ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠶ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ ᠪᠣᠯᠤᠨ ᠨᠥᠭᠴᠢᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/6/30
    ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠪᠣᠯᠬᠤ ᠲᠠᠰᠢᠷᠠᠮ ᠳᠤ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠠᠬᠠᠮᠠᠳ ᠨᠠᠮ ᠤᠨ ᠭᠡᠰᠢᠭᠦᠨ ᠪᠣᠯᠤᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠭ᠎ᠠ ᠶᠢᠨ ᠮᠥᠩᠭᠦ ᠪᠣᠯᠤᠨ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠢ᠃     ︽ᠪᠡᠶ᠎ᠡ ᠲᠠᠩᠬᠡᠯᠡᠬᠦᠨ ᠪᠠᠶᠢᠨ᠎ᠠ ᠰᠢᠦ︕︾ ︽ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠰᠢᠢᠳᠪᠤᠷᠢᠯᠡᠬᠦ ᠴᠢᠬᠤᠯᠠ ᠲᠠᠢ ᠠᠰᠠᠭᠤᠳᠠᠯ ᠪᠠᠶᠢᠬᠤ ᠪᠤᠢ︖︾ ᠠᠬᠠᠮᠠᠳ ᠨᠠᠮ ᠤᠨ ᠭᠡᠰᠢᠭᠦᠨ ᠸᠧᠢ ᠶᠢᠤ ᠯᠢᠶᠠᠩ ᠪᠣᠯᠤᠨ ᠨᠥᠭᠴᠢᠭᠰᠡᠨ ᠪᠠᠭᠠᠲᠤᠷᠴᠤᠳ ᠤᠨ ᠬᠡᠷ ᠪᠦᠯᠢ ᠴᠠᠢ ᠰᠢ ᠴᠢᠤᠸᠠᠨ ᠤᠨ ᠬᠡᠷ ᠪᠦᠯᠢ ᠶᠢᠨ ᠬᠢᠨ ᠳᠤ᠂ ᠴᠠᠩ ᠳ᠋ᠠ ᠸᠧᠢ ᠲᠡᠳᠡᠨ ᠤ ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠠᠬᠠᠮᠠᠳ ᠨᠠᠮ ᠤᠨ ᠭᠡᠰᠢᠭᠦᠨ ᠤ ᠤᠯᠠᠨ ᠵᠢᠯ ᠤᠨ ᠲᠤᠷᠰᠢ ᠨᠠᠮ ᠪᠣᠯᠤᠨ ᠠᠷᠠᠳ ᠲᠦᠮᠡᠨ ᠳᠤ ᠦᠵᠡᠭᠦᠯᠦᠭᠰᠡᠨ ᠠᠮᠵᠢᠯᠲᠠ ᠪᠦᠲᠦᠮᠵᠢ ᠵᠢᠴᠢ ᠨᠥᠭᠴᠢᠭᠰᠡᠨ ᠪᠠᠭᠠᠲᠤᠷᠴᠤᠳ ᠤᠨ ᠤᠯᠤᠰ ᠭᠡᠷ ᠢᠶᠠᠨ ᠬᠠᠮᠠᠭᠠᠯᠠᠵᠤ ᠤᠯᠤᠰ ᠢᠶᠠᠨ ᠬᠠᠮᠠᠭᠠᠯᠠᠬᠤ ᠳᠤ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠳᠤ ᠲᠠᠯᠠᠷᠬᠠᠵᠤ᠂ ᠲᠡᠳᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠳᠡᠨ ᠢ ᠪᠡᠶ᠎ᠡ ᠪᠠᠨ ᠰᠠᠶᠢᠲᠤᠷ ᠭᠠᠮᠨᠠᠭᠠᠷᠠᠢ ᠭᠡᠵᠦ ᠵᠠᠬᠢᠪᠠ᠃     ᠠᠬᠠᠮᠠᠳ ᠺᠠᠳ᠋ᠷ ᠯᠢ ᠶᠦᠩ ᠰᠢᠶᠠᠩ ᠤᠨ ᠭᠡᠷ ᠲᠤ᠂ ᠴᠠᠩ ᠳ᠋ᠠ ᠸᠧᠢ ᠠᠬᠠᠮᠠᠳ ᠺᠠᠳ᠋ᠷᠴᠤᠳ ᠲᠠᠢ ᠬᠠᠮᠲᠤ ᠪᠠᠷ ᠬᠤᠸᠠᠳᠧ ᠶᠢᠨ ᠬᠥᠭᠵᠢᠯᠲᠡ ᠶᠢᠨ ᠶᠡᠭᠡ ᠪᠤᠳᠤᠯᠭ᠎ᠠ ᠶᠢ ᠵᠥᠪᠳᠡᠯᠴᠡᠵᠦ᠂ ᠠᠬᠠᠮᠠᠳ ᠺᠠᠳ᠋ᠷᠴᠤᠳ ᠤᠨ ᠬᠤᠸᠠᠳᠧ ᠰᠢᠶᠠᠨ ᠤ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠴᠠᠢ᠃ ᠰᠣᠯᠢᠯᠴᠠᠭᠠᠨ ᠤ ᠳᠤᠮᠳᠠ᠂ ᠴᠠᠩ ᠳ᠋ᠠ ᠸᠧᠢ ᠠᠬᠠᠮᠠᠳ ᠨᠥᠬᠦᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠮᠡᠨᠳᠦᠴᠢᠯᠡᠯ ᠢ ᠳᠠᠮᠵᠢᠭᠤᠯᠵᠤ᠂ ᠳᠡᠳᠡᠨ ᠤ ᠬᠤᠸᠠᠳᠧ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠬᠠᠮᠠᠳ ᠨᠠᠮ ᠤᠨ ᠭᠡᠰᠢᠭᠦᠨ ᠳᠤ ︽ᠢᠷᠠᠭᠤ ᠠᠯᠳᠠᠷᠲᠠᠢ ᠪᠠᠷ ᠨᠠᠮ ᠳᠠᠭᠠᠨ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠢ ᠭᠠᠷᠳᠠᠭᠤᠯᠬᠤ ᠶᠢᠨ ᠬᠠᠮᠲᠤ ᠥᠪᠡᠷ ᠤᠨ ᠪᠡᠶ᠎ᠡ ᠪᠠᠷ ᠢᠶᠠᠨ ᠳᠡᠳᠡᠨ ᠢ ᠡᠩᠭᠡᠷ ᠳᠡᠭᠡᠷ᠎ᠡ ᠪᠠᠨ ᠵᠡᠭᠦᠯᠭᠡᠪᠡ᠃     ᠲᠣᠬᠤᠨᠢᠭᠤᠯᠬᠤ ᠶᠠᠪᠤᠴᠠ ᠳᠤ᠂ ᠴᠠᠩ ᠳ᠋ᠠ ᠸᠧᠢ ᠢᠯᠡᠳᠬᠡᠬᠦ ᠳᠡᠭᠡᠨ᠂ ᠡᠯ᠎ᠡ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠨᠢᠭᠡ ᠨᠠᠰᠤ ᠪᠠᠷ ᠢᠶᠠᠨ ᠵᠢᠳᠬᠦᠭᠰᠡᠨ ᠨᠢ ᠶᠣᠰᠣ ᠰᠤᠷᠲᠠᠬᠤᠨ ᠤ ᠢᠷᠠᠭᠤ ᠠᠯᠳᠠᠷ᠂ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠭᠡ᠂ ᠪᠢᠳᠡᠨ ᠤ ᠰᠤᠷᠤᠯᠴᠠᠬᠤ ᠳᠠᠭᠤᠷᠢᠶᠠᠯ ᠪᠣᠯᠤᠨ᠎ᠠ᠃ ᠠᠬᠠᠮᠠᠳ ᠺᠠᠳ᠋ᠷᠴᠤᠳ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠠᠬᠠᠮᠠᠳ ᠺᠠᠳ᠋ᠷᠴᠤᠳ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠪᠣᠳᠠᠲᠠᠶ ᠬᠦᠴᠢᠷᠳᠡᠯ ᠢ ᠦᠨᠡᠨ ᠬᠦ ᠰᠢᠢᠳᠪᠤᠷᠢᠯᠡᠵᠦ᠂ ᠠᠬᠠᠮᠠᠳ ᠺᠠᠳ᠋ᠷᠴᠤᠳ ᠲᠤ ᠰᠠᠶᠢᠲᠤᠷ ᠦᠢᠯᠡᠴᠢᠯᠡᠬᠦ ᠬᠡᠷᠡᠭᠲᠡᠶ ᠭᠡᠪᠡ᠃     ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠳ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠲᠣᠬᠤᠨᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠣᠷᠣᠨ᠂ ᠨᠡᠶᠢᠭᠡᠮ ᠪᠠ ᠠᠷᠠᠳ ᠲᠦᠮᠡᠨ ᠤ ᠲᠥᠯᠥᠭᠡ ᠨᠠᠰᠤᠨ ᠤ ᠲᠠᠷ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠢᠯᠡᠳᠬᠡᠪᠡ᠃         ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ         ᠣᠷᠴᠢᠭᠤᠯᠤᠭᠴᠢ᠄ ᠣᠳᠣᠨᠭᠡᠷᠡᠯ         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2