ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠢᠨ ᠬᠤᠸᠠᠳᠧ ᠰᠢᠶᠠᠨ ᠳᠤ ᠢᠷᠡᠵᠦ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠠᠤᠯᠢ  ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/20
   5 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠢᠨ ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠰᠢᠨᠡᠤᠰᠤ ᠲᠣᠰᠬᠤᠨ ᠳᠤ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠳᠦᠰᠦᠨ ᠱᠠᠲᠤᠨ ᠳᠤ ᠪᠠᠭᠤᠯᠭᠠᠵᠤ ᠪᠣᠳᠠᠲᠤ ᠶᠠᠪᠤᠳᠠᠯ ᠬᠢᠬᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠪᠠᠷ ᠵᠠᠰᠠᠬᠤ ᠤᠬᠠᠭᠤᠯᠭ᠎ᠠ ᠶᠢ ᠬᠥᠳᠡᠭᠡ ᠲᠣᠰᠬᠤᠨ ᠳᠤ ᠣᠷᠣᠭᠤᠯᠬᠤ︾ ︽ᠲᠤᠯᠤᠭᠠᠨ ᠰᠠᠷ᠎ᠠ  ᠶᠢᠨ ᠨᠢᠭᠡᠨ︾ ᠳᠤ ᠬᠦᠴᠦ ᠲᠤᠰᠠᠯᠠᠬᠤ ᠠᠵᠢᠯᠯᠠᠭ᠎ᠠ ᠥᠷᠨᠢᠭᠦᠯᠵᠦ᠂ ᠮᠠᠨ ᠤ ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠬᠤ᠋ ᠴᠦᠨ ᠮᠧᠶ᠂ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠣ ᠵᠢᠶᠦ᠋ᠨ ᠵᠡᠷᠭᠡ 8 ᠬᠥᠮᠦᠨ ᠮᠠᠨ ᠤ ᠰᠢᠶᠠᠨ ᠳᠤ ᠭᠦᠨᠵᠡᠭᠡᠶᠢᠷᠡᠨ ᠠᠵᠢᠯᠯᠠᠭ᠎ᠠ ᠥᠷᠨᠢᠭᠦᠯᠪᠡ᠃     ᠲᠣᠰ ᠤᠳᠠᠭᠠᠨ ᠤ ᠠᠵᠢᠯᠯᠠᠭ᠎ᠠ ᠳᠤ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠨᠡᠶᠢᠲᠡ 61751 ᠲᠥᠭᠦᠷᠢᠭ ᠤᠨ ᠥᠷᠲᠡᠭ ᠪᠥᠬᠦᠶ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠵᠦ᠂ ᠲᠤᠬᠠᠶ ᠶᠢᠨ ᠲᠠᠯᠠᠪᠠᠶ ᠳᠤ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢᠨ 21 ᠦᠵᠡᠭᠦᠯᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠵᠦ᠂ 500 ᠳᠡᠪᠲᠡᠷ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠰᠤᠷᠤᠯᠴᠠᠬᠤ ᠤᠩᠰᠢᠬᠤ ᠪᠢᠴᠢᠭ ᠲᠠᠷᠬᠠᠭᠠᠵᠤ᠂ ᠮᠠᠨ ᠤ ᠰᠢᠶᠠᠨ ᠲᠣᠰ ᠰᠤᠷᠭᠠᠭᠤᠯᠢ ᠳᠤ ︽ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ︾ ᠬᠡᠮᠡᠷᠯᠢᠭ ᠲᠤᠭ ᠪᠡᠯᠡᠭᠯᠡᠪᠡ᠃     ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠢᠷᠠᠭᠤ ᠠᠯᠳᠠᠷ ᠤᠨ ᠴᠣᠯᠠ ᠪᠠᠷ ᠦᠨᠡᠯᠡᠭᠳᠡᠭᠰᠡᠨ ᠠᠴᠠ ᠨᠠᠭᠠᠰᠢ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢᠶᠠᠨ ᠲᠠᠰᠤᠷᠠᠯᠲᠠ ᠥᠬᠡᠶ ᠪᠠᠳᠠᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠲᠠᠢ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠵᠡᠷᠭᠡᠪᠡᠷ ᠠᠬᠢᠭᠤᠯᠵᠤ᠂ ᠭᠦᠨᠵᠡᠭᠡᠶ ᠦᠷᠭᠦᠯᠵᠢᠯᠡᠨ ᠠᠬᠢᠭᠤᠯᠵᠤ᠂ ᠪᠠᠭᠰᠢ ᠰᠣᠷᠣᠭᠴᠢ ᠠᠵᠢᠯᠲᠠᠨ᠂ ᠨᠡᠶᠢᠭᠡᠮ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠴᠣᠭᠴᠠᠯᠠᠵᠤ᠂ ᠰᠤᠷᠭᠠᠭᠤᠯᠢ  ᠶᠢᠨ ᠳᠣᠲᠣᠨ᠎ᠠ ᠭᠠᠳᠠᠨᠠᠬᠢ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠴᠡᠴᠡᠭᠯᠡᠨ ᠬᠥᠭᠵᠢᠭᠰᠡᠨ ᠶᠡᠭᠡ ᠰᠠᠶᠢᠨ ᠪᠠᠶᠢᠳᠠᠯ ᠢ ᠡᠭᠦᠳᠴᠦ᠂ ᠨᠡᠶᠢᠭᠡᠮ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠤᠯᠪᠠ              ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ              ᠣᠷᠴᠢᠭᠤᠯᠤᠭᠴᠢ᠄ ᠭᠡᠷᠡᠯ      ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2