ᠬᠤᠸᠠᠳᠧ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠠᠶᠤᠯᠭᠦᠶ ᠦᠢᠯᠡᠳᠪᠦᠷᠢᠯᠡᠯ ᠤᠨ ᠤᠷ᠎ᠠ  ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2021/7/16
  ᠠᠶᠤᠯᠭᠦᠶ ᠦᠢᠯᠡᠳᠪᠦᠷᠢᠯᠡᠯ ᠤᠨ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠳᠠᠨ ᠠᠵᠢᠯᠴᠢᠨ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠤᠷᠢᠳᠴᠢᠯᠠᠨ ᠰᠡᠷᠭᠡᠶᠢᠯᠡᠬᠦ ᠶᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠤᠢᠢᠷ᠎ᠠ ᠳᠤ᠂ ᠬᠤᠸᠠᠳᠧ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠳᠤᠪᠴᠢᠶ᠎ᠠ ᠲᠠᠢ ᠬᠠᠮᠲᠤᠷᠠᠵᠤ ᠂ ᠶᠢᠩ ᠺᠧ ᠰᠢᠨᠵᠢᠯᠡᠬᠦ ᠤᠬᠠᠭᠠᠨ ᠮᠡᠷᠭᠡᠵᠢᠯ ᠶᠢᠨ ᠺᠣᠮᠫᠠᠨᠢ ᠪᠣᠯᠤᠨ ᠿᠢ ᠱᠧᠩ ᠤᠶᠤᠨᠲᠤ ᠺᠣᠮᠫᠠᠨᠢ ᠳᠤ ︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ︽ᠠᠨ ᠺᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠲᠤᠰ ᠲᠤᠰ ᠥᠷᠨᠢᠭᠦᠯᠵᠡᠢ᠃   ᠲᠤᠰ ᠤᠳᠠᠭᠠᠨ ᠤ ᠠᠵᠢᠯᠯᠠᠭ᠎ᠠ ᠨᠢ ᠭᠤᠣᠯᠳᠠᠭᠤ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠨᠠᠰᠤ ᠶᠢ ᠳᠡᠭᠡᠳᠦᠯᠡᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠢᠯᠡᠳᠪᠦᠷᠢᠯᠡᠯ ᠤᠨ ᠠᠳᠡᠯ ᠢ ᠰᠡᠷᠭᠡᠶᠢᠯᠡᠬᠦ ᠪᠠ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢ ᠬᠢᠵᠠᠭᠠᠷᠯᠠᠬᠤ ᠪᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠤᠨ ᠪᠥᠬᠦ ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠤᠯᠠᠨ ᠲᠦᠮᠡᠨᠴᠢ ᠴᠢᠨᠠᠷᠲᠠᠶ ᠠᠶᠤᠯᠭᠦᠢ ᠦᠢᠯᠡᠳᠪᠦᠷᠢᠯᠡᠯ ᠤᠨ ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠠᠮᠤᠷ ᠳᠦᠪᠰᠢᠨ ᠤ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠥᠯᠬᠢᠨ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠠᠵᠢᠯᠳᠠᠨ ᠠᠵᠢᠯᠴᠢᠳ ᠤᠨ ᠠᠮᠤᠷ ᠳᠦᠪᠰᠢᠨ ᠡᠷᠡᠭᠦᠯ ᠮᠡᠨᠳᠤ ᠶᠢᠨ ᠡᠷᠬᠡ ᠠᠰᠢᠭ ᠢ ᠬᠠᠮᠠᠭᠠᠯᠠᠬᠤ ᠶᠢ ᠵᠤᠷᠢᠭᠰᠠᠨ ᠪᠠᠶᠢᠨ᠎ᠠ᠃   ᠠᠵᠢᠯᠯᠠᠭ᠎ᠠ ᠶᠢᠨ ᠬᠤᠭᠤᠴᠠᠭᠠᠨ ᠳᠤ᠂ ᠬᠤᠸᠠᠳᠧ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠨᠢ ᠡᠯ᠎ᠡ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ︽ᠠᠨ ᠺᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠢ ᠦᠷᠭᠦᠯᠵᠢᠯᠡᠨ ᠥᠷᠨᠢᠭᠦᠯᠬᠦ ᠶᠢ ᠠᠬᠢᠭᠤᠯᠬᠤ ᠪᠠᠷ ᠭᠠᠷᠳᠠᠴᠠ ᠪᠣᠯᠭᠠᠨ᠂ ᠪᠣᠳᠠᠲᠠᠢ ᠬᠡᠷᠡᠭᠵᠢᠭᠦᠯᠬᠦ ᠲᠥᠰᠦᠯ ᠪᠠ ᠤᠷᠤᠯᠳᠤᠭᠠᠨ ᠤ ᠲᠡᠰ ᠳᠠᠷᠠᠭᠠᠯᠠᠯ ᠢ ᠲᠣᠭᠲᠠᠭᠠᠵᠤ᠂ ︽ᠠᠨ ᠺᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠤ ᠤᠬᠠᠭᠤᠯᠭ᠎ᠠ ᠶᠢ ᠶᠡᠬᠡᠪᠡᠷ ᠴᠢᠩᠭᠠᠳᠬᠠᠵᠠᠢ᠃ ᠡᠭᠦᠨ ᠤ ᠬᠠᠮᠲᠤ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠨᠢ ᠠᠵᠢᠯᠯᠠᠭ᠎ᠠ ᠶᠢᠨ ᠳᠤᠮᠳᠠ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠭᠠᠷ ᠳᠡᠪᠲᠡᠷ ᠢ 300 ᠭᠠᠷᠤᠶ ᠬᠤᠪᠢ ᠲᠠᠷᠬᠠᠭᠠᠵᠤ᠂ ︽ᠬᠥᠳᠡᠯᠮᠦᠷᠢ ᠶᠢᠨ ᠬᠠᠤᠯᠢ︾᠂ ︽ᠠᠶᠤᠯᠭᠦᠶ ᠦᠶ᠋ᠯᠡᠳᠪᠦᠷᠢᠯᠡᠯ ᠤᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠭᠦᠨᠵᠡᠭᠡᠶ ᠤᠬᠠᠭᠤᠯᠵᠤ᠂ ᠬᠥᠳᠡᠯᠮᠦᠷᠢ ᠶᠢᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠠᠵᠢᠯᠲᠠᠨ ᠠᠵᠢᠯᠴᠢᠨ ᠤ ᠠᠮᠤᠷ ᠲᠦᠪᠰᠢᠨ ᠡᠷᠡᠭᠦᠯ ᠮᠡᠨᠳᠦ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠠᠵᠢᠯᠲᠠᠨ ᠠᠵᠢᠯᠴᠢᠨ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠦᠶ᠋ᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠠᠢ᠃   ︽ᠠᠨ ᠺᠠᠩ ᠬᠤᠨᠳᠠᠭᠠᠲᠤ︾ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠥᠷᠭᠡᠨ ᠣᠯᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠦᠨᠳᠦ ᠶᠡᠭᠡ ᠠᠳᠡᠯ ᠭᠠᠷᠬᠤ ᠨᠣᠷᠮ᠎ᠠ ᠶᠢ ᠪᠦᠲᠦᠮᠵᠢᠲᠡᠶ ᠪᠠᠷ ᠪᠠᠭᠤᠷᠠᠭᠤᠯᠤᠭᠰᠠᠨ ᠪᠠᠶᠢᠨ᠎ᠠ᠃                 ᠢᠷᠡᠯᠲᠡ᠄ ᠣᠯᠠᠭᠠᠨᠴᠠᠪ ᠮᠤᠩᠭᠤᠯ ᠰᠦᠯᠵᠢᠶ᠎ᠡ
 
ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2