ᠪᠣᠳᠠᠲᠠᠶ ᠠᠵᠢᠯᠯᠠᠵᠤ ᠬᠥᠭᠵᠢᠯᠲᠡ ᠶᠢ ᠰᠦᠪᠡᠭᠴᠢᠯᠡᠨ ᠬᠠᠷᠢᠭᠤᠴᠠᠯᠭ᠎ᠠ ᠡᠭᠦᠷᠭᠡᠯᠡᠵᠦ ᠰᠢᠨ᠎ᠡ ᠪᠠᠶᠢᠳᠠᠯ ᠢ ᠪᠣᠶ ᠪᠣᠯᠭᠠᠶ᠎ᠠ
ᠨᠡᠶᠢᠲᠡᠯᠡᠭᠰᠡᠨ ᠴᠠᠭ᠄
2021/3/5
     ᠪᠣᠳᠠᠲᠠᠶ ᠠᠵᠢᠯᠯᠠᠵᠤ ᠬᠥᠭᠵᠢᠯᠲᠡ ᠶᠢ ᠰᠦᠪᠡᠭᠴᠢᠯᠡᠨ ᠬᠠᠷᠢᠭᠤᠴᠠᠯᠭ᠎ᠠ ᠡᠭᠦᠷᠭᠡᠯᠡᠵᠦ ᠰᠢᠨ᠎ᠡ ᠪᠠᠶᠢᠳᠠᠯ ᠢ ᠪᠣᠶ ᠪᠣᠯᠭᠠᠶ᠎ᠠ—ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠸᠠᠳᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ
    ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠨᠢ 2020 ᠣᠨ ᠵᠢᠴᠢ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠬᠤᠭᠤᠴᠠᠭᠠᠨ ᠤ ᠠᠮᠵᠢᠯᠲᠠ ᠪᠦᠲᠦᠮᠵᠢ ᠶᠢ ᠪᠣᠳᠠᠲᠠᠶ ᠪᠥᠭᠡᠳ ᠨᠠᠷᠢᠨ ᠪᠣᠳᠠᠲᠠᠶ ᠳ᠋ᠦᠩᠨᠡᠵᠦ᠂ ᠭᠤᠤᠯᠳᠠᠯᠭ᠎ᠠ ᠶᠢ ᠳᠣᠪᠣᠶᠢᠯᠭᠠᠨ᠂ 2021 ᠣᠨ ᠤ ᠠᠵᠢᠯ ᠤᠨ ᠲᠣᠬᠢᠷᠠᠭᠤᠯᠤᠯᠲᠠ ᠶᠢᠨ ᠰᠡᠳᠬᠢᠴᠡ ᠲᠣᠳᠣᠷᠬᠠᠶ᠂ ᠬᠠᠷᠠᠯᠲᠠ ᠲᠣᠳᠣᠷᠬᠠᠶ ᠪᠠᠶᠢᠨ᠎ᠠ᠃ ᠬᠤᠸᠠᠳᠧ ᠰᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃︾ ᠭᠡᠵᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠸᠠᠳᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠰᠤᠷᠪᠤᠯᠵᠢᠯᠠᠭ᠎ᠠ ᠬᠦᠯᠢᠶᠡᠬᠦ ᠳᠡᠭᠡᠨ ᠬᠡᠯᠡᠨ᠎ᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ᠂ ᠬᠤᠸᠠᠳᠧ ᠰᠢᠶᠠᠨ ᠨᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠣᠯᠤᠨ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠂  ︿ᠤᠰᠤ ᠠᠷᠪᠢᠯᠠᠬᠤ ᠶᠢ  ︿ᠤᠷᠢᠳ ᠢᠶᠠᠷ ᠪᠣᠳᠣᠯᠬᠢᠯᠠᠵᠤ᠂ ᠤᠰᠤᠨ ᠤ ᠬᠡᠮᠵᠢᠶ᠎ᠡ ᠪᠠᠷ ᠬᠢᠬᠦ﹀ ᠶᠢ ᠪᠠᠷᠢᠮᠲᠠᠯᠠᠵᠤ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂  ︿ᠤᠰᠤᠯᠢᠭ ᠭᠠᠵᠠᠷ ᠢ ᠬᠠᠭᠤᠷᠠᠢ ᠪᠣᠯᠭᠠᠬᠤ﹀ ᠶᠢ 57.6 ᠲᠦᠮᠡᠨ ᠮᠥ ᠶᠢ ᠪᠡᠶᠡᠯᠡᠭᠦᠯᠦᠨ᠎ᠡ᠂ ᠡᠭᠦᠨ  ᠳᠤ ᠴᠠᠭᠠᠨᠨᠠᠭᠤᠷ ᠤᠨ ᠰᠠᠪᠠ ᠭᠠᠵᠠᠷ 20.44 ᠲᠦᠮᠡᠨ ᠮᠥ ᠪᠠᠶᠢᠵᠤ᠂ ᠬᠠᠷᠠᠭᠠᠯᠵᠠᠭᠰᠠᠨ ᠤᠰᠤᠯᠠᠯᠲᠠ ᠶᠢᠨ ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ ᠦᠯᠡᠳᠡᠭᠰᠡᠨ ᠰᠦᠷᠴᠢᠮᠡᠯ ᠤᠰᠤᠯᠠᠯᠲᠠ ᠶᠢᠨ ᠬᠠᠰᠢᠶ᠎ᠠ ᠶᠢ ᠨᠤᠷᠠᠭᠠᠨ᠎ᠠ᠃︾ ᠭᠡᠵᠦ ᠸᠠᠩ ᠪᠢᠩ ᠶᠠᠷᠢᠨ᠎ᠠ᠂ ᠡᠨᠡ ᠵᠢᠯ ᠬᠤᠸᠠᠳᠧ ᠰᠢᠶᠠᠨ ᠤ ᠬᠢᠨ ᠴᠠᠭᠠᠨᠨᠠᠭᠤᠷ ᠤᠨ ᠰᠠᠪᠠ ᠭᠠᠵᠠᠷ ᠢ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ 15 ᠲᠦᠮᠡᠨ ᠮᠥ᠂ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ1.5 ᠲᠦᠮᠡᠨ ᠮᠥ᠂ ᠤᠰᠤᠯᠢᠭ ᠭᠠᠵᠠᠷ ᠢ ᠬᠠᠭᠤᠷᠠᠶ ᠪᠣᠯᠭᠠᠬᠤ 6700 ᠮᠥ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠣᠨᠴᠠ ᠵᠠᠷᠢᠮ ᠭᠠᠵᠠᠷ ᠣᠷᠣᠨ ᠤ ᠭᠠᠵᠠᠷ ᠳᠣᠤᠷᠠᠬᠢ ᠤᠰᠤ ᠳᠣᠷᠣᠭᠰᠢᠯᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠢᠯᠡᠳᠬᠡᠪᠡ᠃    ︽ᠬᠤᠸᠠᠳᠧ ᠰᠢᠶᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠱᠠᠭᠠᠷᠳᠠᠯᠭ᠎ᠠ ᠶᠢ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠪᠠ ᠠᠵᠤ ᠦᠶᠯᠡᠰ ᠢ ᠲᠠᠰ ᠳᠡᠪᠰᠢᠭᠦᠯᠬᠦ ᠳᠤᠮᠳᠠ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠪᠣᠯᠪᠠᠰᠤᠨ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠪᠠ ᠃ ᠸᠠᠩ ᠪᠢᠩ ᠲᠠᠨᠢᠯᠴᠠᠭᠤᠯᠬᠤ ᠳᠠᠭᠠᠨ᠂ ᠲᠠᠷᠢᠮᠠᠯ ᠤᠨ ᠦᠶᠯᠡᠰ ᠤᠨ ᠲᠠᠯ᠎ᠠ ᠪᠠᠷ᠂ ᠬᠤᠸᠠᠳᠧ ᠰᠢᠶᠠᠨ ᠬᠠᠭᠤᠷᠠᠶ ᠪᠠᠷ ᠳᠠᠷᠢᠬᠤ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 7 ᠲᠦᠮᠡᠨ ᠮᠥ᠂ ᠣᠷᠭᠠᠨᠢᠭ ᠢᠶᠠᠷ ᠳᠠᠷᠢᠬᠤ ᠲᠠᠷᠢᠶᠠᠨ ᠭᠠᠵᠠᠷ  ᠢ 20 ᠲᠦᠮᠡᠨ ᠮᠥ ᠠᠴᠠ ᠳᠡᠭᠡᠭᠰᠢ ᠪᠠᠶᠢᠭᠤᠯᠬᠤ ᠬᠡᠷᠡᠭᠲᠡᠶ ᠭᠡᠵᠡᠶ︔ ︽ᠠᠷᠤ ᠭᠠᠵᠠᠷ ᠤᠨ ᠬᠠᠨ ᠹᠧᠩ︾ ᠰᠢᠶᠠᠨ  ᠤ ᠬᠡᠪᠴᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠶᠡᠬᠡᠪᠡᠷ ᠳᠡᠯᠭᠡᠷᠡᠭᠦᠯᠵᠦ᠂ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠭᠤᠤᠯᠯᠠᠨ ᠡᠭᠦᠳᠴᠦ᠂ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠪᠠᠶᠢᠬᠤ᠂ ᠬᠡᠰᠡᠭ ᠲᠠᠯ᠎ᠠ ᠶᠢᠨ ᠣᠷᠭᠠᠨᠢᠭ ᠪᠠᠶᠢᠬᠤ ᠶᠢ ᠪᠡᠶᠡᠯᠡᠭᠦᠯᠵᠦ᠂ ᠰᠢᠶᠠᠨ ᠤ ᠬᠡᠪᠴᠢᠶᠡᠨ ᠤ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠠᠯᠳᠠᠷᠰᠢᠭᠤᠯᠤᠨ᠎ᠠ︔ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠨᠢ ᠠᠬᠢᠭᠤᠯᠬᠤ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ︽ᠳᠥᠷᠪᠡ ᠶᠢ ᠡᠵᠡᠮᠳᠡᠬᠦ  ︾ ᠠᠬᠢᠴᠠ ᠶᠢ ᠲᠦᠷᠭᠡᠳᠬᠡᠨ ᠠᠬᠢᠭᠤᠯᠵᠤ᠂ ᠲᠠᠷᠢᠮᠠᠯ ᠤᠨ ᠪᠦᠲᠦᠴᠡ ᠶᠢᠨ ᠲᠠᠯ᠎ᠠ ᠪᠠᠷ ︽ᠨᠢᠭᠡ ᠲᠥᠮᠥᠰᠥ ᠬᠤᠶᠠᠷ ᠪᠣᠭᠤᠳᠠᠶ ᠡᠪᠡᠰᠦ ᠣᠯᠣᠰᠣ︾  ᠶᠢ ᠭᠤᠤᠯᠯᠠᠨ ᠳᠡᠯᠭᠡᠷᠡᠭᠦᠯᠵᠦ᠂ ᠬᠠᠭᠤᠷᠠᠶ ᠪᠠᠷ ᠳᠠᠷᠢᠬᠤ ᠶᠢ ᠣᠷᠭᠠᠨᠢᠭ ᠢᠶᠠᠷ ᠳᠠᠷᠢᠬᠤ ᠶᠢ ᠶᠡᠬᠡᠪᠡᠷ ᠳᠡᠯᠭᠡᠷᠡᠭᠦᠯᠦᠨ᠂ ᠬᠠᠭᠤᠷᠠᠶ ᠲᠠᠷᠢᠶᠠᠨ ᠤ ᠤᠨᠠᠯᠲᠠ ᠶᠢ ᠤᠰᠤᠨ ᠲᠠᠷᠢᠶᠠᠨ ᠤ ᠠᠰᠢᠭ ᠣᠯᠵᠠᠪᠤᠷᠢ ᠳᠤ ᠬᠦᠷᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠦᠢᠯᠡᠰ ᠤᠨ ᠲᠠᠯ᠎ᠠ ᠪᠠᠷ᠂  ︽ᠬᠤᠨᠢ ᠶᠢ ᠰᠢᠯᠢᠳᠡᠭᠵᠢᠭᠦᠯᠦᠨ ᠦᠬᠡᠷ ᠢ ᠨᠡᠮᠡᠭᠳᠡᠭᠦᠯᠬᠦ  ︾ ᠪᠠᠶᠢᠯᠳᠤᠬᠤ ᠪᠣᠳᠣᠯᠭ᠎ᠠ ᠶᠢ ᠭᠤᠣᠯᠴᠢᠯᠠᠨ ᠳᠡᠯᠭᠡᠷᠡᠭᠦᠯᠵᠦ᠂ ᠰᠠᠶᠢᠨ ᠡᠭᠦᠯᠳᠡᠷ᠂ ᠬᠠᠰᠢᠶᠠᠯᠠᠨ ᠲᠡᠵᠢᠭᠡᠬᠦ᠂ ᠨᠠᠷᠢᠯᠢᠭ ᠠᠷᠠᠴᠢᠯᠠᠬᠤ ᠶᠢ ᠬᠦᠴᠦᠯᠡᠨ ᠠᠬᠢᠭᠤᠯᠵᠤ᠂  ︽ᠲᠦᠭ ᠲᠦᠮᠡᠨ ᠠᠶᠢᠯ ᠡᠷᠦᠬᠡ ᠦᠢᠯᠡᠳᠪᠦᠷᠢᠯᠡᠯ ᠢ ᠠᠳᠬᠤᠵᠤ᠂ ᠳᠠᠭᠠᠭᠤᠯᠤᠭᠴᠢ ᠲᠣᠮᠣ ᠡᠷᠦᠬᠡ ᠪᠣᠷᠳᠣᠨ ᠲᠠᠷᠭᠤᠯᠠᠭᠤᠯᠬᠤ︾ ᠦᠢᠯᠡᠳᠪᠦᠷᠢᠯᠡᠯ  ᠤᠨ ᠪᠠᠶᠢᠷᠢᠰᠢᠯ ᠢ ᠪᠣᠶ ᠪᠣᠯᠭᠠᠵᠤ᠂ ᠲᠠᠷᠢᠶᠠᠴᠢᠨ ᠮᠠᠯᠴᠢᠳ ᠢ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠠᠵᠤ ᠦᠢᠯᠡᠳᠪᠦᠷᠢ ᠶᠢᠨ ᠲᠠᠯ᠎ᠠ ᠪᠠᠷ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ︽ᠥᠨᠳᠥᠷ ᠪᠠᠷᠢᠮᠵᠢᠶ᠎ᠡ︾ ᠶᠢ ᠴᠢᠩᠭ᠎ᠠ ᠡᠵᠡᠮᠳᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠶᠢ ᠣᠨᠢᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠬᠤ ᠬᠡᠷᠡᠭᠲᠡᠢ᠃ ᠡᠭᠦᠨ ᠤ ᠬᠠᠮᠲᠤ᠂ ᠬᠤᠪᠴᠠᠰᠤ ᠬᠤᠨᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠰᠢᠯᠢᠳᠡᠭ ᠢ ᠨᠢ ᠲᠡᠳᠬᠦᠨ ᠬᠦᠴᠦᠷᠬᠡᠭ  ᠢ ᠨᠢ ᠲᠡᠳᠬᠦᠬᠦ ᠶᠢ ᠪᠠᠷᠢᠮᠲᠠᠯᠠᠵᠤ᠂ ᠲᠠᠭᠠᠭᠤᠯᠤᠬᠴᠢ ᠠᠵᠤ ᠠᠬᠤᠶᠢᠯᠠᠯ ᠢ ᠪᠣᠶᠢᠵᠢᠭᠤᠯᠵᠤ᠂ ᠵᠢᠷᠤᠵᠤ ᠲᠥᠯᠥᠪᠯᠡᠬᠦ ᠪᠠ ᠪᠣᠷᠣᠯᠠᠭᠤᠯᠬᠤ ᠲᠠᠯ᠎ᠠ ᠪᠠᠷ ᠬᠦᠴᠦᠯᠡᠵᠦ᠂  ︽ᠪᠠᠭ᠋ᠠᠷᠬᠠᠯ ᠲᠠᠢ ᠵᠤᠤ ᠵᠢᠶᠦ᠋ᠨ︾ ᠬᠤᠪᠴᠠᠰᠤ ᠬᠤᠨᠠᠷ ᠤᠨ ᠤᠯᠠᠨ ᠨᠡᠶᠢᠲᠡ ᠶᠢᠨ ᠲᠦᠷᠦᠯ ᠲᠡᠮᠳᠡᠭ ᠢ ᠳᠡᠯᠭᠡᠷᠡᠭᠦᠯᠵᠦ᠂ 40 ᠰᠢᠬᠠᠮ ᠵᠢᠯ ᠤᠨ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃    ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠤᠯᠭᠠᠭᠤᠷᠢᠯᠠᠬᠤ ᠠᠴᠠ ᠰᠠᠯᠵᠤ ᠴᠢᠳᠠᠬᠤ ᠦᠭᠡᠢ ᠶᠤᠮ᠂ ᠭᠠᠭᠴᠠ ᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠪᠡᠯ ᠰᠠᠶ᠋ᠢ ᠦᠢᠯᠡᠳᠪᠦᠷᠢᠯᠡᠯ ᠤᠨ ᠬᠦᠴᠦᠨ ᠢ ᠦᠨᠡᠨ ᠬᠦ ᠴᠢᠯᠥᠭᠡᠯᠡᠵᠦ᠂ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠴᠢᠳᠠᠨ᠎ᠠ᠃ ᠸᠠᠩ ᠪᠢᠩ ᠢᠯᠡᠷᠬᠡᠶᠢᠯᠡᠬᠦ ᠳᠡᠭᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠦᠨᠡᠨ ᠪᠣᠳᠠᠲᠠᠶ ᠪᠠᠷ ᠵᠢᠷᠤᠮᠵᠢᠭᠤᠯᠤᠨ ᠠᠵᠢᠯᠯᠠᠭᠤᠯᠵᠤ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠦᠨ᠂ ᠬᠢᠨᠠᠨ ᠵᠥᠪᠰᠢᠶᠡᠷᠡᠬᠦ ᠭᠤᠭᠴᠤᠭ᠎ᠠ᠂ ᠰᠠᠯᠠᠭ᠎ᠠ ᠮᠥᠴᠢᠷ᠂ ᠮᠠᠲ᠋ᠧᠷᠢᠶᠠᠯ᠂ ᠴᠠᠭ ᠤᠨ ᠬᠢᠵᠠᠭᠠᠷ ᠢ ᠪᠠᠭᠠᠰᠬᠠᠵᠤ᠂ ᠵᠠᠰᠠᠭ ᠤᠨ ᠣᠷᠳᠣᠨ ᠤ ᠡᠷᠬᠡ ᠶᠢᠨ  ︽ᠬᠠᠰᠤᠬᠤ ᠠᠷᠭ᠎ᠠ︾ ᠪᠠᠷ ᠳᠠᠮᠵᠢᠭᠤᠯᠤᠨ ᠵᠠᠬ᠎ᠠ ᠳᠡᠯᠭᠡᠭᠦᠷ  ᠤᠨ ᠠᠮᠢᠳᠤᠯᠢᠭ ᠬᠦᠴᠦᠨ ᠤ ︽ᠨᠡᠮᠡᠬᠦ ᠠᠷᠭ᠎ᠠ  ︾ ᠶᠢ ᠰᠣᠯᠢᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ᠂ ᠣᠯᠠᠨ ᠲᠦᠮᠡᠨ ᠤ ᠠᠵᠢᠯ ᠬᠡᠷᠡᠭ ᠰᠢᠶᠳᠪᠦᠷᠢᠯᠡᠬᠦ ᠳᠤ ᠨᠠᠩ ᠲᠥᠬᠦᠮ ᠪᠣᠯᠭᠠᠬᠤ ᠬᠡᠷᠡᠭᠲᠡᠶ ᠭᠡᠵᠡᠶ᠃             ᠣᠷᠴᠢᠭᠤᠯᠤᠭᠴᠢ᠄ ᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2