ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠰᠢᠶᠠᠨ ᠤ ᠨᠠᠮ ᠤᠨ ᠬᠤᠷᠢᠶᠠᠨ ᠤ 2021 ᠣᠨ ᠤ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/18
   ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ 2021 ᠣᠨ ᠤ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠭᠡᠷ ᠲᠡᠭᠡᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ᠂ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠧᠦ ᠵᠢᠢ ᠱᠧᠩ ᠬᠤᠷᠠᠯ ᠳᠤ ᠰᠤᠯᠠ ᠣᠷᠣᠯᠴᠠᠪᠠ᠃
   ᠲᠣᠰ ᠤᠳᠠᠭᠠᠨ ᠤ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ᠂ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠯᠲᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ  ᠤᠨ ᠬᠡᠷ ᠪᠠᠶᠢᠰᠢᠩ ᠭᠠᠵᠠᠷ ᠰᠢᠷᠣᠶ ᠶᠢᠨ ᠭᠠᠶᠢᠯᠢ ᠲᠠᠲᠠᠪᠤᠷᠢᠯᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠠᠷᠤᠳᠠᠯ᠂ ᠲᠣᠰᠬᠤᠨ ᠤ ᠺᠠᠳ᠋ᠷ ᠤᠨ ᠴᠠᠯᠢᠩ ᠬᠥᠯᠥᠰᠥ ᠵᠡᠷᠭᠡ ᠬᠠᠮᠢᠶ᠎ᠠ ᠪᠥᠬᠦᠶ ᠵᠦᠶᠯᠡᠰ ᠢ ᠰᠤᠳᠤᠯᠤᠨ ᠶᠠᠷᠢᠯᠴᠠᠪᠠ᠃ ︽2019᠂ 2020 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶᠯ ᠤᠨ ᠪᠠᠯᠠ ᠮᠥᠩᠭᠦ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠭᠤᠤᠯᠳᠠᠯᠭ᠎ᠠ ᠲᠠᠢ ᠲᠡᠳᠬᠦᠨ ᠳᠡᠮᠵᠢᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠳᠤ ᠣᠷᠣᠯᠴᠠᠭᠰᠠᠳ ᠡᠯ᠎ᠡ ᠵᠦᠢᠯ ᠤᠨ ᠠᠵᠢᠯ ᠤᠨ ᠲᠣᠭᠤᠷᠢᠨ ᠳᠤ ᠰᠤᠳᠤᠯᠤᠯᠲᠠ ᠬᠢᠬᠦ ᠶᠢᠨ ᠬᠠᠮᠲᠤ ᠰᠠᠨᠠᠯ ᠰᠠᠨᠠᠭᠤᠯᠭ᠎ᠠ ᠪᠠᠨ ᠢᠯᠡᠳᠬᠡᠪᠡ᠃
   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠯᠦᠩ ᠹᠸᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠭᠤᠤᠯᠳᠠᠯᠭ᠎ᠠ ᠲᠠᠢ ᠲᠠᠶᠢᠯᠤᠮᠵᠢ ᠬᠢᠪᠠ᠃ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠥᠷᠨᠢᠭᠦᠯᠬᠦ ᠲᠤᠬᠠᠶ᠂ ᠸᠠᠩ ᠪᠢᠩ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢᠵᠢᠯ ᠤᠨ ᠰᠡᠳᠬᠢᠬᠦᠶ ᠪᠠ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠥᠪᠡᠷ ᠢ  ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠨᠠᠷᠢᠨ ᠬᠢᠨᠠᠮᠠᠭᠠᠶ ᠥᠷᠨᠢᠭᠦᠯᠵᠦ᠂ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠠᠳᠠᠷᠠᠭᠤᠯᠵᠤ᠂ ᠬᠠᠤᠯᠢ ᠶᠣᠰᠣᠭᠠᠷ ᠬᠠᠮᠢᠶᠠᠷᠴᠤ᠂ ᠬᠠᠮᠢᠶ᠎ᠠ ᠪᠥᠬᠦᠶ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃
   ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠭᠠᠶᠢᠯᠢ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠲᠤᠬᠠᠶ ᠸᠠᠩ ᠪᠢᠩ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠳ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠲᠠᠩᠰᠠ ᠶᠢ ᠲᠣᠳᠣᠷᠬᠠᠶ ᠪᠤᠳᠤᠵᠤ᠂ ᠠᠵᠢᠯ ᠤᠨ ᠲᠥᠰᠦᠯ ᠢᠶᠠᠨ ᠰᠠᠶᠢᠲᠤᠷ ᠲᠣᠭᠲᠠᠭᠠᠵᠤ᠂ ᠲᠥᠷᠥᠯ ᠬᠤᠪᠢᠶᠠᠨ ᠰᠢᠶᠳᠪᠦᠷᠢᠯᠡᠵᠦ᠂ ᠬᠡᠷ ᠪᠠᠶᠢᠰᠢᠩ ᠭᠠᠵᠠᠷ ᠰᠢᠷᠣᠶ ᠶᠢᠨ ᠭᠠᠶᠢᠯᠢ ᠲᠠᠲᠠᠪᠤᠷᠢᠯᠠᠬᠤ ᠶᠣᠰᠣᠲᠠᠶ ᠠᠵᠤ ᠠᠬᠤᠶᠢᠯᠠᠯ ᠠᠴᠠ ᠬᠠᠤᠯᠢ ᠲᠣᠭᠲᠠᠭᠠᠯ ᠶᠣᠰᠣᠭᠠᠷ ᠲᠠᠲᠠᠪᠤᠷᠢᠯᠠᠵᠤ᠂ ᠣᠷᠣᠰᠢᠵᠤ ᠪᠠᠶᠢᠭ᠎ᠠ ︽ᠦᠬᠦᠰᠢᠷᠡᠮᠡᠯ︾ ᠠᠵᠤ ᠠᠬᠤᠶᠢᠯᠠᠯ ᠢ ᠢᠯᠭᠠᠷᠠᠭᠤᠯᠤᠨ ᠴᠡᠭᠴᠡᠯᠡᠵᠦ᠂ ᠮᠠᠭᠤ ᠦᠶᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠬᠡᠮᠵᠢᠯᠡᠨ ᠲᠤᠰᠢᠶᠠᠯᠭᠠᠬᠤ ᠪᠠ ᠤᠬᠠᠭᠤᠯᠬᠤ ᠠᠵᠢᠯ ᠢ ᠡᠬᠢᠯᠡᠭᠦᠯᠵᠦ᠂ ᠲᠤᠰᠢᠶᠠᠪᠠᠰᠤ ᠵᠣᠬᠢᠬᠤ ᠭᠠᠶᠢᠯᠢ ᠶᠢᠨ ᠵᠣᠭᠤᠰ ᠢ ᠢᠯᠭᠠᠷᠠᠭᠤᠯᠤᠨ ᠪᠠᠶᠢᠴᠠᠭᠠᠵᠤ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠸᠠᠩ ᠪᠢᠩ ᠵᠢᠭᠠᠬᠤ ᠳᠠᠭᠠᠨ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠰᠠᠶᠢᠲᠤᠷ ᠬᠢᠬᠦ ᠪᠣᠯ ᠴᠠᠭᠠᠨᠨᠠᠭᠤᠷ ᠤᠨ ᠰᠠᠪᠠ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠮᠥᠨ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠳᠠᠲᠠᠶ ᠠᠵᠢᠯ ᠳᠤ ᠣᠷᠣᠯᠴᠠᠵᠤ᠂ ᠡᠷᠬᠡᠪᠰᠢ ᠪᠠᠴᠢᠮ ᠱᠠᠭᠠᠷᠳᠠᠭᠳᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ    ᠶᠢ ᠪᠠᠲᠤᠯᠠᠬᠤ ᠬᠡᠷᠡᠭᠲᠡᠶ᠃ ᠠᠵᠢᠯᠯᠠᠭᠰᠠᠳ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠡᠯ᠎ᠡ ᠵᠦᠢᠯ ᠤᠨ ᠬᠤᠯᠪᠣᠭᠳᠠᠯ ᠪᠦᠬᠦᠢ ᠳᠦᠷᠢᠮ ᠢ ᠴᠢᠩᠭ᠎ᠠ ᠬᠡᠷᠡᠭᠵᠢᠭᠦᠯᠦᠨ᠂ ᠳᠠᠰᠬᠠᠯ ᠢ  ᠨᠢ ᠵᠢᠷᠤᠮᠵᠢᠭᠤᠯᠵᠤ᠂ ᠳᠠᠰᠬᠠᠯ ᠤᠨ ᠠᠶᠦᠯᠭᠦᠢ ᠴᠢᠨᠠᠷ ᠪᠣᠯᠤᠨ ᠠᠵᠢᠯᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ  ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃              ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ              ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2