ᠬᠤᠸᠠᠳᠧ ᠰᠢᠶᠠᠨ ᠤ ︽ᠪᠣᠭᠤᠮᠲᠠ ᠶᠢᠨ ᠬᠠᠨ ᠹᠧᠩ︾ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠨᠡᠶᠢᠲᠡ ᠶᠢᠨ ᠨᠠᠷᠠᠲᠤ ᠲᠡᠮᠳᠡᠭ ᠢ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2021/5/25
  5 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶ᠎ᠠ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠸᠠᠳᠧ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠪᠣᠭᠤᠮᠲᠠ ᠶᠢᠨ ᠭᠠᠳᠠᠨᠠᠬᠢ ᠬᠠᠨ ᠹᠧᠩ︾ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠨᠡᠶᠢᠲᠡ ᠶᠢᠨ ᠨᠠᠷᠠᠲᠤ ᠲᠡᠮᠳᠡᠭ ᠢ ᠨᠡᠶᠢᠲᠡᠯᠡᠬᠦ ᠬᠤᠷᠠᠯ ᠪᠡᠭᠡᠵᠢᠩ ᠤᠨ ᠵᠣᠴᠢᠳ ᠤᠨ ᠪᠠᠭᠤᠳᠠᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠵᠤ᠂ ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃
   ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠸᠠᠳᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠤᠭᠲᠤᠬᠤ ᠤᠭᠲᠤᠯᠭ᠎ᠠ ᠶᠢᠨ ᠦᠭᠡ ᠬᠡᠯᠡᠪᠡ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠤ ᠫᠧᠩ ᠲᠦᠷᠦᠯ ᠲᠡᠮᠳᠡᠭ ᠢᠶᠠᠷ ᠲᠠᠨᠢᠯᠴᠠᠭᠤᠯᠬᠤ ᠦᠭᠡ ᠬᠡᠯᠡᠪᠡ︔  ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠦᠭᠡ ᠬᠡᠯᠡᠪᠡ᠃ ᠲᠦᠷᠦᠭᠦᠨ ᠤ ᠪᠦᠯᠦᠭ ᠲᠤ ᠣᠷᠣᠵᠤ ᠰᠠᠭᠤᠭᠰᠠᠨ ᠥᠪᠥᠷ ᠮᠣᠩᠭᠤᠯ ᠤᠨ ᠯᠢᠦᠢ ᠴᠤᠸᠠᠨ ᠶᠢᠨ ᠱᠧᠩ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠬᠤᠸᠠᠳᠧ ᠰᠢᠶᠠᠨ ᠤ ᠬᠤᠩ ᠸᠠᠩ ᠲᠠᠷᠢᠵᠤ ᠲᠡᠵᠢᠭᠡᠬᠦ ᠤᠯᠠᠭᠠᠨ ᠢᠳᠡᠭᠡ ᠡᠳ᠋ᠰᠢᠭᠦᠯᠬᠦ ᠬᠢᠵᠠᠭᠠᠷᠲᠤ ᠺᠣᠮᠫᠠᠨᠢ ᠵᠡᠷᠭᠡ 12 ᠠᠵᠤ ᠠᠬᠤᠶᠢᠯᠠᠯ ᠳᠤ ᠫᠠᠶᠢᠰᠠ ᠣᠯᠭᠤᠵᠤ᠂ 3 ᠨᠡᠷᠡᠲᠦ ᠲᠡᠮᠳᠡᠭᠲᠦ ᠶᠢᠨ ᠵᠥᠪᠯᠡᠭᠴᠢ ᠳᠤ ᠤᠷᠢᠯᠭ᠎ᠠ ᠶᠢᠨ ᠪᠢᠴᠢᠭ ᠣᠯᠭᠤᠬᠤ ᠶᠢᠨ ᠬᠠᠮᠲᠤ ᠳᠤᠮᠳᠠᠳᠤ ᠤᠯᠤᠰ ᠤᠨ ᠤᠯᠤᠰ ᠤᠨ ᠨᠡᠷᠡᠲᠦ ᠲᠡᠮᠳᠡᠭᠲᠦ ᠶᠢᠨ ᠰᠦᠯᠵᠢᠶ᠎ᠡ ᠲᠠᠢ ᠪᠦᠳᠦᠭᠦᠪᠴᠢ ᠬᠡᠯᠡᠯᠴᠡᠭᠡᠷ ᠲᠣᠭᠲᠠᠪᠠ
   ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠲᠠᠨᠢᠯᠴᠠᠭᠤᠯᠬᠤ ᠳᠠᠭᠠᠨ᠂ ︽ᠪᠣᠭᠤᠮᠲᠠ ᠶᠢᠨ ᠭᠠᠳᠠᠨᠠᠬᠢ ᠬᠠᠨ ᠹᠧᠩ︾ ᠲᠠᠷᠢᠶᠠᠯᠠᠩ ᠤᠨ ᠪᠦᠲᠦᠭᠡᠭᠳᠡᠬᠦᠨ ᠤ ᠤᠯᠠᠨ ᠨᠡᠶᠢᠲᠡ ᠶᠢᠨ ᠲᠦᠷᠦᠯ ᠲᠡᠮᠳᠡᠭ ᠢ ᠡᠭᠦᠳᠬᠦ ᠪᠣᠯ ᠬᠤᠸᠠᠳᠧ ᠰᠢᠶᠠᠨ ᠤ ᠬᠢᠨ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠨ ᠹᠧᠩ ᠺᠣᠮᠫᠠᠨᠢ ᠲᠠᠢ ᠬᠠᠮᠲᠤᠷᠠᠨ ᠴᠣᠭᠴᠠᠯᠠᠭᠰᠠᠨ ᠶᠠᠪᠤᠳᠠᠯ ᠪᠣᠯᠤᠨ᠎ᠠ᠂ ᠨᠢᠭᠡ ᠲᠦᠷᠦᠯ ᠲᠡᠮᠳᠡᠭ ᠢ ᠠᠯᠳᠠᠷᠰᠢᠭᠤᠯᠵᠤ᠂ ᠨᠢᠭᠡ ᠭᠠᠵᠠᠷ ᠣᠷᠣᠨ ᠤ ᠠᠵᠤ ᠦᠢᠯᠡᠰ ᠢ ᠳᠠᠶᠢᠴᠢᠯᠠᠵᠤ᠂ ᠨᠢᠭᠡ ᠭᠠᠵᠠᠷ ᠣᠷᠣᠨ ᠤ ᠠᠷᠠᠳ ᠲᠦᠮᠡᠨ ᠢ ᠪᠠᠶᠠᠵᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠭᠠᠵᠠᠷ ᠨᠤᠲᠤᠭ ᠨᠢ ᠬᠢᠯᠢ ᠶᠢᠨ ᠪᠣᠭᠤᠮᠲᠠ᠂ ᠡᠶᠢᠮᠦ ᠠᠴᠠ ︽ᠪᠣᠭᠤᠮᠲᠠ ᠶᠢᠨ ᠭᠠᠳᠠᠨᠠᠬᠢ  ︾ ᠭᠡᠵᠦ ᠨᠡᠷᠡᠶᠢᠳᠴᠡᠢ᠂  ︽ᠬᠠᠨ ᠹᠧᠩ︾ ᠨᠢ ᠬᠠᠭᠤᠷᠠᠢ ᠲᠠᠷᠢᠶᠠᠯᠠᠭ᠎ᠠ ᠶᠢᠨ ᠡᠯᠪᠡᠭ ᠬᠤᠷᠢᠶᠠᠯᠲᠠ ᠤᠯᠬᠤ ᠭᠡᠰᠡᠨ ᠤᠳᠬ᠎ᠠ ᠰᠠᠨᠠᠭ᠎ᠠ ᠲᠠᠢ᠂ ᠡᠨᠡ ᠬᠦ ᠲᠦᠷᠦᠯ ᠲᠡᠮᠳᠡᠭ ᠨᠢ ᠬᠤᠸᠠᠳᠧ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠪᠦᠷᠢᠮᠦᠰᠦᠨ ᠨᠡᠶᠢᠴᠡᠨ᠎ᠡ ᠭᠡᠵᠦ ᠵᠢᠭᠠᠵᠤ ᠭᠠᠷᠭᠠᠪᠠ᠃     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠪᠡᠭᠡᠵᠢᠩ ᠤᠨ ᠳ᠋ᠦᠩ ᠴᠧᠩ ᠲᠣᠭᠤᠷᠢᠭ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠢ ᠪᠥᠸᠧ ᠸᠧᠨ᠂ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ ᠶᠢᠨ ᠳᠡᠳ᠋ ᠳᠠᠷᠤᠭ᠎ᠠ ᠰᠦ᠋ ᠳ᠋ᠦᠩ᠂ ᠪᠡᠭᠡᠵᠢᠩ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ  ᠤᠨ ᠳᠠᠷᠤᠭ᠎ᠠ ᠱᠦᠶ ᠧᠨ ᠬᠠᠶ ᠵᠡᠷᠭᠡ ᠤᠳᠤᠷᠢᠳᠤᠯᠭ᠎ᠠ ᠲᠣᠰ ᠲᠣᠰ ᠪᠠᠶᠠᠷ ᠤᠨ ᠦᠭᠡ ᠬᠡᠯᠡᠪᠡ᠃
     ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷ᠎ᠡ᠂ ᠬᠤᠸᠠᠳᠧ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ᠂ ᠳᠤᠮᠳᠠᠳᠤ ᠤᠯᠤᠰ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠤᠤᠯ ᠤᠨ ᠳᠠᠷᠤᠭ᠎ᠠ ᠯᠢᠶᠠᠨ ᠵᠢᠶ᠂ ᠠᠯᠳᠠᠷᠲᠤ ᠰᠣᠶᠣᠯ ᠤᠨ ᠡᠷᠳᠡᠮᠲᠡᠨ ᠭᠤᠸᠠᠨ ᠵᠦᠩ ᠰᠢᠶᠤᠤ᠂ ᠳᠤᠮᠳᠠᠳᠤ ᠤᠯᠤᠰ ᠤᠨ ᠤᠯᠤᠰ ᠤᠨ ᠲᠦᠷᠦᠯ ᠲᠡᠮᠳᠡᠭ ᠤᠨ ᠰᠦᠯᠵᠢᠶᠡᠨ ᠤ ᠳᠡᠳ᠋ ᠶᠡᠷᠦᠩᠬᠡᠢ ᠵᠠᠬᠢᠷᠤᠭᠴᠢ ᠡᡁᠦ᠋ᠸᠧ ᠹᠧᠢ ᠹᠧᠢ᠂ ᠵᠢᠩ ᠳ᠋ᠦᠩ ᠪᠦᠯᠦᠭᠯᠡᠯ ᠤᠨ ᠵᠢᠩ ᠳ᠋ᠦᠩ ᠲᠠᠷᠢᠶᠠᠯᠠᠩ ᠤᠨ ᠲᠠᠯᠠᠪᠠᠢ ᠶᠢᠨ ᠶᠡᠷᠦᠩᠬᠡᠢ ᠪᠠᠶᠢᠴᠠᠭᠠᠭᠴᠢ ᠯᠢᠶᠠᠩ ᠴᠧᠨ᠂ ᠪᠡᠭᠡᠵᠢᠩ ᠤᠨ ᡁᠢ ᠱᠠᠩ ᠭᠧᠦ ᠲᠥᠩ ᠤᠯᠠᠨ ᠤᠯᠤᠰ ᠤᠨ ᠲᠦᠷᠦᠯ ᠲᠡᠮᠳᠡᠭ ᠤᠨ ᠵᠥᠪᠯᠡᠭᠴᠢ ᠶᠢᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ ᠹᠦ᠋ ᠶᠦᠩ᠂ ᠵᠧᠩ ᠱᠠᠩ ᠪᠢᠴᠢᠭ ᠤᠨ ᠬᠦᠷᠢᠶᠡᠯᠡᠩ ᠤᠨ ᠳᠠᠷᠤᠭ᠎ᠠ ᠵᠤᠤ ᠽᠢ ᠯᠦᠩ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠤᠸᠠᠩ ᠾᠧᠩ ᠰᠢᠤᠸᠠᠢ ᠰᠢᠶᠠᠨ ᠤ ᠬᠡᠪᠴᠢᠶᠡᠨ ᠤ ᠤᠯᠠᠨ ᠨᠡᠶᠢᠲᠡ ᠶᠢᠨ ᠲᠦᠷᠦᠯ ᠲᠡᠮᠳᠡᠭ ᠤᠨ ᠪᠦᠳᠦᠭᠡᠨ ᠪᠠᠶᠢᠭᠤᠯᠤᠯᠲᠠ᠂ ᠬᠤᠸᠠᠳᠧ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠠᠬᠢᠭᠤᠯᠬᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠡᠷᠬᠢᠨ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃
    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠪᠠᠰᠠ ᠮᠠᠨ ᠤ ᠰᠢᠶᠠᠨ ᠤ ᠴᠢᠯᠠᠭᠤᠨ ᠲᠡᠭᠡᠷᠮ᠎ᠡ ᠶᠢᠨ ᠭᠤᠯᠢᠷ᠂ ᠶᠠᠮᠠ ᠶᠢᠨ ᠦᠷ᠎ᠡ ᠶᠢᠨ ᠲᠣᠰᠣ᠂ ᠲᠠᠪᠤᠨ ᠲᠠᠷᠢᠶ᠎ᠠ ᠡᠯᠳᠡᠪ ᠠᠮᠤ᠂ ᠢᠰᠬᠡᠭᠰᠡᠨ ᠨᠣᠭᠤᠭ᠎ᠠ᠂ ᠦᠬᠡᠷ ᠤᠨ ᠬᠠᠳᠠᠭᠠᠭᠰᠠᠨ ᠮᠢᠬ᠎ᠠ ᠵᠡᠷᠭᠡ ᠡᠯ᠎ᠡ ᠲᠥᠷᠥᠯ ᠤᠨ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠠᠵᠤ ᠠᠬᠤᠶᠢᠯᠠᠯ ᠤᠨ ᠲᠥᠯᠥᠭᠡᠯᠡᠭᠴᠢ ᠲᠤᠬᠠᠶ ᠶᠢᠨ ᠲᠠᠯᠠᠪᠠᠶ ᠳᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠲᠤᠰᠬᠠᠶ ᠮᠡᠷᠭᠡᠵᠢᠯᠲᠡᠨ ᠲᠠᠢ ᠲᠤᠬᠠᠶ ᠶᠢᠨ ᠭᠠᠵᠠᠷ ᠤᠨ ᠠᠮᠲᠠᠲᠤ ᠢᠳᠡᠭᠡᠨ ᠢ ᠠᠮᠲᠠᠯᠠᠵᠤ᠂ ᠣᠨᠴᠠᠯᠢᠭᠲᠤ ᠦᠵᠡᠭᠦᠯᠭᠡ ᠶᠢᠨ ᠣᠷᠳᠣᠨ ᠢ ᠲᠣᠭᠤᠷᠢᠨ ᠦᠵᠡᠭᠰᠡᠨ ᠪᠥᠭᠡᠳ ᠰᠢᠶᠠᠨ ᠤ ᠬᠡᠪᠴᠢᠶᠡᠨ ᠤ ᠣᠯᠠᠨ ᠨᠡᠶᠢᠲᠡ ᠶᠢᠨ ᠲᠥᠷᠥᠯ ᠲᠡᠮᠳᠡᠭ ᠢ ᠡᠭᠦᠳᠬᠦ ᠲᠤᠬᠠᠶ ᠰᠠᠨᠠᠯ ᠢᠶᠠᠨ ᠰᠣᠯᠢᠯᠴᠠᠪᠠ᠃
    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠸᠠᠳᠧ ᠰᠢᠶᠠᠨ ᠤ ᠤᠯᠠᠭᠠᠨᠮᠥ᠋ᠴᠢᠷ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
     ᠬᠤᠷᠠᠯ ᠳᠤ ᠪᠠᠰᠠ ᠳ᠋ᠦᠩ ᠴᠧᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠸᠠᠨ ᠴᠢᠩ᠂ ᠳ᠋ᠦᠩ ᠴᠧᠩ ᠲᠣᠭᠤᠷᠢᠭ ᠤᠨ ᠭᠠᠳᠠᠭᠠᠳᠤ ᠲᠠᠢ ᠬᠠᠷᠢᠯᠴᠠᠬᠤ ᠠᠯᠪᠠᠨ ᠬᠡᠷ ᠤᠨ ᠳᠡᠳ᠋ ᠡᠷᠬᠢᠯᠡᠭᠴᠢ ᠵᠧᠦ ᠱᠧᠩ ᠲᠠᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ  ᠤᠨ ᠲᠢᠩᠬᠢᠮ ᠤᠨ ᠭᠦᠶᠯᠭᠡᠭᠡᠨ ᠤ ᠠᠵᠤ ᠦᠶᠯᠡᠰ ᠤᠨ ᠭᠠᠵᠠᠷ ᠤᠨ ᠳᠠᠷᠤᠭ᠎ᠠ ᠴᠧᠨ ᠵᠢᠶ ᠱᠤ᠋᠂ ᠲᠥᠪ ᠲᠧᠯᠸᠢᠰ ᠤᠨ ᠵᠠᠭᠤᠴᠢᠯᠠᠭᠤᠷ ᠤᠨ ᠵᠥᠩ ᠱᠢ ᡁᠢ ᠶᠠᠩ ᠬᠤᠲᠠ ᠶᠢᠨ ᠨᠠᠷᠠᠲᠤ ᠲᠡᠮᠳᠡᠭᠲᠦ ᠲᠠᠨᠢᠯᠴᠠᠭᠤᠯᠬᠤ ᠳᠠᠷᠤᠭ᠎ᠠ ᠵᠡᠷᠭᠡ ᠤᠳᠤᠷᠢᠳᠬᠤ ᠬᠦᠨᠳᠦᠲᠦ ᠵᠣᠴᠢᠨ᠂ ᠬᠤᠸᠠᠳᠧ ᠰᠢᠶᠠᠨ ᠤ ᠤᠳᠤᠷᠢᠳᠤᠯᠭ᠎ᠠ ᠭᠤᠤ ᠫᠧᠩ᠂ ᠵᠠᠩ ᠭᠦᠸᠧ ᠷᠦᠩ᠂ ᠵᠠᠩ ᠢᠦᠢ ᠵᠢᠦᠸᠠᠨ ᠵᠢᠴᠢ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃    ᠰᠢᠨᠬᠤᠸᠠ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠲᠧᠯᠸᠢᠰ ᠬᠤᠷᠢᠶ᠎ᠠ ᠂ ᠲᠧᠩ ᠰᠢᠶᠦ᠋ᠨ ᠰᠦᠯᠵᠢᠶ᠎ᠡ᠂ ᠰᠧᠦ ᠬᠤ᠋ ᠰᠦᠯᠵᠢᠶ᠎ᠡ᠂ ᠹᠧᠩ ᠬᠤᠸᠠᠩ ᠸᠢᠳᠢᠣ᠋᠂ ᠪᠠᠶ ᠳ᠋ᠦ᠋᠂ ᠰᠢᠨ ᠯᠠᠩ᠂ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ ᠵᠡᠷᠭᠡ ᠵᠠᠭᠤᠴᠢᠯᠠᠭᠤᠷ ᠤᠨ ᠬᠢᠨ ᠮᠡᠳᠡᠭᠡᠯᠡᠪᠡ᠃ ᠬᠤᠸᠠᠳᠧ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠳᠣᠤᠷᠠᠬᠢ ︽ᠠᠮᠢᠵᠢᠷᠠᠯ ᠤᠨ ᠬᠦᠴᠦᠨ ᠪᠦᠬᠦᠢ ᠬᠤᠸᠠᠳᠧ︾ ᠶᠢᠨ ᠲᠦᠷᠭᠡᠨ ᠭᠠᠷ᠂ ︽ᠳ᠋ᠧ ᠷᠦᠨ ᠲᠠᠯ᠎ᠠ ᠨᠤᠲᠤᠭ︾ ᠤᠨ APP ᠵᠡᠷᠭᠡ ᠰᠢᠨ᠎ᠡ ᠵᠠᠭᠤᠴᠢᠯᠠᠭᠤᠷ ᠤᠨ ᠬᠢᠨ ᠠᠬᠤᠶ ᠲᠠᠯᠠᠪᠠᠶ ᠶᠢᠨ ᠰᠢᠭᠤᠳ ᠨᠡᠪᠲᠡᠷᠡᠭᠦᠯᠭᠡ ᠬᠢᠪᠠ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ         ᠣᠷᠴᠢᠭᠤᠯᠤᠭᠴᠢ᠄ ᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2