ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠪᠣᠯᠬᠤ ᠲᠠᠰᠢᠷᠠᠮ ᠳᠤ ᠰᠢᠶᠠᠨ ᠤ ᠨᠠᠮ ᠤᠨ | ᠬᠤᠷᠢᠶᠠᠨ ᠤ ᠱᠦᠵᠢ ᠴᠠᠩ ᠳ᠋ᠠ ᠸᠧᠢ ᠠᠬᠠᠮᠠᠳ ᠨᠠᠮ ᠤᠨ ᠭᠡᠰᠢᠭᠦᠨ ᠪᠣᠯᠤᠨ ᠦᠷᠡᠭᠳᠡᠭᠰᠡᠨ ᠪᠠᠭᠠᠲᠤᠷᠴᠤᠳ ᠤᠨ ᠭᠡᠷ | ᠪᠦᠯᠢ ᠶᠢᠨ ᠬᠢᠨ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠭ᠎ᠠ ᠶᠢᠨ ᠮᠥᠩᠭᠦ ᠪᠣᠯᠤᠨ ᠪᠠᠶᠠᠷ ᠤᠨ ᠡᠳᠦᠷ ᠤᠨ | ᠮᠡᠨᠳᠦᠴᠢᠯᠡᠯ ᠬᠦᠷᠭᠡᠵᠡᠢ᠃ | ︽ᠪᠡᠶ᠎ᠡ ᠲᠠᠩᠬᠡᠯᠡᠬᠦᠨ ᠪᠠᠶᠢᠨ᠎ᠠ ᠰᠢᠦ︕︾ ︽ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠰᠢᠢᠳᠪᠤᠷᠢᠯᠡᠬᠦ | ᠴᠢᠬᠤᠯᠠ ᠲᠠᠢ ᠠᠰᠠᠭᠤᠳᠠᠯ ᠪᠠᠶᠢᠬᠤ ᠪᠤᠢ︖︾ ᠠᠬᠠᠮᠠᠳ ᠨᠠᠮ ᠤᠨ ᠭᠡᠰᠢᠭᠦᠨ ᠸᠧᠢ ᠶᠢᠤ ᠯᠢᠶᠠᠩ ᠪᠣᠯᠤᠨ ᠨᠥᠭᠴᠢᠭᠰᠡᠨ | ᠪᠠᠭᠠᠲᠤᠷᠴᠤᠳ ᠤᠨ ᠬᠡᠷ ᠪᠦᠯᠢ ᠴᠠᠢ ᠰᠢ ᠴᠢᠤᠸᠠᠨ ᠤᠨ ᠬᠡᠷ ᠪᠦᠯᠢ ᠶᠢᠨ ᠬᠢᠨ ᠳᠤ᠂ ᠴᠠᠩ ᠳ᠋ᠠ ᠸᠧᠢ ᠲᠡᠳᠡᠨ ᠤ | ᠠᠮᠢᠳᠤᠷᠠᠯ ᠤᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠠᠬᠠᠮᠠᠳ ᠨᠠᠮ ᠤᠨ ᠭᠡᠰᠢᠭᠦᠨ ᠤ | ᠤᠯᠠᠨ ᠵᠢᠯ ᠤᠨ ᠲᠤᠷᠰᠢ ᠨᠠᠮ ᠪᠣᠯᠤᠨ ᠠᠷᠠᠳ ᠲᠦᠮᠡᠨ ᠳᠤ ᠦᠵᠡᠭᠦᠯᠦᠭᠰᠡᠨ ᠠᠮᠵᠢᠯᠲᠠ ᠪᠦᠲᠦᠮᠵᠢ ᠵᠢᠴᠢ ᠨᠥᠭᠴᠢᠭᠰᠡᠨ | ᠪᠠᠭᠠᠲᠤᠷᠴᠤᠳ ᠤᠨ ᠤᠯᠤᠰ ᠭᠡᠷ ᠢᠶᠠᠨ ᠬᠠᠮᠠᠭᠠᠯᠠᠵᠤ ᠤᠯᠤᠰ ᠢᠶᠠᠨ ᠬᠠᠮᠠᠭᠠᠯᠠᠬᠤ ᠳᠤ ᠦᠵᠡᠭᠦᠯᠦᠭᠰᠡᠨ ᠲᠤᠪᠤᠶᠢᠮ᠎ᠠ ᠬᠤᠪᠢ | ᠨᠡᠮᠡᠷᠢ ᠳᠤ ᠲᠠᠯᠠᠷᠬᠠᠵᠤ᠂ ᠲᠡᠳᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠲᠡᠳᠡᠨ ᠢ ᠪᠡᠶ᠎ᠡ ᠪᠠᠨ ᠰᠠᠶᠢᠲᠤᠷ ᠭᠠᠮᠨᠠᠭᠠᠷᠠᠢ ᠭᠡᠵᠦ ᠵᠠᠬᠢᠪᠠ᠃ | ᠠᠬᠠᠮᠠᠳ ᠺᠠᠳ᠋ᠷ ᠯᠢ ᠶᠦᠩ ᠰᠢᠶᠠᠩ ᠤᠨ ᠭᠡᠷ ᠲᠤ᠂ ᠴᠠᠩ ᠳ᠋ᠠ ᠸᠧᠢ ᠠᠬᠠᠮᠠᠳ ᠺᠠᠳ᠋ᠷᠴᠤᠳ ᠲᠠᠢ ᠬᠠᠮᠲᠤ ᠪᠠᠷ | ᠬᠤᠸᠠᠳᠧ ᠶᠢᠨ ᠬᠥᠭᠵᠢᠯᠲᠡ ᠶᠢᠨ ᠶᠡᠭᠡ ᠪᠤᠳᠤᠯᠭ᠎ᠠ ᠶᠢ ᠵᠥᠪᠳᠡᠯᠴᠡᠵᠦ᠂ ᠠᠬᠠᠮᠠᠳ ᠺᠠᠳ᠋ᠷᠴᠤᠳ ᠤᠨ ᠬᠤᠸᠠᠳᠧ ᠰᠢᠶᠠᠨ ᠤ | ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠴᠠᠢ᠃ ᠰᠣᠯᠢᠯᠴᠠᠭᠠᠨ ᠤ ᠳᠤᠮᠳᠠ᠂ | ᠴᠠᠩ ᠳ᠋ᠠ ᠸᠧᠢ ᠠᠬᠠᠮᠠᠳ ᠨᠥᠬᠦᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠮᠡᠨᠳᠦᠴᠢᠯᠡᠯ ᠢ | ᠳᠠᠮᠵᠢᠭᠤᠯᠵᠤ᠂ ᠳᠡᠳᠡᠨ ᠤ ᠬᠤᠸᠠᠳᠧ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ | ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠬᠠᠮᠠᠳ ᠨᠠᠮ ᠤᠨ ᠭᠡᠰᠢᠭᠦᠨ ᠳᠤ ︽ᠢᠷᠠᠭᠤ ᠠᠯᠳᠠᠷᠲᠠᠢ ᠪᠠᠷ | ᠨᠠᠮ ᠳᠠᠭᠠᠨ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠢ ᠭᠠᠷᠳᠠᠭᠤᠯᠬᠤ ᠶᠢᠨ ᠬᠠᠮᠲᠤ ᠥᠪᠡᠷ ᠤᠨ ᠪᠡᠶ᠎ᠡ ᠪᠠᠷ ᠢᠶᠠᠨ | ᠳᠡᠳᠡᠨ ᠢ ᠡᠩᠭᠡᠷ ᠳᠡᠭᠡᠷ᠎ᠡ ᠪᠠᠨ ᠵᠡᠭᠦᠯᠭᠡᠪᠡ᠃ | ᠲᠣᠬᠤᠨᠢᠭᠤᠯᠬᠤ ᠶᠠᠪᠤᠴᠠ ᠳᠤ᠂ ᠴᠠᠩ ᠳ᠋ᠠ ᠸᠧᠢ ᠢᠯᠡᠳᠬᠡᠬᠦ ᠳᠡᠭᠡᠨ᠂ ᠡᠯ᠎ᠡ ᠠᠬᠠᠮᠠᠳ ᠺᠠᠳ᠋ᠷ᠂ ᠠᠬᠠᠮᠠᠳ ᠨᠠᠮ ᠤᠨ | ᠭᠡᠰᠢᠭᠦᠨ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠨᠢᠭᠡ ᠨᠠᠰᠤ ᠪᠠᠷ ᠢᠶᠠᠨ ᠵᠢᠳᠬᠦᠭᠰᠡᠨ ᠨᠢ ᠶᠣᠰᠣ | ᠰᠤᠷᠲᠠᠬᠤᠨ ᠤ ᠢᠷᠠᠭᠤ ᠠᠯᠳᠠᠷ᠂ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠭᠡ᠂ ᠪᠢᠳᠡᠨ ᠤ ᠰᠤᠷᠤᠯᠴᠠᠬᠤ | ᠳᠠᠭᠤᠷᠢᠶᠠᠯ ᠪᠣᠯᠤᠨ᠎ᠠ᠃ ᠠᠬᠠᠮᠠᠳ ᠺᠠᠳ᠋ᠷᠴᠤᠳ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠠᠬᠠᠮᠠᠳ ᠺᠠᠳ᠋ᠷᠴᠤᠳ ᠤᠨ | ᠠᠵᠢᠯ ᠢ ᠦᠨᠡᠨ ᠬᠦ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠪᠣᠳᠠᠲᠠᠶ ᠬᠦᠴᠢᠷᠳᠡᠯ ᠢ ᠦᠨᠡᠨ ᠬᠦ ᠰᠢᠢᠳᠪᠤᠷᠢᠯᠡᠵᠦ᠂ | ᠠᠬᠠᠮᠠᠳ ᠺᠠᠳ᠋ᠷᠴᠤᠳ ᠲᠤ ᠰᠠᠶᠢᠲᠤᠷ ᠦᠢᠯᠡᠴᠢᠯᠡᠬᠦ ᠬᠡᠷᠡᠭᠲᠡᠶ ᠭᠡᠪᠡ᠃ | ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠳ᠂ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ | ᠲᠣᠬᠤᠨᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠣᠷᠣᠨ᠂ ᠨᠡᠶᠢᠭᠡᠮ ᠪᠠ | ᠠᠷᠠᠳ ᠲᠦᠮᠡᠨ ᠤ ᠲᠥᠯᠥᠭᠡ ᠨᠠᠰᠤᠨ ᠤ ᠲᠠᠷ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠢᠯᠡᠳᠬᠡᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |