2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/26
           2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ--2021 ᠣᠨ ᠤ 2 ᠰᠠᠷ᠎ᠠ ᠶᠢᠨ 28 ᠤ ᠡᠳᠦᠷ ᠤᠨ ᠬᠤᠸᠠᠳᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                 ᠰᠢᠶᠠᠨ ᠤ ᠲᠠᠷᠤᠭ᠎ᠠ ᠼᠦᠢ ᠢᠦᠢ ᠯᠠᠢᠲᠥᠯᠥᠭᠡᠯᠡᠭᠴᠢᠳ ᠡ᠄ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭ᠎ᠠ ᠪᠠ 2020 ᠣᠨ ᠤ ᠠᠵᠢᠯ ᠤᠨ ᠡᠷᠭᠢᠴᠡᠭᠦᠯᠦᠯ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠬᠠᠲᠠᠭᠤᠵᠢᠨ ᠤᠷᠤᠭᠰᠢᠯᠠᠵᠤ᠂ ᠠᠮᠵᠢᠯᠲᠠ ᠪᠦᠲᠦᠮᠵᠢ ᠭᠠᠷᠭᠠᠭᠰᠠᠨ ᠲᠠᠪᠤᠨ ᠵᠢᠯ ᠮᠥᠨ᠃ ᠲᠠᠪᠤᠨ ᠵᠢᠯ ᠤᠨ ᠲᠤᠷᠰᠢ᠂ ᠬᠦᠨᠳᠦ ᠨᠣᠴᠢᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠪᠠ ᠮᠠᠰᠢ ᠣᠯᠠᠨ ᠥᠷᠢᠰᠦᠯᠳᠦᠭᠡᠨ ᠤ ᠡᠮᠦᠨ᠎ᠡ᠂ ᠪᠦᠬᠦ ᠰᠢᠶᠠᠨ ᠤ ᠬᠢᠨ ᠢᠶᠠᠷ ᠢᠶᠠᠨ ᠱᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ ᠴᠢᠨᠡᠭᠡᠯᠢᠭ  ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠪᠠ᠃︵ᠨᠢᠬᠡ︶᠂ ᠴᠢᠨᠡᠭᠡᠯᠢᠭ ᠨᠡᠶᠢᠭᠡᠮ ᠤᠨ ᠬᠠᠷᠠᠯᠲᠠ ᠡᠭᠦᠷᠭᠡ ᠶᠢ ᠪᠠᠷᠢᠮᠳᠠᠯᠠᠨ᠂ ︽ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ︾ ᠰᠢᠨ᠎ᠡ ᠠᠮᠵᠢᠯᠲᠠ ᠶᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠣᠯᠪᠠ᠃ ︽ᠵᠢᠷᠭᠤᠭᠠᠨ ᠨᠠᠷᠢᠯᠢᠭ ᠣᠨᠣᠪᠴᠢᠲᠠᠢ᠂ ᠲᠠᠪᠤᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠳᠤ ᠲᠥᠪᠯᠡᠷᠡᠭᠦᠯᠦᠨ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ 14972 ᠶᠠᠳᠠᠭᠤ ᠬᠦᠴᠢᠷᠳᠡᠯᠲᠡᠢ ᠬᠥᠮᠦᠨ ᠠᠮᠠ ᠪᠤᠯᠤᠨ 64 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠲᠣᠭᠲᠠᠭᠰᠠᠨ ᠬᠤᠭᠤᠴᠠᠭᠠᠨ ᠳᠤ ︽ᠬᠦᠮᠦᠨ ᠪᠠ ᠲᠤᠰᠬᠤᠨ ᠢ ᠶᠠᠳᠠᠭᠤ ᠠᠴᠠ ᠠᠩᠭᠢᠵᠢᠷᠠᠭᠤᠯᠤᠨ᠂ ᠰᠢᠶᠠᠨ ᠤ ᠶᠠᠳᠠᠭᠤ ᠮᠠᠯᠠᠭᠠᠢ ᠶᠢ ᠠᠪᠴᠦ ᠬᠠᠶᠠᠬᠤ︾ ᠬᠠᠷᠠᠯᠲᠠ ᠶᠢ ᠪᠡᠶᠡᠯᠡᠭᠦᠯᠪᠡ᠃ ᠤᠤᠭᠤᠬᠤ ᠤᠰᠤᠨ ᠤ ᠠᠮᠤᠷ ᠲᠦᠪᠰᠢᠨ ᠪᠠ ᠣᠷᠣᠨ ᠰᠠᠭᠤᠴᠠ ᠶᠢᠨ ᠠᠰᠠᠭᠤᠳᠠᠯ ᠢ ᠲᠤᠶᠢᠯᠪᠦᠷᠢᠲᠠᠢ ᠰᠢᠢᠳᠪᠦᠷᠢᠯᠡᠵᠦ᠂ 140 ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠬᠡᠷᠡᠭᠵᠢᠬᠦᠯᠦᠨ᠂ 7848 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠨᠢ ᠥᠭᠡᠷᠡᠴᠢᠯᠡᠨ ᠵᠠᠰᠠᠵᠦ᠂ 2505 ᠶᠠᠳᠠᠭᠤ ᠬᠦᠴᠢᠷᠳᠠᠯᠳᠠᠢ ᠡᠷᠦᠬᠡ ᠶᠢ ᠣᠨᠳᠣᠣ ᠭᠠᠵᠠᠷ  ᠨᠡᠭᠦᠯᠭᠡᠪᠡ᠃ ᠨᠠᠶᠢᠳᠠ 15165 ᠶᠠᠳᠠᠭᠤ ᠬᠦᠴᠢᠷᠳᠡᠯᠲᠡᠢ ᠰᠤᠷᠤᠭᠴᠢᠳ ᠲᠤ 7229 ᠲᠦᠮᠡᠨ ᠲᠥᠭᠦᠷᠢᠭ ᠤᠨ ᠲᠤᠰᠠᠯᠠᠮᠵᠢ ᠬᠠᠩᠭᠠᠨ᠂ ᠠᠮᠢᠳᠤᠷᠠᠯ ᠨᠢ ᠶᠠᠳᠠᠭᠤ ᠬᠦᠴᠢᠷᠳᠡᠯᠲᠡᠢ ᠠᠴᠠ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠦᠵᠡᠭᠳᠡᠯ ᠭᠠᠷᠤᠭᠰᠠᠨ ᠦᠭᠡᠢ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ᠂ ᠬᠦᠨᠳᠦ ᠡᠪᠡᠳᠴᠢᠨ ᠤ ᠠᠪᠤᠷᠠᠨ ᠲᠤᠰᠠᠯᠠᠯᠲᠠ ᠵᠡᠷᠭᠡ ᠵᠢᠷᠭᠤᠭᠠᠨ ᠡᠮ ᠡᠮᠨᠡᠯᠭᠡ ᠶᠢᠨ ᠪᠠᠲᠤᠯᠠᠪᠤᠷᠢ ᠶᠢᠨ ᠳᠠᠩᠰᠠ  ᠴᠠᠶᠢᠷᠠᠭᠤᠯᠬᠤ ᠬᠠᠷᠢᠴᠠᠯ ᠢ 90% ᠳᠤ ᠬᠦᠷᠭᠡᠪᠡ᠃ 10983 ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠭᠠᠭᠠᠨ ᠪᠠᠲᠤᠯᠠᠬᠤ ᠬᠡᠪᠴᠢᠶᠡᠨ ᠳᠤ ᠣᠷᠣᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠵᠤ ᠦᠢᠯᠡᠰ ᠤᠨ ᠪᠦᠷᠬᠦᠯᠲᠡ ᠶᠢᠨ ᠨᠣᠷᠮ᠎ᠠ 100% ᠳᠤ ᠬᠦᠷᠪᠡ᠃ ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ ᠴᠠᠬᠢᠯᠭᠠᠨ ᠦᠷᠳᠡᠭᠡ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠪᠦᠭᠦᠳᠡ ᠶᠠᠳᠠᠭᠤ ᠬᠦᠴᠢᠷᠳᠡᠯᠲᠠᠢ ᠲᠣᠰᠬᠤᠨ ᠪᠣᠯᠤᠨ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠡᠷᠦᠬᠡ ᠶᠢ ᠬᠠᠮᠤᠷᠤᠭᠰᠠᠨ ᠪᠠᠶᠢᠨ᠎ᠠ᠃ 46 ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠠᠰᠤᠭ ᠪᠠᠶᠢᠭᠤᠯᠵᠦ᠂ 286 ᠬᠦᠮᠦᠨ ᠳᠤ ᠠᠵᠢᠯ ᠣᠯᠭᠤᠵᠠᠢ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠳᠤᠮᠳᠠᠴᠢ ᠪᠠᠷ 38 ᠲᠦᠮᠡᠨ ᠲᠥᠭᠦᠷᠢᠭ ᠲᠤ ᠬᠦᠷᠭᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ᠂ ᠨᠠᠶᠢᠳᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 3980 ᠰᠣᠩᠭᠤᠨ ᠤᠷᠢᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠣᠢ ᠶᠢᠨ ᠬᠠᠮᠠᠭᠠᠯᠠᠭᠴᠢ 1399᠂ ᠨᠠᠶᠢᠳᠠ ᠶᠢᠨ ᠠᠰᠠᠷᠠᠮᠵᠢ ᠶᠢᠨ ᠣᠢ ᠶᠢᠨ ᠬᠠᠮᠠᠭᠠᠯᠠᠭᠴᠢ 3951 ᠬᠥᠮᠦᠨ ᠢ ᠡᠯᠰᠡᠨ ᠬᠡᠷᠡᠭᠯᠡᠪᠡ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠬᠥᠭᠵᠢᠭᠦᠯᠵᠦ᠂ ᠬᠥᠳᠡᠭᠡ ᠲᠣᠰᠬᠤᠨ ᠤ ᠣᠨᠴᠠ ᠭᠠᠷᠤᠯᠲᠠ ᠶᠢ ᠪᠣᠷᠣᠯᠠᠭᠤᠯᠤᠭᠰᠠᠨ ᠣᠷᠣᠯᠭ᠎ᠠ ᠶᠢ ᠨᠠᠶᠢᠳᠠ 972.5 ᠲᠦᠮᠡᠨ ᠲᠥᠭᠦᠷᠢᠭ ᠲᠤ ᠬᠦᠷᠬᠡᠪᠡ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠬᠦᠳᠴᠦ᠂ 7180 ᠶᠠᠳᠠᠭᠤ ᠬᠦᠴᠢᠷᠳᠡᠯᠲᠡᠢ ᠡᠷᠦᠬᠡ ᠳᠤ 3.657 ᠳ᠋ᠦᠩᠰᠢᠭᠤᠷ ᠲᠥᠭᠦᠷᠢᠭ ᠤᠨ ᠪᠠᠭ᠎ᠠ ᠲᠤᠭᠠᠨ  ᠤ ᠢᠳᠡᠬᠡᠮᠵᠢᠳᠦ ᠵᠢᠬᠡᠯᠡᠯᠬᠡ ᠲᠠᠷᠬᠠᠭᠠᠪᠠ᠃ ᠲᠥᠪ ᠤᠨ ᠣᠷᠣᠨ ᠲᠣᠭᠠᠨ ᠤ ᠠᠯᠪᠠᠨ ᠭᠡᠷ ᠤᠨ ᠴᠢᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠤᠨ ᠳ᠋ᠦᠩ ᠴᠧᠩ ᠲᠣᠭᠤᠷᠢᠭ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠬᠦᠨᠵᠡᠬᠡᠶᠢᠷᠡᠬᠦᠯᠦᠨ᠂ ᠨᠠᠶᠢᠳᠠ 6.62 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠵᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠪᠠ ᠴᠢᠳᠠᠪᠤᠷᠢᠲᠠᠨ ᠤ ᠮᠡᠷᠭᠡᠵᠢᠯ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠪᠡ᠃ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠢ ᠰᠡᠷᠬᠡᠶᠢᠯᠡᠪᠡ ᠃ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠳᠠᠯᠠᠨ᠂ ᠤᠯᠤᠰ ᠲᠥᠷᠥ ᠪᠠ ᠪᠦᠬᠦ ᠲᠠᠯ᠎ᠠ ᠶᠢᠨ ᠥᠨᠳᠥᠷᠴᠡ ᠠᠴᠠ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ ᠠᠵᠢᠯ ᠢ ᠠᠬᠢᠭᠤᠯᠤᠨ᠂ ︽ᠬᠤᠸᠠᠳᠧ ᠰᠢᠶᠠᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠠᠷᠢᠯᠭᠠᠬᠤ ᠲᠥᠰᠦᠯ︾ ᠢ ᠲᠣᠭᠲᠠᠭᠠᠨ ᠲᠡᠭᠦᠯᠳᠡᠷᠵᠢᠭᠦᠯᠵᠦ᠂ ᠥᠷᠢ ᠦᠭᠴᠡᠬᠡᠨ ᠤ ᠡᠷᠬᠡ ᠡᠬᠦᠷᠬᠡ ᠶᠢ ᠲᠤᠳᠤᠷᠬᠠᠶᠢᠯᠠᠨ᠂ ᠦᠭᠴᠡᠬᠡᠨ ᠤ ᠠᠷᠭ᠎ᠠ ᠠᠪᠴᠢᠯ ᠤᠨ ᠰᠢᠨ᠎ᠡ ᠶᠢ ᠡᠬᠦᠳᠴᠦ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠮᠦᠩᠭᠦ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠢᠳᠦᠭᠰᠡᠨ ᠦᠷᠢ ᠪᠠᠨ ᠰᠢᠢᠳᠪᠦᠷᠢᠯᠡᠬᠦ ᠡᠬᠦᠷᠬᠡ ᠪᠠᠨ ᠯᠠᠪᠳᠠᠭᠤᠨ ᠪᠠᠲᠤᠲᠠᠢ ᠪᠠᠶᠡᠯᠡᠬᠦᠯᠪᠡ᠃ ᠪᠣᠬᠢᠷᠲᠤᠯ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠦᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ ᠭᠡᠬᠦ ᠤᠶᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ᠠᠮᠢ ᠠᠬᠤᠢ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠵᠤ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ 68.35 ᠲᠦᠮᠡᠨ ᠮᠦ ᠬᠤᠪᠢᠶᠠᠷᠢᠯᠠᠨ᠂ ᠬᠤᠲᠠ ᠪᠠᠯᠭᠠᠰᠤ ᠶᠢᠨ ᠡᠷᠭᠢᠨ ᠲᠣᠭᠤᠷᠢᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 24.75 ᠲᠦᠮᠡᠨ ᠮᠦ ᠬᠤᠪᠢᠶᠠᠵᠤ ᠲᠤᠭᠳᠠᠭᠠᠪᠠ᠃ ᠣᠷᠴᠢᠨ ᠲᠣᠭᠤᠷᠢᠨ ᠤ ᠶᠡᠰᠦ ᠴᠢᠨᠠᠷ ᠢ ᠮᠡᠳᠡᠭᠳᠡᠮ᠎ᠡ ᠰᠠᠶᠢᠵᠢᠷᠠᠭᠤᠯᠵᠦ᠂ ᠪᠡᠭᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢ ᠵᠠᠰᠠᠬᠤ ᠲᠥᠰᠦᠯ ᠪᠠ ᠰᠢᠨ᠎ᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠦᠢᠵᠢᠭᠤᠯᠬᠤ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠨᠡᠶᠢᠳᠡ 19.28 ᠲᠦᠮᠡᠨ ᠮᠦ ᠬᠡᠷᠡᠭᠵᠢᠬᠦᠯᠵᠦ᠂ ᠭᠤᠤᠯᠳᠠᠯᠭ᠎ᠠ ᠲᠠᠢ ᠭᠠᠵᠠᠷ ᠤᠷᠤᠨ   ᠢ 3.35 ᠲᠦᠮᠡᠨ ᠮᠦ ᠨᠤᠭᠤᠭᠠᠷᠠᠭᠤᠯᠤᠨ᠂ ᠠᠵᠦ ᠠᠬᠤᠢ ᠶᠢᠨ ᠣᠢ ᠶᠢ 2.16 ᠲᠦᠮᠡᠨ ᠮᠦ ᠪᠦᠲᠦᠭᠡᠨ ᠪᠠᠶᠢᠭᠤᠯᠵᠦ᠂ ᠤᠰᠤ ᠰᠢᠷᠣᠢ ᠶᠢᠨ ᠶᠡᠷᠦᠩᠭᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ᠂ ︽ᠰᠤᠯᠠ ᠵᠠᠳᠠᠭᠠᠢ ᠪᠣᠬᠢᠷᠲᠤᠯ︾ ᠲᠠᠢ 16 ᠠᠵᠤ ᠠᠬᠤᠶᠢᠯᠠᠯ ᠶᠢ ᠰᠢᠭᠰᠢᠭᠳᠡᠭᠦᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ  ᠪᠣᠬᠢᠷᠲᠤᠯ ᠢ ᠰᠡᠷᠬᠡᠶᠢᠯᠡᠨ ᠵᠠᠰᠠᠬᠤ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠬᠡᠷᠡᠭᠵᠢᠭᠦᠯᠵᠦ᠂ ᠬᠠᠶᠢᠯᠦᠰᠢ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠶᠢ ᠪᠦᠲᠦᠮᠵᠢᠲᠡᠢ ᠵᠠᠰᠠᠵᠦ᠂ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 94.8% ᠲᠤ ᠬᠦᠷᠪᠡ᠃ ᠨᠡᠶᠢᠭᠡᠮ ᠤᠨ ᠬᠥᠷᠥᠩᠭᠡ ᠣᠷᠣᠭᠤᠯᠤᠯᠲᠠ ᠶᠢ ᠲᠡᠳᠡᠨ ᠣᠷᠣᠭᠤᠯᠵᠤ᠂ ᠤᠰᠦ ᠴᠡᠪᠡᠷᠰᠢᠵᠢᠬᠦᠯᠬᠦ ᠲᠦᠷᠦᠯ ᠵᠤᠶᠢᠯ ᠢ ᠬᠡᠷᠡᠭᠵᠢᠬᠦᠯᠦᠨ᠂ ᠤᠰᠤᠨ ᠲᠦᠪᠰᠢᠨ ᠨᠢ ᠡᠵᠡᠮᠳᠡᠬᠦ ᠬᠠᠷᠠᠯᠲᠠ ᠳᠤ ᠬᠦᠷᠴᠦ᠂ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠬᠦᠷᠢᠬᠦᠯᠪᠡ᠃  ᠰᠢᠶᠠᠨ ᠤ ᠬᠤᠲᠠ ᠶᠢᠨ ᠲᠥᠪᠯᠡᠷᠡᠭᠰᠡᠨ ᠮᠠᠶ᠋ᠢᠭ ᠤᠨ ᠭᠠᠵᠠᠷ ᠳᠣᠣᠷᠠᠬᠢ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠴᠥᠮ ᠬᠤᠪᠢᠶᠠᠷᠢᠯᠠᠨ ᠲᠣᠭᠲᠠᠭᠠᠵᠤ᠂ ᠬᠠᠮᠠᠭᠠᠯᠠᠬᠤ ᠣᠷᠣᠨ ᠤ ᠤᠰᠤᠨ ᠤ ᠴᠢᠨᠠᠷ ᠢ ᠰᠢᠯᠭᠠᠨ ᠪᠠᠶᠢᠴᠠᠭᠠᠵᠦ ᠬᠡᠮᠵᠢᠬᠦ ᠲᠥᠪ ᠪᠠ ᠤᠰᠤᠨ ᠤ ᠰᠤᠷᠪᠤᠯᠵᠢ ᠶᠢᠨ ᠭᠠᠵᠠᠷ ᠤᠨ ᠠᠦ᠋ᠲ᠋ᠣᠴᠢᠯᠠᠭᠰᠠᠨ ᠬᠢᠨᠠᠨ ᠡᠵᠡᠮᠳᠡᠬᠦ ᠲᠠᠪᠴᠠᠩ ᠢ ᠪᠠᠶᠢᠭᠤᠯᠬᠤ᠂ ᠤᠰᠤᠨ ᠤ ᠰᠤᠷᠪᠤᠯᠵᠢ ᠶᠢᠨ ᠭᠠᠵᠠᠷ ᠤᠨ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠠᠶᠠᠯᠡᠬᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠵᠢᠴᠢ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠰᠥᠭᠡᠷᠭᠦ ᠨᠡᠮᠡᠭᠳᠡᠯ ᠢ ᠪᠠᠶᠠᠯᠡᠬᠦᠯᠪᠠ᠃ 13 ᠲᠣᠰᠣ ᠨᠡᠮᠡᠬᠦ ᠥᠷᠲᠡᠭᠡ ᠶᠢᠨ ᠬᠤᠣᠰ ᠳᠠᠪᠬᠤᠷᠭᠠᠲᠤ ᠰᠡᠪᠡ ᠪᠤᠶᠤ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠡᠭᠦᠷᠭᠡ ᠶᠢ ᠪᠠᠶᠠᠯᠡᠬᠦᠯᠪᠡ᠃ ᠬᠤᠸᠠ ᠴᠧᠨ ᠰᠢᠨᠵᠢᠯᠡᠬᠦ ᠤᠬᠠᠭᠠᠨ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠠᠭᠤᠷᠬᠠᠢ ᠪᠠ ᠪᠣᠬᠢᠷᠲᠤᠯ ᠦᠭᠡᠢ ᠦᠢᠯᠡᠳᠪᠦᠷᠢ ᠶᠢᠨ ᠴᠣᠯᠠ ᠶᠢ ᠤᠯᠵᠦ᠂ ᠡᠯ᠎ᠡ ᠲᠥᠷᠥᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠪᠠᠶᠢᠴᠠᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠨᠢ ᠴᠡᠭᠴᠡᠯᠡᠨ  ᠰᠠᠶᠢᠵᠢᠷᠠᠭᠤᠯᠬᠤ ᠶᠢ ᠪᠠᠶᠡᠯᠡᠬᠦᠯᠪᠠ᠃︵ᠬᠤᠶᠠᠷ︶᠂ ᠰᠢᠨ᠎ᠡ  ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠳᠠᠯᠠᠵᠦ᠂ ᠴᠢᠨᠠᠷ ᠰᠠᠶᠢᠳᠠᠢ ᠬᠦᠭᠵᠢᠯᠳᠠ ᠨᠢ ᠰᠢᠨ᠎ᠡ ᠲᠡᠭᠳᠡᠷ ᠲᠤ ᠭᠠᠷᠪᠠ᠃ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ 7.4% ᠣᠷᠴᠢᠮ ᠲᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ 15.5% ᠣᠷᠴᠢᠮ᠂ ᠬᠥᠷᠥᠩᠭᠡ ᠶᠢᠨ ᠪᠡᠯᠡ ᠣᠷᠣᠭᠤᠯᠤᠯᠲᠠ ᠨᠢ ᠰᠢᠨ᠎ᠡ ᠬᠠᠭᠤᠴᠢᠨ ᠬᠥᠳᠡᠯᠭᠡᠭᠡᠨ ᠤ ᠡᠨᠧᠷᠭᠢ ᠶᠢᠨ ᠰᠣᠯᠢᠭᠳᠠᠯ ᠤᠨ ᠳᠤᠮᠳᠠ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ 7.8% ᠶᠢ ᠪᠡᠶᠡᠯᠡᠭᠦᠯᠵᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ︽ᠳᠥᠷᠪᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠠᠮᠤ ᠪᠤᠳᠠᠭᠠᠨ ᠤ ᠶᠡᠷᠦᠩᠬᠡᠢ ᠬᠤᠷᠢᠶᠠᠯᠲᠠ ᠶᠢ 1.4 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠵᠤ᠂ ᠮᠢᠬᠠᠨ ᠤ ᠲᠥᠷᠥᠯ ᠤᠨ ᠶᠡᠷᠦᠩᠬᠡᠢ ᠬᠤᠷᠢᠶᠠᠯᠲᠠ ᠶᠢ ᠵᠢᠯ ᠪᠦᠷᠢ ᠳᠤᠮᠳᠠᠴᠢ ᠪᠠᠷ 2.9 ᠲᠦᠮᠡᠨ ᠲᠤᠨ ᠣᠷᠴᠢᠮ ᠳᠤ ᠬᠦᠷᠬᠡᠪᠡ᠃ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠲᠠᠷᠢᠶᠠᠨ ᠭᠠᠵᠠᠷ ᠢ 7.53 ᠲᠦᠮᠡᠨ ᠮᠦ᠂ ᠪᠠᠷᠢᠮᠵᠢᠶᠠᠵᠢᠭᠰᠠᠨ ᠲᠠᠷᠢᠮᠠᠯ ᠤᠨ ᠲᠠᠯᠠᠪᠠᠢ ᠶᠢ 44 ᠲᠦᠮᠡᠨ ᠮᠦ ᠳᠤ ᠬᠦᠷᠭᠡᠪᠡ᠃ ᠲᠠᠷᠢᠶᠠᠴᠢᠳ ᠤᠨ ᠲᠤᠰᠬᠠᠢ ᠬᠤᠷᠰᠢᠶ᠎ᠠ 253 ᠪᠤᠯᠵᠦ᠂ ᠡᠭᠦᠨ ᠳᠤ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠬᠤᠷᠰᠢᠶ᠎ᠠ 3᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠤᠷᠰᠢᠶ᠎ᠠ 2᠂ ᠬᠤᠲᠠ ᠶᠢᠨ ᠳᠡᠰ ᠤᠨ ᠵᠢᠱᠢᠶ᠎ᠡ ᠦᠵᠡᠭᠦᠯᠬᠦ ᠬᠤᠷᠰᠢᠶ᠎ᠠ 8 ᠪᠠᠶᠢᠵᠦ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠪᠦᠲᠦᠭᠡᠭᠳᠡᠬᠦᠨ 21 ᠪᠤᠢ᠃ ᠬᠤᠸᠠᠳᠧ ᠴᠠᠭᠠᠨ ᠨᠣᠭᠤᠭ᠎ᠠ᠂ ᠬᠤᠸᠠᠳᠧ ᠬᠤᠨᠢᠨ ᠮᠢᠬ᠎ᠠ᠂ ᠬᠤᠸᠠᠳᠧ ᠬᠠᠷ᠎ᠠ ᠴᠢᠨ᠋ᠸ᠎ᠠ ᠶᠢᠨ ᠬᠠᠷᠮᠠᠭ ᠨᠢ ︽ᠪᠥᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠪᠠ ︽ᠪᠡᠭᠡᠵᠢᠩ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠦᠲᠦᠭᠡᠭᠳᠡᠬᠦᠨ︾ ᠤ ᠨᠡᠷᠡᠰ ᠲᠤ ᠠᠮᠵᠢᠯᠲᠠᠲᠠᠢ ᠣᠷᠣᠪᠠ᠃ ᠢ ᠮᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠨᠢ ᠪᠠᠷᠢᠯᠭ᠎ᠠ ᠲᠠᠭᠤᠰᠴᠤ᠂ ᠰᠠᠢ ᠪᠧᠢ ᠬᠠᠨ ᠹᠧᠩ᠂ ᠳ᠋ᠠ ᠬᠤᠣ ᠾᠧ ᠱᠠᠨ᠂ ᠭᠦᠸᠧ ᠼᠤᠤ ᠶᠤᠸᠠᠨ ᠵᠡᠷᠭᠡ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠢᠯᠠᠯ ᠤᠨ ᠠᠰᠢᠭᠯᠠᠯᠲᠠ ᠳᠤ ᠣᠷᠣᠭᠰᠠᠨ ᠦᠷ᠎ᠡ ᠪᠦᠲᠦᠮᠵᠢ ᠨᠢ  ᠢᠯᠡᠳᠳᠡ ᠪᠠᠶᠢᠵᠦ᠂ ᠲᠠᠷᠢᠶᠠᠯᠠᠩ ᠮᠠᠯ ᠠᠵᠤ ᠠᠬᠤᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ 24᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ 65.7% ᠬᠦᠷᠲᠡᠯ᠎ᠡ ᠳᠡᠭᠡᠭᠰᠢᠯᠡᠪᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠠᠩᠬᠠᠨ ᠤ ᠬᠦᠷᠢᠶ᠎ᠡ ᠴᠠᠷ᠎ᠠ ᠨᠢ ᠪᠦᠷᠢᠳᠴᠦ᠂  ᠰᠢᠦ᠋ᠩ ᠸᠧᠢ ᠭᠤᠸᠠᠩ ᠳ᠋ᠠ᠂ ᠲᠢᠶᠠᠨ ᠴᠧᠩ ᠬᠠᠢᠯᠤᠰᠢ᠂ ᠬᠤᠸᠠ ᠴᠧᠨ ᠰᠢᠨᠵᠢᠯᠡᠬᠦ ᠤᠬᠠᠭᠠᠨ᠂ ᠮᠧᠩ ᠳ᠋ᠠ ᠲᠢᠲ᠋ᠠᠨ ᠠᠬᠤᠶᠢᠯᠠᠯ ᠵᠡᠷᠭᠡ ᠠᠵᠤ ᠦᠢᠯᠡᠳᠪᠦᠷᠢ ᠶᠢᠨ ᠠᠰᠤᠷᠤ ᠲᠣᠮᠣ ᠲᠥᠰᠦᠯ ᠤᠳ ᠢ ᠠᠪᠴᠤ ᠢᠷᠡᠨ ᠠᠰᠢᠭᠯᠠᠯᠲᠠ ᠳᠤ ᠣᠷᠣᠭᠤᠯᠵᠤ᠂ ᠬᠠᠶᠢᠯᠦᠰᠢ ᠰᠢᠨ᠎ᠡ ᠮᠠᠲ᠋ᠧᠷᠢᠶᠠᠯ ᠨᠢ 200 ᠲᠦᠮᠡᠨ ᠲᠣᠨ ᠳᠤ ᠬᠦᠷᠴᠦ᠂ ᠬᠤᠸᠠ ᠴᠧᠨ ᠺᠣᠮᠫᠠᠨᠢ ᠵᠢᠯ ᠳᠤ 100 ᠮᠢᠩᠭᠠᠨ ᠲᠤᠨ ᠪᠣᠷᠵᠢᠨ ᠴᠢᠯᠠᠭᠤᠨ ᠤ ᠬᠠᠶᠠᠭᠳᠠᠯ ᠰᠢᠭᠠᠷᠤ ᠢ ᠰᠢᠢᠳᠪᠦᠷᠢᠯᠡᠨ᠂ ᠱᠠᠭᠠᠵᠠᠩ ᠤᠨ ᠲᠦᠭᠦᠬᠡᠢ ᠡᠳ᠋ ᠢ ᠰᠢᠢᠳᠪᠦᠷᠢᠯᠡᠬᠦ ᠲᠥᠰᠦᠯ ᠤᠨ ᠨᠢᠭᠡᠳᠦᠭᠡᠷ ᠡᠭᠡᠯᠵᠢ ᠪᠠ  ᠰᠢᠦ᠋ᠩ ᠸᠧᠢ ᠭᠤᠸᠠᠩ ᠳ᠋ᠠ ᠶᠢᠨ 50 ᠰᠠᠶ᠎ᠠ ᠸᠠᠲ ᠤᠨ ᠦᠯᠡᠳᠡᠭᠳᠡᠯ ᠬᠡᠢ ᠪᠠᠷ ᠴᠠᠬᠢᠯᠭᠠᠨ ᠦᠢᠯᠡᠳᠪᠦᠷᠢᠯᠡᠬᠦ ᠲᠥᠰᠦᠯ ᠢ ᠠᠰᠢᠭᠯᠠᠯᠲᠠ ᠳᠤ ᠤᠷᠤᠭᠤᠯᠪᠠ᠃ ᠬᠤᠪᠴᠠᠰᠤᠨ ᠤ ᠠᠵᠤ ᠦᠢᠯᠡᠳᠪᠦᠷᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠤᠯᠤᠭᠠᠶᠢᠯᠠᠭᠴᠢ ᠠᠵᠤ ᠠᠬᠤᠶᠢᠯᠠᠯ ᠢ ᠠᠳᠬᠤᠨ᠂ ᠶᠠᠰᠤ ᠴᠢᠨᠠᠷ ᠢ ᠲᠡᠭᠡᠭᠰᠢᠯᠡᠬᠦᠯᠪᠡ᠃  ᠵᠢᠯ ᠪᠦᠷᠢ ᠳᠤᠮᠳᠠᠴᠢ ᠪᠠᠷ 1500 ᠲᠦᠮᠡᠨ ᠵᠠᠬ᠎ᠠ ᠬᠤᠪᠴᠠᠰᠤ ᠶᠢ ᠦᠢᠯᠡᠳᠪᠦᠷᠢᠯᠡᠵᠦ᠂ 12 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠠᠶᠡᠯᠡᠬᠦᠯᠪᠡ᠃ ᠦᠢᠯᠡᠴᠢᠯᠡᠭᠡᠨ ᠤ ᠠᠵᠤ ᠦᠢᠯᠡᠳᠪᠦᠷᠢ ᠶᠢᠨ ︽ᠰᠦᠯᠵᠢᠶᠡᠨ ᠳᠤ ᠬᠤᠯᠪᠤᠭᠳᠠᠬᠤ︾ ᠳᠤ ᠣᠷᠣᠭᠰᠠᠨ ᠪᠣᠷᠣᠯᠠᠭᠤᠯᠤᠯᠲᠠ ᠨᠢ 3878 ᠲᠦᠮᠡᠨ ᠲᠦᠭᠦᠷᠢᠭ ᠳᠤ ᠬᠦᠷᠴᠡᠢ᠃ ᠪᠣᠳᠠᠰ ᠤᠨ ᠭᠦᠢᠯᠭᠡᠭᠡᠨ ᠤ ᠦᠢᠯᠡᠰ ᠲᠦᠷᠭᠡᠨ ᠬᠥᠭᠵᠢᠵᠦ᠂ 2000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠰᠢᠶᠠᠨ ᠪᠠᠯᠭᠠᠰᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 6 ᠪᠠᠶᠢᠵᠦ᠂ ᠲᠣᠰᠬᠤᠨ ᠤ ᠳᠡᠰ ᠤᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠴᠡᠭ 35 ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ 3 ᠪᠤᠯᠪᠠ᠃ ᠪᠥᠬᠦ ᠰᠢᠶᠠᠨ ᠳᠤ ᠣᠷᠣᠵᠤ ᠰᠠᠭᠤᠭᠰᠠᠨ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠨᠢ 17 ᠳᠤ ᠬᠦᠷᠴᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ 2.29  ᠳ᠋ᠦᠩᠰᠢᠭᠤᠷ ᠲᠥᠭᠦᠷᠢᠭ ᠲᠤ ᠬᠦᠷᠴᠦ᠂ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 0.66 ᠳ᠋ᠦᠩᠰᠢᠭᠤᠷ ᠲᠥᠭᠦᠷᠢᠭ ᠲᠤ ᠬᠦᠷᠪᠡ᠃︵ᠭᠤᠷᠪᠠ︶᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠪᠠᠷᠢᠮᠲᠠᠯᠠᠵᠤ᠂ ᠦᠬᠡᠷᠡᠴᠢᠯᠡᠯᠳᠠ ᠬᠦᠭᠵᠢᠯᠳᠠ ᠨᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠪᠠ᠃ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ ᠪᠠᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ ᠪᠤᠯᠭᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢᠷᠡᠭᠦᠯᠵᠦ᠂ ︽ᠭᠤᠷᠪᠠᠨ ᠦᠨᠡᠮᠯᠡᠯ ᠢ ᠨᠡᠶᠢᠯᠡᠬᠦᠯᠦᠨ ᠨᠢᠭᠡ ᠪᠣᠯᠭᠠᠬᠤ︾᠂ ︽ᠲᠠᠪᠤᠨ ᠦᠨᠡᠮᠯᠡᠯ ᠢ ᠨᠡᠶᠢᠯᠡᠬᠦᠯᠦᠨ ᠨᠢᠭᠡ ᠪᠣᠯᠭᠠᠬᠤ︾᠂ ︽ᠣᠯᠠᠨ ᠦᠨᠡᠮᠯᠡᠯ ᠢ ᠨᠢᠭᠡ ᠪᠣᠯᠭᠠᠬᠤ︾᠂ ︽ᠣᠯᠠᠨ ᠲᠥᠯᠥᠪᠵᠢᠭᠦᠯᠭᠡ ᠶᠢ ᠨᠢᠭᠡ ᠪᠣᠯᠭᠠᠬᠤ︾ ᠪᠠ ︽ᠨᠢᠭᠡ ᠦᠨᠡᠮᠯᠡᠯ ᠳᠤ ᠨᠢᠭᠡ ᠨᠣᠮᠧᠷ ᠲᠠᠢ  ᠪᠠᠶᠢᠯᠭᠠᠬᠤ︾ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠦ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠪᠦᠬᠦᠨ ᠢ ᠬᠠᠮᠤᠷᠬᠤ ᠶᠢ ᠪᠡᠶᠡᠯᠡᠬᠦᠯᠪᠡ᠃ ᠰᠢᠶᠠᠨ ᠤ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠢ ᠪᠠᠶᠢᠭᠤᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠭᠠᠵᠠᠷ ᠰᠢᠷᠣᠢ ᠶᠢᠨ ᠠᠷᠠᠯᠵᠢᠶ᠎ᠠ ᠪᠠ ᠤᠯᠤᠰ ᠤᠨ ᠥᠮᠴᠢᠯᠡᠯᠲᠦ ᠡᠷᠬᠡ ᠶᠢᠨ ᠠᠷᠠᠯᠵᠢᠶ᠎ᠠ ᠵᠡᠷᠭᠡ ᠶᠢ ᠬᠠᠮᠢᠶᠠᠷᠬᠤ ᠪᠠ ᠡᠷᠬᠢᠯᠡᠬᠦ ᠶᠢ ᠰᠠᠯᠭᠠᠬᠤ᠂ ᠲᠥᠪᠯᠡᠷᠡᠭᠦᠯᠦᠨ ᠠᠷᠠᠯᠵᠢᠶᠠᠯᠠᠬᠤ ᠶᠢ ᠪᠠᠶᠠᠯᠡᠬᠦᠯᠪᠡ᠃ ᠬᠤᠳᠠᠯᠳᠤᠭ᠎ᠠ ᠡᠷᠬᠢᠯᠡᠬᠦ ᠣᠷᠴᠢᠨ ᠢ ᠲᠠᠰᠤᠷᠠᠯᠳᠠ ᠦᠭᠡᠢ ᠰᠢᠯᠢᠳᠡᠭᠵᠢᠬᠦᠯᠵᠦ᠂ ᠪᠦᠬᠦ ᠰᠢᠶᠠᠨ ᠤ  ᠵᠠᠬ᠎ᠠ ᠵᠡᠭᠡᠯᠢ ᠶᠢᠨ ᠭᠤᠣᠯ ᠴᠣᠭᠴᠠ 8073 ᠳᠤ ᠬᠦᠷᠪᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠲᠡᠷᠢᠭᠦᠨ ᠳᠤ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠬᠤᠸᠠ ᠴᠧᠨ᠂ ᠲᠢᠶᠠᠨ ᠴᠧᠩ ᠵᠡᠷᠭᠡ 4 ᠠᠵᠤ ᠠᠬᠤᠶᠢᠯᠠᠯ ᠢ ᠢᠳᠡᠪᠬᠢᠲᠡᠢ ᠪᠠᠷ ᠬᠦᠭᠵᠢᠬᠦᠯᠵᠦ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠯᠬᠤ  ᠰᠢᠦ᠋ᠩ ᠸᠧᠢ ᠭᠤᠸᠠᠩ ᠳ᠋ᠠ᠂ ᠲᠢᠶᠠᠨ ᠴᠧᠩ ᠺᠣᠮᠫᠠᠨᠢ ᠨᠢ 2020 ᠣᠨ ᠪᠣᠯᠲᠠᠯ᠎ᠠ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠲᠤ ᠣᠷᠣᠵᠠᠢ᠃ ᠮᠧᠩ ᠳ᠋ᠠ ᠲᠢᠲ᠋ᠠᠨ ᠤ ᠦᠢᠯᠡᠰ ᠨᠢ ᠪᠡᠭᠡᠵᠢᠩ ᠤᠨ ᠪᠥᠬᠦ ᠤᠯᠤᠰ ᠤᠨ ᠳᠤᠮᠳᠠ ᠪᠠᠭ᠎ᠠ ᠠᠵᠤ ᠠᠬᠤᠢᠯᠠᠯ ᠤᠨ ᠬᠤᠪᠢ ᠣᠷᠣᠭᠤᠯᠤᠯᠲᠠ ᠶᠢ ᠰᠢᠯᠵᠢᠭᠦᠯᠦᠨ ᠥᠭᠬᠦ ᠰᠢᠰᠲ᠋ᠧᠮ ᠳᠤ ᠫᠠᠶᠢᠰᠠ ᠡᠯᠭᠦᠨ᠂ ᠪᠥᠬᠦ ᠬᠤᠲᠠ ᠶᠢᠨ ᠠᠵᠤ ᠠᠬᠤᠶᠢᠯᠠᠯ ᠤᠨ ᠰᠢᠨ᠎ᠡ ᠰᠠᠮᠪᠠᠷ᠎ᠠ ᠳᠤ ᠫᠠᠶᠢᠰᠠ ᠡᠯᠭᠦᠬᠦ ᠶᠢ ᠪᠡᠶᠡᠯᠡᠭᠦᠯᠵᠡᠢ᠃ ᠨᠠᠶᠢᠳᠠ ᠶᠢᠨ ᠬᠤᠭᠤᠯᠠᠨ ᠤ ᠰᠠᠪᠠ ᠬᠡᠷᠡᠭᠰᠡᠯ ᠨᠢ 2020 ᠣᠨ ᠤ ᠪᠦᠬᠦ ᠤᠯᠤᠰ ᠤᠨ ᠰᠢᠯᠢᠳᠡᠭ ᠠᠵᠤ ᠦᠢᠯᠡᠳᠪᠦᠷᠢ ᠶᠢᠨ ᠲᠦᠰᠦᠯ ᠤᠨ ᠱᠠᠩᠨᠠᠯ ᠤᠨ ᠠᠯᠲᠠᠨ ᠮᠧᠳᠠᠯ ᠢ ᠭᠠᠷᠲᠠᠭᠰᠠᠨ ᠪᠠᠶᠢᠨ᠎ᠠ᠃ ᠭᠠᠳᠠᠭᠰᠢ ᠨᠡᠭᠡᠭᠡᠬᠦ ᠠᠵᠢᠯ ᠪᠣᠳᠠᠲᠤ ᠦᠷ᠎ᠡ ᠪᠦᠲᠦᠮᠵᠢ ᠣᠯᠵᠤ᠂ ᠪᠦᠬᠦ  ᠰᠢᠶᠠᠨ ᠤ ᠥᠪᠡᠷ ᠢᠶᠠᠨ ᠡᠵᠡᠩᠨᠡᠵᠦ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠡᠷᠬᠡ ᠲᠠᠢ ᠠᠵᠤ ᠠᠬᠤᠶᠢᠯᠠᠯ ᠨᠢ 19 ᠪᠤᠯᠵᠦ᠂ ᠬᠤᠪᠴᠠᠰᠤᠨ ᠤ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠠᠵᠢᠯ ᠳᠤ ᠰᠢᠨ᠎ᠡ ᠮᠠᠲ᠋ᠧᠷᠢᠶᠠᠯ ᠢ ᠭᠠᠷᠭᠠᠬᠤ ᠶᠢ ᠪᠡᠶᠡᠯᠡᠭᠦᠯᠵᠦ᠂ ᠭᠠᠳᠠᠭᠠᠳᠤ ᠭᠤᠪᠢᠭᠤᠯᠭ᠎ᠠ ᠡᠭᠦᠳᠬᠦ ᠶᠠᠪᠤᠳᠠᠯ ᠦᠷᠭᠦᠯᠵᠢᠯᠡᠨ ᠨᠡᠮᠡᠭᠳᠡᠬᠦ  ᠪᠠᠶᠢᠳᠠᠯ ᠲᠠᠢ ᠪᠣᠯᠪᠠ᠃︵ᠲᠦᠷᠪᠡ︶᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠢ ᠲᠦᠷᠬᠦ ᠶᠢ ᠰᠢᠨ᠎ᠡ ᠳᠦᠷᠢ ᠲᠥᠷᠬᠦ ᠪᠠᠷ ᠢᠯᠡᠷᠡᠬᠦᠯᠪᠡ᠃ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 67% ᠳᠤ ᠬᠦᠷᠭᠡᠵᠦ᠂ ︽ᠲᠠᠪᠤᠨ ᠬᠤᠲᠠ ᠶᠢ ᠬᠠᠮᠲᠤ ᠳᠤᠨᠢ ᠴᠣᠭᠴᠠᠯᠠᠬᠤ︾ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠬᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ᠂ ᠵᠠᠮ ᠢ ᠬᠠᠲᠠᠭᠤᠷᠠᠭᠤᠯᠬᠤ᠂ ᠤᠰᠤ ᠬᠠᠩᠭᠠᠬᠤ᠂ ᠰᠢᠲᠠᠮᠠᠬᠠᠢ ᠬᠡᠢ ᠪᠠ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠨᠡᠶᠢᠲᠡ 2873 ᠡᠷᠦᠬᠡ  ᠶᠢ ᠵᠠᠰᠠᠨ ᠰᠢᠨᠡᠳᠬᠡᠵᠦ᠂ ᠬᠤᠲᠠ ᠪᠠᠯᠭᠠᠰᠤᠨ ᠤ ᠴᠢᠳᠠᠮᠵᠢ᠂ ᠶᠠᠰᠤ ᠴᠢᠨᠠᠷ᠂ ᠳᠠᠭᠠᠭᠠᠴᠠ ᠶᠢᠨ ᠬᠡᠮᠵᠢᠶ᠎ᠡ ᠪᠠ ᠰᠠᠭᠤᠷᠢᠰᠢᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠥᠳᠡᠭᠡ ᠲᠣᠰᠬᠤᠨ ᠤ ᠳᠡᠳ᠋ ᠪᠦᠲᠦᠴᠡ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠢᠭᠤᠯᠤᠯᠲᠠ ᠤᠯᠠᠮ ᠢᠶᠠᠷ ᠪᠣᠯᠪᠠᠰᠤᠷᠠᠩᠭᠤᠢ ᠪᠣᠯᠵᠤ᠂  ᠬᠥᠳᠡᠭᠡ ᠲᠣᠰᠬᠤᠨ ᠤ ᠵᠠᠮ ᠨᠡᠪᠲᠡᠷᠡᠭᠦᠯᠬᠦ ᠬᠡᠮᠵᠢᠶ᠎ᠡ᠂ ᠴᠠᠬᠢᠯᠭᠠᠨ ᠨᠡᠪᠲᠡᠷᠡᠭᠦᠯᠬᠦ ᠬᠡᠮᠵᠢᠶ᠎ᠡ᠂ ᠷᠠᠳᠢᠣ᠋ ᠲᠧᠯᠸᠢᠰ ᠪᠣᠯᠤᠨ ᠡᠭᠦᠷ ᠤᠨ ᠰᠦᠯᠵᠢᠶᠡᠨ ᠤ ᠪᠦᠷᠬᠦᠴᠡ ᠪᠦᠭᠦᠳᠡ 100 ᠬᠤᠪᠢ ᠳᠤ ᠬᠦᠷᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠲᠣᠰᠬᠤᠨ ᠪᠣᠯᠭᠠᠨ ᠳᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠠᠰᠤᠭ᠂ ᠰᠣᠶᠣᠯ ᠤᠨ ᠠᠵᠢᠯᠯᠠᠭᠠᠨ ᠤ ᠲᠠᠰᠤᠭ ᠪᠠ ᠠᠷᠠᠳ ᠲᠤ ᠳᠥᠭᠦᠮ ᠦᠵᠡᠭᠦᠯᠬᠦ ᠴᠢᠯᠥᠭᠡᠲᠦ ᠳᠡᠯᠭᠡᠭᠦᠷ ᠪᠠᠢᠭᠤᠯᠵᠠᠢ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ᠂ ᠮᠠᠯ ᠵᠢᠭᠦᠷᠲᠡᠨ ᠤ ᠪᠠᠭᠠᠰᠤ ᠰᠢᠭᠡᠰᠦ᠂ ᠠᠮᠢᠳᠤᠷᠠᠯ ᠤᠨ ᠬᠤᠭ ᠨᠣᠪᠰᠢ ᠵᠡᠷᠭᠡ ᠶᠢ ᠪᠦᠲᠦᠮᠵᠢᠲᠡᠢ ᠵᠠᠰᠠᠪᠠ᠃  ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ᠂ ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠦ᠂ ᠬᠥᠳᠡᠭᠡ ᠲᠣᠰᠬᠤᠨ ᠤ ᠳᠦᠷᠢ ᠲᠦᠷᠬᠦ ᠴᠣ ᠰᠢᠨ᠎ᠡ ᠳᠦᠷᠰᠦ ᠪᠠᠶᠢᠳᠠᠯ  ᠲᠠᠢ ᠪᠣᠯᠪᠠ᠃ ᠭᠠᠴᠠᠭ᠎ᠠ ᠲᠣᠰᠬᠤᠨ ᠤ ᠨᠣᠭᠤᠭᠠᠷᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ 34 ᠲᠣᠰᠬᠤᠨ ᠢ ᠠᠬᠢᠭᠤᠯᠵᠤ᠂ ᠨᠤᠲᠤᠭ ᠤᠨ ᠰᠤᠷᠲᠠᠯ ᠤᠨ ᠪᠣᠯᠪᠠᠰᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠤᠯᠤᠰ ᠤᠨ ᠳᠡᠰ ᠤᠨ ᠪᠣᠯᠪᠠᠰᠤᠨ ᠲᠣᠰᠬᠤᠨ 1᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠲᠣᠰᠬᠤᠨ 5᠂ ᠬᠤᠲᠠ ᠶᠢᠨ ᠳᠡᠰ ᠤᠨ ᠪᠠᠷᠢᠮᠵᠢᠶ᠎ᠠ ᠳᠤ ᠬᠦᠷᠦᠭᠰᠡᠨ ᠲᠣᠰᠬᠤᠨ 27 ᠪᠠᠶᠢᠵᠦ᠂ ᠮᠢᠨ ᠯᠧ ᠲᠣᠰᠬᠤᠨ ᠨᠢ ︽ᠪᠥᠬᠦ ᠤᠯᠤᠰ ᠤᠨ ᠨᠢᠭᠡᠳᠦᠭᠡᠷ ᠳᠡᠰ ᠤᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠦᠨᠡᠯᠡᠭᠳᠡᠪᠡ᠃︵ᠲᠠᠪᠤ︶᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠬᠦᠯᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 73% ᠠᠴᠠ ᠳᠡᠭᠡᠭᠰᠢ ᠪᠤᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ  ᠶᠢᠨ ᠣᠷᠣᠯᠭ᠎ᠠ ᠲᠤᠰ ᠲᠤᠰ 33092 ᠲᠦᠭᠦᠷᠢᠭ ᠪᠣᠯᠤᠨ 11471 ᠲᠦᠭᠦᠷᠢᠭ ᠲᠤ ᠬᠦᠷᠴᠦ᠂ ᠵᠢᠯ ᠤᠨ ᠳᠤᠮᠳᠠᠴᠢ ᠥᠰᠦᠯᠲᠡ ᠨᠢ ᠲᠤᠰ ᠲᠤᠰ 6.2% ᠪᠠ10.1% ᠳᠤ ᠬᠦᠷᠪᠡ᠃ ᠠᠵᠢᠯ ᠣᠯᠭᠤᠯᠲᠠ ᠶᠢᠨ ᠪᠠᠶᠢᠳᠠᠯ ᠶᠡᠭᠡᠪᠡᠷ ᠰᠠᠶᠢᠨ ᠪᠠᠶᠢᠵᠤ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠨ ᠬᠦᠮᠦᠨ ᠨᠡᠶᠢᠳᠡ 4269 ᠪᠤᠢ᠃ ᠬᠥᠮᠦᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠨᠡᠶᠢᠬᠡᠮ ᠤᠨ ᠳᠠᠭᠠᠳᠬᠠᠯ ᠳᠤ ᠬᠠᠮᠤᠷᠤᠭᠳᠠᠬᠤ ᠬᠡᠮᠵᠢᠶ᠎ᠡ ᠨᠢ 100% ᠳᠤ ᠬᠦᠷᠴᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠣᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡᠨ ᠤ ᠠᠷᠭ᠎ᠠ ᠶᠢ ᠨᠢᠭᠡᠳᠬᠡᠨ᠂ ᠮᠣᠵᠢ ᠠᠯᠤᠰᠯᠠᠨ ᠥᠭᠡᠷ᠎ᠡ ᠭᠠᠵᠠᠷ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠣᠳᠣᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠮᠴᠢᠯᠡᠭᠡ᠂ ᠠᠵᠢᠯ ᠠᠯᠳᠠᠬᠤ᠂ ᠠᠵᠢᠯ  ᠠᠴᠠ ᠪᠤᠯᠤᠭᠰᠠᠨ ᠬᠡᠮᠳᠦᠯ ᠵᠡᠷᠬᠡ ᠠᠵᠢᠯ ᠢ ᠵᠣᠬᠢᠴᠠᠭᠤᠯᠤᠨ ᠬᠥᠭᠵᠢᠭᠦᠯᠵᠦ᠂ ᠵᠢᠭᠠᠨ ᠰᠤᠷᠭᠠᠬᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠳᠤ ᠣᠷᠣᠬᠤ ᠨᠣᠷᠮ᠎ᠠ ᠶᠢ 100% ᠳᠤ ᠬᠦᠷᠬᠡᠪᠡ᠃  ᠰᠢᠶᠠᠨ ᠤ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠢᠶᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠳᠡᠰ ᠤᠨ ᠡᠷᠡᠭᠦᠯ ᠬᠠᠮᠠᠭᠠᠯᠠᠯ ᠤᠨ ᠲᠠᠰᠤᠭ ᠢ ᠪᠦᠬᠦᠨ ᠢ ᠪᠠᠷᠢᠮᠵᠢᠶ᠎ᠠ ᠳᠤ ᠬᠦᠷᠭᠡᠵᠦ᠂ ︽ᠡᠷᠡᠭᠦᠯ ᠴᠢᠬᠢᠷᠠᠭᠵᠢᠭᠤᠯᠤᠯᠲᠠ︾ ᠶᠢᠨ ᠪᠦᠲᠦᠭᠡᠨ ᠪᠠᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ 70 ᠵᠢᠯ ᠳᠤ ᠲᠣᠬᠢᠶᠠᠯᠳᠤᠭᠰᠠᠨ ᠬᠤᠯᠤᠭᠠᠨ᠎ᠠ ᠬᠢᠵᠢᠭ ᠢ ᠠᠮᠵᠢᠯᠲᠠ ᠲᠠᠢ ᠢᠯᠠᠵᠠᠢ᠃ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠦᠷ᠎ᠡ ᠪᠦᠲᠦᠭᠡᠯ ᠡᠯᠪᠡᠭ ᠪᠠᠶᠢᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠨᠢ ᠬᠦᠮᠦᠰ ᠤ ᠰᠡᠳᠬᠢᠯ ᠳᠤ ᠬᠦᠨᠵᠡᠬᠡᠶᠢᠷᠡᠵᠦ᠂ ᠬᠤᠸᠠᠳᠧ ᠰᠢᠶᠠᠨ ᠤ ᠵᠠᠭᠤᠴᠢᠯᠠᠭᠤᠷ ᠤᠨ ᠲᠥᠪ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠪᠣᠯᠬᠤ ᠤᠯᠠᠭᠠᠨᠮᠥ᠋ᠴᠢᠷ ᠤᠨ ᠦᠢᠯᠡᠰ ᠰᠢᠨ᠎ᠡ ᠳᠡᠭᠲᠡᠷ ᠲᠤ ᠭᠠᠷᠴᠠᠢ᠃ ᠠᠩᠬᠠᠳᠤᠭᠠᠷ ᠬᠤᠭᠤᠴᠠᠭᠠᠨ ᠤ ᠰᠣᠶᠣᠯ ᠤᠨ ᠠᠮᠲᠠᠲᠤ ᠢᠳᠡᠭᠡᠨ ᠤ ᠨᠠᠶᠢᠷ ᠪᠠ ᠬᠤᠶᠠᠳᠤᠭᠠᠷ ᠬᠤᠭᠤᠴᠠᠭᠠᠨ ᠤ ᠵᠠᠩ ᠺᠦ᠋ ᠶᠡᠭᠡ ᠵᠠᠮ ᠢᠶᠠᠷ ᠳᠠᠬᠢᠨ ᠠᠶᠠᠯᠠᠬᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠶᠠᠩ ᠵᠢᠶᠠ ᠶᠢᠨ ᠬᠡᠰᠡᠭ ᠤᠨ ᠶᠢᠨ ᠵᠢᠶᠧ ᠬᠤᠣ ᠶᠢ ᠠᠪᠤᠷᠠᠨ ᠪᠠᠲᠤᠳᠬᠠᠬᠤ ᠢᠨᠵᠧᠨᠧᠷᠢᠩ ᠢ ᠬᠡᠷᠡᠭᠵᠢᠬᠦᠯᠦᠨ᠂ ᠢᠦᠢ ᠮᠢᠨ᠂ ᠰᠾᠢ ᠮᠠ ᠭᠧᠦ ᠪᠠᠭᠤᠷᠢ ᠨᠢ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠶᠠᠷᠢᠶᠠᠨ ᠤ ᠲᠠᠪᠴᠠᠩ ᠪᠣᠯᠬᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢ ᠪᠡᠶᠡᠯᠡᠭᠦᠯᠪᠡ᠃ ᠨᠡᠶᠢᠬᠡᠮ ᠤᠨ ᠵᠠᠰᠠᠯᠲᠠ ᠶᠢᠨ ᠴᠢᠳᠠᠪᠤᠷᠢ ᠤᠯᠠᠮ ᠨᠢᠬᠡ ᠠᠯᠬᠤᠮ ᠲᠡᠬᠡᠭᠰᠢᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠵᠢᠭᠤᠷᠭᠠᠨ ᠢ ᠲᠡᠭᠦᠰ ᠠᠮᠵᠢᠯᠲᠠ ᠲᠠᠢ ᠰᠢᠢᠳᠪᠦᠷᠢᠯᠡᠨ᠂ ᠦᠨᠳᠦᠰᠦᠨ ᠱᠠᠲᠤᠨ ᠤ ᠨᠡᠶᠢᠭᠡᠮ ᠤᠨ ᠰᠦᠯᠵᠢᠶ᠎ᠡ ᠪᠠᠷ ᠵᠠᠰᠠᠨ ᠴᠡᠭᠴᠡᠯᠡᠬᠦ ᠠᠵᠢᠯ ᠨᠢ ᠪᠣᠳᠠᠲᠤ ᠦᠷ᠎ᠡ ᠪᠦᠲᠦᠮᠵᠢ ᠣᠯᠵᠤ᠂ ︽ᠠᠮᠤᠷ ᠲᠠᠶᠢᠪᠤᠩ ᠬᠤᠸᠠᠳᠧ︾ ᠤᠨ ᠪᠠᠶᠢᠭᠤᠯᠤᠯᠳᠠ ᠰᠢᠨ᠎ᠡ ᠳᠡᠭᠲᠡᠷ ᠲᠤ ᠭᠠᠷᠪᠠ᠃︵ᠵᠢᠷᠭᠤᠭ᠎ᠠ︶᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠨ᠂ ᠵᠠᠰᠠᠭ ᠤᠨ ᠣᠷᠳᠣᠨ ᠤ ᠲᠥᠷᠥ ᠪᠠᠷᠢᠬᠤ ᠲᠦᠪᠰᠢᠨ ᠰᠢᠨ᠎ᠡ ᠳᠡᠭᠲᠡᠷ ᠲᠤ ᠭᠠᠷᠪᠠ᠃ ᠬᠠᠤᠯᠢ ᠳᠦᠷᠢᠮᠲᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠤ ᠪᠠᠢᠭᠤᠯᠤᠯᠲᠠ ᠶᠢ ᠴᠢᠩᠭᠠᠳᠬᠠᠨ᠂ ᠤᠯᠤᠰ ᠤᠨ ᠦᠨᠳᠦᠰᠦᠨ ᠪᠣᠳᠣᠯᠭ᠎ᠠ ᠴᠢᠭᠯᠡᠯᠲᠡ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠩ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠳᠤᠯᠠᠪᠠ᠃ ᠤᠯᠤᠰ ᠲᠥᠷᠥ ᠶᠢᠨ ᠣᠨᠣᠯ ᠢᠶᠠᠷ ᠵᠡᠪᠰᠡᠭᠯᠡᠬᠦ ᠶᠠᠪᠤᠳᠠᠯ ᠢ ᠴᠢᠩᠭᠠᠳᠬᠠᠨ᠂ ᠱᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠱᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ︽ᠳᠥᠷᠪᠡᠨ ᠤᠬᠠᠮᠰᠠᠷ︾ ᠢ ᠪᠠᠲᠤ ᠪᠣᠢ ᠪᠣᠯᠭᠠᠨ᠂ ︽ᠳᠥᠷᠪᠡᠨ ᠢᠲᠡᠭᠡᠯ︾ ᠢ ᠡᠷᠡᠰ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠶᠠᠯᠡᠬᠦᠯᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠠᠵᠢᠯ ᠬᠢᠵᠦ ᠦᠢᠯᠡᠰ ᠪᠦᠲᠦᠭᠡᠬᠦ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠲᠠᠯ ᠤᠨ  ᠪᠠᠶᠢᠭᠤᠯᠤᠯᠳᠠ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ ᠰᠢᠢᠳᠪᠦᠷᠢ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠢ ᠳᠡᠭᠡᠭᠰᠢᠯᠡᠪᠡ᠃ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠂ 8 ᠰᠢᠶᠠᠨ ᠤ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡ ᠪᠠ ᠰᠢᠶᠠᠩ ᠪᠠᠯᠭᠠᠰᠤᠨ ᠤ  ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠨᠢᠭᠡᠳᠦᠭᠡᠨ ᠪᠠᠶᠢᠭᠤᠯᠵᠤ᠂ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ  ᠲᠡᠭᠡᠭᠰᠢᠯᠡᠬᠦᠯᠪᠡ᠃ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ︽ᠬᠠᠤᠯᠢ ᠪᠠᠷ ᠵᠠᠰᠠᠬᠤ ᠬᠤᠸᠠᠳᠧ︾ ᠤᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠳᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠰᠠᠬᠢᠯᠭ᠎ᠠ ᠪᠠᠲᠤ ᠶᠢ ᠲᠡᠷᠢᠬᠦᠨ ᠪᠠᠶᠢᠷᠢᠨ ᠳᠤ ᠲᠠᠯᠪᠢᠨ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠣᠳᠣᠬᠤ ᠬᠢᠨᠠᠯᠲᠠ ᠲᠠᠯᠪᠢᠬᠤ ᠡᠷᠴᠢᠮ ᠢ ᠦᠨᠡᠨᠬᠦ ᠴᠢᠩᠭᠠᠳᠬᠠᠪᠠ  ᠃ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠨᠣᠷᠮ᠎ᠠ 100% ᠳᠤ ᠬᠦᠷᠪᠡ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ  ᠨᠡᠪᠳᠡᠷᠡᠬᠦᠯᠵᠦ᠂ ᠣᠯᠠᠨ ᠲᠦᠮᠡᠨ ᠪᠠ ᠠᠵᠤ  ᠠᠬᠤᠶᠢᠯᠠᠯ ᠤᠨ ᠠᠩᠬᠠᠷᠴᠤ  ᠪᠠᠶᠢᠭ᠎ᠠ ᠠᠰᠠᠭᠤᠳᠠᠯ ᠢ ᠴᠠᠭ ᠲᠤᠬᠠᠢ ᠳᠤ ᠨᠢ ᠪᠦᠲᠦᠮᠵᠢᠲᠡᠢ ᠰᠢᠢᠳᠪᠦᠷᠢᠯᠡᠵᠦ᠂ ᠠᠷᠠᠳ ᠤᠨ ᠲᠥᠯᠥᠭᠡ ᠦᠢᠯᠡᠴᠢᠯᠡᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ᠰᠠᠶ᠋ᠢᠬᠠᠨ ᠥᠩᠭᠡᠷᠡᠭᠰᠡᠨ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠲᠦᠯᠦᠪᠵᠢᠬᠦᠯᠬᠡ ᠶᠢᠨ ᠬᠤᠭᠤᠴᠠᠭᠠᠨ ᠳᠠᠬᠢ ᠬᠦᠴᠢᠷᠳᠡᠯ ᠬᠠᠮᠤᠭ ᠤᠨ ᠶᠡᠭᠡ᠂ ᠪᠠᠶᠢᠳᠠᠯ ᠬᠠᠮᠤᠭ ᠤᠨ ᠬᠦᠨᠳᠦ ᠬᠡᠴᠡᠭᠦᠦ ᠨᠢᠭᠡ ᠵᠢᠯ ᠪᠣᠯᠤᠨ᠎ᠠ᠃ ︽ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠠ ᠠᠶᠤᠯ ᠲᠦᠭᠰᠢᠭᠦᠷᠢ ᠶᠢᠨ ᠰᠢᠯᠭᠠᠯᠲᠠ ᠣᠨᠴᠠᠭᠠᠢᠯᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠲᠠ ᠶᠢᠨ ᠡᠮᠦᠨ᠎ᠡ᠂ ᠶᠡᠷᠦᠩᠬᠡᠢ ᠱᠦᠵᠢ ᠱᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠦᠷᠢᠵᠢᠭᠤᠯᠵᠤ᠂ ︽ᠴᠢᠨᠠᠷ ᠰᠠᠶᠢᠲᠠᠢ ᠬᠥᠭᠵᠢᠯᠲᠡ︾᠂ ︽ᠬᠤᠶᠠᠷ ᠬᠠᠯᠬᠠᠪᠴᠢ︾᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠱᠠᠭᠠᠷᠳᠠᠯᠭ᠎ᠠ ᠲᠤᠤᠷ᠎ᠠ ᠵᠢᠴᠢ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ 3.4% ᠳᠤ  ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠬᠤᠷᠳᠤᠴᠠ 8.9% ᠨᠡᠮᠡᠭᠳᠡᠵᠦ᠂ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ 3.1% ᠪᠤᠯᠵᠦ᠂ ᠨᠡᠶᠢᠲᠡ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ — 6.3% ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠣᠰᠪᠣᠷᠢ 0.2% ᠪᠠ 13.5% ᠳᠤ ᠬᠦᠷᠪᠡ᠃ᠵᠢᠯ ᠲᠤᠷᠰᠢ᠂ ᠪᠢᠳᠡ ︽ᠠᠷᠠᠳ ᠲᠦᠮᠡᠨ ᠬᠠᠮᠤᠭ ᠠᠴᠠ ᠡᠷᠬᠢᠮ ᠳᠡᠭᠡᠳᠦ᠂ ᠠᠮᠢ ᠨᠠᠰᠤ ᠬᠠᠮᠤᠭ ᠠᠴᠠ ᠡᠷᠬᠢᠮ ᠳᠡᠭᠡᠳᠦ︾ ᠪᠠᠶᠢᠬᠤ ᠶᠢ ᠢᠮᠠᠭᠳᠠ ᠪᠠᠷᠢᠮᠳᠠᠯᠠᠨ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠡᠭᠭᠤᠵᠢᠭᠤᠯᠤᠨ ᠰᠡᠷᠬᠡᠶᠢᠯᠡᠨ ᠡᠵᠡᠮᠳᠡᠬᠦ ᠠᠵᠢᠯ ᠢ ᠢᠮᠠᠭᠲᠠ ᠪᠠᠷᠢᠮᠲᠠᠯᠠᠵᠤ᠂ ᠵᠠᠩᠭᠢᠯᠠᠭ᠎ᠠ ᠶᠢᠨ ᠴᠢᠨᠠᠷᠲᠠᠢ ᠢᠯᠠᠯᠲᠠ ᠶᠢ ᠣᠯᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠡᠰᠢ ᠲᠣᠬᠢᠶᠠᠯᠳᠤᠭᠰᠠᠨ ᠳᠠᠮᠵᠢᠭᠤᠯᠬᠤ ᠬᠤᠷᠳᠤᠴᠠ ᠬᠠᠮᠤᠭ ᠤᠨ ᠲᠦᠷᠭᠡᠨ᠂ ᠬᠠᠯᠳᠠᠪᠤᠷᠢᠯᠠᠬᠤ ᠬᠡᠪᠴᠢᠶ᠎ᠡ ᠬᠠᠮᠤᠭ ᠤᠨ ᠥᠷᠭᠡᠨ᠂ ᠰᠡᠷᠭᠡᠶᠢᠯᠡᠨ ᠡᠵᠡᠮᠳᠡᠬᠦ ᠬᠦᠴᠢᠷᠳᠡᠯ ᠬᠠᠮᠤᠭ ᠤᠨ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠡᠷᠡᠰ ᠲᠤᠤᠱᠯᠠᠭᠤᠯᠵᠤ᠂ ᠶᠡᠷᠦᠩᠬᠡᠢ ᠱᠦᠵᠢ ᠱᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠦᠬᠦ ᠰᠢᠶᠠᠩ ᠤᠨ ᠥᠷᠭᠡᠨ ᠣᠯᠠᠨ ᠺᠠᠳ᠋ᠷ ᠪᠣᠯᠤᠨ ᠡᠯ᠎ᠡ ᠦᠨᠳᠦᠰᠦᠲᠡᠨ ᠤ ᠠᠷᠠᠳ ᠲᠦᠮᠡᠨ ᠢ  ᠬᠦᠴᠦᠳᠠᠢ ᠲᠠᠶᠢᠴᠢᠯᠠᠪᠠ᠃ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠦᠶ᠎ᠡ ᠳᠤ᠂ ᠬᠠᠯᠳᠠᠪᠤᠷᠢᠲᠤ ᠡᠬᠢ ᠰᠤᠷᠪᠤᠯᠵᠢ ᠶᠢ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠤᠷᠢᠭᠯᠠᠨ ᠡᠵᠡᠮᠳᠡᠵᠦ᠂ ᠲᠠᠷᠬᠠᠵᠦ ᠳᠡᠯᠭᠡᠷᠡᠬᠦ ᠵᠠᠮ ᠮᠥᠷ ᠢ ᠲᠠᠰᠤᠯᠤᠨ᠂ ᠬᠢᠵᠢᠭ ᠤᠨ ᠥᠷᠭᠡᠵᠢᠨ ᠳᠡᠯᠭᠡᠷᠡᠬᠦ ᠶᠢ ᠬᠤᠷᠢᠭᠯᠠᠨ ᠵᠤᠭᠰᠤᠭᠠᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠢ ᠠᠷᠠᠳ ᠲᠦᠮᠡᠨ ᠡᠷᠬᠢᠮ ᠳᠡᠭᠡᠳᠦ ᠪᠠᠶᠢᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠷᠢᠭᠦᠨ ᠤ ᠡᠩᠨᠡᠭᠡᠨ ᠳᠤ ᠭᠠᠪᠰᠢᠭᠠᠶᠢᠯᠠᠨ ᠠᠵᠢᠯᠯᠠᠵᠦ  ᠂ ᠥᠷᠭᠡᠨ ᠣᠯᠠᠨ ᠡᠮᠴᠢ ᠰᠤᠪᠢᠯᠠᠭᠴᠢᠳ ᠨᠢ ᠠᠮᠢ ᠨᠠᠰᠤ ᠶᠢ ᠡᠷᠬᠢᠮᠯᠡᠨ ᠳᠡᠭᠡᠳᠦᠯᠡᠬᠦ ᠶᠢ ᠪᠠᠷᠢᠮᠲᠠᠯᠠᠨ᠂ ᠲᠤᠰᠠᠭᠠᠷᠯᠠᠨ ᠠᠪᠤᠷᠠᠨ ᠵᠠᠰᠠᠬᠤ ᠨᠢᠭᠡᠳᠦᠭᠡᠷ ᠹᠷᠣᠨᠲ ᠲᠤ ᠵᠤᠷᠢᠭᠳᠠᠢ ᠠᠵᠢᠯᠯᠠᠵᠤ᠂ ᠠᠮᠢᠰᠬᠤᠯ ᠤᠨ ᠬᠡᠯᠪᠡᠷᠢ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠶᠢ           2 ᠶᠢ ᠠᠮᠵᠢᠯᠲᠠ ᠲᠠᠢ ᠵᠠᠰᠠᠨ ᠡᠳᠡᠭᠡᠷᠡᠭᠦᠯᠵᠦ᠂ ︽ᠨᠢᠭᠡ ᠴᠦ ᠬᠥᠮᠦᠨ ᠨᠠᠰᠦ ᠪᠠᠷᠠᠭᠰᠠᠨ ᠥᠬᠡᠢ᠂ ᠬᠠᠯᠳᠠᠪᠤᠷᠢᠯᠠᠭᠳᠠᠭᠰᠠᠨ ᠦᠭᠡᠢ᠂ ᠲᠠᠷᠬᠠᠭᠳᠠᠭᠰᠠᠨ ᠦᠭᠡᠢ︾ ᠪᠠᠶᠢᠵᠦ᠂ ᠪᠦᠬᠦ ᠲᠠᠯ᠎ᠠ ᠶᠢᠨ ᠢᠯᠠᠯᠲᠠ ᠶᠢ ᠣᠯᠪᠠ᠃ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠦᠰ ᠢᠳᠡᠪᠬᠢᠲᠡᠢ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠭᠰᠠᠨ ᠨᠢ 506 ᠲᠦᠮᠡᠨ ᠲᠥᠭᠦᠷᠢᠭ ᠲᠤ ᠬᠦᠷᠴᠦ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠠᠮᠢᠳᠤᠯᠢᠭ ᠢᠶᠠᠷ ᠳᠠᠶᠢᠯᠪᠦᠷᠢᠯᠠᠭᠰᠠᠨ ᠪᠠᠶᠢᠨ᠎ᠠ᠃ ᠬᠢᠵᠢᠭ ᠤᠨ  ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠳᠠᠭᠠᠭᠠᠮᠠᠭᠠᠢ ᠰᠢᠢᠳᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠲᠠᠭᠳᠠᠯ ᠢᠶᠠᠨ ᠨᠥᠬᠦᠪᠥᠷᠢᠯᠡᠬᠦ ᠲᠠᠯ᠎ᠠ ᠪᠠᠷ ᠠᠯᠤᠰ ᠬᠡᠳᠦ ᠶᠢᠨ ᠬᠦᠴᠦ ᠲᠠᠯᠪᠢᠵᠤ᠂ ᠴᠢᠳᠠᠪᠤᠷᠢᠲᠠᠨ ᠤ ᠪᠦᠲᠦᠭᠡᠨ ᠪᠠᠶᠢᠭᠤᠯᠤᠯᠳᠠ ᠶᠢᠨ ᠲᠠᠯ᠎ᠠ ᠪᠠᠷ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠰᠢᠰᠲ᠋ᠧᠮ ᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠬᠢᠵᠢᠭ ᠢ ᠡᠰᠡᠷᠭᠦᠴᠡᠬᠦ ᠪᠡᠯᠡ ᠮᠥᠩᠭᠦ ᠶᠢ ᠨᠠᠷᠢᠯᠢᠭ ᠣᠨᠣᠪᠴᠢᠲᠠᠢ ᠬᠡᠷᠡᠭᠯᠡᠨ᠂ ᠨᠢᠭᠡ ᠪᠦᠯᠦᠭ ᠬᠠᠯᠳᠠᠪᠤᠷᠢᠲᠤ ᠡᠪᠡᠳᠴᠢᠨ ᠢ ᠰᠡᠷᠭᠡᠢᠯᠡᠨ ᠵᠠᠰᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢᠨ ᠲᠥᠷᠥᠯ ᠵᠦᠢᠯ᠂ ᠴᠥᠮ᠎ᠡ ᠶᠢᠨ ᠬᠦᠴᠢᠯ ᠤᠨ ᠲᠤᠷᠰᠢᠯᠲᠠ ᠶᠢᠨ ᠲᠠᠰᠤᠭ᠂ ᠰᠢᠶᠠᠨ ᠤ ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠲᠥᠪ PCR ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠤᠨ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠭᠡᠷ ᠪᠠᠶᠢᠰᠢᠩ ᠢ ᠥᠭᠡᠷᠡᠴᠢᠯᠡᠨ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠥᠷᠥᠯ ᠤᠨ ᠡᠮᠴᠢᠯᠡᠭᠡᠨ ᠤ ᠲᠥᠬᠦᠭᠡᠷᠦᠮᠵᠢ ᠶᠢ ᠭᠦᠢᠴᠡᠳ ᠲᠣᠬᠢᠷᠠᠭᠤᠯᠵᠤ᠂ ᠬᠤᠰᠢᠭᠤ ᠰᠢᠶᠠᠩ  ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠨ᠂ 54 ᠨᠡᠷᠡᠰ ᠡᠮᠨᠡᠯᠭᠡ ᠶᠢᠨ ᠮᠡᠷᠭᠡᠵᠢᠯ ᠤᠨ ᠠᠵᠢᠯᠲᠠᠨ ᠡᠯᠰᠡᠨ ᠬᠡᠷᠡᠭᠯᠡᠵᠦ᠂ ᠡᠪᠡᠳᠴᠢᠨ ᠡᠮᠭᠡᠭ ᠰᠡᠷᠭᠡᠢᠯᠡᠨ ᠬᠢᠵᠠᠭᠠᠷᠯᠠᠬᠤ ᠲᠥᠪ ᠠᠴᠠ ᠲᠤᠰᠬᠠᠢ ᠮᠡᠷᠭᠡᠵᠢᠯ ᠤᠨ ᠠᠵᠢᠯᠲᠠᠨ 4 ᠨᠡᠷᠡᠰ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠨᠡᠯᠭᠡ ᠶᠢᠨ ᠮᠡᠷᠭᠡᠵᠢᠯ ᠤᠨ ᠠᠵᠢᠯᠲᠠᠨ 35 ᠨᠡᠷᠡᠰ ᠨᠢᠭᠡᠳᠦᠯᠲᠡᠢ ᠤᠷᠢᠨ ᠬᠡᠷᠡᠭᠯᠡᠵᠦ᠂ ᠬᠤᠯᠤᠭᠠᠨ᠎ᠠ ᠶᠢᠨ ᠬᠢᠵᠢᠭ ᠢ ᠲᠣᠬᠢᠷᠠᠮᠵᠢᠲᠠᠢ ᠰᠢᠢᠳᠪᠦᠷᠢᠯᠡᠬᠦ ᠴᠢᠬᠤᠯᠠ ᠶᠡᠭᠡ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠰᠢᠨ᠎ᠡ ᠳᠡᠭᠲᠡᠷ ᠲᠤ ᠭᠠᠷᠭᠠᠪᠠ᠃ᠵᠢᠯ ᠲᠣᠷᠰᠢ᠂ ᠪᠢᠳᠡ ᠢᠮᠠᠭᠲᠠ ᠴᠢᠨᠡᠭᠡᠯᠢᠭ ᠨᠡᠶᠢᠭᠡᠮ ᠤᠨ ᠬᠤᠷᠢᠭ᠎ᠠ ᠱᠤᠭᠤᠮ ᠤᠨ ᠡᠭᠦᠷᠭᠡ ᠳᠤ ᠲᠥᠪᠯᠡᠷᠡᠭᠦᠯᠦᠨ᠂ ᠣᠨᠣᠪᠴᠢᠲᠠᠢ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯᠪᠡᠭ ᠦᠷ᠎ᠡ ᠪᠦᠲᠦᠮᠵᠢ ᠶᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠲᠡᠭᠦᠰ ᠠᠮᠵᠢᠯᠲᠠ ᠲᠠᠢ ᠲᠡᠭᠦᠰᠪᠡ᠃ ︽ᠭᠤᠷᠪᠠᠨ ᠨᠠᠷᠢᠯᠢᠭ ᠣᠨᠣᠪᠴᠢᠲᠠᠢ᠂ ᠭᠤᠷᠪᠠ ᠶᠢ ᠨᠠᠢᠳᠠᠪᠤᠷᠢᠵᠢᠭᠤᠯᠬᠤ᠂ ᠭᠤᠷᠪᠠ ᠶᠢ ᠪᠠᠲᠤᠯᠠᠬᠤ︾ ᠪᠠ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠶᠢᠨ ᠲᠣᠭᠤᠷᠢᠨ ᠳᠤ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠥᠬᠦ ᠲᠠᠯ᠎ᠠ ᠪᠠᠷ ᠲᠤᠶᠢᠯᠪᠦᠷᠢᠲᠠᠢ ᠪᠠᠶᠢᠴᠠᠭᠠᠬᠤ︾ ᠠᠰᠠᠭᠤᠳᠠᠯ ᠢ ᠢᠯᠡᠷᠡᠭᠦᠯᠵᠦ᠂ ᠲᠥᠪ ᠤᠨ ᠲᠤᠰᠬᠠᠢ ᠲᠥᠷᠥᠯ ᠤᠨ ᠲᠣᠭᠤᠷᠢᠨ  ᠪᠠᠶᠢᠴᠠᠭᠠᠬᠤ ᠠᠵᠢᠯ ᠤᠨ ︽ᠡᠷᠭᠢᠵᠦ ᠦᠵᠡᠬᠦ︾᠂ ᠡᠯ᠎ᠡ ᠱᠠᠲᠤᠨ ᠤ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ︽ᠬᠤᠶᠠᠷ ᠲᠤ ᠵᠣᠪᠠᠭ᠋ᠤ ᠥᠬᠡᠢ᠂ ᠭᠤᠷᠪᠠ ᠶᠢ ᠪᠠᠲᠤᠯᠠᠬᠤ︾ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠠᠵᠤ ᠦᠢᠯᠡᠰ ᠤᠨ ᠬᠥᠭᠵᠢᠯᠲᠡ ᠪᠠᠷ ᠲᠤᠯᠭᠠᠭᠤᠷᠢ ᠪᠣᠯᠭᠠᠭᠰᠠᠨ ᠪᠡᠯᠡ ᠣᠷᠣᠭᠤᠯᠤᠯᠲᠠ 1.44 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠢᠯᠡᠰ ᠤᠨ ᠲᠥᠷᠥᠯ ᠵᠦᠢᠯ   ᠨᠢ 51 ᠶᠠᠳᠠᠭᠤ ᠬᠦᠴᠢᠷᠳᠡᠯᠲᠡᠢ ᠡᠷᠦᠬᠡ ᠶᠢ ᠬᠠᠮᠤᠷᠴᠠᠢ᠃ ︽ᠡᠮ᠎ᠡ ᠬᠤᠨᠢᠨ ᠤ ᠪᠠᠩᠬᠢ︾ ᠪᠣᠯᠤᠨ ᠮᠠᠯ ᠤᠨ ᠡᠭᠦᠯᠳᠡᠷ ᠰᠠᠶᠢᠵᠢᠷᠠᠭᠤᠯᠬᠤ ᠲᠥᠰᠦᠯ ᠪᠠ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠠᠵᠤ ᠦᠢᠯᠡᠳᠪᠦᠷᠢ ᠪᠠᠷ ᠳᠠᠮᠵᠢᠨ ᠲᠡᠳᠬᠦᠬᠦ ᠠᠵᠢᠯ ᠢ ᠤᠯᠠᠮ ᠴᠢᠩᠭᠠᠳᠬᠠᠪᠠ᠃   ᠬᠥᠳᠡᠯᠦᠩᠭᠦᠢ ᠬᠢᠨᠠᠨ ᠬᠡᠮᠵᠢᠯᠲᠡ ᠬᠢᠬᠦ ᠪᠠ ᠨᠠᠷᠢᠯᠢᠭ ᠣᠨᠣᠪᠴᠢᠲᠠᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠦ ᠂ ᠦᠯᠡᠳᠡᠭᠰᠡᠨ 137 ᠡᠷᠦᠬᠡ ᠶᠢᠨ 310 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃ 3 ᠰᠠᠷ᠎ᠠ ᠶᠢᠨ 5 ᠤ ᠡᠳᠦᠷ ᠮᠠᠨ ᠤ ᠰᠢᠶᠠᠨ ᠶᠠᠳᠠᠭᠤ ᠬᠦᠴᠢᠷᠳᠡᠯᠲᠡᠢ ᠰᠢᠶᠠᠨ ᠠᠴᠠ ᠵᠢᠩᠬᠢᠨᠢ ᠪᠠᠷ ᠤᠬᠤᠷᠢᠨ ᠭᠠᠷᠪᠠ  ᠃ 8 ᠰᠠᠷ᠎ᠠ ᠶᠢᠨ 10 ᠤ ᠡᠳᠦᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠪᠠᠶᠢᠴᠠᠭᠠᠨ ᠰᠢᠯᠭᠠᠯᠲᠠ ᠶᠢ ᠤᠷᠤᠭᠰᠢᠲᠠᠢ ᠪᠠᠷ ᠥᠩᠭᠡᠷᠡᠭᠦᠯᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠵᠦ ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠦᠷᠦᠭᠦᠯᠡᠨ ᠡᠳ᠋ ᠤᠨ ᠵᠠᠰᠠᠭ ᠤᠨ ᠭᠤᠷᠪᠠᠨ ᠠᠯᠪᠠᠨ ᠵᠠᠷᠤᠳᠠᠯ ᠢ 0.29% ᠪᠠᠷ ᠪᠠᠭᠠᠰᠬᠠᠪᠠ᠃ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠡᠳ᠋ ᠬᠥᠷᠥᠩᠭᠡ ᠪᠠᠷ ᠥᠷᠢ ᠥᠭᠴᠡᠭᠡ ᠶᠢ ᠲᠥᠯᠥᠬᠦ᠂ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠮᠥᠩᠭᠦᠨ ᠭᠦᠢᠯᠭᠡᠭᠡᠨ ᠤ ᠠᠷᠭ᠎ᠠ ᠪᠠᠷᠢᠯ ᠢ ᠠᠰᠢᠭᠯᠠᠨ ᠠᠷᠠᠳ ᠠᠴᠠ ᠡᠵᠡᠩᠨᠡᠭᠰᠡᠨ ᠠᠵᠤ  ᠠᠬᠤᠶᠢᠯᠠᠯ ᠤᠨ ᠥᠷᠢ ᠥᠭᠴᠡᠭᠡ ᠶᠢ ᠬᠤᠳᠠᠯᠳᠤᠨ ᠠᠪᠬᠤ ᠵᠡᠷᠭᠡ ᠶᠡᠷᠦᠩᠬᠡᠢᠯᠡᠭᠰᠡᠨ ᠴᠢᠨᠠᠷᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 2.6538 ᠳ᠋ᠦᠩᠰᠢᠭᠤᠷ ᠲᠥᠭᠦᠷᠢᠭ ᠤᠨ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠨ᠂ ᠪᠥᠬᠦ ᠵᠢᠯ ᠤᠨ ᠡᠭᠦᠷᠭᠡ ᠶᠢᠨ 2.64 ᠳ᠋ᠦᠩᠰᠢᠭᠤᠷ ᠲᠥᠭᠦᠷᠢᠭ ᠢ 100.5% ᠪᠠᠷ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠷᠢ ᠦᠭᠴᠡᠭᠡ ᠶᠢ ᠲᠦᠯᠦᠬᠦ ᠪᠦᠬᠦ ᠡᠭᠦᠷᠭᠡ ᠶᠢᠨ 2.5661 ᠳ᠋ᠦᠩᠰᠢᠭᠤᠷ ᠲᠥᠭᠦᠷᠢᠭ ᠢ ᠤᠷᠢᠳᠴᠢᠯᠠᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠥᠷᠢ ᠥᠭᠴᠡᠭᠡ ᠶᠢ ᠠᠷᠢᠯᠭᠠᠬᠤ ᠱᠠᠩᠨᠠᠯ ᠤᠨ ᠪᠡᠯᠡ ᠮᠥᠩᠭᠦ ᠶᠢ 0.1368 ᠳ᠋ᠦᠩᠰᠢᠭᠤᠷ ᠲᠥᠭᠦᠷᠢᠭ ᠬᠦᠷᠲᠡᠪᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠬᠦᠷᠢᠶ᠎ᠡ ᠬᠡᠪᠴᠢᠶᠡᠨ ᠳᠠᠬᠢ ᠵᠠᠰᠠᠨ ᠨᠠᠮᠳᠠᠭᠠᠬᠤ᠂ ᠢᠯᠭᠠᠷᠠᠭᠤᠯᠤᠨ ᠬᠤᠷᠢᠶᠠᠬᠤ᠂ ᠵᠦᠢ ᠪᠤᠰᠤ ᠵᠢᠭᠡᠯᠡᠯᠭᠡ ᠶᠢ 0.14 ᠳ᠋ᠦᠩᠰᠢᠭᠤᠷ ᠲᠥᠭᠦᠷᠢᠭ ᠲᠤᠬᠢᠷᠠᠭᠤᠯᠪᠠ᠃ ᠣᠷᠴᠢᠨ ᠲᠣᠭᠤᠷᠢᠨ ᠤ ᠶᠠᠰᠦ ᠴᠢᠨᠠᠷ ᠮᠡᠳᠡᠭᠳᠡᠮ᠎ᠡ  ᠰᠠᠶᠢᠵᠢᠷᠠᠵᠦ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠴᠢᠩᠭᠠᠳᠬᠠᠨ᠂ ᠳᠦᠷᠢᠮ ᠠᠴᠠ ᠵᠥᠷᠢᠴᠡᠭᠰᠡᠨ 85 ᠮᠠᠰᠢᠨ ᠬᠤᠳᠳᠤᠭ ᠢ ᠪᠢᠳᠠᠬᠦᠮᠵᠢᠯᠠᠪᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠭᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ 81 ᠰᠠᠭᠤᠷᠢ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠬᠡᠮᠵᠢᠬᠦ ᠲᠥᠬᠦᠭᠡᠷᠦᠮᠵᠢ᠂ ᠰᠠᠪᠠ ᠭᠠᠵᠠᠷ ᠤᠨ ᠤᠰᠤ ᠪᠠᠭ᠎ᠠ ᠬᠤᠷᠤᠭᠳᠠᠭᠤᠯᠵᠦ ᠭᠠᠩ ᠢ ᠳᠠᠭᠠᠭᠠᠬᠤ ᠲᠠᠷᠢᠮᠠᠯ ᠤᠨ ᠲᠠᠯᠠᠪᠠᠢ ᠶᠢ 58% ᠳᠤ ᠬᠦᠷᠬᠡᠪᠡ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠳᠤ ᠬᠠᠮᠤᠭ ᠤᠨ ᠴᠢᠩᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠲᠣᠰᠬᠤᠨ ᠢᠶᠠᠷ ᠨᠢᠭᠡᠴᠢ ᠪᠣᠯᠭᠠᠭᠰᠠᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠠᠶᠢᠳᠦᠷ ᠬᠡᠷᠡᠭᠵᠢᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠪᠠ᠃ ᠭᠤᠣᠯ ᠤᠰᠤᠨ ᠤ ᠬᠠᠶᠢᠷ ᠴᠢᠯᠠᠭᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠳᠠ ᠪᠠ ᠵᠠᠰᠠᠨ ᠰᠡᠷᠭᠦᠭᠡᠬᠦ ᠢᠨᠵᠧᠨᠧᠷᠢᠩ ᠢ 11.9 ᠲᠦᠮᠡᠨ ᠮᠦ ᠬᠡᠷᠡᠭᠵᠢᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠳᠤᠳᠬᠠᠪᠠ᠃ ᠠᠮᠢ ᠠᠬᠤᠢ ᠶᠢᠨ ᠵᠠᠰᠠᠨ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠪᠠ᠃ ᠵᠢᠯ ᠤᠨ ᠳᠣᠲᠣᠷ᠎ᠠ ᠬᠤᠷ᠎ᠠ ᠲᠤᠨᠤᠳᠠᠰᠤ ᠶᠢᠨ ᠬᠡᠮᠵᠢᠶ᠎ᠡ ᠶᠢ 2.37 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠦᠭᠡᠳ᠂ ︽ᠪᠣᠷᠣᠭᠠᠨ ᠤ ᠤᠰᠤ ᠪᠠᠷ ᠲᠠᠷᠢᠶᠠᠯᠠᠩ ᠤᠨ ᠦᠢᠯᠡᠰ ᠢ ᠬᠦᠭᠵᠢᠬᠦᠯᠬᠦ︾ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠢᠯᠡᠨ ᠵᠠᠰᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ 5 ᠲᠥᠪᠯᠡᠷᠡᠭᠦᠯᠦᠨ ᠢᠯᠴᠢ ᠬᠠᠩᠭᠠᠬᠤ ᠺᠣᠮᠫᠠᠨᠢ ᠶᠢᠨ ᠲᠣᠭᠤᠰᠣ ᠠᠷᠢᠯᠭᠠᠬᠤ᠂ ᠬᠦᠬᠦᠷ ᠦᠬᠡᠶᠢᠳᠡᠬᠦᠯᠬᠦ ᠲᠥᠬᠦᠭᠡᠷᠦᠮᠵᠢ ᠶᠢ ᠲᠣᠬᠢᠷᠠᠭᠤᠯᠬᠤ ᠶᠢᠨ ᠬᠠᠮᠲᠤ ᠰᠦᠯᠵᠢᠶ᠎ᠡ ᠪᠠᠷ ᠬᠢᠨᠠᠨ ᠡᠵᠡᠮᠳᠡᠬᠦ ᠲᠤᠭ᠎ᠠ ᠪᠠᠷᠢᠮᠲᠠ ᠤᠭᠰᠠᠷᠠᠪᠠ  ᠃ 12 ᠠᠭᠤᠷᠬᠠᠢ ᠶᠢᠨ ᠠᠵᠤ  ᠠᠬᠤᠶᠢᠯᠠᠯ ᠳᠤ ᠴᠥᠮ ᠰᠠᠯᠬᠢ ᠬᠠᠯᠬᠠᠯᠠᠵᠤ ᠲᠣᠭᠤᠰᠣ ᠳᠠᠷᠤᠬᠤ ᠲᠣᠣᠷ ᠵᠡᠷᠭᠡ ᠪᠡᠯᠡᠳᠬᠡᠮᠵᠢ ᠶᠢ ᠪᠠᠶᠢᠭᠤᠯᠵᠦ᠂ ᠬᠠᠶᠠᠭᠳᠠᠮᠠᠯ ᠬᠡᠢ ᠭᠠᠳᠠᠭᠰᠢᠯᠠᠭᠤᠯᠬᠤ 11 ᠭᠤᠣᠯᠳᠠᠯᠭ᠎ᠠ ᠲᠠᠢ ᠠᠵᠤ  ᠠᠬᠤᠶᠢᠯᠠᠯ ᠳᠤ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠨ᠂ ᠠᠵᠤ ᠠᠬᠤᠶᠢᠯᠠᠯ ᠤᠨ ᠭᠠᠳᠠᠭᠰᠢᠯᠠᠭᠤᠯᠤᠯ ᠢ ᠪᠦᠲᠦᠮᠵᠢᠲᠡᠢ ᠵᠠᠰᠠᠪᠠ᠃ ︽ ᠬᠤᠸᠠᠳᠧ ᠰᠢᠶᠠᠨ ᠤ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠲᠣᠰᠬᠤᠨ ᠤ ᠱᠠᠲᠤᠨ ᠤ ᠬᠠᠮᠲᠤᠷᠠᠭᠰᠠᠨ ᠬᠤᠷᠢᠶᠠᠨ ᠠᠪᠬᠤ ᠥᠷᠲᠡᠭᠡ 10 ᠶᠢ ᠪᠠᠶᠢᠭᠤᠯᠪᠠ᠃  ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠪᠥᠬᠦ ᠬᠤᠲᠠ ᠳᠤ ᠤᠷᠢᠳᠠᠪᠡᠷ ᠡᠬᠢᠯᠡᠭᠦᠯᠪᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ︽ᠭᠤᠷᠪᠠᠨ ᠳᠣᠣᠷ᠎ᠠ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠪᠥᠬᠦ ᠬᠤᠲᠠ ᠳᠤ ᠬᠠᠶᠠᠭᠳᠠᠭᠰᠠᠨ ᠭᠤᠣᠯ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠬᠠᠮᠤᠭ ᠤᠨ ᠲᠡᠷᠢᠭᠦᠨ ᠳᠤ ᠪᠡᠶᠡᠯᠡᠭᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠵᠢᠴᠢ ︽ᠡᠷᠭᠢᠵᠦ ᠦᠵᠡᠬᠦ︾ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠰᠠᠭᠤᠳᠠᠯ ᠢ ᠵᠠᠰᠠᠨ ᠰᠠᠶᠢᠵᠢᠷᠠᠭᠤᠯᠬᠤ ᠨᠣᠷᠮ᠎ᠠ ᠨᠢ 89% ᠳᠤ ᠬᠦᠷᠴᠡᠢ᠃ᠵᠢᠯ ᠲᠣᠷᠰᠢ᠂ ᠪᠢᠳᠡ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠠᠬᠢᠯᠲᠠ ᠲᠠᠢ ᠪᠤᠯᠪᠠ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 22 ᠲᠥᠷᠥᠯ ᠵᠦᠢᠯ ᠤᠨ ᠪᠡᠯᠡ ᠣᠷᠣᠭᠤᠯᠤᠯᠲᠠ ᠶᠢ 4.83 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠲᠦᠷᠭᠡᠳᠬᠡᠨ  ᠲᠤᠬᠢᠷᠠᠭᠤᠯᠪᠠ᠃ ᠬᠠᠭᠤᠷᠠᠢ ᠲᠠᠷᠢᠮᠠᠯ ᠤᠨ ᠣᠷᠭᠠᠨᠢᠭ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 0.6 ᠲᠦᠮᠡᠨ ᠮᠦ ᠪᠠᠶᠢᠭᠤᠯᠵᠦ ᠂  ᠵᠢᠱᠢᠶ᠎ᠡ ᠦᠵᠡᠭᠦᠯᠬᠦ ᠲᠠᠷᠢᠮᠠᠯ ᠤᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ᠢ 1.3 ᠲᠦᠮᠡᠨ ᠮᠦ᠂ ᠬᠠᠭᠤᠷᠠᠢ ᠲᠠᠷᠢᠮᠠᠯ ᠤᠨ ᠣᠷᠭᠠᠨᠢᠭ ᠪᠤᠭᠤᠳᠠᠢ ᠶᠢ 8.36 ᠲᠦᠮᠡᠨ ᠮᠦ᠂ ᠴᠢᠬᠢ ᠮᠣᠳᠣ 8.2 ᠲᠦᠮᠡᠨ ᠮᠦ ᠲᠠᠷᠢᠪᠠ᠃ ᠰᠠᠶᠢᠨ ᠡᠭᠦᠯᠳᠡᠷ ᠢ ᠬᠠᠰᠢᠶᠠᠯᠠᠨ ᠲᠡᠵᠢᠬᠡᠵᠦ᠂ ᠨᠠᠷᠢᠯᠢᠭ ᠮᠠᠯᠵᠢᠬᠤ ᠮᠠᠯ ᠠᠵᠤ ᠠᠬᠤᠢ ᠶᠢ ᠲᠦᠷᠭᠡᠳᠬᠡᠨ ᠠᠬᠢᠭᠤᠯᠵᠤ᠂ ᠮᠢᠬᠠᠨ ᠤ ᠦᠬᠡᠷ᠂ ᠮᠢᠬᠠᠨ ᠤ ᠬᠤᠨᠢᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢ 82 ᠪᠠᠶᠢᠭᠤᠯᠵᠤ ᠂ ᠲᠠᠷᠢᠮᠠᠯ ᠤᠨ ᠦᠢᠯᠡᠰ ᠤᠨ ︽ᠨᠢᠭᠡ ᠲᠥᠮᠥᠰᠥ᠂ ᠬᠤᠶᠠᠷ ᠪᠤᠭᠤᠳᠠᠢ + ᠡᠪᠡᠰᠦᠨ ᠡᠮ︾ ᠢᠶᠠᠷ ᠭᠤᠣᠯ ᠪᠣᠯᠭᠠᠨ᠂ ᠲᠡᠵᠢᠭᠡᠨ ᠦᠷᠡᠵᠢᠭᠦᠯᠬᠦ ᠦᠢᠯᠡᠰ ᠤᠨ ᠪᠠᠶᠢᠷᠢᠰᠢᠯ ᠢ ᠠᠩᠬ᠎ᠠ ᠠᠯᠬᠤᠮ ᠪᠣᠢ ᠪᠤᠯᠭᠠᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠂ 15 ᠠᠵᠤ ᠠᠬᠤᠶᠢᠯᠠᠯ ᠢ ᠯᠠᠪᠳᠠᠭᠤᠨ ᠢᠶᠠᠷ ᠠᠬᠢᠭᠤᠯᠪᠠ᠃ ᠬᠠᠭᠤᠷᠠᠢ ᠲᠠᠷᠢᠶᠠᠯᠠᠭ᠎ᠠ ᠶᠢᠨ ᠣᠷᠭᠠᠨᠢᠭ ᠴᠢᠯᠠᠭᠤᠨ ᠲᠡᠭᠡᠷᠮ᠎ᠡ ᠶᠢᠨ ᠭᠤᠯᠢᠷ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠤᠮᠠᠷᠠᠲᠤ ᠶᠢᠨ ᠬᠠᠨ ᠹᠧᠩ︾ ᠰᠢᠶᠠᠩ ᠤᠨ ᠬᠡᠪᠴᠢᠶᠡᠨ ᠤ ᠣᠯᠠᠨ ᠨᠠᠶᠢᠳᠠ ᠶᠢᠨ ᠨᠡᠷᠡᠲᠦ ᠲᠡᠮᠳᠡᠭᠲᠦ ᠪᠠᠶᠢᠭᠤᠯᠵᠦ᠂ ︽ᠬᠤᠸᠠᠳᠧ ᠰᠢᠶᠠᠨ ᠤ ᠨᠠᠷᠢᠨ ᠨᠣᠣᠰᠣᠲᠤ ᠬᠤᠨᠢᠨ ᠮᠢᠬ᠎ᠠ︾ ᠶᠢᠨ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠪᠠ ᠰᠢᠶᠠᠨ ᠤ ᠬᠡᠪᠴᠢᠶᠡᠨ ᠤ ᠬᠠᠭᠤᠷᠠᠢ ᠭᠠᠵᠠᠷ ᠲᠤ ᠡᠰᠢ ᠲᠠᠲᠠᠵᠤ ᠡᠭᠡᠯᠵᠢᠯᠡᠨ ᠲᠠᠷᠢᠬᠤ ᠪᠣᠳᠠᠰ ᠤᠨ ᠪᠤᠰᠤ ᠰᠣᠶᠣᠯ ᠤᠨ ᠥᠪ ᠢ ᠮᠡᠳᠡᠭᠦᠯᠬᠦ ᠠᠵᠢᠯ ᠢ ᠵᠣᠬᠢᠶᠠᠨ  ᠪᠠᠶᠢᠭᠤᠯᠪᠠ᠃ ᠠᠩᠬᠠᠳᠤᠭᠠᠷ ᠬᠤᠭᠤᠴᠠᠭᠠᠨ ᠤ ᠴᠠᠭᠠᠨ ᠨᠣᠭᠤᠭ᠎ᠠ ᠶᠢᠨ ᠰᠣᠶᠣᠯ ᠤᠨ ᠨᠠᠶᠢᠷ ᠵᠢᠴᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠦᠢᠯᠡᠳᠪᠦᠷᠢᠯᠡᠨ ᠪᠣᠷᠣᠯᠠᠭᠤᠯᠬᠤ ᠬᠤᠷᠠᠯ ᠢ ᠡᠷᠬᠢᠯᠡᠵᠦ᠂ ᠵᠢᠩ ᠳ᠋ᠦᠩ ᠯᠦᠭᠡ ᠦᠢᠯᠡᠳᠪᠦᠷᠢᠯᠡᠬᠦ᠂ ᠪᠣᠷᠣᠯᠠᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠳᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠵᠤ᠂ ᠴᠠᠭᠠᠨ ᠨᠣᠭᠤᠭ᠎ᠠ ᠶᠢᠨ ᠵᠢᠯ ᠤᠨ ᠪᠣᠷᠣᠯᠠᠭᠤᠯᠭ᠎ᠠ ᠨᠢ 4000 ᠭᠠᠷᠤᠢ ᠲᠦᠮᠡᠨ ᠲᠥᠭᠦᠷᠢᠭ ᠬᠦᠷᠪᠡ᠃ ᠰᠢᠨ᠎ᠡ ᠬᠠᠭᠤᠴᠢᠨ ᠬᠥᠳᠡᠯᠭᠡᠭᠡᠨ ᠤ ᠡᠨᠧᠷᠭᠢ ᠶᠢᠨ ᠰᠢᠯᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠪᠴᠠᠰᠤᠨ ᠤ ᠦᠢᠯᠡᠰ ᠢ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ︽ᠪᠠᠭ᠋ᠠᠷᠬᠠᠯ ᠢ ᠲᠠᠲᠠᠭᠰᠠᠨ ᠵᠣᠣ ᠵᠢᠶᠦ᠋ᠨ︾ ᠬᠡᠮᠡᠬᠦ ᠣᠯᠠᠨ ᠨᠠᠶᠢᠳᠠ ᠶᠢᠨ ᠨᠡᠷᠡᠲᠦ ᠲᠡᠮᠳᠡᠭᠲᠦ ᠶᠢ ᠲᠦᠯᠬᠢᠨ ᠭᠠᠷᠭᠠᠵᠦ᠂ ᠬᠤᠸᠠᠳᠧ ᠰᠢᠶᠠᠨ ᠤ ᠬᠤᠪᠴᠠᠰᠤ ᠬᠤᠨᠠᠷ ᠦᠢᠯᠡᠳᠪᠦᠷᠢᠯᠡᠬᠦ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ︽ᠴᠢᠨᠠᠷ ᠰᠠᠶᠢᠳᠠᠢ ᠬᠥᠭᠵᠢᠯᠲᠡ᠂ ᠦᠢᠯᠡᠴᠢᠯᠡᠭᠡᠨ ᠤ ᠵᠠᠭᠤᠨ ᠠᠵᠤ ᠠᠬᠤᠢᠯᠠᠯ︾ ᠢᠶᠠᠷ ᠰᠣᠩᠭᠤᠭᠳᠠᠪᠠ᠃ ᠰᠥᠨᠢᠳ ᠪᠠᠷᠠᠭᠤᠨ ᠬᠤᠰᠢᠭᠤ ᠠᠴᠠ ᠬᠤᠸᠠᠳᠧ ᠬᠦᠷᠬᠦ ᠥᠨᠳᠥᠷ ᠬᠤᠷᠳᠤᠴᠠᠲᠤ ᠵᠠᠮ ᠬᠠᠷᠢᠯᠴᠠᠭᠠᠨ ᠤ ᠠᠵᠢᠯ ᠤᠨ ᠰᠢᠯᠭᠠᠨ  ᠬᠤᠷᠢᠶᠠᠵᠦ᠂ ᠮᠣᠵᠢ ᠶᠢᠨ ᠬᠤᠭᠤᠷᠣᠨᠳᠣᠬᠢ ᠵᠠᠮ ᠤᠨ ᠬᠤᠧᠳᠧ ᠬᠦᠷᠬᠦ ᠢᠨᠵᠧᠨᠧᠷᠢᠩ ᠤᠨ ᠠᠵᠢᠯ ᠤᠨ ᠠᠬᠢᠴᠠ ᠮᠠᠰᠢ ᠰᠠᠶᠢᠨ ᠪᠠᠶᠢᠨ᠎ᠠ᠃ ᠮᠠᠰᠢᠨ ᠲᠡᠷᠬᠡᠨ ᠤ ᠶᠡᠷᠦᠩᠭᠡᠶᠢᠯᠡᠭᠰᠡᠨ ᠬᠦᠢᠯᠬᠡᠬᠡᠨ ᠤ ᠲᠤᠭᠤᠷᠢᠭ ᠢ ᠡᠬᠢᠯᠡᠨ ᠪᠠᠶᠢᠭᠤᠯᠵᠦ᠂ ᠲᠡᠮᠦᠷ ᠵᠠᠮ ᠤᠨ ᠲᠤᠰᠬᠠᠢ ᠱᠤᠭᠤᠮ ᠵᠡᠷᠬᠡ ᠲᠦᠷᠦᠯ ᠵᠤᠶᠢᠯ ᠢ ᠲᠣᠭᠲᠠᠪᠤᠷᠢᠲᠠᠢ ᠠᠬᠢᠭᠤᠯᠵᠤ᠂ ᠨᠠᠶᠢᠳᠠ ᠶᠢᠨ ᠬᠡᠷᠡᠭᠯᠡᠭᠡᠨ ᠤ  ᠨᠢᠰᠬᠡᠯ  ᠤᠨ ᠲᠠᠯᠠᠪᠤᠷ ᠤᠨ ᠲᠦᠷᠦᠯ ᠵᠤᠶᠢᠯ ᠤᠨ ᠡᠬᠢᠨ ᠤ ᠡᠭᠡᠯᠵᠢ ᠶᠢᠨ ᠠᠵᠢᠯ ᠢ ᠤᠳᠠᠯ ᠦᠭᠡᠢ ᠲᠠᠭᠤᠰᠬᠠᠬᠤ ᠬᠡᠵᠦ ᠪᠤᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ 9 ᠬᠦᠷᠢᠶᠡᠨ ᠤ 195 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠲᠦᠮᠵᠢᠲᠡᠢ ᠲᠦᠯᠬᠢᠨ ᠠᠬᠢᠭᠤᠯᠵᠤ᠂ ᠰᠢᠶᠠᠩ ᠪᠠᠯᠭᠠᠰᠤᠨ ᠤ ᠶᠡᠷᠦᠩᠭᠡᠶᠢᠯᠡᠭᠰᠡᠨ ᠲᠤᠷᠰᠢᠯᠲᠠ ᠶᠢᠨ ᠥᠭᠡᠷᠡᠴᠢᠯᠡᠯᠲᠡ ᠶᠢᠨ ᠠᠵᠢᠯ ᠤᠨ 86 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠪᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠲᠥᠪᠯᠡᠷᠡᠭᠦᠯᠬᠦ ᠥᠭᠡᠷᠡᠴᠢᠯᠡᠯᠲᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠫᠠᠶᠢᠰᠠ ᠡᠯᠭᠦᠨ ᠪᠠᠢᠭᠤᠯᠤᠭᠳᠠᠪᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠨᠢ 550 ᠭᠠᠷᠤᠢ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠠᠮᠠᠯᠠᠯᠲᠠ ᠶᠢᠨ ᠴᠠᠭ ᠤᠨ ᠬᠢᠵᠠᠭᠠᠷ ᠢ ᠪᠠᠭᠠᠰᠬᠠᠭᠰᠠᠨ ᠬᠠᠷᠢᠴᠠᠯ ᠨᠢ 58.9% ᠳᠤ ᠬᠦᠷᠴᠦ᠂ ᠠᠵᠤ ᠠᠬᠤᠶᠢᠯᠠᠯ ᠤᠨ ᠡᠬᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠪᠠ᠃ ᠣᠯᠠᠨ ᠦᠨᠡᠮᠯᠡᠯ ᠢ  ᠨᠠᠶᠢᠯᠡᠬᠦᠯᠦᠨ ᠨᠢᠭᠡ ᠪᠣᠯᠭᠠᠬᠤ᠂ ᠳᠥᠭᠦᠮ ᠠᠪᠰᠠᠷᠬᠠᠨ ᠢᠶᠠᠷ ᠬᠦᠴᠦᠨ ᠦᠭᠡᠢ ᠪᠣᠯᠭᠠᠬᠤ ᠵᠡᠷᠭᠡ ᠠᠷᠠᠳ ᠲᠤ ᠳᠥᠭᠦᠮ ᠦᠵᠡᠭᠦᠯᠬᠦ ᠪᠠ ᠠᠵᠤ ᠠᠬᠤᠶᠢᠯᠠᠯ ᠳᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠦᠷᠭᠡᠨ ᠵᠥᠪᠰᠢᠶᠡᠷᠡᠭᠦᠯᠦᠨ ᠣᠷᠣᠭᠤᠯᠬᠤ᠂ ᠠᠵᠤ ᠠᠬᠤᠶᠢᠯᠠᠯ ᠳᠤ ᠳᠥᠭᠦᠮ ᠲᠦᠳᠡ ᠦᠵᠡᠬᠦᠯᠬᠦ ᠵᠠᠮ ᠬᠠᠩᠭᠠᠪᠠ᠎ᠠ᠃ ᠬᠤᠳᠠᠯᠳᠤᠭ᠎ᠠ ᠡᠷᠬᠢᠯᠡᠬᠦ ᠣᠷᠴᠢᠨ ᠲᠠᠰᠤᠷᠠᠯᠲᠠ ᠦᠭᠡᠢ ᠰᠠᠶᠢᠵᠢᠷᠠᠪᠠ᠃ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠪᠦᠲᠦᠭᠡᠨ ᠪᠠᠢᠭᠤᠯᠤᠯᠲᠠ ᠶᠢᠨ ᠣᠨ︾ ᠤ ︽ᠺᠠᠳ᠋ᠷᠴᠤᠳ ᠤᠨ ᠣᠪᠣᠷ ᠰᠤᠷᠲᠠᠯ ᠤᠨ ᠪᠦᠲᠦᠭᠡᠨ ᠪᠠᠶᠢᠭᠤᠯᠤᠯᠳᠠ ᠶᠢᠨ ᠣᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ 2020 ᠣᠨ ᠤ ᠠᠷᠠᠯᠵᠢᠶ᠎ᠠ ᠬᠤᠳᠠᠯᠳᠤᠭᠠᠨ ᠤ ᠣᠷᠴᠢᠨ ᠲᠣᠭᠤᠷᠢᠨ ᠤ ᠦᠨᠡᠯᠡᠯᠲᠡ ᠳᠤ ᠭᠤᠷᠪᠠᠳᠤᠭᠠᠷ ᠲᠤ ᠣᠷᠣᠪᠠ᠃ ᠪᠥᠬᠦ ᠵᠢᠯ ᠳᠤ ᠨᠠᠶᠢᠳᠠ 2.92 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠬᠡᠯᠲᠦᠷᠢᠭᠦᠯᠦᠨ᠂ 110 ᠠᠵᠤ ᠠᠬᠤᠶᠢᠯᠠᠯ ᠤᠨ 3447 ᠬᠥᠮᠦᠨ ᠤ ᠨᠠᠰᠤᠵᠢᠯ ᠤᠨ ᠳᠠᠭᠠᠳᠬᠠᠯ ᠤᠨ ᠰᠦᠢᠳᠬᠡᠯ ᠢ 1877.8 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ 25 ᠠᠵᠤ  ᠠᠬᠤᠶᠢᠯᠠᠯ ᠤᠨ 9378 ᠬᠥᠮᠦᠨ ᠤᠳᠠᠭᠠᠨ ᠤ ᠨᠥᠬᠦᠪᠥᠷᠢ ᠶᠢ ᠣᠷᠣᠯᠠᠭᠤᠯᠪᠠ᠃ ︽ᠪᠠᠲᠤᠯᠠᠭᠠᠲᠤ ᠵᠢᠭᠡᠯᠡᠯᠭᠡ︾ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮ ᠤᠨ ᠦᠢᠯᠡᠳᠦᠯ ᠢ ᠪᠠᠳᠠᠷᠠᠭᠤᠯᠵᠤ ᠂ 36 ᠠᠵᠤ ᠠᠬᠤᠶᠢᠯᠠᠯ ᠳᠤ 9800 ᠲᠦᠮᠡᠨ ᠲᠥᠭᠦᠷᠢᠭ ᠤᠨ ᠪᠡᠯᠡ  ᠬᠤᠷᠠᠮᠳᠤᠭᠤᠯᠪᠠ᠃ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ 220 ᠺᠯᠣᠸᠣᠯᠲ ᠤᠨ ᠴᠠᠬᠢᠯᠭᠠᠨ ᠬᠤᠪᠢᠰᠬᠠᠭᠤᠷ ᠤᠨ ᠥᠷᠲᠡᠭᠡ ᠶᠢ ᠠᠵᠢᠯ ᠡᠬᠢᠯᠡᠭᠦᠯᠵᠦ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠢᠰᠢᠩ ᠤᠨ ᠲᠥᠷᠥᠯ ᠵᠦᠢᠯ ᠤᠨ ᠭᠤᠣᠯ ᠴᠣᠭᠴᠠ ᠶᠢ ᠠᠰᠢᠭᠯᠠᠯᠲᠠ ᠳᠤ ᠣᠷᠣᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ᠂ ᠳᠤᠮᠳᠠ ᠤᠰᠤᠨ ᠤ ᠬᠤᠭᠤᠯᠠᠢ ᠲᠣᠣᠷ ᠢ ᠥᠭᠡᠷᠡᠴᠢᠯᠡᠬᠦ 14 ᠺᠢᠯᠣᠮᠧᠲᠷ ᠢᠨᠵᠧᠨᠧᠷᠢᠩ ᠢ ᠪᠡᠶᠡᠯᠡᠭᠦᠯᠪᠡ᠃ ᠭᠠᠳᠠᠭᠰᠢ ᠨᠡᠭᠡᠭᠡᠬᠦ ᠠᠵᠢᠯ ᠪᠣᠳᠠᠲᠤ ᠦᠷ᠎ᠡ ᠪᠦᠲᠦᠮᠵᠢ ᠣᠯᠪᠠ᠃ ᠮᠧᠩ ᠢ ᠯᠦᠩ ᠪᠣᠯᠤᠨ ᠾᠧᠦ ᠳ᠋ᠧ 2 ᠺᠣᠮᠫᠠᠨᠢ ᠨᠢ ᠦᠪᠡᠷᠳᠡᠬᠡᠨ ᠵᠠᠰᠠᠬᠤ ᠤᠷᠤᠨ ᠤ ᠦᠨᠳᠦᠰᠦᠲᠡᠨ ᠤ ᠬᠤᠳᠠᠯᠳᠤᠭᠠᠨ ᠤ ᠠᠵᠤ ᠠᠬᠤᠢ ᠶᠢᠨ ᠨᠢᠭᠡᠴᠡ ᠶᠢᠨ ᠴᠤᠯᠠ ᠶᠢ ᠬᠦᠷᠳᠡᠵᠦ᠂ ᠬᠤᠸᠠ ᠴᠧᠩ ᠰᠢᠨᠵᠢᠯᠡᠬᠦ ᠤᠬᠠᠭᠠᠨ ᠲᠧᠭᠨᠣᠯᠣᠭᠢ ᠶᠢᠨ ᠰᠤᠳᠤᠯᠤᠨ ᠪᠦᠲᠦᠭᠡᠭᠰᠡᠨ ᠰᠢᠨ᠎ᠡ ᠲᠦᠬᠦᠬᠡᠢ ᠮᠠᠲ᠋ᠧᠷᠢᠶᠠᠯ ᠤᠳ ᠨᠢ ᠴᠢᠬᠤᠯᠠ ᠶᠡᠭᠡ ᠢᠯᠡᠷᠡᠭᠦᠯᠦᠯᠲᠡ ᠶᠢ ᠤᠯᠵᠦ᠂ ᠤᠯᠤᠰ ᠤᠨ ᠲᠡᠷᠢᠬᠦᠨ ᠤ ᠬᠢᠷᠢ ᠲᠦᠪᠰᠢᠨ ᠳᠤ ᠬᠦᠷᠪᠡ᠃ ᠢᠦᠢ ᠮᠧᠩ ᠷᠧᠨ ᠬᠤᠪᠴᠠᠰᠤ ᠵᠠᠰᠠᠯ ᠪᠠ ᠠᠯᠲᠠᠨ ᠲᠡᠮᠡᠬᠡᠳᠦ ᠬᠤᠪᠴᠠᠰᠤ ᠵᠠᠰᠠᠯ ᠨᠢ ᠵᠢᠯ ᠳᠤ 4790 ᠬᠤᠪᠢ ᠢᠮᠠᠭᠠᠨ ᠨᠣᠯᠤᠤᠷ ᠤᠨ ᠬᠤᠪᠴᠠᠰᠤ ᠭᠠᠳᠠᠭᠠᠳᠤ ᠳᠤ ᠭᠠᠷᠭᠠᠵᠦ᠂ 35.9 ᠲᠦᠮᠡᠨ ᠳ᠋ᠣᠯᠯᠠᠷ ᠤᠨ ᠭᠤᠪᠢᠭᠤᠯᠭ᠎ᠠ ᠡᠬᠦᠳᠦᠪᠡ᠃ᠵᠢᠯ ᠲᠤᠷᠰᠢ᠂ ᠪᠢᠳᠠ ᠠᠷᠠᠳ ᠲᠦᠮᠡᠨ ᠢᠶᠠᠷ ᠭᠤᠤᠯ ᠪᠤᠯᠭᠠᠬᠤ ᠶᠢ ᠢᠮᠠᠭᠳᠠ ᠪᠠᠷᠢᠮᠳᠠᠯᠠᠨ᠂ ᠠᠷᠠᠳ ᠤᠨ ᠠᠮᠢᠳᠤᠷᠠᠯ  ᠢ ᠲᠡᠷᠢᠬᠦᠨ ᠳᠤ ᠲᠠᠯᠪᠢᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠢᠯᠡᠳᠳᠡ ᠲᠡᠬᠡᠭᠰᠢᠯᠡᠪᠡ᠃ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 2.36 ᠳ᠋ᠦᠩᠰᠢᠭᠤᠷ ᠲᠥᠭᠦᠷᠢᠭ ᠣᠯᠵᠤ᠂ ᠬᠤᠲᠠ ᠪᠠᠯᠭᠠᠰᠤᠨ ᠤ ᠪᠣᠷᠣᠭᠠᠨ ᠤ ᠤᠰᠤ ᠶᠢ ᠰᠠᠯᠭᠠᠬᠤ ᠵᠢᠴᠢ ᠤᠰᠤ ᠬᠠᠩᠭᠠᠬᠤ ᠬᠤᠭᠤᠯᠠᠢ ᠶᠢᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ 1 ᠲᠦᠮᠡᠨ ᠲᠤᠨ ᠤᠰᠤ ᠬᠠᠳᠠᠭᠠᠯᠠᠬᠤ ᠴᠥᠭᠦᠷᠥᠮ 1᠂ ᠤᠰᠤᠨ ᠤ ᠴᠢᠨᠠᠷ ᠢ ᠳᠡᠭᠡᠭᠰᠢᠯᠡᠭᠦᠯᠬᠦ ᠥᠷᠲᠡᠭᠡ 1᠂ ᠤᠰᠤ ᠨᠥᠬᠦᠪᠥᠷᠢᠯᠡᠬᠦ ᠬᠤᠳᠳᠤᠭ ᠤᠨ ᠤᠰᠤ ᠬᠠᠩᠭᠠᠬᠤ ᠬᠤᠭᠤᠯᠠᠢ 34 ᠺᠢᠯᠣᠮᠧᠲᠷ ᠢ ᠰᠢᠨ᠎ᠡ ᠪᠠᠷ ᠪᠦᠲᠦᠭᠡᠨ ᠪᠠᠶᠢᠭᠤᠯᠪᠠ᠃ ᠢᠯᠴᠢ ᠬᠠᠩᠭᠠᠬᠤ ᠰᠢᠰᠲ᠋ᠧᠮ ᠢ ᠥᠭᠡᠷᠡᠴᠢᠯᠡᠵᠦ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠬᠦᠯᠦᠨ᠂ 17 ᠢᠯᠴᠢ ᠰᠣᠯᠢᠬᠤ ᠥᠷᠲᠡᠭᠡ ᠰᠢᠨ᠎ᠡ ᠪᠠᠷ ᠪᠠᠶᠢᠭᠤᠯᠤᠨ᠂ 52.1 ᠺᠢᠯᠣᠮᠧᠲᠷ ᠢᠯᠴᠢ ᠬᠠᠩᠭᠠᠬᠤ ᠬᠤᠭᠤᠯᠠᠢ ᠶᠢ ᠰᠢᠨ᠎ᠡ ᠪᠠᠷ ᠪᠠᠶᠢᠭᠤᠯᠪᠠ᠃ ᠰᠢᠨ᠎ᠡ ᠪᠠᠷ ᠪᠠᠢᠭᠤᠯᠤᠭᠰᠠᠨ ᠬᠡᠢ ᠬᠠᠩᠭᠠᠬᠤ ᠬᠤᠭᠤᠯᠠᠢ ᠶᠢᠨ ᠲᠣᠣᠷ 25.3 ᠺᠢᠯᠣᠮᠧᠲᠷ ᠲᠤ ᠬᠦᠷᠴᠦ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 268 ᠡᠷᠦᠬᠡ ᠶᠢ ᠰᠢᠨᠡᠳᠬᠡᠨ ᠥᠭᠡᠷᠡᠴᠢᠯᠡᠵᠦ᠂ ᠬᠠᠭᠤᠴᠢᠨ ᠰᠠᠭᠤᠭᠠᠯᠢ ᠲᠣᠭᠤᠷᠢᠭ ᠤᠨ 27 ᠠᠷᠠᠳ ᠲᠤ ᠠᠰᠢᠭ ᠬᠦᠷᠲᠡᠭᠡᠬᠦ᠂ ᠥᠨᠳᠥᠷ ᠵᠤᠤᠬ᠎ᠠ᠂ ᠲᠠᠢ ᠫᠢᠩ 3 ᠨᠠᠶᠢᠬᠡᠮ ᠲᠣᠭᠤᠷᠢᠭ ᠤᠨ ᠠᠯᠪᠠᠨ ᠭᠡᠷ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠵᠠᠬ᠎ᠠ ᠳᠡᠯᠭᠡᠭᠦᠷ ᠤᠨ ᠪᠠᠷᠢᠯᠭ᠎ᠠ ᠶᠢ ᠡᠬᠢᠯᠡᠭᠦᠯᠪᠡ᠃ ᠣᠶᠤᠨᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠤᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠪᠠ᠃ 5G ᠰᠦᠯᠵᠢᠶ᠎ᠡ ᠶᠢᠨ ᠰᠠᠭᠤᠷᠢ ᠥᠷᠲᠡᠭᠡ 4 ᠶᠢ ᠪᠦᠲᠦᠭᠡᠨ ᠪᠠᠶᠢᠭᠤᠯᠵᠦ᠂ ᠠᠮᠧᠷᠢᠺᠠ ᠲᠢᠪ ᠤᠨ ᠪᠦᠯᠬᠦᠮ ᠢ ᠲᠡᠳᠡᠨ ᠣᠷᠣᠭᠤᠯᠵᠤ᠂ ᠬᠠᠮᠲᠤᠪᠠᠷ ᠡᠳ᠋ᠯᠡᠬᠦ ᠳᠤᠭᠤᠢ ᠲᠡᠷᠭᠡ 450 ᠢᠵᠢ ᠪᠦᠷᠢᠳᠦᠬᠦᠯᠦᠨ᠂ ᠰᠠᠭᠤᠭᠠᠯᠢ ᠠᠷᠠᠳ ᠤᠨ ᠰᠠᠭᠠᠳ ᠥᠬᠡᠢ ᠠᠶᠠᠯᠠᠬᠤ ᠳᠤ ᠲᠦᠬᠦᠮ ᠦᠵᠡᠬᠦᠯᠪᠡ᠃ ︽ᠳᠡᠯᠭᠡᠭᠡ ᠬᠤᠳᠠᠯᠳᠤᠭ᠎ᠠ ᠡᠳ᠋ ᠤᠨ ᠵᠠᠰᠠᠭ︾ ᠢ ᠬᠥᠭᠵᠢᠭᠦᠯᠵᠦ᠂ ᠥᠷᠯᠥᠭᠡ ᠰᠥᠨᠢ ᠶᠢᠨ ᠵᠠᠬ᠎ᠠ ᠪᠣᠯᠤᠨ ᠲᠦᠷ ᠴᠠᠭ ᠤᠨ ᠬᠤᠳᠠᠯᠳᠤᠭ᠎ᠠ ᠬᠢᠬᠦ ᠬᠦᠷᠢᠶ᠎ᠠ ᠬᠡᠪᠴᠢᠶ᠎ᠠ ᠶᠢ ᠨᠢᠬᠡᠳᠦᠯᠳᠠᠢ ᠪᠠᠶᠢᠷᠢᠯᠠᠭᠤᠯᠤᠨ᠂ 450 ᠭᠠᠷᠤᠢ ᠨᠡᠭᠦᠳᠡᠯ ᠬᠤᠳᠠᠯᠳᠤᠭᠠᠴᠢᠨ ᠲᠡᠳᠡᠨ ᠤᠷᠤᠭᠤᠯᠪᠠ᠃ ᠬᠤᠲᠠ ᠶᠢᠨ ᠲᠣᠭᠤᠷᠢᠭ ᠤᠨ ᠳᠦᠷᠢ ᠲᠥᠷᠬᠦ ᠶᠢ ᠶᠡᠷᠦᠩᠬᠡᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠰᠠᠷ ᠲᠠᠭᠲᠤ᠂ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠥᠮᠴᠢᠲᠡᠨ ᠤ ᠺᠣᠮᠢᠰ ᠢ 45 ᠪᠣᠢ ᠪᠣᠯᠭᠠᠵᠤ᠂ ᠬᠤᠭ ᠨᠣᠪᠰᠢ   ᠶᠢ ᠬᠤᠪᠢᠶᠠᠷᠢᠯᠠᠨ ᠰᠠᠯᠭᠠᠬᠤ ᠲᠦᠬᠦᠬᠡᠷᠦᠮᠵᠢ 1876 ᠶᠢ ᠬᠤᠳᠠᠯᠳᠤᠨ ᠠᠪᠴᠤ᠂ 12 ᠤᠰᠤ ᠪᠠᠷ ᠴᠡᠪᠡᠷᠯᠡᠬᠦ ᠨᠠᠶᠢᠳᠠ ᠶᠢᠨ ᠵᠣᠷᠯᠣᠩ ᠢ ᠰᠡᠯᠪᠢᠨ ᠵᠠᠰᠠᠵᠤ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠰᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ 5020 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠦ᠂ 32 ᠡᠷᠦᠬᠡ ᠳᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠦ᠂ ᠮᠠᠯ ᠵᠢᠭᠦᠷᠲᠡᠨ ᠤ ᠪᠠᠭᠠᠰᠤ ᠪᠤᠵᠠᠷᠲᠤᠯ ᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠲᠤᠷᠰᠢᠨ ᠪᠠᠶᠢᠭᠤᠯᠤᠨ᠂ 3065 ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠵᠠᠰᠠᠨ ᠰᠢᠨᠡᠳᠬᠡᠵᠦ᠂ ᠡᠯ᠎ᠡ ᠲᠥᠷᠥᠯ ᠤᠨ ᠬᠤᠭ ᠨᠣᠪᠰᠢ ᠶᠢ 21.9 ᠲᠦᠮᠡ ᠭᠠᠷᠤᠢ ᠲᠤᠨ ᠴᠡᠪᠡᠷᠯᠡᠨ ᠲᠡᠬᠡᠬᠡᠪᠦᠷᠢᠯᠡᠪᠡ᠃  ᠠᠷᠠᠳ ᠤᠨ ᠠᠮᠢᠳᠤᠷᠠᠯ ᠲᠠᠰᠤᠷᠠᠯᠲᠠ ᠦᠭᠡᠢ  ᠰᠠᠶᠢᠵᠢᠷᠠᠨ᠂ ᠦᠢᠯᠡᠰ ᠪᠣᠰᠬᠠᠵᠤ ᠠᠵᠢᠯ ᠣᠯᠭᠤᠬᠤ ᠠᠵᠢᠯ ᠢ ᠦᠷᠭᠦᠯᠵᠢᠯᠡᠨ ᠴᠢᠩᠭᠠᠳᠬᠠᠵᠦ᠂ 2975 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠪᠠ᠃ ᠬᠤᠲᠠ ᠪᠠᠯᠭᠠᠰᠤᠨ ᠤ 645 ᠬᠥᠮᠦᠨ ᠳᠤ ᠠᠵᠢᠯ ᠤᠯᠭᠤᠵᠦ᠂ ᠬᠥᠯᠥᠰᠥᠨ ᠠᠵᠢᠯᠴᠢᠨ ᠤ 80717 ᠬᠥᠮᠦᠨ ᠤᠳᠠᠭᠠᠨ ᠤ ᠠᠵᠢᠯ ᠠᠯᠳᠠᠭᠰᠠᠨ ᠨᠣᠷᠮ᠎ᠠ ᠶᠢ 3.9% ᠳᠣᠲᠣᠷ᠎ᠠ ᠬᠢᠵᠠᠭᠠᠷᠯᠠᠪᠠ᠃ ᠣᠯᠠᠨ ᠨᠠᠶᠢᠳᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ ᠭᠤᠣᠯ ᠴᠣᠭᠴᠠ ᠶᠢᠨ ᠪᠠᠷᠢᠯᠭ᠎ᠠ ᠳᠠᠭᠤᠰᠴᠢ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠲᠦᠯᠬᠢᠨ ᠠᠬᠢᠭᠤᠯᠵᠤ᠂ ᠡᠯ᠎ᠡ ᠲᠥᠷᠥᠯ ᠤᠨ ᠨᠡᠶᠢᠬᠡᠮ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠪᠥᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠠᠶᠢᠳᠡᠮ ᠪᠠᠶᠢᠴᠠᠭᠠᠯᠳᠠ ᠶᠢᠨ ᠠᠵᠢᠯ ᠢ ᠴᠢᠨᠠᠷ ᠰᠠᠶᠢᠳᠠᠢ ᠪᠠᠶᠠᠯᠠᠬᠦᠯᠪᠠ᠃ ᠤᠷᠤᠰᠢᠯᠠᠭᠤᠯᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠷᠤᠰᠢᠯᠠᠭᠤᠯᠤᠯᠭ᠎ᠠ ᠶᠢᠨ ᠭᠠᠵᠠᠷ᠂ ᠴᠢᠨᠳᠠᠷ ᠤᠨ ᠲᠢᠩᠬᠢᠮ ᠤᠨ ᠲᠥᠷᠥᠯ ᠵᠦᠢᠯ ᠤᠨ ᠪᠠᠢᠭᠤᠯᠤᠯᠲᠠ ᠶᠢ ᠲᠣᠭᠲᠠᠭᠤᠨ ᠢᠶᠠᠷ ᠠᠬᠢᠭᠤᠯᠪᠠ᠃ ᠨᠡᠶᠢᠬᠡᠮ ᠤᠨ ᠦᠢᠯᠡᠰ ᠲᠦᠷᠭᠡᠨ ᠬᠥᠭᠵᠢᠪᠡ᠃ ᠰᠤᠷᠭᠠᠨ ᠬᠥᠮᠦᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠦᠬᠡᠳ ᠤᠨ ᠴᠡᠴᠡᠷᠯᠢᠭ ᠤᠨ ᠵᠠᠬᠢᠷᠤᠯ ᠢ 18 ᠨᠡᠷ᠎ᠡ ᠰᠣᠩᠭᠤᠨ ᠤᠷᠢᠵᠤ᠂   ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠪᠡ᠃ 4200 ᠲᠡᠭᠰᠢ ᠳᠥᠷᠪᠡᠯᠵᠢᠨ ᠮᠧᠲᠷ ᠤᠨ ᠰᠢ ᠶᠤᠸᠠᠨ ᠬᠡᠦᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠦ᠂ ᠲᠠᠢ ᠾᠧ᠂ ᠢᠦᠢ ᠼᠠᠢ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠤᠨ᠂ 40 ᠬᠡᠤᠬᠡᠳ ᠤᠨ ᠴᠡᠴᠡᠷᠯᠢᠭ  ᠤᠨ ᠪᠠᠭᠰᠢ ᠤᠷᠢᠨ ᠬᠡᠷᠡᠭᠯᠡᠪᠡ᠃ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠰᠤᠷᠭᠠᠭᠤᠯᠢ ᠠᠮᠵᠢᠯᠲᠠ ᠲᠠᠢ ᠫᠠᠶᠢᠰᠠ ᠡᠯᠭᠦᠵᠦ᠂ ᠨᠠᠰᠤᠳᠠᠶᠢᠴᠤᠳ ᠤᠨ ᠶᠡᠭᠡ ᠰᠤᠷᠭᠠᠭᠤᠯᠢ ᠪᠠᠶᠢᠭᠤᠯᠤᠭᠳᠠᠨ ᠠᠰᠢᠭᠯᠠᠯᠲᠠ ᠳᠤ ᠤᠷᠤᠵᠦ᠂ ᠰᠡᠳᠬᠢᠴᠡ ᠵᠦᠢ ᠶᠢᠨ ᠯᠠᠪᠯᠠᠯᠳᠠ ᠶᠢ 215 ᠬᠥᠮᠦᠨ ᠳᠤ ᠬᠡᠷᠡᠭᠵᠢᠬᠦᠯᠦᠨ᠂ ᠰᠤᠷᠭᠠᠯᠲᠠ ᠬᠢᠬᠦ ᠠᠵᠢᠯ ᠢ ᠪᠠᠲᠤ ᠥᠷᠨᠢᠭᠦᠯᠵᠦ᠂ ᠭᠡᠷ ᠪᠦᠯᠢ ᠤᠨ ᠪᠣᠯᠪᠠᠰᠤᠷᠠᠯ ᠮᠡᠷᠭᠡᠵᠢᠯ ᠬᠦᠷᠳᠡᠬᠡᠨ᠂ ᠰᠤᠷᠭᠠᠨ ᠬᠥᠮᠦᠵᠢᠯ ᠢ ᠪᠡᠭᠡᠵᠢᠩ ᠤᠨ ᠱᠠᠩ ᠺᠦᠨ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠯᠴᠠᠬᠤ ᠶᠢ ᠠᠬᠢᠭᠤᠯᠵᠤ᠂ 2+3 ᠪᠤᠶᠤ 2+1 ᠬᠤᠯᠪᠣᠭᠠᠯᠠᠨ ᠰᠤᠷᠭᠠᠭᠤᠯᠢ ᠡᠷᠬᠢᠯᠡᠬᠦ ᠶᠢ ᠠᠬᠢᠭᠤᠯᠪᠠ᠃ ︽ᠢᠨᠲ᠋ᠧᠷ ᠰᠦᠯᠵᠢᠶ᠎ᠡ + ᠣᠶᠤᠨᠴᠢ ᠨᠠᠰᠤᠵᠢᠯ ᠤᠨ ᠠᠰᠠᠷᠠᠮᠵᠢ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠴᠤᠭᠴᠠᠯᠠᠨ᠂ ᠬᠥᠭᠵᠢᠯᠲᠡ ᠶᠢᠨ ᠪᠡᠯᠡ ᠣᠷᠣᠭᠤᠯᠤᠯᠲᠠ ᠶᠢ 9000 ᠲᠦᠮᠡᠨ ᠲᠥᠭᠦᠷᠢᠭ ᠤᠷᠤᠭᠤᠯᠵᠦ᠂ 3.6 ᠲᠦᠮᠡᠨ ᠲᠡᠭᠰᠢ ᠳᠥᠷᠪᠡᠯᠵᠢᠨ ᠮᠧᠲᠷ ᠤᠨ ᠡᠮᠴᠢᠯᠡᠭᠡ ᠨᠠᠰᠤᠵᠢᠯ ᠤᠨ ᠬᠤᠶᠠᠳᠤᠭᠠᠷ ᠬᠤᠭᠤᠴᠠᠭᠠᠨ ᠤ ᠭᠤᠣᠯ ᠴᠣᠭᠴᠠ ᠶᠢᠨ ᠢᠨᠵᠧᠨᠧᠷᠢᠩ ᠢ ᠳᠠᠭᠤᠰᠬᠠᠨ᠂ ᠲᠦᠮᠡᠨ ᠮᠦ ᠶᠢᠨ ᠤᠯᠤᠰ ᠤᠨ ᠲᠠᠯ᠎ᠠ ᠨᠤᠲᠤᠭ ᠤᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠥᠬᠦ ᠬᠤᠲᠠ ᠶᠢᠨ ︽ᠨᠢᠭᠡ ᠴᠥᠮ᠎ᠡ ᠵᠢᠷᠭᠤᠭᠠᠨ ᠲᠣᠭᠤᠷᠢᠭ︾ ᠤᠨ ᠭᠤᠣᠯᠳᠠᠯᠭᠠᠲᠤ ᠡᠷᠡᠭᠦᠯᠵᠢᠯ ᠤᠨ ᠠᠵᠤ ᠦᠢᠯᠡᠰ ᠤᠨ ᠦᠢᠯᠡᠴᠢᠯᠡᠭᠡᠨ ᠤ ᠲᠣᠭᠤᠷᠢᠭ ᠲᠤ ᠤᠷᠤᠭᠤᠯᠪᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠴᠢᠩᠭᠠᠳᠬᠠᠨ᠂ ᠳ᠋ᠡ ᠱᠢ ᠭᠧᠦ ᠶᠢᠨ ᠴᠢᠯᠠᠭᠤᠨ ᠰᠠᠶᠢᠯᠤᠮᠠᠯ᠂ ᠶᠢᠨ ᠵᠢᠶᠧ ᠬᠤᠣ ᠬᠠᠮᠠᠭᠠᠯᠠᠯᠲᠠ ᠶᠢᠨ ᠲᠡᠮᠳᠡᠭᠲᠦ ᠶᠢ ᠪᠠᠶᠢᠭᠤᠯᠤᠨ ᠲᠣᠬᠢᠷᠠᠭᠤᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ᠂ 6 ᠦᠢᠯᠡᠳᠦᠯᠭᠡ ᠶᠢᠨ ᠭᠠᠵᠠᠷ ᠪᠠ 30 ᠦᠢᠯᠡᠳᠦᠯᠭᠡ ᠶᠢᠨ ᠥᠷᠲᠡᠭᠡ ᠶᠢ ᠪᠠᠢᠭᠤᠯᠵᠤ᠂ 3960 ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠪᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠭᠡᠨ ᠳᠡᠯᠭᠡᠷ ᠥᠷᠨᠢᠭᠦᠯᠵᠦ᠂ 4500 ᠭᠠᠷᠤᠢ ᠬᠤᠪᠢ ᠤᠬᠠᠭᠤᠯᠬᠤ ᠮᠠᠲ᠋ᠧᠷᠢᠶᠠᠯ ᠢ ᠲᠠᠷᠬᠠᠭᠠᠪᠠ᠃ ᠵᠠᠭᠤᠴᠢᠯᠠᠭᠤᠷ ᠤᠨ ᠲᠥᠪ ᠤᠨ ᠪᠠᠶᠢᠭᠤᠯᠤᠯᠳᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠡᠷᠴᠢᠮᠵᠢᠬᠦᠯᠦᠨ᠂ ᠬᠠᠯᠠᠮᠰᠢᠯ ᠰᠡᠷᠭᠡᠭ ᠶᠠᠷᠢᠶ᠎ᠠ ᠬᠡᠯᠡᠯᠴᠡᠭᠡ ᠶᠢ ᠲᠣᠭᠲᠠᠭᠤᠨ ᠢᠶᠠᠷ ᠰᠢᠢᠳᠪᠦᠷᠢᠯᠡᠵᠦ᠂ ᠤᠯᠠᠭᠠᠨᠮᠦ᠋ᠴᠢᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠪᠠ᠃ ᠵᠠᠰᠠᠭ ᠤᠨ ᠣᠷᠳᠣᠨ ᠤ ᠦᠢᠯᠡᠴᠢᠯᠡᠬᠡᠨ ᠤ  ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠤᠯᠠᠭᠠᠨᠮᠥ᠋ᠴᠢᠷ ᠤᠨ ᠲᠣᠭᠯᠠᠭᠴᠢ ᠶᠢ 30 ᠨᠡᠷᠡᠰ ᠤᠷᠢᠵᠤ᠂ ︽ᠵᠣᠴᠢᠨ ᠵᠠᠯᠠᠬᠤ︾ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠰᠢᠨ᠎ᠡ ᠡᠲᠡᠭᠡᠳ ᠤᠨ ᠲᠣᠭᠯᠠᠯᠲᠠ ᠶᠢᠨ ᠮᠥᠩᠭᠦᠨ ᠱᠠᠩᠨᠠᠯ ᠪᠠ ᠵᠣᠬᠢᠶᠠᠨ ᠪᠦᠲᠦᠭᠡᠬᠦ ᠱᠠᠩᠨᠠᠯ ᠬᠦᠷᠲᠡᠪᠡ᠃ᠤᠯᠤᠭᠰᠠᠨ ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠵᠡᠷᠭᠡᠪᠡᠷ᠂ ᠪᠢᠳᠡ ᠪᠠᠰᠠ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠢ ᠪᠠᠶᠢᠵᠦ᠂ ᠨᠢᠭᠡ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠴᠢᠬᠤᠯᠠᠲᠠᠢ︔ ᠬᠤᠶᠠᠷ ᠲᠤ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠡ ᠪᠠᠢᠵᠤ᠂ ᠡᠳ᠋ ᠤᠨ ᠵᠠᠰᠠᠭ ᠤᠨ ᠬᠤᠪᠢᠷᠠᠰᠢ ᠥᠬᠡᠢ ᠴᠢᠨᠠᠷᠲᠠᠢ ᠵᠠᠷᠤᠯᠭ᠎ᠠ ᠤᠯᠠᠮ ᠨᠢᠭᠡ ᠠᠯᠬᠤᠮ ᠨᠡᠮᠡᠭᠳᠡᠪᠡ︔ ᠭᠤᠷᠪᠠ ᠳᠤ ᠠᠵᠤ ᠦᠢᠯᠡᠰ ᠤᠨ ᠪᠦᠲᠦᠴᠡ ᠵᠣᠬᠢᠰ ᠦᠭᠡᠢ᠂ ᠨᠢᠭᠡᠳᠦᠭᠡᠷ ᠠᠵᠤ ᠦᠢᠯᠡᠰ ᠤᠨ ᠪᠣᠯᠪᠠᠰᠤᠷᠠᠭᠤᠯᠬᠤ ᠴᠢᠳᠠᠪᠤᠷᠢ ᠪᠠᠭᠤᠷᠠᠢ᠂ ᠬᠤᠶᠠᠳᠤᠭᠠᠷ ᠠᠵᠤ ᠦᠢᠯᠡᠰ ᠲᠠᠬᠢ ᠰᠢᠨ᠎ᠡ ᠬᠡᠯᠪᠡᠷᠢ ᠶᠢᠨ ᠠᠵᠤ ᠦᠢᠯᠡᠰ ᠤᠨ ᠡᠵᠡᠯᠡᠬᠦ ᠬᠠᠷᠢᠴᠠᠯ ᠮᠥᠨ ᠯᠡ ᠳᠣᠣᠷ᠎ᠠ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠬᠦᠷᠦᠯᠴᠡᠬᠦ ᠦᠭᠡᠢ ᠪᠠᠶᠢᠬᠤ︔ ᠳᠥᠷᠪᠡ ᠳᠤ ᠠᠮᠢ ᠠᠬᠤᠢ ᠶᠢᠨ ᠣᠷᠴᠢᠨ ᠲᠣᠭᠤᠷᠢᠨ ᠮᠥᠨ ᠬᠦ ᠬᠡᠪᠡᠷᠡᠭ ᠪᠠᠭᠤᠷᠠᠢ᠂ ᠣᠷᠴᠢᠨ ᠲᠣᠭᠤᠷᠢᠨ ᠢ ᠵᠠᠰᠠᠬᠤ ᠴᠢᠳᠠᠪᠤᠷᠢ ᠳᠤ ᠪᠠᠰᠠ ᠴᠥᠭᠡᠨ ᠪᠤᠰᠤ ᠳᠤᠲᠠᠭᠳᠠᠯ ᠣᠷᠣᠰᠢᠵᠤ ᠪᠠᠶᠢᠨ᠎ᠠ︔ ᠲᠠᠪᠤ ᠳᠤ ᠤᠰᠤᠨ ᠤ ᠡᠬᠢ ᠪᠠᠶᠠᠯᠢᠭ ᠪᠣᠯᠤᠨ ᠡᠨᠧᠷᠭᠢ ᠶᠢᠨ ᠬᠤᠷᠣᠭᠳᠠᠭᠤᠯᠤᠯ ᠨᠢ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠬᠤ ᠬᠠᠮᠤᠭ ᠤᠨ ᠶᠡᠭᠡ ᠬᠢᠵᠠᠭᠠᠷᠯᠠᠬᠤ ᠬᠦᠴᠦᠨ ᠵᠦᠢᠯ ᠪᠠᠶᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠮᠠᠨ ᠤ ᠰᠢᠶᠠᠨ ᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠨᠢᠭᠡᠨᠲᠡ ᠡᠵᠡᠮᠳᠡᠬᠦ ᠬᠠᠷᠠᠯᠲᠠ ᠠᠴᠠ ᠬᠡᠲᠦᠷᠡᠭᠰᠡᠨ ᠪᠥᠭᠡᠳ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢ ᠪᠠᠭᠤᠷᠠᠭᠤᠯᠬᠤ ᠦᠭᠡᠢ ᠳᠡᠰ ᠳᠡᠪᠰᠢᠭᠦᠯᠵᠦ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠡᠭᠦᠷᠭᠡ ᠲᠤᠶᠢᠯ ᠤᠨ ᠬᠠᠲᠠᠭᠤ ᠪᠡᠷᠬᠡ  ᠪᠠᠶᠢᠨ᠎ᠠ︔ ᠵᠢᠷᠭᠤᠭ᠎ᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠢᠶᠠᠷ ᠳᠤᠲᠠᠭᠳᠠᠵᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠪᠠᠰᠠ ᠮᠠᠰᠢ ᠣᠯᠠᠨ ᠳᠤᠲᠠᠭᠳᠠᠯ ᠣᠷᠣᠰᠢᠵᠤ ᠪᠣᠢ ᠵᠡᠷᠬᠡ ᠵᠤᠶᠢᠯᠡᠰ ᠢ ᠤᠯᠵᠦ ᠰᠡᠷᠡᠬᠦ ᠬᠡᠷᠡᠭᠳᠠᠢ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠭᠤᠣᠯ ᠬᠠᠷᠠᠯᠲᠠ ᠪᠠ ᠡᠭᠦᠷᠭᠡᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠪᠠ ᠨᠡᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠬᠡᠳᠦ ᠶᠢᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠬᠤᠸᠠᠳᠧ ᠰᠢᠶᠠᠨ ᠤ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠬᠡᠳᠦ ᠶᠢᠨ ᠬᠠᠷᠠᠯᠲᠠ ᠶᠢᠨ ᠬᠦᠳᠦᠯᠪᠤᠷᠢ ︵ᠲᠥᠰᠦᠯ︶︾ ᠶᠢ ᠨᠠᠶᠢᠷᠠᠭᠤᠯᠤᠨ᠂ ᠠᠮᠢ ᠠᠬᠤᠢ ᠶᠢᠨ ᠪᠦᠲᠦᠭᠡᠨ ᠪᠠᠢᠭᠤᠯᠤᠯᠲᠠ᠂ ᠠᠵᠤ ᠠᠬᠤᠢ ᠶᠢᠨ ᠬᠥᠭᠵᠢᠯᠲᠡ᠂ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠬᠤ᠂ ᠨᠡᠶᠢᠬᠡᠮ ᠤᠨ ᠰᠤᠶᠤᠯ ᠪᠤᠯᠪᠠᠰᠤᠨ᠂ ᠠᠷᠠᠳ ᠲᠦᠮᠡᠨ ᠤ ᠠᠵᠠ ᠵᠢᠷᠭᠠᠯ᠂ ᠵᠠᠰᠠᠯᠳᠠ ᠪᠦᠳᠦᠮᠵᠢ ᠵᠡᠷᠬᠡ 6 ᠲᠠᠯ᠎ᠠ ᠠᠴᠠ ᠬᠦᠭᠵᠢᠯᠳᠠ ᠶᠢᠨ ᠭᠤᠤᠯ ᠬᠠᠷᠠᠯᠳᠠ ᠶᠢ ᠲᠤᠭᠳᠠᠭᠠᠪᠠ᠃︽ᠲᠥᠯᠥᠪᠵᠢᠭᠦᠯᠭᠡ︾ ᠳᠤ ᠲᠤᠭᠳᠠᠭᠠᠭᠰᠠᠨ ᠨᠢ᠄ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ 6.75% ᠳᠤ ᠬᠦᠷᠬᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠢ ᠵᠢᠯ ᠪᠦᠷᠢ ᠳᠤᠮᠳᠠᠴᠢ ᠪᠠᠷ 9% ᠪᠠᠷ ᠨᠡᠮᠡᠭᠳᠡᠬᠦᠯᠦᠨ᠂ ᠣᠯᠠᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ 10% ᠳᠤ ᠬᠦᠷᠬᠡᠵᠦ᠂ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ 3.7% ᠪᠠᠷ ᠦᠰᠬᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ ᠲᠣᠰᠪᠣᠷᠢ 6.1% ᠪᠠ 12.8% ᠳᠤ ᠬᠦᠷᠬᠡᠨ᠎ᠡ᠃ ᠬᠤᠢᠰᠢᠳᠠ ᠶᠢᠨ ᠲᠠᠪᠤᠨ ᠵᠢᠯ ᠳᠤ ᠪᠦᠬᠦ ᠰᠢᠶᠠᠨ ᠤ ᠠᠵᠤ ᠠᠬᠤᠢ  ᠨᠡᠶᠢᠬᠡᠮ ᠤᠨ ᠬᠥᠭᠵᠢᠯᠲᠡ ᠳᠤ ᠳᠣᠣᠷᠠᠬᠢ ᠭᠤᠣᠯ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃— ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠳᠠ ᠶᠢ ᠰᠢᠨ᠎ᠡ ᠲᠡᠭᠳᠡᠷ ᠲᠤ ᠭᠠᠷᠭᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠬᠠᠮᠠᠭᠠᠯᠠᠯᠲᠠ ᠶᠢᠨ ᠪᠠᠢᠷᠢᠰᠢᠯ ᠢ ᠰᠢᠯᠢᠳᠡᠭᠵᠢᠭᠦᠯᠦᠭᠡᠳ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠣᠬᠢᠷᠲᠤᠯ ᠦᠭᠡᠢ ᠪᠣᠯᠭᠠᠨ ᠬᠤᠪᠢᠷᠠᠭᠤᠯᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠢᠯᠡᠳᠲᠡ ᠲᠡᠬᠡᠭᠰᠢᠯᠡᠬᠦᠯᠦᠨ᠂ ᠭᠤᠣᠯ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠠᠰᠤᠭᠠᠳ᠂ ᠭᠤᠣᠯᠳᠠᠯᠭ᠎ᠠ ᠲᠠᠢ ᠣᠷᠴᠢᠨ ᠠᠬᠤᠢ ᠶᠢᠨ ᠠᠰᠠᠭᠤᠳᠠᠯ ᠢ ᠪᠦᠲᠦᠮᠵᠢᠲᠡᠢ ᠪᠠᠷ ᠴᠡᠭᠴᠡᠯᠡᠨ ᠵᠠᠰᠠᠵᠤ᠂ ᠠᠮᠢ ᠠᠬᠤᠢ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃— ᠠᠵᠤ ᠠᠬᠤᠢ ᠶᠢᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠶᠢ ᠤᠯᠤᠨ᠎ᠠ᠃ ᠠᠵᠤ ᠦᠢᠯᠡᠰ ᠤᠨ ᠰᠠᠭᠤᠷᠢ ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠲᠡᠬᠡᠭᠰᠢᠯᠡᠬᠦᠯᠦᠨ ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ ᠭᠤᠷᠪᠠᠨ ᠠᠵᠤ ᠦᠢᠯᠡᠰ ᠤᠨ ᠪᠦᠲᠦᠴᠡ ᠶᠢ ᠨᠡᠩ ᠢᠯᠡᠭᠦᠦ ᠰᠢᠯᠢᠳᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠲᠦᠷᠭᠡᠨ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 66 ᠳ᠋ᠦᠩᠰᠢᠭᠤᠷ ᠲᠥᠭᠦᠷᠢᠭ ᠲᠠᠪᠠᠭᠤᠯᠤᠨ᠂ ᠡᠩ ᠤᠨ ᠣᠯᠠᠨ ᠨᠠᠶᠢᠳᠠ ᠶᠢᠨ ᠲᠥᠰᠥᠪ ᠤᠨ ᠣᠷᠣᠯᠭ᠎ᠠ ᠶᠢ 2.5 ᠳ᠋ᠦᠩᠰᠢᠭᠤᠷ ᠲᠥᠭᠦᠷᠢᠭ ᠲᠤ ᠬᠦᠷᠭᠡᠨ᠎ᠡ᠃— ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠯᠬᠤᠮ ᠢ ᠡᠬᠢᠯᠡᠬᠦᠯᠦᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠴᠢᠨᠠᠷ᠂ ᠰᠠᠭᠤᠷᠢ ᠴᠢᠨᠠᠷ ᠪᠠ ᠭᠤᠣᠯᠳᠠᠯᠭ᠎ᠠ ᠲᠠᠢ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠶᠢ ᠲᠠᠰᠤᠷᠠᠯᠲᠠ ᠦᠭᠡᠢ ᠬᠦᠨᠵᠡᠬᠡᠶᠢᠷᠡᠬᠦᠯᠵᠦ᠂ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠭᠤᠣᠯ ᠬᠦᠴᠦᠨ ᠵᠦᠢᠯ ᠤᠨ ᠵᠠᠬ᠎ᠠ ᠵᠡᠭᠡᠯᠢ ᠪᠠᠷ ᠵᠣᠬᠢᠴᠠᠭᠤᠯᠬᠤ ᠲᠣᠭᠲᠠᠯᠴᠠᠭ᠎ᠠ ᠶᠢ ᠨᠡᠩ ᠪᠣᠯᠪᠠᠰᠤᠷᠠᠩᠭᠤᠢ ᠪᠣᠯᠭᠠᠵᠤ᠂ ᠥᠪᠡᠷᠮᠢᠴᠡ ᠰᠠᠯᠪᠤᠷᠢ ᠶᠢᠨ ᠰᠢᠨ᠎ᠡ ᠶᠢ ᠪᠦᠲᠦᠭᠡᠬᠦ ᠴᠢᠳᠠᠪᠤᠷᠢ ᠶᠢ ᠨᠡᠩ ᠪᠦᠷᠢᠨ ᠪᠣᠯᠭᠠᠵᠤ᠂ ᠰᠢᠨ᠎ᠡ ᠶᠢ ᠪᠦᠲᠦᠭᠡᠬᠦ ᠠᠵᠢᠯ ᠡᠷᠬᠢᠯᠡᠬᠦ ᠣᠷᠴᠢᠨ ᠠᠬᠤᠢ ᠶᠢ ᠨᠡᠩ ᠢᠯᠡᠭᠦᠦ ᠰᠢᠯᠢᠳᠡᠭᠵᠢᠭᠦᠯᠦᠨ᠂ ᠵᠠᠬ᠎ᠠ ᠵᠡᠭᠡᠯᠢ ᠶᠢᠨ ᠭᠤᠣᠯ ᠴᠣᠭᠴᠠᠲᠤ ᠠᠮᠢᠵᠢᠷᠠᠯ ᠤᠨ ᠬᠦᠴᠦᠨ ᠢ ᠨᠡᠩ ᠲᠡᠭᠦᠯᠳᠡᠷ ᠪᠣᠯᠭᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠢ ᠨᠡᠩ ᠰᠠᠶᠢᠵᠢᠷᠠᠭᠤᠯᠤᠨ᠂ ᠨᠡᠭᠡᠭᠡᠯᠲᠡ ᠲᠠᠢ ᠲᠠᠪᠴᠠᠩ ᠢ ᠲᠠᠰᠤᠷᠠᠯᠲᠠ ᠦᠭᠡᠢ ᠥᠷᠭᠡᠳᠬᠡᠵᠦ᠂ ᠬᠤᠳᠠᠯᠳᠤᠭᠠᠴᠢᠨ ᠤᠷᠢᠵᠤ ᠬᠥᠷᠥᠩᠭᠡ ᠣᠷᠣᠭᠤᠯᠤᠯᠲᠠ ᠬᠢᠬᠦ ᠴᠢᠨᠠᠷ ᠴᠢᠨᠰᠠᠭ᠎ᠠ ᠶᠢ ᠮᠡᠳᠡᠭᠳᠡᠮ᠎ᠡ ᠨᠡᠮᠡᠭᠳᠡᠭᠦᠯᠵᠦ᠂ ᠤᠷᠤᠭᠤᠯᠤᠯᠳᠠ ᠭᠠᠷᠭᠠᠯᠳᠠ ᠶᠢᠨ ᠠᠷᠠᠯᠵᠢᠶ᠎ᠠ ᠬᠤᠳᠠᠯᠳᠤᠭ᠎ᠠ ᠶᠢᠨ ᠰᠢᠨ᠎ᠡ ᠵᠠᠮ ᠢ ᠨᠡᠬᠡᠬᠡᠨ᠎ᠡ᠃— ᠨᠡᠶᠢᠬᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠳᠡᠭᠡᠭᠰᠢᠯᠡᠯᠲᠡ ᠲᠠᠢ ᠪᠤᠯᠭᠠᠨ᠎ᠠ᠃ ᠱᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠨᠢ ᠬᠥᠮᠦᠰ ᠤᠨ ᠰᠡᠳᠬᠢᠯ ᠳᠤ ᠭᠦᠨ ᠰᠠᠭᠤᠭᠳᠠᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠳᠦᠷᠢᠮ︾ ᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠪᠠᠲᠤᠳᠬᠠᠨ᠂ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠭᠦᠢᠴᠡᠳ ᠪᠠᠳᠠᠷᠠᠭᠤᠯᠵᠤ᠂ ᠪᠥᠬᠦ ᠠᠷᠠᠳ ᠤᠨ ᠰᠣᠶᠣᠯ ᠤᠨ ᠬᠡᠪ ᠴᠢᠨᠠᠷ ᠢ ᠭᠦᠢᠴᠡᠳ ᠪᠠᠳᠠᠷᠠᠭᠤᠯᠵᠤ᠂ ᠣᠶᠤᠨ ᠰᠠᠨᠠᠭᠠᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠨᠠᠶᠢᠳᠠ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃— ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠶᠢ ᠦᠷᠭᠦᠯᠵᠢᠯᠡᠨ  ᠨᠡᠮᠡᠭᠳᠡᠬᠦᠯᠦᠨ᠂ ᠨᠡᠩ ᠭᠦᠢᠴᠡᠳ ᠨᠡᠩ ᠴᠢᠨᠠᠷ ᠰᠠᠶᠢᠳᠠᠢ ᠠᠵᠢᠯ ᠣᠯᠭᠤᠯᠲᠠ ᠶᠢ ᠪᠡᠶᠡᠯᠡᠭᠦᠯᠵᠦ᠂ ᠡᠮ ᠡᠮᠨᠡᠯᠭᠡ ᠡᠷᠡᠭᠦᠯ ᠮᠡᠨᠳᠦ ᠪᠠ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠰᠢᠨ᠎ᠡ ᠳᠡᠭᠲᠡᠷ ᠲᠤ ᠭᠠᠷᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠣᠯᠠᠨ  ᠨᠠᠶᠢᠳᠠ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠬᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠣᠯᠠᠨ ᠨᠠᠶᠢᠳᠠ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠲᠡᠬᠡᠭᠰᠢᠯᠡᠬᠦᠯᠦᠨ᠎ᠡ᠃— ᠨᠡᠶᠢᠬᠡᠮ ᠤᠨ ᠵᠠᠰᠠᠯᠲᠠ ᠶᠢᠨ ᠦᠷ᠎ᠡ ᠠᠰᠢᠭ ᠢ ᠰᠢᠨ᠎ᠡ ᠳᠡᠭᠡᠭᠰᠢᠯᠡᠯᠲᠡ ᠲᠠᠢ ᠪᠤᠯᠭᠠᠨ᠎ᠠ᠃ ᠨᠡᠶᠢᠬᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠠᠵᠢᠯ ᠢ ᠨᠡᠩ ᠪᠦᠷᠢᠨ ᠲᠡᠭᠦᠯᠳᠡᠷ ᠪᠣᠯᠭᠠᠵᠤ᠂ ᠨᠡᠶᠢᠬᠡᠮ ᠤᠨ ᠲᠥᠪ ᠭᠤᠣᠯᠴᠢ ᠰᠢᠳᠤᠷᠭᠤ ᠶᠣᠰᠣ ᠶᠢ ᠰᠤᠷᠳᠠᠯᠴᠢᠯᠠᠨ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ ᠪᠦᠲᠦᠮᠵᠢ ᠪᠠ ᠣᠯᠠᠨ ᠨᠠᠶᠢᠳᠠ ᠳᠤ ᠢᠲᠡᠭᠡᠭᠦᠯᠬᠦ ᠬᠦᠴᠦᠨ ᠢ ᠢᠯᠡᠳᠲᠡ ᠲᠡᠬᠡᠭᠰᠢᠯᠡᠬᠦᠯᠦᠨ᠎ᠡ᠃ ᠬᠦᠨᠳᠦ ᠶᠡᠭᠡ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ ᠪᠠᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠢ ᠰᠠᠷᠬᠡᠶᠢᠯᠡᠨ ᠠᠷᠢᠯᠭᠠᠵᠦ᠂ ᠣᠯᠠᠨ ᠨᠠᠶᠢᠳᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠪᠠᠶᠢᠭᠠᠯᠢ ᠶᠢᠨ ᠭᠠᠮᠰᠢᠭ ᠢ ᠰᠡᠷᠬᠡᠶᠢᠯᠡᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠥᠭᠵᠢᠯᠲᠡ ᠶᠢᠨ ᠠᠶᠤᠯᠭᠦᠢ ᠶᠢᠨ ᠪᠠᠲᠤᠯᠠᠭ᠎ᠠ ᠶᠢ ᠨᠡᠩ ᠬᠦᠴᠦᠲᠡᠢ ᠪᠣᠯᠭᠠᠨ᠎ᠠ᠃ᠭᠤᠷᠪᠠ᠂ 2021 ᠣᠨ ᠤ ᠬᠠᠷᠠᠯᠲᠠ ᠡᠭᠦᠷᠭᠡ ᠪᠣᠯᠤᠨ ᠠᠵᠢᠯ ᠤᠨ ᠭᠤᠣᠯᠳᠠᠯᠭ᠎ᠠ︽ᠠᠷᠪᠠ ᠶᠢ ᠪᠦᠷᠬᠦᠭᠦᠯᠬᠦ︾ ᠢᠨᠵᠧᠨᠧᠷᠢᠩ ᠢᠶᠠᠷ ᠠᠵᠤ ᠠᠬᠤᠢ ᠪᠠᠨ ᠬᠦᠭᠵᠢᠬᠦᠯᠦᠨ᠂ ︽ᠵᠢᠷᠭᠤᠭᠠᠨ ᠲᠣᠭᠲᠠᠭᠤᠨ︾᠂ ︽ᠵᠢᠷᠭᠤᠭᠠᠨ ᠪᠠᠲᠤᠯᠠᠭᠠᠲᠤ︾ ᠠᠵᠢᠯ ᠢ ᠦᠷᠭᠦᠯᠵᠢᠯᠡᠨ ᠰᠠᠶᠢᠳᠦᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠨ ᠰᠡᠯᠪᠢᠯᠲᠡ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ  ᠰᠡᠷᠬᠡᠶᠢᠯᠡᠨ ᠠᠷᠢᠯᠭᠠᠬᠤ ᠪᠠ ᠪᠣᠬᠢᠷᠲᠤᠯ ᠢ ᠰᠡᠷᠬᠡᠶᠢᠯᠡᠨ ᠵᠠᠰᠠᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠢ ᠰᠠᠶᠢᠳᠦᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠦᠷᠭᠦᠯᠵᠢᠯᠡᠨ ᠪᠠᠲᠤᠯᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠢ ᠬᠥᠲᠥᠯᠦᠨ ᠵᠢᠯᠣᠭᠤᠳᠴᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠵᠣᠷᠢᠭ ᠰᠠᠨᠠᠭ᠎ᠠ ᠶᠢ ᠪᠠᠲᠤ ᠴᠣᠭᠴᠠᠯᠠᠨ᠎ᠠ᠃2021 ᠣᠨ ᠤ ᠡᠳ᠋ ᠤᠨ ᠵᠠᠰᠠᠭ ᠨᠡᠶᠢᠬᠡᠮ ᠤᠨ ᠬᠦᠭᠵᠢᠯᠳᠠ ᠶᠢᠨ ᠲᠥᠰᠦᠭᠡᠯᠡᠭᠰᠡᠨ ᠭᠤᠣᠯ ᠵᠣᠷᠢᠯᠲᠠ ᠪᠣᠯ᠄ ᠦᠢᠯᠡᠳᠪᠦᠷᠢᠯᠡᠯ ᠤᠨ ᠨᠠᠶᠢᠳᠠ ᠥᠷᠲᠡᠭ ᠤᠨ GDP ᠶᠢᠨ ᠥᠰᠦᠯᠲᠡ ᠶᠢᠨ ᠬᠤᠷᠳᠤ ᠶᠢ 6.5% ᠳᠤ ᠬᠦᠷᠬᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 8% ᠳᠤ ᠬᠦᠷᠬᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 13% ᠳᠤ ᠬᠦᠷᠬᠡᠨ᠎ᠡ᠃ ᠨᠡᠶᠢᠬᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 3% ᠳᠤ ᠬᠦᠷᠬᠡᠵᠦ᠂ ᠣᠯᠠᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 7.65% ᠳᠤ ᠬᠦᠷᠬᠡᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 6% ᠳᠤ ᠬᠦᠷᠬᠡᠵᠦ᠂ ᠬᠦᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠲᠡᠭᠰᠢᠳᠬᠡᠭᠰᠡᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 12.2% ᠳᠤ ᠬᠦᠷᠬᠡᠨ᠎ᠡ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠡᠨᠧᠷᠭᠢ ᠶᠢᠨ ᠬᠤᠷᠣᠭᠳᠠᠯ ᠢ 3.4% ᠪᠠᠷ ᠪᠠᠭᠤᠷᠠᠭᠤᠯᠬᠤ ᠬᠠᠷᠠᠯᠲᠠ ᠶᠢ ᠪᠠᠶᠠᠯᠡᠬᠦᠯᠦᠨ᠎ᠡ᠃ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠃︵ᠨᠢᠬᠡ︶ ᠠᠮᠢ ᠠᠬᠤᠢ ᠶᠢᠨ ᠪᠣᠯᠪᠠᠰᠤᠨ ᠤ ᠪᠠᠢᠭᠤᠯᠤᠯᠲᠠ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ  ᠶᠡᠷᠦᠩᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠢᠭᠤᠯᠤᠯᠲᠠ ᠶᠢ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠴᠠᠭᠠᠨᠨᠠᠭᠤᠷ ᠰᠠᠪᠠ ᠭᠠᠵᠠᠷ ᠤᠨ ᠶᠡᠷᠦᠩᠬᠡᠢᠯᠡᠭᠰᠡᠨ ᠵᠠᠰᠠᠯᠲᠠ ᠶᠢ ᠴᠢᠩᠭᠠᠳᠬᠠᠵᠤ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠢᠷᠢᠰᠢᠯ ᠢ ᠪᠥᠬᠦ ᠲᠠᠯ᠎ᠠ ᠪᠠᠷ ᠴᠣᠭᠴᠠᠯᠠᠨ ᠪᠠᠢᠭᠤᠯᠵᠤ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ︾᠂ ︽ᠤᠰᠤ ᠬᠡᠷᠡᠭᠯᠡᠬᠦ ᠬᠠᠮᠢᠶᠠᠷᠤᠯᠲᠠ︾᠂ ︽ᠲᠠᠯ᠎ᠠ ᠨᠤᠲᠤᠭ ᠤᠨ ᠵᠠᠰᠠᠯᠲᠠ︾ ᠭᠡᠬᠦ ᠭᠤᠷᠪᠠᠨ ᠵᠣᠬᠢᠶᠠᠯ ᠢ ᠪᠠᠲᠤ ᠪᠠᠬᠢ ᠴᠣᠭᠴᠠᠯᠠᠨ᠎ᠠ᠃ᠠᠮᠢ ᠠᠬᠤᠢ ᠶᠢᠨ ᠪᠦᠲᠦᠭᠡᠨ ᠪᠠᠢᠭᠤᠯᠤᠯᠲᠠ ᠪᠣᠯᠤᠨ ᠬᠠᠮᠠᠭᠠᠯᠠᠯᠲᠠ ᠶᠢ ᠴᠢᠩᠭᠠᠳᠬᠠᠨ᠎ᠠ᠃ ᠡᠨᠡ ᠵᠢᠯ ᠲᠠᠷᠢᠶᠠᠯᠠᠬᠤ ᠶᠢ ᠵᠣᠭᠰᠣᠭᠠᠵᠤ 15 ᠲᠦᠮᠡᠨ ᠮᠦ ᠡᠪᠡᠰᠦ ᠪᠡᠯᠴᠢᠭᠡᠷ ᠲᠠᠷᠢᠵᠦ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ᠂ ︽ᠰᠢᠷᠭᠤᠯᠵᠢ ᠶᠢᠨ ᠣᠢ ᠰᠢᠭᠤᠢ︾ ᠪᠠᠶᠢᠭᠤᠯᠬᠤ᠂ ᠣᠢ ᠰᠢᠭᠤᠢ ᠶᠢ ᠰᠡᠷᠭᠦᠭᠡᠨ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ 12 ᠠᠮᠢ ᠠᠬᠤᠢ ᠶᠢᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠢ 18 ᠲᠦᠮᠡᠨ ᠮᠦ ᠬᠡᠷᠡᠭᠵᠢᠭᠦᠯᠦᠨ᠎ᠡ᠃ ᠠᠮᠢ ᠠᠬᠤᠢ ᠶᠢᠨ ᠪᠦᠲᠦᠭᠡᠨ ᠪᠠᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠪᠦᠬᠦ ᠣᠷᠣᠨ ᠤ 43 ᠠᠮᠢ ᠠᠬᠤᠢ ᠶᠢᠨ ᠴᠢᠳᠠᠮᠵᠢᠲᠤ ᠣᠷᠣᠨ ᠤ ᠬᠢᠨᠠᠨ ᠰᠢᠯᠭᠠᠯᠲᠠ ᠳᠤ ᠡᠮᠦᠨ᠎ᠡ ᠡᠩᠨᠡᠭᠡᠨ ᠳᠤ ᠣᠷᠣᠬᠤ ᠶᠢ ᠦᠨᠡᠨᠬᠦ ᠪᠠᠲᠤᠯᠠᠨ᠎ᠠ᠃ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠵᠣᠭᠰᠣᠭᠠᠵᠦ ᠬᠠᠰᠢᠶᠠᠯᠠᠨ ᠲᠡᠵᠢᠭᠡᠬᠦ ᠳᠦᠷᠢᠮ ᠢ ᠴᠢᠩᠭ᠎ᠠ  ᠨᠠᠶᠢᠳᠠᠪᠤᠷᠢᠵᠢᠭᠤᠯᠵᠦ᠂ ᠣᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠬᠦᠴᠦᠯᠡᠴᠡ ᠪᠠᠨ ᠨᠡᠮᠡᠭᠳᠡᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠶᠢ ᠲᠦᠷᠭᠡᠳᠬᠡᠨ᠎ᠡ᠃ ᠠᠮᠢ ᠠᠬᠤᠢ ᠶᠢᠨ ᠵᠠᠰᠠᠨ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯᠯᠠᠭ᠎ᠠ ᠶᠢ ᠵᠢᠯᠣᠭᠤᠳᠬᠤ ᠲᠥᠪ᠂ ᠥᠪᠡᠷᠲᠡᠭᠡᠨ ᠵᠠᠰᠠᠬᠤ ᠴᠠᠭ ᠠᠭᠤᠷ ᠤᠨ ᠣᠷᠣᠨ ᠲᠣᠭᠤᠷᠢᠭ ᠤᠨ ᠥᠷᠲᠡᠭᠡ 11᠂ ᠪᠣᠷᠣᠭᠠᠨ ᠨᠡᠮᠡᠭᠳᠡᠭᠦᠯᠬᠦ ᠰᠠᠭᠤᠷᠢᠨ ᠭᠠᠵᠠᠷ 2᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠰᠤᠮᠤ ᠳᠠᠷᠢ ᠶᠢᠨ ᠬᠥᠮᠥᠷᠭᠡ 1 ᠶᠢ ᠰᠢᠨ᠎ᠡ ᠪᠠᠷ ᠪᠠᠶᠢᠭᠤᠯᠤᠨ᠎ᠠ᠃ ᠴᠠᠭ ᠠᠭᠤᠷ ᠤᠨ ᠦᠢᠯᠡᠰ ᠢ ᠬᠥᠭᠵᠢᠭᠦᠯᠵᠦ᠂ ᠰᠢᠨᠵᠢᠯᠡᠬᠦ ᠤᠬᠠᠭᠠᠨ ᠤ ᠠᠷᠭ᠎ᠠ ᠪᠠᠷ ᠠᠭᠠᠷ ᠲᠠᠬᠢ ᠡᠭᠦᠯᠨ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠦᠯᠵᠦ ᠠᠰᠢᠭᠯᠠᠨ᠂ ᠬᠤᠷ᠎ᠠ ᠲᠣᠨᠣᠭᠰᠠᠨ ᠬᠡᠮᠵᠢᠶ᠎ᠡ ᠪᠣᠯᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠶᠢ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ ᠲᠠᠷᠢᠶᠠᠯᠠᠩ ᠢ ᠬᠦᠭᠵᠢᠬᠦᠯᠵᠦ᠂ ᠠᠮᠢ ᠠᠬᠤᠢ ᠶᠢᠨ ᠬᠠᠮᠠᠭᠠᠯᠠᠯᠳᠠ ᠪᠤᠯᠤᠨ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠪᠠᠶᠠᠯᠡᠬᠦᠯᠦᠨ᠎ᠠ᠃ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠭᠠᠵᠠᠷ ᠳᠣᠣᠷᠠᠬᠢ ᠤᠰᠤᠨ ᠤ ᠲᠦᠪᠰᠢᠨ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠴᠠᠭᠠᠨᠨᠠᠭᠤᠷ ᠰᠠᠪᠠ ᠭᠠᠵᠠᠷ ᠤᠨ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ ᠰᠢᠰᠲ᠋ᠧᠮ ᠢ ᠪᠠᠢᠭᠤᠯᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠵᠠᠰᠠᠯᠲᠠ ᠶᠢᠨ ᠦᠷ᠎ᠡ ᠪᠦᠲᠦᠭᠡᠯ ᠢ ᠪᠠᠲᠤᠳᠬᠠᠨ᠂ ᠢᠳᠡᠰᠢᠨ ᠨᠣᠭᠤᠭ᠎ᠠ᠂ ᠨᠠᠷᠠᠨ ᠬᠤᠸᠠᠷ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢ ᠪᠠᠭᠠᠰᠬᠠᠵᠤ᠂ ᠪᠤᠭᠤᠳᠠᠢ᠂ ᠨᠣᠬᠠᠢ ᠶᠢᠨ ᠬᠤᠰᠢᠭᠤ ᠵᠡᠷᠭᠡ ᠤᠰᠤ ᠪᠠᠭ᠎ᠠ ᠬᠤᠷᠣᠭᠳᠠᠭᠤᠯᠬᠤ ᠪᠠ ᠭᠠᠩ ᠢ ᠳᠠᠭᠠᠭᠠᠬᠤ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 0.5 ᠲᠦᠮᠡᠨ ᠮᠦ ᠪᠦᠲᠦᠭᠡᠨ ᠪᠠᠶᠢᠭᠤᠯᠵᠦ᠂ ᠬᠠᠭᠤᠷᠠᠢ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 7 ᠲᠦᠮᠡᠨ ᠮᠦ ᠪᠦᠲᠦᠭᠡᠨ  ᠪᠠᠶᠢᠭᠤᠯᠵᠦ᠂ ᠤᠰᠤᠨ ᠤᠰᠤᠯᠠᠯᠲᠠ ᠶᠢᠨ ᠭᠠᠵᠠᠷ ᠢ ᠲᠡᠰ ᠳᠡᠪᠰᠢᠭᠦᠯᠦᠨ ᠥᠭᠡᠷᠡᠴᠢᠯᠡᠬᠦ ᠶᠢ 1.52 ᠲᠦᠮᠡᠨ ᠮᠦ᠂ ᠤᠰᠤᠨ ᠭᠠᠷᠤᠯᠲᠠ ᠶᠢ 0.67 ᠲᠦᠮᠡᠨ ᠮᠦ ᠪᠣᠯᠭᠠᠨ  ᠵᠠᠰᠠᠨ᠎ᠠ᠃ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠢᠲᠡᠭᠦᠮᠵᠢᠯᠡᠨ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠨ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠳᠤ ᠬᠡᠷᠡᠭᠯᠡᠬᠦ ᠤᠰᠤ ᠶᠢ ᠬᠤᠭᠤᠴᠠᠭ᠎ᠠ ᠬᠢᠵᠠᠭᠠᠷᠯᠠᠨ ᠪᠢᠲᠡᠭᠦᠮᠵᠢᠯᠡᠨ ᠵᠤᠭᠰᠤᠭᠠᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠢᠯᠡᠭᠰᠡᠨ ᠥᠭᠡᠷᠡᠴᠢᠯᠡᠯᠲᠡ ᠪᠣᠯᠤᠨ ᠴᠠᠬᠢᠯᠭᠠᠨ ᠢᠶᠠᠷ ᠤᠰᠤ ᠨᠤᠭᠤᠯᠤᠨ ᠪᠣᠳᠣᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢᠨ ᠤᠭᠰᠠᠷᠠᠯᠲᠠ ᠳᠤ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠵᠦ᠂ ᠦᠨ᠎ᠡ ᠬᠠᠩᠰᠢ ᠶᠢᠨ ᠬᠥᠰᠢᠭᠦᠷᠭᠡ ᠶᠢ ᠠᠰᠢᠭᠯᠠᠨ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠶᠢ ᠴᠠᠭ ᠲᠤᠬᠠᠢ ᠳᠤ ᠨᠢ ᠰᠦᠯᠵᠢᠶ᠎ᠡ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠪᠤᠶᠤ ᠲᠦᠭᠡᠭᠡᠯ ᠤᠰᠤ ᠶᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠠᠶᠢᠮᠢᠶᠠᠨ ᠬᠤᠲᠠ ᠶᠢᠨ ᠪᠦᠲᠦᠭᠡᠨ ᠪᠠᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠤᠰᠤ ᠠᠷᠪᠢᠯᠠᠬᠤ᠂ ᠤᠰᠤ ᠬᠠᠳᠠᠭᠠᠯᠠᠬᠤ᠂ ᠤᠰᠤ ᠨᠥᠬᠦᠪᠥᠷᠢᠯᠡᠬᠦ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠨ᠂ ᠭᠠᠩ ᠬᠠᠭᠰᠠᠷᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠢ ᠡᠷᠴᠢᠮᠵᠢᠬᠦᠯᠦᠨ᠂ ᠤᠰᠤᠨ ᠰᠤᠷᠪᠤᠯᠵᠢ ᠪᠠ ᠪᠣᠷᠣᠭᠠᠨ ᠤ ᠪᠣᠬᠢᠷᠲᠤᠯ ᠢ ᠰᠠᠯᠭᠠᠨ ᠭᠠᠷᠭᠠᠬᠤ ᠢᠨᠵᠧᠨᠧᠷᠢᠩ ᠢ ᠪᠦᠬᠦᠨ ᠢ ᠪᠡᠶᠡᠯᠡᠭᠦᠯᠵᠦ᠂ ᠮᠠᠨ ᠤ ᠰᠢᠶᠠᠨ ᠤ ᠤᠰᠤᠨ ᠰᠤᠷᠪᠤᠯᠵᠢ ᠶᠢ ᠬᠠᠳᠠᠭᠠᠯᠠᠬᠤ ᠪᠠ ᠭᠠᠵᠠᠷ ᠤᠨ ᠭᠠᠳᠠᠷᠭᠤ ᠶᠢᠨ ᠤᠰᠤ ᠬᠠᠳᠠᠭᠠᠯᠠᠬᠤ ᠴᠢᠳᠠᠪᠤᠷᠢ ᠶᠢ ᠬᠠᠮᠤᠭ ᠶᠡᠭᠡ ᠬᠡᠮᠵᠢᠶ᠎ᠡ ᠪᠠᠷ ᠲᠤᠬᠠᠢ ᠶᠢᠨ ᠭᠠᠵᠠᠷ ᠲᠤᠨᠢ ᠰᠢᠩᠭᠡᠭᠡᠵᠦ ᠠᠰᠢᠭᠯᠠᠨ᠎ᠠ᠃ ᠪᠦᠬᠦ ᠠᠷᠠᠳ ᠤᠨ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠢᠷᠤᠮᠵᠢᠭᠤᠯᠤᠨ᠂ ᠨᠠᠶᠢᠬᠡᠮ ᠳᠠᠶᠠᠭᠠᠷ ᠲᠤ ᠤᠰᠤ ᠠᠷᠪᠢᠯᠠᠬᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠰᠠᠶᠢᠨ ᠰᠠᠢᠬᠠᠨ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠤᠰᠤ ᠠᠷᠪᠢᠯᠠᠬᠤ ᠬᠡᠯᠪᠡᠷᠢ ᠶᠢᠨ ᠨᠡᠶᠢᠬᠡᠮ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠭᠤᠣᠯ ᠮᠥᠷᠡᠨ ᠨᠠᠭᠤᠷ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠣᠢ ᠰᠢᠭᠤᠢ ᠡᠪᠡᠰᠦ ᠪᠡᠯᠴᠢᠭᠡᠷ ᠤᠨ ᠡᠳᠦᠷ ᠳᠣᠳᠣᠮ ᠤᠨ ᠲᠣᠭᠤᠷᠢᠨ ᠪᠠᠶᠢᠴᠠᠭᠠᠯᠳᠠ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠳᠠ ᠶᠢᠨ ᠬᠦᠴᠦᠯᠡᠴᠡ ᠶᠢ ᠨᠡᠮᠡᠭᠳᠡᠭᠦᠯᠵᠦ᠂ ᠭᠤᠣᠯ ᠤᠨ ᠵᠠᠮ ᠤᠨ ᠬᠠᠶᠢᠷ ᠴᠢᠯᠠᠭᠤᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠂ ᠲᠤᠩᠭᠠᠯᠠᠭ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠠᠶᠠᠯᠠᠬᠦᠯᠦᠨ᠎ᠡ᠃ᠡᠨᠧᠷᠭᠢ ᠶᠢᠨ ᠬᠤᠷᠤᠭᠳᠠᠯ ᠤᠨ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠠᠵᠢᠯ ᠢ ᠴᠢᠩᠭᠠᠳᠬᠠᠨ᠎ᠠ᠃ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ︽ᠬᠤᠣᠰ ᠡᠵᠡᠮᠰᠢᠯ︾ ᠤᠨ ᠬᠠᠷᠠᠯᠲᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠠᠬᠤᠶᠢᠯᠠᠯ ᠤᠨ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠬᠤ ᠠᠵᠢᠯ ᠢ ᠦᠷᠭᠦᠯᠵᠢᠯᠡᠨ ᠠᠬᠢᠭᠤᠯᠬᠤ ᠶᠢ ᠪᠠᠲᠤᠯᠠᠨ᠎ᠠ᠃ ︽ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠵᠣᠬᠢᠬᠤ ᠬᠡᠮᠵᠢᠶ᠎ᠡ ᠪᠠᠷ ᠨᠢᠭᠡᠳᠦᠯᠲᠡᠢ ᠲᠥᠯᠥᠪᠯᠡᠬᠦ︾ ᠵᠠᠷᠴᠢᠮ ᠢ ᠪᠠᠷᠢᠮᠲᠠᠯᠠᠨ᠂ ︽ᠪᠠᠭ᠎ᠠ  ᠠᠴᠠ ᠨᠢ ᠰᠡᠷᠬᠡᠶᠢᠯᠡᠨ ᠶᠡᠭᠡ ᠶᠢ ᠪᠠᠲᠤᠯᠠᠬᠤ᠂ ᠬᠡᠮᠵᠢᠶ᠎ᠡ ᠶᠢ ᠨᠢ ᠬᠠᠰᠤᠵᠤ ᠰᠣᠯᠢᠯᠴᠠᠬᠤ︾ ᠪᠠᠷ ᠳᠠᠮᠵᠢᠨ᠂ ︽ᠨᠢᠭᠡ ᠪᠦᠯᠦᠭ ᠢ ᠨᠢ ᠬᠢᠵᠠᠭᠠᠷᠯᠠᠬᠤ᠂ ᠨᠢᠭᠡ ᠪᠦᠯᠦᠭ ᠢ ᠨᠢ ᠰᠢᠭᠰᠢᠭᠳᠡᠭᠦᠯᠬᠦ᠂ ᠨᠢᠭᠡ ᠪᠦᠯᠦᠭ ᠢ ᠨᠢ ᠥᠭᠡᠷᠡᠴᠢᠯᠡᠬᠦ᠂ ᠨᠢᠭᠡ ᠪᠦᠯᠦᠭ ᠢ ᠨᠢ ᠰᠢᠯᠢᠳᠡᠭᠵᠢᠭᠦᠯᠬᠦ︾ ᠵᠡᠷᠭᠡ ᠶᠡᠷᠦᠩᠬᠡᠢᠯᠡᠭᠰᠡᠨ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ᠂ ᠠᠵᠤ ᠦᠢᠯᠡᠰ ᠤᠨ ᠨᠢᠭᠡᠴᠡ ᠶᠢᠨ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠬᠦ ᠪᠠᠷ ᠴᠢᠷᠮᠠᠶᠢᠨ᠎ᠠ᠃ 2500 ᠺᠢᠯᠣᠸᠠᠲ ᠠᠮᠫᠧᠷ ᠠᠴᠠ ᠳᠣᠷᠣᠭᠰᠢᠬᠢ ᠡᠩ ᠤᠨ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠬᠡᠮᠵᠢᠶ᠎ᠡ ᠶᠢ ᠬᠦᠴᠦᠨ ᠥᠬᠡᠢ ᠪᠣᠯᠭᠠᠵᠤ᠂ ᠭᠤᠣᠯᠳᠠᠯᠭ᠎ᠠ ᠲᠠᠢ ᠠᠵᠤ ᠠᠬᠤᠢᠯᠠᠯ ᠤᠨ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠨᠧᠷᠭᠢ ᠬᠡᠷᠡᠭᠯᠡᠬᠦ ᠬᠡᠮᠵᠢᠶ᠎ᠡ ᠪᠠ ᠴᠠᠬᠢᠯᠭᠠᠨ ᠬᠡᠮᠵᠢᠶ᠎ᠡ ᠶᠢ ᠬᠢᠵᠠᠭᠠᠷᠯᠠᠬᠤ ᠬᠤᠣᠰ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠬᠡᠷᠡᠭᠵᠢᠭᠦᠯᠦᠨ᠎ᠡ᠃ ᠡᠯ᠎ᠡ ᠬᠦᠷᠢᠶ᠎ᠡ ᠬᠡᠪᠴᠢᠶᠡᠨ ᠤ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠳᠦᠷ ᠬᠢᠵᠦ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ ᠶᠢ ᠠᠬᠢᠭᠤᠯᠵᠤ᠂ ᠣᠯᠠᠨ ᠨᠠᠶᠢᠳᠠ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠢ ᠴᠢᠩᠭᠠᠳᠬᠠᠨ᠂ ᠪᠣᠬᠢᠷᠲᠤᠯ ᠥᠬᠡᠢ ᠬᠥᠭᠵᠢᠯᠲᠡ ᠶᠢᠨ ᠬᠡᠯᠪᠡᠷᠢ ᠶᠢ ᠪᠣᠢ ᠪᠣᠯᠭᠠᠬᠤ ᠪᠠ᠊ ᠴᠢᠷᠮᠠᠶᠢᠨ᠎ᠠ᠃ᠣᠷᠴᠢᠨ ᠲᠣᠭᠤᠷᠢᠨ ᠤ ᠪᠣᠬᠢᠷᠲᠤᠯ ᠢ ᠶᠡᠷᠦᠩᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠳᠦᠷ ᠬᠢᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠵᠢᠴᠢ ︽ᠡᠷᠭᠢᠨ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ ᠳᠡᠰ ᠳᠡᠪᠰᠢᠭᠦᠯᠬᠦ ︽ᠭᠤᠷᠪᠠᠨ ᠶᠡᠭᠡ ᠬᠠᠤᠯᠢ ᠬᠡᠷᠡᠭᠵᠢᠭᠦᠯᠦᠯᠲᠡ ᠶᠢᠨ ᠣᠨ︾ ᠢ ᠦᠷᠨᠢᠬᠦᠯᠵᠦ᠂ ᠶᠡᠷᠦᠩᠭᠡᠶᠢᠯᠡᠨ ᠴᠡᠭᠴᠡᠯᠡᠨ ᠵᠠᠰᠠᠵᠦ ᠬᠠᠷᠢᠭᠤ ᠲᠤᠰᠬᠠᠭᠰᠠᠨ ᠡᠭᠦᠷᠭᠡ ᠶᠢ ᠪᠦᠬᠦ ᠲᠠᠯ᠎ᠠ ᠪᠠᠷ ᠪᠠᠶᠠᠯᠡᠬᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠬᠡᠶᠢᠯᠡᠨ ᠵᠠᠰᠠᠬᠤ ᠶᠢ ᠦᠷᠭᠦᠯᠵᠢᠯᠡᠨ ᠰᠠᠶᠢᠳᠦᠷ ᠠᠳᠬᠤᠵᠤ᠂ ᠪᠣᠢ ᠪᠦᠬᠦᠢ ᠠᠭᠤᠷᠬᠠᠢ ᠶᠢᠨ ᠬᠠᠯᠠᠭᠤᠨ ᠵᠤᠤᠬ᠎ᠠ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠰᠦᠯᠵᠢᠶ᠎ᠡ ᠪᠠᠷ ᠬᠢᠨᠠᠨ ᠡᠵᠡᠮᠳᠡᠬᠦ ᠶᠠᠪᠤᠳᠠᠯ ᠢ ᠪᠡᠶᠡᠯᠡᠭᠦᠯᠵᠦ᠂ ᠮᠧᠩ ᠢᠦᠢ᠂ ᠡᠦ ᠵᠧᠦ᠂ ᠶᠢᠨ ᠰᠢᠨ᠂ ᠪᠧᠢ ᠴᠧᠨ ᠤᠨ 25000 ᠺᠢᠯᠣᠸᠠᠲ ᠠᠮᠫᠧᠷ ᠠᠴᠠ ᠳᠡᠭᠡᠭᠰᠢᠬᠢ ᠡᠩ ᠤᠨ ᠬᠠᠶᠢᠯᠤᠰᠢ ᠶᠢᠨ ᠠᠭᠤᠷᠬᠠᠢ ᠶᠢᠨ ᠬᠠᠯᠠᠭᠤᠨ ᠵᠤᠤᠬ᠎ᠠ ᠶᠢ ᠪᠦᠬᠦᠨ ᠢ ᠪᠢᠲᠡᠭᠦᠮᠵᠢᠯᠡᠬᠦ ᠮᠡᠷᠭᠡᠵᠢᠯ ᠤᠨ ᠥᠭᠡᠷᠡᠴᠢᠯᠡᠯᠲᠡ ᠵᠢᠴᠢ ᠦᠯᠡᠳᠡᠪᠦᠷᠢ ᠢᠯᠴᠢ ᠦᠯᠡᠳᠡᠪᠦᠷᠢ ᠬᠡᠢ ᠶᠢᠨ ᠶᠡᠷᠦᠩᠭᠡᠶᠢᠯᠡᠨ ᠠᠰᠢᠭᠯᠠᠬᠤ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠲᠦᠭᠦᠬᠡᠢ ᠨᠡᠭᠦᠷᠡᠰᠦ ᠶᠢ ᠵᠠᠳᠠᠭᠠᠢ ᠰᠢᠲᠠᠭᠠᠬᠤ ᠶᠢ ᠵᠠᠰᠠᠨ ᠴᠢᠩᠭᠠᠳᠬᠠᠨ᠎ᠠ᠃ ᠬᠤᠲᠠ ᠲᠣᠭᠤᠷᠢᠭ ᠤᠨ 10 ᠲᠤᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠪᠦᠬᠦ ᠲᠠᠯ᠎ᠠ ᠪᠠᠷ ᠴᠠᠭᠠᠵᠠᠯᠠᠨ᠎ᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠽᠣᠲ ᠠᠷᠢᠯᠭᠠᠵᠤ ᠹᠣᠰᠹᠣᠷ ᠠᠷᠢᠯᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠠᠶᠠᠭᠳᠠᠮᠠᠯ ᠤᠰᠤ ᠭᠠᠳᠠᠭᠰᠢᠯᠠᠭᠤᠯᠬᠤ ᠪᠣᠬᠢᠷᠲᠤᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠤᠨ᠎ᠠ᠃ 3 ᠴᠠᠷᠳᠠᠭᠤᠯ ᠤᠨ ᠠᠵᠤ ᠠᠬᠤᠢᠯᠠᠯ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠢᠭᠤᠯᠤᠯᠲᠠ ᠶᠢ ᠪᠡᠶᠡᠯᠡᠭᠦᠯᠵᠦ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠠᠭᠤᠷᠬᠠᠢ 2 ᠶᠢ ᠢᠳᠡᠪᠬᠢᠲᠡᠢ ᠭᠤᠶᠤᠴᠢᠯᠠᠨ ᠮᠡᠳᠡᠭᠦᠯᠦᠨ᠎ᠡ᠃ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠢ ᠬᠠᠶᠠᠭᠳᠠᠮᠠᠯ ᠡᠳ᠋ ᠢ ᠬᠠᠤᠯᠢ ᠪᠤᠰᠤ ᠪᠠᠷ ᠰᠢᠯᠵᠢᠭᠦᠯᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠ ᠰᠢᠶᠠᠩ ᠪᠠᠯᠭᠠᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠲᠣᠣᠷᠵᠢᠭᠤᠯᠤᠨ ᠬᠠᠮᠢᠶᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠦ᠂ ᠬᠥᠬᠡ ᠣᠭᠲᠠᠷᠭᠤᠢ ᠨᠣᠮᠢᠨ ᠤᠰᠤ ᠴᠡᠪᠡᠷ ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠲᠤᠶᠢᠯᠪᠤᠷᠢᠳᠠᠢ ᠬᠢᠨ᠎ᠡ᠃︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠳᠥᠷᠪᠡᠨ ᠦᠯᠦ ᠣᠷᠬᠢᠭᠳᠠᠭᠤᠯᠬᠤ︾ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠪᠠᠷᠢᠮᠲᠠᠯᠠᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠠᠵᠢᠯ ᠤᠨ ᠦᠷ᠎ᠡ ᠪᠦᠲᠦᠮᠵᠢ ᠶᠢ ᠪᠠᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠠᠮᠲᠤᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠠᠶᠠᠯᠠᠬᠦᠯᠦᠨ᠎ᠠ᠃ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠶᠢᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠨ᠂ ᠶᠠᠳᠠᠭᠤ ᠬᠦᠴᠢᠷᠳᠡᠯᠲᠡᠢ ᠡᠷᠦᠬᠡ ᠪᠣᠯᠤᠨ ᠶᠠᠳᠠᠭᠤ ᠠᠴᠠ ᠠᠩᠭᠢᠵᠢᠷᠠᠬᠤ ᠳᠤ ᠲᠣᠭᠲᠠᠭᠤᠨ ᠪᠤᠰᠤ ᠡᠷᠦᠬᠡ ᠶᠢ ᠦᠷᠭᠦᠯᠵᠢᠯᠡᠨ ᠬᠢᠨᠠᠨ ᠬᠡᠮᠵᠢᠵᠦ ᠬᠠᠮᠢᠶᠠᠷᠤᠭᠤᠯᠤᠨ᠂ ᠴᠠᠭ ᠲᠤᠬᠠᠢ ᠳᠤᠨᠢ ᠨᠠᠷᠢᠯᠢᠭ ᠣᠨᠣᠪᠴᠢᠲᠠᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ ᠪᠠᠶᠢᠭᠠᠳ ᠳᠠᠬᠢᠨ ᠶᠠᠳᠠᠭᠤᠷᠠᠬᠤ ᠶᠢ ᠰᠡᠷᠬᠡᠶᠢᠯᠡᠨ ᠬᠤᠷᠢᠭᠯᠠᠬᠤ ᠠᠵᠢᠯ ᠢ ᠰᠠᠶᠢᠳᠦᠷ ᠬᠢᠨ᠎ᠡ᠃ ᠠᠵᠤ ᠦᠢᠯᠡᠰ ᠢ  ᠬᠦᠭᠵᠢᠬᠦᠯᠦᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠵᠦ᠂ 3.18 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ  ᠭᠤᠶᠤᠴᠢᠯᠠᠨ᠂ ᠨᠠᠶᠢᠳᠠ 182 ᠵᠦᠢᠯ ᠤᠨ ᠲᠦᠷᠦᠯ ᠵᠤᠶᠢᠯ ᠬᠡᠷᠡᠭᠵᠢᠬᠦᠯᠵᠦ᠂ 6300 ᠭᠠᠷᠤᠢ ᠤᠷᠤᠯᠭ᠎ᠠ ᠲᠤᠤᠷ᠎ᠠ ᠬᠥᠮᠦᠨ ᠠᠮᠠ ᠶᠢ ᠬᠠᠮᠤᠷᠤᠨ᠎ᠠ᠃ ᠶᠠᠳᠠᠭᠤ ᠶᠢ ᠲᠡᠳᠬᠦᠬᠦ  ᠲᠤᠯᠤᠭᠠᠶᠢᠯᠠᠭᠴᠢ ᠠᠵᠤ ᠠᠬᠤᠶᠢᠯᠠᠯ᠂ ᠬᠤᠷᠰᠢᠶ᠎ᠠ᠂ ᠠᠳᠠᠯ ᠦᠢᠯᠡᠰ ᠪᠣᠰᠬᠠᠬᠤ ᠪᠠᠶᠠᠵᠢᠯ ᠤᠨ ᠳᠠᠭᠠᠭᠤᠯᠤᠭᠴᠢ ᠵᠡᠷᠭᠡ ᠶᠠᠳᠠᠭᠤ ᠶᠢ ᠲᠡᠳᠬᠦᠬᠦ ᠭᠤᠣᠯ ᠴᠣᠭᠴᠠ ᠶᠢ ᠬᠥᠭᠵᠢᠭᠦᠯᠦᠨ ᠪᠤᠵᠠᠭᠠᠢᠷᠠᠭᠤᠯᠤᠨ᠎ᠠ᠃ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ᠂ ᠠᠵᠢᠯ ᠣᠯᠬᠤ ᠶᠢ ᠰᠠᠶᠢᠳᠦᠷ ᠬᠢᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠣᠶᠤᠲᠠᠳ ᠲᠤ ᠠᠵᠢᠯ ᠣᠯᠭᠤᠬᠤ ᠳ᠋ᠠᠶᠢᠲ᠋ᠠ ᠬᠥᠮᠥᠷᠭᠡ ᠪᠣᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠦᠷᠢᠨᠰᠢᠬᠦᠯᠦᠨ᠎ᠡ᠃ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢ ᠵᠣᠯᠭᠠᠭᠤᠯᠬᠤ ᠪᠣᠯᠪᠠᠰᠤᠷᠠᠯ ᠢ ᠴᠢᠩᠭᠠᠳᠬᠠᠬᠤ ᠪᠠᠷ ᠳᠠᠮᠵᠢᠵᠤ  ᠂ ᠤᠷᠢᠳᠠᠪᠡᠷ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ ᠶᠢ ᠵᠣᠬᠢᠶᠠᠨ ᠪᠠᠶᠢᠭᠤᠯᠵᠦ᠂ ᠠᠵᠤ ᠠᠬᠤᠶᠢᠯᠠᠯ ᠤᠨ ᠦᠯᠡᠳᠡᠭᠡᠨ ᠠᠪᠴᠤ ᠬᠡᠷᠡᠭᠯᠡᠬᠦ᠂ ᠤᠶᠢᠷ᠎ᠠ ᠬᠠᠪᠢ ᠳᠠᠭᠠᠨ ᠠᠵᠢᠯ ᠣᠯᠬᠤ ᠶᠢ ᠵᠣᠷᠢᠭᠵᠢᠭᠤᠯᠤᠨ ᠳᠡᠮᠵᠢᠬᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠡᠷᠡᠭᠵᠢᠬᠦᠯᠬᠦ ᠵᠡᠷᠭᠡ ᠠᠷᠭ᠎ᠠ ᠪᠠᠷᠢᠯ ᠢᠶᠠᠷ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠦᠴᠦᠨ ᠤ ᠲᠤᠬᠠᠢ ᠶᠢᠨ ᠭᠠᠵᠠᠷ ᠲᠠᠭᠠᠨ ᠠᠵᠢᠯ ᠣᠯᠬᠤ ᠶᠢ ᠠᠬᠢᠭᠤᠯᠤᠨ᠎ᠠ᠃ ᠣᠨᠳᠣᠣ ᠭᠠᠵᠠᠷ ᠨᠡᠬᠦᠯᠭᠡᠭᠰᠡᠨ ᠶᠠᠳᠠᠭᠤ ᠡᠷᠦᠬᠡ ᠶᠢ ᠠᠵᠤ ᠦᠢᠯᠡᠰ᠂ ᠠᠵᠢᠯ ᠤᠯᠭᠤᠯᠳᠠ ᠶᠢᠨ ᠲᠥᠷᠥ ᠶᠢᠨ ᠪᠣᠳᠣᠯᠭ᠎ᠠ ᠪᠠᠷ ᠲᠡᠳᠬᠦᠬᠦ ᠪᠠᠨ ᠴᠢᠩᠭᠠᠳᠬᠠᠵᠤ᠂ ︽ᠲᠣᠭᠲᠠᠪᠤᠷᠢᠲᠠᠢ᠂ ᠡᠷᠴᠢᠮᠳᠠᠢ᠂ ᠠᠯᠬᠤᠮ ᠠᠯᠬᠤᠮ ᠢᠶᠠᠷ ᠪᠠᠶᠠᠵᠢᠬᠤ︾ ᠶᠢ ᠪᠠᠲᠤᠯᠠᠨ᠎ᠠ᠃ ᠪᠠᠭ᠎ᠠ ᠲᠣᠭᠠᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠬᠠᠪᠰᠤᠷᠤᠨ ᠲᠡᠳᠬᠦᠬᠦ ᠦᠢᠯᠡᠳᠦᠯ ᠢ ᠪᠠᠳᠠᠷᠠᠭᠤᠯᠤᠨ᠂ ᠶᠠᠳᠠᠭᠤ ᠶᠢ ᠲᠡᠳᠬᠦᠬᠦ ᠲᠤᠰᠬᠠᠢ ᠯᠠᠩᠭᠦᠢ᠂ ᠲᠤᠰᠬᠠᠢ ᠬᠤᠭᠤᠯᠠᠨ ᠭᠡᠷ᠂ ᠲᠤᠰᠬᠠᠢ ᠲᠣᠭᠤᠷᠢᠭ ᠤᠨ ᠭᠤᠷᠪᠠᠨ ᠲᠤᠰᠬᠠᠢ ᠪᠠᠢᠭᠤᠯᠤᠯᠲᠠ ᠶᠢᠨ ᠠᠵᠢᠯ ᠢ ᠲᠦᠷᠭᠡᠳᠬᠡᠵᠦ᠂ ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠴᠡᠷᠢᠭ ᠤᠨ ᠬᠤᠸᠠᠷᠠᠨ ᠵᠡᠷᠭᠡ ᠲᠠᠪᠤᠨ ᠵᠦᠢᠯ ᠤᠨ ᠠᠵᠢᠯᠯᠠᠭ᠎ᠠ ᠳᠤ ᠤᠷᠤᠯᠴᠠᠭᠤᠯᠤᠨ᠂ ᠣᠷᠣᠯᠭ᠎ᠠ ᠪᠠᠭᠠᠲᠠᠢ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠪᠠ ᠬᠥᠭᠵᠢᠯᠲᠡ ᠶᠢᠨ ᠴᠢᠳᠠᠪᠤᠷᠢ ᠶᠢ ᠦᠨᠡᠨᠬᠦ ᠨᠡᠮᠡᠭᠳᠡᠭᠦᠯᠦᠨ᠎ᠡ᠃ ᠶᠠᠳᠠᠭᠤ ᠶᠢ ᠲᠡᠳᠬᠦᠬᠦ ᠶᠢ ᠳᠠᠩᠰᠠ ᠡᠪᠬᠡᠮᠡᠯ ᠳᠤ ᠣᠷᠣᠭᠤᠯᠤᠨ ᠬᠠᠮᠢᠶᠠᠷᠬᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠳᠦᠷ ᠠᠳᠬᠤᠵᠤ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠯᠳᠠ᠂ ᠬᠢᠨᠠᠨ ᠰᠢᠯᠭᠠᠯᠲᠠ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠰᠠᠶᠢᠳᠦᠷ ᠠᠳᠬᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠨ᠎ᠠ᠃ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠲᠠᠢ ᠤᠶᠠᠯᠳᠤᠭᠤᠯᠤᠨ᠂ ᠠᠶᠢᠯ ᠲᠣᠰᠬᠤᠨ ᠪᠣᠯᠤᠨ ᠠᠵᠤ ᠦᠢᠯᠡᠰ ᠲᠤ ᠵᠦᠢ ᠵᠣᠬᠢᠰᠲᠠᠢ ᠲᠥᠯᠥᠪᠵᠢᠭᠦᠯᠭᠡ ᠬᠢᠵᠦ᠂ ᠵᠠᠮ ᠳᠠᠭᠠᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠪᠣᠯᠤᠨ ᠱᠤᠭᠤᠮ ᠢᠶᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠪᠣᠬᠢᠷᠲᠤᠯ ᠥᠬᠡᠢ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠤᠨ᠎ᠠ᠃ ᠲᠠᠷᠢᠮᠠᠯ ᠤᠨ ᠦᠢᠯᠡᠰ ᠤᠨ ᠲᠠᠯ᠎ᠠ ᠪᠠᠷ ᠬᠠᠭᠤᠷᠠᠢ ᠲᠠᠷᠢᠶᠠᠯᠠᠭ᠎ᠠ ᠶᠢᠨ ᠣᠷᠭᠠᠨᠢᠭ ᠲᠠᠷᠢᠶᠠᠯᠠᠩ ᠤᠨ ᠵᠠᠮ ᠢᠶᠠᠷ ᠶᠠᠪᠤᠬᠤ ᠶᠢ ᠪᠠᠷᠢᠮᠲᠠᠯᠠᠵᠤ᠂ ︽ᠨᠢᠭᠡ ᠲᠥᠮᠥᠰᠥ ᠬᠤᠶᠠᠷ ᠪᠤᠭᠤᠳᠠᠢ + ᠡᠪᠡᠰᠦᠨ ᠡᠮ︾ ᠢ ᠭᠤᠣᠯᠳᠠᠯᠭ᠎ᠠ ᠲᠠᠢ ᠬᠥᠭᠵᠢᠭᠦᠯᠵᠦ᠂ ᠣᠷᠭᠠᠨᠢᠭ ᠬᠠᠭᠤᠷᠠᠢ ᠪᠤᠭᠤᠳᠠᠢ 12 ᠲᠦᠮᠡᠨ ᠮᠦ᠂ ᠨᠣᠬᠠᠢ ᠶᠢᠨ ᠬᠤᠰᠢᠭᠤ 5 ᠲᠦᠮᠡᠨ ᠮᠦ ᠪᠠᠶᠢᠭᠤᠯᠵᠦ᠂ ᠦᠯᠢᠭᠡᠷ ᠵᠢᠱᠢᠶ᠎ᠡ ᠦᠵᠡᠭᠦᠯᠦᠨ ᠲᠠᠷᠢᠬᠤ ᠣᠷᠭᠠᠨᠢᠭ ᠬᠠᠭᠤᠷᠠᠢ ᠲᠥᠮᠥᠰᠥ 2 ᠲᠦᠮᠡᠨ ᠮᠦ᠂ ᠬᠤᠤᠮᠠ 1 ᠲᠦᠮᠡᠨ ᠮᠦ  ᠲᠠᠷᠢᠵᠦ ᠬᠥᠭᠵᠢᠭᠦᠯᠦᠨ᠎ᠡ︔ ᠴᠢᠨᠠᠷ ᠰᠠᠶᠢᠳᠠᠢ ᠪᠥᠭᠡᠳ ᠦᠨ᠎ᠡ ᠬᠠᠩᠰᠢ  ᠨᠢ ᠲᠤᠬᠢᠷᠠᠮᠵᠢᠳᠠᠢ ᠲᠥᠮᠥᠰᠥ  ᠪᠠ ᠡᠮ ᠤᠨ ᠮᠠᠲ᠋ᠧᠷᠢᠶᠠᠯ ᠲᠠᠷᠢᠬᠤ ᠬᠡᠪᠴᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ 10 ᠲᠦᠮᠡᠨ ᠮᠦ ᠲᠥᠮᠥᠰᠥ ᠲᠠᠷᠢᠬᠤ ᠪᠠ 2 ᠲᠦᠮᠡᠨ ᠮᠦ ᠵᠢᠩᠬᠢᠨᠢ ᠡᠮ ᠤᠨ ᠮᠠᠲ᠋ᠧᠷᠢᠶᠠᠯ ᠢ ᠲᠠᠷᠢᠨ᠎ᠠ᠃ ᠲᠡᠵᠢᠭᠡᠨ ᠦᠷᠡᠵᠢᠭᠦᠯᠬᠦ ᠦᠢᠯᠡᠰ ᠤᠨ ᠲᠠᠯ᠎ᠠ ᠪᠠᠷ ᠬᠥᠭᠵᠢᠯᠲᠡ ᠶᠢᠨ ᠴᠢᠭᠯᠡᠯ ᠪᠣᠯᠭᠠᠭᠰᠠᠨ ᠠᠵᠤ ᠦᠢᠯᠡᠰ ᠤᠨ ᠪᠠᠶᠢᠷᠢᠰᠢᠯ ᠢ ᠦᠷᠭᠦᠯᠵᠢᠯᠡᠨ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠤᠯᠪᠣᠭ᠎ᠠ ᠶᠢ ᠬᠥᠭᠵᠢᠭᠦᠯᠵᠦ᠂ ᠲᠤᠳᠠᠭᠤᠳᠠᠯ ᠢᠶᠠᠨ ᠨᠦᠬᠦᠪᠦᠷᠢᠯᠡᠨ᠂ 2 ᠠᠯᠠᠰᠢᠨ ᠦᠬᠡᠷ ᠬᠤᠨᠢ ᠲᠡᠵᠢᠭᠡᠨ ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠤᠨ᠂ ᠦᠬᠡᠷ ᠬᠤᠨᠢ ᠲᠡᠵᠢᠭᠡᠨ ᠪᠤᠶᠢᠵᠢᠭᠤᠯᠬᠤ ᠬᠡᠪᠴᠢᠶ᠎ᠡ ᠶᠢ 10 ᠲᠦᠮᠡᠨ ᠲᠣᠯᠣᠭᠠᠢ ᠨᠢᠭᠡᠴᠢ ᠳᠤ ᠬᠦᠷᠴᠦ᠂ ᠦᠬᠡᠷ ᠬᠤᠨᠢ ᠬᠡᠪᠴᠢᠶᠡᠵᠢᠭᠦᠯᠦᠨ ᠲᠡᠵᠢᠭᠡᠨ ᠪᠤᠶᠢᠵᠢᠭᠤᠯᠬᠤ ᠲᠠᠯᠠᠪᠠᠢ᠂ ᠮᠢᠬ᠎ᠠ ᠲᠠᠬᠢᠶ᠎ᠠ ᠲᠠᠤᠯᠠᠢ ᠲᠡᠵᠢᠭᠡᠨ ᠦᠰᠬᠡᠬᠦ ᠲᠠᠯᠠᠪᠠᠢ᠂ ᠬᠤᠷᠠᠭ᠎ᠠ ᠪᠣᠷᠳᠣᠬᠤ᠂ ᠡᠪᠡᠰᠦ ᠪᠣᠷᠳᠤᠭ᠎ᠠ ᠲᠠᠷᠢᠵᠤ ᠪᠣᠯᠪᠠᠰᠤᠷᠠᠭᠤᠯᠬᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠤᠷᠰᠢᠶ᠎ᠠ ᠵᠡᠷᠭᠡ ᠲᠥᠷᠥᠯ ᠵᠦᠢᠯ ᠢ 76 ᠵᠦᠢᠯ ᠪᠣᠯᠭᠠᠨ ᠬᠦᠴᠦᠯᠡᠨ ᠪᠠᠢᠭᠤᠯᠤᠨ᠎ᠠ᠃ ︽ᠲᠡᠵᠢᠭᠡᠬᠦ ᠶᠢᠨ ᠲᠥᠯᠥᠭᠡ ᠲᠠᠷᠢᠬᠤ᠂ ᠮᠠᠯ ᠠᠵᠤ ᠠᠬᠤᠢ ᠶᠢᠨ ᠲᠥᠯᠥᠭᠡ ᠲᠠᠷᠢᠬᠤ︾ ᠶᠢ ᠪᠠᠷᠢᠮᠲᠠᠯᠠᠨ᠂ ᠬᠥᠬᠡ ᠡᠷᠳᠡᠨᠢ ᠰᠢᠰᠢ᠂ ᠨᠣᠬᠠᠢ ᠶᠢᠨ ᠬᠤᠰᠢᠭᠤ ᠶᠢᠨ ᠡᠪᠡᠰᠦ ᠵᠡᠷᠭᠡ ᠲᠡᠵᠢᠭᠡᠯ ᠡᠪᠡᠰᠦ ᠪᠣᠷᠳᠤᠭ᠎ᠠ ᠶᠢ 10 ᠲᠦᠮᠡᠨ ᠮᠦ ᠲᠠᠷᠢᠵᠤ᠂ 100 ᠰᠠᠶ᠎ᠠ ᠸᠠᠲ ᠭᠡᠷᠡᠯᠯᠢᠭ ᠸᠣᠯᠲ ᠤᠨ ᠪᠡᠯᠴᠢᠭᠡᠷ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠦᠷ᠎ᠡ ᠶᠢᠨ ᠢᠨᠵᠧᠨᠧᠷᠢᠩ ᠤᠨ ᠪᠦᠲᠦᠭᠡᠨ ᠪᠠᠢᠭᠤᠯᠤᠯᠲᠠ ᠶᠢ ᠴᠢᠩᠭᠠᠳᠬᠠᠵᠤ᠂ ᠦᠷ᠎ᠡ ᠶᠢᠨ ᠢᠨᠵᠧᠨᠧᠷᠢᠩ ᠢ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠡᠷᠢᠭᠦᠨ ᠴᠢᠬᠤᠯᠠ ᠪᠠᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠣᠷᠭᠠᠨᠢᠭ ᠲᠠᠷᠢᠮᠠᠯ ᠤᠨ ᠦᠷ᠎ᠡ ᠦᠢᠯᠡᠳᠬᠦ ᠰᠠᠭᠤᠷᠢᠨ ᠭᠠᠵᠠᠷ ᠢ 0.35 ᠲᠦᠮᠡᠨ ᠮᠦ ᠪᠦᠲᠦᠭᠡᠨ ᠪᠠᠶᠢᠭᠤᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠪᠠ ︽ᠡᠮ᠎ᠡ ᠬᠤᠨᠢᠨ ᠤ ᠪᠠᠩᠬᠢ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠶᠢᠨ ᠰᠠᠶᠢᠨ ᠡᠭᠦᠯᠳᠡᠷ ᠪᠤᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠣᠬᠢᠷᠲᠤᠯ ᠦᠭᠡᠢ ᠪᠣᠯᠭᠠᠬᠤ ᠪᠠ ᠨᠡᠷᠡᠲᠦ ᠲᠡᠮᠳᠡᠭᠵᠢᠭᠦᠯᠦᠯᠲᠡ ᠶᠢᠨ ᠪᠠᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠳᠠᠢ ᠨᠡᠷᠡᠲᠦ ᠲᠥᠷᠥᠯ ᠲᠡᠮᠳᠡᠭᠲᠦ ᠶᠢᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯᠲᠡ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ᠂ ᠨᠢᠭᠡᠳᠦᠯᠲᠡᠢ ᠵᠢᠷᠤᠵᠤ ᠲᠥᠯᠥᠪᠯᠡᠨ ᠪᠠᠭᠯᠠᠭᠠᠳ ᠶᠠᠳᠠᠭᠤ ᠶᠢ ᠲᠡᠳᠬᠦᠬᠦ ᠬᠥᠲᠥᠴᠢ ᠠᠵᠤ ᠠᠬᠤᠢᠯᠠᠯ ᠤᠨ ᠦᠢᠯᠡᠳᠬᠦᠨ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠦᠢᠯᠡᠳᠬᠦᠨ ᠤ ᠮᠠᠭᠠᠳᠯᠠᠨ ᠲᠣᠭᠲᠠᠭᠠᠬᠤ ᠲᠥᠷᠥᠯ ᠵᠦᠢᠯ ᠳᠤ ᠤᠷᠤᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠤᠮᠠᠷᠠᠲᠤ ᠶᠢᠨ ᠬᠠᠨ ᠹᠧᠩ︾ ᠣᠯᠠᠨ ᠨᠠᠶᠢᠳᠠ ᠶᠢᠨ ᠨᠡᠷᠡᠲᠦ ᠲᠡᠮᠳᠡᠭ ᠢ ᠪᠥᠬᠦ ᠬᠦᠴᠦᠨ ᠢᠶᠠᠷ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠠᠯᠳᠠᠷᠰᠢᠯ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠳᠡᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠥᠬᠦ ᠬᠦᠴᠦᠨ ᠢᠶᠠᠷ ᠪᠠᠶᠢᠭᠤᠯᠤᠨ᠎ᠠ᠃ ᠬᠥᠳᠡᠭᠡ ᠲᠣᠰᠬᠤᠨ ᠤ ᠠᠮᠢ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠪᠠᠶᠢᠳᠠᠯ ᠢ ᠤᠶᠢᠯᠠᠭᠠᠵᠦ ᠵᠢᠭᠰᠠᠭᠠᠨ ᠪᠠᠶᠢᠴᠠᠭᠠᠬᠤ ᠶᠢ ᠤᠯᠠᠮ ᠨᠢᠭᠡ ᠠᠯᠬᠤᠮ ᠦᠷᠨᠢᠬᠦᠯᠵᠦ᠂ ᠬᠥᠳᠡᠭᠡ ᠲᠣᠰᠬᠤᠨ ᠤ 69.5 ᠺᠢᠯᠣᠮᠧᠲᠷ ᠵᠠᠰᠠᠮᠠᠯ ᠵᠠᠮ ᠤᠨ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠵᠢᠴᠢ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠴᠢᠩᠭᠠᠳᠬᠠᠨ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠣᠯᠤᠨ ᠣᠯᠠᠨ ᠨᠠᠶᠢᠳᠠ ᠶᠢᠨ ᠦᠢᠯᠡᠴᠢᠯᠡᠭᠡᠨ ᠤ ᠳᠤᠲᠠᠭᠳᠠᠯ ᠢ ᠨᠦᠬᠦᠪᠦᠷᠢᠯᠡᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠠᠭᠠᠭᠠᠮᠠᠭᠠᠢ ᠥᠷᠨᠢᠭᠦᠯᠵᠦ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ 4᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ 6᠂ ᠴᠠᠬᠢᠯᠭᠠᠨ ᠬᠥᠳᠡᠯᠭᠡᠭᠦᠷᠲᠦ ᠲᠡᠷᠭᠡ 172᠂ ᠵᠠᠮ ᠱᠦᠭᠦᠷᠳᠡᠬᠦ ᠮᠠᠰᠢᠨ 29᠂ ᠬᠤᠭ ᠨᠤᠪᠰᠢ ᠶᠢᠨ ᠰᠠᠪᠠ 7843᠂ ᠬᠤᠷᠢᠶᠠᠨ ᠴᠤᠭᠯᠠᠭᠤᠯᠬᠤ  ᠬᠠᠶᠢᠷᠴᠠᠭ 602 ᠶᠢ ᠲᠣᠬᠢᠷᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠢ ᠤᠯᠠᠮ ᠨᠢᠭᠡ ᠠᠯᠬᠤᠮ ᠲᠡᠬᠦᠯᠳᠡᠷᠵᠢᠬᠦᠯᠦᠨ᠎ᠡ᠃ ᠬᠦ᠋ᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠷᠭ᠎ᠠ ᠶᠢ ᠰᠦᠪᠡᠭᠴᠢᠯᠡᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠳᠤᠲᠠᠭᠳᠠᠯ ᠢ ᠨᠦᠬᠦᠪᠦᠷᠢᠯᠡᠨ᠂ ᠳᠦᠷᠢᠮ ᠤᠨ  ᠪᠠᠶᠢᠭᠤᠯᠤᠯᠳᠠ ᠶᠢ ᠴᠢᠩᠭᠠᠳᠬᠠᠵᠦ᠂ ᠳᠦᠷᠢᠮ ᠲᠠᠢ᠂ ᠪᠠᠷᠢᠮᠵᠢᠶ᠎ᠠ ᠲᠠᠢ᠂ ᠱᠠᠭᠠᠷᠳᠠᠯᠭ᠎ᠠ ᠲᠠᠢ᠂ ᠵᠠᠷᠤᠳᠠᠯ ᠲᠠᠢ ᠭᠠᠴᠠᠭᠠᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠤᠢ ᠪᠤᠯᠭᠠᠵᠦ᠂ ᠬᠠᠮᠢᠶᠠᠷᠴᠤ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠦᠨ᠎ᠡ ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠦ᠂ ᠲᠠᠷᠢᠶᠠᠨ ᠭᠠᠵᠠᠷ ᠢ ᠡᠵᠡᠯᠡᠵᠦ ᠨᠥᠬᠦᠪᠥᠷᠢ ᠥᠭᠬᠦ ᠶᠢ ᠳᠦᠷᠢᠮᠵᠢᠭᠦᠯᠦᠨ᠂ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ ᠡᠷᠦᠬᠡ︾ ᠶᠢ ᠡᠷᠡᠰ ᠬᠤᠷᠢᠭᠯᠠᠨ᠎ᠠ᠃ ᠲᠠᠷᠢᠶᠠᠯᠠᠩ ᠤᠨ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠦ᠂ ᠮᠠᠯ ᠵᠢᠭᠦᠷᠲᠡᠨ ᠤ ᠪᠠᠭᠠᠰᠤ ᠪᠤᠵᠠᠷᠲᠤᠯ ᠢ ᠡᠬᠢ ᠪᠠᠶᠠᠯᠢᠭᠵᠢᠭᠤᠯᠤᠨ ᠠᠰᠢᠭᠯᠠᠵᠦ᠂ ᠪᠦᠬᠦᠶᠢᠯᠠ ᠰᠢᠶᠠᠨ  ᠢ ᠠᠬᠢᠭᠤᠯᠬᠤ ᠲᠥᠷᠥᠯ ᠵᠦᠢᠯ ᠢ ᠪᠦᠬᠦ ᠬᠦᠴᠦᠨ ᠢᠶᠠᠷ ᠰᠠᠶᠢᠳᠦᠷ ᠬᠡᠷᠡᠭᠵᠢᠭᠦᠯᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠣᠷᠭᠠᠨᠢᠭ ᠪᠣᠷᠳᠣᠭᠤᠷ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠰᠢᠭᠯᠠᠬᠤ ᠨᠣᠷᠮ᠎ᠠ ᠶᠢ 85% ᠠᠴᠠ ᠳᠡᠭᠡᠭᠰᠢ ᠬᠡᠮᠵᠢᠶᠡᠨ ᠳᠤ ᠬᠦᠷᠭᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠭᠠᠴᠠᠭ᠎ᠠ ᠲᠣᠰᠬᠤᠨ ᠢ ᠨᠣᠭᠤᠭᠠᠷᠠᠭᠤᠯᠬᠤ ᠲᠥᠷᠥᠯ ᠵᠦᠢᠯ ᠢ ᠵᠢᠯ ᠤᠨ ᠳᠣᠲᠣᠷ᠎ᠠ ᠪᠠᠶᠠᠯᠡᠬᠦᠯᠵᠦ᠂ ᠤᠯᠤᠰ ᠤᠨ ᠳᠡᠰ ᠤᠨ ᠪᠣᠯᠪᠠᠰᠤᠨ ᠲᠣᠰᠬᠤᠨ᠂ ᠥᠪᠡᠷᠲᠡᠭᠡᠨ ᠵᠠᠰᠠᠬᠤ ᠣᠷᠣᠨ ᠤ 5 ᠵᠢᠱᠢᠶ᠎ᠡ ᠦᠵᠡᠭᠦᠯᠬᠦ ᠲᠣᠰᠬᠤᠨ ᠪᠠ ᠨᠣᠭᠤᠭᠠᠷᠠᠭᠤᠯᠤᠯᠲᠠ ᠪᠠᠷ ᠪᠠᠷᠢᠮᠵᠢᠶ᠎ᠠ ᠳᠤ ᠬᠦᠷᠦᠭᠰᠡᠨ ᠲᠣᠰᠬᠤᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠰᠠᠶᠢᠨ ᠲᠤᠷᠠᠴᠤᠳ ᠤᠨ ᠦᠢᠯᠡᠴᠢᠯᠡᠭᠡ ᠶᠢᠨ ᠪᠠᠢᠭᠤᠯᠤᠮᠵᠢ ᠲᠣᠭᠲᠠᠴᠠ ᠶᠢ ᠪᠠᠶᠢᠭᠤᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠦ᠂ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠪᠠ ᠪᠣᠯᠪᠠᠰᠤᠨ ᠬᠡᠪ ᠰᠤᠷᠲᠠᠯ ᠢ ᠮᠠᠨᠳᠤᠭᠤᠯᠤᠨ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ᠂ ᠪᠣᠯᠪᠠᠰᠤᠨ ᠲᠠᠷᠢᠶᠠᠴᠢᠳ ᠤᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠳᠦᠷ ᠬᠢᠵᠦ᠂ ᠬᠦ᠋ᠳᠡᠭᠡ ᠲᠣᠰᠬᠤᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠢᠶᠠᠷ ᠲᠤᠯᠭᠠᠭᠤᠷᠢᠯᠠᠭᠤᠯᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠲᠥᠷᠥᠯ ᠵᠦᠢᠯ ᠢ ᠢᠵᠢ ᠪᠦᠷᠢᠳᠦᠭᠦᠯᠦᠨ ᠳᠡᠮᠵᠢᠬᠦ᠂ ᠭᠠᠴᠠᠭᠠᠨ ᠤ ᠬᠤᠶᠠᠷ ᠵᠥᠪᠯᠡᠯ ᠤᠨ ᠪᠠᠭ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠲᠥᠷᠥᠯ ᠤᠨ ᠴᠢᠳᠠᠪᠤᠷᠢᠲᠠᠨ ᠢ ᠤᠷᠢᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠪᠣᠰᠬᠠᠬᠤ ᠶᠢ ᠨᠢ ᠵᠣᠷᠢᠭᠵᠢᠭᠤᠯᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠶᠡᠬᠡᠪᠡᠷ ᠬᠥᠮᠦᠵᠢᠭᠦᠯᠦᠨ᠂ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠪᠠ ᠡᠯ᠎ᠡ ᠲᠥᠷᠥᠯ ᠤᠨ ᠲᠤᠰᠬᠠᠢ ᠠᠵᠢᠯ ᠤᠨ ᠬᠤᠷᠰᠢᠶ᠎ᠠ ᠶᠢᠨ ︽ᠳᠠᠭᠠᠭᠤᠯᠤᠭᠴᠢ︾ ᠶᠢ ᠲᠡᠳᠬᠦᠨ ᠬᠥᠮᠦᠵᠢᠭᠦᠯᠵᠦ᠂ ᠲᠠᠷᠢᠶᠠᠴᠢᠳ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠲᠠᠢ᠂ ᠮᠡᠷᠭᠡᠵᠢᠯ ᠡᠵᠡᠮᠰᠢᠭᠰᠡᠨ᠂ ᠡᠵᠡᠩᠨᠡᠵᠦ ᠴᠢᠳᠠᠳᠠᠭ ᠰᠢᠨ᠎ᠡ ᠮᠠᠶ᠋ᠢᠭ ᠤᠨ ᠲᠠᠷᠢᠶᠠᠴᠢᠳ ᠢ ᠰᠢᠶᠠᠩ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠬᠦᠴᠦᠨ ᠪᠣᠯᠭᠠᠨ᠎ᠠ᠃ ︽ᠨᠢᠭᠡᠳᠦᠭᠡᠷ ᠱᠦᠵᠢ︾᠂ ᠲᠣᠰᠬᠤᠨ ᠳᠤ ᠰᠠᠭᠤᠭ᠎ᠠ ᠺᠠᠳ᠋ᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠠᠵᠤ ᠦᠢᠯᠡᠰ ᠤᠨ ᠵᠢᠭᠠᠨ ᠵᠢᠯᠣᠭᠤᠳᠤᠭᠴᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠢ ᠤᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠳ ᠢ ᠬᠠᠶᠢᠷᠠᠯᠠᠬᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ︾ ᠤᠨ ᠠᠵᠢᠯ ᠤᠨ ᠨᠢᠭᠡᠨ ᠰᠠᠯᠠᠭ᠎ᠠ ᠡᠩᠨᠡᠭᠡ ᠶᠢ ᠬᠥᠮᠦᠵᠢᠭᠦᠯᠦᠨ ᠪᠣᠢ ᠪᠤᠯᠭᠠᠨ᠎ᠠ᠃ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠳᠠ ᠶᠢᠨ ᠬᠥᠭᠵᠢᠯᠲᠡ ᠶᠢ ᠠᠬᠢᠭᠤᠯᠤᠨ᠎ᠠ᠃ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠪᠠᠷ ᠠᠵᠠ ᠲᠣᠬᠢᠶᠠᠯ ᠪᠣᠯᠭᠠᠨ᠂ ᠲᠣᠰᠬᠤᠨ ᠤ ᠱᠠᠲᠤᠨ ᠤ ︽ᠬᠤᠶᠠᠷ ᠵᠥᠪᠯᠡᠯ︾ ᠤᠨ ᠪᠠᠭ ᠢ ᠰᠢᠯᠢᠳᠡᠭᠵᠢᠭᠦᠯᠦᠨ ᠲᠣᠬᠢᠷᠠᠭᠤᠯᠵᠤ᠂ ︽ᠨᠠᠮ ᠤᠨ ᠵᠣᠬᠢᠶᠠᠨ ᠪᠠᠶᠢᠭᠤᠯᠤᠯᠳᠠ ᠶᠢ ᠠᠵᠤ ᠦᠢᠯᠡᠰ ᠤᠨ ᠬᠡᠯᠬᠢᠶ᠎ᠡ ᠳᠤ ᠨᠢᠬᠡᠳᠦᠬᠦᠯᠵᠦ᠂ ᠨᠠᠮ ᠤᠨ ᠭᠡᠰᠢᠭᠦᠨ ᠢ ᠠᠵᠤ ᠦᠢᠯᠡᠰ ᠤᠨ ᠬᠡᠯᠬᠢᠶ᠎ᠡ ᠳᠤ  ᠲᠦᠪᠯᠡᠷᠡᠬᠦᠯᠦᠨ᠂ ᠲᠠᠷᠢᠶᠠᠴᠢᠨ ᠢ ᠪᠠᠶᠠᠵᠢᠨ ᠴᠢᠨᠡᠭᠡᠯᠢᠭᠵᠢᠭᠰᠡᠨ ᠠᠵᠤ ᠦᠢᠯᠡᠰ ᠤᠨ ᠬᠡᠯᠬᠢᠶᠡᠵᠢᠯ ᠳᠤ ᠴᠢᠨᠡᠬᠡᠯᠢᠭᠵᠢᠬᠦᠯᠬᠦ︾ ᠪᠠᠶᠢᠭᠤᠯᠤᠯᠳᠠ ᠶᠢ ᠰᠠᠶᠢᠳᠦᠷ ᠠᠳᠬᠤᠵᠦ᠂ 8 ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠰᠠᠶᠢᠳᠦᠷ ᠬᠡᠷᠡᠭᠵᠢᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶᠢᠨ ᠨᠢᠭᠲᠠᠷᠠᠬᠤ ᠬᠦᠴᠦᠨ ᠪᠣᠯᠤᠨ ᠲᠠᠶᠢᠴᠢᠨ ᠬᠦᠴᠦᠨ ᠢ ᠦᠨᠡᠨᠬᠦ ᠴᠢᠩᠭᠠᠳᠬᠠᠨ᠎ᠠ᠃︵ᠭᠤᠷᠪᠠ︶ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠳᠤ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠲᠠᠰᠤᠷᠠᠯᠲᠠ ᠦᠭᠡᠢ ᠴᠢᠩᠭᠠᠳᠬᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠬᠠᠷᠢᠴᠠᠩᠭᠤᠢ ᠲᠥᠪᠯᠡᠷᠡᠭᠦᠯᠦᠨ ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠤᠨ᠎ᠠ᠃ ︽ᠨᠢᠭᠡ ᠲᠠᠮᠠᠭ᠎ᠠ ᠶᠢ ᠬᠠᠮᠢᠶᠠᠷᠴᠤ ᠬᠢᠨᠠᠨ ᠵᠥᠪᠰᠢᠶᠡᠷᠡᠬᠦ︾ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠨ᠎ᠡ ᠬᠡᠪ ᠵᠠᠭᠪᠤᠷ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︽ᠨᠢᠭᠡ ᠲᠣᠣᠷ᠂ ᠨᠢᠭᠡ ᠡᠭᠦᠳᠡ᠂ ᠨᠢᠭᠡ ᠤᠳᠠᠭ᠎ᠠ︾ ᠶᠢᠨ ᠴᠢᠨᠠᠷ ᠰᠠᠶᠢᠳᠠᠢ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠲᠣᠭᠤᠷᠢᠭ᠂ ᠬᠤᠲᠠ᠂ ᠰᠢᠶᠠᠨ᠂ ᠲᠣᠰᠬᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠬᠠᠷᠢᠯᠴᠠᠨ ᠬᠤᠯᠪᠣᠭᠠᠯᠠᠨ ᠨᠡᠪᠲᠡᠷᠡᠬᠦ ᠶᠢ ᠴᠢᠩᠭᠠᠳᠬᠠᠨ᠎ᠠ᠃ ᠭᠡᠷᠡᠴᠢ ᠦᠨᠡᠮᠯᠡᠯ ᠢ ᠰᠠᠯᠭᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃ ᠠᠵᠤ ᠠᠬᠤᠶᠢᠯᠠᠯ ᠤᠨ ᠳᠠᠩᠰᠠᠯᠠᠬᠤ ᠪᠦᠬᠦ ᠶᠠᠪᠤᠴᠠ ᠶᠢ ᠡᠯᠧᠺᠲᠷᠣᠨᠵᠢᠭᠤᠯᠬᠤ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠯᠲᠡ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠬᠦ ᠪᠠ ᠪᠡᠯᠡ ᠤᠷᠤᠭᠤᠯᠵᠦ ᠪᠡᠯᠡ ᠬᠤᠷᠠᠮᠳᠤᠭᠤᠯᠬᠤ ᠴᠢᠳᠠᠪᠤᠷᠢ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠤᠯᠠᠭᠠᠨᠴᠠᠪ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠵᠦᠢᠯ ᠢᠶᠠᠷ ᠲᠣᠭᠤᠷᠢᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠳᠦᠷ ᠬᠢᠨ᠎ᠡ᠃ ᠦᠢᠯᠡᠴᠢᠯᠡᠭᠡ ᠪᠠᠷ ᠭᠤᠣᠯ ᠪᠣᠯᠭᠠᠨ᠂ ᠬᠠᠮᠤᠭ ᠤᠨ ᠶᠡᠭᠡ ᠬᠡᠮᠵᠢᠶ᠎ᠡ ᠪᠠᠷ ᠴᠤᠪᠤᠷᠠᠯ ᠢ ᠰᠢᠯᠢᠳᠡᠭᠵᠢᠭᠦᠯᠬᠦ᠂ ᠴᠠᠭ ᠬᠤᠭᠤᠴᠠᠭ᠎ᠠ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠥᠭᠦᠮ ᠲᠦᠷᠭᠡᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠪᠣᠢ ᠪᠣᠯᠭᠠᠨ᠎ᠠ᠃ ᠡᠯ᠎ᠡ ᠲᠥᠷᠥᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠵᠠᠷᠭᠤ ᠶᠢᠨ ᠳᠠᠷᠤᠭᠳᠠᠮᠠᠯ ᠬᠡᠷᠡᠭ ᠢ ᠪᠥᠬᠦ ᠬᠦᠴᠦᠨ ᠢᠶᠠᠷ ᠢᠯᠭᠠᠷᠠᠭᠤᠯᠵᠤ᠂ ᠠᠵᠤ ᠠᠬᠤᠶᠢᠯᠠᠯ ᠳᠤ ᠠᠭᠤᠵᠢᠭᠤ ᠲᠠᠯᠪᠢᠭᠤ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠭᠦᠨ᠎ᠡ᠃ ᠴᠠᠩ ᠱᠦᠨ ᠤ 220 ᠺᠢᠯᠤᠸᠤᠯᠲ ᠤᠨ ᠬᠦᠴᠦᠳᠡᠯ ᠬᠤᠪᠢᠰᠬᠠᠬᠤ ᠥᠷᠲᠡᠭᠡ ᠶᠢᠨ ᠪᠦᠲᠦᠭᠡᠨ ᠪᠠᠢᠭᠤᠯᠤᠯᠲᠠ ᠶᠢ ᠲᠦᠷᠭᠡᠨ ᠪᠡᠶᠡᠯᠡᠭᠦᠯᠵᠦ᠂ ᠨᠡᠮᠡᠭᠳᠡᠯ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠬᠡᠷᠡᠭᠵᠢᠭᠦᠯᠵᠦ᠂ ᠳ᠋ᠧ ᠢ 500 ᠺᠢᠯᠤᠸᠤᠯᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠬᠢᠨᠠᠨ ᠵᠥᠪᠰᠢᠶᠡᠷᠡᠬᠦ ᠠᠵᠢᠯ ᠢ ᠵᠢᠯ ᠤᠨ ᠳᠣᠲᠣᠷ᠎ᠠ ᠡᠬᠢᠯᠡᠭᠦᠯᠬᠦ ᠪᠠᠷ ᠴᠢᠷᠮᠠᠶᠢᠵᠦ᠂ ᠠᠵᠤ ᠠᠬᠤᠶᠢᠯᠠᠯ ᠤᠨ ᠴᠠᠬᠢᠯᠭᠠᠨ ᠬᠠᠩᠭᠠᠬᠤ ᠬᠢᠵᠠᠭᠠᠷᠯᠠᠯ ᠢ ᠰᠢᠢᠳᠪᠦᠷᠢᠯᠡᠨ᠎ᠡ᠃ ᠠᠵᠤ ᠦᠢᠯᠡᠳᠪᠦᠷᠢ ᠶᠢᠨ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ᠂ ᠪᠣᠷᠣᠭᠠᠨ ᠤ ᠤᠰᠤ ᠶᠢ ᠰᠠᠯᠭᠠᠬᠤ ᠵᠢᠴᠢ ᠳᠤᠮᠳᠠ ᠵᠡᠷᠭᠡ ᠶᠢᠨ ᠤᠰᠤᠨ ᠤ ᠬᠤᠭᠤᠯᠠᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠢᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠨᠥᠬᠦᠪᠥᠷᠢᠯᠡᠨ᠎ᠡ᠃ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ᠂ ᠠᠵᠤ ᠠᠬᠤᠶᠢᠯᠠᠯ ᠤᠨ ᠭᠠᠵᠠᠷ ᠰᠢᠷᠣᠢ ᠬᠠᠩᠭᠠᠬᠤ ᠶᠢ ᠢᠯᠡ ᠪᠣᠯᠭᠠᠬᠤ ᠠᠬᠢᠴᠠ ᠶᠢ ᠲᠦᠷᠭᠡᠳᠬᠡᠨ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠤᠯᠠ ᠲᠠᠯᠪᠢᠵᠤ ᠪᠠᠶᠢᠭ᠎ᠠ ᠳᠣᠣᠷ᠎ᠠ ᠦᠷ᠎ᠡ ᠠᠰᠢᠭ ᠲᠠᠢ ᠬᠡᠷᠡᠭᠯᠡᠬᠦ ᠭᠠᠵᠠᠷ ᠢ ᠪᠦᠬᠦ ᠲᠠᠯ᠎ᠠ ᠪᠠᠷ ᠢᠯᠭᠠᠷᠠᠭᠤᠯᠵᠤ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠪᠠ ᠲᠠᠷᠢᠶᠠᠨ ᠭᠠᠵᠠᠷ ᠤᠨ ᠨᠥᠬᠦᠪᠥᠷᠢᠯᠡᠬᠦ ᠲᠥᠷᠥᠯ ᠵᠦᠢᠯ ᠢ ᠰᠠᠶᠢᠳᠦᠷ ᠬᠡᠷᠡᠭᠵᠢᠭᠦᠯᠦᠨ᠎ᠡ᠃ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠥᠭᠵᠢᠭᠦᠯᠬᠦ ᠶᠢ ᠳᠡᠮᠵᠢᠵᠦ᠂ ᠨᠡᠷᠡᠲᠦ ᠲᠡᠮᠳᠡᠭ ᠤᠨ ᠡᠭᠦᠳᠦᠨ ᠪᠠᠶᠢᠭᠤᠯᠤᠯᠳᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠣᠷᠢᠭᠵᠢᠭᠤᠯᠬᠤ ᠪᠠ ᠬᠤᠷᠰᠢᠭᠰᠠᠨ ᠮᠥᠩᠭᠦ ᠶᠢᠨ ᠰᠢᠨ᠎ᠡ ᠮᠠᠲ᠋ᠧᠷᠢᠶᠠᠯ᠂ ᠬᠤᠪᠴᠠᠰᠤ ᠬᠤᠨᠠᠷ ᠤᠨ ᠠᠵᠤ ᠠᠬᠤᠶᠢᠯᠠᠯ ᠤᠨ ᠥᠪᠡᠷ ᠢᠶᠠᠨ ᠡᠵᠡᠩᠨᠡᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠶᠢ ᠰᠠᠶᠢᠳᠦᠷ ᠬᠦᠢᠴᠡᠳᠬᠡᠨ᠎ᠡ᠃ ︵ᠲᠦᠷᠪᠡ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠯᠡᠨ ᠠᠬᠢᠭᠤᠯᠵᠤ᠂ ᠪᠣᠬᠢᠷᠲᠤᠯ ᠥᠬᠡᠢ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠢᠭᠤᠯᠤᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠵᠠᠮ ᠬᠠᠷᠢᠯᠴᠠᠭ᠎ᠠ᠂ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠰᠢᠨ᠎ᠡ ᠡᠨᠧᠷᠭᠢ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠡᠷᠡᠭᠦᠯᠵᠢᠯ ᠵᠢᠭᠤᠯᠴᠢᠯᠠᠯ ᠵᠢᠴᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠦᠷ᠎ᠡ ᠠᠰᠢᠭ ᠰᠠᠶᠢᠨ᠂ ᠡᠨᠧᠷᠭᠢ ᠬᠤᠷᠣᠭᠳᠠᠯ ᠢᠶᠠᠷ ᠳᠣᠣᠷ᠎ᠠ ᠠᠵᠤ ᠦᠢᠯᠡᠰ ᠢ ᠪᠤᠵᠠᠭᠠᠢᠷᠠᠭᠤᠯᠵᠤ᠂ ᠪᠣᠬᠢᠷᠲᠤᠯ ᠦᠭᠡᠢ ᠠᠵᠤ ᠠᠬᠤᠢ ᠶᠢᠨ ᠰᠢᠰᠲ᠋ᠧᠮ ᠢ ᠦᠷᠭᠦᠯᠵᠢᠯᠡᠨ ᠬᠦᠴᠦᠷᠬᠡᠭᠵᠢᠭᠦᠯᠦᠨ᠎ᠡ᠃ ︽XI.5︾ ᠵᠢᠯ ᠤᠨ ᠲᠥᠯᠥᠪᠯᠡᠯᠲᠡ ᠲᠠᠢ ᠤᠶᠠᠯᠳᠤᠭᠤᠯᠵᠤ᠂ ᠲᠥᠰᠦᠯ ᠤᠳ ᠢ ᠲᠦᠯᠬᠢᠨ ᠠᠩᠬᠠᠷᠴᠤ᠂ ᠬᠥᠷᠥᠩᠭᠡ ᠣᠷᠣᠭᠤᠯᠤᠯᠲᠠ ᠶᠢᠨ ᠠᠷᠭ᠎ᠠ ᠵᠠᠮ ᠢᠶᠠᠨ ᠦᠷᠬᠡᠳᠬᠡᠨ᠂ ᠡᠷᠴᠢᠮ ᠬᠦᠴᠦᠨ ᠤ ᠵᠠᠷᠤᠴᠠᠭᠤᠯᠤᠯᠲᠠ ᠪᠠᠭ᠎ᠠ᠂ ᠨᠡᠮᠡᠯᠲᠡ ᠥᠷᠲᠡᠭ ᠢᠶᠠᠷ ᠥᠨᠳᠥᠷ ᠠᠵᠤ ᠦᠢᠯᠡᠳᠪᠦᠷᠢ ᠶᠢᠨ ᠲᠥᠰᠦᠯ ᠤᠳ ᠢ ᠣᠨᠣᠪᠴᠢᠲᠠᠢ ᠣᠷᠣᠭᠤᠯᠵᠤ᠂ ᠵᠢᠯ ᠳᠣᠲᠣᠷ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠠ ᠠᠵᠤ  ᠠᠬᠤᠶᠢᠯᠠᠯ ᠤᠨ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 31 ᠭᠤᠣᠯᠳᠠᠯᠭ᠎ᠠ ᠲᠠᠢ ᠲᠥᠷᠥᠯ ᠵᠦᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠃ᠵᠡᠰ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠠᠵᠤ ᠠᠬᠤᠶᠢᠯᠠᠯ ᠤᠨ ᠥᠪᠡᠷ ᠢᠶᠠᠨ ᠪᠡᠯᠡᠳᠬᠡᠭᠰᠡᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠴᠡᠪᠡᠷ ᠡᠨᠧᠷᠭᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠲᠢᠶᠠᠨ ᠴᠧᠩ ᠺᠣᠮᠫᠠᠨᠢ ᠶᠢᠨ 50 ᠰᠠᠶ᠎ᠠ ᠸᠠᠲ ᠰᠡᠭᠦᠯᠴᠢ ᠶᠢᠨ ᠬᠡᠢ ᠶᠢᠨ ᠦᠯᠡᠳᠡᠭᠳᠡᠯ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ 10 ᠰᠠᠷ᠎ᠠ ᠶᠢᠨ ᠡᠬᠢ ᠪᠠᠷ ᠠᠰᠢᠭᠯᠠᠯᠲᠠ ᠳᠤ ᠣᠷᠣᠭᠤᠯᠤᠨ ᠴᠠᠬᠢᠯᠭᠠᠨ ᠭᠠᠷᠭᠠᠬᠤ ᠶᠢ ᠠᠬᠢᠭᠤᠯᠤᠨ᠎ᠠ᠃ ᠬᠤᠸᠠ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠬᠡᠵᠦ᠂ 3000 ᠲᠡᠭᠰᠢ ᠳᠥᠷᠪᠡᠯᠵᠢᠨ ᠮᠧᠲᠷ ᠤᠨ ᠲᠤᠰᠬᠠᠢ ᠮᠡᠷᠭᠡᠵᠢᠯᠲᠡᠨ ᠤ ᠠᠰᠠᠷ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ  ᠠᠵᠢᠯ ᠤᠨ ᠥᠷᠲᠡᠭᠡ ᠪᠠᠶᠢᠭᠤᠯᠵᠦ᠂ ᠱᠠᠨᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠤᠨ᠂ ᠵᠢᠯ ᠳᠤ 500 ᠲᠦᠮᠡᠨ ᠲᠤᠨ ᠲᠢᠲ᠋ᠠᠨ ᠾᠯᠣᠷᠲᠤ ᠰᠢᠭᠠᠷᠤ ᠶᠢ ᠬᠤᠷᠣᠭᠳᠠᠭᠤᠯᠬᠤ ᠰᠠᠭᠤᠷᠢ ᠮᠠᠲ᠋ᠧᠷᠢᠶᠠᠯ᠂ 300 ᠲᠦᠮᠡᠨ ᠲᠤᠨ ᠴᠢᠳᠬᠤᠨ ᠦᠢᠯᠡᠳᠴᠦ ᠪᠦᠲᠦᠭᠡᠬᠦ ᠳᠤ ᠬᠡᠷᠡᠭᠯᠡᠬᠦ ᠲᠡᠮᠦᠷ ᠵᠠᠮ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠴᠢᠩᠭ᠎ᠠ ᠬᠡᠯᠬᠢᠶᠡᠵᠢᠯ ᠪᠠ ᠬᠡᠯᠬᠢᠶᠠᠵᠢᠯ ᠢ ᠰᠠᠶᠢᠳᠦᠷ ᠬᠢᠨ᠎ᠡ᠃ᠬᠤᠪᠴᠠᠰᠤ ᠬᠤᠨᠠᠷ ᠤᠨ ᠠᠵᠤ ᠦᠢᠯᠡᠰ ᠢ ᠰᠢᠯᠢᠳᠡᠭᠵᠢᠭᠦᠯᠦᠨ᠂ ᠬᠤᠪᠴᠠᠰᠤ ᠬᠤᠨᠠᠷ ᠤᠨ ᠬᠦᠷᠢᠶᠡᠯᠡᠩ ᠲᠣᠭᠤᠷᠢᠭ ᠢ ᠲᠡᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠵᠦ᠂ ᠥᠪᠥᠷ ᠮᠣᠩᠭᠤᠯ ᠣᠷᠣᠨ ᠤ ᠢᠮᠠᠭᠠᠨ ᠨᠣᠯᠤᠤᠷ ᠤᠨ ᠬᠤᠪᠴᠠᠰᠤᠨ ᠤ ᠠᠵᠤ ᠠᠬᠤᠶᠢᠯᠠᠯ ᠤᠨ ᠪᠦᠯᠬᠦᠮ ᠤᠨ ᠪᠠᠷᠢᠮᠵᠢᠶ᠎ᠠ ᠶᠢ ᠲᠣᠭᠲᠠᠭᠠᠨ᠂ ᠦᠢᠯᠡᠳᠬᠦᠨ ᠢ ᠵᠥᠪᠰᠢᠶᠡᠷᠡᠨ ᠣᠷᠣᠭᠤᠯᠬᠤ ᠲᠣᠭᠲᠠᠴᠠ ᠶᠢ ᠳᠦᠷᠢᠮᠵᠢᠭᠦᠯᠵᠦ᠂ ︽ᠪᠠᠭ᠋ᠠᠷᠠᠯᠲᠤ ᠵᠣᠣ ᠵᠢᠶᠦ᠋ᠨ︾ ᠤ ᠬᠤᠪᠴᠠᠰᠤ ᠬᠤᠨᠠᠷ ᠤᠨ ᠨᠠᠶᠢᠳᠠ ᠶᠢᠨ ᠨᠡᠷᠡᠲᠦ ᠲᠡᠮᠳᠡᠭ ᠢ ᠪᠥᠬᠦ ᠬᠦᠴᠦᠨ ᠢᠶᠠᠷ ᠡᠭᠦᠳᠦᠨ᠎ᠡ᠃ ᠠᠵᠤ ᠠᠬᠤᠶᠢᠯᠠᠯ ᠤᠨ ᠰᠢᠨ᠎ᠡ ᠲᠥᠬᠦᠭᠡᠷᠦᠮᠵᠢ᠂ ᠰᠢᠨ᠎ᠡ ᠭᠠᠷ ᠤᠷᠠᠯᠠᠯ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠤᠨ᠎ᠠ ᠃ ᠴᠡᠷᠢᠭ ᠤᠨ ᠬᠡᠷᠡᠭᠯᠡᠭᠡ ᠪᠣᠯᠤᠨ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠲᠥᠷᠥᠯ ᠵᠦᠢᠯ ᠢ ᠪᠦᠬᠦ ᠬᠦᠴᠦᠨ ᠢᠶᠠᠷ ᠠᠬᠢᠭᠤᠯᠵᠦ᠂ ᠦᠢᠯᠡᠳᠪᠦᠷᠢ᠂ ᠠᠭᠤᠷᠬᠠᠢ᠂ ᠴᠡᠷᠢᠭ ᠤᠨ ᠬᠤᠸᠠᠷᠠᠨ ᠳᠤ ᠣᠷᠣᠭᠤᠯᠬᠤ ᠶᠢ ᠠᠬᠢᠭᠤᠯᠤᠨ᠎ᠠ᠃ ᠭᠠᠳᠠᠭᠠᠳᠤ ᠠᠷᠠᠯᠵᠢᠶ᠎ᠠ ᠪᠠ ᠲᠣᠣᠷ ᠰᠦᠯᠵᠢᠶᠡᠨ ᠤ ᠪᠣᠷᠣᠯᠠᠭᠤᠯᠤᠯᠲᠠ ᠶᠢ ᠥᠷᠭᠡᠳᠬᠡᠨ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ  ᠪᠠᠶᠢᠭᠤᠯᠬᠤ᠂ ᠣᠯᠠᠨ ᠨᠠᠶᠢᠳᠠ ᠶᠢᠨ ᠨᠡᠷᠡᠲᠦ ᠲᠡᠮᠳᠡᠭᠲᠦ ᠲᠢᠶᠠᠨ ᠮᠣᠤ ᠳᠡᠯᠭᠡᠭᠦᠷ ᠭᠠᠷᠭᠠᠬᠤ᠂ ᠵᠢᠩ ᠳ᠋ᠦᠩ ᠳᠡᠯᠭᠡᠭᠦᠷ ᠭᠠᠷᠭᠠᠬᠤ ᠵᠡᠷᠭᠡ ᠪᠠᠷ ᠬᠤᠪᠴᠠᠰᠤᠨ ᠤ ᠦᠢᠯᠡᠳᠬᠦᠨ ᠤ ᠲᠣᠣᠷ ᠰᠦᠯᠵᠢᠶᠡᠨ ᠳᠤ ᠭᠠᠷᠬᠤ ᠶᠢ ᠠᠬᠢᠭᠤᠯᠤᠨ᠎ᠠ᠃ ᠬᠤᠪᠴᠠᠰᠤᠨ ᠤ ᠠᠵᠤ ᠠᠬᠤᠶᠢᠯᠠᠯ ᠢ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠶᠢ ᠠᠬᠢᠭᠤᠯᠵᠦ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠳᠦᠷᠢᠮ ᠳᠤ ᠣᠷᠣᠭᠤᠯᠵᠤ ᠨᠢᠭᠡᠳᠦᠯᠲᠡᠢ ᠬᠤᠯᠪᠣᠬᠤ ᠶᠢ ᠳᠡᠮᠵᠢᠵᠦ᠂ ᠬᠤᠪᠴᠠᠰᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ᠂ ᠲᠡᠮᠦᠷ ᠵᠠᠮ ᠤᠨ ᠲᠤᠰᠬᠠᠢ ᠱᠤᠭᠤᠮ᠂ ᠵᠢᠶᠠ ᠪᠦ᠋ ᠰᠢ ᠯᠦ ᠭᠠᠷᠠᠮ ‍ᠤᠨ‌‍ᠩ  ᠶᠡᠷᠦᠩᠭᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠣᠯᠤᠨ ᠮᠠᠰᠢᠨ ᠲᠡᠷᠭᠡᠨ ᠤ ᠶᠡᠷᠦᠩᠭᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠬᠥᠮᠥᠷᠭᠡ᠂ ᠭᠠᠶᠢᠯᠢ ᠪᠠᠲᠤᠯᠠᠬᠤ ᠬᠥᠮᠥᠷᠭᠡ᠂ ᠬᠤᠷᠢᠶᠠᠨ ᠠᠪᠬᠤ ᠬᠥᠮᠥᠷᠭᠡ ᠶᠢᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠵᠤ᠂ ᠪᠠᠷᠠᠭᠠᠨ ᠤ ᠭᠦᠢᠯᠭᠡᠭᠡ ᠶᠢᠨ ᠳᠠᠮᠵᠢᠭᠤᠯᠬᠤ ᠥᠷᠲᠡᠭᠡ ᠶᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ ᠤᠯᠠᠭᠠᠨᠴᠠᠪ ᠬᠤᠲᠠ ᠶᠢᠨ ᠴᠢᠬᠤᠯᠠ ᠪᠠᠷᠠᠭᠠᠨ ᠤ ᠭᠦᠢᠯᠭᠡᠭᠡ ᠶᠢᠨ ᠵᠠᠩᠭᠢᠯᠠᠭ᠎ᠠ ᠶᠢᠨ ᠴᠢᠭ ᠤᠨ ᠬᠤᠲᠠ ᠪᠠᠯᠭᠠᠰᠤ ᠶᠢ ᠪᠦᠲᠦᠭᠡᠨ ᠪᠠᠢᠭᠤᠯᠬᠤ ᠪᠠᠷ  ᠴᠢᠷᠮᠠᠶᠢᠨ᠎ᠠ᠃ ᠮᠣᠵᠢ ᠶᠢᠨ ᠬᠤᠭᠤᠷᠣᠨᠳᠣᠬᠢ ᠵᠠᠮ ᠤᠨ ᠬᠤᠸᠠᠳᠧ ᠰᠢᠶᠠᠨ ᠤ ᠨᠠᠶᠢᠳᠠᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ ᠶᠢ ᠱᠠᠯᠠᠪᠳᠠᠨ ᠬᠡᠷᠡᠭᠵᠢᠭᠦᠯᠦᠨ᠎ᠡ᠃ ᠰᠢᠶᠠᠨ ᠤ 555 ᠲᠥᠷᠥᠯ ᠵᠦᠢᠯ ᠢ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠳᠡᠭᠡᠷ᠎ᠡ ᠬᠠᠭᠠᠰ ᠵᠢᠯ ᠤᠨ 4 ᠲᠦᠮᠡᠨ ᠲᠡᠭᠰᠢ ᠳᠥᠷᠪᠡᠯᠵᠢᠨ ᠮᠧᠲᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠠᠵᠢᠯ ᠢ ᠦᠷᠭᠦᠯᠵᠢᠯᠡᠨ ᠰᠠᠶᠢᠳᠦᠷ ᠠᠳᠬᠤᠵᠤ᠂ ᠡᠬᠢ ᠰᠤᠷᠪᠤᠯᠵᠢ ᠶᠢ ᠮᠥᠷᠳᠡᠬᠦ ᠰᠢᠰᠲ᠋ᠧᠮ ᠤᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠬᠢ ᠪᠠᠶᠠᠯᠢᠭ ᠢ ᠭᠦᠨᠵᠡᠭᠡᠢ ᠠᠭᠤᠰᠤᠯᠴᠠᠭᠤᠯᠤᠨ᠂ ᠵᠢᠯ ᠤᠨ ᠳᠣᠲᠣᠷ᠎ᠠ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠠᠷᠠᠯᠵᠢᠶᠠᠨ ᠤ ᠬᠡᠮᠵᠢᠶ᠎ᠡ ᠶᠢ 2.5 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠰᠦᠯᠵᠢᠶᠡᠨ ᠤ ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠪᠦᠰᠡ ᠶᠢᠨ ᠪᠠᠷᠠᠭ᠎ᠠ ᠶᠢᠨ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ ᠭᠦᠢᠯᠭᠡᠭᠡᠨ ᠤ ᠬᠤᠪᠢᠰᠤᠯᠲᠠ ᠪᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ᠴᠡᠪᠡᠷ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ 8 ᠲᠦᠮᠡᠨ ᠺᠢᠯᠣᠸᠠᠲ ᠤᠨ ᠲᠠᠷᠠᠬᠠᠢ ᠪᠤᠲᠠᠷᠬᠠᠢ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠠ 2 ᠲᠦᠮᠡᠨ ᠺᠢᠯᠣᠸᠠᠲ ᠤᠨ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠸᠣᠯᠲ ᠤᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠵᠤ᠂ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠤᠰᠤᠳᠦ᠋ᠷᠦᠭᠴᠢ᠂ 50 ᠲᠦᠮᠡᠨ ᠺᠢᠯᠣᠸᠠᠲ ᠤᠨ ︽ᠰᠤᠷᠪᠤᠯᠵᠢ — ᠳᠠᠭᠠᠭᠠᠴᠠ — ᠨᠥᠭᠡ︾ ᠶᠡᠷᠦᠩᠭᠡᠶᠢᠯᠡᠨ ᠬᠡᠷᠡᠭᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠠᠭᠤᠰᠬᠠᠨ᠂ ᠵᠢᠯ ᠳᠤ 30 ᠲᠦᠮᠡᠨ ᠲᠤᠨ ᠬᠡᠯᠪᠡᠷᠢ ᠶᠢᠨ ᠨᠡᠭᠦᠷᠡᠰᠦ ᠬᠡᠦᠷᠰᠢᠭᠦᠯᠬᠦ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠲᠥᠪᠯᠡᠷᠡᠭᠰᠡᠨ ᠮᠠᠶ᠋ᠢᠭ ᠤᠨ ᠭᠡᠷᠡᠯ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠪᠠ ᠲᠣᠰᠬᠤᠨ ᠤ ᠱᠠᠲᠤᠨ ᠤ ᠭᠡᠷᠡᠯ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠢᠯ ᠢ ᠲᠦᠯᠬᠢᠨ ᠠᠬᠢᠭᠤᠯᠵᠤ ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠳᠠ ᠶᠢᠨ ᠠᠯᠬᠤᠴᠠ ᠶᠢ ᠲᠦᠷᠭᠡᠳᠬᠡᠵᠦ᠂ ᠮᠤ᠋ ᠾᠧ᠂ ᠬᠤᠩ ᠸᠠᠩ᠂ ᠾᠧᠦ ᠳ᠋ᠧ ᠵᠡᠷᠭᠡ ᠬᠦᠷᠢᠶᠡᠯᠡᠩ ᠲᠣᠭᠤᠷᠢᠭ ᠲᠤ ᠣᠷᠣᠭᠰᠠᠨ 15 ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ ᠨᠡᠩ ᠣᠯᠠᠨ ᠪᠣᠳᠠᠲᠤ ᠬᠦᠴᠦᠨ ᠲᠠᠢ᠂ ᠳᠠᠯᠳᠠ ᠬᠦᠴᠦᠨ ᠲᠠᠢ᠂ ᠵᠠᠬ᠎ᠠ ᠳᠡᠯᠭᠡᠭᠦᠷ ᠲᠠᠢ ᠠᠵᠤ ᠠᠬᠤᠶᠢᠯᠠᠯ ᠢ ᠲᠡᠳᠡᠨ ᠣᠷᠣᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠨ ᠹᠧᠩ ᠭᠤᠯᠢᠷ ᠪᠤᠯᠪᠠᠰᠤᠷᠠᠭᠤᠯᠤᠨ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠵᠦᠢᠯᠡᠰ ᠢ ᠬᠡᠷᠡᠭᠵᠢᠭᠦᠯᠦᠨ᠎ᠡ᠃ ᠢᠳᠡᠭᠡᠨ ᠢ ᠪᠠᠶᠢᠴᠠᠭᠠᠨ ᠰᠢᠯᠭᠠᠵᠤ  ᠬᠡᠮᠵᠢᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ ᠂ ᠪᠣᠬᠢᠷᠲᠤᠯ ᠦᠭᠡᠢ ᠣᠷᠭᠠᠨᠢᠭ ᠢᠳᠡᠭᠡᠨ ᠤ ᠦᠢᠯᠡᠳᠪᠦᠷᠢᠯᠡᠯ᠂ ᠨᠠᠷᠢᠯᠢᠭ ᠪᠣᠯᠪᠠᠰᠤᠷᠠᠭᠤᠯᠤᠯᠲᠠ ᠪᠠ ᠪᠣᠷᠣᠯᠠᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠵᠠᠬᠢᠶᠠᠯᠠᠭ᠎ᠠ ᠶᠢᠨ ᠲᠠᠷᠢᠮᠠᠯ — ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ — ᠬᠦᠢᠲᠡᠨ ᠢᠶᠠᠷ ᠬᠡᠯᠬᠢᠶᠡᠵᠢᠭᠦᠯᠬᠦ ᠡᠳ᠋ ᠪᠠᠷᠠᠭᠠᠨ ᠤ ᠭᠦᠢᠯᠭᠡᠭᠡ ᠶᠢ ᠨᠢᠭᠡ ᠴᠣᠭᠴᠠᠲᠤ ᠠᠵᠤ ᠦᠢᠯᠡᠰ ᠤᠨ ᠬᠡᠯᠬᠢᠶᠡᠵᠢᠯ ᠳᠤ ᠤᠶᠠᠯᠳᠤᠭᠤᠯᠵᠦ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ᠰᠣᠶᠣᠯ ᠵᠢᠭᠤᠯᠴᠢᠯᠠᠯ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠵᠤ ᠦᠢᠯᠡᠰ ᠢ ᠲᠦᠷᠭᠡᠨ ᠬᠦᠭᠵᠢᠬᠦᠯᠵᠦ᠂ ᠰᠣᠶᠣᠯ ᠵᠢᠭᠤᠯᠴᠢᠯᠠᠯ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠵᠤ ᠦᠢᠯᠡᠰ ᠢ ᠬᠡᠯᠪᠡᠷᠢ ᠪᠠᠨ ᠬᠤᠪᠢᠷᠠᠭᠤᠯᠤᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠭᠠᠨ ᠬᠦᠭᠵᠢᠬᠦᠯᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠳᠠᠪᠠᠭᠤᠯᠢᠭ ᠢᠶᠠᠨ ᠪᠠᠳᠠᠷᠠᠭᠤᠯᠤᠨ᠂ ︽ᠢᠦᠢ ᠮᠢᠨ ᠰᠣᠶᠣᠯ︾᠂ ︽ᠵᠠᠩ ᠺᠦ᠋ ᠶᠡᠭᠡ ᠵᠠᠮ︾᠂ ︽ᠨᠢᠭᠡ ᠳ᠋ᠢᠸᠢᠽᠢ ᠶᠢᠨ ᠰᠠᠬᠢᠶ᠎ᠠ︾ ᠴᠡᠷᠢᠭ ᠤᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠵᠣᠬᠢᠶᠠᠨ ᠪᠠᠶᠢᠭᠤᠯᠤᠨ᠂ ᠰᠣᠶᠣᠯ ᠤᠨ ᠵᠠᠭᠤᠴᠢᠯᠠᠭᠤᠷ ᠤᠨ ᠺᠣᠮᠫᠠᠨᠢ ᠶᠢ ᠪᠠᠶᠢᠭᠤᠯᠵᠦ᠂ ᠬᠢᠯᠢ ᠶᠢᠨ ᠲᠡᠮᠳᠡᠭ ᠡᠵᠡᠩᠨᠡᠨ ᠪᠣᠷᠣᠯᠠᠭᠤᠯᠬᠤ ᠳᠡᠯᠭᠡᠷᠡᠭᠦᠯᠦᠯᠲᠡ ᠶᠢ ᠴᠢᠩᠭᠠᠳᠬᠠᠨ᠎ᠠ᠃ ᠨᠢᠭᠡᠳᠦᠭᠡᠷ ᠳ᠋ᠢᠸᠢᠽᠢ ᠶᠢᠨ ᠬᠠᠭᠤᠴᠢᠨ ᠪᠠᠭᠤᠷᠢ ᠶᠢ ᠰᠠᠶᠢᠳᠦᠷ ᠬᠠᠮᠠᠭᠠᠯᠠᠭᠰᠠᠨ ᠰᠠᠭᠤᠷᠢᠨ ᠳᠡᠭᠡᠷ᠎ᠡ ᠴᠡᠷᠢᠭ ᠤᠨ ᠵᠢᠭᠤᠯᠴᠢᠯᠠᠯ ᠤᠨ ᠰᠣᠶᠣᠯ ᠢ ᠦᠷᠭᠦᠯᠵᠢᠯᠡᠨ ᠬᠦᠭᠵᠢᠬᠦᠯᠵᠦ᠂ ᠠᠵᠤ ᠦᠢᠯᠡᠰ ᠤᠨ ᠬᠡᠯᠬᠢᠶᠡᠵᠢᠯ ᠢ ᠭᠦᠨᠵᠡᠭᠡᠢ ᠠᠭᠤᠳᠠᠯᠯᠠᠨ᠂ ᠠᠮᠢ ᠠᠬᠤᠢ ᠶᠢᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠢᠶᠠᠷ ︽ᠨᠢᠭᠡ ᠨᠤᠭᠤ ᠭᠠᠵᠠᠷ ᠬᠤᠶᠠᠷ ᠵᠠᠮ ᠭᠤᠷᠪᠠᠨ ᠣᠷᠣᠨ ᠪᠦᠰᠡ︾ ᠶᠢᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢ ᠪᠣᠢ ᠪᠣᠯᠭᠠᠵᠤ᠂ ᠡᠷᠭᠢᠨ ᠲᠣᠭᠤᠷᠢᠨ ᠤ ᠲᠣᠰᠬᠤᠨ ᠤ ᠠᠷᠠᠳ ᠤᠨ ᠢᠳᠡᠭᠡᠨ ᠤᠮᠳᠠᠭᠠᠨ᠂ ᠠᠷᠠᠳ ᠤᠨ ᠰᠠᠭᠤᠴᠠ ᠵᠢᠴᠢ ᠣᠨᠴᠠᠯᠢᠭᠲᠤ ᠲᠠᠷᠢᠵᠤ ᠲᠡᠵᠢᠭᠡᠬᠦ ᠦᠢᠯᠡᠰ ᠢ ᠲᠠᠶᠢᠴᠢᠯᠠᠨ᠎ᠠ᠃ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ︽ᠯᠢᠶᠠᠨ ᠳ᠋ᠧ ᠺᠠᠩ ᠪᠡᠶ᠎ᠡ ᠰᠤᠪᠢᠯᠠᠬᠤ ᠨᠡᠷᠡᠲᠦ ᠲᠡᠮᠳᠡᠭᠲᠦ︾ ᠶᠢᠨ ᠱᠠᠭᠠᠷᠳᠠᠯᠭ᠎ᠠ ᠶᠣᠰᠣᠭᠠᠷ ᠰᠡᠳᠬᠢᠴᠡ ᠪᠠᠨ ᠥᠷᠭᠡᠳᠬᠡᠨ ᠬᠠᠷᠠᠭ᠎ᠠ ᠪᠠᠨ ᠥᠷᠭᠡᠳᠬᠡᠵᠦ᠂ ᠡᠮᠨᠡᠬᠦ ᠰᠤᠪᠢᠯᠠᠬᠤ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠢ ᠪᠠᠶᠠᠯᠢᠭᠵᠢᠭᠤᠯᠵᠤ᠂ ᠪᠥᠬᠦ ᠬᠤᠲᠠ ᠶᠢᠨ ᠨᠡᠷᠡᠲᠦ ᠲᠥᠷᠥᠯ ᠲᠡᠮᠳᠡᠭ ᠪᠣᠯᠭᠠᠨ ᠪᠦᠲᠦᠭᠡᠨ  ᠪᠠᠶᠢᠭᠤᠯᠤᠨ᠎ᠠ᠃ ᠣᠯᠠᠨ ᠴᠢᠳᠠᠪᠬᠢᠳᠣ ᠡᠷᠡᠭᠦᠯᠵᠢᠯ ᠵᠤᠭᠠᠴᠠᠯ ᠰᠡᠯᠡᠭᠦᠴᠡᠯ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠡᠷᠡᠭᠦᠯᠵᠢᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠳᠠᠢ ᠬᠥᠭᠵᠢᠯᠲᠡ ᠶᠢ ᠬᠥᠲᠥᠯᠦᠨ᠎ᠡ᠃ ᠵᠤᠭᠠᠴᠠᠯ ᠤᠨ ᠬᠦᠯᠢᠶᠡᠨ ᠵᠣᠴᠢᠯᠠᠬᠤ ᠲᠥᠪ᠂ ᠸᠢᠶᠧᠨᠠ ᠶᠢᠨ ᠣᠯᠠᠨ ᠤᠯᠤᠰ ᠤᠨ ᠪᠠᠭᠤᠳᠠᠯ ᠢ  ᠪᠠᠶᠢᠭᠤᠯᠵᠦ ᠠᠰᠢᠭᠯᠠᠯᠲᠠ ᠳᠤ ᠣᠷᠣᠭᠤᠯᠤᠨ ᠠᠵᠢᠯᠯᠠᠭᠤᠯᠬᠤ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠪᠦᠬᠦ ᠰᠢᠶᠠᠨ ᠤ ᠵᠤᠭᠠᠴᠠᠯ ᠤᠨ ᠬᠦᠯᠢᠶᠡᠨ ᠵᠣᠴᠢᠯᠠᠬᠤ ᠴᠢᠳᠠᠪᠤᠷᠢ ᠪᠠ ᠬᠤᠨᠤᠭ ᠪᠠᠭᠤᠳᠠᠯ ᠤᠨ ᠢᠳᠡᠭᠡᠨ ᠤᠮᠳᠠᠭᠠᠨ ᠤ ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠᠳᠤᠭᠠᠷ ᠬᠤᠭᠤᠴᠠᠭᠠᠨ ᠤ ᠵᠠᠩ ᠺᠦ᠋ ᠶᠡᠭᠡ ᠵᠠᠮ ᠢᠶᠠᠷ ᠳᠠᠬᠢᠨ ᠥᠩᠭᠡᠷᠡᠬᠦ ᠠᠩᠬᠠᠳᠤᠭᠠᠷ ᠬᠤᠭᠤᠴᠠᠭᠠᠨ ᠤ ᠭᠡᠷ ᠲᠡᠷᠭᠡᠨ ᠤ ᠲᠣᠭᠤᠷᠢᠨ ᠵᠤᠭᠠᠴᠠᠬᠤ ᠦᠵᠡᠰᠬᠦᠯᠡᠩ᠂ ᠮᠠᠰᠢᠨ ᠲᠡᠷᠭᠡᠨ ᠤ ᠲᠡᠰᠬᠡᠯ ᠤᠷᠤᠯᠳᠤᠭᠠᠨ᠂ ᠮᠣᠲ᠋ᠣᠷ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠬᠤᠲᠠ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ ᠵᠡᠷᠭᠡ ᠠᠵᠢᠯᠯᠠᠭ᠎ᠠ ᠶᠢ ᠡᠷᠬᠢᠯᠡᠨ᠎ᠡ᠃ ︽ᠰᠣᠶᠣᠯ ᠤᠨ ᠲᠣᠮᠣ ᠬᠦᠷᠢᠶᠡᠯᠡᠩ︾ ᠢ ᠪᠦᠲᠦᠭᠡᠨ ᠪᠠᠶᠢᠭᠤᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ᠂ ᠭᠠᠵᠠᠷ᠂ ᠥᠷᠲᠡᠭᠡ ᠶᠢᠨ ᠪᠦᠲᠦᠭᠡᠨ ᠪᠠᠶᠢᠭᠤᠯᠤᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠦᠨᠳᠦᠰᠦᠨ ᠰᠣᠶᠣᠯ ᠤᠨ ᠬᠡᠷᠡᠭᠴᠡᠭᠡ ᠶᠢ ᠨᠡᠩ ᠰᠠᠶᠢᠳᠦᠷ ᠬᠠᠩᠭᠠᠨ᠎ᠠ᠃︵ᠲᠠᠪᠤ︶ ᠣᠯᠠᠨ ᠨᠠᠶᠢᠳᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ  ᠲᠡᠬᠡᠭᠰᠢᠯᠡᠬᠦᠯᠦᠨ᠎ᠡ᠃ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠬᠤᠸᠠᠳᠧ ᠰᠢᠶᠠᠨ ᠤ ᠣᠷᠣᠨ ᠵᠠᠢ ᠶᠢᠨ ᠲᠥᠯᠥᠪᠵᠢᠭᠦᠯᠭᠡ︾ ᠪᠣᠯᠤᠨ ᠦᠯᠡᠳᠡᠭᠰᠡᠨ 53 ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠎ᠡ᠃ 1.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠴᠠᠬᠢᠯᠭᠠᠨ ᠦᠢᠯᠡᠰ ᠡᠷᠬᠢᠯᠡᠬᠦ ᠰᠠᠭᠤᠭᠠᠯᠢ ᠲᠣᠭᠤᠷᠢᠭ᠂ ᠰᠡᠬᠡᠭᠡᠲᠡᠨ ᠵᠠᠯᠠᠭᠤᠴᠤᠳ ᠤᠨ ᠰᠠᠭᠤᠭᠠᠯᠢ ᠲᠣᠭᠤᠷᠢᠭ ᠵᠡᠷᠭᠡ 15 ᠬᠠᠭᠤᠴᠢᠨ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ 3.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 800 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠵᠠᠰᠠᠨ᠎ᠠ᠃ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠣᠷᠣᠭᠠᠨ ᠤ ᠪᠣᠬᠢᠷᠲᠤᠯ ᠢ ᠰᠠᠯᠭᠠᠨ ᠭᠠᠷᠭᠠᠵᠤ᠂ ᠬᠤᠲᠠ ᠶᠢᠨ ᠶᠠᠪᠤᠳᠠᠯ ᠤᠨ ᠭᠤᠣᠯ ᠪᠣᠯᠬᠤ ᠵᠠᠮ ᠤᠨ ᠬᠤᠭᠤᠯᠠᠢ ᠲᠣᠣᠷ ᠤᠨ ᠥᠭᠡᠷᠡᠴᠢᠯᠡᠯᠲᠡ ᠶᠢ 30.3 ᠺᠢᠯᠣᠮᠧᠲᠷ ᠬᠡᠷᠡᠭᠵᠢᠭᠦᠯᠦᠨ᠎ᠡ᠃ 1.09 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 69 ᠺᠢᠯᠣᠮᠧᠲᠷ ᠤᠨ ᠢᠯᠴᠢ ᠬᠠᠩᠭᠠᠬᠤ ᠬᠤᠭᠤᠯᠠᠢ᠂ 29.3 ᠺᠢᠯᠣᠮᠧᠲᠷ  ᠤᠨ ᠬᠡᠢ ᠬᠠᠩᠭᠠᠬᠤ ᠬᠤᠭᠤᠯᠠᠢ᠂ 7.5 ᠺᠢᠯᠣᠮᠧᠲᠷ ᠤᠨ ᠤᠰᠤ ᠬᠠᠩᠭᠠᠬᠤ ᠬᠤᠭᠤᠯᠠᠢ ᠵᠢᠴᠢ ᠥᠨᠳᠥᠷ ᠰᠠᠭᠤᠷᠢ ᠤᠰᠤᠨ ᠴᠥᠭᠦᠷᠥᠮ᠂ ᠣᠶᠤᠨᠯᠢᠭ ᠤᠰᠤᠨ ᠠᠰᠢᠭᠯᠠᠯᠲᠠ ᠶᠢᠨ ᠶᠠᠪᠤᠳᠠᠯ ᠤᠨ ᠲᠠᠪᠴᠠᠩ ᠢ ᠲᠣᠰᠪᠣᠷᠢ ᠨᠢᠭᠡ ᠭᠠᠵᠠᠷ ᠪᠣᠯᠭᠠᠨ ᠥᠭᠡᠷᠡᠴᠢᠯᠡᠨ ᠰᠢᠨᠡᠳᠭᠡᠨ᠎ᠡ᠃ 0.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠮᠦᠨ᠎ᠡ ᠬᠡᠰᠡᠭ ᠤᠨ ᠦᠶᠡᠷ ᠢ ᠰᠡᠷᠭᠡᠢᠯᠡᠬᠦ ᠰᠤᠪᠠᠭ ᠢ ᠶᠡᠷᠦᠩᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠭᠠᠯᠲᠤ ᠲᠡᠷᠭᠡᠨ ᠥᠷᠲᠡᠭᠡ ᠪᠠ ᠲᠡᠷᠭᠡᠨ ᠵᠣᠭᠰᠣᠭᠠᠯ ᠢ ᠥᠷᠭᠡᠳᠬᠡᠨ ᠪᠠᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠰᠢᠶᠠᠨ ᠤ 5G ᠳᠣᠬᠢᠶ᠎ᠠ ᠶᠢ ᠦᠷᠭᠦᠯᠵᠢᠯᠡᠨ ᠠᠬᠢᠭᠤᠯᠵᠦ᠂ ᠭᠤᠣᠯᠳᠠᠯᠭ᠎ᠠ ᠲᠠᠢ ᠣᠷᠣᠨ ᠪᠦᠰᠡ ᠳᠤ ᠪᠦᠷᠬᠦᠭᠦᠯᠬᠦ  ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠲᠠ ᠶᠢᠨ ᠶᠠᠪᠤᠳᠠᠯ ᠤᠨ ᠵᠠᠮ ᠢ ᠭᠡᠷᠡᠯᠲᠦᠭᠦᠯᠬᠦ᠂ ᠪᠠᠭ᠎ᠠ ᠵᠡᠭᠡᠯᠢ ᠭᠤᠳᠤᠮᠵᠢ ᠶᠢ ᠥᠭᠡᠷᠡᠴᠢᠯᠡᠬᠦ᠂ ᠣᠯᠠᠨ ᠨᠡᠢᠲᠡ ᠶᠢᠨ ᠲᠡᠷᠭᠡ ᠵᠣᠭᠰᠣᠬᠤ ᠲᠠᠯᠠᠪᠠᠢ ᠶᠢ ᠪᠠᠶᠢᠭᠤᠯᠬᠤ᠂ ᠬᠤᠭ ᠨᠣᠪᠰᠢ ᠶᠢ ᠬᠤᠣᠷ ᠦᠬᠡᠶᠢᠵᠢᠬᠦᠯᠦᠨ ᠰᠢᠢᠳᠪᠦᠷᠢᠯᠡᠬᠦ ᠵᠡᠷᠬᠡ ᠳᠡᠰ ᠳᠡᠪᠰᠢᠭᠦᠯᠦᠨ ᠥᠭᠡᠷᠡᠴᠢᠯᠡᠬᠦ ᠶᠢ ᠢᠳᠡᠪᠬᠢᠲᠡᠢ ᠠᠬᠢᠭᠤᠯᠵᠤ᠂ ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠨ ᠠᠩᠭᠢᠯᠠᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠵᠦ ᠮᠡᠳᠡᠬᠦ ᠳᠤᠲᠠᠭᠳᠠᠯ ᠢ ᠴᠢᠷᠮᠠᠶᠢᠨ ᠨᠦᠬᠦᠪᠦᠷᠢᠯᠡᠨ᠎ᠡ᠃ ᠲᠣᠬᠢᠷᠠᠭᠤᠯᠬᠤ ᠪᠠ ᠦᠢᠯᠡᠴᠢᠯᠡᠭᠡ ᠪᠠᠲᠤᠯᠠᠭ᠎ᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠶᠠ ᠲᠠᠢ ᠠᠮᠢ ᠠᠬᠤᠢ ᠶᠢᠨ ᠬᠤᠲᠠ᠂ ᠠᠨ ᠲᠠᠢ ᠬᠤᠸᠠ ᠹᠦ᠋᠂ ᠰᠢᠨ ᠶᠠ ᠬᠤᠣ ᠵᠢᠦᠢ᠂ ᠬᠤᠸᠠ ᠲᠢᠩ᠂ ᠮᠢᠨ ᠠᠨ ᠭᠡᠷ ᠣᠷᠣᠨ᠂ ᠰᠢᠦᠸᠠᠢ ᠹᠦ᠋ ᠰᠢᠨ᠎ᠡ ᠬᠤᠲᠠ᠂ ᠶᠢᠨ ᠱᠠᠨ ᠵᠢᠶᠠ ᠲᠢ᠂ ᠠᠷᠠᠳ ᠲᠤ ᠠᠰᠢᠭ ᠬᠦᠷᠲᠡᠭᠡᠬᠦ ᠬᠤᠶᠠᠳᠤᠭᠠᠷ ᠬᠤᠭᠤᠴᠠᠭ᠎ᠠ᠂ ᠵᠣᠯ ᠵᠢᠷᠭᠠᠯᠲᠤ ᠭᠡᠷ ᠣᠷᠣᠨ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠴᠡᠴᠡᠷᠯᠢᠭᠲᠦ  ᠰᠢᠶᠠᠨ ᠤ ᠬᠤᠲᠠ᠂ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠦᠭᠰᠡᠨ ᠤ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠤᠨ᠎ᠠ᠃ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ᠂ ᠬᠠᠤᠯᠢ ᠳᠦᠷᠢᠮᠵᠢᠭᠰᠡᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠵᠡᠭᠡᠯᠢ ᠶᠢᠨ ᠳᠠᠷᠤᠭ᠎ᠠ ᠶᠢᠨ ᠳᠦᠷᠢᠮ︾ ᠪᠠ ᠰᠦᠯᠵᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠣᠶᠤᠨᠴᠢᠯᠠᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠰᠦᠯᠵᠢᠶᠡᠵᠢᠭᠰᠡᠨ ᠬᠠᠮᠢᠶᠠᠷᠤᠯᠲᠠ ᠶᠢᠨ ᠲᠠᠪᠴᠠᠩ ᠢ ᠲᠦᠷᠭᠡᠳᠬᠡᠨ ᠬᠡᠷᠡᠭᠵᠢᠭᠦᠯᠦᠨ᠎ᠡ᠃ ᠪᠦᠬᠦ ᠴᠠᠭ ᠤᠨ᠂ ᠪᠦᠬᠦ ᠲᠠᠯ᠎ᠠ ᠶᠢᠨ᠂ ᠪᠦᠬᠦ ᠲᠠᠯ᠎ᠠ ᠶᠢ ᠬᠠᠮᠤᠷᠤᠭᠰᠠᠨ᠂ ᠣᠨᠣᠪᠴᠢᠲᠠᠢ᠂ ᠪᠤᠰᠢᠭᠤ ᠱᠠᠯᠠᠮᠠᠭᠠᠢ᠂ ᠥᠨᠳᠥᠷ ᠦᠷ᠎ᠡ ᠪᠦᠲᠦᠮᠵᠢᠲᠡᠢ ᠲᠤᠭᠠᠴᠠᠯᠬᠠᠰᠠᠨ ᠬᠤᠲᠠ ᠶᠢᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠢᠭᠤᠯᠵᠤ᠂ ᠰᠠᠭᠤᠭᠠᠯᠢ ᠲᠣᠭᠤᠷᠢᠭ ᠤᠨ ᠥᠮᠴᠢᠲᠡᠨ ᠤ ᠵᠥᠪᠯᠡᠯ ᠢ 75% ᠳᠤ ᠬᠦᠷᠭᠡᠨ᠎ᠡ᠃ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠲᠠᠢ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢ ᠣᠷᠣᠭᠤᠯᠵᠤ ᠢᠷᠡᠨ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠪᠠᠢᠭᠠᠯᠢ ᠶᠢᠨ ᠡᠬᠢ ᠪᠠᠶᠠᠯᠢᠭ ᠤᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠵᠤ᠂ ᠬᠤᠲᠠ ᠪᠠᠯᠭᠠᠰᠤᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠲᠠᠢ ᠤᠶᠠᠯᠳᠤᠭᠤᠯᠤᠨ᠂ ᠨᠡᠢᠭᠡᠮ ᠤᠨ ᠦᠢᠯᠡᠰ ᠤᠨ ᠥᠭᠡᠷᠡᠴᠢᠯᠡᠯᠲᠡ ᠬᠦᠭᠵᠢᠯᠳᠠ ᠶᠢ ᠠᠬᠢᠭᠤᠯᠤᠨ᠎ᠠ᠃ ᠠᠵᠢᠯ ᠣᠯᠭᠤᠬᠤ ᠶᠢ ᠲᠡᠷᠢᠭᠦᠨ ᠪᠠᠶᠢᠷᠢᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠠᠷᠢᠮᠳᠠᠯᠠᠵᠦ᠂ ᠠᠵᠢᠯ ᠣᠯᠭᠤᠵᠤ ᠦᠢᠯᠡᠰ ᠪᠣᠰᠬᠠᠬᠤ ᠢᠳᠡᠪᠬᠢᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠬᠥᠯᠥᠰᠥᠨ ᠠᠵᠢᠯᠴᠢᠨ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠬᠥᠮᠦᠰ ᠤᠨ ᠠᠵᠢᠯ ᠣᠯᠵᠤ ᠦᠢᠯᠡᠰ ᠪᠣᠰᠬᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠳᠦᠷ ᠠᠳᠬᠤᠨ᠎ᠠ᠃ ᠣᠯᠠᠨ ᠨᠠᠶᠢᠳᠠ ᠶᠢᠨ ᠳᠠᠳᠤᠯᠭ᠎ᠠ ᠪᠣᠯᠪᠠᠰᠣᠷᠠᠭᠤᠯᠤᠯ ᠤᠨ ᠰᠠᠭᠤᠷᠢᠨ ᠭᠠᠵᠠᠷ ᠤᠨ ᠳᠣᠲᠣᠭᠠᠳᠤᠬᠢ ᠵᠠᠰᠠᠵᠤ ᠴᠢᠮᠡᠬᠦ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠂ ᠣᠯᠠᠨ ᠨᠠᠶᠢᠳᠠ ᠶᠢᠨ ᠠᠵᠢᠯ ᠣᠯᠭᠤᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠪᠣᠯᠪᠠᠰᠤᠷᠠᠯ ᠢ ᠠᠮᠢᠳᠤᠯᠢᠭ ᠢᠶᠠᠷ ᠬᠦᠭᠵᠢᠬᠡᠨ᠂ ︽ᠵᠠᠬᠢᠶᠠᠯᠠᠭ᠎ᠠ ᠶᠢᠨ ᠬᠠᠭᠤᠳᠠᠰᠤ᠂ ᠠᠵᠢᠯ ᠤᠨ ᠪᠠᠶᠢᠷᠢ ᠲᠣᠭᠲᠠᠭᠠᠬᠤ᠂ ᠬᠠᠨᠳᠤᠯᠭ᠎ᠠ ᠲᠣᠭᠲᠠᠭᠠᠬᠤ︾ ᠵᠡᠷᠭᠡ ᠣᠯᠠᠨ ᠵᠦᠢᠯ ᠤᠨ ᠪᠣᠯᠪᠠᠰᠤᠷᠠᠯ ᠤᠨ ᠠᠷᠭ᠎ᠠ ᠬᠡᠯᠪᠡᠷᠢ ᠪᠠᠷ ᠠᠵᠢᠯ ᠣᠯᠭᠤᠬᠤ ᠳᠡᠰ ᠳᠠᠪᠬᠤᠷᠭ᠎ᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠳᠠᠮᠵᠢᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠠᠶᠢᠳᠠ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠨᠠᠶᠢᠳᠠᠨ᠂ ᠲᠥᠪᠬᠢᠨᠡᠭᠦᠯᠬᠦ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠠᠵᠢᠯ ᠣᠯᠭᠤᠯᠲᠠ ᠶᠢ ᠬᠦᠢᠴᠡᠳ ᠠᠬᠢᠭᠤᠯᠤᠨ᠂ ᠵᠢᠯ ᠤᠨ ᠳᠣᠲᠣᠷ᠎ᠠ 2.4 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠶᠢ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠬᠤ ᠬᠦᠮᠦᠰ ᠢ 600 ᠬᠥᠮᠦᠨ ᠠᠴᠠ ᠳᠡᠭᠡᠭᠰᠢ ᠪᠠᠶᠢᠯᠭᠠᠨ᠂ ᠠᠵᠢᠯ ᠠᠯᠳᠠᠬᠤ ᠨᠤᠷᠮ᠎ᠠ ᠶᠢ 4.2% ᠲᠤᠳᠤᠷ᠎ᠠ ᠬᠢᠵᠠᠭᠠᠷᠯᠠᠨ᠎ᠠ᠃ᠨᠠᠶᠢᠬᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠥᠷᠭᠡᠳᠬᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ 6 ᠲᠦᠮᠡ ᠠᠴᠠ ᠳᠡᠭᠡᠭᠰᠢᠬᠢ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠣᠨᠳᠣᠣ ᠭᠠᠵᠠᠷ ᠲᠤ ᠡᠮᠨᠡᠭᠦᠯᠦᠭᠰᠡᠨ ᠢ ᠰᠢᠭᠤᠳ ᠳ᠋ᠦᠩᠨᠡᠨ ᠪᠣᠳᠣᠬᠤ ᠨᠣᠷᠮ᠎ᠠ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠰᠠᠶᠢᠳᠦᠷ ᠨᠠᠶᠢᠳᠠᠪᠤᠷᠢᠵᠢᠭᠤᠯᠤᠨ᠎ᠠ᠃ ᠨᠡᠶᠢᠬᠡᠮ ᠤᠨ ᠲᠤᠰᠠᠯᠠᠮᠵᠢ᠂ ᠬᠤᠲᠠ ᠬᠥᠳᠡᠭᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠲᠤᠰᠠᠯᠠᠮᠵᠢ᠂ ᠠᠰᠠᠷᠠᠮᠵᠢ ᠬᠠᠷᠠᠭᠠᠯᠵᠠᠯ ᠵᠡᠷᠭᠡ ᠳᠦᠷᠢᠮ ᠢ ᠲᠡᠭᠦᠯᠳᠡᠷᠵᠢᠭᠦᠯᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ᠤᠷᠤᠰᠢᠯᠠᠭᠤᠯᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠬᠥᠬᠡ ᠠᠭᠤᠯᠠ ᠴᠠᠶᠢᠷᠠᠬᠤ︾ ᠦᠵᠡᠭᠳᠡᠯ ᠢ ᠡᠷᠡᠰ ᠬᠤᠷᠢᠭᠯᠠᠵᠤ᠂ ᠴᠡᠩᠭᠡᠭ ᠤᠰᠤ ᠴᠡᠯᠡᠭᠡᠷ ᠠᠭᠤᠯᠠᠰ ᠢ ᠪᠦᠬᠦ ᠬᠦᠴᠦᠨ ᠢᠶᠠᠷ ᠰᠠᠬᠢᠨ᠎ᠠ᠃ ᠤᠷᠤᠰᠢᠯᠠᠭᠤᠯᠤᠯᠭ᠎ᠠ ᠶᠢᠨ ᠭᠠᠵᠠᠷ ᠪᠠ ᠤᠷᠤᠰᠢᠯᠠᠭᠤᠯᠤᠯᠭ᠎ᠠ ᠶᠢᠨ ᠦᠢᠯᠡᠴᠢᠯᠡᠭᠡᠨ ᠤ ᠲᠥᠪ ᠵᠢᠴᠢ ᠨᠠᠶᠢᠳᠠ ᠶᠢᠨ ᠠᠰᠠᠷᠠᠮᠵᠢ ᠶᠢᠨ ᠴᠢᠨᠠᠷᠲᠠᠢ ᠨᠠᠶᠢᠳᠠ ᠶᠢᠨ ᠤᠷᠤᠰᠢᠯᠠᠭᠤᠯᠤᠯᠭ᠎ᠠ ᠶᠢᠨ ᠭᠠᠵᠠᠷ ᠢ ᠬᠠᠩᠭᠠᠨ᠎ᠠ᠃ ᠬᠥᠳᠡᠯᠮᠦᠷᠢ ᠶᠢᠨ ᠬᠢᠨᠠᠨ ᠪᠠᠶᠢᠴᠠᠭᠠᠯᠳᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠦ᠂ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦᠦ ᠬᠠᠮᠠᠭᠠᠯᠠᠨ᠎ᠠ᠃ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠰᠤᠷᠭᠠᠨ ᠬᠥᠮᠦᠵᠢᠯ ᠤᠨ ᠶᠡᠷᠦᠩᠭᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ︽ᠶᠣᠰᠣ ᠰᠤᠷᠲᠠᠬᠤᠨ ᠢᠶᠠᠷ ᠬᠥᠮᠦᠨ ᠢ ᠱᠤᠭᠤᠬᠤ︾ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠡᠷ ᠪᠦᠯᠢ ᠶᠢᠨ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ︽ᠰᠤᠷᠭᠠᠭᠤᠯᠢ᠂ ᠨᠡᠶᠢᠬᠡᠮ᠂ ᠭᠡᠷ ᠪᠦᠯᠢ︾ ᠭᠤᠷᠪᠠ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ ᠰᠤᠷᠭᠠᠭᠤᠯᠢ ᠬᠡᠷ ᠪᠦᠯᠢ ᠬᠠᠮᠲᠤ ᠪᠠᠷ ᠬᠡᠦᠬᠡᠳ ᠬᠦᠮᠦᠵᠢᠬᠦᠯᠬᠦ ᠶᠢ ᠪᠡᠶᠡᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠦᠲᠦᠮᠵᠢᠲᠡᠢ ᠬᠠᠩᠭᠠᠯᠭ᠎ᠠ ᠶᠢ ᠥᠷᠭᠡᠳᠬᠡᠵᠦ᠂ ᠢᠦᠢ ᠼᠠᠢ ᠪᠠ ᠲᠠᠢ ᠾᠧ ᠬᠡᠦᠬᠡᠳ ᠤᠨ ᠴᠡᠴᠡᠷᠯᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ ᠴᠢᠩᠭᠠᠳᠬᠠᠵᠤ᠂ ᠰᠢ ᠶᠤᠸᠠᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ᠂ ᠳᠣᠣᠷ᠎ᠠ ᠬᠠᠭᠠᠰ ᠵᠢᠯ ᠳᠤ ᠲᠤᠰᠬᠠᠢ ᠲᠤᠰᠢᠶᠠᠯ ᠤᠨ ᠪᠠᠭᠰᠢ 40 ᠬᠥᠮᠦᠨ ᠢ ᠤᠷᠢᠨ ᠬᠡᠷᠡᠭᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠳᠠᠢ ᠲᠡᠩᠴᠡᠭᠦᠷᠢᠲᠡᠢ ᠬᠥᠭᠵᠢᠭᠦᠯᠬᠦ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ ᠣᠯᠠᠨ ᠶᠠᠩᠵᠤᠴᠢᠯᠠᠨ ᠬᠥᠭᠵᠢᠭᠦᠯᠬᠦ ᠶᠢ ᠴᠢᠩᠭᠠᠳᠬᠠᠨ᠎ᠠ᠃ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠨ ᠬᠥᠭᠵᠢᠬᠦ ᠶᠢ ᠪᠥᠬᠦ ᠲᠠᠯ᠎ᠠ ᠪᠠᠷ ᠠᠬᠢᠭᠤᠯᠵᠤ᠂ ᠪᠡᠭᠡᠵᠢᠩ ᠤᠨ ᠱᠠᠩ ᠺᠦᠨ ᠰᠤᠷᠭᠠᠨ ᠬᠥᠮᠦᠵᠢᠯ ᠤᠨ ᠬᠤᠪᠢ ᠣᠷᠣᠭᠤᠯᠤᠯᠲᠠ ᠶᠢ ᠡᠷᠬᠡᠰᠢᠶᠡᠬᠦ ᠪᠦᠯᠦᠭᠯᠡᠯ ᠤᠨ ᠴᠢᠨᠠᠷ ᠰᠠᠶᠢᠳᠠᠢ ᠡᠬᠢ ᠪᠠᠶᠠᠯᠢᠭ ᠢ ᠠᠰᠢᠭᠯᠠᠨ᠂ ᠵᠢᠭᠠᠨ ᠰᠤᠷᠭᠠᠯᠲᠠ ᠶᠢᠨ ᠤᠶᠢᠯᠠᠭᠠᠭᠳᠠᠬᠤᠨ ᠢᠶᠠᠨ ᠰᠢᠨᠡᠳᠬᠡᠵᠦ᠂ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠨᠠᠰᠤᠳᠠᠶᠢᠴᠤᠳ ᠤᠨ ᠶᠡᠭᠡ ᠰᠤᠷᠭᠠᠭᠤᠯᠢ ᠶᠢ ᠰᠠᠶᠢᠳᠦᠷ ᠡᠷᠬᠢᠯᠡᠨ᠎ᠡ᠃ ︽ᠣᠶᠤᠨᠴᠢ ᠰᠤᠷᠭᠠᠭᠤᠯᠢ ᠶᠢᠨ ᠬᠦᠷᠢᠶ᠎ᠡ︾᠂ ︽ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ︾ ᠵᠡᠷᠭᠡ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠢᠭᠤᠯᠤᠯᠲᠠ ᠪᠣᠯᠤᠨ ᠪᠠᠭᠰᠢ ᠶᠢᠨ ᠡᠩᠨᠡᠭᠡᠨ ᠤ ᠪᠠᠢᠭᠤᠯᠤᠯᠲᠠ ᠶᠢ ᠲᠦᠷᠭᠡᠳᠬᠡᠨ᠎ᠡ᠃ ᠪᠥᠬᠦ ᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠢ ᠰᠠᠶᠢᠳᠦᠷ ᠡᠷᠬᠢᠯᠡᠨ᠎ᠡ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠪᠦᠬᠦ ᠬᠦᠴᠦᠨ ᠢᠶᠠᠷ ᠰᠠᠶᠢᠳᠦᠷ ᠬᠢᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠶᠢ  ᠬᠦᠨᠵᠡᠬᠡᠶᠢᠷᠡᠬᠦᠯᠵᠦ᠂ ᠱᠠᠲᠤ ᠬᠤᠪᠢᠶᠠᠨ ᠣᠨᠣᠰᠢᠯᠠᠨ ᠡᠮᠴᠢᠯᠡᠬᠦ᠂ ᠰᠢᠶᠠᠨ ᠲᠣᠰᠬᠤᠨ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠰᠢᠶᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠣᠯᠠᠨ ᠨᠠᠶᠢᠳᠠ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠠᠰᠤᠭ ᠪᠠ ᠡᠪᠡᠳᠴᠢᠨ ᠡᠮᠭᠡᠭ ᠢ ᠡᠵᠡᠮᠳᠡᠬᠦ ᠲᠥᠪ ᠤᠨ ᠶᠡᠷᠦᠩᠭᠡᠶᠢᠯᠡᠭᠰᠡᠨ ᠭᠡᠷ ᠪᠠᠢᠰᠢᠩ ᠢ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠠᠶᠢᠭᠤᠯᠤᠯᠳᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠥᠭᠡᠳ ᠬᠦᠴᠦᠷᠬᠡᠭ ᠶᠡᠭᠡ ᠣᠯᠠᠨ ᠨᠠᠶᠢᠳᠠ ᠶᠢᠨ ᠡᠷᠡᠭᠦᠯ ᠬᠠᠮᠠᠭᠠᠯᠠᠯ ᠤᠨ ᠰᠡᠷᠬᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠪᠠᠢᠭᠤᠯᠤᠯᠲᠠ ᠶᠢ ᠡᠷᠴᠢᠮᠵᠢᠬᠦᠯᠵᠦ᠂ ᠶᠡᠷᠦ ᠶᠢᠨ ᠪᠠ ᠪᠠᠴᠢᠮ ᠪᠠᠶᠢᠳᠠᠯ ᠤᠨ ᠦᠶ᠎ᠡ ᠳᠤ ᠤᠶᠠᠯᠳᠤᠭᠤᠯᠤᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠦ ᠠᠪᠤᠷᠠᠨ ᠵᠠᠰᠠᠬᠤ ᠲᠣᠭᠲᠠᠴᠠ ᠶᠢ ᠪᠠᠶᠢᠭᠤᠯᠤᠨ᠎ᠠ᠃ ᠬᠢᠲᠠᠳ ᠮᠣᠩᠭᠤᠯ ᠠᠨᠠᠭᠠᠬᠤ ᠤᠬᠠᠭᠠᠨ ᠤ ᠰᠠᠯᠪᠤᠷᠢ ᠶᠢᠨ ᠬᠥᠭᠵᠢᠯ ᠢ ᠲᠦᠷᠭᠡᠰᠬᠡᠵᠦ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠦᠷᠨᠢᠬᠦᠯᠦᠨ᠂ ᠨᠠᠰᠤᠳᠠᠶᠢᠴᠤᠳ ᠤᠨ ᠪᠡᠶ᠎ᠡ ᠶᠢᠨ ᠲᠠᠮᠢᠷ ᠪᠣᠯᠤᠨ ᠨᠠᠶᠢᠳᠠ ᠶᠢᠨ ᠪᠡᠶ᠎ᠡ ᠴᠢᠭᠢᠷᠠᠭᠵᠢᠭᠤᠯᠬᠤ ᠠᠵᠢᠯ ᠢ ᠰᠠᠶᠢᠳᠦᠷ ᠡᠷᠴᠢᠮᠵᠢᠭᠦᠯᠦᠨ᠎ᠡ᠃︵ᠲᠤᠯᠤᠭ᠎ᠠ︶ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠠᠮᠤᠷ ᠲᠦᠪᠰᠢᠨ ᠤ ᠠᠵᠢᠯ ᠤᠨ ᠰᠢᠨ᠎ᠡ  ᠪᠠᠶᠢᠳᠠᠯ ᠢ ᠡᠬᠦᠳᠦᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠢ ᠰᠠᠶᠢᠳᠦᠷ ᠠᠳᠬᠤᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠳᠦᠷᠢᠮ︾ ᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠢ ᠬᠦᠴᠦᠯᠡᠨ ᠠᠳᠬᠤᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠪᠠᠨ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠠᠵᠢᠯ ᠤᠨ ᠲᠣᠭᠲᠠᠴᠠ ᠪᠠᠨ ᠦᠷᠭᠦᠯᠵᠢᠯᠡᠨ᠂ ᠳᠤᠲᠠᠭᠳᠠᠯ ᠢᠶᠠᠨ ᠬᠦᠴᠦᠯᠡᠨ ᠨᠥᠬᠦᠪᠥᠷᠢᠯᠡᠵᠦ᠂ ᠪᠠᠭᠤᠷᠠᠢ ᠵᠦᠢᠯ ᠢ ᠬᠦᠴᠦᠯᠡᠨ ᠪᠠᠲᠤᠳᠬᠠᠵᠤ᠂ ᠬᠢᠵᠢᠭ ᠢ ᠰᠡᠷᠬᠡᠶᠢᠯᠡᠨ ᠬᠢᠵᠠᠭᠠᠷᠯᠬᠠᠣ ᠬᠢᠯᠪᠠᠷ ᠪᠤᠰᠤ ᠦᠷ᠎ᠡ ᠪᠦᠲᠦᠭᠡᠯ ᠢᠶᠠᠨ ᠪᠠᠬᠢᠵᠢᠬᠦᠯᠦᠨ᠎ᠡ᠃ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠬᠡᠶᠢᠯᠡᠵᠦ᠂ ᠦᠯᠡᠳᠡᠭᠡᠯ ᠲᠦᠭᠰᠢᠭᠦᠷᠢ ᠶᠢ ᠠᠷᠢᠯᠭᠠᠬᠤ ᠪᠠ ᠲᠦᠭᠰᠢᠭᠦᠷᠢ ᠶᠢ ᠰᠡᠷᠬᠡᠶᠢᠯᠡᠬᠦ ᠶᠢ ᠪᠥᠬᠦ ᠬᠦᠴᠦᠨ ᠢᠶᠠᠷ  ᠰᠠᠶᠢᠳᠦᠷ ᠠᠳᠬᠤᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠲᠣᠭᠲᠠᠭᠤᠨ ᠡᠮᠬᠢ ᠵᠢᠷᠤᠮ ᠲᠠᠢ ᠪᠠᠷ ᠦᠯᠡᠳᠡᠵᠦ ᠪᠠᠶᠢᠭ᠎ᠠ   ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠪᠥᠬᠦ ᠵᠢᠯ ᠳᠤ 4.9 ᠳ᠋ᠦᠩᠰᠢᠭᠤᠷ ᠲᠥᠭᠦᠷᠢᠭ ᠠᠷᠢᠯᠭᠠᠨ᠎ᠠ᠃ ᠰᠢᠨ᠎ᠡ ᠪᠠᠷ ᠨᠡᠮᠡᠭᠳᠡᠬᠦ ᠳᠠᠯᠳᠠ ᠴᠢᠨᠠᠷᠲᠠᠢ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠬᠢᠭᠡᠳ ᠨᠡᠶᠢᠬᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ  ‍ᠤ‌ᠣᠯᠠᠨ ᠨᠠᠶᠢᠳᠠ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠥᠷᠢ ᠥᠭᠴᠡᠭᠡ ᠭᠠᠷᠭᠠᠬᠤ ᠶᠢ ᠡᠷᠡᠰ ᠬᠤᠷᠢᠭᠯᠠᠨ᠎ᠠ᠃ ᠡᠩ ᠤᠨ ᠵᠢᠭᠡᠯᠡᠯᠭᠡ ᠶᠢᠨ ᠲᠡᠮᠳᠡᠭ ᠪᠣᠯᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠢ ᠭᠤᠶᠤᠴᠢᠯᠠᠨ ᠣᠯᠵᠤ ᠠᠪᠬᠤ ᠠᠵᠢᠯ ᠢ ᠴᠢᠩᠭᠠᠳᠬᠠᠨ᠂ ᠵᠠᠰᠠᠭ ᠤᠨ ᠭᠠᠵᠠᠷ ᠤᠨ ᠴᠢᠨᠠᠷᠲᠠᠢ ᠬᠥᠷᠥᠩᠭᠡ ᠣᠷᠣᠭᠤᠯᠤᠯᠲᠠ ᠶᠢᠨ ᠲᠥᠰᠦᠯ ᠳᠤ ᠡᠷᠦᠰᠳᠡᠯ ᠤᠨ ᠦᠨᠡᠯᠡᠭᠡ ᠪᠣᠯᠤᠨ ᠬᠠᠤᠯᠢ ᠶᠣᠰᠣᠨ ᠤ ᠴᠢᠨᠠᠷ ᠤᠨ ᠬᠢᠨᠠᠯᠲᠠ ᠶᠢᠨ ᠲᠥᠰᠥᠪ ᠢ ᠲᠤᠬᠢᠷᠠᠭᠤᠯᠤᠨ᠂ ᠬᠥᠷᠥᠩᠭᠡ ᠮᠥᠩᠭᠦᠨ ᠤ ᠢᠷᠡᠯᠲᠡ ᠲᠣᠳᠣᠷᠬᠠᠢ ᠦᠭᠡᠢ ᠲᠥᠰᠦᠯ ᠢ ᠴᠥᠮ ᠬᠢᠨᠠᠨ ᠵᠥᠪᠰᠢᠶᠡᠷᠡᠬᠦ ᠦᠭᠡᠢ᠃ ᠡᠩ ᠤᠨ ᠴᠢᠨᠠᠷᠲᠠᠢ ᠵᠠᠷᠤᠯᠭ᠎ᠠ ᠵᠢᠴᠢ ᠬᠤᠪᠢᠷᠠᠰᠢ ᠦᠭᠡᠢ ᠴᠢᠨᠠᠷᠲᠠᠢ᠂ ᠭᠤᠣᠯᠳᠠᠯᠭ᠎ᠠ ᠲᠠᠢ ᠪᠤᠰᠤ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢ ᠴᠢᠩᠭᠠᠯᠠᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ᠣᠯᠠᠨ ᠨᠠᠶᠢᠳᠠ ᠶᠢᠨ ᠠᠮᠤᠷ ᠲᠦᠪᠰᠢᠨ ᠢ ᠬᠦᠴᠦᠯᠡᠨ ᠴᠢᠩᠭᠠᠳᠬᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ  ᠨᠠᠶᠢᠳᠠᠪᠤᠷᠢᠵᠢᠭᠤᠯᠵᠦ᠂ ᠠᠶᠤᠯᠭᠦᠢ ᠦᠢᠯᠡᠳᠪᠦᠷᠢᠯᠡᠯ᠂ ᠢᠳᠡᠭᠡᠨ ᠤᠮᠳᠠᠭᠠᠨ ᠡᠮ ᠳᠠᠩ ᠤᠨ ᠠᠮᠤᠷ ᠲᠦᠪᠰᠢᠨ ᠪᠠ ᠭᠠᠯ ᠰᠡᠷᠬᠡᠶᠢᠯᠡᠯᠳᠠ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠰᠠᠶᠢᠳᠦᠷ ᠠᠳᠬᠤᠵᠤ᠂ ᠲᠤᠰᠬᠠᠶᠢᠵᠢᠭᠰᠠᠨ᠂ ᠪᠣᠳᠠᠲᠠᠢ ᠳᠤ ᠨᠡᠶᠢᠴᠡᠭᠰᠡᠨ ᠪᠠᠴᠢᠮ ᠠᠪᠤᠷᠠᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠦ᠂ ᠬᠦᠨᠳᠦ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠬᠦ᠂ ᠭᠠᠵᠠᠷ ᠬᠥᠳᠡᠯᠦᠯᠲᠡ ᠵᠢᠴᠢ ᠭᠠᠢ ᠭᠠᠮᠰᠢᠭ ᠢ ᠰᠡᠷᠬᠡᠶᠢᠯᠡᠨ ᠵᠠᠰᠠᠬᠤ ᠵᠡᠷᠭᠡ ᠠᠵᠢᠯ ᠢ ᠴᠢᠬᠤᠯᠠᠴᠢᠯᠠᠵᠤ᠂ ᠭᠠᠮᠰᠢᠭ ᠢ ᠰᠡᠷᠬᠡᠶᠢᠯᠡᠨ ᠭᠠᠢ ᠶᠢ ᠪᠠᠭᠠᠰᠬᠠᠬᠤ ᠴᠢᠳᠠᠪᠤᠷᠢ ᠪᠠᠨ ᠲᠠᠰᠤᠷᠠᠯᠲᠠ ᠥᠬᠡᠢ ᠲᠡᠬᠡᠭᠰᠢᠯᠡᠬᠦᠯᠦᠨ᠎ᠡ᠃ᠨᠠᠶᠢᠬᠡᠮ ᠤᠨ ᠶᠡᠷᠦᠩᠭᠡᠶᠢᠯᠡᠭᠰᠡᠨ ᠵᠠᠰᠠᠯᠲᠠ ᠶᠢ ᠬᠦᠴᠦᠯᠡᠨ ᠴᠢᠩᠭᠠᠳᠬᠠᠨ᠎ᠠ᠃ ︽ᠠᠮᠤᠷ ᠲᠠᠢᠪᠤᠩ᠂ ᠶᠣᠰᠣ ᠰᠤᠷᠲᠠᠬᠤᠨ︾ ᠤ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠴᠣᠬᠢᠯᠲᠠ ᠥᠭᠬᠦ ᠶᠢ ᠲᠦᠯᠬᠢᠨ ᠠᠬᠢᠭᠤᠯᠵᠤ᠂ ᠠᠮᠤᠷ ᠲᠦᠪᠰᠢᠨ ᠲᠣᠭᠲᠠᠭᠤᠨ ᠨᠠᠶᠢᠬᠡᠮ ᠤᠨ ᠣᠷᠴᠢᠨ ᠲᠣᠭᠤᠷᠢᠨ ᠢ ᠪᠣᠢ ᠪᠤᠯᠭᠠᠨ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠳᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠵᠤ᠂ ᠣᠯᠠᠨ ᠨᠠᠶᠢᠳᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠲᠤᠪᠤᠶᠢᠯᠭᠠᠨ ᠰᠠᠶᠢᠳᠦᠷ ᠬᠢᠨ᠎ᠡ᠃ ᠴᠡᠷᠢᠭ ᠤᠨ ᠰᠢᠯᠢᠳᠡᠭ ᠦᠢᠯᠡᠴᠢᠯᠡᠭᠡᠨ ᠤ ᠪᠠᠲᠤᠯᠠᠭᠠᠨ ᠤ ᠲᠦᠪᠰᠢᠨ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠳᠦᠷ ᠬᠢᠨ᠎ᠡ᠃ ᠬᠤᠶᠢᠴᠢ ᠦᠶ᠎ᠠ  ᠶᠢᠨ   ᠬᠢᠨ ᠢ ᠬᠠᠯᠠᠮᠵᠢᠯᠠᠬᠤ ᠠᠵᠢᠯ ᠢ ᠰᠠᠶᠢᠳᠦᠷ ᠬᠢᠵᠦ᠂ ᠨᠡᠶᠢᠬᠡᠮ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠲᠠᠨ ᠵᠡᠷᠭᠡ ᠨᠡᠶᠢᠬᠡᠮ ᠤᠨ ᠬᠦᠴᠦᠨ ᠤ ᠦᠢᠯᠡᠳᠦᠯ ᠢ ᠪᠠᠳᠠᠷᠠᠭᠤᠯᠵᠤ᠂  ᠡᠮᠡᠭᠳᠠᠶᠢᠴᠤᠳ᠂ ᠬᠡᠦᠬᠡᠳ ᠪᠠᠭᠠᠴᠤᠳ ᠂ ᠨᠠᠰᠤᠳᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ  ᠠᠶᠢᠳᠦᠷ ᠬᠠᠮᠠᠭᠠᠯᠠᠨ᠎ᠠ᠃ ᠠᠷᠠᠳ ᠤᠨ ᠠᠭᠠᠷ ᠤᠨ  ᠰᠡᠷᠬᠡᠶᠢᠯᠡᠯᠳᠠ᠂ ᠳᠠᠩᠰᠠ ᠡᠪᠬᠡᠮᠡᠯ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠳᠦᠷ ᠬᠢᠵᠦ᠂ ᠨᠡᠶᠢᠬᠡᠮ ᠤᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠢᠭᠤᠯᠤᠯᠲᠠ ᠶᠢ ᠴᠢᠩᠭᠠᠳᠬᠠᠨ᠎ᠠ᠃ ᠲᠡᠮᠦᠷ ᠴᠣᠬᠢᠬᠤ ᠳᠤ ᠲᠤᠰ ᠪᠡᠶ᠎ᠡ  ᠨᠢ ᠬᠠᠲᠠᠭᠤ ᠪᠠᠶᠢᠬᠤ ᠬᠡᠷᠡᠭᠲᠡᠢ᠃ ᠪᠢᠳᠡ ᠲᠤᠭ ᠲᠡᠮᠳᠡᠭ ᠲᠣᠳᠣᠷᠬᠠᠢ᠂ ᠠᠷᠠᠳ ᠤᠨ ᠲᠥᠯᠥᠭᠡ ᠠᠵᠢᠯᠯᠠᠬᠤ ᠠᠷᠢᠭᠤᠨ ᠴᠢᠬᠡᠴᠢ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠠᠰᠠᠭ ᠤᠨ ᠣᠷᠳᠣᠨ ᠤ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ᠤᠯᠤᠰ ᠲᠥᠷᠥ ᠶᠢᠨ ᠪᠦᠲᠦᠭᠡᠨ ᠪᠠᠢᠭᠤᠯᠤᠯᠲᠠ ᠪᠠᠷ ᠵᠢᠯᠤᠭᠤᠳᠤᠯᠭ᠎ᠠ ᠪᠠᠨ ᠪᠣᠯᠭᠠᠵᠤ᠂ ︽ᠬᠤᠶᠠᠷ ᠢ ᠬᠠᠮᠠᠭᠠᠯᠠᠬᠤ︾  ᠶᠢ ᠢᠮᠠᠭᠳᠠ ᠪᠠᠷᠢᠮᠳᠠᠯᠠᠨ᠎ᠠ᠃ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠬᠠᠨᠳᠤᠭᠤᠯᠤᠨ᠂ ᠵᠠᠰᠠᠭ ᠤᠨ ᠣᠷᠳᠣᠨ ᠤ ᠰᠢᠰᠲ᠋ᠧᠮ ᠨᠢ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠴᠢᠬᠤᠯᠠ ᠶᠡᠭᠡ ᠵᠦᠢᠯᠡᠰ ᠤᠨ ᠵᠢᠭᠠᠪᠤᠷᠢ ᠠᠪᠬᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠤᠯᠤᠰ ᠲᠥᠷᠥ ᠶᠢᠨ ᠪᠠᠢᠭᠤᠯᠤᠯᠲᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭᠠᠨ ᠤ ᠲᠠᠯ᠎ᠠ ᠪᠠᠷ ᠤᠯᠤᠰ ᠲᠥᠷᠥ ᠶᠢ ᠪᠠᠲᠤᠯᠠᠬᠤ ᠬᠡᠷᠡᠭᠲᠡᠢ᠃ᠣᠪᠣᠷ ᠰᠤᠷᠲᠠᠯ ᠤᠨ ᠪᠠᠢᠭᠤᠯᠤᠯᠲᠠ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠢᠭᠤᠯᠤᠯᠲᠠ ᠶᠢ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠢᠷᠢ ᠬᠤᠣᠰ ᠬᠠᠷᠢᠭᠤᠴᠠᠯᠭ᠎ᠠ ︾ ᠶᠢ ᠴᠢᠩᠭ᠎ᠠ ᠨᠠᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠬᠤᠷᠢᠭᠯᠠᠨ᠂ ᠦᠨᠡᠨ ᠠᠴᠠ ᠵᠥᠪ ᠢ ᠡᠷᠢᠵᠦ ᠪᠣᠳᠠᠲᠠᠢ ᠶᠢ ᠡᠷᠬᠢᠮᠯᠡᠬᠦ ᠪᠠ ︽ᠬᠠᠳᠠᠭᠠᠰᠤ︾ ᠶᠢᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠠᠵᠢᠯ ᠢᠶᠠᠨ ᠨᠠᠢᠳᠠᠪᠤᠷᠢᠵᠢᠭᠤᠯᠬᠤ ᠶᠢ ᠬᠦᠴᠦᠲᠡᠢ ᠠᠳᠬᠤᠨ᠎ᠠ᠃ ᠠᠷᠪᠢᠯᠠᠨ ᠭᠠᠮᠨᠠᠬᠤ ᠶᠢ ᠪᠠᠷᠢᠮᠲᠠᠯᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠶᠢ ᠴᠢᠩᠭ᠎ᠠ ᠵᠢᠷᠤᠮᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠲᠥᠪ ᠴᠢᠬᠡᠴᠢ ᠤᠯᠤᠰ ᠲᠥᠷᠥ ᠶᠢᠨ ᠠᠮᠢ ᠠᠬᠤᠢ ᠶᠢ ᠪᠣᠢ ᠪᠤᠯᠭᠠᠨ᠎ᠠ᠃ᠬᠠᠤᠯᠢ ᠪᠠᠷ ᠵᠠᠰᠠᠬᠤ ᠪᠠᠢᠭᠤᠯᠤᠯᠲᠠ ᠪᠠᠷ ᠰᠠᠭᠤᠷᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠱᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠠᠵᠢᠯᠲᠠᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠬᠢᠨᠠᠨ ᠪᠣᠳᠣᠯᠲᠠ᠂ ᠲᠤᠭ᠎ᠠ ᠪᠦᠷᠢᠳᠬᠡᠯ ᠪᠠ ᠵᠠᠰᠠᠭ ᠵᠠᠬᠢᠷᠭᠠᠨ ᠤ ᠬᠢᠨᠠᠯᠲᠠ ᠶᠢ ᠴᠢᠩᠭᠠᠳᠬᠠᠵᠤ᠂ ᠨᠠᠶᠢᠬᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠦᠨᠵᠡᠬᠡᠶᠢᠷᠡᠬᠦᠯᠵᠦ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠪᠠᠲᠤᠯᠠᠨ᠎ᠠ᠃ᠲᠥᠯᠥᠭᠡᠯᠡᠭᠴᠢᠳ ᠡ᠂ ᠰᠢᠨ᠎ᠡ ᠬᠠᠷᠠᠯᠳᠠ ᠲᠥᠯᠥᠪᠯᠡᠭᠡ ᠶᠢ ᠨᠢᠭᠡᠨᠲᠡ ᠲᠤᠭᠳᠠᠭᠠᠵᠦ᠂ ᠰᠢᠨ᠎ᠡ ᠠᠶᠠᠨ ᠵᠠᠮ ᠢ ᠪᠦᠬᠦ ᠲᠠᠯ᠎ᠠ ᠪᠠᠷ ᠡᠬᠢᠯᠡᠬᠦᠯᠦᠭᠰᠡᠨ ᠪᠠᠶᠢᠨ᠎ᠠ᠃ ᠪᠢᠳᠡ ᠱᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠰᠢᠨ᠎ᠡ ᠠᠶᠠᠨ ᠳᠤ ᠰᠢᠨ᠎ᠡ ᠡᠭᠦᠷᠭᠡ ᠪᠠᠨ ᠪᠡᠶᠡᠯᠡᠭᠦᠯᠦᠨ ᠦᠢᠯᠡᠳᠦᠯᠭᠡᠵᠢᠭᠦᠯᠵᠦ᠂ ᠰᠢᠨ᠎ᠡ ᠴᠢᠷᠮᠠᠢᠯᠭ᠎ᠠ ᠭᠠᠷᠭᠠᠨ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠶ᠎ᠡ︕                  ᠤᠷᠴᠢᠭᠤᠯᠤᠭᠴᠢ᠄ ᠲᠠᠭᠤᠯᠠ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2