ᠬᠤᠸᠠᠳᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠪᠠᠶᠠᠨᠲᠠᠯ᠎ᠠ ᠰᠢᠶᠠᠩ ᠤᠨ ᠰᠢᠩ ᠡᠦ ᠲᠣᠰᠬᠤᠨ ᠳᠤ ᠬᠦᠷᠴᠦ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/21
    5 ᠰᠠᠷ᠎ᠠ ᠶᠢᠨ 19 ᠤ ᠡᠳᠦᠷ᠂ ᠬᠤᠸᠠᠳᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠪᠠᠶᠠᠨᠲᠠᠯ᠎ᠠ ᠰᠢᠶᠠᠩ ᠤᠨ ᠰᠢᠩ ᠡᠦ ᠲᠣᠰᠬᠤᠨ ᠳᠤ ᠭᠦᠨᠵᠡᠭᠡᠶᠢᠷᠡᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ  ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠲᠤᠰᠬᠠᠶ ᠮᠡᠷᠭᠡᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂   ᠲᠣᠰᠬᠤᠨ ᠤ ᠬᠤᠷᠠᠯ ᠤᠨ ᠬᠡᠷ ᠲᠤ ᠲᠣᠰᠬᠤᠨ ᠤ ᠠᠷᠠᠳ ᠤᠨ ᠲᠥᠯᠥᠭᠡᠯᠡᠭᠴᠢ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠢᠶᠠᠷ ᠳᠡᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠣᠰᠬᠤᠨ ᠤ ᠠᠷᠠᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠭᠤᠤᠯ ᠴᠣᠭᠴᠠ  ᠶᠢᠨ ᠦᠶᠯᠡᠳᠦᠯ ᠢ ᠨᠢ ᠪᠠᠳᠠᠷᠠᠭᠤᠯᠵᠤ᠂ ᠣᠯᠠᠨ ᠲᠠᠰ ᠳᠠᠪᠬᠤᠷᠭ᠎ᠠ ᠶᠢᠨ᠂ ᠪᠥᠬᠦ ᠲᠠᠯ᠎ᠠ ᠶᠢᠨ ᠤᠬᠠᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠷᠦᠬᠡ ᠪᠣᠯᠭᠠᠨ ᠳᠤ ᠮᠡᠳᠡᠭᠦᠯᠬᠦ᠂ ᠬᠥᠮᠦᠨ ᠪᠦᠬᠦᠨ ᠳᠤ ᠮᠡᠳᠡᠭᠦᠯᠬᠦ᠂ ᠪᠥᠬᠦ ᠠᠷᠠᠳ  ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠵᠡᠶ᠃    ᠲᠠᠷᠢᠶᠠᠯᠠᠩ ᠤᠨ ᠪᠠᠭᠠᠵᠢ ᠬᠦᠷᠭᠡᠵᠦ ᠦᠶᠯᠡᠳᠪᠦᠷᠢᠯᠡᠯ ᠢ ᠠᠬᠢᠭᠤᠯᠪᠠ᠃ ᠣᠯᠠᠨ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠲᠣᠰᠬᠤᠨ ᠤ ᠠᠷᠠᠳ ᠲᠤ ᠣᠳᠣᠬᠠᠨ ᠤ ᠠᠮᠢᠳᠤᠷᠠᠯ ᠦᠶᠯᠡᠳᠪᠦᠷᠢᠯᠡᠯ ᠳᠤ ᠬᠡᠷᠡᠭᠰᠡᠬᠦ ᠡᠳ᠋ ᠪᠣᠳᠠᠰ ᠢ ᠬᠦᠷᠭᠡᠪᠡ᠃    ᠬᠤᠸᠠᠳᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠤᠨ ᠤᠳᠤᠷᠢᠳᠤᠮᠵᠢ ᠪᠣᠯᠭᠠᠬᠤ ᠢ ᠪᠠᠷᠢᠮᠲᠠᠯᠠᠵᠤ᠂ ᠪᠦᠬᠦ ᠠᠵᠢᠯᠲᠠᠨ ᠠᠵᠢᠯᠴᠢᠨ ᠤ ᠺᠠᠳ᠋ᠷ ᠢ ᠢᠳᠡᠪᠬᠢᠲᠡᠶ ᠬᠥᠲᠥᠯᠥᠨ ᠵᠢᠯᠣᠭᠤᠳᠴᠤ ᠨᠠᠮ  ᠤᠨ ᠲᠡᠦᠬᠡ ᠶᠢ ᠰᠤᠷᠤᠯᠴᠠᠭᠤᠯᠬᠤ᠂ ᠦᠵᠡᠯ ᠰᠠᠨᠠᠭ᠎ᠠ ᠶᠢ ᠤᠬᠠᠬᠤ᠂ ᠪᠣᠳᠠᠲᠠᠶ ᠠᠵᠢᠯ ᠬᠢᠬᠦ᠂ ᠰᠢᠨ᠎ᠡ ᠪᠠᠶᠢᠳᠠᠯ ᠭᠠᠷᠭᠠᠬᠤ᠂ ᠠᠯᠪᠠᠨ ᠵᠠᠷᠤᠴᠠ ᠶᠢᠨ ᠤᠬᠠᠮᠰᠠᠷ ᠪᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠤᠬᠠᠭᠤᠯᠭ᠎ᠠ  ᠶᠢᠨ ᠡᠷᠴᠢᠮ ᠢ ᠴᠢᠩᠭᠠᠷᠠᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ  ᠶᠢᠨ ᠠᠵᠢᠯᠯᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠳᠡᠷᠭᠡᠳᠡᠬᠢ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠬᠦ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠢᠬᠦ᠂ ᠨᠢᠭᠡ ᠪᠦᠯᠦᠭ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠪᠣᠳᠠᠲᠠᠶ ᠠᠷᠭ᠎ᠠ ᠬᠡᠮᠵᠢᠶ᠎ᠡ ᠶᠢ ᠡᠮᠬᠢᠯᠡᠨ ᠲᠢᠭᠯᠡᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ᠰᠠᠶᠢᠨ ᠶᠠᠪᠤᠳᠠᠯ ᠢ ᠦᠨᠡᠨ ᠬᠦ ᠪᠣᠳᠠᠲᠠᠶ ᠬᠢᠵᠦ᠂ ᠪᠣᠳᠠᠲᠤ ᠶᠠᠪᠤᠳᠠᠯ ᠢ ᠰᠠᠶᠢᠲᠤᠷ ᠬᠢᠵᠦ᠂ ᠲᠠᠷᠢᠶᠠᠴᠢᠨ ᠲᠦᠮᠡᠨ ᠤ ᠰᠡᠳᠬᠢᠯ ᠢ ᠣᠯᠵᠦ᠂ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2