ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ︽ᠨᠠᠮ ᠪᠠᠶᠢᠭᠤᠯᠤᠭᠳᠠᠭᠰᠠᠨ ᠵᠠᠭᠤᠨ ᠵᠢᠯ ᠢ ᠪᠡᠯᠭᠡᠯᠡᠵᠦ ᠬᠤᠪᠢᠰᠬᠠᠯ ᠤᠨ ᠤᠬ ᠰᠠᠨᠠᠭ᠎ᠠ ᠶᠢ ᠰᠠᠨᠠᠭᠠᠯᠵᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ
ᠨᠡᠶᠢᠲᠡᠯᠡᠭᠰᠡᠨ ᠴᠠᠭ᠄
2021/7/1
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠲᠤᠷᠠᠰᠤᠮᠵᠢ ᠶᠢ ᠡᠷᠢᠯᠬᠢᠯᠡᠬᠦ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠰᠢᠶᠠᠨ ᠤ ᠵᠠᠰᠠᠭ ᠤᠨ ᠣᠷᠳᠣᠨ ᠠᠴᠠ ᠬᠤᠸᠠᠳᠧ ᠰᠢᠶᠠᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠵᠢᠴᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ︽ᠨᠠᠮ ᠪᠠᠶᠢᠭᠤᠯᠤᠭᠳᠠᠭᠰᠠᠨ ᠵᠠᠭᠤᠨ ᠵᠢᠯ ᠢ ᠪᠡᠯᠭᠡᠯᠡᠵᠦ ᠬᠤᠪᠢᠰᠬᠠᠯ ᠤᠨ ᠤᠬ ᠰᠠᠨᠠᠭ᠎ᠠ ᠶᠢ ᠰᠠᠨᠠᠭᠠᠯᠵᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃
    ᠪᠦᠬᠦ ᠨᠠᠮ ᠤᠨ ᠭᠡᠰᠢᠭᠦᠨ ᠺᠠᠳ᠋ᠷᠴᠤᠳ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠳᠤᠷᠠᠰᠬᠠᠯ ᠤᠨ ᠬᠥᠰᠢᠶ᠎ᠡ᠂ ᠳᠤᠷᠠᠰᠬᠠᠯ ᠤᠨ ᠲᠠᠯᠠᠪᠠᠢ᠂ ᠨᠠᠢᠮᠠᠨ ᠰᠠᠷ᠎ᠠ ᠶᠢᠨ ᠨᠢᠭᠡᠨ ᠤ ᠤᠷᠠᠯᠠᠯᠲᠤ ᠬᠡᠷᠡᠮ᠂ ᠳᠤᠷᠠᠰᠬᠠᠯ ᠤᠨ ᠬᠥᠰᠢᠶ᠎ᠡ ᠵᠢᠨ‌‍ᠴᠠᠴᠠᠷ ᠵᠡᠷᠭᠡ ᠶᠢ ᠲᠣᠭᠤᠷᠢᠨ ᠦᠵᠡᠵᠦ᠂ ᠨᠠᠮᠴᠢ ᠴᠢᠨᠠᠷ ᠤᠨ ᠤᠬᠢᠶᠠᠯ ᠪᠠ ᠬᠤᠪᠢᠰᠬᠠᠯ ᠤᠨ ᠬᠥᠮᠦᠵᠢᠯ ᠢ ᠬᠦᠷᠳᠡᠵᠤ᠂ ᠲᠡᠭᠦᠨ ᠤ ᠳᠤᠮᠳᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠠᠶ᠃
     ᠪᠦᠬᠦ ᠨᠠᠮ ᠤᠨ ᠭᠡᠰᠢᠭᠦᠨ ᠨᠠᠮ ᠤᠨ ᠲᠤᠭ ᠤᠨ ᠡᠮᠦᠨ᠎ᠡ ᠲᠥᠪ ᠴᠢᠩᠭ᠎ᠠ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠰ ᠪᠠᠲᠤ ᠲᠠᠩᠭᠠᠷᠢᠭ ᠢᠶᠠᠷ ᠢᠶᠠᠨ ᠨᠠᠮ ᠤᠨ ᠢᠶᠠᠨ ᠲᠥᠯᠥᠭᠡ ᠨᠠᠰᠤᠨ ᠲᠤᠷᠰᠢᠳᠠ ᠪᠠᠨ ᠲᠡᠮᠡᠴᠡᠬᠦ ᠵᠣᠷᠢᠭ ᠢᠶᠠᠨ ᠲᠤᠩᠬᠠᠭᠯᠠᠪᠠ᠃     ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠡᠮᠵᠢᠨ᠂ ᠣᠯᠠᠨ ᠢᠶᠠᠷ ᠢᠶᠠᠨ ᠨᠢᠭᠡ ᠤᠳᠠᠭᠠᠨ ᠤ ᠭᠦᠨ ᠭᠦᠨᠵᠡᠭᠡᠶ ᠦᠵᠡᠯ ᠰᠠᠨᠠᠭᠠᠨ ᠤ ᠬᠥᠮᠦᠵᠢᠯ ᠪᠠ ᠣᠶᠤᠨ ᠰᠠᠨᠠᠭᠠᠨ ᠤ ᠳᠠᠪᠲᠠᠯᠲᠠ ᠶᠢ ᠭᠥᠷᠳᠡᠵᠦ᠂ ᠢᠲᠡᠭᠡᠯ ᠪᠢᠰᠢᠷᠡᠯ ᠤᠨ ᠬᠦᠴᠦᠨ ᠴᠢᠳᠠᠯ ᠢ ᠦᠨᠡᠨ ᠬᠦ ᠮᠡᠳᠡᠷᠡᠪᠡ᠃ ᠨᠠᠮ ᠤᠨ ᠲᠡᠦᠬᠡ ᠶᠢᠨ ᠬᠥᠮᠦᠵᠢᠯ ᠢ ᠬᠦᠯᠢᠶᠡᠨ ᠠᠪᠴᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠰᠠᠨᠠᠭᠠᠯᠵᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠤᠷᠠᠰᠤᠨ ᠰᠠᠨᠠᠭᠠᠯᠵᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ ᠬᠦᠰᠡᠯᠡᠩ ᠢᠲᠡᠭᠡᠯ ᠪᠢᠰᠢᠷᠡᠯ ᠢᠶᠠᠨ ᠴᠢᠨᠠᠭᠰᠢᠳᠠ ᠪᠠᠲᠤᠳᠬᠠᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠬᠦ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠤ ᠰᠢᠨ᠎ᠡ ᠬᠥᠭᠵᠢᠯᠲᠡ ᠶᠢᠨ ᠱᠠᠲᠤᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠨ ᠲᠠᠪᠰᠢᠬᠤ ᠶᠢ ᠵᠣᠷᠢᠭᠵᠢᠭᠤᠯᠵᠤ᠂ ᠠᠯᠪᠠᠨ ᠭᠡᠷ ᠤᠨ ᠦᠢᠯᠡᠰ ᠤᠨ ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠵᠡᠢ᠃         ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ         ᠣᠷᠴᠢᠭᠤᠯᠤᠭᠴᠢ᠄ ᠣᠳᠣᠨᠭᠡᠷᠡᠯ         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2