ᠠᠵᠢᠯᠲᠠᠨ ᠤ ᠶᠠᠪᠤᠳᠠᠯ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠦᠬᠦ | ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠤ ᠲᠦᠰᠢᠭ ᠲᠤᠯᠭᠠᠭᠤᠷᠢ ᠶᠢ ᠬᠠᠩᠭᠠᠨ᠎ᠠ | — ᠬᠤᠸᠠᠳᠧ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ | ᠤ ᠳᠠᠷᠤᠭ᠎ᠠ ᠸᠠᠩ ᠬᠦᠶ ᠯᠢᠨ | | ᠰᠤᠷᠪᠤᠯᠵᠢᠯᠠᠭᠴᠢ᠄ ᠰᠠᠶᠢᠨ ᠪᠠᠶᠢᠵᠠᠭᠠᠨ᠎ᠠ ᠦᠦ︕ ᠥᠨᠥᠳᠦᠷ ᠪᠢᠳᠡᠨ ᠤ ︽ᠰᠦᠯᠵᠢᠶᠡᠨ ᠳᠠᠬᠢ | ᠰᠤᠷᠪᠤᠯᠵᠢᠯᠠᠭ᠎ᠠ︾ ᠨᠢ ᠠᠵᠠ ᠪᠠᠷ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶᠠᠨ ᠤ ᠳᠠᠷᠤᠭ᠎ᠠ ᠸᠠᠩ ᠬᠦᠶ ᠯᠢᠨ ᠢ ᠤᠷᠢᠵᠤ ᠢᠷᠡᠯ᠎ᠡ᠂ ᠸᠠᠩ ᠲᠣᠪᠴᠢᠶᠠᠨ ᠳᠠᠷᠤᠭ᠎ᠠ ᠶᠢ ᠪᠠᠶᠠᠷᠯᠠᠨ | ᠤᠭᠲᠤᠶ᠎ᠠ︕ | ᠸᠠᠩ ᠬᠦᠶ ᠯᠢᠨ᠄ ᠰᠠᠶᠢᠨ ᠪᠠᠶᠢᠵᠠᠭᠠᠨ᠎ᠠ ᠦᠦ︕ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ︽ | ᠰᠦᠯᠵᠢᠶᠡᠨ ᠳᠠᠬᠢ ᠰᠤᠷᠪᠤᠯᠵᠢᠯᠠᠭ᠎ᠠ︾ ᠪᠤᠯᠤᠩ ᠳᠤ ᠣᠷᠣᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠪᠠᠰᠠ | ᠣᠯᠠᠨ ᠤ ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠮᠠᠰᠢ ᠲᠠᠯᠠᠷᠬᠠᠵᠤ | ᠪᠠᠶᠢᠨ᠎ᠠ᠃ | ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ᠂ ᠡᠩ ᠲᠡᠷᠢᠭᠦᠨ ᠳᠤ᠂ ᠲᠠ 2020 ᠣᠨ ᠤ ᠠᠵᠢᠯᠳᠠᠨ ᠤ | ᠶᠠᠪᠤᠳᠠᠯ ᠤᠨ ᠴᠢᠳᠠᠪᠤᠷᠢᠲᠠᠨ ᠤ ᠠᠵᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠬᠦᠶ ᠯᠢᠨ᠄ 2020 ᠣᠨ ᠳᠤ᠂ ᠮᠠᠨ ᠤ ᠲᠣᠪᠴᠢᠶ᠎ᠠ ᠠᠵᠢᠯ ᠦᠶᠯᠡᠰ ᠤᠨ ᠨᠢᠭᠡᠴᠡ ᠶᠢᠨ ᠠᠵᠢᠯᠲᠠᠨ ᠤ | ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠦᠴᠦᠯᠡᠨ ᠠᠬᠢᠭᠤᠯᠵᠤ᠂ ᠠᠵᠢᠯᠲᠠᠨ ᠤ ᠶᠠᠪᠤᠳᠠᠯ ᠴᠢᠳᠠᠪᠤᠷᠢᠲᠠᠨ ᠤ | ᠠᠵᠢᠯ ᠢᠯᠡᠳᠲᠡ ᠦᠷ᠎ᠡ ᠪᠦᠲᠦᠮᠵᠢ ᠤᠯᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠨᠢ ᠨᠢᠭᠡᠳᠦᠯᠲᠡᠶ᠂ ᠡᠷᠬᠡ ᠰᠦᠷ ᠲᠠᠢ ᠥᠨᠳᠥᠷ | ᠪᠦᠲᠦᠮᠵᠢᠲᠡᠶ᠂ ᠬᠢᠨᠠᠯᠲᠠ ᠬᠠᠮᠢᠶᠠᠷᠤᠯᠲᠠ ᠨᠢ ᠬᠦᠴᠦᠲᠡᠶ᠂ ᠦᠶᠯᠡᠴᠢᠯᠡᠭᠡ ᠨᠢ ᠴᠢᠨᠠᠷ ᠰᠠᠶᠢᠲᠠᠶ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠢ ᠲᠦᠷᠭᠡᠳᠬᠡᠨ ᠪᠣᠶ ᠪᠣᠯᠭᠠᠵᠤ᠂ ᠵᠠᠮ ᠬᠠᠷᠢᠯᠴᠠᠭ᠎ᠠ | ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ ᠵᠡᠷᠭᠡ 8 ᠰᠠᠯᠠᠭ᠎ᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠩᠨᠡᠭᠡᠨ ᠤ ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠬᠤ ᠬᠢᠨᠠᠨ ᠵᠥᠪᠰᠢᠶᠡᠷᠡᠬᠦ ᠭᠠᠷᠳᠠᠮ᠂ | ᠰᠢᠯᠵᠢᠭᠦᠯᠦᠨ ᠬᠠᠷᠢᠶᠠᠯᠠᠭᠤᠯᠤᠭᠰᠠᠨ ᠠᠵᠢᠯᠲᠠᠨ᠂ ᠴᠠᠯᠢᠩ ᠤᠨ ᠬᠠᠷᠢᠴᠠᠭ᠎ᠠ ᠶᠢ ᠬᠢᠨᠠᠨ ᠬᠠᠷᠭᠤᠭᠤᠯᠵᠤ ᠭᠦᠢᠴᠡᠳᠬᠡᠪᠡ | ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ︽ᠬᠤᠸᠠᠳᠧ ᠰᠢᠶᠠᠨ ᠤ | ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠤᠷᠢᠵᠤ ᠬᠡᠷᠡᠭᠯᠡᠬᠦ ᠭᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ | ᠠᠷᠭ᠎ᠠ︾᠂ ︽ᠬᠤᠸᠠᠳᠧ ᠰᠢᠶᠠᠨ ᠤ ᠠᠵᠢᠯ ᠦᠢᠯᠡᠰ ᠤᠨ ᠨᠢᠭᠡᠴᠡ ᠳᠤ ᠬᠥᠮᠦᠨ ᠣᠷᠣᠭᠤᠯᠬᠤ ᠬᠠᠮᠢᠶᠠᠷᠤᠯᠲᠠ ᠶᠢᠨ | ᠠᠷᠭ᠎ᠠ︾ ᠶᠢ ᠲᠣᠭᠲᠠᠭᠠᠵᠤ᠂ ᠰᠢᠨ᠎ᠡ ᠪᠠᠷ ᠤᠷᠢᠵᠤ ᠬᠡᠷᠡᠭᠯᠡᠬᠦ ᠵᠢᠴᠢ ᠠᠵᠢᠯᠲᠠᠨ ᠢ ᠰᠢᠯᠵᠢᠭᠦᠯᠦᠨ ᠣᠷᠣᠨ ᠲᠤᠭ᠎ᠠ᠂ | ᠠᠵᠢᠯ ᠤᠨ ᠪᠠᠶᠢᠷᠢ ᠶᠢ ᠬᠢᠨᠠᠨ ᠪᠠᠶᠢᠴᠠᠭᠠᠬᠤ ᠵᠡᠷᠭᠡ ᠭᠠᠷ ᠭᠦᠢᠴᠡᠳᠬᠡᠯ ᠢ ᠴᠢᠩᠭ᠎ᠠ ᠭᠦᠢᠴᠡᠳᠬᠡᠵᠦ᠂ ᠠᠵᠢᠯ ᠦᠢᠯᠡᠰ | ᠤᠨ ᠨᠢᠭᠡᠴᠡ ᠶᠢᠨ ᠬᠥᠮᠦᠨ ᠣᠷᠣᠭᠤᠯᠬᠤ ᠪᠣᠭᠤᠮᠲᠠ ᠶᠢ ᠴᠢᠩᠭ᠎ᠠ ᠰᠠᠬᠢᠵᠤ᠂ ᠠᠵᠢᠯ ᠦᠢᠯᠡᠰ ᠤᠨ ᠨᠢᠭᠡᠴᠡ ᠶᠢᠨ | ᠬᠥᠮᠦᠨ ᠣᠷᠣᠭᠤᠯᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠠ᠂ ᠬᠠᠤᠯᠢ ᠳᠦᠷᠢᠮᠵᠢᠯᠲᠡ | ᠶᠢ ᠠᠬᠢᠭᠤᠯᠪᠠ᠃ ᠠᠵᠢᠯ ᠦᠢᠯᠡᠰ ᠤᠨ ᠨᠢᠭᠡᠴᠡ ᠶᠢᠨ ᠤᠷᠢᠨ ᠬᠡᠷᠡᠭᠯᠡᠬᠦ ᠭᠡᠷ᠎ᠡ ᠶᠢᠨ ᠳᠦᠷᠢᠮ ᠤᠨ ᠬᠠᠮᠢᠶᠠᠷᠤᠯᠲᠠ ᠶᠢ | ᠴᠢᠩᠭ᠎ᠠ ᠬᠡᠷᠡᠭᠵᠢᠭᠦᠯᠵᠦ᠂ ᠪᠦᠬᠦ ᠰᠢᠶᠠᠨ ᠤ 3376 ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠵᠣᠬᠢᠶᠠᠨ | ᠪᠠᠶᠢᠭᠤᠯᠵᠤ ᠤᠷᠢᠨ ᠬᠡᠷᠡᠭᠯᠡᠬᠦ ᠭᠡᠷ᠎ᠡ ᠲᠣᠭᠲᠠᠭᠠᠵᠤ᠂ ᠠᠵᠢᠯ ᠤᠨ ᠪᠠᠶᠢᠷᠢ ᠪᠠ ᠠᠵᠢᠯ ᠤᠨ ᠪᠠᠶᠢᠷᠢ ᠶᠢᠨ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠶᠢᠯᠠᠪᠠ︔ 2019 ᠣᠨ ᠤ ᠠᠵᠢᠯ ᠦᠶᠯᠡᠰ ᠤᠨ ᠨᠢᠭᠡᠴᠡ ᠶᠢᠨ ᠠᠵᠢᠯᠲᠠᠨ ᠢ | ᠰᠢᠯᠭᠠᠨ ᠬᠢᠨᠠᠬᠤ ᠶᠢ ᠥᠷᠨᠢᠭᠦᠯᠵᠦ᠂ ᠬᠠᠮᠢᠶᠠᠷᠤᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠪᠠ | ᠦᠶᠯᠡᠴᠢᠯᠡᠭᠡᠨ ᠤ ᠠᠵᠢᠯᠲᠠᠨ ᠤ ᠲᠣᠰ ᠲᠣᠰ ᠰᠢᠯᠭᠠᠨ ᠬᠢᠨᠠᠬᠤ ᠶᠣᠰᠣᠭᠠᠷ᠂ ᠰᠢᠯᠢᠳᠡᠭ ᠲᠠᠰ ᠤᠨ ᠬᠠᠷᠢᠴᠠᠯ ᠢ ᠲᠣᠰ | ᠲᠣᠰ ᠲᠣᠭᠲᠠᠭᠠᠵᠤ᠂ ᠠᠵᠢᠯ ᠦᠶᠯᠡᠰ ᠤᠨ ᠨᠢᠭᠡᠴᠡ ᠶᠢᠨ ᠬᠥᠮᠦᠨ ᠬᠡᠷᠡᠭᠯᠡᠬᠦ ᠭᠤᠤᠯ ᠴᠣᠭᠴᠠ ᠶᠢᠨ ᠦᠶᠯᠡᠳᠦᠯ ᠢ | ᠪᠦᠲᠦᠮᠵᠢᠲᠡᠶ ᠬᠥᠭᠵᠢᠭᠡᠨ᠂ ᠠᠵᠢᠯ ᠦᠶᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠪᠠᠲᠤᠯᠠᠪᠠ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠳᠠᠩᠰᠠ ᠡᠪᠬᠡᠮᠡᠯ ᠢ ᠬᠢᠨᠠᠨ ᠬᠠᠷᠭᠤᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ 7 | ᠠᠵᠢᠯᠲᠠᠨ ᠢ ᠰᠤᠭᠤᠴᠢᠨ ᠵᠣᠬᠢᠶᠠᠨ ᠪᠠᠶᠢᠭᠤᠯᠵᠤ ᠺᠠᠳ᠋ᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ | ᠮᠠᠲ᠋ᠧᠷᠢᠶᠠᠯ ᠢ ᠣᠷᠬᠢᠭᠳᠠᠭᠤᠯᠤᠭᠰᠠᠨ ᠢ ᠪᠠᠶᠢᠴᠠᠭᠠᠨ ᠨᠥᠬᠦᠪᠥᠷᠢᠯᠡᠵᠦ᠂ ᠳᠤᠲᠠᠭᠳᠠᠵᠤ ᠪᠠᠶᠭ᠎ᠠ ᠮᠠᠲ᠋ᠧᠷᠢᠶᠠᠯ ᠢ | ᠴᠤᠭᠯᠠᠭᠤᠯᠬᠤ᠂ ᠵᠢᠷᠤᠮᠵᠢᠭᠤᠯᠬᠤ᠂ ᠡᠮᠬᠢᠯᠡᠬᠦ ᠶᠢᠨ ᠬᠠᠮᠲᠤ ᠳᠠᠩᠰᠠ ᠡᠪᠬᠡᠮᠡᠯ ᠳᠤ ᠣᠷᠣᠭᠤᠯᠵᠤ᠂ ︽ᠭᠤᠷᠪᠠᠨ | ᠨᠠᠰᠤ ᠬᠤᠶᠠᠷ ᠥᠩᠭᠡᠷᠡᠯᠲᠡ︾ ᠶᠢ ᠳᠠᠬᠢᠨ ᠰᠢᠨ᠎ᠡ ᠪᠠᠷ ᠮᠠᠭᠠᠳᠯᠠᠨ ᠲᠣᠭᠲᠠᠭᠠᠵᠤ᠂ ᠪᠦᠬᠦᠨ ᠢ ᠮᠠᠭᠠᠳᠯᠠᠨ | ᠲᠣᠭᠲᠠᠭᠠᠬᠤ ᠶᠢ ᠪᠡᠶᠡᠯᠡᠭᠦᠯᠪᠡ᠃ | ᠤᠯᠠᠭᠠᠨᠴᠠᠪ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠲᠣᠬᠢᠷᠠᠭᠤᠯᠤᠯᠲᠠ ᠶᠢ | ᠦᠨᠳᠦᠰᠦᠯᠡᠨ᠂ ᠠᠵᠢᠯ ᠦᠢᠯᠡᠰ ᠤᠨ ᠨᠢᠭᠡᠴᠡ ᠶᠢᠨ ᠳᠡᠭᠡᠳᠤ ᠳᠡᠰ ᠳᠠᠪᠬᠤᠷᠭ᠎ᠠ ᠶᠢᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠵᠢᠯ ᠢ ᠦᠨᠡᠨᠬᠦ ᠰᠠᠶᠢᠲᠤᠷ ᠬᠢᠵᠦ᠂ ᠪᠦᠬᠦ ᠤᠯᠤᠰ ᠠᠴᠠ ︽ᠬᠤᠣᠰ ᠲᠡᠷᠢᠭᠦᠨ ᠵᠡᠷᠭᠡ︾ | ᠶᠢᠨ ᠳᠡᠭᠡᠳᠤ ᠰᠤᠷᠭᠠᠭᠤᠯᠢ ᠲᠡᠭᠦᠰᠦᠭᠰᠡᠳ ᠢ 2 ᠨᠡᠷᠡᠰ ᠣᠷᠣᠭᠤᠯᠤᠨ ᠠᠪᠴᠢᠷᠠᠪᠠ᠃ ᠳᠡᠭᠡᠳᠦ ᠰᠤᠷᠭᠠᠭᠤᠯᠢ | ᠲᠡᠭᠦᠰᠦᠭᠰᠡᠳ ᠰᠢᠶᠠᠨ ᠠᠴᠠ 97 ᠬᠥᠮᠦᠨ ᠨᠡᠷ᠎ᠡ ᠮᠡᠳᠡᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠪᠠ ᠠᠵᠢᠯ | ᠠᠯᠳᠠᠭᠰᠠᠨ ᠵᠠᠯᠠᠭᠤᠴᠤᠳ ᠢ 42 ᠬᠥᠮᠦᠨ ᠡᠯᠰᠡᠨ ᠠᠵᠢᠯ ᠣᠯᠭᠤᠵᠤ ᠳᠠᠳᠤᠯᠭ᠎ᠠ ᠬᠢᠯᠭᠡᠵᠦ᠂ 20 ᠴᠢᠳᠠᠪᠤᠷᠢᠲᠠᠨ | ᠨᠥᠭᠡᠴᠡᠯᠡᠪᠡ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠳᠤ 15 ᠬᠥᠮᠦᠨ᠂ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠳᠤ 9 ᠬᠥᠮᠦᠨ ᠢ ᠡᠯᠰᠡᠨ ᠬᠡᠷᠡᠭᠯᠡᠪᠡ᠃ ᠮᠠᠨ ᠤ ᠰᠢᠶᠠᠨ ᠤ 2020 ᠣᠨ ᠤ ᠵᠠᠰᠠᠭ ᠤᠨ | ᠣᠷᠳᠣᠨ ᠤᠯᠠᠭᠠᠨᠮᠥ᠋ᠴᠢᠷ ᠤᠨ ᠲᠣᠭᠯᠠᠭᠴᠢᠳ ᠤᠨ ᠦᠶᠯᠡᠴᠢᠯᠡᠭᠡᠨ ᠤ ᠠᠵᠢᠯ ᠤᠨ ᠪᠠᠶᠢᠷᠢ ᠳᠤ 29 ᠬᠥᠮᠦᠨ ᠢ | ᠤᠷᠢᠨ ᠬᠡᠷᠡᠭᠯᠡᠪᠡ︔ ᠰᠢᠶᠠᠨ ᠤ ᠡᠮᠨᠡᠯᠭᠡ ᠶᠢᠨ ᠬᠤᠷᠢᠶ᠎ᠠ ᠪᠠ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠵᠠᠰᠠᠭ ᠤᠨ | ᠣᠷᠳᠣᠨ ᠠᠴᠠ ᠬᠤᠳᠠᠯᠳᠤᠨ ᠠᠪᠬᠤ ᠪᠠᠷ ᠳᠠᠮᠵᠢᠭᠤᠯᠤᠨ 54 ᠨᠡᠷᠡᠰ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ | ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠬᠡᠷᠡᠭᠯᠡᠪᠡ︔ ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ᠡᠮᠴᠢᠯᠡᠭᠡ ᠰᠤᠪᠢᠯᠠᠯᠲᠠ ᠶᠢᠨ ᠲᠤᠰᠬᠠᠶ ᠮᠡᠷᠭᠡᠵᠢᠯ ᠤᠨ ᠳᠡᠭᠡᠳᠦ ᠰᠤᠷᠭᠠᠭᠤᠯᠢ | ᠲᠡᠭᠦᠰᠦᠭᠰᠡᠳ ᠢ 35 ᠨᠡᠷᠡᠰ ᠤᠷᠢᠨ ᠬᠡᠷᠡᠭᠯᠡᠪᠡ᠃ ᠵᠢᠩᠬᠢᠨᠢ ᠠᠩᠭᠢ ᠶᠢᠨ ᠴᠡᠷᠢᠭ ᠠᠴᠠ ᠬᠠᠯᠠᠭᠳᠠᠭᠰᠠᠨ 8 ᠬᠥᠮᠦᠨ | ᠢ ᠲᠥᠪᠬᠢᠨᠡᠭᠦᠯᠪᠡ᠃ 2020 ᠣᠨ ᠳᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ | ᠬᠠᠷᠭᠤᠭᠤᠯᠬᠤ ᠪᠠ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠪᠥᠬᠦ ᠰᠢᠶᠠᠨ ᠳᠤ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠦᠭᠰᠡᠨ ᠨᠢ 62 ᠬᠥᠮᠦᠨ ︵ᠰᠤᠷᠭᠠᠨ ᠬᠥᠮᠦᠵᠢᠯ ᠤᠨ | ᠰᠢᠰᠲ᠋ᠧᠮ ᠳᠤ 36 ᠬᠥᠮᠦᠨ᠂ ᠡᠷᠡᠭᠦᠯ ᠬᠠᠮᠠᠭᠠᠯᠠᠯ ᠤᠨ ᠰᠢᠰᠲ᠋ᠧᠮ ᠳᠤ 11 ᠬᠥᠮᠦᠨ᠂ ᠪᠤᠰᠤᠳ ᠰᠢᠰᠲ᠋ᠧᠮ ᠳᠤ | 15 ᠬᠥᠮᠦᠨ︶ ᠪᠣᠶ᠃ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠯ᠎ᠡ ᠨᠢᠭᠡᠴᠡ ᠶᠢᠨ ᠬᠤᠭᠤᠰᠣᠨ ᠠᠵᠢᠯ ᠤᠨ ᠪᠠᠶᠢᠷᠢ ᠶᠢᠨ ᠲᠤᠭ᠎ᠠ ᠶᠢ ᠴᠢᠩᠭ᠎ᠠ ᠬᠢᠨᠠᠨ | ᠲᠣᠭᠲᠠᠭᠠᠵᠤ᠂ 2018 ᠣᠨ ᠤ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ | ᠠᠵᠢᠯ ᠢ ᠥᠷᠨᠢᠭᠦᠯᠵᠦ᠂ ᠬᠢᠨᠠᠨ ᠲᠣᠭᠲᠠᠭᠠᠯᠲᠠ ᠳᠤ 23 ᠬᠥᠮᠦᠨ ᠢ ᠪᠠᠲᠤᠯᠠᠪᠠ︔ 2019 ᠣᠨ ᠳᠤ ᠳᠤᠮᠳᠠ | ᠵᠡᠷᠭᠡ ᠶᠢᠨ ᠮᠡᠷᠭᠡᠵᠢᠯ ᠤᠨ ᠴᠣᠯᠠ ᠲᠠᠢ 31 ᠬᠥᠮᠦᠨ ᠭᠤᠶᠤᠴᠢᠯᠠᠨ ᠮᠡᠳᠡᠭᠦᠯᠪᠡ᠃ 2020 ᠣᠨ ᠳᠤ ᠠᠩᠬ᠎ᠠ | ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ 69 ᠬᠥᠮᠦᠨ ᠢ ᠭᠤᠶᠤᠴᠢᠯᠠᠨ ᠮᠡᠳᠡᠭᠦᠯᠵᠦ᠂ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠬᠢᠷᠢ ᠬᠡᠮ ᠤᠨ1 ᠬᠦᠮᠦᠨ ᠢ ᠮᠠᠭᠠᠳᠯᠠᠨ ᠲᠤᠭᠲᠠᠭᠠᠪᠡ᠃ ᠦᠶᠯᠡᠴᠢᠯᠡᠭᠡᠨ ᠤ ᠮᠡᠷᠭᠡᠵᠢᠯ ᠤᠨ | ᠬᠢᠷᠢ ᠬᠡᠮ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠵᠦ᠂ ᠳᠡᠭᠡᠳᠦ ᠵᠡᠷᠭᠡ ᠶᠢᠨ ᠲᠧᠭᠨᠢᠭ ᠤᠨ ᠮᠡᠷᠭᠡᠵᠢᠯᠲᠡᠨ 1 | ᠬᠥᠮᠦᠨ᠂ ᠲᠧᠭᠨᠢᠭ ᠤᠨ ᠮᠡᠷᠭᠡᠵᠢᠯᠲᠡᠨ 1 ᠬᠥᠮᠦᠨ᠂ ᠳᠡᠭᠡᠳᠦ ᠵᠡᠷᠭᠡ ᠶᠢᠨ ᠠᠵᠢᠯᠴᠢᠨ 3᠂ ᠳᠤᠮᠳᠠ ᠵᠡᠷᠭᠡ ᠶᠢᠨ | ᠠᠵᠢᠯᠴᠢᠨ 1 ᠪᠣᠶ᠃ ᠴᠠᠯᠢᠩ ᠠᠰᠠᠷᠠᠮᠵᠢ ᠶᠢᠨ ᠬᠠᠷᠠᠭᠠᠯᠵᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠢᠶᠠᠨ ᠤ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠠᠵᠢᠯᠴᠢᠨ ᠳᠤ ᠬᠤᠶᠠᠷ ᠵᠢᠯ ᠤᠨ ᠲᠤᠰᠢᠶᠠᠯ | ᠳᠠᠭᠠᠨ ᠲᠡᠩᠴᠡᠭᠰᠡᠨ ᠴᠠᠯᠢᠩ ᠢ ᠲᠤᠬᠢᠷᠠᠭᠤᠯᠤᠨ ᠥᠭᠴᠦ᠂ ᠳᠡᠭᠡᠳᠦ ᠲᠡᠰ ᠳᠠᠪᠬᠤᠷᠭ᠎ᠠ ᠶᠢᠨ ᠪᠠ ᠳᠤᠲᠠᠭᠳᠠᠵᠤ | ᠪᠠᠶᠢᠭ᠎ᠠ 46 ᠴᠢᠳᠠᠪᠤᠷᠢᠲᠠᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ 22 ᠴᠡᠷᠢᠭ ᠤᠨ ᠠᠯᠪᠠᠨ ᠠᠴᠠ | ᠪᠠᠭᠤᠭᠰᠠᠨ ᠪᠠᠶᠢᠯᠳᠤᠭᠴᠢ᠂ ᠴᠡᠷᠢᠭ ᠠᠴᠠ ᠰᠢᠯᠵᠢᠭᠰᠡᠨ 5 ᠪᠠᠭ᠎ᠠ ᠣᠹᠢᠼᠧᠷ᠂ 1 ᠵᠡᠮᠳᠡᠭ ᠴᠡᠷᠢᠭ᠂ 51 ᠪᠠᠭᠰᠢ | ᠳᠤ ᠴᠠᠯᠢᠩ ᠤᠨ ᠲᠡᠰ ᠲᠣᠭᠲᠠᠭᠠᠬᠤ ᠭᠠᠷ ᠭᠦᠢᠴᠡᠳᠬᠡᠯ ᠬᠢᠵᠦ ᠥᠭᠪᠡ᠃ ᠠᠵᠢᠯ ᠠᠴᠠ ᠪᠠᠨ ᠪᠠᠭᠤᠵᠤ ᠠᠮᠠᠷᠠᠬᠤ | ᠶᠢ ᠬᠢᠨᠠᠨ ᠵᠥᠪᠰᠢᠶᠡᠷᠡᠭᠦᠯᠬᠦ ᠭᠠᠷ ᠭᠦᠶᠴᠡᠳᠬᠡᠯ ᠬᠢᠭᠰᠡᠨ 98 ᠬᠥᠮᠦᠨ᠂ ᠡᠮᠡᠭᠲᠡᠶ ᠲᠤᠰᠬᠠᠶ ᠮᠡᠷᠭᠡᠵᠢᠯ ᠤᠨ | ᠠᠵᠢᠯᠲᠠᠨ ᠤ ᠠᠵᠢᠯ ᠠᠴᠠ ᠪᠠᠨ ᠪᠠᠭᠤᠵᠤ ᠠᠮᠠᠷᠠᠬᠤ ᠶᠢ ᠬᠤᠶᠢᠰᠢᠯᠠᠭᠤᠯᠤᠭᠰᠠᠨ 18 ᠬᠥᠮᠦᠨ᠂ ᠥᠩᠭᠡᠷᠡᠭᠰᠡᠨ ᠵᠢᠯ | ᠤᠳ ᠤᠨ ᠠᠵᠢᠯ ᠠᠴᠠ ᠪᠠᠨ ᠪᠠᠭᠤᠵᠤ ᠠᠮᠠᠷᠠᠭᠰᠠᠨ 134 ᠬᠥᠮᠦᠨ ᠳᠤ ᠠᠵᠢᠯ ᠠᠴᠠ ᠪᠠᠨ ᠪᠠᠭᠤᠵᠤ ᠠᠮᠠᠷᠠᠬᠤ | ᠦᠨᠡᠮᠯᠡᠯ ᠭᠦᠶᠴᠡᠳᠬᠡᠵᠦ᠂ ᠠᠯᠪᠠᠨ ᠪᠠᠶᠢᠭᠤᠯᠭ᠎ᠠ ᠠᠵᠢᠯ ᠦᠶᠯᠡᠰ ᠤᠨ ᠨᠢᠭᠡᠴᠡ ᠶᠢᠨ ᠨᠠᠰᠤ ᠪᠠᠷᠠᠭᠰᠠᠨ ᠠᠵᠢᠯᠲᠠᠨ | ᠠᠵᠢᠯᠴᠢᠨ ᠤ ᠬᠡᠷ ᠪᠦᠯᠢ ᠶᠢᠨ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠥᠭᠭᠦᠭᠰᠡᠨ 15 ᠬᠥᠮᠦᠨ ᠪᠤᠢ᠃ | ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠠᠵᠢᠯᠲᠠᠨ ᠤ ᠶᠠᠪᠤᠳᠠᠯ ᠴᠢᠳᠠᠪᠤᠷᠢᠲᠠᠨ ᠤ ᠠᠵᠢᠯ ᠤᠨ | ᠲᠠᠯ᠎ᠠ ᠳᠤ ᠶᠠᠮᠠᠷ ᠪᠣᠳᠤᠯ ᠪᠠ ᠠᠷᠭ᠎ᠠ ᠬᠡᠮᠵᠢᠶ᠎ᠡ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠬᠦᠶ ᠯᠢᠨ᠄ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠬᠢᠯᠡᠯᠲᠡ ᠶᠢᠨ ᠵᠢᠯ ᠪᠣᠯᠤᠨ᠎ᠠ᠂ ᠮᠠᠨ ᠤ ᠲᠣᠪᠴᠢᠶ᠎ᠠ ᠴᠢᠳᠠᠪᠤᠷᠢᠲᠠᠨ ᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ | ᠪᠣᠳᠣᠯᠭ᠎ᠠ ᠶᠢ ᠪᠠᠷᠢᠮᠲᠠᠯᠠᠵᠤ᠂ ᠠᠵᠢᠯᠲᠠᠨ ᠤ ᠶᠠᠪᠤᠳᠠᠯ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠨ᠎ᠠ᠃ ᠨᠢᠭᠡ ᠳᠤ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠭᠤᠶᠤᠴᠢᠯᠠᠨ | ᠮᠡᠳᠡᠭᠦᠯᠬᠦ᠂ ᠣᠷᠣᠭᠤᠯᠵᠤ ᠢᠷᠡᠬᠦ ᠡᠷᠴᠢᠮ ᠢ ᠨᠡᠮᠡᠭᠳᠡᠭᠦᠯᠦᠨ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ︽ | ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ︾ ᠤᠨ ᠠᠵᠢᠯᠲᠠᠨ ᠤ ᠬᠠᠮᠢᠶᠠᠷᠤᠯᠲᠠ ᠶᠢ ᠰᠠᠶᠢᠲᠤᠷ ᠬᠢᠵᠦ᠂ | ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠦᠢᠯᠡᠴᠢᠯᠡᠬᠦ ᠶᠢ ᠵᠣᠷᠢᠭᠵᠢᠭᠤᠯᠤᠨ᠂ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠥᠮᠦᠨ ᠬᠡᠷᠡᠭᠯᠡᠬᠦ ᠠᠷᠭ᠎ᠠ ᠵᠠᠮ ᠢ ᠥᠷᠭᠡᠵᠢᠭᠦᠯᠵᠦ᠂ ᠵᠠᠰᠠᠭ ᠤᠨ | ᠣᠷᠳᠣᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠮᠢᠶ᠎ᠠ | ᠪᠦᠬᠦᠢ ᠠᠵᠢᠯ ᠲᠥᠷᠥᠯ ᠤᠨ ᠬᠦᠷᠢᠶᠡᠨ ᠳᠤ ᠤᠷᠢᠨ ᠬᠡᠷᠡᠭᠯᠡᠵᠦ ᠠᠵᠢᠯᠯᠠᠭᠤᠯᠤᠨ᠎ᠠ᠃ ᠠᠵᠢᠯ ᠦᠢᠯᠡᠰ ᠤᠨ ᠨᠢᠭᠡᠴᠡ | ᠶᠢᠨ ︽ᠣᠷᠣᠵᠤ ᠢᠷᠡᠬᠦ ᠪᠣᠭᠤᠮᠲᠠ︾ ᠶᠢ ᠴᠢᠩᠭ᠎ᠠ ᠡᠵᠡᠮᠳᠡᠵᠦ᠂ ᠰᠢᠨ᠎ᠡ ᠪᠠᠷ ᠤᠷᠢᠨ ᠬᠡᠷᠡᠭᠯᠡᠬᠦ ᠵᠢᠴᠢ ᠠᠵᠢᠯᠲᠠᠨ ᠢ | ᠰᠢᠯᠵᠢᠭᠦᠯᠦᠨ ᠬᠢᠨᠠᠨ ᠪᠠᠶᠢᠴᠠᠭᠠᠬᠤ ᠣᠷᠣᠨ ᠲᠤᠭ᠎ᠠ᠂ ᠠᠵᠢᠯ ᠤᠨ ᠪᠠᠶᠢᠷᠢ ᠵᠡᠷᠭᠡ ᠭᠠᠷᠳᠠᠮ ᠢ ᠬᠢᠨᠠᠮᠠᠭᠠᠶ | ᠭᠦᠢᠴᠡᠳᠬᠡᠨ᠎ᠡ᠃ ᠬᠤᠶᠠᠷ ᠲᠤ᠂ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠠᠵᠢᠯ ᠦᠶᠯᠡᠰ ᠤᠨ | ᠨᠢᠭᠡᠴᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠬᠤᠪᠢᠶᠠᠷᠢᠯᠠᠯ ᠶᠣᠰᠣᠭᠠᠷ | ᠠᠵᠢᠯ ᠦᠶᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠡᠵᠡᠮᠳᠡᠨ᠎ᠡ᠃ ᠠᠵᠢᠯ | ᠦᠶᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠪᠠ 2016 ᠣᠨ ᠠᠴᠠ ᠬᠤᠶᠢᠰᠢ ᠦᠶᠯᠡᠴᠢᠯᠡᠭᠡᠨ | ᠤ ᠠᠵᠢᠯᠲᠠᠨ ᠤ ᠮᠡᠷᠭᠡᠵᠢᠯ ᠤᠨ ᠴᠣᠯᠠ ᠣᠯᠤᠭᠰᠠᠳ ᠢ ᠤᠷᠢᠨ ᠲᠣᠮᠢᠯᠠᠬᠤ ᠠᠵᠢᠯ ᠢ ᠰᠠᠶᠢᠲᠤᠷ ᠬᠢᠨ᠎ᠠ︔ ᠠᠵᠢᠯ | ᠦᠢᠯᠡᠰ ᠤᠨ ᠨᠢᠭᠡᠴᠡ ᠶᠢᠨ ᠮᠡᠷᠭᠡᠵᠢᠯ ᠤᠨ ᠴᠣᠯᠠ ᠤᠷᠢᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ | ᠦᠢᠯᠡᠰ ᠤᠨ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠬᠤ ᠬᠤᠭᠤᠴᠠᠭᠠᠨ ᠤ ᠬᠢᠨᠠᠨ ᠰᠢᠯᠭᠠᠬᠤ | ᠳᠦᠷᠢᠮ ᠢ ᠶᠠᠪᠤᠭᠳᠠᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠺᠠᠳ᠋ᠷ ᠢ ᠰᠢᠯᠭᠠᠨ ᠬᠢᠨᠠᠵᠤ ᠦᠨᠡᠯᠡᠬᠦ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠪᠠ | ᠦᠢᠯᠡᠴᠢᠯᠡᠭᠡᠨ ᠤ ᠠᠵᠢᠯᠲᠠᠨ ᠤ ᠶᠣᠰᠣᠭᠠᠷ ᠲᠤᠰ ᠲᠤᠰ ᠰᠢᠯᠭᠠᠨ ᠬᠢᠨᠠᠵᠤ᠂ ᠵᠦᠷᠢᠶᠡᠴᠢᠯᠡᠭᠰᠡᠨ᠂ ᠣᠨᠣᠪᠴᠢᠯᠠᠭᠰᠠᠨ | ᠰᠢᠯᠭᠠᠨ ᠬᠢᠨᠠᠬᠤ ᠶᠢ ᠲᠦᠷᠭᠡᠳᠬᠡᠨ ᠬᠡᠷᠡᠭᠵᠢᠭᠦᠯᠦᠨ᠎ᠡ᠃ ᠠᠵᠢᠯ ᠦᠢᠯᠡᠰ ᠤᠨ ᠠᠵᠢᠯᠲᠠᠨ ᠤ ᠴᠠᠯᠢᠩ ᠳᠤ ᠬᠤᠶᠠᠷ | ᠵᠢᠯ ᠳᠤ ᠲᠤᠰᠢᠶᠠᠯ ᠳᠠᠭᠠᠨ ᠲᠡᠩᠴᠡᠭᠰᠡᠨ ᠴᠠᠯᠢᠩ ᠢ ᠵᠢᠯ ᠳᠤ ᠨᠢᠭᠡ ᠤᠳᠠᠭ᠎ᠠ ᠲᠤᠬᠢᠷᠠᠭᠤᠯᠬᠤ ᠶᠢ ᠠᠬᠢᠭᠤᠯᠤᠨ᠎ᠠ᠃ | ᠭᠤᠷᠪᠠ ᠳᠤ᠂ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠡᠷᠭᠡᠵᠢᠯ | ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠤᠰᠬᠠᠶ ᠮᠡᠷᠭᠡᠵᠢᠯ ᠤᠨ | ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ | ᠬᠢᠨᠠᠨ ᠲᠣᠭᠲᠠᠭᠠᠬᠤ ᠨᠥᠬᠦᠴᠡᠯ ᠢ ᠦᠨᠳᠦᠰᠦᠨ ᠱᠠᠲᠤ᠂ ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ᠂ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠠᠵᠢᠯᠲᠠᠨ᠂ ᠠᠩᠭᠢ ᠶᠢᠨ ᠡᠷᠬᠢᠯᠡᠭᠴᠢ ᠪᠠᠭᠰᠢ᠂ ᠦᠵᠡᠯ ᠰᠠᠨᠠᠭ᠎ᠠ ᠤᠯᠤᠰ | ᠲᠥᠷᠥ ᠶᠢᠨ ᠪᠠᠭᠰᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠮᠴᠢᠯᠡᠭᠡᠨ ᠤ | ᠠᠵᠢᠯᠲᠠᠨ ᠳᠠᠰᠢ ᠦᠷᠭᠦᠯᠵᠢᠯᠡᠨ ᠬᠡᠯᠪᠡᠶᠢᠯᠭᠡᠵᠦ᠂ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠤᠨ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠬᠥᠭᠵᠢᠭᠡᠨ᠎ᠡ᠃ | ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠡ᠂ ᠣᠳᠣᠬᠠᠨ ᠳᠤ ᠶᠠᠭ ᠪᠥᠬᠦ ᠰᠢᠶᠠᠨ ᠤ ᠠᠵᠢᠯ ᠦᠶᠯᠡᠰ | ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠥᠷᠨᠢᠭᠦᠯᠵᠦ ᠪᠣᠶ᠂ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠳᠠᠷᠠᠭ᠎ᠠ ᠰᠢᠯᠵᠢᠭᠦᠯᠦᠨ ᠬᠠᠷᠢᠶᠠᠯᠠᠭᠤᠯᠤᠭᠰᠠᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠥᠬᠦᠮ ᠢᠶᠠᠷ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠬᠦᠶ ᠯᠢᠨ᠄ ︽ᠬᠤᠸᠠᠳᠧ ᠰᠢᠶᠠᠨ ᠤ ᠠᠵᠢᠯ ᠦᠶᠯᠡᠰ ᠤᠨ ᠨᠢᠭᠡᠴᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠬᠤᠯᠪᠣᠭᠳᠠᠯ ᠪᠥᠬᠦᠶ ᠠᠭᠤᠯᠭ᠎ᠠ | ᠪᠠᠷ ᠯᠠᠪᠯᠠᠯᠲᠠ ᠪᠣᠯᠭᠠᠵᠤ᠂ ᠪᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ ᠬᠢ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠥᠬᠦᠮ ᠢᠶᠠᠷ ᠶᠠᠷᠢᠶ᠎ᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠣᠨ | ᠤ ᠬᠢᠨᠠᠨ ᠰᠢᠯᠭᠠᠯᠲᠠ ᠶᠢ ᠰᠢᠨ᠎ᠡ ᠪᠠᠷ ᠮᠠᠭᠠᠳᠯᠠᠨ ᠲᠣᠭᠲᠠᠭᠠᠭᠰᠠᠨ ᠨᠢᠭᠡᠴᠡ ᠶᠢᠨ ᠰᠢᠨᠵᠢ ᠴᠢᠨᠠᠷ ︵ᠬᠠᠮᠢᠶᠠᠷᠤᠯᠲᠠ | ᠪᠠᠷ ᠯᠠᠪᠯᠠᠯᠲᠠ ᠪᠣᠯᠭᠠᠬᠤ ᠡᠰᠡᠬᠦ︶᠂ ᠠᠵᠢᠯᠲᠠᠨ ᠤ ᠬᠢᠷᠢ ᠬᠡᠮ ︵ᠬᠠᠮᠢᠶᠠᠷᠤᠯᠲᠠ ᠶᠢᠨ ᠠᠵᠢᠯᠲᠠᠨ ᠢᠶᠠᠷ ᠯᠠᠪᠯᠠᠯᠲᠠ | ᠪᠣᠯᠭᠠᠵᠤ ᠳᠠᠩᠰᠠᠯᠠᠬᠤ ᠡᠰᠡᠬᠦ︶ ᠢᠶᠠᠷ ᠶᠠᠪᠤᠭᠳᠠᠭᠤᠯᠤᠨ᠎ᠠ᠃ ᠬᠡᠷᠪᠡ ᠡᠨᠡ ᠵᠢᠯ ᠤᠨ ᠳᠣᠲᠣᠷ᠎ᠠ ᠯᠠᠪᠯᠠᠯᠲᠠ ᠪᠣᠯᠭᠠᠨ | ᠬᠠᠮᠢᠶᠠᠷᠴᠤ ᠮᠠᠭᠠᠳᠯᠠᠨ ᠲᠣᠭᠲᠠᠭᠠᠬᠤ ᠵᠢᠴᠢ ᠠᠵᠢᠯᠲᠠᠨ ᠤ ᠳᠡᠩᠰᠡᠯᠡᠯᠲᠡ ᠶᠢ ᠪᠡᠶᠡᠯᠡᠭᠦᠯᠦᠭᠰᠡᠨ ᠥᠬᠡᠶ ᠪᠠᠶᠢᠪᠠᠯ᠂ | ᠲᠦᠷ ᠴᠠᠭ ᠤᠤᠯ ᠤᠨ ᠨᠢᠭᠡᠴᠡ ᠶᠢᠨ ᠰᠢᠨᠵᠢ ᠴᠢᠨᠠᠷ ᠪᠠ ᠠᠵᠢᠯᠲᠠᠨ ᠤ ᠪᠡᠶ᠎ᠡ ᠶᠢᠨ ᠭᠠᠷᠤᠯ ᠢᠶᠠᠷ ᠬᠢᠨᠠᠨ ᠰᠢᠯᠭᠠᠨ᠎ᠠ᠃ | ᠥᠭᠡᠷᠡᠴᠢᠯᠡᠯᠲᠡ ᠬᠢᠵᠦ ᠳᠠᠭᠤᠰᠤᠭᠰᠠᠨ ᠤ ᠳᠠᠷᠠᠭ᠎ᠠ᠂ ᠰᠢᠨ᠎ᠡ ᠪᠠᠷ ᠵᠣᠬᠢᠶᠠᠨ ᠪᠠᠶᠢᠭᠤᠯᠤᠭᠰᠠᠨ ᠪᠠ ᠡᠮᠬᠢᠯᠡᠨ | ᠨᠡᠶᠢᠯᠡᠭᠦᠯᠦᠭᠰᠡᠨ ᠤ ᠳᠠᠷᠠᠭᠠᠬᠢ ᠠᠵᠢᠯ ᠦᠶᠯᠡᠰ ᠤᠨ ᠨᠢᠭᠡᠴᠡ ᠨᠦᠭᠦᠳ ︽ᠭᠤᠷᠪᠠ ᠶᠢ ᠲᠣᠭᠲᠠᠭᠠᠬᠤ︾ ᠲᠣᠭᠲᠠᠭᠠᠯ | ᠪᠣᠯᠤᠨ ᠠᠵᠢᠯ ᠦᠶᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢ ᠲᠣᠬᠢᠷᠠᠭᠤᠯᠤᠨ ᠬᠠᠮᠢᠶᠠᠷᠬᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠨᠢᠭᠡᠴᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ | ᠪᠣᠯᠤᠨ ᠪᠣᠳᠠᠲᠠᠶ ᠪᠠᠶᠢᠭ᠎ᠠ ᠠᠵᠢᠯᠲᠠᠨ ᠤ ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶᠠᠷᠤᠯᠲᠠ᠂ ᠲᠤᠰᠬᠠᠶ ᠮᠡᠷᠭᠡᠵᠢᠯ | ᠪᠣᠯᠤᠨ ᠦᠶᠯᠡᠴᠢᠯᠡᠭᠡᠨ ᠤ ᠠᠵᠢᠯ ᠤᠨ ᠮᠡᠷᠭᠡᠵᠢᠯ ᠴᠢᠳᠠᠪᠤᠷᠢ ᠭᠤᠷᠪᠠᠨ ᠲᠥᠷᠥᠯ ᠤᠨ ᠠᠵᠢᠯ ᠤᠨ ᠪᠠᠶᠢᠷᠢ ᠶᠢ | ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠎ᠠ᠃ ᠠᠵᠢᠯ ᠦᠢᠯᠡᠰ ᠤᠨ ᠨᠢᠭᠡᠴᠡ ᠰᠢᠨ᠎ᠡ ᠪᠠᠷ ᠬᠢᠨᠠᠨ ᠲᠣᠭᠲᠠᠭᠠᠭᠰᠠᠨ | ᠠᠵᠢᠯ ᠤᠨ ᠪᠠᠶᠢᠷᠢ ᠶᠢᠨ ᠶᠣᠰᠣᠭᠠᠷ᠂ ᠣᠷᠣᠨ ᠲᠤᠭ᠎ᠠ ᠳᠤ ᠪᠠᠶᠢᠭ᠎ᠠ ᠠᠵᠢᠯᠲᠠᠨ ᠢ ᠤᠷᠢᠨ ᠬᠡᠷᠡᠭᠯᠡᠬᠦ ᠶᠢ ᠳᠠᠬᠢᠵᠤ | ᠰᠢᠨ᠎ᠡ ᠪᠠᠷ ᠬᠢᠵᠦ ︵ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ︶᠂ ᠤᠷᠢᠨ ᠬᠡᠷᠡᠭᠯᠡᠬᠦ ᠭᠡᠷ᠎ᠡ | ᠲᠣᠭᠲᠠᠭᠠᠨ᠎ᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠯᠠᠪᠯᠠᠯᠲᠠ ᠪᠣᠯᠭᠠᠨ ᠬᠠᠮᠢᠶᠠᠷᠬᠤ ᠬᠦᠷᠢᠶ᠎ᠡ ᠬᠡᠪᠴᠢᠶ᠎ᠡ ᠠᠴᠠ | ᠭᠠᠷᠤᠭᠰᠠᠨ ᠠᠵᠢᠯᠲᠠᠨ ᠤ ᠦᠨᠳᠦᠰᠦᠨ ᠴᠠᠯᠢᠩ ᠢ ︽ᠠᠯᠪᠠᠨ ᠪᠠᠶᠢᠭᠤᠯᠭ᠎ᠠ ᠠᠵᠢᠯ ᠦᠶᠯᠡᠰ ᠤᠨ ᠨᠢᠭᠡᠴᠡ ᠶᠢᠨ | ᠠᠵᠢᠯᠲᠠᠨ ᠢ ᠰᠢᠯᠵᠢᠭᠦᠯᠦᠨ ᠴᠠᠯᠢᠩ ᠤᠨ ᠣᠯᠭᠤᠮᠵᠢ ᠲᠣᠭᠲᠠᠭᠠᠬᠤ ᠠᠰᠠᠭᠤᠳᠠᠯ ᠤᠨ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠬᠥᠮᠦᠨ ᠲᠠᠷᠬᠠᠭᠠᠭᠰᠠᠨ [ 2007 ] 124 ᠳ᠋ᠦ᠋ᠭᠡᠷ | ᠲᠣᠭᠠᠲᠤ︶ ᠤᠨ ᠶᠣᠰᠣᠭᠠᠷ ᠬᠢᠨᠠᠨ ᠲᠣᠭᠲᠠᠭᠠᠬᠤ ᠶᠢᠨ ᠬᠠᠮᠲᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ | ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠴᠠᠯᠢᠩ ᠤᠨ ᠣᠯᠭᠤᠮᠵᠢ ᠶᠢᠨ ᠲᠥᠷᠥᠯ ᠵᠦᠶᠯ ᠢ ᠵᠠᠭᠠᠭᠯᠠᠨ | ᠲᠣᠭᠲᠠᠭᠠᠨ᠎ᠠ᠃ ᠥᠭᠡᠷᠡᠴᠢᠯᠡᠯᠲᠡ ᠳᠠᠭᠤᠰᠤᠭᠰᠠᠨ ᠤ ᠳᠠᠷᠠᠭ᠎ᠠ᠂ ᠰᠢᠨ᠎ᠡ ᠪᠠᠷ ᠵᠣᠬᠢᠶᠠᠨ ᠪᠠᠶᠢᠭᠤᠯᠤᠭᠰᠠᠨ ᠪᠠ | ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠠᠵᠢᠯ ᠦᠶᠯᠡᠰ ᠤᠨ ᠨᠢᠭᠡᠴᠡ ᠨᠢ ︽ᠭᠤᠷᠪᠠ ᠶᠢ ᠲᠣᠭᠲᠠᠭᠠᠬᠤ︾ | ᠲᠣᠭᠲᠠᠭᠠᠯ ᠪᠠ ᠠᠵᠢᠯ ᠦᠶᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢ ᠲᠣᠬᠢᠷᠠᠭᠤᠯᠤᠨ ᠬᠠᠮᠢᠶᠠᠷᠬᠤ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠰᠢᠨᠵᠢ ᠴᠢᠨᠠᠷ ᠢ ᠨᠢ ᠬᠤᠪᠢᠷᠠᠭᠤᠯᠬᠤ ᠥᠬᠡᠶ᠂ | ᠲᠤᠰᠬᠠᠶ ᠮᠡᠷᠭᠡᠵᠢᠯ ᠤᠨ ᠠᠵᠢᠯᠲᠠᠨ ᠤ ᠣᠲᠣ ᠶᠢᠨ ᠪᠠᠶᠢᠭ᠎ᠠ ᠮᠡᠷᠭᠡᠵᠢᠯ ᠤᠨ ᠴᠣᠯᠠ ᠶᠢᠨ ᠵᠡᠷᠭᠡ ᠳᠡᠰ ᠢ ᠨᠢ | ᠬᠤᠪᠢᠷᠠᠭᠤᠯᠬᠤ ᠥᠬᠡᠶ᠂ ᠬᠢᠨᠠᠨ ᠲᠣᠭᠲᠠᠭᠠᠬᠤ ᠨᠥᠬᠦᠴᠡᠯ ᠢ ᠨᠢ ᠬᠤᠪᠢᠷᠠᠭᠤᠯᠬᠤ ᠥᠬᠡᠶ᠂ ᠨᠥᠬᠦᠴᠡᠯ ᠳᠤ | ᠨᠡᠶᠢᠴᠡᠭᠰᠡᠨ ᠪᠠᠶᠢᠪᠠᠯ ᠦᠷᠭᠦᠯᠵᠢᠯᠡᠨ ᠲᠠᠰ ᠳᠡᠪᠰᠢᠭᠦᠯᠵᠦ᠂ ᠴᠠᠯᠢᠩ ᠣᠯᠭᠤᠮᠵᠢ ᠶᠢ ᠨᠢ ᠬᠡᠪ ᠤᠨ ᠶᠣᠰᠣᠭᠠᠷ | ᠬᠦᠷᠲᠡᠭᠡᠵᠦ ᠪᠣᠯᠤᠨ᠎ᠠ︔ ᠬᠡᠷᠪᠡ ᠪᠠᠶᠢᠭ᠎ᠠ ᠠᠵᠢᠯ ᠦᠶᠯᠡᠰ ᠤᠨ ᠨᠢᠭᠡᠴᠡ ᠶᠢᠨ ᠰᠢᠨᠵᠢ ᠴᠢᠨᠠᠷ ᠬᠤᠪᠢᠷᠬᠠᠰᠠᠨ᠂ | ᠠᠵᠢᠯ ᠰᠢᠯᠵᠢᠭᠰᠡᠨ ᠪᠤᠶᠤ ᠠᠵᠢᠯ ᠤᠨ ᠪᠠᠶᠢᠷᠢ ᠬᠤᠪᠢᠷᠬᠠᠰᠠᠨ ᠠᠴᠠ ᠪᠣᠯᠵᠣ᠂ ᠠᠳᠠᠯᠢ ᠲᠠᠰ ᠤᠨ ᠲᠤᠰᠬᠠᠶ ᠮᠡᠷᠭᠡᠵᠢᠯ | ᠤᠨ ᠴᠣᠯᠠ ᠰᠣᠯᠢᠬᠤ ᠴᠢᠬᠤᠯᠠᠲᠠᠶ ᠬᠥᠮᠦᠰ ᠪᠣᠯ ᠰᠢᠷᠢᠰ ︵ᠲᠤᠰᠬᠠᠶ ᠮᠡᠷᠭᠡᠵᠢᠯ︶ ᠲᠤ ᠰᠢᠯᠵᠢᠬᠦ ᠪᠠᠷ ᠭᠤᠶᠤᠴᠢᠯᠠᠵᠤ | ᠪᠣᠯᠤᠨ᠎ᠠ᠃ | ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠪᠢᠳᠡᠨ ᠲᠠᠢ ᠰᠠᠨᠠᠯ ᠢᠶᠠᠨ ᠰᠣᠯᠢᠯᠴᠠᠵᠤ ᠬᠤᠪᠢᠶᠠᠯᠴᠠᠭᠰᠠᠨ | ᠳᠤ ᠲᠠᠯᠠᠷᠬᠠᠵᠤ ᠪᠠᠶᠢᠨ᠎ᠠ᠂ ᠸᠠᠩ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ ᠪᠢᠳᠡ ᠬᠤᠸᠠᠳᠧ ᠰᠢᠶᠠᠨ | ᠤ ᠠᠵᠢᠯᠲᠠᠨ ᠤ ᠶᠠᠪᠤᠳᠠᠯ ᠴᠢᠳᠠᠪᠤᠷᠢᠲᠠᠨ ᠤ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠣᠯ᠎ᠠ᠃ | ᠥᠨᠥᠳᠦᠷ ᠤᠨ ᠰᠤᠷᠪᠤᠯᠵᠢᠯᠠᠭ᠎ᠠ ᠶᠢ ᠠᠳᠡ ᠬᠥᠷᠥᠶ᠎ᠡ᠂ ᠸᠠᠩ ᠲᠣᠪᠴᠢᠶᠠᠨ ᠳᠠᠷᠤᠭ᠎ᠠ ᠶᠢᠨ ᠪᠢᠳᠡᠨ ᠤ | ᠰᠤᠷᠪᠤᠯᠵᠢᠯᠠᠭ᠎ᠠ ᠳᠤ ᠮᠣᠷᠢᠯᠠᠨ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠸᠠᠩ ᠬᠦᠶ ᠯᠢᠨ᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂ | ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ | ᠰᠠᠨᠠᠭᠤᠯᠭ᠎ᠠ ᠳᠤᠷᠠᠳᠬᠤ ᠶᠢ ᠬᠦᠰᠡᠵᠣ ᠪᠠᠶᠢᠨ᠎ᠠ᠃ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |