ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ  ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/1
   5 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠡᠳ᠋ ᠤᠨ ᠵᠠᠰᠠᠭ ᠤᠨ ᠠᠷᠤ ᠠᠰᠠᠷ ᠤᠨ ᠬᠤᠷᠠᠯ ᠤᠨ ᠭᠡᠷ ᠲᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠵᠠᠢ᠃
   ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠯᠦᠩ ᠹᠸᠢ ᠠᠴᠠ ᠳ᠋ᠦ᠋ ᠵᠢᠶ ᠺᠠᠶ᠂ ᠰᠦᠶ ᠸᠧᠶ ᠵᠢᠶᠦ᠋ᠨ᠂ ᠫᠠᠩ ᠾᠦᠢ ᠶᠢᠨ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠥᠷᠪᠡᠳᠦᠭᠡᠷ ᠰᠢᠪᠠᠳᠠᠨ ᠵᠢᠯᠣᠭᠤᠳᠬᠤ ᠳᠤᠭᠤᠶᠢᠯᠠᠩ ᠤᠨ ᠬᠤᠶᠠᠳᠤᠭᠠᠷ ᠳᠤᠭᠤᠶᠢᠯᠠᠩ ᠤᠨ ᠤᠯᠠᠭᠠᠨᠴᠠᠪ ᠲᠤ ᠭᠦᠨᠵᠡᠭᠡᠶᠢᠷᠡᠭᠰᠡᠨ ᠠᠵᠢᠯ ᠢ ᠬᠠᠷᠢᠭᠤ ᠲᠤᠰᠬᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃
   ᠸᠠᠩ ᠪᠢᠩ ᠳ᠋ᠦᠩᠨᠡᠯᠲᠡ ᠶᠢᠨ ᠶᠠᠷᠢᠶᠠᠨ ᠳᠠᠭᠠᠨ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ ᠦᠨᠳᠤᠷᠴᠡ ᠠᠴᠠ᠂ ᠵᠤᠷᠰᠢᠯ ᠠᠴᠠ ᠳᠠᠪᠠᠭᠰᠠᠨ ᠡᠷᠴᠢᠮ ᠢᠶᠠᠷ᠂ ᠬᠠᠮᠤᠭ ᠤᠨ ᠲᠦᠷᠭᠡᠨ ᠬᠤᠷᠳᠤᠴᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠶᠠᠳᠤᠭᠠᠷ ᠳᠤᠭᠤᠶᠢᠯᠠᠩ ᠤᠨ ᠤᠯᠠᠭᠠᠨᠴᠠᠪ ᠲᠤ ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ  ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠡ᠃
   ᠸᠠᠩ ᠪᠢᠩ ᠱᠠᠭᠠᠷᠳᠠᠬᠤ ᠳᠠᠭᠠᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠤᠮᠳᠠ᠂ ᠪᠢᠳᠡᠨ ᠤ ᠦᠵᠡᠯ ᠰᠠᠨᠠᠭ᠎ᠠ ᠲᠠᠨᠢᠯᠲᠠ ᠪᠠᠨ ᠳᠠᠬᠢᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠳᠠᠬᠢᠨ ᠭᠦᠨᠵᠡᠭᠡᠶᠢᠷᠡᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ ᠳᠠᠬᠢᠨ ᠬᠦᠴᠦᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠠᠴᠠ ᠪᠠᠶᠢᠴᠠᠭᠠᠨ ᠰᠢᠢᠳᠪᠦᠷᠢᠯᠡᠬᠦ ᠳᠤ ᠴᠢᠩᠭ᠎ᠠ ᠠᠷᠭ᠎ᠠ ᠬᠡᠮᠵᠢᠶ᠎ᠡ ᠠᠪᠴᠤ᠂ ᠰᠢᠨ᠎ᠡ ᠠᠷᠭ᠎ᠠ ᠬᠡᠮᠵᠢᠶ᠎ᠡ ᠰᠡᠳᠦᠬᠦ ᠳᠤ ᠰᠢᠨ᠎ᠡ ᠠᠷᠭ᠎ᠠ ᠬᠡᠮᠵᠢᠶ᠎ᠡ ᠠᠪᠴᠤ᠂ ᠠᠷᠠᠳ ᠲᠦᠮᠡᠨ ᠳᠤ ᠦᠢᠯᠡᠴᠢᠯᠡᠬᠦ ᠳᠤ ᠲᠠᠬᠢᠨ ᠪᠣᠳᠠᠲᠠᠢ ᠶᠢ ᠡᠷᠬᠢᠮᠯᠡᠬᠦ ᠬᠡᠷᠡᠭᠲᠡᠢ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠳᠣᠪᠣᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨᠬᠦ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠪᠦᠬᠦ ᠲᠠᠯ᠎ᠠ ᠶᠢᠨ ᠬᠥᠮᠦᠵᠢᠯ ᠴᠡᠭᠴᠡᠯᠡᠯᠲᠡ ᠪᠠᠷ ᠳᠠᠮᠵᠢᠭᠤᠯᠤᠨ᠂ ᠡᠩᠨᠡᠭᠡ ᠪᠠᠨ ᠤᠯᠠᠮ ᠨᠢᠭᠡ ᠠᠯᠬᠤᠮ ᠴᠡᠪᠡᠷᠰᠢᠭᠦᠯᠵᠦ᠂ ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠪᠡ᠃    ᠸᠠᠩ ᠪᠢᠩ ᠴᠢᠬᠤᠯᠠᠴᠢᠯᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠨᠢᠭᠡᠨᠲᠡ ᠪᠡᠷᠬᠡ ᠶᠢ ᠳᠤᠭᠤᠯᠬᠤ ᠬᠤᠭᠤᠴᠠᠭ᠎ᠠ᠂ ᠪᠣᠭᠤᠮᠲᠠ ᠰᠢᠪᠲᠤᠯᠬᠤ ᠬᠤᠭᠤᠴᠠᠭᠠᠨ ᠳᠤ ᠤᠷᠤᠭᠰᠠᠨ ᠪᠣᠯᠬᠤᠷ ᠪᠠᠶᠢᠴᠠᠭᠠᠨ ᠵᠠᠯᠠᠷᠠᠭᠤᠯᠵᠤ ᠴᠡᠭᠴᠡᠯᠡᠨ ᠥᠭᠡᠷᠡᠴᠢᠯᠡᠬᠦ ᠭᠤᠭᠴᠤᠭ᠎ᠠ ᠶᠢᠨ ᠰᠠᠶᠢᠨ ᠮᠠᠭᠤ ᠪᠠᠶᠢᠬᠤ  ᠨᠢ ᠪᠦᠬᠦᠶᠢᠯᠡ ᠬᠥᠮᠦᠵᠢᠯ ᠴᠡᠭᠴᠡᠯᠡᠯᠲᠡ ᠶᠢᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠵᠤ ᠪᠠᠶᠢᠨ᠎ᠠ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ︽ᠲᠣᠭᠲᠠᠭᠰᠠᠨ ᠠᠵᠢᠯᠯᠠᠭ᠎ᠠ︾ ᠶᠢ ᠲᠡᠷᠡ ᠶᠣᠰᠣᠭᠠᠷ ᠨᠢ ᠪᠡᠶᠡᠯᠡᠭᠦᠯᠬᠦ ᠪᠠᠷ ᠪᠠᠷᠠᠬᠤ ᠦᠭᠡᠢ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠰᠢᠯᠢᠳᠡᠭ ᠬᠢᠷᠢ ᠪᠦᠲᠦᠮᠵᠢ ᠪᠠᠷ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠡ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2