ᠬᠤᠸ᠋ᠨᠳᠧ ᠰᠢᠶᠠᠨ ᠲᠤᠭᠳᠠᠮᠠᠯ ᠬᠦᠷᠦᠩᠭᠡ ᠶᠢᠨ ᠲᠠᠩᠰᠠᠯᠠᠯᠲᠠ ᠶᠢᠨ ᠰᠢᠨ᠎ᠠ ᠶᠢ ᠡᠭᠦᠳᠴᠤ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠵᠤ ᠪᠤᠢ
ᠨᠡᠶᠢᠲᠡᠯᠡᠭᠰᠡᠨ ᠴᠠᠭ᠄
2021/3/29
  ᠵᠢᠯ ᠤᠨ ᠡᠬᠢᠨ ᠠᠴᠠ᠂ ᠬᠤᠸᠠᠳᠧ ᠰᠢᠶᠠᠨ ᠤ ᠲᠤᠭᠳᠠᠮᠠᠯ ᠬᠦᠷᠦᠩᠭᠡ ᠲᠠᠩᠰᠠᠯᠠᠬᠤ ᠲᠦᠪ ︽ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠤᠨ ᠤ ᠲᠦᠰᠦᠯ ᠤᠨ ᠱᠠᠭᠠᠷᠳᠠᠯᠭ᠎ᠠ ᠶᠤᠰᠤᠭᠠᠷ᠂ ᠠᠵᠢᠯ ᠤᠨ ᠰᠤᠷᠳᠠᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠤᠨ᠂ ᠠᠵᠢᠯ ᠤᠨ ᠰᠠᠬᠢᠯᠭ᠎ᠠ ᠶᠢ ᠴᠢᠩᠭᠠᠳᠬᠠᠵᠤ᠂ ᠠᠵᠢᠯ ᠤᠨ ᠡᠮᠬᠢ ᠲᠠᠷᠠᠭᠠᠯᠠᠯ ᠢ ᠲᠦᠷᠢᠮᠵᠢᠭᠦᠯᠦᠨ᠂ ᠵᠢᠷᠭᠤᠭᠠᠨ ᠲᠦᠷᠦᠯ ᠤᠨ ᠠᠷᠭ᠎ᠠ ᠠᠪᠴᠠᠯ ᠢᠶᠠᠷ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃    ᠵᠤᠬᠢᠶᠠᠨ ᠪᠠᠶᠢᠭᠤᠯᠤᠨ ᠵᠤᠬᠢᠴᠠᠭᠤᠯᠬᠤ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠲᠤᠭᠤᠢᠢᠯᠠᠩ ᠪᠠᠶᠢᠭᠤᠯᠵᠠᠢ᠃ ᠲᠤᠰ ᠰᠢᠶᠠᠠ ᠶᠠᠷᠤᠩᠬᠡᠢ ᠱᠦᠵᠢ ᠰᠢ ᠶᠢᠨ ᠫᠢᠡᠭ ᠤᠨ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠤᠨ ᠲᠤᠬᠠᠢ ᠴᠢᠬᠤᠯᠠ ᠦᠭᠦᠯᠡᠯᠲᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠦᠷᠢᠮ᠂ ᠬᠤᠸᠠᠳᠧ ᠰᠢᠶᠠᠨ ᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠪᠡᠳᠤᠭᠡᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠰᠤᠷᠤᠯᠴᠠᠬᠤ ᠶᠢᠨ ᠬᠠᠮᠲᠤ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠤᠨ ᠤ ᠲᠦᠰᠦᠯ ᠶᠤᠰᠤᠭᠠᠷ ᠬᠠᠮᠢᠶ᠎ᠠ ᠪᠦᠬᠦᠢ ᠠᠵᠢᠯ ᠤᠨ ᠲᠦᠷᠢᠮ ᠲᠤᠭᠳᠠᠭᠠᠵᠤ᠂ ᠠᠵᠢᠯ ᠤᠨ ᠠᠯᠬᠤᠮ ᠲᠠᠷᠠᠭᠠᠯᠠᠯ ᠢ ᠲᠤᠳᠤᠳᠬᠠᠪᠠ᠃    ᠤᠨᠢᠨ ᠲᠡᠭᠡᠷ᠎ᠠ ᠨᠢ ᠤᠢᠢᠯᠡᠴᠢᠯᠡᠬᠦ ᠳᠤ ᠬᠦᠴᠦ ᠪᠠᠨ ᠲᠦᠪᠯᠡᠷᠡᠭᠦᠯᠦᠨ᠂ ᠨᠢᠭᠡ ᠴᠤᠩᠬᠤᠪᠴᠢ ᠳᠤ ᠬᠦᠢᠴᠡᠳᠭᠡᠬᠦ ᠶᠢ ᠬᠦᠨᠵᠡᠭᠡᠶᠢᠷᠡᠭᠦᠯᠵᠤ ᠪᠤᠢ᠃ ᠲᠤᠰ ᠰᠢᠶᠠᠠ ᠪᠠᠶᠢᠭᠤᠯᠤᠮᠵᠢ ᠶᠢᠨ ᠡᠷᠬᠡ ᠲᠤᠰᠢᠶᠠᠯ ᠢ ᠢᠳᠡᠪᠬᠢᠲᠠᠢ ᠨᠢᠭᠡᠳᠬᠡᠵᠤ᠂ ᠨᠢᠭᠡᠳᠤᠯᠲᠡᠢ ᠲᠠᠩᠰᠠᠯᠠᠬᠤ ᠶᠢ ᠡᠮᠬᠢ ᠵᠢᠷᠤᠮ ᠲᠠᠢ ᠠᠬᠢᠭᠤᠯᠤᠭᠰᠠᠨ ᠰᠠᠭᠤᠷᠢᠨ ᠲᠡᠭᠡᠷ᠎ᠠ ᠲᠠᠩᠰᠠᠯᠠᠭᠰᠠᠨ ᠪᠠᠶᠢᠭᠤᠯᠤᠮᠵᠢ᠂ ᠲᠠᠩᠰᠠᠯᠠᠭᠰᠠᠨ ᠲᠡᠪᠳᠡᠷ᠂ ᠲᠠᠩᠰᠠᠯᠠᠭᠰᠠᠨ ᠦᠨᠳᠤᠰᠤᠯᠠᠯ ᠪᠠ ᠮᠡᠳᠡᠭᠡ ᠵᠠᠩᠬᠢ ᠶᠢᠨ ᠲᠠᠪᠴᠠᠩ ᠤᠨ ᠲᠦᠷᠪᠡᠨ ᠨᠢᠭᠡᠳᠤᠯ ᠢ ᠪᠡᠶᠠᠯᠡᠬᠦᠯᠪᠡ᠃ ᠲᠠᠷᠠᠭᠠᠴᠢ ᠪᠠᠷ ᠨᠢᠭᠡ ᠴᠤᠩᠬᠤᠨ ᠳᠤ ᠬᠦᠢᠴᠡᠳᠭᠡᠬᠦ︾ ᠤᠢᠢᠯᠡᠴᠢᠯᠡᠭᠡ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠦᠨ᠂ ᠠᠵᠤ ᠠᠬᠤᠢᠢᠯᠠᠯ ᠳᠤ ᠤᠢᠢᠯᠡᠴᠢᠯᠡᠬᠦ ᠲᠤᠰᠬᠠᠢ ᠴᠤᠩᠬᠤ ᠭᠠᠷᠭᠠᠨ᠂ ᠲᠤᠰᠬᠠᠢ ᠪᠠᠶᠢᠷᠢ ᠲᠤᠰᠬᠠᠢ ᠬᠦᠮᠦᠨ ᠤᠢᠢᠯᠠᠴᠢᠯᠡᠨ᠂ ᠰᠢᠯᠢᠳᠡᠭ ᠠᠵᠤ ᠠᠬᠤᠢᠢᠯᠠᠯ᠂ ᠪᠠᠭ᠎ᠠ ᠵᠢᠵᠢᠭ ᠠᠵᠤ ᠠᠬᠤᠢᠢᠯᠠᠯ ᠵᠡᠷᠭᠡ ᠠᠵᠤ ᠠᠬᠤᠢᠢᠯᠠᠯ ᠤᠨ ᠭᠠᠷ ᠬᠦᠢᠴᠡᠳᠭᠡᠯ ᠬᠢᠬᠦ ᠶᠢ ᠰᠠᠭᠠᠳ ᠦᠭᠡᠢ ᠨᠡᠪᠲᠡᠷᠡᠬᠦᠯᠬᠦ ᠵᠠᠮ ᠭᠠᠷᠭᠠᠨ᠎ᠠ᠃ ᠠᠵᠢᠯ ᠤᠨ ᠲᠦᠷᠦᠯ ᠵᠦᠢᠯ ᠢ ᠤᠯᠠᠮ ᠨᠢᠭᠡ ᠠᠯᠬᠤᠮ ᠴᠤᠮᠬᠠᠳᠬᠠᠵᠤ᠂ ᠠᠵᠢᠯ ᠤᠨ ᠠᠯᠬᠤᠮ ᠲᠠᠷᠠᠭᠠᠯᠠᠯ ᠢ ᠴᠦᠬᠡᠳᠬᠡᠡ᠂ ᠡᠩ ᠤᠨ ᠲᠤᠭᠳᠠᠮᠠᠯ ᠬᠦᠷᠦᠩᠭᠡ ᠲᠠᠩᠰᠠᠯᠠᠬᠤ ᠠᠵᠢᠯ ᠢ 3 ᠡᠳᠤᠷ ᠲᠤ ᠬᠦᠢᠴᠡᠳᠭᠡᠨ᠎ᠠ᠃    ᠨᠢᠭᠡ ᠰᠦᠯᠵᠢᠶ᠎ᠠ ᠪᠠᠷ ᠨᠠᠶᠢᠳᠡᠮ ᠬᠦᠢᠴᠡᠳᠭᠡᠬᠦ ᠶᠢ ᠨᠠᠶᠢᠳᠠᠪᠤᠷᠢᠵᠢᠭᠤᠯᠵᠤ᠂ ᠰᠦᠯᠵᠢᠶ᠎ᠠ ᠪᠡ ᠪᠤᠳᠠᠳᠤ ᠴᠤᠭᠴᠠ ᠶᠢ ᠨᠢᠭᠡ ᠯᠡ ᠠᠯᠬᠤᠮ ᠢᠶᠠᠷ ᠶᠠᠪᠤᠬᠳᠠᠭᠤᠯᠵᠠᠢ᠃ ᠢᠨᠲ᠋ᠧᠷ ᠰᠦᠯᠵᠢᠶ᠎ᠠ + ᠪᠠ ᠲᠤᠮᠤ ᠳ᠋ᠠᠶᠢᠲ᠋ᠠ ᠶᠢᠨ ᠮᠡᠷᠭᠡᠵᠢᠯ ᠳᠤ ᠰᠠᠭᠤᠷᠢᠯᠠᠨ᠂ ᠲᠤᠭᠳᠠᠮᠠᠯ ᠬᠦᠷᠦᠩᠭᠡ ᠶᠢᠨ ᠬᠤᠷᠠᠮᠠᠯ ᠤᠢᠢᠯᠡᠴᠢᠯᠡᠭᠡᠨ ᠤ ᠲᠠᠪᠴᠠᠩ ᠢᠶᠠᠷ ᠨᠦᠬᠡᠴᠡ ᠭᠡᠷ ᠪᠠᠶᠢᠰᠢᠩ ᠪᠠ ᠰᠢᠨ᠎ᠠ ᠪᠠᠷ ᠪᠠᠶᠢᠭᠤᠯᠵᠤ ᠪᠠᠶᠢᠭ᠎ᠠ ᠲᠠᠸᠠᠷ ᠤᠨ ᠭᠡᠷ ᠪᠠᠶᠢᠰᠢᠩ ᠳᠤ ᠭᠠᠳᠠᠷ ᠰᠦᠯᠵᠢᠶ᠎ᠠ ᠪᠠᠷ ᠭᠤᠶᠤᠴᠢᠯᠡᠨ᠂ ᠲᠤᠳᠤᠷ ᠰᠦᠯᠵᠢᠶ᠎ᠠ ᠪᠠᠷ ᠬᠢᠨᠡᠨ ᠬᠠᠷᠭᠤᠭᠤᠯᠵᠤ᠂ ᠨᠢᠳᠤᠨ ᠡᠮᠦᠨ᠎ᠠ ᠨᠢ ᠪᠠᠶᠢᠴᠠᠭᠠᠨ ᠰᠢᠯᠭᠠᠵᠤ᠂ ᠲᠠᠷᠤᠢ ᠳᠤᠨᠢ ᠦᠨᠡᠮᠯᠡᠯ ᠤᠯᠭᠤᠬᠤ ᠶᠢ ᠪᠠᠶᠠᠯᠠᠬᠦᠯᠵᠠᠢ︔ ᠢᠨᠲ᠋ᠧᠷ ᠰᠦᠯᠵᠢᠶ᠎ᠠ + ᠲᠤᠭᠳᠠᠮᠠᠯ ᠬᠦᠷᠦᠩᠭᠡ ᠶᠢ ᠪᠠᠷᠢᠴᠠᠭᠠᠯᠠᠨ ᠲᠠᠩᠰᠠᠯᠠᠬᠤ ᠶᠢ ᠦᠷᠭᠦᠯᠵᠢᠯᠡᠨ ᠠᠬᠢᠭᠤᠯᠵᠤ᠂ ᠲᠤᠭᠳᠠᠮᠠᠯ ᠬᠦᠷᠦᠩᠭᠡ ᠪᠠᠷ ᠪᠠᠷᠢᠴᠠᠭᠠᠯᠠᠬᠤ ᠵᠢᠴᠢ ᠪᠠᠷᠢᠴᠠᠭᠠᠯᠠᠬᠤ ᠶᠢ ᠬᠦᠴᠦᠨ ᠦᠭᠡᠢ ᠪᠤᠯᠭᠠᠬᠤ ᠠᠵᠢᠯ ᠢ ᠰᠢᠭᠤᠳ ᠰᠦᠯᠵᠢᠶᠠᠨ ᠲᠡᠭᠡᠷ᠎ᠠ ᠭᠤᠶᠤᠴᠢᠯᠠᠨ ᠮᠡᠳᠡᠭᠦᠯᠵᠤ᠂ ᠰᠦᠯᠵᠢᠶᠠᠨ ᠲᠡᠭᠡᠷ᠎ᠠ ᠬᠢᠨᠠᠨ ᠬᠠᠷᠭᠤᠭᠤᠯᠵᠠᠢ︔ ᠲᠠᠸᠠᠷ ᠤᠨ ᠭᠡᠷ ᠪᠠᠶᠢᠰᠢᠩ ᠪᠠ ᠨᠦᠬᠡᠴᠡ ᠭᠡᠷ ᠪᠠᠶᠢᠰᠢᠩ ᠤᠨ ᠠᠵᠢᠯ ᠢ ᠦᠪᠡᠷᠲᠡᠭᠡᠨ ᠬᠦᠢᠴᠡᠳᠭᠡᠬᠦ ᠳᠤ ᠤᠢᠢᠯᠡᠴᠢᠯᠡᠬᠦ ᠲᠦᠭᠦᠭᠡᠷᠤᠮᠵᠢ ᠤᠭᠰᠠᠷᠠᠨ ᠲᠤᠬᠢᠷᠠᠭᠤᠯᠵᠠᠢ︔ ᠰᠢᠬᠦᠬᠦ ᠬᠤᠷᠢᠶ᠎ᠠ ᠲᠠᠢ ᠬᠠᠷᠢᠯᠴᠠᠵᠤ ᠲᠤᠭᠳᠠᠮᠠᠯ ᠬᠦᠷᠦᠩᠭᠡ ᠶᠢᠨ ᠲᠠᠩᠰᠠᠯᠠᠯᠳᠠ ᠶᠢᠨ ᠮᠡᠳᠡᠭᠡ ᠵᠠᠩᠬᠢ ᠶᠢᠨ ᠲᠠᠪᠴᠠᠩ ᠤᠨ ᠲᠤᠭ᠎ᠠ ᠪᠠᠷᠢᠮᠳᠠ ᠶᠢᠨ ᠬᠤᠯᠪᠤᠭᠠᠰᠤ ᠶᠢ ᠨᠡᠪᠲᠡᠷᠡᠭᠦᠯᠵᠤ᠂ ᠲᠤᠭᠳᠠᠮᠠᠯ ᠬᠦᠷᠦᠩᠭᠡ ᠶᠢᠨ ᠲᠠᠩᠰᠠᠯᠠᠯᠳᠠ ᠶᠢᠨ ᠮᠡᠳᠡᠭᠡ ᠵᠠᠩᠬᠢ ᠶᠢ ᠬᠠᠷᠢᠯᠴᠠᠨ ᠨᠡᠪᠲᠡᠷᠡᠬᠦᠯᠵᠥ ᠬᠠᠮᠲᠤ ᠪᠠᠷ ᠡᠳ᠋ᠯᠡᠬᠦ ᠶᠢ ᠪᠠᠶᠠᠯᠡᠭᠦᠯᠵᠠᠢ᠃                      ᠢᠷᠡᠯᠲᠡ᠄ ᠣᠯᠠᠭᠠᠨᠴᠠᠪ ᠮᠤᠩᠭᠤᠯ ᠰᠦᠯᠵᠢᠶ᠎ᠡ
 
ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2