ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/19
    5 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠪᠠ᠃
   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠶ ᠰᠦ᠋ ᠵᠢᠶᠦ᠋ᠨ ᠰᠢᠶᠠᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠶᠡᠷᠦᠩᠬᠡᠶ ᠪᠠᠶᠢᠳᠠᠯ ᠢ ᠬᠠᠷᠢᠭᠤ ᠮᠡᠳᠡᠭᠦᠯᠪᠡ᠃ ᠰᠢᠶᠠᠨ  ᠤ ᠤᠳᠤᠷᠢᠳᠤᠯᠭ᠎ᠠ ᠼᠦᠢ ᠢᠦᠢ ᠯᠠᠶ᠂ ᠵᠣᠣ ᠯᠦᠩ ᠹᠸᠢ᠂ ᠶᠠᠩ ᠵᠣᠣ ᠺᠦᠨ᠂ ᠪᠠᠶ ᠰᠦ᠋ ᠵᠢᠶᠦ᠋ᠨ ᠨᠡᠷ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠦᠨᠡᠯᠡᠯᠲᠡ ᠬᠢᠪᠡ᠃ ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠢᠷᠠᠭᠤᠯᠤᠯᠳᠠ ᠶᠢᠨ ᠪᠠᠶᠢᠳᠠᠯ ᠢ ᠰᠣᠨᠣᠰᠪᠠ᠃
   ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠵᠢᠭᠠᠬᠤ ᠳᠠᠭᠠᠨ᠂ ᠰᠢᠶᠠᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠶᠠᠪᠤᠴᠠ ᠳᠤ᠂ ᠲᠣᠭᠤᠷᠢᠨ ᠪᠠᠶᠢᠴᠠᠭᠠᠬᠤ ᠠᠯᠪᠠᠨ ᠬᠡᠷ ᠦᠨᠳᠦᠰᠦᠨ ᠱᠠᠲᠤᠨ ᠳᠤ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠲᠥᠪ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠬᠤ ᠶᠠᠰᠤ ᠴᠢᠨᠠᠷ ᠨᠡᠯᠢᠶᠡᠳ ᠥᠨᠳᠥᠷ ᠪᠠᠶᠢᠵᠤ᠂ ᠠᠰᠠᠭᠤᠳᠠᠯ ᠢ ᠭᠦᠨᠵᠡᠭᠡᠶ ᠪᠠᠶᠢᠴᠠᠭᠠᠨ ᠡᠷᠢᠪᠡ ᠭᠡᠪᠡ᠃
   ᠲᠠᠷᠠᠭᠠᠴᠢ ᠶᠢᠨ ᠠᠯᠬᠤᠮ ᠳᠤ᠂ ᠲᠣᠭᠤᠷᠢᠨ ᠪᠠᠶᠢᠴᠠᠭᠠᠬᠤ ᠠᠯᠪᠠᠨ ᠬᠡᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢᠨ ᠦᠨᠳᠦᠰᠦ ᠶᠢ ᠦᠨᠡᠨ ᠬᠦ ᠡᠵᠡᠮᠳᠡᠵᠦ᠂ ᠴᠠᠭᠳᠠᠨ ᠪᠠᠶᠢᠴᠠᠭᠠᠬᠤ ᠠᠵᠢᠯ ᠤᠨ ︽ᠬᠥᠲᠥᠯᠪᠦᠷᠢ︾ ᠪᠣᠯᠤᠨ ︽ᠰᠦᠭ ᠰᠦᠨᠡᠰᠦ︾᠂ ᠠᠷᠠᠳ ᠣᠯᠠᠨ ᠤ  ︽ᠬᠡᠷᠡᠭᠴᠡᠭᠡ︾ ᠪᠣᠯᠤᠨ ︽ᠱᠠᠭᠠᠷᠳᠠᠯᠭ᠎ᠠ︾᠂ ᠴᠠᠭᠳᠠᠨ ᠪᠠᠶᠢᠴᠠᠭᠠᠬᠤ ᠠᠵᠢᠯ ᠤᠨ  ︽ᠪᠣᠳᠠᠲᠠᠶ︾ ᠪᠣᠯᠤᠨ ︽ᠦᠷ᠎ᠡ ᠪᠦᠲᠦᠮᠵᠢ︾ ᠶᠢ ᠪᠠᠲᠤ ᠡᠵᠡᠮᠳᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠤ ᠠᠰᠠᠭᠤᠳᠠᠯ ᠪᠣᠯᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃
   ᠸᠠᠩ ᠪᠢᠩ ᠴᠢᠬᠤᠯᠠᠴᠢᠯᠠᠬᠤ ᠳᠠᠭᠠᠨ᠂ ᠠᠰᠠᠭᠤᠳᠠᠯ ᠢ ᠪᠠᠶᠢᠴᠠᠭᠠᠨ ᠳᠡᠯᠭᠡᠬᠦ ᠪᠣᠯ ᠲᠣᠭᠤᠷᠢᠨ ᠪᠠᠶᠢᠴᠠᠭᠠᠬᠤ ᠠᠵᠢᠯ ᠤᠨ ᠭᠠᠷᠤᠭ᠎ᠠ ᠮᠥᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠣᠯ ᠲᠣᠭᠤᠷᠢᠨ ᠪᠠᠶᠢᠴᠠᠭᠠᠬᠤ ᠶᠢᠨ ᠵᠠᠩᠭᠢᠯᠠᠭ᠎ᠠ ᠮᠥᠨ᠂ ᠲᠣᠭᠤᠷᠢᠨ ᠪᠠᠶᠢᠴᠠᠭᠠᠬᠤ ᠠᠯᠪᠠᠨ ᠬᠡᠷ ᠤᠨ ᠬᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠢᠭᠡᠴᠡ ᠳᠤ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠸᠠᠩ ᠪᠢᠩ᠂ ᠲᠣᠭᠤᠷᠢᠨ ᠪᠠᠶᠢᠴᠠᠭᠠᠬᠤ ᠠᠯᠪᠠᠨ ᠬᠡᠷ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠲᠣᠭᠤᠷᠢᠨ ᠪᠠᠶᠢᠴᠠᠭᠠᠬᠤ ᠠᠯᠪᠠᠨ ᠬᠡᠷ ᠤᠨ ᠺᠠᠳ᠋ᠷᠴᠤᠳ ᠡᠷᠬᠡᠪᠰᠢ ᠤᠯᠤᠰ ᠲᠥᠷᠥ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠰᠤᠷᠲᠠᠯ ᠴᠢᠩᠭ᠎ᠠ ᠲᠣᠭᠤᠷᠢᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠬᠤ ᠬᠡᠷᠡᠭᠲᠡᠶ ᠭᠡᠪᠡ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2