5 ᠰᠠᠷ᠎ᠠ ᠶᠢᠨ 18 ᠤ ᠡᠳᠦᠷ᠂ ᠮᠠᠨ ᠤ ᠰᠢᠶᠠᠨ ᠤ ᠪᠠᠶᠠᠨᠲᠠᠯ᠎ᠠ ᠰᠢᠶᠠᠩ ᠤᠨ ᠮᠢᠨ ᠱᠧᠩ ᠲᠣᠰᠬᠤᠨ ︽ | ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ | ᠮᠠᠨᠳᠤᠭᠤᠯᠬᠤ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠬᠥᠳᠡᠭᠡ ᠲᠣᠰᠬᠤᠨ ᠤ | ᠵᠢᠭᠤᠯᠴᠢᠯᠠᠯ ᠤᠨ ᠠᠵᠤ ᠦᠶᠯᠡᠰ ᠢ ᠶᠡᠭᠡ ᠪᠠᠷ ᠬᠥᠭᠵᠢᠭᠦᠯᠬᠦ ᠶᠢᠨ ᠲᠥᠯᠥᠭᠡ᠂ ᠲᠣᠭᠯᠠᠯᠲᠠ ᠭᠠᠷᠭᠠᠬᠤ ᠠᠴᠠ | ᠡᠮᠦᠨ᠎ᠡ ᠵᠡᠭᠡᠷ᠎ᠡ ᠶᠢᠨ ᠴᠠᠶᠢᠳᠠᠮ ᠳᠤ ᠶᠡᠭᠡ ᠬᠡᠮᠵᠢᠶᠡᠨ ᠤ ᠵᠢᠷᠠᠭᠠᠬᠠᠶ ᠲᠠᠯᠪᠢᠵᠤ ᠬᠥᠳᠡᠭᠡ ᠲᠣᠰᠬᠤᠨ ᠤ ᠠᠵᠤ ᠦᠶᠯᠡᠰ | ᠢ ᠳᠠᠶᠢᠴᠢᠯᠠᠨ ᠰᠠᠶᠢᠨ ᠡᠬᠢᠯᠡᠯᠲᠡ ᠲᠠᠢ ᠪᠣᠯᠭᠠᠪᠠ᠃ | | ᠲᠣᠭᠯᠠᠯᠲᠠ ᠨᠢ ᠱᠠᠨ ᠰᠢ ᠵᠦᠴᠦᠭᠡ ︽ᠸᠠᠩ ᠪᠦ᠋ᠦ ᠴᠤᠸᠠᠨ︾ ᠶᠢᠨ ᠳᠤᠮᠳᠠ ᠬᠥᠰᠢᠭᠡ ᠪᠠᠨ ᠰᠡᠬᠦᠵᠦ᠂ | ᠪᠥᠵᠢᠭ᠂ ᠳᠠᠭᠤᠤ᠂ ᠬᠤᠶᠠᠷ ᠬᠦᠮᠦᠨ ᠶᠢᠨ ᠡᠯᠭᠦᠭᠡ ᠵᠦᠴᠦᠭᠡ ᠵᠡᠷᠭᠡ ᠲᠣᠭᠯᠠᠯᠲᠠ ᠵᠡᠷᠭᠡ ᠪᠠᠷ ᠶᠠᠪᠤᠭᠳᠠᠵᠤ᠂ ᠬᠦᠷ | ᠬᠥᠭᠵᠢᠶᠡᠨ ᠢᠶᠠᠷ ᠪᠢᠯᠬᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠶᠢ ᠰᠡᠷᠭᠦᠭᠡᠵᠦ᠂ ᠲᠤᠬᠠᠢ ᠶᠢᠨ | ᠲᠠᠯᠠᠪᠠᠢ ᠶᠢᠨ ᠦᠵᠡᠭᠴᠢᠳ ᠬᠠᠯᠠᠭᠤᠨ ᠢᠶᠠᠷ ᠠᠯᠠᠭ᠎ᠠ ᠲᠠᠰᠢᠵᠤ᠂ ᠮᠠᠰᠢ ᠤᠯᠠᠨ ᠦᠵᠡᠭᠴᠢᠳ ᠴᠢᠨᠠᠭᠰᠢᠯᠠᠭᠠᠳ | ᠳᠠᠭᠤᠤ ᠬᠥᠭᠵᠢᠮ ᠤᠨ ᠭᠥᠭ ᠠᠶᠠᠰ ᠢᠶᠠᠷ ᠠᠯᠠᠭ᠎ᠠ ᠲᠠᠰᠢᠵᠤ᠂ ᠤᠤᠬᠠᠶᠢᠯᠠᠨ ᠬᠠᠰᠬᠢᠷᠴᠤ ᠪᠠᠶᠢᠯ᠎ᠠ᠃ | | ᠲᠣᠭᠯᠠᠯᠲᠠ ᠶᠢ ᠰᠣᠨᠢᠷᠬᠠᠭᠰᠠᠨ ᠤ ᠳᠠᠷᠠᠭ᠎ᠠ᠂ ᠠᠬᠤᠶ ᠲᠠᠯᠠᠪᠠᠶ ᠶᠢᠨ ᠦᠵᠡᠭᠴᠢᠳ ᠠᠴᠠ ᠤᠷᠠᠨ ᠰᠠᠶᠢᠬᠠᠨ ᠤ | ᠲᠣᠭᠯᠠᠯᠲᠠ ᠦᠨᠳᠦᠰᠦᠨ ᠱᠠᠲᠤᠨ ᠳᠤ ᠪᠠᠭᠤᠵᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠠᠷᠠᠳ | ᠣᠯᠠᠨ ᠤ ᠳᠡᠷᠭᠡᠳᠡ ᠬᠦᠷᠭᠡᠵᠦ᠂ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ | ᠬᠠᠮᠲᠤ ᠤᠯᠠᠮᠵᠢᠯᠠᠯᠲᠤ ᠤᠷᠠᠯᠢᠭ ᠤᠨ ᠷᠢᠳᠢ ᠰᠢᠳᠢ ᠶᠢ ᠮᠡᠳᠡᠷᠡᠯ᠎ᠡ ᠭᠡᠵᠡᠭᠡᠵᠦ ᠪᠠᠶᠢᠯ᠎ᠠ ᠃ ᠣᠶᠢᠯᠠᠭᠠᠭᠰᠠᠨ ᠢᠶᠠᠷ᠂ ︽ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ︾ ᠤᠷᠠᠨ ᠰᠠᠶᠢᠬᠠᠨ ᠤ ᠲᠣᠭᠯᠠᠯᠲᠠ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠨᠢ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠬᠤᠪᠢᠰᠬᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ | ᠡᠷᠬᠢᠮᠰᠦᠭ ᠤᠷᠠᠯᠢᠭ ᠢ ᠤᠯᠠᠮᠵᠢᠯᠠᠵᠤ᠂ ᠳᠠᠭᠤᠤ ᠬᠥᠭᠵᠢᠮ ᠤᠨ ᠬᠦᠴᠦᠨ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ | ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠡᠮᠳᠡᠭᠴᠦᠳ | ᠤᠨ ᠬᠤᠯᠪᠣᠭ᠎ᠠ ᠵᠢᠴᠢ ᠳᠠᠭᠠᠭᠠᠴᠢᠯᠠᠨ ᠲᠡᠳᠬᠦᠬᠦ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠤᠸᠠᠳᠧ ᠰᠢᠶᠠᠨ ᠤ | ᠰᠣᠶᠣᠯ ᠤᠨ ᠣᠷᠳᠣᠨ ᠤ ᠣᠯᠠᠨ ᠲᠦᠮᠡᠨ ᠤ ᠤᠷᠠᠯᠢᠭ ᠤᠨ ᠪᠦᠯᠬᠦᠮ᠂ ᠪᠠᠶᠠᠨᠲᠠᠯ᠎ᠠ ᠰᠢᠶᠠᠩ ᠤᠨ ᠮᠢᠨ ᠱᠧᠩ | ᠲᠣᠰᠬᠤᠨ ᠤ ᠶᠠᠩᠭᠠᠷ ᠤᠨ ᠠᠩᠭᠢ ᠠᠵᠢᠯᠯᠠᠭ᠎ᠠ ᠳᠤ ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |