ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠧᠤ ᠴᠢᠶᠠᠩ ᠬᠤᠸᠠᠳᠧ ᠰᠢᠶᠠᠨ ᠳᠤ ᠭᠦᠨᠵᠡᠭᠡᠶᠢᠷᠡᠨ ᠲᠣᠬᠤᠨᠢᠭᠤᠯᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/7/1
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠬᠦᠷᠴᠦ ᠢᠷᠡᠬᠦ ᠲᠠᠰᠢᠷᠠᠮ ᠳᠤ᠂ 6 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠧᠤ ᠴᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠨ ᠯᠠᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠰᠢᠤᠸᠠᠢ ᠶᠠᠨ ᠨᠠᠷ ᠮᠠᠨ ᠤ ᠰᠢᠶᠠᠨ ᠳᠤ ᠭᠦᠨᠵᠡᠭᠡᠶᠢᠷᠡᠨ ᠲᠣᠬᠤᠨᠢᠭᠤᠯᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠬᠤᠤ ᠰᠢᠶᠤᠤ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠥᠩ ᡁᠢ ᠹᠠᠩ᠂ ᠰᠢᠶᠠᠨ ᠤ ᠳᠡᠳ᠋ ᠳᠠᠷᠤᠭ᠎ᠠ ᠵᠠᠩ ᠭᠦᠸᠧ ᠷᠦᠩ᠂ ᠰᠢᠤᠸᠠᠢ ᠶᠦᠩ ᠪᠠᠷ᠎ᠠ ᠪᠣᠯᠵᠣ ᠲᠣᠬᠤᠨᠢᠭᠤᠯᠵᠤ ᠪᠠᠶᠢᠴᠠᠭᠠᠨ ᠰᠤᠳᠤᠯᠤᠯᠲᠠ ᠬᠢᠪᠠ᠃
     ᠵᠧᠦ ᠴᠢᠶᠠᠩ ᠨᠠᠷ ᠤᠷᠢᠳ ᠬᠤᠵᠢᠳ ᠰᠢᠩ ᠭᠤᠸᠠᠩ ᠲᠣᠰᠬᠤᠨ ᠤ ᠰᠢᠶᠠᠩ ᠬᠤᠸᠠ ᠠᠰᠠᠷᠠᠮᠵᠢ ᠶᠢᠨ ᠬᠤᠪᠴᠠᠰᠤᠨ ᠤ ᠦᠢᠯᠡᠳᠪᠦᠷᠢ ᠶᠢᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠦᠷᠢ ᠶᠢᠨ ᠲᠠᠰᠤᠭ ᠤᠨ ᠬᠠᠷᠢᠭᠤᠴᠠᠯᠭᠠᠲᠠᠨ ᠱᠢ ᠵᠠᠨ ᠬᠤᠸᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠬᠠᠮᠠᠳ ᠨᠠᠮ ᠤᠨ ᠭᠡᠰᠢᠭᠦᠨ ᠰᠦᠨ ᠵᠢᠶᠠ ᠶᠧ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ ᠶᠢᠨ ᠬᠢᠨ ᠵᠤᠤ ᠰᠢᠤ ᠷᠦᠩ ᠢ ᠲᠣᠬᠤᠨᠢᠭᠤᠯᠵᠤ᠂ ᠬᠦᠷᠦᠭᠰᠡᠨ ᠡᠷᠦᠬᠡ ᠪᠣᠯᠭᠠᠨ ᠳᠤ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠳᠡᠨ ᠤ ᠨᠠᠮ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠵᠣᠷᠢᠭᠵᠢᠭᠤᠯᠬᠤ ᠶᠢᠨ ᠬᠠᠮᠲᠤ ᠲᠤᠲᠤᠷᠭ᠎ᠠ᠂ ᠢᠳᠡᠭᠡᠨ ᠤ ᠲᠤᠰᠤ ᠵᠢᠴᠢ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠢ᠃     ᠲᠣᠬᠤᠨᠢᠭᠤᠯᠵᠤ ᠳᠠᠭᠤᠰᠤᠭᠰᠠᠨ ᠤ ᠲᠠᠷᠠᠭ᠎ᠠ᠂ ᠵᠧᠦ ᠴᠢᠶᠠᠩ ᠨᠠᠷ ᠤᠷᠢᠳ ᠬᠤᠵᠢᠳ ᠴᠠᠩᠱᠦ᠋ᠨ ᠪᠠᠯᠭᠠᠰᠤ ᠶᠢᠨ ᠳᠣᠯᠤᠭᠠᠨᠬᠤᠳᠳᠤᠭ ᠲᠣᠰᠬᠤᠨ ᠤ ᠵᠣᠯ ᠵᠢᠷᠭᠠᠯ ᠤᠨ ᠬᠦᠷᠢᠶᠡᠯᠡᠩ᠂ ᠬᠤᠸᠠᠳᠧ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠲᠢᠶᠠᠨ ᠴᠧᠩ ᠺᠣᠮᠫᠠᠨᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠡᠭᠡ ᠲᠢᠩᠬᠢᠮ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠦᠨᠳᠦᠰᠦᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ ᠲᠤ ᠤᠶᠤᠨᠲᠤ ᠭᠠᠳᠠᠭᠠᠯᠠᠬᠤ ᠰᠠᠭᠤᠯᠠᠭ᠎ᠠ ᠶᠢᠨ ᠬᠡᠷᠡᠭᠯᠡᠯᠲᠡ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ᠂ ᠠᠵᠢᠯ ᠤᠨ ᠲᠥᠯᠥᠪᠯᠡᠭᠡ᠂ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠤᠷᠪᠤᠯᠵᠢᠯᠠᠭ᠎ᠠ ᠵᠢᠴᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠭᠰᠡᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃
    ᠳᠠᠷᠠᠭ᠎ᠠ ᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠮᠠᠨ ᠤ ᠰᠢᠶᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠠᠮᠤᠷ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠠᠰᠠᠭᠤᠳᠠᠯ ᠲᠠᠢ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠵᠡᠷᠭᠡ ᠲᠠᠯ᠎ᠠ ᠶᠢᠨ ᠪᠠᠶᠢᠳᠠᠯ ᠤᠨ ᠲᠤᠬᠠᠢ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠨ ᠬᠤᠲᠠ ᠶᠢᠨ ᠤᠳᠤᠷᠢᠳᠤᠯᠭ᠎ᠠ ᠨᠠᠷ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃     ᠵᠧᠦ ᠴᠢᠶᠠᠩ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠷᠭᠡᠵᠢᠯ ᠤᠨ ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠲᠣᠭᠲᠠᠴᠠ ᠪᠠᠶᠢᠭᠤᠯᠬᠤ ᠶᠢ ᠴᠢᠩᠭᠠᠳᠬᠠᠵᠤ᠂ ᠵᠣᠷᠯᠣᠩ ᠢ ᠥᠭᠡᠷᠡᠴᠢᠯᠡᠬᠦ ᠶᠠᠰᠤ ᠴᠢᠨᠠᠷ ᠢ ᠴᠢᠩᠭ᠎ᠠ ᠠᠳᠬᠤᠵᠤ᠂ ᠲᠣᠰ ᠭᠠᠵᠠᠷ ᠤᠨ ᠪᠣᠳᠠᠲᠠᠶ ᠳᠤ ᠨᠡᠶᠢᠴᠡᠭᠰᠡᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠠᠪᠴᠤ᠂ ᠠᠰᠠᠭᠤᠳᠠᠯ ᠲᠠᠢ ᠵᠣᠷᠯᠣᠩ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃
    ᠵᠧᠤ ᠴᠢᠶᠠᠩ ᠱᠠᠭᠠᠷᠳᠠᠭᠰᠠᠨ ᠨᠢ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠡᠯ᠎ᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠶᠡᠭᠡ ᠪᠠᠷ ᠡᠬᠢᠯᠡᠨ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ᠂ ᠳᠤᠲᠠᠭᠤᠳᠠᠯ ᠢ ᠨᠥᠬᠦᠪᠥᠷᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ᠂ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃     ᠴᠠᠩ ᠳ᠋ᠠ ᠸᠧᠢ ᠶᠠᠷᠢᠶᠠᠨ ᠳᠠᠭᠠᠨ ᠢᠯᠡᠳᠬᠡᠬᠦ ᠳᠡᠭᠡᠨ᠂ ᠮᠠᠨ ᠤ ᠰᠢᠶᠠᠨ ᠤ ᠬᠢᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢ ᠰᠢᠪᠠᠳᠠᠨ ᠵᠢᠯᠣᠭᠤᠳᠬᠤ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠢ ᠬᠠᠮᠠᠭᠠᠯᠠᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠰᠠᠭᠤᠳᠠᠯ ᠲᠠᠢ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ᠂ ᠠᠶᠤᠯ ᠥᠬᠡᠶ ᠦᠢᠯᠡᠳᠪᠤᠷᠢᠯᠡᠯ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ ᠭᠡᠪᠡ᠃            ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ            ᠣᠷᠴᠢᠭᠤᠯᠤᠭᠴᠢ᠄ ᠣᠳᠣᠨᠭᠡᠷᠡᠯ            ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2