ᠲᠠᠷᠢᠶᠠᠯᠠᠭ᠎ᠠ ᠬᠢᠬᠦ ᠳᠤ ᠤᠯᠠᠩᠬᠢ ᠭᠠᠵᠠᠷ ᠲᠤ ᠪᠤᠷᠳᠤᠭᠤᠷ ᠬᠡᠷᠡᠭᠯᠡᠵᠦ ᠲᠠᠷᠢᠮᠠᠯ ᠤᠨ ᠤᠷᠭᠤᠴᠠ ᠶᠢ ᠪᠠᠲᠤᠯᠠᠵᠦ | ᠪᠠᠶᠢᠳᠠᠭ ᠠᠴᠠ ᠪᠤᠷᠳᠤᠭᠤᠷ ᠰᠤᠩᠭᠤᠬᠤ ᠨᠢ ᠴᠢᠬᠤᠯᠠ ᠠᠴᠠ ᠴᠢᠬᠤᠯᠠ ᠪᠠᠶᠢᠳᠠᠭ᠃ ᠲᠡᠭᠡᠪᠡᠯ ᠪᠤᠷᠳᠤᠭᠤᠷ | ᠬᠤᠳᠠᠯᠳᠤᠨ ᠠᠪᠬᠤ ᠳᠠᠭᠠᠨ ᠪᠢᠳᠡ ᠶᠠᠭᠤ ᠶᠠᠭᠤ ᠶᠢ ᠠᠩᠬᠠᠷᠪᠠᠯ ᠵᠤᠬᠢᠬᠤ ᠪᠤᠢ︖ | 1᠂ ᠪᠣᠷᠳᠣᠭᠤᠷ ᠤᠨ ᠨᠡᠷᠡᠶᠢᠳᠦᠯ ᠵᠢᠴᠢ ᠲᠠᠸᠠᠷ ᠤᠨ ᠲᠡᠮᠳᠡᠭ ᠢ ᠦᠵᠡᠨ᠎ᠠ᠃ ᠡᠭᠦᠨ ᠳᠤ ᠤᠯᠤᠰ ᠤᠨ | ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠪᠠᠷ ᠲᠣᠭᠲᠠᠭᠠᠭᠰᠠᠨ ᠪᠣᠷᠳᠣᠭᠤᠷ ᠤᠨ ᠨᠡᠷᠡᠶᠢᠳᠦᠯ ᠢ ᠢᠯᠡᠳᠭᠡᠭᠰᠡᠨ | ᠪᠠᠶᠢᠬᠤ ᠬᠡᠷᠡᠭᠲᠡᠢ᠃ ᠵᠢᠱᠢᠶᠡᠯᠡᠪᠡᠯ᠂ ᠨᠡᠶᠢᠯᠡᠮᠡᠯ ᠪᠣᠷᠳᠣᠭᠤᠷ᠂ ᠢᠯᠵᠠᠮᠠᠭ ᠬᠦᠴᠢᠯ ᠠᠭᠤᠯᠤᠭᠳᠠᠵᠤ ᠪᠠᠶᠢᠬᠤ | ᠠᠭᠤᠰᠤᠮᠠᠯ ᠪᠣᠷᠳᠣᠭᠤᠷ ᠵᠡᠷᠭᠡ᠃ ᠪᠠᠷᠢᠮᠵᠢᠶ᠎ᠠ ᠨᠢ ᠦᠢᠯᠡᠳᠬᠦᠨ ᠤ ᠨᠡᠷᠡᠶᠢᠳᠦᠯ ᠳᠤ ᠲᠣᠭᠲᠠᠭᠠᠬᠰᠠᠨ ᠦᠭᠡᠢ ᠪᠠᠶᠢᠳᠠᠯ | ᠳᠤᠤᠷ᠎ᠠ᠂ ᠬᠡᠷᠡᠭᠯᠡᠭᠴᠢ ᠳᠤ ᠡ᠊ᠨᠳᠡᠬᠦᠦ ᠣᠢᠢᠯᠠᠭᠠᠯᠲᠠ ᠦᠭᠬᠦ ᠦᠬᠡᠢ ᠪᠠ ᠬᠤᠳᠬᠤᠯᠳᠤᠭᠤᠯᠬᠤ ᠦᠬᠡᠢ ᠶᠡᠷᠦ ᠶᠢᠨ | ᠨᠡᠷᠡᠶᠢᠳᠦᠯ ᠢ ᠬᠡᠷᠡᠭᠯᠡᠵᠤ᠂ ᠪᠣᠳᠠᠲᠤ ᠪᠠᠶᠢᠳᠠᠯ ᠳᠤ ᠦᠯᠦ ᠨᠡᠶᠢᠴᠡᠬᠦ᠂ ᠦᠰᠬᠡᠬᠡᠨ ᠳᠦᠰᠬᠡᠬᠡᠨ ᠲᠠᠢ ᠦᠭᠡ ᠶᠢ ᠨᠡᠮᠡᠵᠤ | ᠬᠡᠷᠡᠭᠯᠡᠵᠤ ᠪᠤᠯᠬᠤ ᠦᠬᠡᠢ᠃ ᠵᠢᠱᠢᠶᠡᠯᠡᠪᠡᠯ᠄ ︽ᠥᠨᠳᠥᠷ ᠦᠷ᠎ᠠ ᠠᠰᠢᠭᠲᠤ XX︾᠂ ︽XX ᠪᠤᠷᠳᠤᠭᠤᠷ ᠤᠨ | ᠤᠬᠢ︾ ᠭᠡᠬᠦ ᠮᠡᠲᠦ᠃ | 2᠂ ᠪᠤᠷᠳᠤᠭᠤᠷ ᠤᠨ ᠰᠢᠮ᠎ᠡ ᠲᠡᠵᠢᠭᠡᠯ ᠤᠨ ᠠᠭᠤᠯᠤᠭᠳᠠᠴᠠ ᠶᠢ ᠦᠵᠡᠨ᠎ᠠ᠃ ᠪᠤᠷᠳᠤᠭᠤᠷ ᠤᠨ ᠤᠭᠤᠳᠠᠨ ᠳᠤ | ᠶᠡᠷᠦ ᠳᠡᠭᠡᠨ ᠳᠠᠩ ᠭᠠᠭᠴᠠ ᠲᠤᠭ᠎ᠠ ᠬᠡᠮᠵᠢᠭᠳᠡᠯ ᠢᠶᠠᠷ ᠰᠢᠮ᠎ᠡ ᠲᠡᠵᠢᠭᠡᠯ ᠤᠨ ᠠᠭᠤᠯᠤᠭᠳᠠᠴᠠ ᠶᠢ ᠨᠢ | ᠲᠣᠳᠣᠷᠬᠠᠢᠢᠯᠠᠳᠠᠭ᠃ | ᠳᠠᠩ ᠭᠠᠭᠴᠠ ᠪᠣᠷᠳᠣᠭᠤᠷ ᠲᠤ ᠳᠠᠩ ᠭᠠᠭᠴᠠ ᠰᠢᠮ᠎ᠡ ᠲᠡᠵᠢᠭᠡᠯ ᠤᠨ ᠵᠠᠭᠤᠨ ᠤ ᠬᠠᠷᠢᠴᠠᠯ ᠢ ᠨᠢ | ᠲᠣᠳᠣᠷᠬᠠᠢᠢᠯᠠᠵᠤ᠂ ᠵᠡᠷᠭᠡ ᠳᠡᠰ ᠳᠠᠪᠠᠭᠤᠯᠤᠨ ᠳᠤᠳᠤᠷᠬᠠᠢᠢᠯᠠᠬᠤ ᠠᠴᠠ ᠰᠡᠷᠭᠡᠶᠢᠯᠡᠳᠡᠭ᠃ ᠵᠢᠱᠢᠶᠡᠯᠡᠪᠡᠯ᠄ | ᠰᠢᠭᠡᠰᠦᠯᠢᠭ ᠡᠳ᠋ ᠲᠤ ᠠᠭᠤᠯᠤᠭᠳᠠᠬᠤ ᠠᠽᠣᠲ ᠤᠨ ᠶᠡᠷᠦᠩᠬᠡᠢ ᠵᠢᠭᠠᠯᠳᠠ ᠲᠤᠭ᠎ᠠ ᠨᠢ 46.0%᠂ ᠨᠢᠭᠡᠳᠦᠭᠡᠷ | ᠳᠡᠰ ᠤᠨ ᠬᠢᠨ ᠨᠢ 46.2%᠂ ᠵᠠᠷᠢᠮ ᠦᠢᠯᠡᠳᠬᠦᠨ ᠨᠢ ᠠᠭᠤᠯᠤᠭᠳᠠᠬᠤ ᠠᠽᠣᠲ ᠤᠨ ᠶᠡᠷᠦᠩᠬᠡᠢ ᠵᠢᠭᠠᠯᠲᠠ | ᠲᠤᠭ᠎ᠠ ᠶᠢ 46.0% — 4 6.4% ᠬᠡᠵᠤ ᠢᠯᠡᠷᠬᠡᠶᠢᠯᠡᠵᠤ᠂ ᠭᠤᠷᠪᠠᠨ ᠴᠢᠨᠠᠷ ᠤᠨ ᠳᠡᠰ ᠢ ᠳᠠᠪᠠᠭᠤᠯᠤᠭᠰᠠᠨ | ᠪᠠᠶᠢᠨ᠎ᠠ᠂ ᠡᠨᠡ ᠨᠢ ᠬᠡᠷᠡᠭᠯᠡᠭᠴᠢᠳ ᠢ ᠠᠳᠡᠬᠦᠷᠡᠬᠦᠯᠳᠡᠭ ᠠᠷᠭ᠎ᠠ ᠪᠠᠰᠢᠷ ᠪᠤᠯᠬᠤᠷ ᠰᠤᠩᠭᠤᠬᠤ ᠶᠢ ᠡᠷᠡᠰ ᠳᠡᠪᠴᠢᠬᠦ | ᠬᠡᠷᠡᠭᠳᠠᠢ᠃ ᠨᠡᠶᠢᠯᠡᠮᠡᠯ ᠪᠣᠷᠳᠣᠭᠤᠷ ᠲᠤ N᠂ P205᠂ K20 ᠪᠠᠷ ᠶᠡᠷᠦᠩᠬᠡᠢ ᠰᠢᠮ᠎ᠠ ᠲᠡᠵᠢᠭᠡᠯ ᠤᠨ ᠵᠠᠭᠤᠨ ᠤ | ᠬᠠᠷᠢᠴᠠᠯ ᠢ ᠢᠯᠡᠷᠬᠡᠶᠢᠯᠡᠬᠦ ᠪᠦᠭᠡᠳ ᠳᠦᠬᠦᠷᠵᠢᠬᠦᠯᠦᠭᠰᠡᠨ ᠬᠡᠯᠪᠡᠷᠢ ᠪᠠᠷ ᠲᠤᠰ ᠲᠤᠰ N᠂ P205᠂ K20 ᠶᠢᠨ | ᠵᠠᠭᠤᠨ ᠤ ᠬᠠᠷᠢᠴᠠᠯ ᠢ ᠨᠢ ᠢᠯᠡᠷᠬᠡᠶᠢᠯᠡᠳᠡᠭ᠃ ᠵᠢᠱᠢᠶᠡᠯᠡᠪᠡᠯ᠄ N᠂ P205᠂ K20 ᠨᠢ ᠲᠤᠰ ᠲᠤᠰ | 15% ᠶᠢᠨ ᠠᠽᠣᠲ ᠹᠣᠰᠹᠣᠷ ᠺᠠᠯᠢ ᠶᠢᠨ ᠨᠡᠶᠢᠯᠡᠮᠡᠯ ᠪᠣᠷᠳᠣᠭᠤᠷ ᠪᠣᠯᠬᠤ ᠪᠥᠭᠡᠳ ᠳᠦᠬᠦᠷᠵᠢᠬᠦᠯᠦᠭᠰᠡᠨ ᠬᠡᠯᠪᠡᠷᠢ ᠨᠢ | ᠠᠽᠣᠲ ᠹᠣᠰᠹᠣᠷ ᠺᠠᠯᠢ 15 — 15 — 15 ᠪᠤᠯᠤᠨ᠎ᠠ᠃ | 3᠂ ᠪᠣᠷᠳᠣᠭᠤᠷ ᠤᠨ ᠳᠠᠩᠰᠠᠯᠠᠭᠰᠠᠨ ᠦᠨᠡᠮᠯᠡᠯ ᠤᠨ ᠨᠣᠮᠧᠷ ᠢ ᠦᠵᠡᠨ᠎ᠠ᠃ ᠤᠯᠤᠰ ᠠᠴᠠ ᠪᠣᠷᠳᠣᠭᠤᠷ ᠢ | ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ ᠪᠠᠶᠢᠭ᠎ᠠ ᠦᠢᠯᠡᠳᠬᠦᠨ ᠳᠤ ᠶᠡᠷᠦ ᠳᠡᠭᠡᠨ | ᠪᠣᠷᠳᠣᠭᠤᠷ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠨᠤᠮᠧᠷ ᠢ ᠳᠡᠮᠳᠡᠭᠯᠡᠳᠡᠭ᠃ ᠪᠣᠷᠳᠣᠭᠤᠷ ᠤᠨ | ᠳᠡᠩᠰᠡᠯᠡᠯᠲᠡ ᠳᠤ ᠤᠯᠤᠰ ᠤᠨ ᠳᠡᠩᠰᠡᠯᠡᠯᠲᠡ ᠪᠠ ᠮᠣᠵᠢ ᠶᠢᠨ ᠳᠡᠩᠰᠡᠯᠡᠯᠲᠡ ᠭᠡᠵᠦ ᠬᠤᠪᠢᠶᠠᠳᠠᠭ᠃ ᠵᠢᠱᠢᠶᠡᠯᠡᠪᠡᠯ᠄ | ᠲᠠᠷᠢᠶᠠᠯᠠᠩ ᠤᠨ ᠪᠤᠷᠳᠤᠭᠤᠷ ︵2013︶ 2781 ᠳ᠋ᠤᠭᠡᠷ᠂ ᠱᠠᠨᠳᠦ᠋ᠡᠭ ︵ᠯᠦ︶ ᠤᠨ ᠲᠠᠷᠢᠶᠠᠯᠠᠩ ᠤᠨ | ᠪᠤᠷᠳᠤᠭᠤᠷ ︵2012︶ 3010 ᠳ᠋ᠤᠭᠠᠷ ᠭᠡᠬᠦ ᠮᠡᠲᠦ᠃ | 4᠂ ᠦᠢᠯᠡᠳᠪᠦᠷᠢᠯᠡᠭᠴᠢ ᠪᠤᠶᠤ ᠪᠣᠷᠣᠯᠠᠭᠤᠯᠤᠭᠴᠢ ᠶᠢᠨ ᠨᠡᠷᠡᠶᠢᠳᠦᠯ ᠪᠤᠯᠤᠨ ᠬᠠᠶ᠋ᠢᠭ ᠢ ᠨᠢ ᠦᠵᠡᠨ᠎ᠡ᠃ ᠬᠠᠤᠯᠢ | ᠶᠣᠰᠣᠭᠠᠷ ᠳᠠᠩᠰᠠᠯᠠᠭᠤᠯᠤᠭᠰᠠᠨ ᠪᠥᠭᠡᠳ ᠦᠢᠯᠡᠳᠬᠦᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠡᠭᠦᠷᠭᠡᠯᠡᠵᠦ | ᠴᠢᠳᠠᠬᠤ ᠦᠢᠯᠡᠳᠪᠦᠷᠢᠯᠡᠭᠴᠢ ᠪᠤᠶᠤ ᠪᠣᠷᠣᠯᠠᠭᠤᠯᠤᠬᠴᠢ ᠶᠢᠨ ᠨᠡᠷᠡᠶᠢᠳᠦᠯ᠂ ᠬᠠᠶ᠋ᠢᠭ ᠢ ᠨᠢ ᠲᠣᠳᠣᠷᠬᠠᠢᠢᠯᠠᠭᠰᠠᠨ | ᠪᠠᠶᠢᠬᠤ ᠬᠡᠷᠡᠭᠲᠡᠢ᠃ ᠬᠤᠵᠢᠮ ᠬᠡᠷᠪᠡ ᠠᠰᠠᠭᠤᠳᠠᠯ ᠵᠠᠭᠤᠷᠠᠯᠳᠤᠭᠠᠨ ᠭᠠᠷᠬᠤ ᠳᠤ ᠬᠦᠷᠪᠡᠯ᠂ ᠦᠢᠯᠡᠳᠪᠦᠷᠢ ᠲᠠᠢ ᠨᠢ | ᠬᠠᠷᠢᠯᠴᠠᠵᠤ ᠵᠥᠪᠳᠡᠯᠴᠡᠨ ᠰᠢᠢᠳᠪᠦᠷᠢᠯᠡᠵᠦ ᠪᠣᠯᠤᠨ᠎ᠠ᠃ | 5᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠤᠶᠤ ᠵᠥᠪᠰᠢᠶᠡᠷᠡᠭᠰᠡᠨ ᠨᠤᠮᠧᠷ ᠢ ᠨᠢ ᠦᠵᠡᠨ᠎ᠡ᠃ | ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠶᠠᠰᠤ ᠴᠢᠨᠠᠷ ᠤᠨ ᠭᠡᠷᠡᠴᠢ ᠪᠢᠴᠢᠭ ᠪᠤᠶᠤ ᠦᠢᠯᠡᠳᠬᠦᠨ ᠤ ᠭᠠᠳᠠᠷ | ᠪᠣᠭᠤᠳᠠᠯ ᠳᠡᠭᠡᠷ᠎ᠡ ᠪᠣᠷᠳᠣᠭᠤᠷ ᠤᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠤᠶᠤ ᠵᠦᠪᠰᠢᠶᠡᠷᠡᠭᠰᠡᠨ ᠨᠤᠮᠧᠷ ᠢ | ᠲᠣᠳᠣᠷᠬᠠᠢᠢᠯᠠᠭᠰᠠᠨ ᠪᠠᠶᠢᠬᠤ ᠬᠡᠷᠡᠭᠲᠡᠢ᠃ ᠬᠡᠷᠪᠡ ᠦᠢᠯᠡᠳᠬᠦᠨ ᠢ ᠬᠤᠭᠤᠴᠠᠭ᠎ᠠ ᠬᠢᠵᠠᠭᠠᠷᠯᠠᠨ ᠬᠡᠷᠡᠭᠯᠡᠬᠦ | ᠴᠢᠬᠤᠯᠠ ᠲᠠᠢ ᠪᠤᠯ ᠴᠢᠨᠠᠷ ᠢ ᠪᠠᠲᠤᠯᠠᠬᠤ ᠬᠤᠭᠤᠴᠠᠭ᠎ᠠ ᠪᠤᠶᠤ ᠬᠦᠴᠦᠨ ᠦᠭᠡᠢ ᠪᠣᠯᠬᠤ ᠡᠳᠦᠷ ᠬᠤᠭᠤᠴᠠᠭ᠎ᠠ ᠶᠢ | ᠲᠣᠳᠣᠷᠬᠠᠢᠢᠯᠠᠭᠰᠠᠨ ᠪᠠᠶᠢᠬᠤ ᠬᠡᠷᠡᠭᠲᠡᠢ᠃ ᠬᠡᠷᠪᠡ ᠦᠢᠯᠡᠳᠬᠦᠨ ᠤ ᠴᠢᠨᠠᠷ ᠢ ᠪᠠᠲᠤᠯᠠᠬᠤ ᠬᠤᠭᠤᠴᠠᠭ᠎ᠠ ᠨᠢ | ᠬᠠᠳᠠᠭᠠᠯᠠᠬᠤ ᠨᠥᠬᠦᠴᠡᠯ ᠲᠠᠢ ᠬᠠᠷᠢᠴᠠᠭ᠎ᠠ ᠲᠠᠢ ᠪᠤᠯ᠂ ᠲᠤᠰ ᠦᠢᠯᠡᠳᠬᠦᠨ ᠢ ᠬᠠᠳᠠᠭᠠᠯᠠᠬᠤ ᠠᠷᠭ᠎ᠠ ᠪᠠᠨ | ᠲᠣᠳᠣᠷᠬᠠᠢᠢᠯᠠᠬᠤ ᠬᠡᠷᠡᠭᠳᠠᠢ᠃ | 6᠂ ᠪᠣᠷᠳᠣᠭᠤᠷ ᠤᠨ ᠪᠠᠷᠢᠮᠵᠢᠶ᠎ᠠ ᠶᠢ ᠦᠵᠡᠨ᠎ᠠ᠃ ᠪᠣᠷᠳᠣᠭᠤᠷ ᠢ ᠦᠢᠯᠡᠳᠪᠦᠷᠢᠯᠡᠬᠦ ᠳᠤ ᠬᠡᠷᠡᠭᠵᠢᠬᠦᠯᠦᠭᠰᠡᠨ | ᠪᠠᠷᠢᠮᠵᠢᠶ᠎ᠠ ᠶᠢᠨ ᠪᠠᠷᠢᠮᠵᠢᠶᠠᠲᠤ ᠨᠣᠮᠧᠷ ᠢ ᠲᠣᠳᠣᠷᠬᠠᠢᠢᠯᠠᠬᠰᠠᠨ ᠪᠠᠶᠢᠬᠤ ᠬᠡᠷᠡᠭᠲᠡᠢ᠃ ᠤᠯᠤᠰ ᠠᠴᠠ ᠡᠯ᠎ᠡ ᠵᠦᠢᠯ ᠤᠨ | ᠪᠣᠷᠳᠣᠭᠤᠷ ᠤᠨ ᠪᠠᠷᠢᠮᠵᠢᠶ᠎ᠠ ᠶᠢ ᠲᠣᠭᠲᠠᠭᠠᠭᠰᠠᠨ ᠪᠠᠶᠢᠳᠠᠭ᠃ ᠵᠢᠱᠢᠶᠡᠯᠡᠪᠡᠯ᠂ GB15063 — 2009 | ᠨᠡᠶᠢᠯᠡᠮᠡᠯ ᠪᠣᠷᠳᠣᠭᠤᠷ᠂ NY525 — 2012 ᠣᠷᠭᠠᠨᠢᠭ ᠪᠣᠷᠳᠣᠭᠤᠷ ᠵᠡᠷᠭᠡ᠃ | 7᠂ ᠰᠡᠷᠡᠮᠵᠢᠯᠡᠭᠦᠯᠬᠦ ᠲᠣᠳᠣᠷᠬᠠᠢᠢᠯᠠᠯᠲᠠ ᠶᠢ ᠦᠵᠡᠨ᠎ᠠ᠃ ᠦᠢᠯᠡᠳᠬᠦᠨ ᠢ ᠲᠡᠭᠡᠭᠡᠪᠦᠷᠢᠯᠡᠬᠦ᠂ ᠬᠠᠳᠠᠭᠠᠯᠠᠬᠤ᠂ | ᠬᠡᠷᠡᠭᠯᠡᠬᠦ ᠶᠠᠪᠤᠴᠠ ᠳᠤ ᠵᠣᠬᠢᠰ ᠦᠭᠡᠢ ᠠᠵᠢᠯᠯᠠᠭ᠎ᠠ ᠠᠴᠠ ᠪᠤᠯᠵᠦ ᠡᠳ᠋ ᠬᠥᠷᠥᠩᠭᠡ ᠶᠢ ᠰᠦᠢᠳᠭᠡᠬᠦ ᠪᠤᠶᠤ ᠬᠥᠮᠦᠨ ᠤ | ᠪᠡᠶ᠎ᠡ ᠶᠢᠨ ᠡᠷᠡᠭᠦᠯ ᠮᠡᠨᠳᠦ ᠪᠠ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠶᠤᠯ ᠲᠠᠢ ᠪᠤᠯ | ᠰᠡᠷᠡᠮᠵᠢᠯᠡᠭᠦᠯᠬᠦ ᠲᠣᠳᠣᠷᠬᠠᠢᠢᠯᠠᠯᠲᠠ ᠪᠠᠶᠢᠪᠠᠯ ᠵᠤᠬᠢᠨ᠎ᠠ᠃ | 8᠂ ᠦᠢᠯᠡᠳᠬᠦᠨ ᠤ ᠶᠠᠮᠠᠷ ᠲᠠᠷᠢᠮᠠᠯ ᠳᠤ ᠬᠡᠷᠡᠭᠯᠡᠬᠦ᠂ ᠳᠤᠬᠢᠷᠠᠬᠤ ᠣᠷᠣᠨ ᠳᠤᠭᠤᠷᠢᠭ᠂ ᠬᠡᠷᠡᠭᠯᠡᠬᠦ ᠠᠷᠭ᠎ᠠ | ᠪᠣᠯᠤᠨ ᠠᠩᠬᠠᠷᠬᠤ ᠵᠦᠢᠯ ᠤᠳ ᠢ ᠨᠢ ᠦᠵᠡᠨ᠎ᠠ᠃ ᠵᠢᠷᠤᠮᠵᠢᠭᠤᠯᠤᠭᠰᠠᠨ ᠢᠯᠭᠠᠬᠤ ᠲᠡᠮᠳᠡᠭ ᠤᠨ ᠠᠭᠤᠯᠭ᠎ᠠ ᠪᠣᠯᠤᠨ | ᠱᠠᠭᠠᠷᠳᠠᠯᠭ᠎ᠠ ᠶᠢ ᠦᠨᠳᠦᠰᠦᠯᠡᠨ ᠪᠣᠷᠳᠣᠭᠤᠷ ᠲᠤ ᠠᠩᠬ᠎ᠠ ᠠᠯᠬᠤᠮ ᠤᠨ ᠮᠠᠭᠠᠳᠯᠠᠯᠲᠠ ᠬᠢᠵᠦ ᠪᠣᠯᠤᠨ᠎ᠠ᠃ ᠬᠡᠷᠪᠡ | ᠪᠣᠷᠳᠣᠭᠤᠷ ᠤᠨ ᠤᠭᠤᠳᠠ ᠶᠢᠨ ᠲᠡᠮᠳᠡᠭ ᠨᠢ ᠵᠢᠷᠤᠮᠵᠢᠭᠤᠯᠤᠭᠰᠠᠨ ᠢᠯᠡᠳᠭᠡᠮᠵᠢ ᠲᠠᠢ ᠨᠡᠶᠢᠴᠡᠬᠦ ᠦᠭᠡᠢ ᠪᠠᠶᠢᠪᠠᠯ ᠲᠤᠰ | ᠪᠣᠷᠳᠣᠭᠤᠷ ᠤᠨ ᠪᠤᠭᠤᠳᠠᠯ ᠪᠠᠭᠯᠠᠭ᠎ᠠ ᠨᠢ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠥᠭᠡᠳ | ᠣᠯᠠᠩᠬᠢ ᠨᠢ ᠬᠠᠭᠤᠷᠮᠠᠭ ᠮᠠᠭᠤ ᠪᠣᠷᠳᠣᠭᠤᠷ ᠭᠡᠵᠦ ᠮᠠᠭᠠᠳᠯᠠᠵᠤ ᠪᠣᠯᠤᠨ᠎ᠠ᠃ | ᠪᠡᠯᠡᠳᠭᠡᠭᠰᠡᠨ ᠨᠢ᠄ ᠭᠡᠷᠡᠯ | ᠢᠷᠡᠯᠲᠡ᠄ ᠦᠪᠦᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ |