶᠠᠳᠠᠭᠤ ᠬᠦᠴᠢᠷᠳᠡᠯᠲᠡᠶ ᠡᠷᠦᠬᠡ  ᠶᠢᠨ ᠭᠡᠷ ᠪᠦᠯᠢ ᠶᠢᠨ ᠠᠵᠤ ᠠᠬᠤᠶ ᠶᠢ ᠬᠥᠭᠵᠢᠭᠦᠯᠬᠦ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠨᠡᠶᠢᠲᠡ 245 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠢᠵᠢᠭ ᠲᠡᠵᠢᠭᠡᠨ ᠦᠷᠡᠵᠢᠭᠦᠯᠬᠦ ᠦᠶᠯᠡᠰ ᠢ ᠬᠥᠭᠵᠢᠭᠦᠯᠵᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 841 ᠡᠷᠦᠬᠡ ᠶᠢ ᠳᠠᠶᠢᠴᠢᠯᠠᠪᠠ︔ ᠬᠦᠷᠢᠶ᠎ᠡ ᠬᠠᠰᠢᠶᠠᠨ ᠤ ᠲᠠᠷᠢᠮᠠᠯ ᠢ ᠬᠥᠭᠵᠢᠭᠦᠯᠵᠦ᠂ 32 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ᠎ᠠ᠃    2᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠭᠠᠳᠠᠭᠰᠢ ᠭᠠᠷᠴᠤ ᠬᠦᠴᠦ ᠶᠠᠪᠤᠭᠰᠠᠨ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠭᠰᠠᠨ ᠪᠠᠶᠢᠳᠠᠯ᠃ ᠨᠢᠭᠡ ᠳᠤ᠂ ᠠᠵᠢᠯ ᠣᠯᠭᠤᠬᠤ ᠪᠣᠯᠪᠠᠰᠤᠷᠠᠭᠤᠯᠤᠯ ᠢ ᠥᠷᠨᠢᠭᠦᠯᠦᠨ᠎ᠡ᠃ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠣᠯᠪᠠᠰᠤᠷᠠᠭᠤᠯᠤᠯ ᠤᠨ ᠠᠵᠢᠯ ᠤᠨ ᠲᠥᠰᠦᠯ︾ ᠢ ᠲᠣᠭᠲᠠᠭᠠᠵᠤ᠂ ᠲᠥᠯᠥᠪᠯᠡᠭᠡ ᠲᠠᠢ ᠬᠠᠷᠠᠯᠲᠠ ᠲᠠᠢ ᠪᠠᠷ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠠᠵᠢᠯ ᠢ ᠠᠬᠢᠭᠤᠯᠵᠤ᠂ ᠰᠦᠯᠵᠢᠶ᠎ᠡ ᠪᠠᠷ ᠠᠳᠠᠯ ᠦᠶᠯᠡᠰ ᠴᠣᠭᠴᠠᠯᠠᠬᠤ᠂ ᠬᠡᠷ ᠠᠬᠤᠶ ᠶᠢᠨ ᠦᠶᠯᠡᠴᠢᠯᠡᠭᠡ᠂ ᠮᠧᠬᠠᠨᠢᠭ ᠴᠠᠬᠢᠯᠭᠠᠨ ᠭᠠᠩᠨᠠᠯᠲᠠ᠂ ᠲᠣᠤᠷᠵᠢᠭᠤᠯᠤᠭᠰᠠᠨ ᠬᠠᠮᠢᠶᠠᠷᠤᠯᠲᠠ᠂ ᠠᠶᠤᠯᠭᠦᠶ ᠦᠶᠯᠡᠳᠪᠦᠷᠢᠯᠡᠯ ᠵᠡᠷᠭᠡ ᠠᠭᠤᠯᠭ᠎ᠠ ᠶᠢᠨ ᠲᠠᠯ᠎ᠠ ᠪᠠᠷ ᠶᠠᠳᠠᠭᠤ ᠬᠦᠴᠢᠷᠳᠡᠯᠲᠡᠶ ᠡᠷᠦᠬᠡ 849 ᠬᠥᠮᠦᠨ ( ᠤᠳᠠᠭ᠎ᠠ )  ᠢ ᠪᠣᠯᠪᠠᠰᠤᠷᠠᠭᠤᠯᠪᠠ᠃ ᠬᠤᠶᠠᠷ ᠲᠤ᠂ ᠠᠵᠢᠯ ᠣᠯᠭᠤᠬᠤ ᠲᠠᠪᠴᠠᠩ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠲᠡᠶ ᠭᠡᠷ ᠪᠦᠯᠢ ᠶᠢᠨ ᠤᠶᠤᠲᠠᠳ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠨᠡᠶᠢᠲᠡ ᠣᠯᠠᠨ ᠤ ᠳ᠋ᠤᠭᠠᠷ᠂ ᠡᠯᠰᠡᠨ ᠤᠷᠢᠬᠤ ᠴᠤᠭᠯᠠᠭᠠᠨ᠂ ᠡᠯᠰᠡᠨ ᠤᠷᠢᠬᠤ ᠠᠵᠢᠯ ᠤᠨ ᠪᠠᠶᠢᠷᠢ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠵᠦ ᠠᠵᠢᠯ ᠣᠯᠭᠤᠬᠤ ᠮᠡᠳᠡᠭᠡ ᠵᠠᠩᠭᠢ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠤᠶᠤᠲᠠᠳ ᠤᠨ ᠠᠵᠢᠯ ᠣᠯᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠵᠤ᠂ ᠠᠵᠢᠯ ᠣᠯᠬᠤ ᠶᠢ ᠡᠷᠲᠡᠬᠡᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔ ᠣᠳᠣᠬᠠᠨ ᠳᠤ ᠥᠩᠭᠡᠷᠡᠭᠰᠡᠨ ᠵᠢᠯ ᠤᠳ ᠤᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠤᠶᠤᠲᠠᠳ ᠤᠨ ᠲᠤᠭ᠎ᠠ ᠪᠠᠷᠢᠮᠲᠠ ᠶᠢᠨ ᠬᠥᠮᠥᠷᠭᠡ ᠮᠥᠨ ᠲᠠᠰᠤᠷᠠᠯᠲᠠ ᠦᠭᠡᠢ ᠲᠡᠭᠦᠯᠳᠡᠷᠵᠢᠵᠦ᠂ ᠨᠢᠭᠡᠨᠲᠡ 599 ᠬᠥᠮᠦᠨ ᠪᠦᠷᠢᠳᠬᠡᠭᠳᠡᠵᠦ᠂ ᠡᠭᠦᠨ ᠳᠤ ᠨᠢᠭᠡᠨᠲᠡ 362 ᠬᠥᠮᠦᠨ ᠠᠵᠢᠯ ᠣᠯᠵᠤ᠂ 183 ᠬᠥᠮᠦᠨ ᠠᠵᠢᠯ ᠣᠯᠤᠭᠠᠳᠤᠢ᠂ 54 ᠬᠥᠮᠦᠨ ᠨᠢ ᠰᠤᠷᠭᠠᠭᠤᠯᠢ ᠳᠡᠪᠰᠢᠪᠡ᠃ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯ ᠣᠯᠭᠤᠯᠲᠠ ᠶᠢᠨ ᠪᠠᠶᠢᠳᠠᠯ ᠳᠤ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠂ ᠭᠠᠳᠠᠭᠰᠢ ᠭᠠᠷᠴᠤ ᠬᠦᠴᠦ ᠶᠠᠪᠤᠬᠤ ᠪᠠ ᠲᠣᠰ ᠭᠠᠵᠠᠷ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢᠨ ᠦᠶᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ  ᠪᠠᠷ ᠬᠠᠩᠭᠠᠵᠤ᠂ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠦᠷᠲᠡᠭᠡᠨ᠎ᠡ︔ ᠣᠳᠣᠬᠠᠨ ᠪᠣᠯᠲᠠᠯ᠎ᠠ᠂ 3712 ᠶᠠᠳᠠᠭᠤ ᠬᠦᠴᠢᠷᠳᠡᠯᠲᠡᠢ ᠬᠥᠮᠦᠨ ᠠᠮᠠ ᠨᠢᠭᠡᠨᠲᠡ ᠬᠥᠯᠥᠰᠥᠨ ᠠᠵᠢᠯ ᠣᠯᠵᠠᠢ᠃ ᠭᠤᠷᠪᠠ ᠳᠤ᠂ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ︽ᠬᠤᠸᠠᠳᠧ ᠰᠢᠶᠠᠨ ᠤ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠦᠷ ᠬᠡᠷᠡᠭᠵᠢᠭᠦᠯᠬᠦ︶︾ ᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠪᠠᠷᠢᠮᠵᠢᠶ᠎ᠠ᠂ ᠲᠥᠷᠥᠯ ᠢᠯᠭᠠᠯ᠂ ᠨᠥᠬᠦᠴᠡᠯ ᠪᠠ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠰᠢᠶᠠᠩ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠠᠶᠢᠳᠠᠯ ᠢ ᠭᠦᠨᠵᠡᠭᠡᠶ ᠤᠶᠢᠯᠠᠭᠠᠨ ᠪᠠᠶᠢᠴᠠᠭᠠᠵᠤ᠂ ᠰᠢᠶᠠᠨ ᠤ ᠬᠡᠪᠴᠢᠶᠡᠨ  ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠶᠠᠳᠠᠭᠤ ᠶᠢ ᠲᠡᠳᠬᠦᠬᠦ ᠲᠤᠰᠬᠠᠶ ᠠᠵᠢᠯ ᠤᠨ ᠪᠠᠶᠢᠷᠢ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ᠠᠵᠢᠯ ᠤᠯᠬᠤ ᠬᠦᠰᠡᠯ ᠡᠷᠡᠮᠡᠯᠵᠡᠯ ᠲᠠᠢ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠥᠳᠡᠯᠮᠦᠷᠢ ᠬᠦᠴᠦᠨ ᠳᠤ ᠠᠵᠢᠯ ᠤᠨ ᠪᠠᠶᠢᠷᠢ ᠭᠠᠷᠭᠠᠨ ᠠᠵᠢᠯ ᠣᠯᠭᠤᠬᠤ ᠶᠢ ᠪᠡᠶᠡᠯᠡᠭᠦᠯᠪᠡ︔ ᠣᠳᠣᠬᠠᠨ ᠪᠣᠯᠲᠠᠯ᠎ᠠ ᠂ ᠪᠦᠬᠦ ᠰᠢᠶᠠᠨ ᠤ 3980 ᠬᠥᠮᠦᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠲᠣᠰᠬᠤᠨ  ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ 1552 ᠬᠥᠮᠦᠨ ᠢ ᠲᠣᠬᠢᠷᠠᠭᠤᠯᠵᠠᠶ︔ ᠠᠮᠢ ᠠᠬᠤᠢ ᠶᠢᠨ ᠤᠢ ᠬᠠᠮᠠᠭᠠᠯᠠᠭᠴᠢ 451 ᠬᠥᠮᠦᠨ︔ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠬᠠᠮᠠᠭᠠᠯᠠᠭᠴᠢ 1032 ᠬᠥᠮᠦᠨ︔ ᠣᠨᠳᠣᠣ ᠭᠠᠵᠠᠷ ᠲᠤ ᠨᠡᠭᠦᠯᠭᠡᠨ ᠰᠢᠶᠠᠨ ᠤ ᠬᠤᠲᠠ ᠳᠤ 945 ᠬᠥᠮᠦᠨ ᠢ ᠲᠥᠪᠬᠢᠨᠡᠭᠦᠯᠪᠡ᠃    3᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ᠃ ᠲᠥᠷᠥ ᠶᠢᠨ ᠶᠠᠪᠤᠳᠠᠯ ᠤᠨ ᠬᠤᠷᠢᠶᠠᠨ ᠤ  ︽ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠲᠤᠬᠠᠶ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠸᠠᠳᠧ ᠰᠢᠶᠠᠨ ᠤ 2020 ᠣᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠲᠥᠰᠦᠯ︾᠂  ︽2020 ᠣᠨ ᠤ ᠬᠤᠸᠠᠳᠧ ᠰᠢᠶᠠᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠰᠠᠷ᠎ᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ 6 ᠠᠵᠤ ᠠᠬᠤᠶᠢᠯᠠᠯ ︵ᠶᠠᠳᠠᠭᠤ ᠠᠴᠠ ᠠᠩᠭᠢᠵᠢᠷᠠᠭᠤᠯᠬᠤ ᠦᠶᠯᠡᠳᠪᠦᠷᠢ ᠶᠢᠨ ᠲᠠᠰᠤᠭ︶ ᠢ ᠰᠢᠭᠰᠢᠨ ᠭᠠᠷᠭᠠᠵᠤ᠂ 35 ᠲᠥᠷᠥᠯ ᠤᠨ ᠦᠶᠯᠡᠳᠬᠦᠨ ᠢ ᠬᠡᠷᠡᠭᠯᠡᠭᠡ ᠪᠠᠷ ᠶᠠᠳᠠᠭᠤ  ᠶᠢ ᠲᠡᠳᠬᠦᠬᠦ ᠣᠨᠴᠠ ᠦᠶᠯᠡᠳᠬᠦᠨ ᠪᠣᠯᠭᠠᠨ ᠵᠠᠬ᠎ᠠ ᠳᠡᠯᠭᠡᠭᠦᠷ ᠤᠨ ᠵᠣᠯᠭᠠᠯᠴᠠᠭ᠎ᠠ ᠬᠢᠪᠠ᠃ ᠪᠦᠬᠦ ᠰᠢᠶᠠᠨ ᠤ 1123 ᠬᠠᠯᠠᠭᠤᠨ ᠰᠡᠳᠬᠢᠯᠲᠦ ᠬᠥᠮᠦᠨ ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ  ᠶᠢ ᠳᠠᠩᠰᠠᠯᠠᠭᠤᠯᠵᠤ᠂ ᠶᠠᠳᠠᠭᠤ ᠬᠦᠴᠢᠷᠳᠡᠯᠲᠡᠢ ᠡᠷᠦᠬᠡ 2569 ᠬᠥᠮᠦᠨ ᠳᠠᠩᠰᠠᠯᠠᠭᠤᠯᠵᠤ᠂ ᠪᠤᠢ ᠪᠦᠬᠦᠢ ᠶᠠᠳᠠᠭᠤ ᠬᠦᠴᠢᠷᠳᠡᠯᠲᠡᠢ ᠬᠥᠮᠦᠨ ᠠᠮᠠ ᠶᠢᠨ18.55% ᠢ ᠡᠵᠡᠯᠡᠪᠡ᠃ 34 ᠵᠤᠷᠪᠤᠰ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠵᠦ᠂ ᠵᠣᠯᠭᠠᠭᠤᠯᠵᠤ ᠠᠮᠵᠢᠯᠲᠠ ᠣᠯᠤᠭᠰᠠᠨ ᠨᠣᠷᠮ᠎ᠠ 2.94% ᠳᠤ ᠬᠥᠷᠪᠡ᠃ ᠪᠠᠯᠠ ᠮᠥᠩᠭᠦ ᠶᠢᠨ ᠬᠡᠷᠡᠭᠴᠡᠭᠡ ᠶᠢ 136 ᠵᠤᠷᠪᠤᠰ ᠨᠡᠶᠢᠲᠡᠯᠡᠵᠦ᠂ ᠠᠮᠵᠢᠯᠲᠠ ᠲᠠᠢ ᠵᠣᠯᠭᠠᠭᠤᠯᠤᠭᠰᠠᠨ ᠨᠢ 99 ᠪᠠᠶᠢᠵᠤ᠂ ᠠᠮᠵᠢᠯᠲᠠ ᠣᠯᠤᠭᠰᠠᠨ ᠨᠣᠷᠮ᠎ᠠ72.8% ᠳᠤ ᠬᠥᠷᠪᠡ᠃ ᠬᠡᠷᠡᠭᠰᠡᠬᠦ ᠵᠣᠭᠤᠰ ᠤᠨ ᠲᠤᠭ᠎ᠠ ᠨᠢ 180 ᠲᠦᠮᠡᠨ ᠲᠥᠭᠦᠷᠢᠭ᠂ ᠬᠠᠨᠳᠢᠪᠯᠠᠭᠰᠠᠨ ᠨᠢ 7878 ᠬᠥᠮᠦᠨ ᠤᠳᠠᠭ᠎ᠠ ᠳᠤ ᠬᠦᠷᠴᠦ᠂ ᠨᠢᠭᠡᠨᠲᠡ ᠬᠠᠨᠳᠢᠪᠯᠠᠭᠰᠠᠨ ᠵᠣᠭᠤᠰ  ᠤᠨ ᠲᠤᠭ᠎ᠠ ᠨᠢ 146701 ᠲᠥᠭᠦᠷᠢᠭ ᠲᠤ ᠬᠦᠷᠴᠡᠶ᠃ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠬᠠᠮᠢᠶ᠎ᠠ ᠪᠦᠬᠦᠢ ᠦᠢᠯᠡᠳᠬᠦᠨ ᠨᠢ ᠶᠠᠳᠠᠭᠤ ᠶᠢ ᠲᠡᠳᠬᠦᠬᠦ ᠦᠢᠯᠡᠳᠬᠦᠨ ᠢᠶᠠᠷ ᠨᠣᠲᠠᠯᠠᠭᠳᠠᠭᠰᠠᠨ ᠨᠢ 4᠂ ᠮᠠᠲ᠋ᠧᠷᠢᠶᠠᠯ ᠲᠤᠰᠢᠶᠠᠭᠠᠳ ᠴᠤᠬᠤᠯᠠᠪᠤᠷᠢᠯᠠᠬᠤ ᠶᠢ ᠬᠦᠯᠢᠶᠡᠵᠦ ᠪᠠᠶᠢᠭ᠎ᠠ ᠨᠢ 3᠂ ᠭᠤᠶᠤᠴᠢᠯᠠᠬᠤ ᠰᠠᠨᠠᠭ᠎ᠠ ᠲᠠᠢ ᠨᠢ ᠶᠠᠭ ᠮᠠᠲ᠋ᠧᠷᠢᠶᠠᠯ ᠪᠡᠯᠡᠳᠬᠡᠵᠦ ᠪᠠᠶᠢᠭ᠎ᠠ ᠨᠢ 4 ᠪᠠᠶᠢᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠣᠭᠤᠷᠢᠭ ᠬᠤᠲᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠰᠢᠶᠠᠨ ᠤ ᠰᠢᠭᠤᠳ ᠬᠠᠷᠢᠶ᠎ᠠ ᠡᠯ᠎ᠡ ᠳᠠᠭᠠᠭᠠᠴᠢᠯᠠᠨ ᠲᠡᠳᠬᠦᠬᠦ ᠨᠢᠭᠡᠴᠡ᠂ ᠰᠦᠯᠵᠢᠶᠡᠨ ᠤ ᠲᠠᠪᠴᠠᠩ ᠵᠡᠷᠭᠡ ᠬᠦᠴᠦᠨ ᠤ ᠡᠬᠢ ᠪᠠᠶᠠᠯᠢᠭ ᠢᠶᠠᠷ ᠳᠠᠮᠵᠢᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠠᠬᠢᠭᠤᠯᠵᠤ᠂ ᠣᠳᠣᠬᠠᠨ ᠳᠤ ᠡᠯ᠎ᠡ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠲᠡ 3601 ᠲᠦᠮᠡᠨ ᠲᠥᠭᠦᠷᠢᠭ ᠪᠣᠷᠣᠯᠠᠭᠤᠯᠪᠠ᠃    4᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠬᠠᠪᠰᠤᠷᠤᠨ ᠲᠡᠳᠬᠦᠭᠰᠡᠨ ᠪᠠ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠶᠯᠡᠴᠢᠯᠡᠭᠡᠨ ᠤ ᠢᠵᠢ ᠪᠥᠷᠢᠳᠦᠭᠰᠡᠨ ᠪᠥᠲᠥᠭᠡᠨ ᠪᠠᠶᠢᠭᠤᠯᠤᠯᠲᠠ  ᠶᠢᠨ ᠪᠠᠶᠢᠳᠠᠯ᠃ ᠨᠢᠭᠡ ᠳᠤ᠂ ᠣᠷᠣᠨ ᠰᠠᠭᠤᠴᠠ ᠶᠢᠨ ᠶᠠᠰᠤ ᠴᠢᠨᠠᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃ ︽ᠬᠤᠸᠠᠳᠧ ᠰᠢᠶᠠᠨ ᠤ ᠬᠥᠳᠡᠭᠡ ᠲᠣᠰᠬᠤᠨ ᠳᠤ ᠣᠷᠣᠰᠢᠵᠤ ᠪᠠᠶᠢᠭ᠎ᠠ ᠶᠠᠰᠤ ᠴᠢᠨᠠᠷ ᠤᠨ ᠠᠰᠠᠭᠤᠳᠠᠯ ᠲᠠᠢ ᠬᠡᠷ ᠪᠠᠶᠢᠰᠢᠩ ᠢ ᠰᠡᠯᠪᠢᠨ ᠵᠠᠰᠠᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠵᠢᠵᠢᠭ ᠲᠣᠰᠬᠤᠨ ᠢ ᠡᠮᠬᠢᠯᠡᠨ ᠨᠡᠶᠢᠯᠡᠭᠦᠯᠬᠦ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ  ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤᠭᠤᠶᠢᠯᠠᠩ ᠢ ᠪᠠᠶᠢᠭᠤᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠪᠠᠶᠢᠴᠠᠭᠠᠬᠤ︾ ᠠᠵᠢᠯ ᠤᠨ ᠬᠠᠷᠢᠭᠤ ᠲᠤᠰᠬᠠᠭᠰᠠᠨ ᠰᠠᠨᠠᠯ ᠪᠠ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢᠶᠠᠷ ᠭᠤᠤᠯᠳᠠᠯᠭ᠎ᠠ ᠪᠣᠯᠭᠠᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠭᠦᠨᠵᠡᠭᠡᠶ ᠠᠭᠤᠳᠠᠯᠤᠨ ᠨᠠᠷᠢᠯᠢᠭ ᠰᠤᠳᠤᠯᠵᠤ᠂ ᠨᠢᠭᠤᠨ ᠳᠠᠯᠳᠠᠯᠠᠬᠤ ᠥᠬᠡᠶ ᠪᠠᠶᠢᠵᠤ᠂ ᠬᠥᠳᠡᠭᠡ ᠲᠣᠰᠬᠤᠨ ᠤ ᠬᠡᠷ ᠪᠠᠶᠢᠰᠢᠩ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ︽ᠬᠡᠨ ᠪᠠᠶᠢᠭᠤᠯᠪᠠᠯ ᠬᠡᠨ ᠰᠡᠯᠪᠢᠨ ᠵᠠᠰᠠᠬᠤ︾ ᠵᠠᠷᠴᠢᠮ ᠶᠣᠰᠣᠭᠠᠷ᠂ ᠠᠰᠠᠭᠤᠳᠠᠯ ᠣᠷᠣᠰᠢᠵᠤ ᠪᠠᠶᠢᠭ᠎ᠠ ᠣᠷᠣᠨ ᠰᠠᠭᠤᠴᠠ  ᠶᠢ ᠰᠡᠯᠪᠢᠨ ᠵᠠᠰᠠᠵᠤ ᠪᠠᠬᠢᠵᠢᠭᠦᠯᠬᠦ ᠶᠢ ᠤᠤᠯ ᠤᠨ ᠪᠠᠷᠢᠯᠭ᠎ᠠ ᠶᠢᠨ ᠨᠢᠭᠡᠴᠡ ᠳᠤ ᠳᠠᠭᠠᠭᠠᠯᠭᠠᠪᠠ᠃ ᠪᠡᠭᠡᠵᠢᠩ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠢᠨᠵᠧᠨᠧᠷᠢᠩ ᠤᠨ ᠰᠢᠯᠭᠠᠨ ᠬᠡᠮᠵᠢᠬᠦ ᠺᠣᠮᠫᠠᠨᠢ ᠶᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠩ ᠪᠠᠯᠭᠠᠰᠤᠨ ᠤ ᠠᠵᠢᠯᠲᠠᠨ ᠲᠠᠢ ᠬᠠᠮᠲᠤᠷᠠᠨ ᠬᠥᠳᠡᠭᠡ ᠲᠣᠰᠬᠤᠨ ᠤ ᠣᠨᠳᠣᠤ ᠭᠠᠵᠠᠷ ᠨᠡᠭᠦᠯᠭᠡᠨ ᠲᠥᠪᠬᠢᠨᠡᠭᠦᠯᠬᠦ ᠣᠷᠣᠨ ᠰᠠᠭᠤᠴᠠ ᠶᠢ ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠯᠭᠡᠭᠰᠡᠨ ᠤ ᠦᠷ᠎ᠡ ᠳ᠋ᠦᠩ ᠳᠤ ᠴᠥᠮ ᠠᠮᠤᠷ ᠲᠦᠪᠰᠢᠨ ᠣᠷᠣᠨ ᠰᠠᠭᠤᠴᠠ ᠶᠢᠨ ᠬᠢᠷᠢ ᠬᠡᠮ ᠳᠤ ᠬᠦᠷᠪᠡ᠃ ᠬᠤᠶᠠᠷ ᠲᠤ᠂ ᠪᠦᠬᠦ ᠰᠢᠶᠠᠨ ᠢᠶᠠᠷ ᠢᠶᠠᠨ ᠳᠣᠣᠷᠠᠬᠢ ᠭᠤᠷᠪᠠᠨ ᠵᠦᠢᠯ ᠤᠨ ᠵᠠᠭᠪᠤᠷ ᠢ ᠠᠪᠴᠤ ᠪᠠᠶᠢᠭᠠᠳ ᠨᠡᠭᠦᠯᠭᠡᠭᠰᠡᠨ ᠤ ᠳᠠᠷᠠᠭᠠᠬᠢ ᠠᠵᠤ ᠦᠢᠯᠡᠰ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢᠨ ᠠᠰᠠᠭᠤᠳᠠᠯ ᠢ ᠲᠤᠶᠢᠯᠪᠤᠷᠢᠲᠠᠶ ᠰᠢᠢᠳᠪᠤᠷᠢᠯᠡᠪᠡ᠃ ︽ᠲᠦᠯᠯᠡᠬᠦ ᠬᠤᠨᠢᠨ ᠤ ᠪᠠᠩᠬᠢ ︾ ᠪᠠᠷ ᠳᠠᠮᠵᠢᠭᠤᠯᠤᠨ ᠣᠨᠳᠣᠤ ᠭᠠᠵᠠᠷ ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠠᠵᠤ ᠦᠶᠯᠡᠰ ᠤᠨ ᠬᠥᠭᠵᠢᠯᠲᠡ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠶᠳᠪᠦᠷᠢᠯᠡᠨ᠎ᠡ︔ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠠᠯᠭᠠᠮᠵᠢ ᠠᠵᠤ ᠦᠶᠯᠡᠰ ᠤᠨ ᠬᠥᠭᠵᠢᠯᠲᠡ  ᠶᠢᠨ ᠪᠠᠯᠠ ᠮᠥᠩᠭᠦ ᠶᠢ ᠠᠰᠢᠭᠯᠠᠨ᠂ ᠲᠥᠪᠯᠡᠷᠡᠭᠦᠯᠦᠨ ᠰᠢᠨ᠎ᠡ ᠪᠠᠷ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠣᠭᠤᠷᠢᠭ ᠲᠤ ᠰᠠᠭᠤᠷᠢ ᠪᠡᠯᠡᠳᠬᠡᠮᠵᠢ ᠲᠦᠷᠢᠶᠡᠰᠦᠯᠡᠬᠦ ᠪᠠᠷ ᠳᠠᠮᠵᠢᠭᠤᠯᠤᠨ ᠠᠰᠢᠭ ᠣᠷᠣᠯᠭ᠎ᠠ ᠣᠯᠵᠤ᠂ ᠰᠢᠶᠠᠨ ᠤ ᠬᠤᠲᠠ ᠶᠢᠨ ᠨᠡᠭᠦᠯᠭᠡᠭᠰᠡᠨ ᠡᠷᠦᠬᠡ ᠳᠤ ᠠᠵᠢᠯ ᠣᠯᠭᠤᠬᠤ ᠠᠰᠠᠭᠤᠳᠠᠯ ᠢ ᠨᠠᠶᠢᠳᠠᠪᠤᠷᠢᠵᠢᠭᠤᠯᠬᠤ ᠳᠤ ᠬᠡᠷᠡᠭᠯᠡᠨ᠎ᠡ︔ ᠬᠥᠳᠡᠯᠮᠦᠷᠢᠯᠡᠬᠦ ᠴᠢᠳᠠᠪᠤᠷᠢ ᠲᠠᠢ ᠨᠡᠭᠦᠯᠭᠡᠬᠦ ᠬᠡᠷ ᠪᠦᠯᠢ ᠳᠤ ᠪᠥᠬᠦ ᠠᠵᠢᠯᠲᠠᠨ ᠤ ᠬᠥᠳᠡᠯᠮᠦᠷᠢ ᠶᠢᠨ ᠤᠷ᠎ᠠ ᠴᠢᠳᠠᠪᠤᠷᠢ  ᠶᠢᠨ ᠪᠣᠯᠪᠠᠰᠤᠷᠠᠭᠤᠯᠤᠯ ᠢ ᠬᠡᠷᠡᠭᠵᠢᠭᠦᠯᠵᠦ᠂ ᠣᠲᠣ ᠪᠣᠯᠲᠠᠯ᠎ᠠ 25 ᠬᠤᠭᠤᠴᠠᠭ᠎ᠠ 644 ᠬᠥᠮᠦᠨ ᠤᠳᠠᠭ᠎ᠠ ᠵᠣᠬᠢᠶᠠᠨ ᠪᠠᠶᠢᠭᠤᠯᠵᠤ ᠪᠣᠯᠪᠠᠰᠤᠷᠠᠭᠤᠯᠪᠠ᠃ ᠭᠤᠷᠪᠠ ᠳᠤ᠂ ᠪᠦᠬᠦ ᠰᠢᠶᠠᠨ ᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠥᠪᠬᠢᠨᠡᠭᠦᠯᠬᠦ ᠴᠡᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ  ᠤ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠡᠬᠡ ᠳᠠᠩᠰᠠ ᠪᠠᠶᠢᠭᠤᠯᠤᠨ᠎ᠠ᠃ ᠣᠲᠣ ᠪᠣᠯᠲᠠᠯ᠎ᠠ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠦᠨᠳᠦᠰᠦᠨ ᠳᠡᠭᠡᠨ ᠳᠠᠭᠤᠰᠴᠤ᠂ ᠶᠠᠭ ᠰᠢᠯᠭᠠᠨ ᠬᠤᠷᠢᠶᠠᠵᠤ ᠬᠢᠨᠠᠨ ᠪᠤᠳᠤᠬᠤ ᠠᠵᠢᠯ  ᠢ ᠵᠣᠬᠢᠶᠠᠨ ᠪᠠᠶᠢᠭᠤᠯᠵᠤ ᠪᠠᠶᠢᠨ᠎ᠠ᠃     5᠂ ᠠᠶᠦᠯᠭᠦᠢ ᠤᠰᠤ ᠤᠮᠳᠠ ᠶᠢᠨ ᠢᠨᠵᠧᠨᠧᠷᠢᠩ᠃ 2020 ᠣᠨ ᠳᠤ ᠪᠥᠬᠦ ᠰᠢᠶᠠᠨ ᠳᠤ ᠶᠠᠳᠠᠭᠤ ᠶᠢ ᠲᠡᠳᠬᠦᠬᠦ ᠠᠯᠪᠠᠨ ᠬᠡᠷ ᠠᠴᠠ ᠲᠦᠭᠡᠭᠡᠯ ᠤᠰᠤᠨ ᠤ ᠢᠨᠵᠧᠨᠧᠷᠢᠩ ᠢ ᠬᠡᠷᠡᠭᠵᠢᠭᠦᠯᠬᠦ ᠳᠤ 1780 ᠲᠦᠮᠡᠨ ᠲᠥᠭᠦᠷᠢᠭ ᠤᠨ ᠤᠷᠢᠳᠴᠢᠯᠠᠨ ᠪᠠᠯᠠ ᠣᠷᠣᠭᠤᠯᠵᠤ᠂ ᠨᠡᠶᠢᠲᠡ 89 ᠲᠣᠰᠬᠤᠨ ᠤ 91 ᠳᠤ ᠬᠤᠯᠪᠣᠭᠳᠠᠨ᠂ 8764 ᠬᠥᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠶᠳᠪᠦᠷᠢᠯᠡᠪᠡ᠄ ᠤᠰᠤᠨ ᠰᠤᠷᠪᠤᠯᠵᠢ ᠶᠢᠨ ᠬᠤᠳᠳᠤᠭ ᠢ ᠨᠡᠶᠢᠲᠡ 40᠂ ᠬᠠᠭᠤᠷᠠᠢ ᠬᠤᠳᠳᠤᠭ ᠢ 55 ᠮᠠᠯᠲᠠᠵᠤ᠂ 2 ᠤᠰᠤᠨ ᠴᠠᠮᠬᠠᠭ᠂ ᠢᠵᠢ ᠪᠦᠷᠢᠳᠦᠭᠦᠯᠬᠦ ᠤᠰᠤ ᠲᠠᠲᠠᠬᠤ ᠮᠠᠰᠢᠨ ᠵᠢᠴᠢ ᠴᠠᠬᠢᠯᠭᠠᠨ ᠬᠠᠩᠭᠠᠬᠤ 51 ᠢᠵᠢ ᠶᠢ ᠰᠢᠨ᠎ᠡ ᠪᠠᠷ ᠪᠠᠶᠢᠭᠤᠯᠵᠤ᠂ 33 ᠢᠵᠢ ᠬᠤᠳᠳᠤᠭ ᠤᠨ ᠬᠡᠷ ᠢ ᠰᠢᠨ᠎ᠡ ᠪᠠᠷ ᠪᠠᠶᠢᠭᠤᠯᠵᠤ᠂ 827 ᠡᠷᠦᠬᠡ ᠶᠢᠨ ᠬᠤᠭᠤᠯᠠᠶ ᠭᠤᠤᠷᠰᠤ ᠶᠢᠨ ᠲᠣᠤᠷ ᠢ ᠰᠡᠯᠪᠢᠨ ᠵᠠᠰᠠᠬᠤ ᠵᠢᠴᠢ ᠰᠢᠨ᠎ᠡ ᠪᠠᠷ ᠪᠠᠷᠢᠭᠰᠠᠨ ᠬᠡᠷ ᠢ ᠢᠵᠢ ᠪᠥᠷᠢᠳᠦᠭᠦᠯᠦᠨ ᠤᠰᠤ ᠬᠠᠩᠭᠠᠪᠠ᠃    6᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠃ ᠣᠳᠣᠬᠠᠨ ᠪᠣᠯᠲᠠᠯ᠎ᠠ᠂ ᠪᠠᠩᠬᠢ ᠶᠢᠨ ᠲᠦᠭᠰᠢᠭᠦᠷᠢ ᠶᠢᠨ ᠨᠥᠬᠦᠪᠥᠷᠢ ᠮᠥᠩᠭᠦ ᠨᠡᠶᠢᠲᠡ 1810 ᠲᠦᠮᠡᠨ ᠲᠥᠭᠦᠷᠢᠭ ᠲᠠᠯᠪᠢᠵᠤ᠂ ᠪᠥᠬᠦ ᠰᠢᠶᠠᠨ ᠳᠤ ᠨᠡᠶᠢᠲᠡ 2964 ᠡᠷᠦᠬᠡ ᠳᠤ14206.3 ᠲᠦᠮᠡᠨ ᠲᠥᠭᠦᠷᠢᠭ᠂ 2938 ᠶᠠᠳᠠᠭᠤ ᠬᠦᠴᠢᠷᠳᠡᠯᠲᠡᠶ ᠡᠷᠦᠬᠡ ᠶᠢᠨ 14080 . 3 ᠲᠦᠮᠡᠨ ᠲᠥᠭᠦᠷᠢᠭ ᠵᠢᠭᠡᠯᠡᠭᠦᠯᠵᠦ᠂  ᠶᠠᠳᠠᠭᠤᠷᠠᠮᠠᠷ ᠪᠠᠶᠢᠭ᠎ᠠ 26 ᠡᠷᠦᠬᠡ ᠳᠤ 126 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃    7᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠃ ︽ᠬᠤᠸᠠᠳᠧ ᠰᠢᠶᠠᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠰᠠᠨᠠᠯ︾ ᠢ ᠲᠣᠭᠲᠠᠭᠠᠨ ᠨᠡᠶᠢᠲᠡᠯᠡᠵᠦ᠂ ᠠᠰᠢᠭ ᠣᠷᠣᠯᠭ᠎ᠠ ᠶᠢᠨ ᠪᠠᠯᠠ ᠮᠥᠩᠭᠦ  ᠶᠢᠨ ᠬᠤᠪᠢᠶᠠᠷᠢᠯᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠬᠡᠷᠡᠯ ᠴᠡᠨᠡᠭ ᠤᠨ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ᠃ ᠣᠳᠣᠬᠠᠨ ᠳᠤ᠂ ᠳ᠋ᠦᠩᠨᠡᠨ ᠪᠤᠳᠤᠭᠰᠠᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠪᠦᠬᠦᠨ ᠢ ᠰᠠᠯᠭᠠᠨ ᠥᠭᠴᠦ ᠪᠣᠳᠠᠲᠠᠶᠢᠵᠢᠭᠤᠯᠪᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ ᠨᠡᠶᠢᠳᠬᠡᠵᠦ᠂ ᠺᠧ ᠨᠥᠸᠧ  ᠶᠢᠨ ᠲᠥᠪᠯᠡᠷᠡᠭᠦᠯᠦᠨ ᠭᠡᠷᠡᠯ ᠴᠡᠨᠡᠭ ᠬᠤᠳᠠᠯᠳᠤᠨ ᠠᠪᠬᠤ ᠶᠢ ᠤᠷᠤᠭᠰᠢᠲᠠᠢ ᠪᠡᠶᠡᠯᠡᠭᠦᠯᠪᠡ᠃    8᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠠᠵᠢᠯ᠃ ᠨᠢᠭᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ︽ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠥᠰᠦᠯ︾ ᠢ ᠨᠡᠶᠢᠲᠡᠯᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠨᠢ ︽ᠶᠡᠷᠦᠩᠬᠡᠶ ᠵᠢᠯᠣᠭᠤᠳᠣᠭᠴᠢ︾ ᠪᠣᠯᠤᠨ᠎ᠠ᠂ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠨᠢ ᠰᠢᠶᠠᠩ ᠢ ᠳᠠᠭᠠᠭᠠᠴᠢᠯᠠᠨ ᠲᠣᠰᠬᠤᠨ ᠢ ᠬᠤᠯᠪᠣᠵᠤ᠂ ᠡᠯ᠎ᠡ ᠰᠠᠯᠠᠭ᠎ᠠ ᠮᠥᠴᠢᠷ ᠨᠢ ᠬᠦᠴᠦ ᠪᠠᠨ ᠬᠠᠮᠲᠤᠳᠬᠠᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠣᠳᠣᠷᠬᠠᠶᠢᠯᠠᠵᠤ᠂ 137 ᠡᠷᠦᠬᠡ ᠶᠢᠨ 310 ᠬᠥᠮᠦᠨ ᠶᠠᠳᠠᠭᠤ ᠠᠴᠠ ᠠᠩᠭᠢᠵᠢᠷᠠᠭᠠᠳᠤᠶ ᠬᠥᠮᠦᠨ ᠠᠮᠠ᠂ 442 ᠡᠷᠦᠬᠡ ᠶᠢᠨ 812 ᠶᠠᠳᠠᠭᠤᠷᠠᠮᠠᠷ ᠪᠠᠶᠢᠭ᠎ᠠ ᠬᠥᠮᠦᠨ ᠠᠮᠠ᠂ 340 ᠡᠷᠦᠬᠡ ᠶᠢᠨ 761 ᠶᠠᠳᠠᠭᠤ ᠠᠴᠠ ᠠᠩᠭᠢᠵᠢᠷᠠᠬᠤ ᠶᠢ ᠬᠢᠨᠠᠨ ᠬᠡᠮᠵᠢᠬᠦ ᠬᠥᠮᠦᠨ ᠠᠮᠠ ᠵᠢᠴᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠤᠯᠪᠣᠭᠳᠠᠭᠰᠠᠨ 61 ᠵᠠᠰᠠᠭ ᠵᠠᠬᠢᠷᠭᠠᠨ ᠤ ᠲᠣᠰᠬᠤᠨ ᠢ ᠭᠤᠤᠯᠳᠠᠯᠭ᠎ᠠ ᠲᠠᠢ ᠠᠩᠬᠠᠷᠤᠨ᠎ᠠ᠃ ︽ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠳᠠᠩᠰᠠ︾᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ ᠲᠠᠯ᠎ᠠ ᠶᠢᠨ ᠪᠠᠶᠢᠳᠠᠯ ᠢ ᠣᠶᠢᠯᠠᠭᠠᠵᠤ 《 ᠪᠦᠬᠦᠨ ᠢ ᠬᠤᠭᠤᠰᠤᠯᠠᠬᠤ︾ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠪᠦᠬᠦ ᠬᠦᠴᠦᠨ ᠢᠶᠠᠷ ᠢᠶᠠᠨ ᠢᠯᠠᠨ ᠳᠠᠪᠠᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠶᠠᠳᠠᠭᠤ ᠶᠢ ᠲᠡᠳᠬᠦᠵᠦ ᠬᠦᠴᠢᠷᠳᠡᠯ  ᠢ ᠲᠤᠰᠠᠯᠠᠬᠤ ᠳᠤ ᠣᠷᠣᠯᠴᠠᠭᠤᠯᠪᠠ︔ ᠡᠳ᠋ ᠤᠨ ᠵᠠᠰᠠᠭ ᠠᠴᠠ 200 ᠲᠦᠮᠡᠨ ᠲᠥᠭᠦᠷᠢᠭ ᠪᠠᠭᠤᠯᠭᠠᠵᠤ ᠶᠠᠳᠠᠭᠤ ᠶᠢ ᠰᠡᠷᠭᠡᠶᠢᠯᠡᠬᠦ ᠳᠠᠭᠠᠳᠬᠠᠯ ᠪᠣᠯᠭᠠᠵᠤ᠂ ᠪᠦᠬᠦ ᠰᠢᠶᠠᠨ ᠤ ᠬᠥᠳᠡᠭᠡ ᠲᠣᠰᠬᠤᠨ ᠤ ᠪᠤᠢ ᠪᠦᠬᠦᠢ ᠪᠠᠶᠢᠩᠭᠤ ᠰᠠᠭᠤᠭ᠎ᠠ ᠬᠥᠮᠦᠨ ᠠᠮᠠ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠵᠦᠢᠯ ᠢ ᠪᠠᠲᠤᠯᠠᠪᠠ᠃    ᠰᠤᠷᠪᠤᠯᠵᠢᠯᠠᠭᠴᠢ᠄ ᠲᠠᠨ ᠤ ᠲᠠᠨᠢᠯᠴᠠᠭᠤᠯᠭ᠎ᠠ ᠪᠠᠷ 2020 ᠣᠨ ᠤ ᠶᠠᠳᠠᠭᠤ ᠶᠢ ᠲᠡᠳᠬᠦᠬᠦ ᠡᠭᠦᠷᠭᠡ ᠬᠦᠨᠳᠦ᠂ ᠠᠵᠢᠯ ᠤᠨ ᠬᠡᠮᠵᠢᠶ᠎ᠡ ᠶᠡᠭᠡ ᠪᠠᠶᠢᠨ᠎ᠠ᠂ ᠲᠡᠭᠡᠪᠡᠯ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠣᠷᠣᠭᠤᠯᠤᠯᠲᠠ ᠨᠠᠩ ᠢᠯᠡᠭᠦᠦ ᠪᠣᠯᠬᠤ ᠶᠢ ᠬᠠᠷᠠᠭᠤᠯᠵᠤ ᠪᠠᠶᠢᠨ᠎ᠠ᠂ ᠲᠠ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠵᠢᠴᠢ ᠬᠠᠮᠢᠶᠠᠷᠤᠯᠲᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ  ᠦᠦ︖    ᠵᠠᠩ ᠶᠠᠨ᠄ ᠪᠠᠯᠠ ᠮᠥᠩᠭᠦ ᠣᠯᠭᠤᠭᠰᠠᠨ ᠪᠠᠶᠢᠳᠠᠯ᠄ ᠣᠲᠣ ᠪᠣᠯᠲᠠᠯ᠎ᠠ᠂ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ 22632 ᠲᠦᠮᠡᠨ ᠲᠥᠭᠦᠷᠢᠭ ᠪᠠᠶᠢᠵᠤ᠂ ᠪᠠᠯᠠ ᠮᠥᠩᠭᠦ ᠬᠡᠷᠡᠭᠯᠡᠬᠦ ᠬᠠᠮᠢᠶᠠᠷᠤᠯᠲᠠ ᠶᠢᠨ ᠠᠷᠭ᠎ᠠ᠂ ᠶᠠᠳᠠᠭᠤ ᠶᠢ ᠲᠡᠳᠬᠦᠬᠦ ᠪᠠᠯᠠ ᠮᠥᠩᠭᠦ ᠰᠠᠯᠭᠠᠨ ᠥᠭᠬᠦ᠂ ᠬᠢᠨᠠᠨ ᠬᠠᠮᠢᠶᠠᠷᠬᠤ᠂ ᠬᠡᠷᠡᠭᠯᠡᠭᠰᠡᠨ ᠦᠷ᠎ᠡ ᠪᠦᠲᠦᠮᠵᠢ ᠪᠠ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠶᠣᠰᠣᠭᠠᠷ ᠨᠡᠶᠢᠲᠡ18488.2ᠲᠦᠮᠡᠨ ᠲᠥᠭᠦᠷᠢᠭ ᠵᠠᠷᠤᠴᠠᠭᠤᠯᠵᠤ᠂ ᠪᠥᠬᠦ ᠰᠢᠰᠲ᠋ᠧᠮ ᠤᠨ ᠰᠢᠯᠵᠢᠭᠦᠯᠦᠨ ᠥᠭᠭᠦᠭᠰᠡᠨ ᠨᠣᠷᠮ᠎ᠠ ᠨᠢᠭᠡᠨᠲᠡ81.7% ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨᠠᠨ ᠬᠡᠮᠵᠢᠵᠦ ᠣᠯᠭᠤᠭᠰᠠᠨ ᠨᠣᠷᠮ᠎ᠠ 91.7% ᠳᠤ ᠬᠦᠷᠴᠡᠶ᠃ ᠪᠣᠳᠠᠲᠠᠶ ᠪᠠᠭᠤᠯᠭᠠᠭᠰᠠᠨ ᠪᠠᠶᠢᠳᠠᠯ ᠨᠢ᠄ ᠲᠥᠪ ᠤᠨ ᠪᠠᠯᠠ ᠮᠥᠩᠭᠦ 6354 ᠲᠦᠮᠡᠨ ᠲᠥᠭᠦᠷᠢᠭ ᠪᠠᠭᠤᠯᠭᠠᠵᠤ᠂ ᠠᠵᠤ ᠦᠶᠯᠡᠰ ᠢᠶᠠᠷ ᠲᠡᠳᠬᠦᠨ ᠱᠠᠩᠨᠠᠬᠤ᠂ ᠫᠧᠩ ᠬᠤᠷᠤᠭ᠎ᠠ  ᠶᠢᠨ ᠨᠥᠬᠦᠪᠥᠷᠢ᠂ ᠤᠰᠤ ᠤᠮᠳᠠ ᠶᠢᠨ ᠠᠮᠤᠷ ᠲᠦᠪᠰᠢᠨ᠂ ᠬᠠᠮᠲᠤ ᠶᠢᠨ ᠠᠵᠤ ᠠᠬᠤᠶ᠂ ᠣᠷᠣᠨ ᠰᠠᠭᠤᠴᠠ ᠶᠢᠨ ᠪᠠᠲᠤᠯᠠᠭ᠎ᠠ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠵᠡᠷᠭᠡ ᠲᠥᠷᠥᠯ ᠵᠦᠶᠯ ᠳᠤ ᠬᠡᠷᠡᠭᠯᠡᠬᠦ ᠪᠠᠷ ᠲᠣᠬᠢᠷᠠᠭᠤᠯᠵᠤ᠂ ᠨᠢᠭᠡᠨᠲᠡ4255.4937ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ ᠣᠯᠭᠤᠭᠰᠠᠨ ᠨᠣᠷᠮ᠎ᠠ ᠨᠢ 67 % ᠳᠤ ᠬᠦᠷᠴᠡᠶ᠃ ᠥᠪᠡᠷᠲᠡᠭᠡᠨ ᠵᠠᠰᠠᠬᠤ ᠣᠷᠣᠨ ᠠᠴᠠ 9158 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠠᠶᠦᠯᠭᠦᠢ ᠤᠰᠤ ᠤᠮᠳᠠ᠂ ᠣᠨᠳᠣᠣ ᠭᠠᠵᠠᠷ ᠨᠡᠭᠦᠯᠭᠡᠬᠦ ᠢᠨᠵᠧᠨᠧᠷᠢᠩ ︵ᠲᠥᠪᠬᠢᠨᠡᠭᠦᠯᠬᠦ‍ ᠴᠢᠭ ᠢ ᠨᠡᠶᠢᠭᠡᠮ ᠲᠣᠭᠤᠷᠢᠭᠵᠢᠭᠤᠯᠤᠨ ᠬᠠᠮᠢᠶᠠᠷᠬᠤ᠂ ᠤᠰᠤᠨ ᠤ ᠴᠢᠨᠠᠷ ᠢ ᠳᠡᠭᠡᠭᠰᠢᠯᠡᠭᠦᠯᠬᠦ᠂ ᠵᠠᠯᠭᠠᠮᠵᠢ ᠠᠵᠤ ᠦᠢᠯᠡᠰ᠂ ᠡᠷᠡᠭᠦᠯ ᠬᠠᠮᠠᠭᠠᠯᠠᠯ ᠤᠨ ᠲᠠᠰᠤᠭ︶᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠵᠡᠷᠭᠡ ᠢᠨᠵᠧᠨᠧᠷᠢᠩ ᠳᠤ ᠬᠡᠷᠡᠭᠯᠡᠬᠦ ᠪᠠᠷ ᠲᠣᠬᠢᠷᠠᠭᠤᠯᠵᠤ᠂ ᠨᠢᠭᠡᠨᠲᠡ 8517 ᠲᠦᠮᠡᠨ ᠲᠥᠭᠦᠷᠢᠭ ᠤᠨ ᠪᠡᠯᠡ ᠮᠥᠩᠭᠦ ᠰᠠᠯᠭᠠᠨ ᠥᠭᠴᠦ᠂ ᠰᠠᠯᠭᠠᠨ ᠥᠭᠭᠦᠭᠰᠡᠨ ᠨᠣᠷᠮ᠎ᠠ ᠨᠢ 92.7% ᠪᠣᠯᠤᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠠᠯᠠ ᠮᠥᠩᠭᠦ ᠶᠢ 6824 ᠲᠦᠮᠡᠨ ᠲᠥᠭᠦᠷᠢᠭ ᠪᠠᠭᠤᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠣᠰᠬᠤᠨ ᠤ ᠲᠠᠰ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ ᠵᠡᠮᠳᠡᠭᠴᠦᠳ ᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠦᠶᠡᠷ ᠢ ᠰᠡᠷᠭᠡᠶᠢᠯᠡᠬᠦ ᠵᠢᠵᠢᠭ ᠬᠡᠯᠪᠡᠷᠢ ᠶᠢᠨ ᠪᠠᠷᠢᠯᠭ᠎ᠠ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ᠂ ᠤᠰᠤ ᠠᠷᠪᠢᠯᠠᠬᠤ ᠥᠭᠡᠷᠡᠴᠢᠯᠡᠯᠲᠡ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠲᠥᠷᠥᠯ ᠵᠦᠶᠯ ᠳᠤ ᠬᠡᠷᠡᠭᠯᠡᠬᠦ ᠪᠠᠷ ᠳᠣᠭᠢᠷᠠᠭᠤᠯᠵᠤ᠂ ᠨᠢᠭᠡᠨᠲᠡ5419.705ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ ᠰᠠᠯᠭᠠᠨ ᠥᠭᠭᠦᠭᠰᠡᠨ ᠨᠣᠷᠮ᠎ᠠ ᠨᠢ 79.4 % ᠪᠣᠯᠪᠠ᠃ ᠬᠤᠲᠠ ᠶᠢᠨ ᠱᠠᠲᠤᠨ ᠤ ᠪᠡᠯᠡ ᠮᠥᠩᠭᠦ 296 ᠲᠦᠮᠡᠨ ᠲᠥᠭᠦᠷᠢᠭ ᠪᠠᠭᠤᠯᠭᠠᠵᠤ᠂ ᠬᠠᠮᠲᠤ ᠶᠢᠨ ᠠᠵᠤ ᠠᠬᠤᠶ ᠶᠢᠨ ᠴᠠᠬᠢᠯᠭᠠᠨ ᠬᠠᠩᠭᠠᠬᠤ ᠵᠢᠴᠢ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠤᠨ ᠵᠠᠷᠤᠳᠠᠯ ᠳᠤ ᠬᠡᠷᠡᠭᠯᠡᠬᠦ ᠪᠠᠷ ᠲᠣᠬᠢᠷᠠᠭᠤᠯᠵᠤ᠂ ᠨᠢᠭᠡᠨᠲᠡ ᠪᠦᠬᠦᠨ ᠢ ᠰᠠᠯᠭᠠᠨ ᠥᠭᠴᠦ᠂ ᠰᠠᠯᠭᠠᠨ ᠥᠭᠭᠦᠭᠰᠡᠨ ᠨᠣᠷᠮ᠎ᠠ ᠨᠢ 100 % ᠪᠣᠯᠤᠨ᠎ᠠ᠃    ᠰᠤᠷᠪᠤᠯᠵᠢᠯᠠᠭᠴᠢ᠄ ᠬᠠᠮᠤᠭ ᠰᠡᠭᠦᠯ ᠳᠤ ᠲᠠᠨ ᠠᠴᠠ ᠨᠢᠭᠡ ᠠᠰᠠᠭᠤᠯᠲᠠ ᠠᠰᠠᠭᠤᠶ᠎ᠠ᠂ 2021 ᠣᠨ ᠤ ᠠᠵᠢᠯ  ᠤᠨ ᠲᠥᠯᠥᠪᠯᠡᠭᠡ ᠳᠤ ᠶᠠᠭᠤ ᠶᠠᠭᠤ ᠪᠠᠶᠢᠬᠤ ᠪᠣᠶ︖    ᠵᠠᠩ ᠶᠠᠨ᠄ 1᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠯᠲᠡ ᠶᠢ ᠪᠠᠷᠢᠮᠲᠠᠯᠠᠨ᠎ᠠ᠃ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ᠂ ᠶᠠᠳᠠᠭᠤᠷᠠᠮᠠᠷ ᠪᠠᠶᠢᠭ᠎ᠠ ᠡᠷᠦᠬᠡ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ ᠶᠢ ᠦᠷᠭᠦᠯᠵᠢᠯᠡᠨ ᠬᠢᠨᠠᠨ ᠬᠡᠮᠵᠢᠵᠦ ᠬᠠᠮᠢᠶᠠᠷᠤᠨ᠂ ᠶᠠᠳᠠᠭᠤᠷᠠᠭᠰᠠᠨ ᠢ ᠮᠡᠳᠡᠪᠡᠯ ᠳᠠᠷᠦᠢ  ᠳᠤᠨᠢ ᠳᠠᠩᠰᠠᠯᠠᠵᠤ᠂ ᠴᠠᠭ ᠲᠤᠬᠠᠶ ᠳᠤᠨᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ  ᠢ ᠦᠨᠡᠨ ᠬᠦ ᠰᠠᠶᠢᠲᠤᠷ ᠪᠠᠬᠢᠵᠢᠭᠦᠯᠦᠨ᠎ᠡ᠃    2᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠨᠢᠭᠡ  ᠳᠤ᠂ ᠲᠣᠮᠣ ᠳ᠋ᠠᠶᠢᠲ᠋ᠠ ᠶᠢᠨ ᠲᠠᠪᠴᠠᠩ ᠳᠠᠬᠢ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠴᠢᠳᠠᠮᠵᠢ ᠶᠢ ᠠᠰᠢᠭᠯᠠᠨ᠂ ᠥᠩᠭᠡᠷᠡᠭᠰᠡᠨ ᠵᠢᠯ ᠤᠳ ᠤᠨ ᠶᠠᠳᠠᠭᠤ ᠶᠢ ᠲᠡᠳᠬᠦᠬᠦ ᠪᠠᠯᠠ ᠮᠥᠩᠭᠦ  ᠪᠠᠷ ᠪᠣᠶ ᠪᠣᠯᠤᠭᠰᠠᠨ ᠡᠳ᠋ ᠬᠥᠷᠥᠩᠭᠡ ᠶᠢ ᠳᠠᠬᠢᠨ ᠬᠠᠷᠭᠤᠭᠤᠯᠵᠤ᠂ ᠳᠠᠬᠢᠨ ᠡᠮᠬᠢᠯᠡᠵᠦ᠂ ᠳᠠᠬᠢᠨ ᠨᠤᠲᠠᠯᠠᠵᠤ᠂ ᠪᠠᠯᠠ ᠮᠥᠩᠭᠦ ᠶᠢᠨ ᠣᠷᠣᠭᠤᠯᠤᠯᠲᠠ ᠶᠢᠨ ᠰᠠᠭᠤᠷᠢ ᠲᠤᠭ᠎ᠠ᠂ ᠪᠠᠯᠠ ᠮᠥᠩᠭᠦ ᠶᠢᠨ ᠬᠠᠨᠳᠤᠰᠢ ᠶᠢᠨ ᠰᠠᠭᠤᠷᠢ ᠲᠤᠭ᠎ᠠ᠂ ᠬᠡᠷᠡᠭᠵᠢᠭᠦᠯᠬᠦ ᠲᠥᠷᠥᠯ ᠵᠦᠶᠯ ᠤᠨ ᠰᠠᠭᠤᠷᠢ ᠲᠤᠭ᠎ᠠ ᠶᠢ ᠦᠨᠡᠨᠬᠦ ᠪᠡᠶᠡᠯᠡᠭᠦᠯᠵᠦ᠂ ᠡᠳ᠋ ᠬᠥᠷᠥᠩᠭᠡ ᠶᠢᠨ ᠰᠠᠭᠤᠷᠢ ᠲᠤᠭ᠎ᠠ ᠪᠠ ᠬᠠᠮᠢᠶᠠᠷᠤᠯᠲᠠ ᠶᠢᠨ ᠲᠦᠷᠢᠮ ᠤᠨ ᠰᠠᠭᠤᠷᠢ ᠲᠤᠭ᠎ᠠ ᠶᠢ ᠨᠢᠭᠡᠳ ᠨᠢᠭᠡ ᠪᠠᠷ ᠲᠣᠳᠣᠷᠬᠠᠶ ᠪᠣᠯᠭᠠᠵᠤ᠂ ᠦᠨᠡᠨ ᠪᠣᠳᠠᠲᠠᠶ ᠪᠥᠭᠡᠳ ᠣᠨᠣᠪᠴᠢᠲᠠᠶ ᠪᠣᠯᠭᠠᠨ᠎ᠠ᠃ ᠬᠤᠶᠠᠷ ᠲᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠳᠠᠬᠢᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠬᠠᠮᠢᠶᠠᠷᠤᠯᠲᠠ ᠵᠡᠷᠭᠡ ᠲᠣᠭᠲᠠᠭᠠᠯ ᠶᠣᠰᠣᠭᠠᠷ᠂ ᠡᠳ᠋ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠪᠠ ᠬᠠᠷᠢᠭᠤᠴᠠᠯᠭ᠎ᠠ ᠶᠢᠨ ᠭᠤᠤᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ ᠭᠤᠷᠪᠠ ᠳᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠡᠷᠡᠭᠯᠡᠯᠲᠡ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠬᠠᠮᠢᠶᠠᠷᠤᠯᠲᠠ ᠬᠠᠮᠠᠭᠠᠯᠠᠯᠲᠠ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠵᠡᠷᠭᠡ ᠲᠠᠯ᠎ᠠ ᠪᠠᠷ ᠭᠤᠤᠯᠯᠠᠭᠤᠯᠤᠨ ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠪᠠᠶᠢᠴᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠡᠬᠢᠯᠡᠭᠦᠯᠦᠨ᠂ ᠶᠠᠳᠠᠭᠤ ᠶᠢ ᠲᠡᠳᠬᠦᠬᠦ ᠲᠥᠷᠥᠯ ᠵᠦᠶᠯ ᠤᠨ ᠡᠳ᠋ ᠬᠥᠷᠥᠩᠭᠡ ᠶᠢᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠦᠷ᠎ᠡ ᠠᠰᠢᠭ ᠢ ᠦᠷᠭᠦᠯᠵᠢᠯᠡᠨ ᠪᠣᠶ ᠪᠣᠯᠭᠠᠬᠤ ᠪᠠ ᠶᠠᠳᠠᠭᠤ ᠶᠢ ᠲᠡᠳᠬᠦᠬᠦ ᠦᠶᠯᠡᠳᠦᠯ ᠢ ᠪᠠᠳᠠᠷᠠᠭᠤᠯᠤᠨ᠎ᠠ᠃ ᠡᠭᠦᠨ ᠤ ᠬᠠᠮᠲᠤ᠂ ᠬᠠᠮᠢᠶᠠᠷᠴᠤ ᠬᠠᠮᠠᠭᠠᠯᠠᠬᠤ ᠭᠤᠤᠯ ᠴᠣᠭᠴᠠ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ᠂ ᠬᠠᠮᠢᠶᠠᠷᠴᠤ ᠬᠠᠮᠠᠭᠠᠯᠠᠬᠤ ᠲᠣᠭᠲᠠᠴᠠ᠂ ᠠᠵᠢᠯᠯᠠᠭᠠᠨ ᠤ ᠠᠷᠭ᠎ᠠ ᠮᠠᠶ᠋ᠢᠭ ᠪᠠ ᠲᠣᠬᠢᠷᠠᠭᠤᠯᠤᠯᠲᠠ ᠬᠢᠵᠦ ᠬᠤᠪᠢᠷᠠᠭᠤᠯᠬᠤ ᠵᠡᠷᠭᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠪᠦᠷᠢᠨᠰᠢᠭᠦᠯᠦᠨ ᠵᠢᠷᠤᠮᠵᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠷᠳᠣ ᠬᠤᠭᠤᠴᠠᠭ᠎ᠠ ᠪᠠᠷ ᠦᠶᠯᠡᠳᠦᠯ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ︔ ᠡᠵᠡᠩᠨᠡᠯᠲᠡ ᠶᠢᠨ ᠲᠥᠷᠥᠯ ᠤᠨ ᠡᠳ᠋ ᠬᠥᠷᠥᠩᠭᠡ ᠶᠢ ᠣᠲᠣ ᠶᠢᠨ ᠪᠠᠶᠢᠭ᠎ᠠ ᠬᠠᠮᠢᠶᠠᠷᠴᠤ ᠡᠵᠡᠩᠨᠡᠬᠦ ᠵᠠᠭᠪᠤᠷ ᠤᠨ ᠰᠠᠭᠤᠷᠢᠨ ᠳᠡᠭᠡᠷ᠎ᠡ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠦᠨ᠂ ᠺᠣᠮᠫᠠᠨᠢᠴᠢᠯᠠᠭᠰᠠᠨ ᠬᠠᠮᠢᠶᠠᠷᠤᠯᠲᠠ ᠶᠢ ᠠᠬᠢᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠨ ᠬᠡᠷᠡᠭᠯᠡᠬᠦ ᠶᠢ ᠰᠠᠶᠢᠲᠤᠷ ᠬᠢᠵᠦ᠂ ᠡᠳ᠋ ᠬᠥᠷᠥᠩᠭᠡ ᠶᠢᠨ ᠡᠵᠡᠩᠨᠡᠯᠲᠡ᠂ ᠠᠰᠢᠭ ᠣᠷᠣᠯᠭ᠎ᠠ ᠶᠢᠨ ᠦᠷᠭᠦᠯᠵᠢᠯᠡᠬᠦ ᠶᠢ ᠦᠨᠡᠨᠬᠦ ᠪᠠᠲᠤᠯᠠᠨ᠎ᠠ᠃    3᠂ ᠶᠠᠳᠠᠭᠤ ᠶᠢ ᠲᠡᠳᠬᠦᠬᠦ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠶᠠᠳᠠᠭᠤ ᠶᠢ ᠲᠡᠳᠬᠦᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠳᠠᠩᠰᠠ ᠡᠪᠬᠡᠮᠡᠯ ᠤᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠰᠢᠶᠠᠩ ᠪᠠᠯᠭᠠᠰᠤ᠂ ᠠᠵᠢᠯ ᠲᠥᠷᠥᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠵᠢᠯᠣᠭᠤᠳᠴᠤ᠂ ᠳᠠᠩᠰᠠ ᠡᠪᠬᠡᠮᠡᠯ ᠳᠤ ᠣᠷᠣᠭᠤᠯᠬᠤ ᠶᠣᠰᠣᠲᠠᠶ ᠶᠠᠳᠠᠭᠤ ᠶᠢ ᠲᠡᠳᠬᠦᠬᠦ ᠪᠢᠴᠢᠭ ᠮᠠᠲ᠋ᠧᠷᠢᠶᠠᠯ ᠢ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠳᠠᠩᠰᠠᠯᠠᠬᠤ ᠵᠣᠬᠢᠰᠲᠠᠢ ᠶᠢ ᠨᠢ ᠪᠦᠬᠦᠨ ᠢ ᠳᠠᠩᠰᠠᠯᠠᠨ᠎ᠠ︔ ᠰᠢᠶᠠᠩ᠂ ᠲᠣᠰᠬᠤᠨ ᠤ ᠬᠤᠶᠠᠷ ᠱᠠᠲᠤᠨ ᠳᠤ ᠴᠢᠬᠤᠯᠠ ᠪᠦᠬᠦᠢ ᠳᠠᠩᠰᠠ ᠡᠪᠬᠡᠮᠡᠯ ᠤᠨ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠵᠤ᠂ ᠳᠠᠩᠰᠠ ᠡᠪᠬᠡᠮᠡᠯ ᠤᠨ ᠪᠣᠳᠠᠲᠤ ᠴᠣᠭᠴᠠ ᠶᠢᠨ ᠬᠠᠮᠢᠶᠠᠷᠤᠯᠲᠠ ᠪᠠ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠪᠥᠬᠦ ᠰᠢᠶᠠᠨ ᠤ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠲᠠᠪᠴᠠᠩ ᠠᠴᠠ ᠪᠣᠶ ᠪᠣᠯᠤᠭᠰᠠᠨ ᠡᠯᠧᠺᠲᠷᠣᠨ ᠪᠢᠴᠢᠭ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠨ ᠡᠮᠬᠢᠯᠡᠬᠦ ᠪᠠ ᠡᠯᠧᠺᠲᠷᠣᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠱᠠᠭᠠᠷᠳᠠᠭᠰᠠᠨ ᠴᠠᠭ ᠬᠤᠭᠤᠴᠠᠭᠠᠨ ᠳᠤ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠲᠠᠩᠰᠠ ᠡᠪᠬᠡᠮᠡᠯ  ᠤᠨ ᠬᠠᠮᠢᠶᠠᠷᠤᠯᠲᠠ ᠶᠢᠨ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠂ ᠲᠤᠶᠢᠯ ᠤᠨ ᠣᠨᠣᠪᠴᠢᠲᠠᠶ ᠪᠠᠷ ᠶᠠᠳᠠᠭᠤ  ᠶᠢ ᠲᠡᠳᠬᠦᠬᠦ ᠲᠠᠩᠰᠠ ᠡᠪᠬᠡᠮᠡᠯ ᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠰᠢᠯᠭᠠᠵᠤ ᠦᠨᠡᠯᠡᠨ ᠵᠢᠱᠢᠯᠲᠡ᠂ ᠳ᠋ᠦᠩᠨᠡᠨ ᠤᠬᠠᠭᠤᠯᠬᠤ᠂ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠳᠤ ᠪᠦᠲᠦᠮᠵᠢᠲᠡᠶ ᠦᠨᠳᠦᠰᠦ ᠪᠠᠷᠢᠮᠲᠠ ᠪᠠ ᠲᠤᠯᠭᠠᠭᠤᠷᠢᠯᠠᠯ ᠬᠠᠩᠭᠠᠬᠤ ᠶᠢ ᠪᠠᠲᠤᠯᠠᠵᠤ᠂ ᠨᠠᠷᠢᠯᠢᠭ ᠣᠨᠤᠴᠢᠲᠠᠢ ᠪᠠᠷ ᠶᠠᠳᠠᠭᠤ ᠶᠢ ᠲᠡᠳᠬᠦᠬᠦ ᠠᠵᠢᠯ  ᠤᠨ ᠮᠥᠷᠳᠡᠵᠦ ᠪᠣᠯᠬᠤ᠂ ᠡᠷᠢᠵᠦ ᠪᠣᠯᠬᠤ᠂ ᠦᠨᠡᠯᠡᠵᠦ ᠪᠣᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠨ᠎ᠠ᠃    4᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠨ᠎ᠠ᠃ ᠨᠢᠭᠡ ᠳᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠬᠢᠵᠦ ᠪᠠᠶᠢᠭ᠎ᠠ ᠪᠠᠶᠢᠳᠠᠯ ᠳᠤ ᠬᠥᠳᠡᠯᠦᠩᠭᠦᠶ ᠬᠢᠨᠠᠨ ᠬᠡᠮᠵᠢᠯᠲᠡ ᠬᠢᠨ᠎ᠡ᠃ ᠶᠠᠳᠠᠭᠤ ᠬᠦᠴᠢᠷᠳᠡᠯᠲᠡᠶ ᠬᠡᠷ ᠪᠦᠯᠢ ᠶᠢᠨ ᠤᠶᠤᠲᠠᠳ ᠤᠨ ᠠᠵᠢᠯ ᠣᠯᠭᠤᠯᠲᠠ ᠶᠢᠨ ᠳ᠋ᠠᠶᠢᠲ᠋ᠠ ᠬᠥᠮᠥᠷᠭᠡ ᠪᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠦᠷᠢᠨᠰᠢᠬᠦᠯᠵᠦ᠂ ᠭᠠᠳᠠᠭᠰᠢ ᠭᠠᠷᠴᠤ ᠬᠦᠴᠦ ᠶᠠᠪᠤᠬᠤ ᠶᠢ ᠤᠷᠢᠳ ᠢᠶᠠᠷ ᠵᠣᠬᠢᠶᠠᠨ ᠪᠠᠶᠢᠭᠤᠯᠬᠤ᠂ ᠠᠵᠤ ᠠᠬᠤᠶᠢᠯᠠᠯ ᠤᠨ ᠰᠢᠩᠭᠡᠭᠡᠨ ᠠᠪᠬᠤ ᠶᠢ ᠤᠷᠢᠳ ᠢᠶᠠᠷ ᠵᠣᠷᠢᠭᠵᠢᠭᠤᠯᠬᠤ᠂ ᠠᠵᠤ ᠠᠬᠤᠶᠢᠯᠠᠯ ᠤᠨ ᠦᠯᠡᠳᠡᠭᠡᠨ ᠬᠡᠷᠡᠭᠯᠡᠬᠦ ᠶᠢ ᠤᠷᠢᠳ ᠢᠶᠠᠷ ᠳᠡᠮᠵᠢᠬᠦ᠂ ᠠᠵᠢᠯ ᠣᠯᠭᠤᠬᠤ ᠶᠢ ᠤᠷᠢᠳ ᠢᠶᠠᠷ ᠣᠶᠢᠷ᠎ᠠ ᠬᠠᠪᠢ ᠳᠤᠨᠢ ᠪᠠᠲᠤᠯᠠᠨ ᠲᠠᠨᠢᠯᠴᠠᠭᠤᠯᠬᠤ᠂ ᠦᠨᠳᠦᠰᠦᠨ ᠵᠦᠶᠯ ᠢ ᠨᠢ ᠳᠠᠭᠠᠭᠠᠨ ᠪᠠᠲᠤᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ  ᠢ ᠠᠵᠢᠯ ᠣᠯᠤᠭᠰᠠᠨ ᠭᠠᠵᠠᠷ ᠲᠤ ᠨᠢ ᠲᠣᠭᠲᠠᠭᠤᠨ ᠪᠠᠶᠢᠯᠭᠠᠵᠤ᠂ ᠲᠤᠬᠠᠶ ᠶᠢᠨ ᠭᠠᠵᠠᠷ ᠣᠷᠣᠨ ᠣᠶᠢᠷ᠎ᠠ ᠬᠠᠪᠢ  ᠳᠤᠨᠢ ᠠᠵᠢᠯ ᠣᠯᠭᠤᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠬᠥᠳᠡᠯᠮᠦᠷᠢ ᠶᠢᠨ ᠤᠷ᠎ᠠ ᠴᠢᠳᠠᠪᠤᠷᠢ ᠶᠢ ᠵᠣᠯᠭᠠᠭᠤᠯᠬᠤ ᠪᠣᠯᠪᠠᠰᠤᠷᠠᠯ ᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠳᠠᠭᠰᠢ ᠭᠠᠷᠤᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠲᠣᠭᠲᠠᠭᠤᠨ ᠢᠶᠠᠷ ᠠᠵᠢᠯ ᠤᠯᠬᠤ ᠶᠢ ᠠᠬᠢᠭᠤᠯᠵᠤ᠂ ᠨᠤᠲᠤᠭ ᠲᠠᠭᠠᠨ ᠪᠤᠴᠠᠵᠤ ︽ᠪᠤᠴᠠᠵᠤ ᠢᠷᠡᠬᠦ  ︾ ᠶᠢ ᠰᠡᠷᠭᠡᠶᠢᠯᠡᠨ᠎ᠡ᠃ ᠬᠤᠶᠠᠷ  ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠡᠷᠡᠭᠴᠡᠭᠡ ᠠᠴᠠ ᠪᠠᠨ ᠪᠣᠯᠵᠤ ᠠᠵᠢᠯ ᠤᠨ ᠪᠠᠶᠢᠷᠢ ᠭᠠᠷᠭᠠᠬᠤ᠂ ᠭᠤᠤᠯᠳᠠᠯᠭ᠎ᠠ ᠪᠠᠨ ᠦᠶᠯᠡᠳᠦᠯ  ᠢᠶᠠᠨ ᠪᠠᠳᠠᠷᠠᠭᠤᠯᠬᠤ ᠳᠡᠭᠡᠷ᠎ᠡ ᠲᠠᠯᠪᠢᠬᠤ ᠵᠠᠷᠴᠢᠮ ᠤᠨ ᠶᠣᠰᠣᠭᠠᠷ᠂ ᠣᠳᠣ ᠶᠢᠨ ᠪᠠᠶᠢᠭ᠎ᠠ ᠶᠠᠳᠠᠭᠤ ᠬᠦᠴᠢᠷᠳᠡᠯᠲᠡᠶ ᠡᠷᠦᠬᠡ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠬᠠᠷᠢᠴᠠᠭᠤᠯᠤᠨ ᠬᠠᠷᠭᠤᠭᠤᠯᠵᠤ᠂ ᠣᠨᠴᠠᠭᠠᠶᠢᠯᠠᠨ ᠪᠣᠳᠠᠲᠤ ᠪᠠᠶᠢᠳᠠᠯ ᠳᠤ ᠦᠯᠦ ᠨᠡᠶᠢᠴᠡᠬᠦ ᠳᠤᠷ᠎ᠠ ᠪᠠᠷ ᠢᠶᠠᠨ ᠠᠵᠢᠯ ᠤᠨ ᠪᠠᠶᠢᠷᠢ ᠭᠠᠷᠭᠠᠬᠤ᠂ ᠬᠥᠮᠦᠨ ᠪᠠ ᠠᠵᠢᠯ ᠤᠨ ᠪᠠᠶᠢᠷᠢ ᠲᠣᠬᠢᠷᠠᠯᠴᠠᠬᠤ ᠦᠭᠡᠶ ᠪᠠᠶᠢᠬᠤ᠂ ᠨᠢᠭᠡ ᠬᠥᠮᠦᠨ ᠣᠯᠠᠨ ᠠᠵᠢᠯ ᠤᠨ ᠪᠠᠶᠢᠷᠢ ᠲᠠᠢ ᠪᠠᠶᠢᠬᠤ᠂ ᠭᠠᠳᠠᠭᠰᠢ ᠶᠠᠪᠤᠭᠰᠠᠳ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠨᠥᠬᠦᠪᠥᠷᠢ ᠬᠦᠷᠲᠡᠬᠦ ᠵᠡᠷᠭᠡ ᠠᠰᠠᠭᠤᠳᠠᠯ ᠢ ᠵᠠᠯᠠᠷᠠᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠶ ᠡᠷᠦᠬᠡ ᠶᠢ ᠰᠢᠮᠳᠠᠭᠤᠯᠵᠤ ᠪᠠᠶᠢᠭᠠᠳ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠡᠭᠡᠷ᠎ᠡ ᠦᠶᠯᠡᠳᠦᠯ ᠢ ᠨᠢ ᠪᠠᠳᠠᠷᠠᠭᠤᠯᠵᠤ᠂ ᠥᠪᠡᠷ ᠤᠨ ᠬᠥᠳᠡᠯᠮᠦᠷᠢ ᠪᠠᠷ ᠢᠶᠠᠨ ᠳᠠᠮᠵᠢᠭᠤᠯᠤᠨ ᠬᠥᠯᠥᠰᠥ ᠣᠯᠭᠤᠮᠵᠢ ᠣᠯᠭᠤᠨ᠎ᠠ᠃    5᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠨ᠎ᠠ᠃ ᠨᠢᠭᠡ ᠳᠤ᠂ ᠠᠵᠤ ᠦᠢᠯᠡᠰ  ᠤᠨ ᠬᠥᠭᠵᠢᠯᠲᠡ ᠶᠢᠨ ᠴᠢᠭᠯᠡᠯ ᠢ ᠡᠵᠡᠮᠳᠡᠨ᠎ᠡ᠃ ︽ᠭᠤᠷᠪᠠ ᠳᠤ ᠠᠰᠢᠭᠲᠠᠶ ᠪᠠᠶᠢᠯᠭᠠᠬᠤ︾ ᠶᠢ ᠢᠮᠠᠭᠲᠠ ᠪᠠᠷᠢᠮᠲᠠᠯᠠᠨ᠎ᠠ᠄ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠵᠤ ᠦᠶᠯᠡᠰ ᠤᠨ ᠬᠥᠭᠵᠢᠯᠲᠡ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ︔ ᠠᠵᠤ ᠦᠶᠯᠡᠰ  ᠤᠨ ᠣᠨᠴᠠᠯᠢᠭ ᠢ ᠳᠣᠪᠣᠶᠢᠯᠭᠠᠵᠤ᠂ ᠠᠵᠤ ᠦᠶᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠶ︔ ᠵᠠᠬ᠎ᠠ ᠳᠡᠯᠭᠡᠭᠦᠷ ᠤᠨ ᠶᠠᠳᠠᠭᠤ ᠶᠢ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ ᠢ ᠬᠦᠯᠢᠶᠡᠨ ᠠᠪᠬᠤ ᠬᠡᠮᠵᠢᠶ᠎ᠡ ᠪᠠ ᠪᠠᠭ᠋ᠠᠷᠬᠠᠬᠤ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠶ᠃ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠰᠤᠳᠤᠯᠤᠨ ᠵᠠᠳᠠᠯᠵᠤ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠦᠢᠯᠡᠰ ᠤᠨ ᠲᠥᠷᠥᠯ ᠵᠦᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ ᠪᠠ ᠲᠦᠷᠭᠡᠨ ᠠᠬᠢᠭᠤᠯᠬᠤ ᠳᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠨ᠎ᠡ᠃ ᠬᠤᠶᠠᠷ ᠲᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠭᠤᠤᠯᠳᠠᠯᠭ᠎ᠠ ᠶᠢ ᠳᠣᠪᠣᠶᠢᠯᠭᠠᠨ᠎ᠠ᠃  ︽ᠠᠮᠢ ᠠᠬᠤᠶ ᠶᠢ ᠬᠠᠮᠠᠭᠠᠯᠠᠬᠤ᠂ ᠪᠣᠬᠢᠷᠲᠤᠯ ᠥᠬᠡᠶ ᠬᠥᠭᠵᠢᠭᠦᠯᠬᠦ︾ ᠶᠡᠭᠡ ᠪᠠᠶᠢᠷᠢᠰᠢᠯ ᠢ ᠪᠠᠷᠢᠮᠲᠠᠯᠠᠵᠤ᠂ ᠬᠠᠭᠤᠷᠠᠶ ᠲᠠᠷᠢᠮᠠᠯ ᠢ ᠣᠷᠭᠠᠨᠢᠭ ᠢᠶᠠᠷ ᠳᠠᠷᠢᠬᠤ ᠶᠢ ᠦᠷᠭᠦᠯᠵᠢᠯᠡᠨ ᠬᠥᠭᠵᠢᠭᠦᠯᠵᠦ᠂ ᠭᠤᠷᠪᠠᠨ ᠪᠦᠲᠦᠭᠡᠭᠳᠡᠬᠦᠨ ᠨᠢᠭᠡ ᠲᠡᠮᠳᠡᠭ ᠢᠶᠠᠷ ᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ  ᠤ ᠨᠡᠮᠡᠯᠲᠡ ᠥᠷᠲᠡᠭ ᠢ ᠴᠢᠷᠮᠠᠶᠢᠨ ᠳᠡᠭᠡᠭᠰᠢᠯᠡᠭᠦᠯᠦᠨ᠎ᠡ︔ ︽ᠬᠤᠨᠢᠨ ᠤ ᠲᠤᠭ᠎ᠠ ᠲᠣᠯᠣᠭᠠᠶ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠵᠦ ᠭᠠᠭ᠋ᠠᠶ ᠶᠢ ᠬᠢᠵᠠᠭᠠᠷᠯᠠᠨ ᠵᠢᠭᠦᠷᠲᠡᠨ ᠢ ᠦᠷᠭᠡᠳᠬᠡᠬᠦ  ︾ ᠬᠥᠭᠵᠢᠯᠲᠡ  ᠶᠢᠨ ᠰᠡᠳᠬᠢᠴᠡ ᠶᠣᠰᠣᠭᠠᠷ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠪᠠᠷᠢᠮᠲᠠᠯᠠᠨ᠂ ᠲᠡᠵᠢᠭᠡᠨ ᠦᠷᠡᠵᠢᠭᠦᠯᠬᠦ ᠦᠶᠯᠡᠰ ᠤᠨ ᠪᠦᠲᠦᠴᠡ ᠶᠢ ᠵᠦᠶ ᠵᠣᠬᠢᠰᠲᠠᠶ ᠰᠢᠯᠢᠳᠡᠭᠵᠢᠭᠦᠯᠵᠦ᠂ ᠦᠷ᠎ᠡ ᠶᠢᠨ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠦᠶᠯᠡᠰ ᠤᠨ ᠬᠥᠭᠵᠢᠯᠲᠡ ᠶᠢᠨ ᠬᠡᠯᠬᠢᠶ᠎ᠡ ᠶᠢ ᠲᠠᠰᠤᠷᠠᠯᠲᠠ ᠤᠢᠭᠡᠢ ᠤᠷᠲᠤᠳᠬᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠵᠣᠬᠢᠶᠠᠨ ᠪᠠᠶᠢᠭᠤᠯᠥᠯᠳᠡᠴᠢᠯᠬᠠᠰᠠᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠠᠰᠢᠭ ᠲᠤᠰᠠ ᠶᠢ ᠬᠤᠯᠪᠣᠭᠳᠠᠭᠤᠯᠬᠤ ᠪᠠ ᠶᠠᠳᠠᠭᠤ ᠬᠦᠴᠢᠷᠳᠡᠯᠲᠡᠶ ᠬᠥᠮᠦᠰ ᠢ ᠳᠠᠶᠢᠴᠢᠯᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠲᠣᠭᠲᠠᠴᠠ ᠶᠢ ᠪᠦᠷᠢᠨᠰᠢᠬᠦᠯᠥᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠭᠦᠶᠴᠡᠳ ᠬᠥᠭᠵᠢᠭᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ︽ᠬᠦᠯᠢᠶᠡᠬᠦ ᠲᠦᠰᠢᠭᠯᠡᠬᠦ ᠠᠪᠬᠤ︾ ᠠᠴᠠ ︽ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠬᠥᠭᠵᠢᠭᠦᠯᠬᠦ  ᠪᠠᠷ ᠴᠢᠷᠮᠠᠶᠢᠬᠤ᠂ ᠪᠠᠶᠠᠵᠢᠬᠤ ᠶᠢ ᠪᠤᠳᠤᠬᠤ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠭᠤᠷᠪᠠ ᠳᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠶᠠᠳᠠᠭᠤ ᠬᠦᠴᠢᠷᠳᠡᠯᠲᠡᠶ ᠬᠥᠲᠥᠴᠢ ᠠᠵᠤ ᠠᠬᠤᠶᠢᠯᠠᠯ᠂ ᠬᠤᠷᠰᠢᠶ᠎ᠠ᠂ ᠲᠣᠮᠣ ᠡᠷᠦᠬᠡ ᠶᠢᠨ ᠬᠥᠭᠵᠢᠨ ᠪᠤᠵᠠᠭᠠᠶᠢᠷᠬᠠᠤ ᠶᠢ ᠢᠳᠡᠪᠬᠢᠲᠡᠶ ᠳᠡᠮᠵᠢᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠪᠠᠭᠠᠰᠬᠠᠬᠤ ᠦᠶᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠡᠭᠦᠨ ᠤ ᠬᠠᠮᠲᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠢᠭᠡᠯᠡᠯᠭᠡ ᠣᠯᠭᠤᠪᠠᠰᠤ ᠵᠣᠬᠢᠬᠤ ᠪᠦᠬᠦᠨ ᠳᠤ ᠵᠢᠭᠡᠯᠡᠯᠭᠡ ᠣᠯᠭᠤᠬᠤ ᠶᠢ ᠦᠨᠡᠨ ᠬᠦ ᠪᠡᠶᠡᠯᠡᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠶᠯᠡᠳᠪᠦᠷᠢᠯᠡᠯ ᠤᠨ ᠬᠥᠭᠵᠢᠯᠲᠡ ᠶᠢ ᠪᠠᠲᠤᠯᠠᠨ᠎ᠠ᠃    6᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠨᠢᠭᠡ ᠳᠤ᠂ ᠪᠦᠬᠦ ᠰᠢᠶᠠᠨ ᠤ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠲᠥᠰᠦᠯ ᠢ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠶᠠᠳᠠᠭᠤᠷᠠᠬᠤ ᠶᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠳᠠᠬᠢᠨ ᠶᠠᠳᠠᠭᠤᠷᠠᠬᠤ  ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠢ ᠪᠠᠶᠢᠩᠭᠤᠵᠢᠭᠤᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠢᠯᠭᠠᠨ ᠲᠠᠨᠢᠬᠤ ᠪᠠᠷᠢᠮᠵᠢᠶ᠎ᠠ ᠶᠣᠰᠣᠭᠠᠷ᠂ ᠶᠠᠳᠠᠭᠤᠷᠠᠮᠠᠷ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ ᠶᠢ ᠢᠯᠭᠠᠨ ᠲᠠᠨᠢᠬᠤ ᠪᠠᠷᠢᠮᠵᠢᠶ᠎ᠠ ᠪᠠ ᠶᠠᠪᠤᠴᠠ ᠶᠢ ᠣᠨᠣᠪᠴᠢᠲᠠᠶ ᠡᠵᠡᠮᠳᠡᠵᠦ᠂ ᠶᠠᠳᠠᠭᠤᠷᠠᠬᠤ᠂ ᠳᠠᠬᠢᠨ ᠶᠠᠳᠠᠭᠤᠷᠠᠬᠤ ᠲᠦᠭᠰᠢᠭᠦᠷᠢ ᠲᠠᠢ ᠶᠠᠳᠠᠭᠤ ᠬᠦᠴᠢᠷᠳᠡᠯᠲᠡᠶ ᠡᠷᠦᠬᠡ ᠶᠢ ᠴᠠᠭ ᠲᠤᠬᠠᠶ ᠳᠤᠨᠢ ᠢᠯᠡᠷᠡᠭᠦᠯᠵᠦ᠂ ᠬᠢᠨᠠᠨ ᠰᠢᠨᠵᠢᠭᠳᠡᠬᠦ ᠡᠲᠡᠭᠡᠳ ᠤᠨ ᠲᠦᠭᠰᠢᠭᠦᠷᠢ ᠶᠢᠨ ᠲᠠᠰ ᠵᠡᠷᠭᠡ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠬᠡᠪᠴᠢᠶᠡᠨ ᠳᠤ ᠣᠷᠣᠭᠤᠯᠤᠨ᠂ ᠢᠯᠭᠠᠨ ᠲᠠᠨᠢᠵᠤ ᠬᠢᠨᠠᠨ ᠰᠢᠨᠵᠢᠬᠦ ᠨᠥᠬᠦᠴᠡᠯ ᠳᠤ ᠨᠡᠶᠢᠴᠡᠭᠰᠡᠨ ᠪᠦᠬᠦᠨ ᠢ ᠲᠠᠰ ᠳᠠᠷᠠᠭᠠᠯᠠᠯ ᠶᠣᠰᠣᠭᠠᠷ ᠴᠠᠭ ᠲᠤᠬᠠᠶ ᠳᠤᠨᠢ ᠢᠯᠭᠠᠨ ᠲᠠᠨᠢᠵᠤ ᠣᠷᠣᠭᠤᠯᠤᠨ᠂ ︽ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠬᠤ︾ ᠶᠢ ᠪᠡᠶᠡᠯᠡᠭᠦᠯᠵᠦ᠂ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠵᠤ᠂ ᠬᠤᠶᠠᠷ ᠲᠥᠷᠥᠯ ᠤᠨ ᠬᠢᠨᠠᠨ ᠰᠢᠨᠵᠢᠭᠳᠡᠬᠦ ᠬᠥᠮᠦᠰ ᠤᠨ ︽ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠬᠠᠪᠰᠤᠷᠤᠨ ᠲᠡᠳᠬᠦᠬᠦ  ︾ ᠶᠢ ᠦᠨᠡᠨᠬᠦ ᠪᠠᠲᠤᠯᠠᠨ᠎ᠠ᠃    7᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭ᠎ᠠ ᠲᠡᠳᠬᠦᠨ ᠳᠡᠮᠵᠢᠬᠦ ᠠᠵᠢᠯ ᠢ ᠰᠠᠶᠢᠲᠤᠷ ᠬᠢᠨ᠎ᠡ᠃ ᠨᠢᠭᠡ  ᠳᠤ᠂ ᠰᠠᠭᠤᠷᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠥᠪᠬᠢᠨᠡᠭᠦᠯᠬᠦ ᠣᠷᠣᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠩ ᠰᠤᠷᠲᠠᠯ  ᠤᠨ ᠪᠣᠯᠪᠠᠰᠤᠨ ᠵᠢᠴᠢ ᠦᠵᠡᠯ ᠰᠠᠨᠠᠭᠠᠨ ᠤ ᠲᠠᠯᠠᠷᠬᠠᠯ ᠤᠨ ᠬᠥᠮᠦᠵᠢᠯ ᠢ ᠪᠠᠶᠢᠩᠭᠤ ᠥᠷᠨᠢᠭᠦᠯᠵᠦ᠂ ᠨᠡᠭᠦᠯᠭᠡᠭᠰᠡᠨ ᠣᠯᠠᠨ ᠲᠦᠮᠡᠨ ᠢ ᠬᠠᠪᠰᠤᠷᠤᠨ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠠᠮᠢᠳᠤᠷᠠᠯ ᠳᠤ ᠨᠠᠩ ᠰᠠᠶᠢᠨ ᠠᠭᠤᠰᠬᠠᠨ ᠣᠷᠣᠭᠤᠯᠤᠨ᠎ᠠ᠃ ᠬᠤᠶᠠᠷ ᠲᠤ᠂ ᠠᠵᠤ ᠦᠢᠯᠡᠰ ᠠᠵᠢᠯ ᠣᠯᠭᠤᠯᠲᠠ ᠪᠠᠷ ᠲᠡᠳᠬᠦᠨ ᠳᠡᠮᠵᠢᠬᠦ ᠶᠢ ᠴᠢᠩᠭᠠᠳᠬᠠᠨ᠎ᠠ᠃ ︽ᠲᠥᠯᠯᠡᠬᠦ ᠬᠤᠨᠢᠨ ᠤ ᠪᠠᠩᠬᠢ︾ ᠶᠢ ᠦᠷᠭᠦᠯᠵᠢᠯᠡᠨ ᠠᠬᠢᠭᠤᠯᠵᠤ᠂ ᠬᠥᠳᠡᠯᠮᠦᠷᠢ ᠬᠦᠴᠦᠨ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠮᠤᠷᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠢᠵᠢᠯ ᠠᠯᠬᠤᠮ ᠢᠶᠠᠷ ᠨᠡᠭᠦᠯᠭᠡᠬᠦ ᠬᠥᠮᠦᠨ ᠠᠮᠠ ᠳᠠᠰᠢ ᠠᠯᠬᠤᠮ ᠠᠯᠬᠤᠮ ᠢᠶᠠᠷ ᠥᠷᠭᠡᠳᠬᠡᠨ᠎ᠡ︔ ᠲᠥᠪᠬᠢᠨᠡᠭᠦᠯᠬᠦ ᠣᠷᠣᠨ ᠤ ᠬᠥᠮᠦᠨ ᠠᠮᠠ ᠶᠢᠨ ︽ᠨᠠᠰᠤᠵᠢᠯᠲᠠ︾ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠤ ᠪᠠᠶᠢᠭ᠎ᠠ᠂ ᠬᠦᠷᠢᠶ᠎ᠡ ᠬᠠᠰᠢᠶ᠎ᠠ ᠶᠢᠨ ᠦᠶᠯᠡᠳᠪᠦᠷᠢᠯᠡᠯ ᠢᠶᠠᠨ ᠬᠥᠭᠵᠢᠭᠦᠯᠬᠦ  ᠳᠤ ᠬᠦᠴᠢᠷᠲᠡᠶ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠣᠷᠣᠨ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠨᠠᠶᠢᠳᠠᠵᠤ ᠣᠷᠣᠯᠠᠨ ᠲᠡᠵᠢᠭᠡᠯᠭᠡᠬᠦ ᠵᠡᠷᠭᠡ ᠵᠠᠭᠪᠤᠷ ᠢ ᠠᠪᠴᠤ᠂ ᠨᠡᠭᠦᠯᠭᠡᠭᠰᠡᠨ ᠬᠥᠮᠦᠨ ᠠᠮᠠ ᠶᠢᠨ ᠲᠣᠭᠲᠠᠪᠤᠷᠢᠲᠠᠶ ᠠᠮᠢᠳᠤᠷᠠᠯ ᠤᠨ ᠢᠷᠡᠯᠲᠡ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠭᠤᠷᠪᠠ ᠳᠤ᠂ ᠬᠥᠳᠡᠯᠮᠦᠷᠢ ᠶᠢᠨ ᠪᠣᠳᠠᠲᠤ ᠬᠡᠷᠡᠭᠯᠡᠭᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ  ᠢ ᠴᠢᠩᠭᠠᠳᠬᠠᠵᠤ᠂ ᠬᠦᠰᠡᠯ ᠡᠷᠡᠮᠡᠯᠵᠡᠯ ᠲᠠᠢ ᠪᠥᠭᠡᠳ ᠬᠥᠳᠡᠯᠮᠦᠷᠢ ᠬᠦᠴᠦᠨ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠶᠢᠷ᠎ᠠ ᠬᠠᠪᠢ ᠠᠴᠠ ᠪᠠᠨ ᠠᠵᠤ ᠠᠬᠤᠶᠢᠯᠠᠯ ᠪᠤᠶᠤ ᠶᠠᠳᠠᠭᠤ ᠠᠴᠠ ᠠᠩᠭᠢᠵᠢᠷᠠᠭᠤᠯᠬᠤ ᠦᠶᠯᠡᠳᠪᠦᠷᠢ  ᠶᠢᠨ ᠲᠠᠰᠤᠭ ᠲᠤ ᠬᠦᠷᠴᠦ ᠠᠵᠢᠯ ᠬᠢᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ ᠵᠡᠷᠭᠡ ᠣᠯᠠᠨ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠤᠯᠬᠤ ᠠᠰᠠᠭᠤᠳᠠᠯ ᠢ ᠦᠨᠡᠨᠬᠦ ᠪᠠᠲᠤᠯᠠᠵᠤ᠂ ᠰᠢᠶᠠᠨ ᠤ ᠬᠤᠲᠠ ᠶᠢᠨ ᠲᠥᠪᠬᠢᠨᠡᠭᠦᠯᠬᠦ ᠲᠣᠭᠤᠷᠢᠭ ᠲᠤ ᠨᠡᠭᠦᠯᠭᠡᠭᠰᠡᠨ ᠡᠷᠦᠬᠡ ᠳᠤ ᠨᠠᠭᠠᠳᠤ ᠵᠠᠬ᠎ᠠ ᠳᠠᠭᠠᠨ ᠨᠢᠭᠡ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠦᠨ ᠠᠮᠠ ᠳᠤ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠶᠯ ᠢ ᠨᠢ ᠪᠠᠲᠤᠯᠠᠬᠤ ᠶᠢ ᠭᠤᠤᠯᠳᠠᠯᠭ᠎ᠠ ᠲᠠᠢ ᠰᠠᠶᠢᠲᠤᠷ ᠬᠢᠵᠦ᠂  ︽ᠨᠡᠭᠦᠵᠦ ᠳᠡᠶᠢᠯᠬᠦ᠂ ᠲᠣᠭᠲᠠᠪᠤᠷᠢᠵᠢᠵᠤ ᠳᠡᠶᠢᠯᠬᠦ᠂ ᠠᠯᠬᠤᠮ ᠠᠯᠬᠤᠮ ᠢᠶᠠᠷ ᠪᠠᠶᠠᠵᠢᠵᠤ ᠳᠡᠶᠢᠯᠬᠦ  ︾ ᠶᠢ ᠦᠨᠡᠨ ᠬᠦ ᠪᠡᠶᠡᠯᠡᠭᠦᠯᠦᠨ᠎ᠡ᠃    8᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠨ᠎ᠠ᠃ ᠨᠢᠭᠡ ᠳᠤ᠂ ᠦᠨᠡᠨᠬᠦ ᠬᠡᠷᠡᠭᠵᠢᠭᠦᠯᠦᠭᠦᠰᠢᠲᠡᠶ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠦᠶᠯᠡᠳᠬᠦᠨ ᠤ ᠨᠡᠷ᠎ᠡ ᠪᠠ ᠡᠭᠦᠷᠭᠡ ᠶᠢᠨ ᠨᠠᠷᠢᠨ ᠬᠠᠭᠤᠳᠠᠰᠤ ᠶᠢ ᠵᠢᠭᠰᠠᠭᠠᠨ᠂ ᠣᠨ ᠤ ᠬᠠᠷᠠᠯᠲᠠ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠡᠷᠡᠭᠯᠡᠭᠡ  ᠪᠠᠷ ᠶᠠᠳᠠᠭᠤ ᠶᠢ ᠲᠡᠳᠬᠦᠬᠦ ᠠᠵᠢᠯ ᠤᠨ ᠥᠨᠳᠥᠷ ᠦᠷ᠎ᠡ ᠪᠦᠲᠦᠮᠵᠢᠲᠡᠶ ᠠᠭᠢᠬᠤ ᠶᠢ ᠦᠨᠡᠨᠬᠦ ᠪᠠᠲᠤᠯᠠᠨ᠎ᠠ᠃ ᠬᠤᠶᠠᠷ  ᠲᠤ᠂ ᠶᠠᠳᠠᠭᠤ ᠶᠢ ᠲᠡᠳᠬᠦᠬᠦ ᠦᠶᠯᠡᠳᠬᠦᠨ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ᠂ ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶᠡᠨ ᠳᠤ ᠳᠠᠩᠰᠠᠯᠠᠭᠤᠯᠬᠤ ᠪᠠ ︽ᠶᠠᠳᠠᠭᠤ ᠶᠢ ᠲᠡᠳᠬᠦᠬᠦ 832︾ ᠲᠠᠪᠴᠠᠩ ᠳᠤ ᠪᠦᠷᠢᠳᠬᠡᠭᠦᠯᠬᠦ ᠠᠵᠢᠯ ᠢ ᠰᠠᠶᠢᠲᠤᠷ ᠠᠳᠬᠤᠵᠤ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠶᠠᠳᠠᠭᠤ ᠶᠢ ᠲᠡᠳᠬᠦᠬᠦ ᠦᠶᠯᠡᠳᠬᠦᠨ ᠢ ︽ᠪᠦᠬᠦᠨ ᠢ ᠣᠷᠣᠭᠤᠯᠵᠤ︾᠂ ᠶᠠᠳᠠᠭᠤ ᠶᠢ ᠲᠡᠳᠬᠦᠬᠦ ᠦᠶᠯᠡᠳᠬᠦᠨ ᠵᠢᠴᠢ ᠦᠶᠯᠡᠳᠬᠦᠨ ᠤ ᠬᠠᠩᠭᠠᠯᠭ᠎ᠠ ᠶᠢᠨ ᠬᠤᠳᠠᠯᠳᠤᠭᠠᠴᠢᠨ ᠪᠦᠬᠦᠨ ᠢᠶᠠᠷ ᠢᠶᠠᠨ ᠲᠠᠪᠴᠠᠩ ᠳᠤ ᠪᠦᠷᠢᠳᠬᠡᠭᠦᠯᠦᠨ᠎ᠡ᠃ ᠭᠤᠷᠪᠠ ᠳᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠤᠰᠬᠠᠶ ᠣᠷᠳᠣᠨ ᠲᠤᠰᠬᠠᠶ ᠣᠷᠣᠨ ᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ︽ᠲᠠᠪᠤ ᠶᠢ ᠣᠷᠣᠭᠤᠯᠬᠤ︾᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ  ᠢᠶᠠᠷ ᠢᠶᠠᠨ ᠬᠠᠪᠰᠤᠷᠤᠨ ᠪᠣᠷᠣᠯᠠᠭᠤᠯᠬᠤ ᠠᠵᠢᠯ ᠢ ᠰᠠᠶᠢᠲᠤᠷ ᠬᠢᠨ᠎ᠠ᠃ ᠳᠥᠷᠪᠡ ᠳᠤ᠂ ᠵᠠᠭᠤᠴᠢᠯᠠᠭᠤᠷ ᠤᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠦᠷᠭᠡᠬᠦ ᠵᠡᠷᠭᠡ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠵᠠᠭᠤᠴᠢᠯᠠᠭᠤᠷ ᠤᠨ ᠦᠶᠯᠡᠳᠦᠯ ᠢ ᠭᠦᠶᠴᠡᠳ ᠪᠠᠳᠠᠷᠠᠭᠤᠯᠤᠨ᠂ ᠶᠠᠳᠠᠭᠤ ᠶᠢ ᠲᠡᠳᠬᠦᠬᠦ ᠦᠶᠯᠡᠳᠬᠦᠨ ᠪᠠ ᠶᠠᠳᠠᠭᠤ ᠬᠦᠴᠢᠷᠳᠡᠯᠲᠡᠶ ᠭᠤᠤᠯ ᠴᠣᠭᠴᠠ ᠶᠢ ᠳᠠᠶᠢᠴᠢᠯᠠᠬᠤ ᠲᠠᠷᠢᠶᠠᠯᠠᠩ ᠲᠤᠰᠠᠯᠠᠬᠤ ᠦᠶᠯᠡᠳᠪᠦᠷᠢᠯᠡᠯ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃    9᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠰᠠᠶᠢᠲᠤᠷ ᠬᠢᠨ᠎ᠡ᠃ ᠨᠢᠭᠡ ᠳᠤ ᠂ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠪᠠ ᠲᠥᠷᠥᠯ ᠵᠦᠢᠯ  ᠤᠨ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾ ᠶᠢᠨ ᠲᠣᠭᠲᠠᠭᠠᠯ ᠢ ᠴᠢᠩᠭ᠎ᠠ ᠵᠢᠷᠤᠮᠯᠠᠨ ᠡᠷᠲᠡᠬᠡᠨ ᠲᠥᠯᠥᠪᠵᠢᠭᠦᠯᠵᠦ᠂ ᠪᠡᠭᠡᠵᠢᠩ ᠥᠪᠥᠷ ᠮᠣᠩᠭᠤᠯ ᠤᠨ ᠪᠡᠯᠡ ᠮᠥᠩᠭᠦ ︵ᠳ᠋ᠦᠩ ᠴᠧᠩ ᠤᠨ ᠪᠡᠯᠡ ᠮᠥᠩᠭᠦ︶ ᠶᠢᠨ ᠲᠥᠷᠥᠯ ᠵᠦᠢᠯ ᠢ ᠵᠦᠢ ᠵᠣᠬᠢᠰᠲᠠᠶ ᠲᠣᠬᠢᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ ᠤᠷᠤᠭᠰᠢᠲᠠᠶ ᠠᠬᠢᠭᠤᠯᠬᠤ ᠳᠤ ᠰᠠᠭᠤᠷᠢ ᠲᠠᠯᠪᠢᠨ᠎ᠠ᠃ ᠬᠤᠶᠠᠷ ᠲᠤ᠂ ᠪᠡᠭᠡᠵᠢᠩ ᠥᠪᠥᠷ ᠮᠣᠩᠭᠤᠯ ᠤᠨ ᠲᠥᠷᠥᠯ ᠵᠦᠶᠯ ᠤᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠵᠣᠯᠭᠠᠭᠤᠯᠤᠨ ᠵᠣᠬᠢᠴᠠᠭᠤᠯᠵᠤ᠂ ᠲᠥᠷᠥᠯ ᠵᠦᠶᠯ ᠤᠨ ᠦᠷ᠎ᠡ ᠠᠰᠢᠭ ᠢ ᠪᠠᠳᠠᠷᠠᠭᠤᠯᠬᠤ ᠵᠢᠴᠢ ᠡᠭᠦᠰᠦᠭᠰᠡᠨ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠠᠵᠢᠯ ᠢ ᠴᠢᠩᠭ᠎ᠠ ᠠᠩᠬᠠᠷᠤᠨ᠎ᠠ᠃ ᠭᠤᠷᠪᠠ ᠳᠤ᠂ ᠳ᠋ᠦᠩ ᠴᠧᠩ ᠲᠣᠭᠤᠷᠢᠭ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠡᠷᠭᠡᠵᠢᠯ ᠤᠨ ᠪᠣᠯᠪᠠᠰᠤᠷᠠᠭᠤᠯᠤᠯ᠂ ᠴᠢᠳᠠᠪᠤᠷᠢᠲᠠᠨ ᠤ ᠰᠣᠯᠢᠯᠴᠠᠭ᠎ᠠ᠂ ᠲᠥᠷᠥᠯ ᠵᠦᠶᠯ ᠣᠷᠣᠭᠤᠯᠤᠨ ᠠᠪᠴᠢᠷᠠᠬᠤ ᠵᠢᠴᠢ ᠪᠠᠯᠠ ᠮᠥᠩᠭᠦ ᠣᠷᠣᠭᠤᠯᠬᠤ ᠵᠡᠷᠭᠡ ᠣᠯᠠᠨ ᠲᠠᠯ᠎ᠠ ᠪᠠᠷ ᠵᠣᠬᠢᠴᠠᠭᠤᠯᠤᠨ ᠵᠣᠯᠭᠠᠭᠤᠯᠤᠨ᠎ᠠ᠃    10᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠵᠡᠷᠭᠡ ᠴᠡᠭ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠲᠠᠰᠤᠷᠠᠯᠲᠠ ᠥᠬᠡᠶ ᠨᠥᠬᠦᠪᠥᠷᠢᠯᠡᠵᠦ᠂ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2