ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠡᠨᠧᠷᠭᠢ ᠶᠢᠨ ᠬᠤᠷᠣᠭᠳᠠᠯ ᠤᠨ ᠬᠤᠤᠰ ᠡᠵᠡᠮᠰᠢᠯᠲᠦ ᠲᠡᠮᠦᠷ  ᠤᠨ ᠬᠠᠶᠢᠯᠤᠰᠢ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/7
   4 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠲᠡᠮᠦᠷ ᠤᠨ ᠬᠠᠶᠢᠯᠤᠰᠢ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠴᠠᠬᠢᠯᠭᠠᠨ ᠤ ᠬᠡᠮᠵᠢᠶ᠎ᠡ ᠶᠢ ᠬᠤᠪᠢᠶᠠᠷᠢᠯᠠᠬᠤ ᠠᠷᠭ᠎ᠠ ᠶᠢᠨ ᠲᠤᠬᠠᠶ ᠰᠤᠳᠤᠯᠤᠨ ᠪᠠᠶᠢᠷᠢᠯᠠᠭᠤᠯᠪᠠ᠃
   ᠬᠤᠷᠠᠯ ᠠᠴᠠ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠴᠠᠬᠢᠯᠭᠠᠨ ᠤ ᠬᠡᠮᠵᠢᠶ᠎ᠡ ᠶᠢ ᠬᠤᠪᠢᠶᠠᠷᠢᠯᠠᠬᠤ ᠠᠷᠭ᠎ᠠ ᠶᠢ ᠰᠤᠳᠤᠯᠤᠨ ᠶᠠᠷᠢᠯᠴᠠᠪᠠ᠃    ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠶᠠᠷᠢᠶᠠᠨ ᠳ᠋ᠠᠭᠠᠨ‌‍ᠴᠢᠬᠤᠯᠠᠴᠢᠯᠠᠬᠤ ᠳᠠᠭᠠᠨ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠨᠧᠷᠭᠢ  ᠶᠢᠨ ᠬᠤᠷᠣᠭᠳᠠᠯ ᠤᠨ ᠡᠷᠴᠢᠮ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯ ᠵᠦᠶᠯ ᠤᠨ ᠳᠣᠤᠷ᠎ᠠ ᠲᠦᠪᠰᠢᠨ ᠢᠶᠠᠷ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠶᠢ ᠡᠷᠡᠰ ᠬᠤᠷᠢᠭᠯᠠᠵᠤ᠂ ᠡᠨᠧᠷᠭᠢ ᠶᠢᠨ ᠠᠰᠢᠭᠯᠠᠮᠵᠢ ᠪᠠ ᠦᠷ᠎ᠡ ᠠᠰᠢᠭ ᠤᠨ ᠣᠷᠣᠯᠭ᠎ᠠ ᠶᠢ ᠶᠡᠭᠡ ᠪᠠᠷ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ ᠱᠠᠩᠨᠠᠵᠤ ᠲᠣᠷᠭᠠᠬᠤ ᠲᠥᠷᠥ  ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠭᠠᠶᠢᠯᠢ ᠲᠠᠲᠠᠪᠤᠷᠢ  ᠶᠢᠨ ᠲᠠᠲᠠᠪᠤᠷᠢᠯᠠᠨ ᠲᠤᠰᠢᠶᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠪᠡ᠃
   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠢ ᠶᠠᠷᠢᠶᠠᠨ ᠳᠠᠭᠠᠨ ᠵᠢᠭᠠᠬᠤ ᠳᠠᠭᠠᠨ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠠᠵᠢᠯ ᠢ ᠠᠬᠢᠭᠤᠯᠬᠤ ᠪᠣᠯ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ  ᠶᠢᠨ ᠬᠤᠷᠣᠭᠳᠠᠭᠤᠯᠭ᠎ᠠ ᠶᠢᠨ ︽ᠬᠤᠣᠰ ᠡᠵᠡᠮᠳᠡᠯ︾ ᠤᠨ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠬᠢᠵᠠᠭᠠᠷ ᠲᠠᠢ ᠡᠨᠧᠷᠭᠢ ᠬᠡᠷᠡᠭᠯᠡᠬᠦ ᠭᠦᠢᠴᠡᠳᠬᠡᠬᠦ ᠲᠤᠭ᠎ᠠ ᠶᠢ ᠡᠨᠧᠷᠭᠢ ᠶᠢᠨ ᠬᠤᠷᠣᠭᠳᠠᠭᠤᠯᠭ᠎ᠠ ᠶᠢᠨ ᠦᠢᠯᠡᠳᠪᠦᠷᠢᠯᠡᠬᠦ ᠦᠷ᠎ᠡ ᠠᠰᠢᠭ ᠢᠶᠠᠷ ᠥᠨᠳᠥᠷ ᠠᠵᠤ ᠠᠬᠤᠶᠢᠯᠠᠯ ᠳᠤ ᠦᠯᠡᠳᠡᠭᠡᠨ ᠥᠭᠴᠦ᠂ ᠡᠳ᠋ ᠤᠨ ᠵᠠᠰᠠᠭ ᠭᠠᠶᠢᠯᠢ ᠶᠢᠨ ᠠᠵᠢᠯ ᠤᠨ ᠪᠣᠳᠠᠲᠠᠶ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ  ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠤᠤ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ  ᠤ ᠳᠡᠳ᠋ ᠳᠠᠷᠤᠭ᠎ᠠ ᠭᠦ᠋ ᠵᠢᠤᠢ ᠯᠦᠩ᠂ ᠰᠢᠶᠠᠨ ᠤ ᠳᠡᠳ᠋ ᠳᠠᠷᠤᠭ᠎ᠠ ᠰᠢᠤᠸᠠᠢ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2