ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠡᠳᠬᠢᠯ ᠲᠠᠯᠪᠢᠵᠤ ᠬᠠᠨᠤᠮᠵᠢᠲᠠᠶ ᠬᠠᠤᠯᠢ ᠴᠠᠭᠠᠵᠠ ᠶᠢ | ᠴᠣᠭᠴᠠᠯᠠᠶ᠎ᠠ—ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠳ᠋ᠦᠩ ᠬᠠᠢ ᠴᠢᠨ | | ᠰᠤᠷᠪᠤᠯᠵᠢᠯᠠᠭᠴᠢ᠄ ᠰᠠᠶᠢᠨ ᠪᠠᠶᠢᠵᠠᠭᠠᠨ᠎ᠠ ᠦᠦ︕ ᠥᠨᠥᠳᠦᠷ ᠪᠢᠳᠡ ᠰᠢᠶᠠᠨ ᠤ ᠬᠠᠤᠯᠢ ᠴᠠᠭᠠᠵᠠ ᠶᠢᠨ | ᠲᠣᠪᠴᠢᠶᠠᠨ ᠳᠠᠷᠤᠭ᠎ᠠ ᠳ᠋ᠦᠩ ᠬᠠᠢ ᠴᠢᠨ ᠨᠥᠬᠦᠷ ᠢ ᠤᠷᠢᠯ᠎ᠠ᠂ ᠪᠢᠳᠡᠨ ᠤ ᠥᠨᠥᠳᠦᠷ ᠤᠨ ᠶᠠᠷᠢᠶᠠᠨ ᠤ ᠰᠡᠳᠦᠪ ᠪᠣᠯ | ︽ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠡᠳᠬᠢᠯ ᠲᠠᠯᠪᠢᠵᠤ᠂ ᠬᠠᠨᠤᠮᠵᠢᠲᠠᠢ ᠬᠠᠤᠯᠢ ᠴᠠᠭᠠᠵᠠ ᠶᠢ | ᠴᠣᠭᠴᠠᠯᠠᠬᠤ︾ ᠪᠣᠯᠤᠨ᠎ᠠ᠃ ᠳ᠋ᠦᠩ ᠲᠣᠪᠴᠢᠶᠠᠨ ᠳᠠᠷᠤᠭ᠎ᠠ ᠡ᠂ ᠪᠢᠳᠡᠨ ᠤ ᠨᠡᠪᠲᠡᠷᠡᠭᠦᠯᠭᠡ ᠳᠤ ᠮᠣᠷᠢᠯᠠᠨ | ᠰᠠᠭᠠᠲᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠂ ᠤᠷᠢᠳᠠᠪᠠᠷ ᠮᠠᠨ ᠤ ᠰᠦᠯᠵᠢᠶᠡᠨ ᠤ ᠠᠨᠳᠠ ᠨᠠᠷ ᠲᠠᠢ | ᠮᠡᠨᠳᠦᠴᠢᠯᠡᠭᠡᠷᠡᠶ᠃ | ᠳ᠋ᠦᠩ ᠬᠠᠢ ᠴᠢᠨ᠄ ᠬᠥᠲᠥᠯᠥᠭᠴᠢ ᠰᠠᠶᠢᠨ ᠦᠦ᠂ ᠲᠠ ᠪᠦᠬᠦᠨ ᠰᠠᠶᠢᠨ ᠦᠦ︕ ︽ᠰᠦᠯᠵᠢᠶᠡᠨ ᠳᠠᠬᠢ | ᠰᠤᠷᠪᠤᠯᠵᠢᠯᠠᠭ᠎ᠠ︾ ᠪᠤᠯᠤᠩ ᠢᠶᠠᠷ ᠳᠠᠮᠵᠢᠨ ᠣᠯᠠᠨ ᠲᠠᠢ ᠶᠠᠷᠢᠯᠴᠠᠬᠤ ᠪᠣᠯᠣᠭᠰᠠᠨ ᠳᠠᠭᠠᠨ ᠲᠤᠩ ᠪᠠᠶᠠᠷᠲᠠᠢ ᠪᠠᠶᠢᠨ᠎ᠠ᠃ | ᠠᠳᠡ ᠪᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢ ᠲᠥᠯᠥᠭᠡᠯᠡᠨ ᠤᠯᠠᠨ ᠵᠢᠯ ᠤᠨ ᠲᠤᠷᠰᠢ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠪᠠᠶᠢᠭᠤᠯᠤᠯᠲᠠ ᠪᠣᠯᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ | ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ | ︕ | ᠰᠤᠷᠪᠤᠯᠵᠢᠯᠠᠭᠴᠢ᠄ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠪᠣᠯ ᠮᠠᠨ ᠤ ᠤᠯᠤᠰ ᠤᠨ ᠤᠯᠤᠰ ᠢᠶᠠᠨ ᠵᠠᠰᠠᠬᠤ ᠨᠢᠭᠡᠨ | ᠦᠨᠳᠦᠰᠦᠨ ᠠᠷᠭ᠎ᠠ ᠪᠣᠳᠣᠯᠭ᠎ᠠ ᠮᠥᠨ᠂ ᠭᠡᠪᠡᠴᠦ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ᠂ ᠬᠥᠮᠦᠰ ᠤᠨ | ᠰᠡᠳᠬᠢᠯ ᠳᠠᠬᠢ ᠤᠬᠠᠭᠳᠠᠬᠤᠨ ᠨᠢ ᠪᠠᠰᠠ ᠨᠡᠯᠢᠶᠡᠳ ᠪᠠᠯᠠᠷᠬᠠᠶ ᠪᠣᠯᠵᠤ ᠮᠡᠳᠡᠨ᠎ᠡ᠃ ᠳ᠋ᠦᠩ ᠲᠣᠪᠴᠢᠶᠠᠨ ᠳᠠᠷᠤᠭ᠎ᠠ᠂ | ᠲᠠ ᠤᠷᠢᠳᠠᠪᠠᠷ ᠮᠠᠨ ᠤ ᠬᠠᠤᠯᠢ ᠴᠠᠭᠠᠵᠠ ᠶᠢᠨ ᠲᠣᠪᠴᠢᠶᠠᠨ ᠤ ᠵᠠᠷᠢᠮ ᠭᠤᠤᠯ ᠡᠭᠦᠷᠭᠡ ᠬᠠᠷᠢᠭᠤᠴᠠᠯᠭ᠎ᠠ ᠪᠠ ᠠᠵᠢᠯ | ᠶᠢᠨ ᠰᠠᠯᠠᠭ᠎ᠠ ᠮᠥᠴᠢᠷ ᠢ ᠲᠠᠨᠢᠯᠴᠠᠭᠤᠯᠤᠭᠠᠳ ᠥᠭᠭᠦᠨ᠎ᠡ ᠦᠦ︖ | ᠳ᠋ᠦᠩ ᠬᠠᠢ ᠴᠢᠨ᠄ ᠪᠣᠯᠤᠨ᠎ᠠ᠂ ᠬᠠᠤᠯᠢ ᠴᠠᠭᠠᠵᠠ ᠶᠢᠨ ᠲᠣᠪᠴᠢᠶ᠎ᠠ ᠨᠢ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠡᠭᠦᠨ ᠳᠤ ᠭᠤᠣᠯᠳᠠᠭᠤ ᠳᠣᠣᠷᠠᠬᠢ ᠮᠡᠲᠦ | ᠡᠭᠦᠷᠭᠡ ᠴᠢᠳᠠᠪᠤᠷᠢ ᠲᠠᠢ᠄ ︵ᠨᠢᠭᠡ︶ ᠠᠯᠪᠠᠨ ᠭᠡᠷ ᠨᠢ ᠲᠣᠪᠴᠢᠶ᠎ᠠ ᠶᠢ ᠬᠠᠪᠰᠤᠷᠤᠨ ᠪᠠᠶᠢᠭᠤᠯᠭ᠎ᠠ ᠶᠢᠨ ᠠᠵᠢᠯ ᠢ | ᠤᠳᠤᠷᠢᠳᠤᠨ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠡᠯ᠎ᠡ ᠲᠠᠰᠤᠭ ᠤᠨ | ᠠᠵᠢᠯ ᠤᠨ ᠬᠠᠷᠢᠴᠠᠭ᠎ᠠ ᠶᠢ ᠵᠣᠬᠢᠴᠠᠭᠤᠯᠤᠨ᠂ ᠪᠠᠶᠢᠭᠤᠯᠭ᠎ᠠ ᠶᠢᠨ ᠡᠯ᠎ᠡ ᠵᠦᠢᠯ ᠤᠨ ᠠᠵᠢᠯ ᠤᠨ ᠲᠦᠷᠢᠮ ᠢ | ᠲᠣᠭᠲᠠᠭᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠡᠳᠡᠭᠦᠯᠦᠯᠲᠡ ᠶᠢ ᠲᠤᠭᠤᠷᠪᠢᠵᠤ᠂ ᠬᠤᠷᠠᠯ ᠤᠨ | ᠵᠣᠬᠢᠶᠠᠨ ᠪᠠᠶᠢᠭᠤᠯᠤᠯᠲᠠ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠲᠠᠩᠰᠠ ᠡᠪᠬᠡᠮᠡᠯ᠂ | ᠨᠢᠭᠤᠴᠠ ᠶᠢ ᠬᠠᠮᠠᠭᠠᠯᠠᠬᠤ ᠵᠢᠴᠢ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ | ᠢ ᠬᠠᠷᠢᠭᠤᠴᠠᠨ᠎ᠠ᠃ ︵ᠬᠤᠶᠠᠷ ︶ ᠤᠬᠠᠭᠤᠯᠭ᠎ᠠ ᠬᠥᠮᠦᠵᠢᠯ ᠤᠨ ᠲᠠᠰᠤᠭ ᠨᠢ ᠬᠠᠤᠯᠢ ᠳᠦᠷᠢᠮ ᠤᠨ ᠤᠬᠠᠭᠤᠯᠭ᠎ᠠ | ᠬᠥᠮᠦᠵᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠰᠠᠯᠠᠭ᠎ᠠ | ᠮᠥᠴᠢᠷ ᠪᠣᠯᠤᠨ ᠨᠢᠭᠡᠴᠡ ᠶᠢᠨ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯ ᠢ ᠪᠠᠶᠢᠴᠠᠭᠠᠵᠤ | ᠰᠢᠮᠳᠠᠭᠤᠯᠤᠨ᠎ᠠ︔ ᠬᠠᠤᠯᠢ ᠶᠣᠰᠣᠭᠠᠷ ᠵᠠᠰᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ︔ ᠬᠠᠤᠯᠢ ᠳᠦᠷᠢᠮ ᠤᠨ | ᠤᠬᠠᠭᠤᠯᠭ᠎ᠠ ᠬᠥᠮᠦᠵᠢᠯ ᠤᠨ ᠠᠵᠢᠯ ᠤᠨ ᠪᠣᠯᠪᠠᠰᠤᠷᠠᠭᠤᠯᠤᠯ᠂ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ︔ ᠬᠠᠤᠯᠢ | ᠲᠦᠷᠢᠮ ᠤᠨ ᠤᠬᠠᠭᠤᠯᠭ᠎ᠠ ᠬᠥᠮᠦᠵᠢᠯ ᠤᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ ︵ᠭᠤᠷᠪᠠ︶ | ᠦᠨᠳᠦᠰᠦᠨ ᠱᠠᠲᠤᠨ ᠤ ᠲᠠᠰᠤᠭ ᠨᠢ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ | ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠣᠯᠤᠨ ᠠᠷᠠᠳ ᠤᠨ ᠡᠶᠡᠳᠡᠭᠦᠯᠬᠦ ᠲᠤᠬᠠᠶᠢᠯᠠᠭᠰᠠᠨ ᠠᠵᠢᠯ ᠢ | ᠬᠠᠷᠢᠭᠤᠴᠠᠨ ᠵᠢᠯᠣᠭᠤᠳᠴᠤ᠂ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠠᠵᠢᠯᠲᠠᠨ ᠤ ᠬᠠᠮᠢᠶᠠᠷᠤᠯᠲᠠ ᠪᠣᠯᠤᠨ ᠪᠣᠯᠪᠠᠰᠤᠷᠠᠭᠤᠯᠤᠯ ᠤᠨ ᠠᠵᠢᠯ ᠢ | ᠬᠠᠷᠢᠭᠤᠴᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠬᠢᠭᠡᠳ ᠲᠤᠰ ᠭᠠᠵᠠᠷ ᠤᠨ ᠵᠠᠰᠠᠭ ᠤᠨ | ᠣᠷᠳᠣᠨ ᠤ ᠬᠠᠷᠢᠴᠠᠭ᠎ᠠ ᠶᠢ ᠬᠠᠷᠢᠭᠤᠴᠠᠨ ᠵᠣᠬᠢᠴᠠᠭᠤᠯᠵᠤ᠂ ᠶᠡᠷᠦᠩᠬᠡᠶᠢᠯᠡᠨ ᠵᠠᠰᠠᠬᠤ ᠠᠵᠢᠯ ᠪᠣᠯᠤᠨ ︽ᠬᠤᠶᠠᠷ | ᠬᠥᠳᠡᠯᠮᠦᠷᠢ︾ ᠶᠢᠨ ᠪᠤᠴᠠᠵᠤ ᠢᠷᠡᠭᠰᠡᠳ ᠢ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠡ᠃ | ︵ᠳᠥᠷᠪᠡ︶ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠡᠭᠡ ᠠᠩᠭᠢ ᠨᠢ ᠤᠯᠤᠰ ᠤᠨ ᠬᠤᠯᠪᠣᠭᠳᠠᠯ ᠪᠦᠬᠦᠢ | ᠬᠤᠷᠢᠬᠤ ᠪᠤᠰᠤ ᠡᠷᠡᠭᠦᠦ ᠰᠢᠳᠬᠡᠯ ᠢ ᠭᠦᠢᠴᠡᠳᠬᠡᠬᠦ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠳ᠋ᠦᠶᠰᠢᠶᠠᠩ ᠤᠨ ᠬᠦᠯᠢᠶᠡᠬᠦ᠂ ᠬᠥᠮᠦᠵᠢᠭᠦᠯᠬᠦ᠂ ᠬᠠᠮᠢᠶᠠᠷᠬᠤ᠂ | ᠬᠢᠨᠠᠯᠲᠠ ᠲᠠᠯᠪᠢᠬᠤ᠂ ᠰᠢᠯᠭᠠᠨ ᠪᠠᠶᠢᠴᠠᠭᠠᠬᠤ᠂ ᠵᠠᠯᠠᠷᠠᠭᠤᠯᠭ᠎ᠠ ᠶᠢ ᠬᠦᠴᠦᠨ ᠦᠭᠡᠢ ᠪᠣᠯᠭᠠᠬᠤ ᠵᠡᠷᠭᠡ ᠬᠤᠯᠪᠣᠭᠳᠠᠯ | ᠪᠦᠬᠦᠢ ᠪᠣᠳᠠᠲᠠᠢ ᠠᠵᠢᠯ ᠢ ᠬᠠᠷᠢᠭᠤᠴᠠᠨ᠎ᠠ︔ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠡᠶᠢᠭᠡᠮ ᠲᠣᠭᠤᠷᠢᠭ | ᠤᠨ ᠵᠠᠯᠠᠷᠠᠭᠤᠯᠬᠤ ᠡᠲᠡᠭᠡᠳ ᠲᠤ ᠬᠢᠨᠠᠨ ᠰᠢᠯᠭᠠᠯᠲᠠ ᠬᠢᠬᠦ ᠶᠢᠨ ᠬᠠᠮᠲᠤ᠂ ᠬᠢᠨᠠᠨ ᠰᠢᠯᠭᠠᠭᠰᠠᠨ ᠦᠷ᠎ᠡ ᠳ᠋ᠦᠩ ᠢ | ᠦᠨᠳᠦᠰᠦᠯᠡᠨ ᠱᠠᠩᠨᠠᠵᠤ ᠲᠣᠷᠭᠠᠬᠤ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠤᠨ᠎ᠠ︔ ᠬᠥᠳᠡᠯᠮᠦᠷᠢᠯᠡᠬᠦ ᠴᠢᠳᠠᠪᠤᠷᠢ | ᠲᠠᠢ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠵᠣᠬᠢᠶᠠᠨ ᠪᠠᠶᠢᠭᠤᠯᠤᠨ ᠨᠡᠶᠢᠲᠡ ᠶᠢᠨ ᠠᠰᠠᠷᠠᠮᠵᠢ ᠶᠢᠨ | ᠬᠥᠳᠡᠯᠮᠦᠷᠢ ᠳᠤ ᠣᠷᠣᠯᠴᠠᠭᠤᠯᠬᠤ ᠵᠡᠷᠭᠡ ᠪᠣᠳᠠᠲᠠᠶ ᠠᠵᠢᠯ ᠢ ᠬᠠᠷᠢᠭᠤᠴᠠᠨ᠎ᠠ᠃ ︵ᠲᠠᠪᠤ︶ ᠬᠠᠤᠯᠢ ᠳᠦᠷᠢᠮ ᠤᠨ | ᠲᠠᠰᠤᠭ ᠨᠢ ᠪᠦᠬᠦ ᠰᠢᠶᠠᠨ ᠤ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠬᠤ ᠪᠠ | ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠬᠤ ᠶᠢᠨ ᠬᠠᠮᠲᠤ ᠪᠦᠬᠦ ᠰᠢᠶᠠᠨ ᠤ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠬᠢᠨᠠᠯᠲᠠ ᠲᠠᠯᠪᠢᠵᠤ᠂ | ᠬᠠᠮᠢᠶᠠᠷᠤᠨ᠎ᠠ︔ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ | ᠬᠠᠮᠲᠤᠷᠠᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ | ᠰᠢᠢᠳᠪᠤᠷᠢᠯᠡᠨ᠎ᠡ︔ ᠪᠦᠬᠦ ᠰᠢᠶᠠᠨ ᠤ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠭᠴᠢ ᠶᠢᠨ | ᠬᠢᠨᠠᠨ ᠰᠢᠯᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠬᠠᠤᠯᠢ ᠲᠦᠭᠡᠮᠡᠯᠵᠢᠭᠦᠯᠬᠦ᠂ ᠲᠤᠭ᠎ᠠ ᠪᠦᠷᠢᠳᠬᠡᠯ ᠤᠨ ᠳᠠᠩᠰᠠᠯᠠᠯ᠂ ᠲᠤᠭ᠎ᠠ | ᠪᠦᠷᠢᠳᠬᠡᠯ ᠤᠨ ᠺᠠᠳ᠋ᠷ ᠤᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠳᠤ ᠬᠢᠨᠠᠨ ᠰᠢᠯᠭᠠᠯᠲᠠ ᠬᠢᠬᠦ | ᠶᠢ ᠬᠠᠷᠢᠭᠤᠴᠠᠨ᠎ᠠ᠃ ︵ᠵᠢᠷᠭᠤᠭ᠎ᠠ︶ ᠬᠠᠤᠯᠢ ᠴᠠᠭᠠᠵᠠ ᠶᠢᠨ ᠠᠯᠪᠠᠨ ᠲᠠᠰᠤᠭ᠂ ᠬᠠᠮᠢᠶᠠᠷᠤᠯᠲᠠ ᠶᠢᠨ ᠠᠯᠪᠠᠨ | ᠭᠡᠷᠡᠴᠢᠯᠡᠭᠡᠨ ᠤ ᠭᠠᠵᠠᠷ ᠪᠣᠯᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠬᠤᠶᠠᠷ ᠬᠤᠶᠠᠳᠤᠭᠠᠷ ᠳᠡᠰ | ᠤᠨ ᠨᠢᠭᠡᠴᠡ᠃ ᠠᠯᠪᠠᠨ ᠭᠡᠷᠡᠴᠢᠯᠡᠭᠡ ᠶᠢᠨ ᠭᠠᠵᠠᠷ ᠪᠠᠶᠢᠭᠠᠯᠢ ᠬᠥᠮᠦᠨ᠂ ᠬᠠᠤᠯᠢ ᠶᠢᠨ ᠬᠥᠮᠦᠨ ᠪᠤᠶᠤ ᠪᠤᠰᠤᠳ | ᠵᠣᠬᠢᠶᠠᠨ ᠪᠠᠶᠢᠭᠤᠯᠤᠯᠲᠠ ᠶᠢᠨ ᠭᠤᠶᠤᠴᠢᠯᠠᠯ ᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ | ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ᠂ ᠬᠠᠤᠯᠢ ᠴᠠᠭᠠᠵᠠ ᠶᠢᠨ ᠠᠴᠢ ᠬᠤᠯᠪᠣᠭᠳᠠᠯ ᠲᠠᠢ | ᠪᠣᠳᠠᠲᠤ ᠶᠠᠪᠤᠳᠠᠯ ᠪᠠ ᠪᠢᠴᠢᠭ ᠬᠠᠷ᠎ᠠ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠢ ᠭᠡᠷᠡᠴᠢᠯᠡᠬᠦ ᠶᠢ | ᠬᠠᠷᠢᠭᠤᠴᠠᠨ᠎ᠠ︔ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠡᠲᠡᠭᠡᠳ ᠤᠨ ᠭᠤᠶᠤᠴᠢᠯᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠨᠡᠶᠢᠭᠡᠮ ᠤᠨ ᠪᠠᠭᠤᠷᠠᠢ ᠬᠠᠮᠲᠤᠯᠢᠭ ᠲᠤ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠰᠤᠷᠪᠤᠯᠵᠢᠯᠠᠭᠴᠢ᠄ ᠰᠠᠶ᠋ᠢᠬᠠᠨ ᠳ᠋ᠦᠩ ᠲᠣᠪᠴᠢᠶᠠᠨ ᠳᠠᠷᠤᠭ᠎ᠠ ᠭᠤᠤᠯ ᠠᠵᠢᠯ ᠢᠶᠠᠨ ᠲᠠᠨᠢᠯᠴᠠᠭᠤᠯᠬᠤ ᠳᠠᠭᠠᠨ | ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢ ᠳᠤᠷᠠᠳᠪᠠ᠂ ᠮᠢᠨᠦ ᠪᠤᠳᠤᠬᠤ ᠪᠠᠷ ᠮᠠᠰᠢ ᠣᠯᠠᠨ ᠦᠵᠡᠭᠴᠢᠳ ᠨᠡᠶᠢᠭᠡᠮ | ᠲᠣᠭᠤᠷᠢᠭ ᠤᠨ ᠵᠠᠯᠠᠷᠠᠭᠤᠯᠭ᠎ᠠ ᠶᠢ ᠳᠡᠮᠡᠶ ᠣᠶᠢᠯᠠᠭᠠᠬᠤ ᠥᠬᠡᠶ ᠪᠠᠶᠢᠨ᠎ᠠ᠂ ᠣᠲᠣ ᠳ᠋ᠦᠩ ᠲᠣᠪᠴᠢᠶᠠᠨ ᠳᠠᠷᠤᠭ᠎ᠠ | ᠲᠠᠨᠢᠯᠴᠠᠭᠤᠯᠤᠭᠠᠳ ᠥᠭᠭᠦᠨ᠎ᠡ ᠦᠦ︖ | ᠳ᠋ᠦᠩ ᠬᠠᠢ ᠴᠢᠨ᠄ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠨᠢ ᠬᠤᠷᠢᠬᠤ ᠪᠠ ᠵᠠᠯᠠᠷᠠᠭᠤᠯᠬᠤ ᠯᠤᠭ᠎ᠠ | ᠬᠠᠷᠢᠴᠠᠩᠭᠤᠢ ᠪᠠᠷ ᠡᠷᠡᠭᠦᠦ ᠰᠢᠳᠬᠡᠯ ᠭᠦᠢᠴᠡᠳᠬᠡᠬᠦ ᠠᠷᠭ᠎ᠠ ᠮᠠᠶ᠋ᠢᠭ ᠪᠣᠯᠤᠨ᠎ᠠ᠂ ᠲᠡᠷᠡ ᠨᠢ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢᠨ ᠨᠥᠬᠦᠴᠡᠯ ᠳᠤ ᠨᠡᠶᠢᠴᠡᠬᠦ ᠶᠠᠯᠠᠳᠠᠨ ᠢ ᠨᠡᠶᠢᠭᠡᠮ ᠲᠣᠭᠤᠷᠢᠭ ᠤᠨ ᠳᠣᠲᠣᠷ᠎ᠠ ᠲᠠᠯᠪᠢᠵᠤ᠂ ᠲᠤᠰᠬᠠᠢ | ᠲᠦᠷᠦ ᠶᠢᠨ ᠪᠠᠶᠢᠭᠤᠯᠭ᠎ᠠ᠂ ᠬᠤᠯᠪᠣᠭᠳᠠᠯ ᠪᠦᠬᠦᠢ ᠨᠡᠶᠢᠭᠡᠮ ᠤᠨ ᠪᠦᠯᠬᠦᠮ ᠪᠠ ᠠᠷᠠᠳ ᠤᠨ ᠵᠣᠬᠢᠶᠠᠨ ᠪᠠᠶᠢᠭᠤᠯᠤᠯᠲᠠ | ᠵᠢᠴᠢ ᠨᠡᠶᠢᠭᠡᠮ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠪᠰᠤᠷᠤᠯᠭ᠎ᠠ ᠳᠣᠣᠷ᠎ᠠ᠂ ᠰᠢᠭᠦᠨ ᠲᠠᠰᠤᠯᠤᠯᠳᠠ᠂ | ᠲᠣᠭᠲᠠᠭᠠᠯᠲᠠ ᠪᠤᠶᠤ ᠲᠣᠭᠲᠠᠭᠠᠯ ᠲᠣᠭᠲᠠᠭᠠᠭᠰᠠᠨ ᠬᠤᠭᠤᠴᠠᠭᠠᠨ ᠳᠣᠲᠣᠷ᠎ᠠ᠂ ᠲᠡᠭᠦᠨ ᠤ ᠶᠠᠯ᠎ᠠ ᠬᠢᠬᠦ ᠰᠡᠳᠬᠢᠴᠡ | ᠪᠠ ᠦᠢᠯᠡ ᠠᠵᠢᠯᠯᠠᠭ᠎ᠠ ᠶᠢᠨ ᠮᠠᠭᠤ ᠳᠠᠳᠬᠠᠯ ᠢ ᠵᠠᠯᠠᠷᠠᠭᠤᠯᠬᠤ ᠶᠢᠨ ᠬᠠᠮᠲᠤ ᠲᠡᠭᠦᠨ ᠤ ᠤᠷᠤᠭᠰᠢᠲᠠᠢ ᠪᠠᠷ ᠨᠡᠶᠢᠭᠡᠮ | ᠳᠤ ᠪᠤᠴᠠᠬᠤ ᠶᠢ ᠠᠬᠢᠭᠤᠯᠬᠤ ᠬᠤᠷᠢᠬᠤ ᠦᠭᠡᠢ ᠡᠷᠡᠭᠦᠦ ᠰᠢᠳᠬᠡᠯ ᠢ ᠭᠦᠢᠴᠡᠳᠬᠡᠬᠦ ᠠᠵᠢᠯᠯᠠᠭ᠎ᠠ ᠶᠢ ᠵᠢᠭᠠᠵᠤ ᠪᠠᠶᠢᠨ᠎ᠠ | ᠃ ᠨᠡᠶᠢᠭᠡᠮ ᠲᠣᠭᠤᠷᠢᠭ ᠲᠤ ᠵᠠᠯᠠᠷᠠᠭᠤᠯᠬᠤ ᠳ᠋ᠦᠶᠰᠢᠶᠠᠩ ᠪᠣᠯ᠄ ᠵᠠᠬᠢᠷᠤᠨ ᠬᠠᠮᠢᠶᠠᠷᠬᠤ᠂ ᠡᠷᠡᠭᠦᠦ ᠰᠢᠳᠬᠡᠯ ᠢ ᠨᠢ | ᠬᠤᠶᠢᠰᠢᠯᠠᠭᠤᠯᠬᠤ ᠪᠠᠷ ᠵᠠᠷᠯᠠᠬᠤ᠂ ᠲᠡᠩᠰᠡᠨ ᠰᠤᠯᠠᠯᠠᠬᠤ ᠪᠠᠷ ᠲᠠᠰᠤᠯᠤᠨ ᠲᠣᠭᠲᠠᠭᠠᠬᠤ᠂ ᠲᠦᠷ ᠭᠢᠨᠳᠠᠨ ᠤ ᠭᠠᠳᠠᠨ᠎ᠠ | ᠭᠦᠢᠴᠡᠳᠬᠡᠬᠦ ᠵᠢᠴᠢ ᠤᠯᠤᠰ ᠲᠦᠷᠦ ᠶᠢᠨ ᠡᠷᠬᠡ ᠪᠠᠨ ᠬᠠᠰᠤᠭᠤᠯᠵᠤ ᠨᠡᠶᠢᠭᠡᠮ ᠳᠤ ᠡᠷᠡᠭᠦᠦ ᠰᠢᠳᠬᠡᠯ | ᠭᠦᠢᠴᠡᠳᠬᠡᠭᠦᠯᠦᠭᠰᠡᠨ ᠲᠠᠪᠤᠨ ᠵᠦᠢᠯ ᠤᠨ ᠶᠠᠯᠠᠳᠠᠨ ᠪᠣᠯᠤᠨ᠎ᠠ᠃ ᠡᠷᠡᠭᠦᠦ ᠶᠢᠨ ᠬᠠᠤᠯᠢ ᠳᠤ ᠵᠠᠰᠠᠪᠤᠷᠢ | ᠣᠷᠣᠭᠤᠯᠤᠭᠰᠠᠨ ᠲᠥᠰᠦᠯ ︵ᠨᠠᠢᠮᠠ︶ ᠳᠤ ᠵᠠᠬᠢᠷᠤᠨ ᠬᠠᠮᠢᠶᠠᠷᠬᠤ᠂ ᠡᠷᠡᠭᠦᠦ ᠰᠢᠳᠬᠡᠯ ᠢ ᠨᠢ ᠬᠤᠶᠢᠰᠢᠯᠠᠭᠤᠯᠬᠤ ᠪᠠᠷ | ᠵᠠᠷᠯᠠᠬᠤ ᠪᠠ ᠳᠠᠩᠰᠠ ᠰᠤᠯᠠᠯᠠᠬᠤ ᠪᠠᠷ ᠲᠣᠭᠲᠠᠭᠠᠯᠲᠠ ᠭᠠᠷᠭᠠᠭᠰᠠᠨ ᠶᠠᠯᠠᠳᠠᠨ ᠳᠤ ᠬᠠᠤᠯᠢ ᠶᠣᠰᠣᠭᠠᠷ ᠨᠡᠶᠢᠭᠡᠮ | ᠲᠣᠭᠤᠷᠢᠭ ᠤᠨ ᠵᠠᠯᠠᠷᠠᠭᠤᠯᠭ᠎ᠠ ᠶᠢ ᠬᠡᠷᠡᠭᠵᠢᠭᠦᠯᠵᠦ᠂ ᠡᠷᠡᠭᠦᠦ ᠶᠢᠨ ᠵᠠᠷᠭᠤ ᠶᠢᠨ ᠬᠠᠤᠯᠢ ᠳᠤ ᠵᠠᠰᠠᠪᠤᠷᠢ | ᠣᠷᠣᠭᠤᠯᠤᠭᠰᠠᠨ ᠲᠥᠰᠦᠯ ᠳᠤ ᠳᠦᠷ ᠭᠢᠨᠳᠠᠨ ᠤ ᠭᠠᠳᠠᠨ᠎ᠠ ᠭᠦᠢᠴᠡᠳᠬᠡᠬᠦ ᠶᠠᠯᠠᠳᠠᠨ ᠢ ᠨᠡᠶᠢᠭᠡᠮ ᠲᠣᠭᠤᠷᠢᠭ ᠤᠨ | ᠵᠠᠯᠠᠷᠠᠭᠤᠯᠭ᠎ᠠ ᠶᠢ ᠬᠡᠷᠡᠭᠯᠡᠬᠦ ᠬᠡᠪᠴᠢᠶᠡᠨ ᠳᠤ ᠣᠷᠣᠭᠤᠯᠤᠨ᠎ᠠ ᠭᠡᠵᠦ ᠲᠣᠳᠣᠷᠬᠠᠶᠢᠯᠠᠪᠠ᠃ ︽ᠨᠡᠶᠢᠭᠡᠮ ᠲᠣᠭᠤᠷᠢᠭ ᠲᠤ | ᠵᠠᠯᠠᠷᠠᠭᠤᠯᠬᠤ ᠶᠢ ᠬᠡᠷᠡᠭᠵᠢᠭᠦᠯᠬᠦ ᠠᠷᠭ᠎ᠠ︾ ᠳᠤ ᠤᠯᠤᠰ ᠲᠦᠷᠦ ᠶᠢᠨ ᠡᠷᠬᠡ ᠶᠢ ᠨᠢ ᠬᠠᠰᠤᠵᠤ ᠨᠡᠶᠢᠭᠡᠮ ᠳᠤ ᠡᠷᠡᠭᠦᠦ | ᠰᠢᠳᠬᠡᠯ ᠭᠦᠢᠴᠡᠳᠬᠡᠵᠦ ᠪᠠᠶᠢᠭ᠎ᠠ ᠶᠠᠯᠠᠳᠠᠨ ᠤ ᠡᠷᠡᠭᠦᠦ ᠰᠢᠳᠬᠡᠯ ᠢ ᠭᠦᠢᠴᠡᠳᠬᠡᠬᠦ ᠠᠷᠭ᠎ᠠ ᠮᠠᠶ᠋ᠢᠭ ᠤᠨ ᠲᠤᠬᠠᠢ | ᠣᠨᠴᠠᠭᠠᠢ ᠲᠣᠭᠲᠠᠭᠠᠯ ᠭᠠᠷᠭᠠᠵᠤ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠨ᠂ ᠲᠡᠭᠦᠨ ᠤ ᠡᠷᠡᠭᠦᠦ ᠶᠢᠨ ᠬᠠᠤᠯᠢ ᠶᠢᠨ ᠲᠠᠪᠢᠨ ᠳᠥᠷᠪᠡᠳᠦᠭᠡᠷ ᠵᠦᠢᠯ | ᠤᠨ ᠲᠣᠭᠲᠠᠭᠠᠯ ᠢ ᠵᠢᠷᠤᠮᠯᠠᠨ ᠰᠠᠬᠢᠬᠤ ᠳᠤ ᠬᠢᠨᠠᠯᠲᠠ ᠲᠠᠯᠪᠢᠬᠤ ᠶᠢᠨ ᠬᠠᠮᠲᠤ ᠬᠤᠯᠪᠣᠭᠳᠠᠯ ᠪᠦᠬᠦᠢ ᠮᠡᠳᠡᠭᠡ ᠵᠠᠩᠭᠢ | ᠶᠢ ᠴᠠᠭ ᠲᠤᠬᠠᠢ ᠳᠤᠨᠢ ᠡᠵᠡᠮᠰᠢᠬᠦ ᠶᠢ ᠲᠣᠳᠣᠷᠬᠠᠶᠢᠯᠠᠪᠠ᠃ ᠡᠭᠦᠨ ᠤ ᠵᠡᠷᠭᠡᠴᠡᠭᠡᠪᠡᠷ᠂ ᠡᠶᠢᠮᠦᠷᠬᠦ ᠲᠦᠷᠦᠯ ᠤᠨ | ᠶᠠᠯᠠᠳᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠭᠰᠠᠨ ᠰᠡᠳᠬᠢᠴᠡ ᠶᠢᠨ | ᠬᠠᠪᠰᠤᠷᠤᠨ ᠵᠢᠯᠤᠭᠤᠳᠤᠯᠭ᠎ᠠ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠠᠵᠢᠯ ᠣᠯᠭᠤᠯᠲᠠ ᠶᠢᠨ ᠵᠢᠯᠣᠭᠤᠳᠬᠤ | ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠵᠤ ᠪᠣᠯᠤᠨ᠎ᠠ᠃ | ᠰᠤᠷᠪᠤᠯᠵᠢᠯᠠᠭᠴᠢ᠄ ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠰᠡᠨ ᠤ ᠲᠠᠷᠠᠭ᠎ᠠ᠂ ᠵᠠᠰᠠᠭ ᠤᠨ ᠣᠷᠳᠣᠨ ᠤ | ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠡᠭᠦᠷᠭᠡ ᠴᠢᠳᠠᠪᠤᠷᠢ ᠶᠢ ᠰᠢᠶᠠᠨ ᠤ ᠬᠠᠤᠯᠢ ᠴᠠᠭᠠᠵᠠ ᠶᠢᠨ | ᠲᠣᠪᠴᠢᠶ᠎ᠠ ᠳᠤ ᠡᠮᠬᠢᠯᠡᠨ ᠨᠡᠶᠢᠯᠡᠭᠦᠯᠪᠡ᠂ ᠣᠳᠣ ᠳ᠋ᠦᠩ ᠲᠣᠪᠴᠢᠶᠠᠨ ᠳᠠᠷᠤᠭ᠎ᠠ ᠠᠴᠠ ᠬᠠᠤᠯᠢ ᠪᠠᠷ ᠵᠠᠰᠠᠬᠤ ᠠᠵᠢᠯ | ᠤᠨ ᠠᠯᠪᠠᠨ ᠭᠡᠷ ᠤᠨ ᠭᠤᠣᠯ ᠡᠭᠦᠷᠭᠡ ᠴᠢᠳᠠᠪᠤᠷᠢ ᠳᠤ ᠶᠠᠭᠤ ᠶᠠᠭᠤ ᠪᠠᠶᠢᠬᠤ ᠶᠢ ᠣᠯᠠᠨ ᠳᠤ ᠲᠠᠨᠢᠯᠴᠠᠭᠤᠯᠵᠤ | ᠥᠭᠭᠦᠨ᠎ᠡ ᠦᠦ︖ | ᠳ᠋ᠦᠩ ᠬᠠᠶ ᠴᠢᠨ᠄ ᠬᠠᠤᠯᠢ ᠪᠠᠷ ᠵᠠᠰᠠᠬᠤ ᠠᠯᠪᠠᠨ ᠬᠡᠷ ᠨᠢ ᠭᠤᠤᠯᠳᠠᠭᠤ ᠬᠠᠤᠯᠢ ᠶᠣᠰᠣᠭᠠᠷ ᠵᠠᠰᠠᠭ ᠶᠠᠪᠤᠭᠤᠯᠬᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ | ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠢ | ᠨᠢᠭᠡᠳᠦᠯᠲᠡᠶ ᠲᠥᠯᠥᠪᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠸᠠᠳᠧ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ | ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠡᠯ᠎ᠡ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠰᠢᠶᠠᠨ ᠤ ᠱᠠᠲᠤᠨ ᠤ ᠡᠯ᠎ᠡ ᠰᠠᠯᠠᠭ᠎ᠠ ᠮᠥᠴᠢᠷ ᠤᠨ ᠬᠤᠸᠠᠳᠧ ᠰᠢᠶᠠᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠢ | ᠬᠠᠷᠢᠭᠤᠴᠠᠨ ᠬᠢᠨᠠᠨ ᠪᠠᠶᠢᠴᠠᠭᠠᠬᠤ ᠶᠢᠨ ᠬᠠᠮᠲᠤ ᠵᠣᠬᠢᠴᠠᠩᠭᠤᠶ ᠪᠦᠬᠦᠢ ᠬᠠᠷᠢᠭᠤᠴᠠᠯᠭ᠎ᠠ ᠶᠢ ᠡᠭᠦᠷᠭᠡᠯᠡᠵᠦ᠂ | ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠯᠤᠭ᠎ᠠ ᠬᠠᠷᠰᠢᠯᠳᠤᠵᠤ ᠪᠠᠶᠢᠬᠤ | ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ ᠠᠳᠠᠯᠢ ᠪᠤᠰᠤ ᠪᠠᠶᠢᠳᠠᠯ ᠢ ᠦᠨᠳᠦᠰᠦᠯᠡᠨ ᠰᠢᠶᠳᠪᠦᠷᠢᠯᠡᠬᠦ ᠰᠠᠨᠠᠯ ᠢᠶᠠᠨ | ᠳᠤᠷᠠᠳᠤᠨ᠎ᠠ︔ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠠᠬᠢ ᠬᠠᠷᠢᠭᠤᠴᠠᠯᠭ᠎ᠠ ᠶᠢᠨ ᠳᠦᠷᠢᠮ ᠪᠣᠯᠤᠨ ᠦᠨᠡᠯᠡᠨ ᠶᠠᠷᠢᠯᠴᠠᠵᠤ ᠬᠢᠨᠠᠨ ᠰᠢᠯᠭᠠᠬᠤ ᠳᠦᠷᠢᠮ ᠢ | ᠬᠠᠷᠢᠭᠤᠴᠠᠨ ᠶᠠᠪᠤᠭᠤᠯᠤᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ︔ ᠪᠦᠬᠦ ᠰᠢᠶᠠᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ | ᠵᠠᠰᠠᠭ ᠵᠠᠬᠢᠷᠭᠠᠨ ᠤ ᠲᠥᠯᠥᠪᠦᠷᠢ ᠥᠭᠬᠦ᠂ ᠵᠠᠰᠠᠭ ᠵᠠᠬᠢᠷᠭᠠᠨ ᠤ ᠨᠥᠬᠦᠪᠥᠷᠢ ᠥᠭᠬᠦ ᠠᠵᠢᠯ ᠢ ᠬᠢᠨᠠᠨ ᠪᠠᠶᠢᠴᠠᠭᠠᠵᠤ | ᠵᠢᠯᠣᠭᠤᠳᠤᠨ᠎ᠠ︔ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ | ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠶᠢᠨ ᠬᠡᠷᠡᠭ ᠢ ᠰᠢᠶᠳᠪᠦᠷᠢᠯᠡᠬᠦ ᠠᠵᠢᠯ ᠢ | ᠬᠠᠷᠢᠭᠤᠴᠠᠨ᠎ᠠ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ︔ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠪᠠᠶᠢᠭᠤᠯᠭ᠎ᠠ | ᠪᠣᠯᠤᠭᠰᠠᠨ ᠤ ᠬᠤᠪᠢ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠬᠢᠨᠠᠨ ᠪᠠᠶᠢᠴᠠᠭᠠᠬᠤ ᠶᠢ | ᠬᠠᠷᠢᠭᠤᠴᠠᠨ᠎ᠠ︔ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠭᠠᠷᠭᠠᠭᠰᠠᠨ | ᠭᠡᠷᠡᠴᠢᠯᠡᠭᠡ ᠰᠣᠨᠣᠰᠬᠤ ᠳᠤ ᠬᠢᠨᠠᠯᠲᠠ ᠲᠠᠯᠪᠢᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠬᠠᠤᠯᠢ ᠶᠣᠰᠣᠭᠠᠷ | ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ︔ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ︔ ᠬᠠᠤᠯᠢ ᠪᠠᠷ ᠵᠠᠰᠠᠬᠤ ᠵᠠᠰᠠᠭ | ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠰᠤᠷᠪᠤᠯᠵᠢᠯᠠᠭᠴᠢ᠄ ᠳ᠋ᠦᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠮᠢᠨᠦ ᠦᠵᠡᠬᠦ | ᠪᠠᠷ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠬᠡᠯᠡᠪᠡᠯ ᠦᠨᠡᠬᠡᠷ ᠴᠡᠭ ᠱᠣᠭᠤᠮ ᠣᠯᠠᠨ᠂ ᠬᠡᠪᠴᠢᠶ᠎ᠡ | ᠥᠷᠭᠡᠨ ᠪᠠᠶᠢᠵᠤ᠂ ᠮᠠᠰᠢ ᠣᠯᠠᠨ ᠠᠵᠢᠯ ᠨᠢ ᠮᠠᠨ ᠤ ᠠᠷᠠᠳ ᠲᠦᠮᠡᠨ ᠲᠠᠢ ᠨᠢᠭᠲᠠ ᠬᠤᠯᠪᠣᠭ᠎ᠠ ᠲᠠᠢ ᠪᠠᠶᠢᠳᠠᠭ᠂ | ᠵᠢᠱᠢᠶᠡᠯᠡᠪᠡᠯ ᠠᠷᠠᠳ ᠤᠨ ᠡᠶᠡᠳᠡᠭᠦᠯᠭᠡ᠂ ᠬᠠᠤᠯᠢ ᠲᠦᠷᠢᠮ ᠤᠨ ᠤᠬᠠᠭᠤᠯᠭ᠎ᠠ᠂ ᠬᠠᠤᠯᠢ ᠴᠠᠭᠠᠵᠠ ᠶᠢᠨ | ᠦᠶᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ᠂ ᠪᠠᠰᠠ ᠮᠠᠰᠢ ᠣᠯᠠᠨ ᠠᠵᠢᠯ ᠢ ᠪᠢᠳᠡ ᠣᠶᠢᠯᠠᠭᠠᠬᠤ | ᠴᠢᠬᠤᠯᠠᠲᠠᠶ ᠪᠠᠶᠢᠨ᠎ᠠ᠃ ᠭᠡᠪᠡᠴᠦ ᠴᠠᠭ ᠤᠨ ᠬᠠᠷᠠᠭ᠎ᠠ ᠠᠴᠠ ᠪᠣᠯᠵᠤ᠂ ᠪᠢᠳᠡ ᠵᠥᠪᠬᠡᠨ ᠳᠠᠷᠠᠭ᠎ᠠ ᠤᠳᠠᠭᠠᠨ ᠤ | ᠰᠣᠷᠪᠤᠯᠵᠢᠯᠠᠭ᠎ᠠ ᠶᠢ ᠬᠦᠯᠢᠶᠡᠬᠦ ᠪᠣᠯᠣᠯ᠎ᠠ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠪᠠᠰᠠ ᠴᠤ ᠪᠥᠬᠦ | ᠰᠢᠶᠠᠨ ᠤ ᠳᠡᠭᠡᠳᠦ ᠳᠣᠤᠷᠠᠳᠤ ᠱᠠᠲᠤᠨ ᠤ ᠬᠢᠨ ᠣᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ | ᠬᠥᠭᠵᠢᠯᠲᠡ ᠶᠢ ᠡᠷᠢᠯᠬᠢᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠦᠶᠯᠡᠰ ᠢᠶᠠᠨ ᠬᠢᠬᠦ ᠵᠠᠩᠭᠢᠯᠠᠭ᠎ᠠ ᠶᠢᠨ | ᠵᠢᠯ ᠪᠣᠯᠤᠨ᠎ᠠ᠃ ᠲᠠᠷᠠᠭᠠᠴᠢ ᠶᠢᠨ ᠠᠯᠬᠤᠮ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠬᠡᠷᠬᠢᠨ ᠪᠥᠬᠦ ᠰᠢᠶᠠᠨ ᠤ ᠠᠵᠤ ᠠᠬᠤᠶ ᠶᠢᠨ ᠬᠥᠭᠵᠢᠯᠲᠡ ᠳᠤ ᠨᠠᠩ ᠰᠠᠶᠢᠨ ᠦᠶᠯᠡᠴᠢᠯᠡᠵᠦ᠂ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠶ ᠪᠢ ᠪᠠᠰᠠ ᠳ᠋ᠦᠩ ᠲᠣᠪᠴᠢᠶᠠᠨ ᠳᠠᠷᠤᠭ᠎ᠠ ᠶᠢᠨ | ᠲᠥᠯᠥᠪᠯᠡᠭᠡ ᠶᠢ ᠰᠣᠨᠤᠰᠤᠶ᠎ᠠ ᠭᠡᠵᠦ ᠪᠣᠳᠤᠵᠤ ᠪᠠᠶᠢᠨ᠎ᠠ︖ | ᠳ᠋ᠦᠩ ᠬᠠᠢ ᠴᠢᠨ᠄ ᠣᠳᠣᠬᠠᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠰᠠᠶᠢᠨ ᠰᠠᠶᠢᠬᠠᠨ | ᠬᠥᠭᠵᠢᠯᠲᠡ ᠶᠢᠨ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠨᠡᠶᠢᠭᠡᠮ ᠲᠣᠭᠤᠷᠢᠭ ᠤᠨ ᠵᠠᠯᠠᠷᠠᠭᠤᠯᠬᠤ | ᠠᠵᠢᠯ ᠪᠦᠬᠦ ᠲᠠᠯ᠎ᠠ ᠪᠠᠷ ᠡᠬᠢᠯᠡᠪᠡ᠂ ︽ᠠᠷᠠᠳ ᠤᠨ ᠡᠶᠡᠳᠡᠭᠦᠯᠭᠡ ᠶᠢᠨ ᠬᠠᠤᠯᠢ ︾ ᠶᠢ ᠲᠤᠭᠤᠰᠢᠯᠠᠭᠤᠯᠤᠨ | ᠬᠡᠷᠡᠭᠵᠢᠭᠦᠯᠪᠡ᠂ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠢ ᠦᠷᠭᠦᠯᠵᠢᠯᠡᠨ ᠥᠷᠨᠢᠭᠦᠯᠦᠭᠰᠡᠨ ᠵᠡᠷᠭᠡ ᠪᠣᠯᠤᠨ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠨᠢ ᠬᠠᠲᠠᠭᠤ | ᠪᠡᠷᠬᠡ ᠠᠵᠢᠯ ᠤᠨ ᠡᠭᠦᠷᠭᠡ ᠶᠢ ᠡᠭᠦᠷᠭᠡᠯᠡᠵᠦ ᠪᠠᠶᠢᠳᠠᠭ᠂ ᠡᠷᠬᠡᠪᠰᠢ ᠲᠣᠰ ᠪᠡᠶ᠎ᠡ ᠶᠢᠨ ᠳᠠᠪᠠᠭᠤᠯᠢᠭ ᠢᠶᠠᠨ ᠦᠨᠡᠨ ᠬᠦ | ᠪᠠᠳᠠᠷᠠᠭᠤᠯᠬᠤ ᠬᠡᠷᠡᠭᠲᠡᠶ᠂ ᠺᠠᠳ᠋ᠷ ᠨᠢᠭᠡᠪᠦᠷᠢ ᠶᠢᠨ ᠢᠳᠡᠪᠬᠢᠵᠢᠯ ᠢ ᠲᠠᠰᠤᠷᠠᠯᠲᠠ ᠦᠭᠡᠢ ᠬᠥᠭᠵᠢᠭᠡᠨ᠎ᠡ᠂ | ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠤᠯ ᠤᠨ | ᠥᠭᠡᠷᠡᠴᠢᠯᠡᠯᠲᠡ ᠪᠠ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠂ ᠬᠠᠤᠯᠢ ᠴᠠᠭᠠᠵᠠ | ᠶᠢᠨ ᠵᠠᠰᠠᠭ ᠵᠠᠬᠢᠷᠭᠠᠨ ᠤ ᠠᠵᠢᠯ ᠤᠨ ᠲᠤᠰᠬᠠᠶᠢᠵᠢᠯᠲᠠ᠂ ᠳᠦᠷᠢᠮᠵᠢᠭᠦᠯᠬᠦ᠂ ᠬᠠᠤᠯᠢᠵᠢᠭᠤᠯᠬᠤ᠂ ᠮᠡᠳᠡᠭᠡ ᠵᠠᠩᠭᠢᠵᠢᠯᠲᠠ | ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠬᠠᠤᠯᠢ ᠪᠠᠷᠢᠬᠤ ᠵᠠᠰᠠᠭ ᠵᠠᠬᠢᠷᠭᠠᠨ ᠤ ᠡᠯ᠎ᠡ ᠵᠦᠢᠯ ᠤᠨ | ᠠᠵᠢᠯ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠨᠢᠭᠡ ᠳᠤ᠂ ᠪᠣᠳᠠᠲᠤ ᠦᠷ᠎ᠡ ᠪᠦᠲᠦᠮᠵᠢ | ᠶᠢ ᠠᠳᠬᠤᠵᠤ᠂ ᠬᠠᠤᠯᠢ ᠲᠦᠭᠡᠮᠡᠯᠵᠢᠭᠦᠯᠬᠦ ᠠᠵᠢᠯ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠬᠤ ᠬᠡᠷᠡᠭᠲᠡᠢ᠃ ︽ᠨᠠᠢᠮᠠᠳᠤᠭᠠᠷ ᠲᠠᠪᠤᠨ ᠵᠢᠯ ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠡᠬᠢᠯᠡᠭᠦᠯᠬᠦ ᠪᠠᠷ ᠲᠣᠬᠢᠶᠠᠯ ᠪᠣᠯᠭᠠᠵᠤ᠂ ︽ᠬᠠᠤᠯᠢ ᠴᠠᠭᠠᠵᠠ ᠶᠢ ᠵᠢᠷᠭᠤᠭ᠎ᠠ ᠳᠤ | ᠣᠷᠣᠭᠤᠯᠬᠤ︾ ᠶᠢ ᠲᠦᠯᠬᠢᠨ ᠠᠬᠢᠭᠤᠯᠵᠤ᠂ ᠤᠯᠠᠨ ᠶᠠᠩᠵᠤ ᠬᠡᠯᠪᠡᠷᠢ ᠶᠢᠨ᠂ ᠤᠯᠠᠨ ᠲᠦᠮᠡᠨ ᠤ ᠦᠵᠡᠵᠦ | ᠰᠣᠨᠣᠰᠬᠤ ᠳᠤᠷᠠᠲᠠᠢ᠂ ᠪᠦᠲᠦᠮᠵᠢᠲᠡᠢ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠦᠷᠭᠦᠯᠵᠢᠯᠡᠨ ᠭᠤᠣᠯᠳᠠᠯᠭ᠎ᠠ ᠲᠠᠢ᠂ ᠬᠠᠨᠳᠤᠯᠭᠠᠲᠤ ᠴᠢᠨᠠᠷᠲᠠᠢ ᠪᠠᠷ ᠥᠷᠨᠢᠭᠦᠯᠦᠨ᠎ᠡ᠃ ᠬᠤᠶᠠᠷ ᠲᠤ᠂ ᠬᠠᠤᠯᠢ | ᠬᠡᠷᠡᠭᠵᠢᠭᠦᠯᠬᠦ ᠶᠢ ᠠᠳᠬᠤᠵᠤ᠂ ᠡᠭᠦᠷᠭᠡ ᠴᠢᠳᠠᠪᠤᠷᠢ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠲᠡᠢ᠃ ᠠᠷᠠᠳ ᠤᠨ ᠡᠶᠡᠳᠡᠭᠦᠯᠭᠡ ᠶᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠬᠤᠭᠤᠷᠣᠨᠳᠣᠬᠢ | ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠠᠷᠠᠳ ᠤᠨ | ᠡᠶᠡᠳᠡᠭᠦᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠶᠡᠳᠡᠭᠦᠯᠬᠦ ᠠᠵᠢᠯ ᠤᠨ ᠵᠠᠭᠪᠤᠷ ᠤᠨ ᠲᠠᠯ᠎ᠠ ᠪᠠᠷ | ᠰᠢᠨ᠎ᠡ ᠶᠢ ᠡᠭᠦᠳᠴᠦ᠂ ᠰᠣᠳᠣᠨ ᠡᠶᠡᠳᠡᠭᠦᠯᠬᠦ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠤᠨ | ᠡᠶᠡᠳᠡᠭᠦᠯᠭᠡ ᠶᠢ ᠦᠨᠡᠨ ᠬᠦ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ | ᠱᠤᠭᠤᠮ︾ ᠪᠣᠯᠭᠠᠨ᠎ᠠ᠃ ᠡᠷᠡᠭᠦᠦ ᠶᠢᠨ ᠬᠡᠷᠡᠭ ᠢᠶᠠᠷ ᠰᠤᠯᠠᠯᠠᠭᠳᠠᠭᠰᠠᠳ ᠤᠨ ᠬᠠᠮᠢᠶᠠᠷᠤᠯᠲᠠ ᠶᠢ ᠴᠢᠩᠭᠠᠳᠬᠠᠵᠤ᠂ | ᠡᠯ᠎ᠡ ᠵᠦᠶᠯ ᠤᠨ ᠬᠠᠪᠰᠤᠷᠤᠨ ᠰᠤᠷᠭᠠᠬᠤ ᠪᠠ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠠᠪᠰᠤᠷᠤᠨ ᠰᠤᠷᠭᠠᠬᠤ ᠨᠣᠷᠮ᠎ᠠ ᠶᠢ 100 % ᠳᠤ ᠬᠦᠷᠦᠭᠦᠯᠵᠦ᠂ ᠲᠥᠪᠬᠢᠨᠡᠭᠦᠯᠬᠦ | ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ᠨᠡᠶᠢᠭᠡᠮ ᠲᠣᠭᠤᠷᠢᠭ ᠲᠤ ᠵᠠᠯᠠᠷᠠᠭᠤᠯᠬᠤ ᠠᠵᠢᠯᠳᠠᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠮᠡᠳᠡᠭᠡ ᠬᠤᠯᠪᠣᠭᠠᠨ ᠤ ᠮᠡᠷᠭᠡᠵᠢᠯ ᠤᠨ ᠠᠷᠭ᠎ᠠ ᠪᠠᠷᠢᠯ | ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ᠂ ᠨᠡᠶᠢᠭᠡᠮ ᠲᠣᠭᠤᠷᠢᠭ ᠲᠤ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ | ᠠᠵᠢᠯᠳᠠᠨ ᠢ ᠪᠦᠲᠦᠮᠵᠢᠲᠡᠢ ᠪᠠᠷ ᠬᠢᠨᠠᠵᠤ ᠬᠠᠮᠢᠶᠠᠷᠬᠤ ᠶᠢ ᠪᠡᠶᠡᠯᠡᠭᠦᠯᠦᠨ᠎ᠡ᠃ ᠭᠤᠷᠪᠠ ᠳᠤ᠂ ᠵᠢᠷᠤᠮᠵᠢᠯ ᠢ ᠠᠳᠬᠤᠵᠤ | ᠂ ᠥᠨᠳᠥᠷ ᠪᠦᠲᠦᠮᠵᠢᠲᠡᠢ ᠴᠢᠨᠠᠷ ᠰᠠᠶᠢᠲᠠᠢ ᠬᠠᠤᠯᠢ ᠴᠠᠭᠠᠵᠠ ᠶᠢᠨ ᠦᠢᠯᠡᠴᠢᠯᠡᠭᠡ ᠶᠢ ᠪᠠᠶᠢᠭᠤᠯᠬᠤ ᠬᠡᠷᠡᠭᠲᠡᠢ᠃ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠪᠠ ᠶᠡᠷᠦᠩᠬᠡᠶᠢᠯᠡᠭᠰᠡᠨ ᠪᠣᠳᠠᠲᠤ ᠬᠦᠴᠦᠨ ᠢ | ᠳᠡᠭᠡᠭᠰᠢᠯᠡᠭᠦᠯᠵᠦ᠂ ᠨᠡᠶᠢᠭᠡᠮ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠵᠠᠬ᠎ᠠ ᠳᠡᠯᠭᠡᠭᠦᠷ ᠤᠨ | ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ | ᠡᠷᠴᠢᠮ ᠢᠶᠠᠨ ᠨᠡᠮᠡᠭᠳᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ᠂ ᠬᠡᠷᠡᠭ | ᠤᠨ ᠲᠤᠭ᠎ᠠ ᠬᠡᠮᠵᠢᠶ᠎ᠡ ᠪᠣᠯᠤᠨ ᠬᠡᠷᠡᠭ ᠰᠢᠶᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠰᠢᠶᠳᠪᠦᠷᠢᠯᠡᠬᠦ ᠶᠠᠰᠤ ᠴᠢᠨᠠᠷ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠲᠦᠷᠪᠡ ᠳᠤ᠂ ᠬᠡᠪ ᠴᠢᠨᠠᠷ ᠢ | ᠠᠳᠬᠤᠵᠤ᠂ ᠬᠠᠤᠯᠢ ᠪᠠᠷᠢᠬᠤ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠬᠤ | ᠬᠡᠷᠡᠭᠲᠡᠢ᠃ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠠᠷᠢᠭᠤᠴᠠᠯᠭ᠎ᠠ ᠶᠢᠨ ᠤᠬᠠᠮᠰᠠᠷ ᠢᠶᠠᠨ ᠨᠢᠭᠡ ᠠᠯᠬᠤᠮ | ᠴᠢᠩᠭᠠᠳᠬᠠᠵᠤ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠᠨ | ᠳᠡᠭᠡᠭᠰᠢᠯᠡᠭᠦᠯᠦᠨ᠂ ᠥᠪᠡᠷ ᠤᠨ ᠬᠠᠷᠢᠭᠤᠴᠠᠯᠭ᠎ᠠ ᠪᠠ ᠡᠭᠦᠷᠭᠡ ᠪᠠᠨ ᠵᠥᠪ ᠲᠠᠨᠢᠵᠤ᠂ ᠪᠦᠬᠦ ᠰᠡᠳᠬᠢᠯ ᠪᠦᠬᠦ ᠵᠣᠷᠢᠭ | ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠣᠪᠣᠷ ᠢᠶᠠᠨ ᠲᠥᠪ ᠪᠣᠯᠭᠠᠨ᠂ ᠤᠬᠠᠮᠰᠠᠷ ᠠᠴᠠ ᠪᠠᠨ ᠶᠡᠭᠡ ᠲᠠᠯ᠎ᠠ | ᠪᠣᠯᠣᠨ ᠤᠯᠠᠨ ᠲᠦᠮᠡᠨ ᠳᠤ ᠦᠢᠯᠡᠴᠢᠯᠡᠵᠦ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠤᠨ᠂ | ᠵᠠᠮ ᠨᠡᠭᠡᠭᠡᠨ ᠰᠢᠨ᠎ᠡ ᠶᠢ ᠡᠭᠦᠳᠬᠦ ᠤᠬᠠᠮᠰᠠᠷ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ | ᠤᠬᠠᠮᠰᠠᠷ ᠢ ᠪᠤᠢ ᠪᠣᠯᠭᠠᠵᠤ᠂ ᠡᠷᠴᠢ ᠵᠣᠷᠢᠭ ᠪᠠ ᠠᠮᠵᠢᠯᠲᠠ ᠪᠦᠲᠦᠮᠵᠢ ᠪᠠᠨ ᠠᠳᠠᠯᠢᠳᠬᠠᠬᠤ ᠰᠠᠶᠢᠨ ᠰᠠᠶᠢᠬᠠᠨ | ᠥᠷᠢᠰᠥᠯᠳᠦᠭᠡᠨ ᠤ ᠠᠭᠤᠷ ᠠᠮᠢᠰᠬᠤᠯ ᠢ ᠪᠤᠢ ᠪᠣᠯᠭᠠᠬᠤ ᠪᠠᠷ ᠬᠦᠮᠦᠵᠢᠭᠦᠯᠦᠨ᠎ᠡ᠃ | ᠰᠤᠷᠪᠤᠯᠵᠢᠯᠠᠭᠴᠢ᠄ ᠵᠠᠬ᠎ᠠ ᠳᠡᠯᠭᠡᠭᠦᠷ ᠤᠨ ᠠᠵᠤ ᠠᠬᠤᠶ ᠶᠢᠨ ᠲᠠᠰᠤᠷᠠᠯᠲᠠ ᠦᠭᠡᠶ ᠭᠦᠨᠵᠡᠭᠡᠶᠢᠷᠡᠬᠦ ᠶᠢ | ᠳᠠᠭᠠᠯᠳᠤᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠣᠯᠤᠨ ᠬᠠᠤᠯᠢ ᠳᠦᠷᠢᠮ | ᠤᠨ ᠦᠵᠡᠯᠲᠡ ᠲᠠᠰᠤᠷᠠᠯᠲᠠ ᠦᠭᠡᠶ ᠴᠢᠩᠭᠠᠷᠠᠵᠤ᠂ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠴᠤ | ᠲᠠᠰᠤᠷᠠᠯᠲᠠ ᠦᠭᠡᠶ ᠨᠡᠮᠡᠭᠳᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ | ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠬᠠᠤᠯᠢ ᠴᠠᠭᠠᠵᠠ ᠶᠢᠨ ᠲᠣᠪᠴᠢᠶ᠎ᠠ ᠥᠷᠭᠡᠨ ᠣᠯᠠᠨ ᠲᠦᠮᠡᠨ ᠤ | ᠪᠣᠳᠠᠲᠠᠶ ᠬᠠᠤᠯᠢ ᠴᠠᠭᠠᠵᠠ ᠶᠢᠨ ᠬᠡᠷᠡᠭᠴᠡᠭᠡ ᠶᠢ ᠬᠠᠩᠭᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ | ᠵᠡᠷᠭᠡ ᠲᠠᠯ᠎ᠠ ᠪᠠᠷ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠵᠠ᠂ ᠥᠨᠥᠳᠦᠷ ᠤᠨ | ᠰᠤᠷᠪᠤᠯᠵᠢᠯᠠᠭ᠎ᠠ ᠪᠠᠨ ᠠᠳᠡ ᠬᠥᠷᠥᠶ᠎ᠡ᠂ ᠳ᠋ᠦᠩ ᠲᠣᠪᠴᠢᠶᠠᠨ ᠳᠠᠷᠤᠭ᠎ᠠ ᠳᠤ ᠪᠠᠶᠠᠷᠯᠠᠯ᠎ᠠ᠃ ᠰᠦᠯᠵᠢᠶᠡᠨ ᠤ ᠠᠨᠳᠠ | ᠨᠠᠷ ᠡ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠣᠯᠠᠨ ᠢᠶᠠᠷ ᠢᠶᠠᠨ ᠪᠢᠳᠡᠨ ᠤ | ᠫᠷᠤᠭ᠍ᠷᠠᠮ ᠢ ᠦᠷᠭᠦᠯᠵᠢᠯᠡᠨ ᠠᠩᠬᠠᠷᠬᠤ ᠶᠢ ᠬᠦᠰᠡᠵᠦ ᠪᠠᠶᠢᠨ᠎ᠠ᠂ ᠪᠢᠳᠡ ᠲᠠᠷᠠᠭᠠᠴᠢ ᠶᠢᠨ ᠬᠤᠭᠤᠴᠠᠭᠠᠨ ᠳᠤ ᠳᠠᠬᠢᠨ | ᠵᠣᠯᠭᠠᠶ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |