ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠰᠢᠶᠠᠨ ᠭᠠᠵᠠᠷ ᠤᠨ ᠲᠡᠰ ᠤᠨ ᠺᠠᠳ᠋ᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠷᠤᠢ ᠶᠢᠨ ᠰᠤᠷᠭᠠᠭᠤᠯᠢ ᠶᠢ ᠡᠷᠬᠢᠯᠡᠪᠡ
ᠨᠡᠶᠢᠲᠡᠯᠡᠭᠰᠡᠨ ᠴᠠᠭ᠄
2021/5/28
   5 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠰᠢᠶᠠᠨ ᠭᠠᠵᠠᠷ ᠤᠨ ᠳᠡᠰ  ᠤᠨ ᠺᠠᠳ᠋ᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠷᠤᠢ ᠶᠢᠨ  ᠰᠤᠷᠭᠠᠭᠤᠯᠢ ᠶᠢ ᠡᠷᠬᠢᠯᠡᠪᠡ᠃
    ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠠᠷᠪᠠᠳᠤᠭᠠᠷ ᠪᠦᠯᠦᠭ ᠢ ᠲᠥᠪᠯᠡᠷᠡᠭᠦᠯᠦᠨ ᠥᠪᠡᠷ ᠢᠶᠠᠨ ᠰᠤᠷᠤᠯᠴᠠᠭᠰᠠᠨ ᠪᠥᠭᠡᠳ ᠤᠨᠤᠯ ᠤᠨ ᠰᠢᠯᠭᠠᠯᠲᠠ ᠬᠢᠪᠡ᠃     ᠸᠠᠩ ᠪᠢᠩ ᠵᠢᠭᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠰᠤᠷᠤᠯᠴᠠᠬᠤ ᠶᠢ ᠲᠡᠷᠢᠭᠦᠨ ᠳᠤ ᠲᠠᠯᠪᠢᠵᠤ᠂ ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ᠂ ᠦᠷᠭᠦᠯᠵᠢᠯᠡᠨ ᠰᠤᠷᠤᠯᠴᠠᠵᠦ᠂ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠮᠡᠳᠡᠷᠡᠵᠦ᠂ ᠲᠡᠦᠬᠡ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠤᠯᠴᠠᠵᠦ ᠬᠦᠴᠦᠯᠡᠨ ᠬᠡᠷᠡᠭᠵᠢᠭᠦᠯᠬᠦ ᠶᠢ ᠪᠡᠶᠡᠯᠡᠭᠦᠯᠵᠦ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠣᠯᠤᠨ ᠬᠦᠴᠦᠨ ᠴᠢᠳᠠᠯ ᠢ ᠤᠯᠬᠤ ᠬᠡᠷᠡᠭᠲᠡᠢ ᠭᠡᠪᠡ᠃
    ᠸᠠᠩ ᠪᠢᠩ ᠴᠢᠬᠤᠯᠠᠴᠢᠯᠠᠬᠤ ᠳᠠᠭᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠠᠵᠢᠯ ᠲᠠᠢ ᠤᠶᠠᠯᠳᠤᠭᠤᠯᠵᠤ᠂ ᠰᠢᠨ᠎ᠡ ᠰᠡᠳᠬᠢᠴᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠬᠦᠴᠦᠯᠡᠨ ᠰᠠᠶᠢᠲᠤᠷ ᠬᠢᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠤᠷᠤᠯᠴᠠᠯᠭ᠎ᠠ  ᠶᠢᠨ ᠦᠷ᠎ᠡ ᠪᠦᠲᠦᠭᠡᠯ ᠢ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃    ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠬᠡᠷ ᠲᠡᠭᠡᠨ ᠪᠠᠶᠢᠭ᠎ᠠ ᠤᠳᠤᠷᠢᠳᠤᠯᠭ᠎ᠠ᠂ ᠰᠢᠶᠠᠨ ᠤ ᠨᠠᠮ ᠤᠨ ᠬᠤᠷᠢᠶᠠᠨ  ᠤ ᠨᠠᠮ ᠤᠨ ᠲᠡᠦᠬᠡ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃                ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ                ᠣᠷᠴᠢᠭᠤᠯᠤᠭᠴᠢ᠄ ᠭᠡᠷᠡᠯ       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2