ᠮᠠᠨ ᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠴᠠᠩᠱᠦ᠋ᠨ ᠪᠠᠯᠭᠠᠰᠤᠨ ᠤ ᠴᠠᠩ ᠹᠧᠩ ᠨᠡᠶᠢᠭᠡᠮ ᠲᠣᠭᠤᠷᠢᠭ ᠲᠠᠢ ᠬᠠᠮᠲᠤᠷᠠᠨ ︽ᠭᠠᠵᠢᠭᠤ ᠨᠣᠮᠯᠠᠯ ᠤᠨ ᠴᠢᠶᠠᠨ ᠺᠦᠨ ᠯᠠᠩ ᠢ ᠠᠷᠢᠯᠭᠠᠵᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠠᠶᠠᠷᠯᠠᠨ ᠪᠡᠯᠭᠡᠯᠡᠬᠦ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/26
   ᠰᠢᠨᠵᠢᠯᠡᠬᠦ ᠤᠬᠠᠭᠠᠨ ᠤ ᠮᠡᠳᠡᠯᠭᠡ ᠶᠢ ᠭᠦᠨᠵᠡᠭᠡᠢ ᠲᠦᠭᠡᠮᠡᠯᠵᠢᠭᠦᠯᠵᠦ᠂ ᠤᠯᠠᠨ ᠲᠦᠮᠡᠨ ᠤ ᠭᠠᠵᠢᠭᠤ ᠨᠣᠮᠯᠠᠯ ᠢ ᠢᠯᠭᠠᠨ ᠲᠠᠨᠢᠬᠤ᠂ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠡᠶᠢᠭᠡᠮ ᠳᠠᠶᠠᠭᠠᠷ ᠲᠤ ᠭᠠᠵᠢᠭᠤ ᠨᠣᠮᠯᠠᠯ ᠢ ᠡᠰᠡᠷᠭᠦᠴᠡᠬᠦ ᠬᠥᠷᠥᠰᠥ ᠰᠢᠷᠣᠢ ᠶᠢ ᠵᠤᠵᠠᠭᠠᠨ ᠬᠤᠷᠠᠮᠳᠤᠭᠤᠯᠬᠤ ᠶᠢᠨ ᠲᠦᠯᠥᠭᠡ᠂ 5 ᠰᠠᠷ᠎ᠠ ᠶᠢᠨ 26 ᠤ ᠡᠳᠦᠷ᠂ ᠮᠠᠨ ᠤ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠴᠠᠩᠱᠦ᠋ᠨ ᠪᠠᠯᠭᠠᠰᠤᠨ ᠤ ᠴᠠᠩ ᠹᠧᠩ ᠨᠡᠶᠢᠭᠡᠮ ᠲᠣᠭᠤᠷᠢᠭ ᠲᠠᠢ ᠬᠠᠮᠲᠤᠷᠠᠨ ︽ᠭᠠᠵᠢᠭᠤ ᠨᠣᠮᠯᠠᠯ ᠤᠨ ᠴᠢᠶᠠᠨ ᠺᠦᠨ ᠯᠠᠩ ᠢ  ᠠᠷᠢᠯᠭᠠᠵᠣ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠠᠶᠠᠷᠯᠠᠨ ᠪᠡᠯᠭᠡᠯᠡᠬᠦ︾ ᠪᠠᠷ ᠭᠤᠣᠯ ᠰᠡᠳᠦᠪ ᠪᠣᠯᠭᠠᠭᠰᠠᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠹᠠᠨ ᠱᠦᠵᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠠᠰᠠᠭᠤᠨ ᠯᠠᠪᠯᠠᠬᠤ ᠦᠶᠯᠡᠴᠢᠯᠡᠭᠡ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠭᠠᠵᠢᠭᠤ ᠨᠣᠮᠯᠠᠯ ᠤᠨ ᠰᠢᠨᠵᠢ ᠴᠢᠨᠠᠷ᠂ ᠣᠨᠴᠠᠯᠢᠭ ᠰᠢᠨᠵᠢ᠂ ᠬᠤᠤᠷ ᠬᠥᠨᠥᠭᠡᠯ ᠵᠢᠴᠢ ᠭᠠᠵᠢᠭᠤ ᠨᠣᠮᠯᠠᠯ ᠢ ᠬᠡᠷᠬᠢᠨ ᠰᠡᠷᠭᠡᠶᠢᠯᠡᠨ ᠬᠤᠷᠢᠭᠯᠠᠬᠤ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠨᠠᠷᠢᠨ ᠲᠠᠶᠢᠯᠪᠤᠷᠢᠯᠠᠪᠠ᠃
   ᠴᠠᠩ ᠹᠧᠩ ᠨᠡᠶᠢᠭᠡᠮ ᠲᠣᠭᠤᠷᠢᠭ ᠤᠨ ᠱᠦᠵᠢ ᠹᠠᠩ ᠸᠧᠨ ᠾᠦᠢ ᠤᠯᠠᠨ ᠳᠤ ᠭᠠᠵᠢᠭᠤ ᠨᠣᠮᠯᠠᠯ ᠢ ᠡᠰᠡᠷᠭᠦᠴᠡᠭᠰᠡᠨ ᠪᠠᠷᠢᠮᠲᠠᠲᠤ ᠹᠢᠯᠢᠮ ᠢ ᠨᠡᠪᠲᠡᠷᠡᠭᠦᠯᠵᠦ ᠥᠭᠬᠦ ᠶᠢᠨ ᠬᠠᠮᠲᠤ ᠲᠦᠬᠦᠮ ᠣᠶᠢᠯᠠᠭᠠᠮᠵᠢᠲᠠᠢ ᠦᠭᠡ ᠬᠡᠯᠡ  ᠪᠠᠷ ᠬᠥᠮᠦᠰ ᠲᠤ ᠭᠠᠵᠢᠭᠤ ᠨᠣᠮᠯᠠᠯ ᠨᠢ ᠵᠣᠭᠤᠰ ᠮᠡᠬᠡᠯᠡᠬᠦ ᠪᠠᠷ ᠪᠠᠷᠠᠬᠤ ᠦᠭᠡᠢ ᠪᠠᠰᠠ ᠭᠡᠷ ᠪᠦᠯᠢ ᠶᠢ ᠡᠪᠳᠡᠵᠦ᠂ ᠬᠥᠮᠦᠨ ᠤ ᠠᠮᠢ ᠨᠠᠰᠤ ᠡᠷᠡᠭᠦᠯ ᠮᠡᠨᠳᠤ ᠶᠢ ᠬᠤᠬᠢᠷᠠᠭᠤᠯᠳᠠᠭ᠂ ᠲᠡᠳᠡ ᠶᠡᠷᠦ ᠨᠢ ᠮᠠᠰᠢ ᠰᠠᠶᠢᠨ ᠰᠠᠶᠢᠬᠠᠨ ᠳᠦᠷᠢ ᠪᠠᠷ ᠣᠪᠯᠠᠵᠤ᠂ ᠬᠥᠮᠦᠰ ᠢ ᠥᠳᠥᠭᠡᠨ ᠬᠠᠭᠤᠷᠳᠠᠭ᠂ ᠤᠯᠠᠨ ᠢᠶᠠᠷ ᠢᠶᠠᠨ ᠵᠠᠪᠠᠯ ᠨᠢᠳᠦ ᠪᠠᠨ ᠠᠷᠴᠢᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠭᠠᠵᠢᠭᠤ ᠨᠣᠮᠯᠠᠯ ᠠᠴᠠ ᠵᠠᠶᠢᠳᠠᠬᠤ ᠬᠡᠷᠡᠭᠲᠡᠢ ᠭᠡᠵᠦ ᠬᠡᠯᠡᠵᠦ ᠥᠭᠪᠡ᠃ ᠰᠠᠭᠤᠭᠠᠯᠢ ᠠᠷᠠᠳ ᠤᠳ ᠡᠷᠡᠰ ᠰᠣᠨᠣᠰᠬᠤ ᠦᠭᠡᠢ᠂ ᠢᠲᠡᠭᠡᠬᠦ ᠦᠭᠡᠢ᠂ ᠤᠯᠠᠮᠵᠢᠯᠠᠬᠤ ᠦᠭᠡᠢ ᠭᠡᠵᠦ ᠢᠯᠡᠷᠬᠡᠶᠢᠯᠡᠵᠡᠭᠡᠪᠡ᠃ ᠠᠵᠢᠯᠳᠠᠨ ᠪᠠᠰᠠ ᠤᠯᠠᠨ ᠲᠦᠮᠡᠨ ᠤ ᠪᠣᠳᠠᠲᠤ ᠠᠵᠢᠯᠯᠠᠭ᠎ᠠ ᠪᠠᠷ ᠢᠶᠠᠨ ᠭᠠᠵᠢᠭᠤ ᠨᠣᠮᠯᠠᠯ ᠢ ᠡᠰᠡᠷᠭᠦᠴᠡᠬᠦ ᠦᠢᠯᠡᠳᠦᠯᠭᠡᠵᠢᠭᠦᠯᠦᠭᠴᠢ ᠪᠣᠯᠬᠤ ᠶᠢ ᠵᠣᠷᠢᠭᠵᠢᠭᠤᠯᠵᠤ᠂ ᠭᠡᠷ ᠪᠦᠯᠢ᠂ ᠲᠦᠷᠦᠯ ᠰᠠᠳᠤᠨ᠂ ᠨᠠᠶᠢᠵᠠ ᠨᠥᠬᠦᠳ ᠪᠠ ᠬᠥᠷᠰᠢ ᠵᠡᠷᠭᠡᠯᠡᠳᠡᠭᠡ ᠳᠡᠭᠡᠨ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠤᠬᠠᠭᠤᠯᠵᠤ᠂ ᠨᠡᠩ ᠤᠯᠠᠨ ᠬᠥᠮᠦᠨ ᠢ ᠭᠠᠵᠢᠭᠤ ᠨᠣᠮᠯᠠᠯ ᠠᠴᠠ ᠵᠠᠶᠢᠳᠠᠭᠤᠯᠵᠤ᠂ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠭᠤᠯᠪᠠ᠃
   ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠵᠢᠴᠢ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ︽ᠰᠢᠨᠵᠢᠯᠡᠬᠦ ᠤᠬᠠᠭᠠᠨ ᠢ ᠡᠷᠬᠢᠮᠯᠡᠨ᠂ ᠭᠠᠵᠢᠭᠤ ᠨᠣᠮᠯᠠᠯ ᠢ ᠡᠰᠡᠷᠭᠦᠴᠡᠬᠦ︾ ᠪᠠᠷ ᠠᠭᠤᠯᠭ᠎ᠠ ᠪᠣᠯᠭᠠᠭᠰᠠᠨ ᠤᠬᠠᠭᠤᠯᠬᠤ ᠮᠠᠲ᠋ᠧᠷᠢᠶᠠᠯ ( ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠮᠡᠳᠡᠯᠭᠡ ᠶᠢᠨ ᠭᠠᠷ ᠳᠡᠪᠲᠡᠷ᠂ ᠭᠠᠷ ᠪᠣᠭᠴᠣ ᠵᠡᠷᠭᠡ ) ᠢ ᠲᠠᠷᠬᠠᠭᠠᠵᠤ᠂ ᠣᠯᠠᠨ ᠲᠦᠮᠡᠨ ᠤ ᠢᠳᠡᠪᠬᠢᠵᠢᠯ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠵᠢᠭᠤ ᠨᠣᠮᠯᠠᠯ ᠢ ᠢᠯᠭᠠᠨ ᠲᠠᠨᠢᠬᠤ ᠠᠷᠭ᠎ᠠ ᠶᠢ ᠵᠢᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠶᠠᠪᠠᠭᠠᠨ ᠳᠤᠨᠢ ᠴᠢᠩᠭᠠᠷᠠᠭᠤᠯᠪᠠ᠃
ᠲᠣᠰ ᠤᠳᠠᠭᠠᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠳᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠤᠭᠤᠲᠠ ᠶᠢ ᠨᠡᠶᠢᠲᠡ 200 ᠭᠠᠷᠤᠶ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠨᠣᠮ ᠪᠢᠴᠢᠭ ᠵᠢᠴᠢ ᠮᠠᠲ᠋ᠧᠷᠢᠶᠠᠯ ᠢ 500 ᠭᠠᠷᠤᠶ ᠳᠡᠪᠲᠡᠷ ᠲᠠᠷᠬᠠᠭᠠᠵᠤ᠂ 150 ᠭᠠᠷᠤᠶ ᠬᠦᠮᠦᠨ ᠳᠤ ᠲᠠᠷᠬᠠᠭᠠᠪᠡ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠥᠷᠭᠡᠨ ᠣᠯᠠᠨ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠢ ᠡᠷᠬᠢᠮᠯᠡᠨ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠬᠥᠮᠦᠨ ᠪᠦᠬᠦᠨ ᠪᠣᠯᠪᠠᠰᠤᠨ ᠢ ᠬᠥᠭᠡᠭᠡᠴᠡᠯᠳᠦᠬᠦ ᠶᠢ ᠰᠠᠨᠠᠭᠠᠴᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠠᠶᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠬᠤ ᠪᠠᠷ ᠪᠤᠢ᠃             ᠵᠣᠬᠢᠶᠠᠭᠴᠢ᠄ ᠴᠠᠩᠱᠦ᠋ᠨ ᠪᠠᠯᠭᠠᠰᠤ             ᠣᠷᠴᠢᠭᠤᠯᠤᠭᠴᠢ᠄ ᠭᠡᠷᠡᠯ     ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠴᠠᠩᠱᠦ᠋ᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2