ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ᠂ ᠬᠤᠳᠠ ᠶᠢᠨ ᠬᠠᠮᠢᠶᠠᠷᠤᠯᠲᠠ ᠶᠢᠨ ᠰᠡᠵᠢᠭ ᠢ ᠲᠠᠶᠢᠯᠬᠤ
ᠨᠡᠶᠢᠲᠡᠯᠡᠭᠰᠡᠨ ᠴᠠᠭ᠄
2021/6/9
  — ᠬᠤᠸᠠᠳᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠯᠢᠦ ᠪᠢᠨ    ᠨᠡᠶᠢᠲᠡᠯᠡᠭᠰᠡᠨ ᠴᠠᠭ᠄ 2021 — 06 — 09 10᠄ 52     ᠰᠤᠷᠪᠤᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠤᠤ︖ ᠥᠨᠥᠳᠦᠷ ᠪᠢᠳᠡ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠯᠢᠦ ᠪᠢᠨ ᠨᠥᠬᠦᠷ ᠢ ᠤᠷᠢᠭᠰᠠᠨ ᠳᠠᠭᠠᠨ ᠮᠠᠰᠢ ᠠᠵᠠᠲᠠᠶ ᠪᠠᠶᠢᠨ᠎ᠠ᠃ ᠯᠢᠦ ᠲᠣᠪᠴᠢᠶᠠᠨ ᠳᠠᠷᠤᠭ᠎ᠠ ᠠ᠂ ᠲᠠ ᠮᠠᠨ ᠤ ᠨᠡᠪᠲᠡᠷᠡᠭᠦᠯᠭᠡ ᠳᠤ ᠮᠣᠷᠢᠯᠠᠨ ᠰᠠᠭᠠᠲᠠᠭᠰᠠᠨ ᠳᠤ ᠪᠠᠶᠠᠷᠯᠠᠨ ᠤᠭᠲᠤᠵᠤ ᠪᠠᠶᠢᠨ᠎ᠠ᠂ ᠤᠷᠢᠳᠠᠪᠠᠷ ᠮᠠᠨ ᠤ ᠰᠦᠯᠵᠢᠶᠡᠨ ᠤ ᠠᠨᠳᠠ ᠨᠠᠷ ᠲᠠᠢ ᠮᠡᠨᠳᠦᠴᠢᠯᠡᠶ᠎ᠡ᠃      ᠯᠢᠦ ᠪᠢᠨ᠄ ᠬᠥᠲᠥᠯᠥᠭᠴᠢ ᠰᠠᠶᠢᠨ ᠤᠤ᠂ ᠲᠠ ᠪᠦᠬᠦᠨ ᠰᠠᠶᠢᠨ ᠤᠤ︕ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠭᠡᠬᠦ ᠪᠤᠯᠤᠩ ᠢᠶᠠᠷ ᠤᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠲᠤᠩ ᠪᠠᠶᠠᠷ ᠲᠠᠢ ᠪᠠᠶᠢᠨ᠎ᠠ᠃ ᠡ᠊ᠨᠳᠡ ᠪᠢ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠲᠥᠯᠥᠭᠡᠯᠡᠨ ᠤᠯᠠᠨ ᠵᠢᠯ ᠤᠨ ᠲᠤᠷᠰᠢ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠭᠤᠯᠤᠯᠲᠠ ᠪᠣᠯᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠰᠤᠷᠪᠤᠯᠵᠢᠯᠠᠭᠴᠢ᠄ ᠯᠢᠦ ᠲᠣᠪᠴᠢᠶᠠᠨ ᠳᠠᠷᠤᠭ᠎ᠠ ᠠ᠂ ᠣᠶᠢᠷ᠎ᠠ ᠳᠤ ᠵᠠᠷᠢᠮ ᠰᠠᠭᠤᠭᠠᠯᠢ ᠠᠷᠠᠳ ᠤᠯᠠᠭᠠᠨᠴᠠᠪ ᠬᠤᠲᠠ ᠶᠢᠨ ︽ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ︾ ᠲᠤ ︽ᠬᠤᠸᠠᠳᠧ ᠶᠢᠨ ᠬᠤᠲᠠ ᠶᠢᠨ ᠬᠠᠮᠢᠶᠠᠷᠤᠯᠲᠠ ᠪᠣᠯ ᠦᠨᠡᠬᠡᠷ ᠰᠦᠷᠡᠬᠡᠢ︾ ᠭᠡᠬᠦ ᠠᠰᠠᠭᠤᠳᠠᠯ ᠢ ᠢᠯᠡᠴᠢᠯᠡᠨ ᠮᠡᠳᠡᠭᠦᠯᠦᠭᠰᠡᠨ ᠪᠠᠶᠢᠨ᠎ᠠ᠂ ᠡᠭᠦᠨ ᠤ ᠬᠠᠮᠢᠶ᠎ᠠ ᠲᠠᠢ ᠲᠠᠨ ᠳᠤ ᠬᠡᠯᠡᠬᠦ ᠭᠡᠰᠡᠨ ᠵᠦᠢᠯ ᠪᠠᠶᠢᠨ᠎ᠠ ᠤᠤ᠂ ᠲᠠ ᠬᠡᠷᠬᠢᠨ ᠲᠠᠶᠢᠯᠪᠤᠷᠢᠯᠠᠬᠤ ᠪᠣᠶ︖      ᠯᠢᠦ ᠪᠢᠨ᠄ ᠲᠤᠰ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠦᠨᠡᠨ ᠪᠣᠳᠠᠲᠠᠢ ᠪᠢᠰᠢ᠂ ᠳᠣᠣᠷ᠎ᠠ ᠪᠢ ᠡᠨᠡ ᠬᠡᠷᠡᠭ ᠤᠨ ᠪᠣᠳᠠᠲᠠᠢ ᠪᠠᠶᠢᠳᠠᠯ ᠢ ᠲᠣᠳᠣᠷᠬᠠᠶᠢᠯᠠᠶ᠎ᠠ᠄     1. ᠪᠢ ᠡᠩ ᠲᠡᠷᠢᠭᠦᠨ ᠳᠤ ᠲᠤᠰ ᠰᠠᠭᠤᠭᠠᠯᠢ ᠠᠷᠠᠳ ᠤᠨ ᠲᠣᠪᠴᠢᠶᠠᠨ ᠳᠤ ᠢᠷᠡᠬᠦ ᠦᠶ᠎ᠡ ᠶᠢᠨ 2 ᠤᠳᠠᠭ᠎ᠠ ᠶᠢᠨ ᠪᠠᠶᠢᠳᠠᠯ ᠢ ᠶᠠᠷᠢᠶ᠎ᠠ᠄ 5 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠪᠢ ᠨᠠᠮ ᠵᠠᠰᠠᠭ ᠤᠨ ᠲᠣᠮᠣ ᠠᠰᠠᠷ ᠲᠤ ᠬᠦᠷᠴᠦ ᠼᠦᠢ ᠢᠦᠶ ᠯᠠᠶ ᠰᠢᠶᠠᠨ ᠤ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠳᠤ ᠪᠠᠷ᠎ᠠ ᠪᠣᠯᠵᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠤᠬᠠᠶ  ᠂ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠪᠡ  ︔᡽ 5 ᠰᠠᠷ᠎ᠠ ᠶᠢᠨ 18 ᠤ ᠡᠳᠦᠷ ᠤᠨ 8 ᠴᠠᠭ 40 ᠮᠢᠨᠦ᠋ᠲ ᠲᠤ᠂ ᠪᠢ ᠨᠠᠮ ᠵᠠᠰᠠᠭ ᠤᠨ ᠲᠤᠮᠤ ᠠᠰᠠᠷ ᠲᠤ ᠬᠦᠷᠴᠦ ᠡᠦ ᠴᠢᠯᠠᠭᠤ ᠰᠢᠶᠠᠨ ᠤ ᠳᠡᠳ᠋ ᠳᠠᠷᠤᠭ᠎ᠠ ᠶᠢ ᠡᠷᠢᠵᠦ ᠤᠶᠤᠨᠲᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠣᠷᠵᠢᠯᠲᠠ ᠶᠢᠨ ᠲᠠᠪᠴᠠᠩ ᠤᠨ 12359 ᠬᠠᠯᠠᠮᠰᠢᠯ ᠤᠲᠠᠰᠤ ᠤᠭᠰᠠᠷᠠᠭᠰᠠᠨ ᠪᠠᠶᠢᠳᠠᠯ ᠢ ᠬᠠᠷᠢᠭᠤ ᠮᠡᠳᠡᠭᠦᠯᠪᠡ᠃     2.ᠲᠤᠰ ᠰᠠᠭᠤᠭᠠᠯᠢ ᠠᠷᠠᠳ ᠤᠨ ᠲᠣᠪᠴᠢᠶᠠᠨ ᠳᠤ ᠢᠷᠡᠬᠦ ᠦᠶ᠎ᠡ ᠶᠢᠨ ᠪᠠᠶᠢᠳᠠᠯ ᠤᠨ ᠲᠤᠬᠠᠶ᠂ ᠪᠢ ᠲᠤᠬᠠᠶ ᠶᠢᠨ ᠦᠶ᠎ᠡ ᠳᠤ ᠲᠤᠬᠠᠶ ᠶᠢᠨ ᠲᠠᠯᠠᠪᠤᠷ ᠲᠤ ᠪᠠᠶᠢᠭᠰᠠᠨ ᠬᠥᠮᠦᠰ ᠢ ᠪᠠᠶᠢᠴᠠᠭᠠᠵᠤ ᠣᠶᠢᠯᠠᠭᠠᠪᠠ᠂ ᠪᠠᠶᠢᠳᠠᠯ ᠡᠶᠢᠮᠦ ᠪᠠᠶᠢᠨ᠎ᠠ᠄ ᠲᠤᠰ ᠰᠠᠭᠤᠭᠠᠯᠢ ᠠᠷᠠᠳ 2021 ᠣᠨ ᠤ 5 ᠰᠠᠷ᠎ᠠ ᠶᠢᠨ 17 ᠤ ᠡᠳᠦᠷ ᠤᠨ 16 ᠴᠠᠭ ᠤᠨ ᠦᠶ᠎ᠡ ᠪᠠᠷ ᠮᠠᠨ ᠤ ᠲᠣᠪᠴᠢᠶᠠᠨ ᠳᠤ ᠢᠷᠡᠬᠦ ᠳᠡᠭᠡᠨ ᠵᠥᠪᠬᠡᠨ ᠯᠢᠦ ᠪᠢᠨ ᠢ ᠪᠠᠶᠢᠬᠤ ᠡᠰᠡᠬᠦ ᠶᠢ ᠠᠰᠠᠭᠤᠭᠰᠠᠨ᠂ ᠢᠷᠡᠭᠰᠡᠨ ᠰᠢᠯᠲᠠᠭᠠᠨ ᠢᠶᠠᠨ ᠲᠣᠳᠣᠷᠬᠠᠶᠢᠯᠠᠭᠰᠠᠨ ᠦᠭᠡᠢ᠂ ᠳᠡᠳ᠋ ᠲᠣᠪᠴᠢᠶᠠᠨ ᠳᠠᠷᠤᠭ᠎ᠠ ᠫᠠᠨ ᠵᠧᠨ ᠭᠠᠩ ᠨᠥᠬᠦᠷ ᠠᠴᠠ ᠯᠢᠦ ᠲᠣᠪᠴᠢᠶᠠᠨ ᠳᠠᠷᠤᠭ᠎ᠠ ᠨᠠᠮ ᠵᠠᠰᠠᠭ ᠤᠨ ᠲᠤᠮᠤ ᠠᠰᠠᠷ ᠲᠤ ᠣᠴᠢᠭᠰᠠᠨ ︵ᠲᠤᠬᠠᠶ ᠶᠢᠨ ᠲᠠᠯᠠᠪᠤᠷ ᠲᠤ ᠪᠠᠶᠢᠭᠰᠠᠨ ᠬᠥᠮᠦᠰ᠄ ᠵᠤᠤ ᠽᠢ ᠯᠦᠩ᠂ ᠯᠢ ᠶᠠᠨ ᠴᠢᠩ᠂ ᠡᠦ ᠬᠦᠢ ᠵᠢᠶᠦ᠋ᠨ︶ ᠭᠡᠬᠦ ᠳᠤ ᠲᠤᠰ ᠰᠠᠭᠤᠭᠠᠯᠢ ᠠᠷᠠᠳ ᠶᠠᠪᠤᠵᠠᠶ᠃ 5 ᠰᠠᠷ᠎ᠠ ᠶᠢᠨ 18 ᠤ ᠡᠳᠦᠷ ᠤᠨ 8 ᠴᠠᠭ 50 ᠮᠢᠨᠦ᠋ᠲ ᠤᠨ ᠦᠶ᠎ᠡ ᠪᠠᠷ ᠮᠠᠨ ᠤ ᠲᠣᠪᠴᠢᠶ᠎ᠠ ᠳᠤ ᠢᠷᠡᠵᠤ᠂ ᠯᠢᠦ ᠪᠢᠨ ᠢ ᠪᠠᠶᠢᠬᠤ ᠡᠰᠡᠬᠦ ᠶᠢ ᠠᠰᠠᠭᠤᠭᠰᠠᠨ ᠢᠷᠡᠭᠰᠡᠨ ᠤᠴᠢᠷ ᠢᠶᠠᠨ ᠮᠥᠨ ᠯᠡ ᠬᠡᠯᠡᠬᠦ ᠦᠭᠡᠢ ᠪᠣᠯᠬᠤᠷ ᠳᠡᠳ᠋ ᠲᠣᠪᠴᠢᠶᠠᠨ ᠳᠠᠷᠤᠭ᠎ᠠ ᠫᠠᠨ ᠵᠧᠨ ᠭᠠᠩ ᠨᠥᠬᠦᠷ ᠠᠴᠠ ᠯᠢᠦ ᠲᠣᠪᠴᠢᠶᠠᠨ ᠳᠠᠷᠤᠭ᠎ᠠ ᠨᠢᠭᠡᠨᠲᠡ ᠨᠠᠮ ᠵᠠᠰᠠᠭ ᠤᠨ ᠲᠤᠮᠤ ᠠᠰᠠᠷ ︵ᠲᠤᠬᠠᠶ ᠶᠢᠨ ᠭᠠᠵᠠᠷ ᠲᠤ ᠪᠠᠶᠢᠭᠰᠠᠨ ᠬᠥᠮᠦᠰ᠄ ᠵᠤᠤ ᠽᠢ ᠯᠦᠩ᠂ ᠭᠦ᠋ ᠸᠧᠨ ᠵᠧᠦ ︶ ᠲᠤ ᠣᠴᠢᠭᠰᠠᠨ ᠭᠡᠬᠦ ᠳᠤ ᠲᠤᠰ ᠰᠠᠭᠤᠭᠠᠯᠢ ᠠᠷᠠᠳ ᠡᠷᠭᠢᠵᠦ ᠶᠠᠪᠤᠴᠢᠬᠠᠭᠰᠠᠨ᠃ ᠲᠤᠰ ᠰᠠᠭᠤᠭᠠᠯᠢ ᠠᠷᠠᠳ ᠬᠤᠶᠠᠷ ᠤᠳᠠᠭ᠎ᠠ ᠲᠣᠪᠴᠢᠶᠠᠨ ᠳᠤ ᠢᠷᠡᠭᠰᠡᠨ᠂ ᠳᠡᠳ᠋ ᠲᠣᠪᠴᠢᠶᠠᠨ ᠳᠠᠷᠤᠭ᠎ᠠ ᠫᠠᠨ ᠵᠧᠨ ᠭᠠᠩ ᠨᠥᠬᠦᠷ ᠲᠤᠰ ᠰᠠᠭᠤᠭᠠᠯᠢ ᠠᠷᠠᠳ ᠤᠨ ᠢᠷᠡᠭᠰᠡᠨ ᠰᠢᠯᠲᠠᠭᠠᠨ ᠢ ᠤᠬᠳᠤ ᠮᠡᠳᠡᠬᠦ ᠦᠭᠡᠢ ᠪᠥᠭᠡᠳ ᠲᠣᠪᠴᠢᠶᠠᠨ ᠳᠠᠷᠤᠭ᠎ᠠ ᠡᠳᠦᠷ ᠪᠦᠷᠢ ᠬᠤᠷᠠᠯ ᠬᠢᠭᠡᠳ ᠬᠠᠮᠢᠭ᠎ᠠ ᠠᠴᠠ ᠲᠠ ᠨᠠᠷ ᠲᠠᠢ ᠠᠭᠤᠯᠵᠠᠬᠤ ᠵᠠᠪ ᠲᠠᠢ ᠪᠤᠢ ᠭᠡᠵᠦ ᠴᠦ ᠬᠡᠯᠡᠭᠰᠡᠨ ᠦᠭᠡᠢ᠃    3. ᠫᠠᠶᠢᠰᠠ ᠢᠯᠡᠷᠬᠡᠶᠢᠯᠡᠯ ᠤᠨ ᠦᠰᠦᠭ ᠰᠣᠯᠢᠬᠤ ᠤᠴᠢᠷ ᠶᠠᠪᠤᠳᠠᠯ᠂ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠰᠢᠤᠢ ᠯᠢᠶᠠᠩ ᠨᠠᠳᠠᠳᠤ᠄ ᠶᠢᠨ ᠱᠠᠨ ᠵᠠᠮ ᠤᠨ ᠨᠢᠭᠡᠨ ᠭᠠᠷ ᠤᠲᠠᠰᠤᠨ ᠤ ᠬᠤᠳᠠᠯᠳᠤᠭᠠᠨ ᠤ ᠳᠡᠯᠭᠡᠭᠦᠷ ᠫᠠᠶᠢᠰᠠ ᠢᠯᠡᠷᠬᠡᠶᠢᠯᠡᠯ ᠳᠡᠭᠡᠷ᠎ᠡ ᠪᠠᠨ ᠳᠠᠬᠢᠨ ᠰᠢᠨ᠎ᠡ ᠪᠠᠷ ᠡᠮᠡᠭᠲᠡᠶ ᠬᠥᠮᠦᠨ ᠤ ᠬᠦᠷᠦᠭ ᠰᠣᠯᠢᠵᠤ᠂ ᠭᠠᠷ ᠤᠲᠠᠰᠤᠨ ᠤ ᠲᠤᠰᠬᠠᠶ ᠬᠤᠳᠠᠯᠳᠤᠭ᠎ᠠ ᠪᠠᠨ ᠤᠬᠠᠭᠤᠯᠤᠨ᠎ᠠ ᠭᠡᠪᠡ᠂ ᠭᠡᠪᠡᠴᠦ ᠵᠠᠰᠠᠭ ᠤᠨ ᠶᠠᠪᠤᠳᠠᠯ ᠤᠨ ᠲᠣᠪᠴᠢᠶ᠎ᠠ ᠶᠢᠨ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠣᠯᠤᠭᠰᠠᠨ ᠦᠭᠡᠶ᠂ ᠲᠡᠷᠡ ᠮᠥᠷᠲᠡᠭᠡᠨ ᠮᠣᠩᠭᠤᠯ ᠬᠢᠲᠠᠳ ᠬᠡᠯᠡ ᠶᠢ ᠤᠶᠠᠯᠳᠤᠭᠤᠯᠤᠭᠰᠠᠨ ᠥᠬᠡᠶ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ᠶᠢᠨ ᠳᠥᠴᠢᠨ ᠬᠤᠶᠠᠳᠤᠭᠠᠷ ᠵᠣᠷᠪᠤᠰ ᠤᠨ ︵ᠭᠤᠷᠪᠠ︶᠂ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ᠤᠨ ᠠᠷᠪᠠᠨ ᠨᠢᠭᠡᠳᠦᠭᠡᠷ ᠵᠣᠷᠪᠣᠰ᠂ ᠬᠤᠸᠠᠳᠧ   ᠬᠦᠮᠤᠨ︹ 2004 ︺ 9 ᠳ᠋ᠦ᠋ᠭᠡᠷ ᠲᠣᠭᠠᠲᠤ ︽ᠬᠤᠸᠠᠳᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠨᠠᠢᠮᠠᠳᠤᠭᠠᠷ ᠬᠡᠰᠡᠭ ᠤᠨ ᠳᠥᠴᠢᠨ ᠬᠤᠶᠠᠳᠤᠭᠠᠷ ᠵᠣᠷᠪᠤᠰ ︵ᠳᠥᠷᠪᠡ︶ ︵ᠲᠠᠪᠤ︶ ᠤᠨ ᠲᠣᠭᠲᠠᠭᠠᠯ ᠢ ᠦᠨᠳᠦᠰᠦᠯᠡᠨ᠂ ᠲᠣᠰ ᠬᠤᠳᠠᠯᠳᠤᠭᠠᠨ ᠤ ᠡᠷᠦᠬᠡ ᠶᠢᠨ ᠫᠠᠶᠢᠰᠠ ᠢᠯᠡᠷᠬᠡᠶᠢᠯᠡᠯ ᠢᠶᠠᠨ ᠰᠣᠯᠢᠬᠤ ᠶᠢ ᠬᠠᠤᠯᠢ ᠬᠡᠷᠡᠭᠵᠢᠭᠦᠯᠬᠦ ᠠᠩᠭᠢ ᠵᠥᠪᠰᠢᠶᠡᠷᠡᠭᠰᠡᠨ ᠥᠬᠡᠶ᠃ ᠪᠢ ᠡᠭᠦᠨ ᠢ ᠪᠦᠷᠢᠨ ᠵᠥᠪᠰᠢᠶᠡᠷᠡᠨ᠎ᠡ᠃      ᠰᠤᠷᠪᠤᠯᠵᠢᠯᠠᠭᠴᠢ᠄ ᠯᠢᠦ ᠲᠣᠪᠴᠢᠶᠠᠨ ᠳᠠᠷᠤᠭ᠎ᠠ ᠡ᠂ ᠲᠠ ᠰᠠᠶ᠋ᠢ ᠶᠢᠨ ᠶᠠᠷᠢᠭᠰᠠᠨ ᠬᠠᠤᠯᠢ ᠴᠠᠭᠠᠵᠠ ᠶᠢᠨ ᠵᠦᠢᠯ ᠵᠤᠷᠪᠤᠰ ᠢ ᠨᠠᠷᠢᠨ ᠶᠠᠷᠢᠭᠠᠳ ᠥᠭᠭᠦᠨ᠎ᠡ ᠤᠤ︖     ᠯᠢᠦ ᠪᠢᠨ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ᠶᠢᠨ ᠳᠥᠴᠢᠨ ᠬᠤᠶᠠᠳᠤᠭᠠᠷ ᠵᠣᠷᠪᠤᠰ ᠲᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠭᠡᠷ ᠤᠨ ᠭᠠᠳᠠᠨᠠᠬᠢ ᠵᠠᠷ ᠭᠠᠷᠭᠠᠵᠤ ᠪᠣᠯᠬᠤ ᠦᠭᠡᠶ ᠭᠡᠵᠦ ᠲᠣᠭᠲᠠᠭᠠᠵᠠᠶ᠄ ︵ᠭᠤᠷᠪᠠ︶ ᠦᠢᠯᠡᠳᠪᠦᠷᠢᠯᠡᠯ ᠪᠤᠶᠤ ᠠᠷᠠᠳ ᠤᠨ ᠠᠮᠢᠳᠤᠷᠠᠯ ᠢ ᠬᠠᠷᠰᠢᠯᠠᠵᠤ᠂ ᠬᠤᠲᠠ ᠶᠢᠨ ᠳᠦᠷᠰᠦ ᠪᠠᠶᠢᠳᠠᠯ ᠢ ᠬᠤᠬᠢᠷᠠᠭᠤᠯᠤᠭᠰᠠᠨ᠃      ︽ᠲᠦᠷᠦ ᠶᠢᠨ ᠶᠠᠪᠤᠳᠠᠯ ᠤᠨ ᠬᠤᠷᠢᠶᠠᠨ ᠤ ᠬᠤᠳᠠ ᠶᠢᠨ ᠦᠵᠡᠮᠵᠢ ᠪᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ︾ ᠤᠨ ᠠᠷᠪᠠᠨ ᠨᠢᠭᠡᠳᠦᠭᠡᠷ ᠵᠤᠷᠪᠤᠰ ᠲᠤ᠂ ᠭᠡᠷ ᠤᠨ ᠭᠠᠳᠠᠨᠠᠬᠢ ᠲᠤᠮᠤ ᠬᠡᠯᠪᠡᠷᠢ ᠶᠢᠨ ᠵᠠᠷ ᠭᠠᠷᠭᠠᠬᠤ ᠳᠠᠭᠠᠨ ᠡᠷᠬᠡᠪᠰᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠦᠵᠡᠮᠵᠢ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ ᠭᠡᠵᠦ ᠲᠣᠭᠲᠠᠭᠠᠵᠠᠶ᠃        ᠬᠤᠸᠠᠳᠧ  ᠬᠦᠮᠤᠨ ᠲᠠᠷᠬᠠᠭᠠᠭᠰᠠᠨ ﹇2004﹈ 9 ᠳ᠋ᠦ᠋ᠭᠡᠷ ᠲᠣᠭᠠᠲᠤ ᠪᠢᠴᠢᠭ ᠮᠠᠲ᠋ᠧᠷᠢᠶᠡᠯ ᠤᠨ ︽ᠬᠤᠸᠠᠳᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠨᠠᠢᠮᠠᠳᠤᠭᠠᠷ ᠬᠡᠰᠡᠭ ᠤᠨ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠢᠶᠠᠷ᠂ ︵ᠲᠦᠷᠪᠡ︶ ᠡᠯ᠎ᠡ ᠬᠤᠳᠠᠯᠳᠤᠭᠠᠨ ᠤ ᠲᠣᠣᠷ ᠴᠡᠭ ᠤᠨ ᠡᠭᠦᠳᠡ ᠬᠠᠭᠠᠯᠭ᠎ᠠ ᠨᠢ ᠲᠣᠭᠲᠠᠭᠠᠯ ᠪᠠ ᠵᠥᠪᠰᠢᠶᠡᠷᠡᠭᠰᠡᠨ ᠵᠢᠷᠤᠭ ᠲᠥᠯᠥᠪᠯᠡᠭᠡ ᠶᠢᠨ ᠵᠢᠷᠤᠭ᠂ ᠦᠯᠢᠭᠡᠷ ᠵᠢᠷᠤᠭ ︵ᠵᠠᠷ ᠤᠨ ᠬᠡᠯᠪᠡᠷᠢ᠂ ᠬᠡᠪ ᠪᠠᠷᠢᠮᠵᠢᠶ᠎ᠠ᠂ ᠦᠡᠭᠭᠡ ᠪᠤᠳᠤᠭ᠂ ᠬᠡ ᠤᠭᠠᠯᠵᠠ᠂ ᠳᠦᠷᠰᠦ ᠪᠦᠲᠦᠭᠡᠯᠲᠡ ᠵᠡᠷᠭᠡ ᠶᠢ ᠪᠠᠭᠲᠠᠭᠠᠨ᠎ᠠ︶ ᠶᠣᠰᠣᠭᠠᠷ ᠭᠡᠷ ᠤᠨ ᠭᠠᠳᠠᠨᠠᠬᠢ ᠵᠠᠷ ᠭᠠᠷᠭᠠᠨ᠎ᠠ︔ ︵ᠲᠠᠪᠤ︶ ᠫᠠᠶᠢᠰᠠ ᠢᠯᠡᠷᠬᠡᠶᠢᠯᠡᠯ ᠪᠣᠯᠤᠨ ᠲᠡᠮᠳᠡᠭ ᠪᠠᠶᠢᠷᠢᠯᠠᠭᠤᠯᠬᠤ ᠳᠠᠭᠠᠨ ᠴᠡᠪᠡᠷ ᠴᠡᠮᠴᠡᠭᠡᠷ ᠰᠠᠶᠢᠬᠠᠨ ᠪᠠᠶᠢᠯᠭᠠᠵᠤ᠂ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠮᠣᠩᠭᠤᠯ ᠬᠢᠲᠠᠳ ᠬᠤᠶᠠᠷ ᠵᠦᠢᠯ ᠤᠨ ᠥᠰᠥᠭ ᠪᠢᠴᠢᠭ ᠢ ᠵᠥᠪ ᠣᠨᠣᠪᠴᠢᠲᠠᠶ ᠬᠡᠷᠡᠭᠯᠡᠵᠦ᠂ ᠥᠰᠥᠭ ᠤᠨ ᠲᠢᠭ ᠨᠢ ᠲᠥᠪ᠂ ᠪᠢᠴᠢᠯᠭᠡ ᠨᠢ ᠵᠥᠪ᠂ ᠭᠡᠷᠡᠯᠲᠦᠭᠦᠯᠬᠦ ᠪᠠ ᠲᠣᠳᠣᠷᠠᠭᠤᠯᠬᠤ ᠪᠡᠯᠡᠳᠬᠡᠮᠵᠢ ᠨᠢ ᠪᠦᠷᠢᠨ ᠪᠦᠲᠦᠨ ᠪᠠᠶᠢᠬᠤ ᠬᠡᠷᠡᠭᠲᠡᠶ᠃      ᠰᠤᠷᠪᠤᠯᠵᠢᠯᠠᠭᠴᠢ᠄ ᠯᠢᠦ ᠲᠣᠪᠴᠢᠶᠠᠨ ᠳᠠᠷᠤᠭ᠎ᠠ ᠠ᠂ ᠰᠠᠭᠤᠭᠠᠯᠢ ᠠᠷᠠᠳ ᠫᠠᠶᠢᠰᠠ ᠪᠠᠨ ᠰᠣᠯᠢᠬᠤ ᠳᠤ ᠶᠠᠮᠠᠷ ᠶᠠᠮᠠᠷ ᠠᠯᠬᠤᠮ ᠳᠠᠷᠠᠭ᠎ᠠ ᠪᠠᠷ ᠬᠢᠬᠦ ᠬᠡᠷᠡᠭᠲᠡᠶ ᠪᠣᠶ︖      ᠯᠢᠦ ᠪᠢᠨ᠄ ᠪᠠᠶᠢᠭᠤᠯᠭ᠎ᠠ ᠨᠢᠭᠡᠴᠡ ᠪᠤᠶᠤ ᠬᠤᠪᠢ ᠬᠥᠮᠦᠨ ᠬᠡᠷᠪᠡ ᠡᠭᠦᠳᠡᠨ ᠫᠠᠶᠢᠰᠠ ᠪᠠᠨ ᠰᠣᠯᠢᠬᠤ ᠳᠤ ᠭᠦᠷᠪᠡᠯ᠂ ᠵᠠᠰᠠᠭ ᠤᠨ ᠶᠠᠪᠤᠳᠠᠯ ᠤᠨ ᠲᠣᠪᠴᠢᠶ᠎ᠠ ᠳᠤ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠵᠤ ᠬᠢᠨᠠᠨ ᠵᠥᠪᠰᠢᠶᠡᠷᠡᠭᠦᠯᠬᠦ ᠬᠡᠷᠡᠭᠲᠡᠶ᠂ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠳᠠᠩᠰᠠᠯᠠᠭᠤᠯᠬᠤ ᠶᠢᠨ ᠬᠠᠮᠲᠤ᠂ ᠵᠥᠪᠰᠢᠶᠡᠷᠡᠭᠰᠡᠨ ᠴᠠᠭ᠂ ᠣᠷᠣᠨ ᠪᠠᠶᠢᠷᠢ᠂ ᠬᠠᠨᠳᠤᠰᠢ᠂ ᠬᠡᠯᠪᠡᠷᠢ᠂ ᠬᠡᠪ ᠪᠠᠷᠢᠮᠵᠢᠶ᠎ᠠ᠂ ᠮᠠᠲ᠋ᠧᠷᠢᠶᠠᠯ ᠤᠨ ᠴᠢᠨᠠᠷ᠂ ᠠᠭᠤᠯᠭ᠎ᠠ ᠵᠡᠷᠭᠡ ᠶᠢ ᠦᠨᠳᠦᠰᠦᠯᠡᠨ ᠳᠣᠭᠢᠷᠠᠭᠤᠯᠤᠨ ᠤᠭᠰᠠᠷᠠᠬᠤ ᠬᠡᠷᠡᠭᠲᠡᠶ᠂ ᠬᠤᠪᠢ ᠬᠥᠮᠦᠨ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠥᠬᠡᠶ᠃     ᠰᠤᠷᠪᠤᠯᠵᠢᠯᠠᠭᠴᠢ᠄ ᠯᠢᠦ ᠲᠣᠪᠴᠢᠶᠠᠨ ᠳᠠᠷᠤᠭ᠎ᠠ ᠶᠢᠨ ᠪᠢᠳᠡᠨ ᠲᠠᠢ ᠰᠠᠨᠠᠯ ᠢᠶᠠᠨ ᠰᠣᠯᠢᠯᠴᠠᠨ ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠂ ᠯᠢᠦ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ ᠳᠡᠮᠵᠢᠨ᠂ ᠪᠢᠳᠡ ᠲᠣᠰ ᠬᠡᠷᠡᠭ ᠤᠨ ᠤᠴᠢᠷ ᠰᠢᠯᠲᠠᠭᠠᠨ ᠤ ᠡᠬᠢ ᠠᠳᠠᠭ ᠲᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠶ᠎ᠡ᠂ ᠯᠢᠦ ᠲᠣᠪᠴᠢᠶᠠᠨ ᠳᠠᠷᠤᠭ᠎ᠠ ᠶᠢᠨ ᠮᠠᠨ ᠤ ᠰᠤᠷᠪᠤᠯᠵᠢᠯᠠᠭ᠎ᠠ ᠳᠤ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃     ᠯᠢᠦ ᠪᠢᠨ᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2