ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠶ 2021 ᠣᠨ ᠤ ᠵᠢᠷᠭᠤᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/2
   6 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠢ ᠯᠠᠶ 2021 ᠣᠨ ᠤ ᠵᠢᠷᠭᠤᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠯᠦᠩ ᠹᠸᠢ ᠶᠢ ᠤᠷᠢᠵᠤ ᠣᠷᠣᠯᠴᠠᠭᠤᠯᠪᠠ᠃ ᠰᠢᠶᠠᠨ ᠤ ᠡᠯ᠎ᠡ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
   ᠬᠤᠷᠠᠯ ᠳᠡᠭᠡᠷ᠎ᠡ᠂ ᠢᠦᠢ ᠳ᠋ᠧ ᠺᠣᠮᠫᠠᠨᠢ ᠶᠢᠨ ᠬᠠᠷᠢᠭᠤᠴᠠᠯᠭᠠᠲᠠᠨ ᠠᠴᠠ ᠪᠠᠶᠠᠨᠲᠠᠯ᠎ᠠ ᠶᠢᠨ ᠲᠤ ᠱᠢ ᠭᠤᠸᠠᠩ ᠠᠷᠠᠳ ᠤᠨ ᠰᠠᠭᠤᠴᠠ ᠶᠢᠨ ᠠᠵᠤ ᠦᠶᠯᠡᠰ ᠤᠨ ᠬᠡᠷᠡᠭᠵᠢᠭᠦᠯᠬᠦ ᠲᠥᠰᠦᠯ ᠢ ᠲᠣᠳᠣᠷᠬᠠᠶ ᠲᠠᠨᠢᠯᠴᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠴᠠᠩᠱᠦ᠋ᠨ ᠪᠠᠯᠭᠠᠰᠤᠨ ᠤ ᠬᠤᠲᠠ ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠪᠠᠯᠠ ᠮᠥᠩᠭᠦ ᠶᠢ ᠬᠡᠷᠡᠭᠯᠡᠬᠦ ᠲᠥᠰᠦᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠳ ᠡᠯ᠎ᠡ ᠲᠥᠰᠦᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃
   ᠼᠦᠢ ᠢᠦᠢ ᠯᠠᠶ ᠶᠠᠷᠢᠶᠠᠨ ᠳᠠᠭᠠᠨ ᠵᠢᠭᠠᠬᠤ ᠳᠠᠭᠠᠨ᠂ ᠠᠷᠠᠳ ᠤᠨ ᠰᠠᠭᠤᠴᠠ ᠶᠢᠨ ᠠᠵᠤ ᠦᠶᠯᠡᠰ ᠪᠣᠯ ᠣᠳᠣᠬᠠᠨ ᠤ ᠥᠭᠡᠳᠡᠷᠬᠡᠭ ᠠᠵᠤ ᠦᠶᠯᠡᠰ ᠮᠥᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠮᠠᠨ ᠤ ᠰᠢᠶᠠᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠵᠠ ᠲᠣᠬᠢᠶᠠᠯ ᠢ ᠠᠮᠵᠢᠵᠤ᠂ ᠪᠠᠶᠠᠨᠲᠠᠯ᠎ᠠ ᠶᠢᠨ ᠰᠤᠯᠠ ᠪᠠᠶᠢᠭ᠎ᠠ ᠠᠷᠠᠳ ᠤᠨ ᠭᠡᠷ ᠪᠠᠶᠢᠰᠢᠩ᠂ ᠤᠨᠴᠠᠯᠢᠬᠳᠤ ᠠᠵᠤ ᠦᠢᠯᠡᠰ ᠪᠣᠯᠤᠨ ᠰᠠᠶᠢᠨ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠵᠦ᠂ ᠠᠷᠠᠳ ᠤᠨ ᠰᠠᠭᠤᠴᠠ  ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠮᠠᠨ ᠤ ᠰᠢᠶᠠᠨ ᠤ ᠵᠤᠭᠠᠴᠠᠯ ᠤᠨ ᠦᠢᠯᠡᠰ ᠤᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ ᠭᠡᠪᠡ᠃
   ᠼᠦᠢ ᠢᠦᠢ ᠯᠠᠶ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠠᠷᠠᠳ ᠤᠨ ᠣᠷᠣᠨ ᠰᠠᠭᠤᠴᠠ ᠶᠢᠨ ᠠᠵᠤ ᠦᠶᠯᠡᠰ ᠢ ᠬᠥᠭᠵᠢᠭᠦᠯᠬᠦ ᠶᠠᠪᠤᠴᠠ ᠳᠤ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠢᠯ ᠲᠥᠷᠥᠯ ᠤᠨ ᠨᠡᠶᠢᠲᠡᠯᠢᠭ ᠵᠢᠱᠢᠶ᠎ᠡ ᠪᠠ ᠵᠢᠱᠢᠶ᠎ᠡ ᠦᠵᠡᠭᠦᠯᠬᠦ ᠴᠡᠭ ᠢ ᠪᠣᠶᠢᠵᠢᠭᠤᠯᠵᠤ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠬᠥᠭᠵᠢᠯᠲᠡ ᠶᠢ ᠳᠠᠶᠢᠴᠢᠯᠠᠵᠤ᠂ ᠪᠥᠬᠦ ᠰᠢᠶᠠᠨ ᠤ ᠠᠷᠠᠳ ᠤᠨ ᠣᠷᠣᠨ ᠰᠠᠭᠤᠴᠠ ᠶᠢᠨ ᠠᠵᠤ ᠦᠶᠯᠡᠰ ᠤᠨ ᠠᠯᠬᠤᠮ ᠠᠯᠬᠤᠮ ᠢᠶᠠᠷ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃
   ᠳᠤᠯᠠᠭᠠᠯᠭ᠎ᠠ ᠬᠠᠩᠭᠠᠬᠤ ᠵᠡᠷᠭᠡ ᠳᠠᠮᠵᠢᠭᠤᠯᠬᠤ ᠬᠤᠭᠤᠯᠠᠶ ᠶᠢᠨ ᠪᠡᠯᠡ ᠮᠥᠩᠭᠦ ᠶᠢ ᠬᠡᠷᠡᠭᠯᠡᠬᠦ ᠲᠥᠰᠦᠯ ᠤᠨ ᠲᠤᠬᠠᠶ ᠼᠦᠢ ᠢᠦᠢ ᠯᠠᠶ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠭᠡᠯᠡᠯᠭᠡ ᠶᠢᠨ ᠲᠡᠮᠳᠡᠭᠲᠦ ᠶᠢᠨ ᠵᠦᠢᠯᠡᠰ ᠤᠨ ᠱᠠᠭᠠᠷᠳᠠᠯᠭ᠎ᠠ ᠶᠣᠰᠣᠭᠠᠷ ᠠᠰᠢᠭ ᠣᠷᠣᠯᠭ᠎ᠠ ᠶᠢᠨ ᠲᠡᠩᠴᠡᠭᠦᠷᠢᠰᠢᠯ ᠤᠨ ᠳᠠᠩᠰᠠ ᠶᠢ ᠰᠠᠶᠢᠲᠤᠷ ᠪᠣᠳᠣᠬᠤ ᠬᠡᠷᠡᠭᠲᠡᠶ᠃ ᠪᠠᠷᠢᠯᠭ᠎ᠠ ᠶᠢᠨ ᠵᠦᠢᠯᠡᠰ ᠤᠨ ᠶᠠᠰᠤ ᠴᠢᠨᠠᠷ ᠤᠨ ᠪᠣᠭᠤᠮᠲᠠ ᠶᠢ ᠰᠠᠬᠢᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠪᠠᠷᠢᠯᠭ᠎ᠠ ᠶᠢ ᠰᠢᠯᠭᠠᠨ ᠠᠪᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠂ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠰᠠᠶᠢᠲᠤᠷ ᠬᠠᠮᠢᠶᠠᠷᠬᠤ ᠬᠡᠷᠡᠭᠲᠡᠢ᠃             ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ             ᠣᠷᠴᠢᠭᠤᠯᠤᠭᠴᠢ᠄ ᠭᠡᠷᠡᠯ    ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2