ᠮᠠᠨ ᠤ ᠰᠢᠶᠠᠨ ᠪᠦᠬᠦ ᠠᠷᠠᠳ ᠤᠨ ᠰᠢᠨ᠎ᠡ ᠺᠣᠷᠤᠨᠠ ᠸᠢᠷᠦ᠋ᠰ ᠤᠨ ᠸᠠᠺᠼᠢᠨ ᠢ ᠰᠦᠢᠳᠬᠡᠯ ᠬᠤᠷᠢᠶᠠᠬᠤ ᠦᠭᠡᠢ ᠪᠠᠷ ᠲᠠᠷᠢᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2021/4/6
   ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠪᠠᠶᠢᠭᠤᠯᠵᠤ᠂ ᠪᠦᠬᠦ ᠰᠢᠶᠠᠨ ᠤ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠮᠠᠨ ᠤ ᠰᠢᠶᠠᠨ ᠪᠥᠬᠦ ᠠᠷᠠᠳ ᠤᠨ ᠰᠢᠨ᠎ᠡ ᠺᠣᠷᠤᠨᠠ ᠸᠢᠷᠦ᠋ᠰ ᠤᠨ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠳᠠᠷᠢᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃
   ᠦᠳᠡ ᠶᠢᠨ ᠬᠤᠶᠢᠨᠠᠬᠢ 3 ᠴᠠᠭ ᠤᠨ ᠦᠶ᠎ᠡ ᠪᠠᠷ᠂ ᠰᠤᠷᠪᠤᠯᠵᠢᠯᠠᠭᠴᠢ ᠰᠢᠶᠠᠨ ᠤ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ ᠲᠤ᠂ ᠴᠥᠭᠡᠨ ᠪᠤᠰᠤ ᠰᠢᠶᠠᠨ ᠤ ᠬᠤᠳᠠ ᠶᠢᠨ ᠠᠷᠠᠳ ᠮᠥᠷᠯᠡᠨ ᠸᠠᠺᠼᠢᠨ ᠤ ᠲᠠᠷᠢᠯᠭ᠎ᠠ ᠬᠢᠵᠦ ᠪᠠᠶᠢᠬᠤ ᠶᠢ ᠣᠯᠵᠤ ᠬᠠᠷᠠᠪᠠ᠃ ᠸᠠᠺᠼᠢᠨ ᠤ ᠲᠠᠷᠢᠯᠭ᠎ᠠ ᠬᠢᠬᠦ ᠪᠠᠷ ᠢᠷᠡᠭᠰᠡᠨ ᠬᠤᠲᠠ ᠶᠢᠨ ᠠᠷᠠᠳ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠺᠣᠳ᠋ ᠰᠢᠷᠪᠢᠵᠦ ᠳᠠᠩᠰᠠᠯᠠᠭᠰᠠᠨ ᠤ ᠳᠠᠷᠠᠭ᠎ᠠ ᠳᠠᠩᠰᠠᠯᠠᠬᠤ ᠭᠠᠵᠠᠷ  ᠲᠤ ᠡᠮᠬᠢ ᠵᠢᠷᠤᠮ ᠲᠠᠢ ᠪᠠᠷ ᠣᠷᠣᠵᠤ᠂ ᠡᠮᠴᠢᠯᠡᠭᠡᠨ ᠤ ᠠᠵᠢᠯᠲᠠᠨ ᠸᠠᠺᠼᠢᠨ ᠤ ᠲᠠᠷᠢᠯᠭ᠎ᠠ ᠬᠢᠬᠦ ᠪᠠᠷ ᠪᠣᠯᠵᠣᠭᠰᠠᠨ ᠬᠤᠲᠠ ᠶᠢᠨ ᠠᠷᠠᠳ ᠤᠨ ᠪᠡᠶ᠎ᠡ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠸᠠᠺᠼᠢᠨ ᠤ ᠲᠠᠷᠢᠯᠭ᠎ᠠ ᠬᠢᠬᠦ ᠳᠤ ᠠᠩᠬᠠᠷᠬᠤ ᠵᠦᠶᠯᠡᠰ ᠢ ᠲᠠᠶᠢᠯᠪᠤᠷᠢᠯᠠᠪᠠ᠃ ᠠᠯᠳᠠᠭ᠎ᠠ ᠥᠬᠡᠶ ᠶᠢ ᠨᠤᠲᠠᠯᠠᠭᠰᠠᠨ ᠤ ᠳᠠᠷᠠᠭ᠎ᠠ᠂ ᠳᠠᠬᠢᠨ ᠲᠠᠷᠢᠯᠭ᠎ᠠ ᠶᠢᠨ ᠲᠠᠰᠤᠭ ᠲᠤ ᠬᠦᠷᠴᠦ ᠲᠠᠷᠢᠯᠭ᠎ᠠ ᠬᠢᠵᠦ᠂ ᠤᠷᠢᠳᠴᠢᠯᠠᠨ ᠪᠣᠯᠵᠤᠭᠰᠠᠨ ᠲᠠᠷᠢᠯᠭ᠎ᠠ ᠶᠢᠨ ᠪᠥᠬᠦ ᠶᠠᠪᠤᠴᠠ ᠶᠢᠨ ᠡᠮᠬᠢ ᠳᠢᠭᠯᠢᠮ ᠲᠠᠢ ᠶᠠᠪᠤᠭᠳᠠᠨ᠎ᠠ᠃
   ᠣᠶᠢᠯᠠᠭᠠᠭᠰᠠᠨ ᠢᠶᠠᠷ᠂ ᠸᠠᠺᠼᠢᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ᠂ ᠮᠠᠨ ᠤ ᠰᠢᠶᠠᠨ ᠤ ᠸᠠᠺᠼᠢᠨ ᠤ ᠲᠠᠷᠢᠯᠭ᠎ᠠ ᠬᠢᠬᠦ ᠠᠵᠢᠯ ᠨᠢᠭᠡᠨᠲᠡ ᠡᠮᠦᠨᠡᠬᠢ ᠬᠤᠭᠤᠴᠠᠭᠠᠨ ᠤ ᠬᠡᠰᠡᠭ ᠪᠦᠯᠦᠭ ᠬᠤᠪᠢᠶᠠᠨ ᠭᠤᠤᠯᠳᠠᠯᠭ᠎ᠠ ᠲᠠᠢ ᠬᠥᠮᠦᠰ ᠲᠤ ᠠᠯᠭᠤᠷ ᠲᠠᠷᠢᠯᠭ᠎ᠠ ᠬᠢᠬᠦ ᠱᠠᠲᠤ ᠦᠶ᠎ᠡ ᠠᠴᠠ ᠡᠩ ᠤᠨ ᠬᠥᠮᠦᠰ ᠲᠤ ᠪᠥᠬᠦ ᠲᠠᠯ᠎ᠠ  ᠪᠠᠷ ᠲᠠᠷᠢᠯᠭ᠎ᠠ ᠬᠢᠬᠦ ᠱᠠᠲᠤᠨ ᠳᠤ ᠰᠢᠯᠵᠢᠵᠦ᠂ ᠲᠠᠷᠢᠯᠭ᠎ᠠ ᠬᠢᠬᠦ ᠬᠡᠪᠴᠢᠶ᠎ᠡ ᠶᠢ ᠶᠠᠭ ᠠᠯᠬᠤᠮ ᠠᠯᠬᠤᠮ ᠢᠶᠠᠷ ᠡᠩ ᠤᠨ ᠬᠥᠮᠦᠰ ᠲᠤ ᠡᠮᠬᠢ ᠵᠢᠷᠤᠮ ᠲᠠᠢ ᠳᠡᠯᠭᠡᠷᠡᠭᠦᠯᠵᠦ ᠪᠠᠶᠢᠨ᠎ᠠ᠃ ᠪᠥᠬᠦ ᠰᠢᠶᠠᠨ ᠳᠤ ᠰᠢᠶᠠᠨ ᠤ ᠡᠮᠨᠡᠯᠭᠡ ᠶᠢᠨ ᠬᠤᠷᠢᠶᠠᠨ  ᠤ ᠪᠡᠶ᠎ᠡ ᠶᠢᠨ ᠪᠠᠶᠢᠴᠠᠭᠠᠯᠲᠠ ᠶᠢᠨ ᠲᠥᠪ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠵᠡᠷᠭᠡ 3 ᠲᠠᠷᠢᠯᠭ᠎ᠠ ᠬᠢᠬᠦ ᠴᠡᠭ ᠭᠠᠷᠭᠠᠵᠠᠶ᠃ 4 ᠰᠠᠷ᠎ᠠ ᠶᠢᠨ 1  ᠤ ᠡᠳᠦᠷ ᠪᠣᠯᠲᠠᠯ᠎ᠠ᠂ ᠪᠥᠬᠦ ᠰᠢᠶᠠᠨ ᠳᠤ ᠨᠢᠭᠡᠨᠲᠡ 5900 ᠤᠳᠠᠭ᠎ᠠ ᠶᠢᠨ ᠲᠠᠷᠢᠯᠭ᠎ᠠ ᠬᠢᠵᠦ᠂ ᠴᠥᠮ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠠᠶᠢᠨ᠎ᠠ᠃
   ᠡᠮᠴᠢ ᠰᠤᠪᠢᠯᠠᠭᠴᠢ ᠶᠢᠨ ᠲᠠᠨᠢᠯᠴᠠᠭᠤᠯᠤᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠠᠴᠠ ᠡᠭᠦᠰᠦᠭᠰᠡᠨ᠂ ᠠᠮᠢᠰᠬᠤᠯ ᠤᠨ ᠵᠠᠮ ᠤᠨ ᠰᠢᠯᠦᠰᠦ ᠴᠠᠷ ᠪᠣᠯᠤᠨ ᠨᠢᠭᠲᠠ ᠬᠦᠷᠦᠯᠴᠡᠬᠦ ᠪᠠᠷ ᠭᠤᠤᠯ ᠬᠠᠯᠳᠠᠪᠤᠷᠢᠯᠠᠬᠤ ᠠᠷᠭ᠎ᠠ ᠵᠠᠮ ᠪᠣᠯᠭᠠᠭᠰᠠᠨ ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠪᠣᠯᠤᠨ᠎ᠠ᠂ ᠪᠠᠷᠤᠭ ᠬᠥᠮᠦᠨ ᠪᠦᠬᠦᠨ ᠰᠢᠨ᠎ᠡ ᠲᠢᠲᠢᠮᠯᠢᠭ ᠸᠢᠷᠦ᠋ᠰ ᠲᠤ ᠠᠮᠠᠷᠬᠠᠨ ᠬᠠᠯᠳᠠᠪᠤᠷᠢᠯᠠᠭᠳᠠᠳᠠᠭ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠬᠥᠮᠦᠨ ᠤ ᠪᠡᠶ᠎ᠡ ᠳᠤ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠬᠦ ᠥᠯᠥ ᠬᠠᠯᠳᠠᠭᠠᠬᠤ ᠬᠦᠴᠦᠨ ᠣᠯᠭᠤᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠬᠤᠷᠢᠭᠯᠠᠵᠤ᠂ ᠢᠯᠠᠩᠭᠤᠶ᠎ᠠ ᠬᠦᠨᠳᠦ ᠡᠪᠡᠳᠴᠢᠲᠡᠨ ᠪᠠ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠪᠣᠯᠤᠨ᠎ᠠ ᠃ ᠥᠷᠭᠡᠨ ᠣᠯᠠᠨ ᠰᠠᠭᠤᠭᠠᠯᠢ ᠠᠷᠠᠳ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠴᠢᠨᠠᠷ᠂ ᠠᠮᠤᠷ ᠲᠦᠪᠰᠢᠨ ᠤ ᠴᠢᠨᠠᠷ ᠢ ᠰᠢᠨᠵᠢᠯᠡᠬᠦ ᠤᠬᠠᠭᠠᠨᠴᠢ ᠪᠠᠷ ᠲᠠᠨᠢᠵᠤ᠂ ᠲᠠᠷᠢᠯᠭ᠎ᠠ ᠬᠢᠬᠦ ᠴᠡᠭ ᠲᠤ ᠢᠳᠡᠪᠬᠢᠲᠡᠶ ᠬᠦᠷᠴᠦ ᠸᠠᠺᠼᠢᠨ ᠤ ᠲᠠᠷᠢᠯᠭ᠎ᠠ ᠬᠢᠬᠦ ᠬᠡᠷᠡᠭᠲᠡᠶ᠃            ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ            ᠣᠷᠴᠢᠭᠤᠯᠤᠭᠴᠢ᠄ ᠭᠡᠷᠡᠯ   ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2