ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠶᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ ᠶᠢ ᠨᠡᠶᠢᠲᠡᠯᠡᠬᠦ ᠲᠤᠬᠠᠶ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/5/10
    ᠡᠳᠦᠭᠡ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤ ᠶᠢᠨ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠶᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ︵ᠳᠣᠷᠣᠭᠰᠢ ︽ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠶᠢ ᠨᠡᠶᠢᠲᠡᠯᠡᠬᠦ ᠳᠤ ᠳᠣᠤᠷᠠᠬᠢ ᠮᠡᠲᠦ ᠲᠥᠬᠦᠮ ᠲᠠᠶᠢᠯᠤᠮᠵᠢ ᠬᠢᠪᠠ᠃     ᠨᠢᠭᠡ᠂ ᠲᠣᠳᠣᠷᠬᠠᠢ ᠬᠠᠭᠤᠳᠠᠰᠤ ᠶᠢ ᠨᠡᠶᠢᠲᠡᠯᠡᠬᠦ ᠶᠢᠨ ᠴᠢᠬᠤᠯᠠ ᠴᠢᠨᠠᠷ    ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠢᠯᠭᠠᠷᠠᠭᠤᠯᠵᠤ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠨᠳᠦᠰᠦᠨ ᠱᠠᠲᠤᠨ ᠤ ᠳᠠᠷᠤᠭᠠᠰᠤ ᠶᠢ ᠶᠡᠬᠡᠪᠡᠷ ᠬᠥᠩᠭᠡᠷᠡᠭᠦᠯᠵᠦ᠂ ᠵᠠᠭᠠᠭ ᠬᠢᠵᠠᠭᠠᠷ ᠨᠢ ᠲᠣᠳᠣᠷᠬᠠᠶ᠂ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠶ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠶ ᠦᠨᠳᠦᠰᠦᠨ ᠱᠠᠲᠤᠨ ᠤ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠬᠤ ᠰᠢᠰᠲ᠋ᠧᠮᠵᠢ ᠪᠣᠯᠤᠨ ᠵᠠᠰᠠᠬᠤ ᠴᠢᠳᠠᠪᠤᠷᠢ  ᠶᠢᠨ ᠣᠳᠣᠬᠢᠴᠢᠯᠠᠯᠲᠠ ᠶᠢ ᠴᠢᠷᠮᠠᠶᠢᠨ ᠲᠦᠯᠬᠢᠨ ᠠᠬᠢᠭᠤᠯᠬᠤ ᠶᠢᠨ ᠲᠤᠰᠠᠳᠠ᠂ ᠰᠤᠳᠤᠯᠬᠤ ᠪᠠᠷ ᠳᠠᠮᠵᠢᠨ ︽ᠰᠢᠶᠠᠨ  ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢ ᠨᠡᠶᠢᠲᠡᠯᠡᠪᠡ᠃     ᠬᠤᠶᠠᠷ᠂ ᠲᠣᠳᠣᠷᠬᠠᠢ ᠬᠠᠭᠤᠳᠠᠰᠤ ᠶᠢ ᠨᠡᠶᠢᠲᠡᠯᠡᠭᠰᠡᠨ ᠦᠨᠳᠦᠰᠦᠯᠡᠯ     ︵ᠨᠢᠭᠡ︶ ︽︿ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ  ﹇2019﹈ 22 ᠳ᠋ᠤᠭᠠᠷ ᠲᠣᠭᠠᠲᠤ︶᠃     ︵ᠬᠤᠶᠠᠷ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ  ︽ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ( ᠵᠡᠭᠡᠯᠢ ᠭᠤᠳᠤᠮᠵᠢ ) ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠲᠤᠬᠠᠶ ᠮᠡᠳᠡᠭᠳᠡᠯ︾ ︵ᠥᠪᠥᠷ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ  ﹇2020﹈108 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃     ᠭᠤᠷᠪᠠ᠂ ᠨᠠᠷᠢᠨ ᠲᠠᠩᠰᠠ ᠶᠢ ᠨᠡᠶᠢᠲᠡᠯᠡᠭᠰᠡᠨ ᠭᠤᠤᠯ ᠠᠭᠤᠯᠭ᠎ᠠ     ︵ᠨᠢᠭᠡ︶ ᠨᠠᠷᠢᠨ ᠬᠠᠭᠤᠳᠠᠰᠤ ᠶᠢᠨ ᠬᠦᠴᠦᠨ ᠵᠦᠶᠯ᠃ ᠨᠠᠷᠢᠨ ᠬᠠᠭᠤᠳᠠᠰᠤ ᠶᠢᠨ ᠬᠦᠴᠦᠨ ᠵᠦᠶᠯ ᠳᠤ ᠭᠤᠤᠯᠳᠠᠭᠤ ᠲᠥᠷᠥᠯ ᠢᠯᠭᠠᠯ᠂ ᠪᠣᠳᠠᠲᠠᠶ ᠵᠦᠶᠯᠡᠰ᠂ ᠰᠢᠶᠠᠨ ᠤ ᠱᠠᠲᠤᠨ ᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠂ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠤᠨ ᠦᠨᠳᠦᠰᠦᠯᠡᠯ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ ᠵᠡᠷᠭᠡ ᠬᠦᠴᠦᠨ ᠵᠦᠶᠯ ᠢ ᠪᠠᠭᠲᠠᠭᠠᠨ᠎ᠠ᠃     ︵ᠬᠤᠶᠠᠷ︶ ᠨᠠᠷᠢᠨ ᠬᠠᠭᠤᠳᠠᠰᠤ ᠶᠢᠨ ᠠᠭᠤᠯᠭ᠎ᠠ᠃ ᠨᠠᠷᠢᠨ ᠲᠠᠩᠰᠠ ᠳᠤ ᠨᠡᠶᠢᠲᠡ 6 ᠲᠥᠷᠥᠯ ᠤᠨ 71 ᠵᠣᠷᠪᠤᠰ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠨᠡᠶᠢᠲᠡᠯᠡᠪᠡ᠃ ᠡᠭᠦᠨ ᠳᠤ ᠭᠤᠤᠯ ᠴᠣᠭᠴᠠ ᠶᠢᠨ ᠬᠠᠷᠢᠭᠤᠴᠠᠯᠭ᠎ᠠ ᠨᠢ ᠰᠠᠯᠠᠭ᠎ᠠ ᠮᠥᠴᠢᠷ᠂ ᠬᠠᠮᠵᠢᠯᠴᠠᠬᠤ ᠬᠠᠷᠢᠭᠤᠴᠠᠯᠭ᠎ᠠ ᠨᠢ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ 66 ᠵᠣᠷᠪᠤᠰ᠂ ᠭᠤᠤᠯ ᠴᠣᠭᠴᠠ ᠶᠢᠨ ᠬᠠᠷᠢᠭᠤᠴᠠᠯᠭ᠎ᠠ ᠨᠢ ᠰᠢᠶᠠᠩ ᠪᠠᠯᠭᠠᠰᠤ᠂ ᠬᠠᠮᠵᠢᠯᠴᠠᠬᠤ ᠬᠠᠷᠢᠭᠤᠴᠠᠯᠭ᠎ᠠ ᠨᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ 5 ᠵᠣᠷᠪᠤᠰ ᠪᠣᠯᠤᠨ᠎ᠠ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠣᠳᠣᠨᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2