ᠬᠤᠸᠠᠳᠧ ᠵᠠᠰᠠᠭ ᠠᠯᠪᠠᠨ ᠲᠠᠷᠬᠠᠭᠠᠭᠰᠠᠨ ﹇2021﹈ 34 ᠳ᠋ᠤᠭᠡᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠨᠢᠭᠡᠴᠡ ᠨᠦᠭᠦᠳ ᠲᠤ᠄ | ᠡᠳᠦᠭᠡ ︽ᠬᠤᠸᠠᠳᠧ ᠰᠢᠶᠠᠨ ᠤ 2021 ᠣᠨ ᠤ ᠪᠣᠳᠠᠲᠠᠶ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ | ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠠᠵᠢᠯ ᠤᠨ ᠲᠥᠰᠦᠯ︾ ᠢ ᠲᠠᠨᠠᠷ ᠲᠤ ᠲᠠᠷᠬᠠᠭᠠᠨ | ᠥᠭᠭᠦᠯ᠎ᠡ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | 2021 ᠣᠨ ᠤ 7 ᠰᠠᠷ᠎ᠠ ᠶᠢᠨ 21 | | ᠬᠤᠸᠠᠳᠧ ᠰᠢᠶᠠᠨ ᠤ 2021 ᠣᠨ ᠤ ᠠᠮᠤ ᠪᠤᠳᠠᠭ᠎ᠠ ᠲᠠᠷᠢᠬᠤ ᠪᠣᠳᠠᠲᠠᠶ ᠲᠠᠷᠢᠶᠠᠴᠢᠳ ᠲᠤ ᠨᠢᠭᠡ ᠯᠡ | ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠠᠵᠢᠯ ᠤᠨ ᠲᠥᠰᠦᠯ | ︽ᠲᠥᠪ ᠤᠨ ᠡᠳ᠋ ᠤᠨ ᠵᠠᠰᠠᠭ ᠤᠨ ᠪᠣᠳᠠᠲᠠᠶ ᠠᠮᠤ ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ | ᠤᠳᠠᠭ᠎ᠠ ᠶᠢᠨ ᠴᠢᠨᠠᠷᠲᠠᠶ ᠨᠥᠬᠦᠪᠥᠷᠢ ᠮᠥᠩᠭᠦ ᠥᠭᠬᠦ ᠲᠤᠬᠠᠶ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠮᠡᠳᠡᠭᠳᠡᠯ︾ ︵ᠤᠯᠠᠭᠠᠨᠴᠠᠪ ᠡᠳ᠋ ᠤᠨ ᠵᠠᠰᠠᠭ ︹ 2021 ︺ 684 ᠳ᠋ᠤᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠠᠶ ᠠᠮᠤ ᠪᠤᠳᠠᠭ᠎ᠠ ᠳᠠᠷᠢᠵᠤ ᠪᠠᠶᠢᠭ᠎ᠠ | ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠠᠵᠢᠯ ᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠠᠵᠢᠯ ᠤᠨ ᠵᠠᠷᠴᠢᠮ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢᠨ ᠥᠰᠥᠯᠲᠡ ᠶᠢᠨ ᠲᠠᠷᠢᠶᠠᠴᠢᠳ ᠤᠨ ᠠᠮᠤ | ᠪᠤᠳᠠᠭ᠎ᠠ ᠳᠠᠷᠢᠵᠤ ᠠᠰᠢᠭ ᠣᠷᠣᠯᠭ᠎ᠠ ᠤᠯᠬᠤ ᠳᠤ ᠦᠵᠡᠭᠦᠯᠬᠦ ᠨᠥᠯᠥᠭᠡ ᠶᠢ ᠨᠠᠮᠳᠠᠭᠤᠯᠤᠨ ᠲᠠᠷᠢᠶᠠᠴᠢᠳ ᠤᠨ | ᠣᠷᠣᠯᠭ᠎ᠠ ᠶᠢ ᠲᠣᠭᠲᠠᠪᠤᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠠᠮᠠᠭᠠᠯᠠᠵᠤ᠂ | ᠨᠠᠷᠢᠯᠢᠭ ᠣᠨᠤᠴᠢᠲᠠᠢ᠂ ᠥᠨᠳᠥᠷ ᠪᠦᠲᠦᠮᠵᠢᠲᠡᠶ᠂ ᠲᠦᠷᠭᠡᠨ ᠪᠠᠶᠢᠬᠤ ᠵᠠᠷᠴᠢᠮ ᠶᠣᠰᠣᠭᠠᠷ᠂ ᠣᠳᠣᠬᠢᠴᠢᠯᠠᠭᠰᠠᠨ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠤᠳᠤ ᠪᠠᠶᠢᠭ᠎ᠠ ᠬᠤᠯᠪᠣᠭᠳᠠᠯ ᠪᠦᠬᠦᠢ | ᠨᠥᠬᠦᠪᠥᠷᠢ ᠣᠯᠭᠤᠬᠤ ᠰᠠᠭᠤᠷᠢ ᠲᠤᠭ᠎ᠠ ᠪᠠᠷᠢᠮᠲᠠ᠂ ᠠᠮᠤ ᠪᠤᠳᠠᠭᠠᠨ ᠤ ᠲᠠᠷᠢᠮᠠᠯ ᠤᠨ ᠳᠠᠭᠠᠳᠬᠠᠯ ᠤᠨ ᠲᠤᠭ᠎ᠠ | ᠪᠠᠷᠢᠮᠲᠠ᠂ ᠲᠠᠷᠢᠶᠠᠴᠢᠨ ᠡᠷᠦᠭᠡ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ | ᠪᠡᠶ᠎ᠡ ᠬᠡᠮ ᠤᠨ ᠮᠡᠳᠡᠭᠡ ᠵᠠᠩᠭᠢ ᠵᠡᠷᠭᠡ ᠲᠤᠭ᠎ᠠ ᠪᠠᠷᠢᠮᠲᠠ ᠶᠢ ᠠᠰᠢᠭᠯᠠᠨ᠂ ᠪᠣᠳᠠᠲᠠᠶ ᠠᠮᠤ ᠪᠤᠳᠠᠭ᠎ᠠ ᠲᠠᠷᠢᠬᠤ | ᠲᠠᠷᠢᠶᠠᠴᠢᠳ ᠢ ᠣᠨᠣᠪᠴᠢᠲᠠᠶ ᠢᠯᠭᠠᠨ ᠲᠠᠨᠢᠵᠤ᠂ ᠨᠥᠬᠦᠪᠥᠷᠢ ᠥᠭᠬᠦ ᠲᠠᠯᠠᠪᠠᠢ ᠶᠢ ᠣᠨᠣᠪᠴᠢᠲᠠᠶ ᠬᠢᠨᠠᠨ | ᠲᠣᠭᠲᠠᠭᠠᠵᠤ᠂ ᠪᠣᠳᠠᠲᠠᠶ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ | ᠣᠯᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠬᠤᠶᠠᠷ᠂ ᠬᠡᠷᠡᠭᠵᠢᠭᠦᠯᠬᠦ ᠠᠷᠭ᠎ᠠ | ︵ᠨᠢᠭᠡ︶ ᠳ᠋ᠦᠢᠰᠢᠶᠠᠩ ᠢ ᠮᠠᠭᠠᠳᠯᠠᠨ ᠲᠣᠭᠲᠠᠭᠠᠯᠭᠠᠬᠤ᠃ | 1. ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠡᠲᠡᠭᠡᠳ ᠨᠢ 2021 ᠣᠨ ᠳᠤ ᠪᠤᠭᠤᠳᠠᠶ᠂ | ᠶᠤᠤᠮᠠᠶ᠂ ᠡᠷᠳᠡᠨᠢ ᠰᠢᠰᠢ ︵ᠦᠷ᠎ᠡ ᠡᠷᠳᠡᠨᠢ ᠰᠢᠰᠢ︶᠂ ᠲᠥᠮᠥᠰᠥ ᠵᠢᠴᠢ ᠡᠯᠳᠡᠪ ᠠᠮᠤ ᠡᠯᠳᠡᠪ ᠪᠤᠷᠴᠠᠭ ᠵᠡᠷᠭᠡ ᠠᠮᠤ | ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠨ ᠪᠣᠯᠤᠨ᠎ᠠ᠂ ᠪᠣᠳᠠᠲᠠᠶ ᠪᠠᠷ ᠬᠡᠯᠡᠪᠡᠯ ᠥᠪᠡᠷ ᠤᠨ ᠳᠠᠭᠠᠭᠠᠴᠢᠯᠠᠭᠰᠠᠨ | ᠭᠠᠵᠠᠷ ᠢᠶᠠᠨ ᠠᠰᠢᠭᠯᠠᠨ ᠠᠮᠤ ᠪᠤᠳᠠᠭ᠎ᠠ ᠳᠠᠷᠢᠭᠰᠠᠨ ᠲᠠᠷᠢᠶᠠᠴᠢᠨ ᠵᠢᠴᠢ ᠭᠠᠵᠠᠷ ᠰᠢᠷᠣᠶ ᠪᠠᠨ ᠡᠷᠭᠢᠯᠲᠡ ᠳᠤ | ᠣᠷᠣᠭᠤᠯᠵᠤ ᠠᠮᠤ ᠪᠤᠳᠠᠭ᠎ᠠ ᠳᠠᠷᠢᠭᠰᠠᠨ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ | ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ ᠶᠢ ᠪᠠᠭᠲᠠᠭᠠᠨ᠎ᠠ᠃ | 2᠂ ᠠᠮᠤ ᠪᠤᠳᠠᠭ᠎ᠠ ᠲᠠᠷᠢᠵᠤ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ | ᠥᠷᠨᠢᠭᠦᠯᠵᠦ ᠪᠠᠶᠢᠭ᠎ᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡᠨ ᠤ ᠬᠤᠶᠠᠷ ᠲᠠᠯ᠎ᠠ ᠶᠢᠨ | ᠭᠡᠷ᠎ᠡ ︵ᠬᠡᠯᠡᠯᠴᠡᠭᠡᠷ︶ ᠶᠢᠨ ᠪᠣᠯᠵᠣᠯ ᠢ ᠦᠨᠳᠦᠰᠦᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠦᠨ᠎ᠡ ᠥᠰᠦᠭᠰᠡᠨ ᠠᠴᠠ ᠪᠤᠯᠵᠤ ᠥᠪᠡᠷ ᠤᠨ ᠦᠷᠳᠡᠭ ᠢ ᠨᠡᠮᠡᠭᠳᠡᠭᠦᠯᠦᠭᠰᠡᠨ ᠦᠢᠯᠡᠳᠪᠦᠷᠢᠯᠡᠭᠴᠢ ᠳᠤ ᠨᠥᠬᠦᠪᠥᠷᠢ | ᠥᠭᠴᠦ ᠪᠣᠯᠤᠨ᠎ᠠ᠃ | 3᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠠᠮᠤ ᠪᠤᠳᠠᠭ᠎ᠠ ᠲᠠᠷᠢᠬᠤ ᠬᠤᠪᠢ ᠬᠥᠮᠦᠨ ᠪᠠ ᠵᠣᠬᠢᠶᠠᠨ | ᠪᠠᠶᠢᠭᠤᠯᠤᠯᠲᠠ ᠳᠤ ᠪᠣᠯ ᠲᠣᠭᠲᠠᠭᠠᠭᠰᠠᠨ ᠡᠷᠭᠢᠯᠲᠡ ᠶᠢᠨ ᠭᠡᠷ᠎ᠡ ︵ᠬᠡᠯᠡᠯᠴᠡᠭᠡᠷ︶ ᠶᠢ ᠦᠨᠳᠦᠰᠦᠯᠡᠨ᠂ ᠨᠥᠬᠦᠪᠥᠷᠢ | ᠣᠯᠭᠤᠬᠤ ᠡᠲᠡᠭᠡᠳ ᠢ ᠲᠣᠭᠲᠠᠭᠠᠨ᠎ᠠ᠃ | ︵ᠬᠤᠶᠠᠷ︶ ᠲᠠᠯᠠᠪᠠᠶ ᠶᠢ ᠬᠢᠨᠠᠨ ᠬᠠᠷᠭᠤᠭᠤᠯᠬᠤ᠃ ᠡᠯ᠎ᠡ ᠰᠢᠶᠠᠩ ᠪᠠᠯᠭᠠᠰᠤ ᠨᠢ ᠣᠲᠣ ᠶᠢᠨ ᠪᠠᠶᠢᠭ᠎ᠠ ᠬᠠᠮᠢᠶ᠎ᠠ | ᠪᠥᠬᠦᠶ ᠨᠥᠬᠦᠪᠥᠷᠢ ᠶᠢ ᠦᠨᠳᠦᠰᠦᠯᠡᠨ ᠣᠯᠭᠤᠬᠤ ᠰᠠᠭᠤᠷᠢ ᠲᠤᠭ᠎ᠠ ᠪᠠᠷᠢᠮᠲᠠ ᠪᠠ ᠠᠮᠤ ᠪᠤᠳᠠᠭᠠᠨ ᠤ ᠲᠠᠷᠢᠮᠠᠯ ᠤᠨ | ᠳᠠᠭᠠᠳᠬᠠᠯ ᠤᠨ ᠳᠠᠭᠠᠳᠬᠠᠯ ᠤᠨ ᠲᠤᠭ᠎ᠠ ᠪᠠᠷᠢᠮᠲᠠ ᠶᠢ ᠦᠨᠳᠦᠰᠦᠯᠡᠨ ᠪᠣᠳᠠᠲᠠᠶ ᠳᠠᠷᠢᠬᠤ ᠲᠠᠯᠠᠪᠠᠶ ᠶᠢ ᠬᠢᠨᠠᠨ | ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ | ᠬᠤᠷᠢᠶᠠᠩᠭᠤᠶᠢᠯᠠᠨ᠎ᠠ᠃ | ︵ᠭᠤᠷᠪᠠ︶ ᠨᠥᠬᠦᠪᠥᠷᠢ ᠥᠭᠬᠦ ᠲᠤᠭ᠎ᠠ ᠬᠡᠮᠵᠢᠶ᠎ᠡ ᠵᠢᠴᠢ ᠨᠥᠬᠦᠪᠥᠷᠢ ᠥᠭᠬᠦ ᠠᠷᠭ᠎ᠠ ᠮᠠᠶ᠋ᠢᠭ᠃ ᠲᠠᠷᠢᠶᠠᠴᠢᠨ | ᠡᠷᠦᠭᠡ ︵ᠠᠵᠤ ᠠᠬᠤᠶᠢᠯᠠᠯ᠂ ᠬᠤᠷᠰᠢᠶ᠎ᠠ︶ ᠶᠢᠨ ᠨᠥᠬᠦᠪᠥᠷᠢ ᠪᠡᠯᠡ ᠮᠥᠩᠭᠦ = ᠶᠡᠷᠦᠩᠬᠡᠶ ᠪᠡᠯᠡ ᠮᠥᠩᠭᠦ ᠶᠢᠨ | ᠬᠡᠮᠵᠢᠶ᠎ᠡ ÷2021 ᠣᠨ ᠤ ᠪᠦᠬᠦ ᠰᠢᠶᠠᠨ ᠤ ᠪᠣᠳᠠᠲᠠᠶ ᠠᠮᠤ ᠪᠤᠳᠠᠭᠠᠨ ᠤ ᠲᠠᠷᠢᠮᠠᠯ ᠤᠨ ᠲᠠᠷᠢᠮᠠᠯ ᠤᠨ ᠶᠡᠷᠦᠩᠬᠡᠶ | ᠲᠠᠯᠠᠪᠠᠢ × 2021 ᠣᠨ ᠤ ᠲᠠᠷᠢᠶᠠᠴᠢᠨ ᠡᠷᠦᠭᠡ ︵ᠠᠵᠤ ᠠᠬᠤᠶᠢᠯᠠᠯ᠂ ᠬᠤᠷᠰᠢᠶ᠎ᠠ︶ ᠶᠢᠨ ᠪᠣᠳᠠᠲᠠᠶ ᠲᠠᠷᠢᠬᠰᠠᠨ | ᠲᠠᠯᠠᠪᠠᠢ᠃ ︽ᠪᠦᠷᠢᠨ ᠴᠢᠳᠠᠮᠵᠢᠲᠤ ᠺᠠᠷᠲ︾ ᠢᠶᠠᠷ ᠰᠢᠭᠤᠳ ᠨᠥᠬᠦᠪᠥᠷᠢ ᠣᠯᠭᠤᠬᠤ ᠠᠷᠭ᠎ᠠ ᠮᠠᠶ᠋ᠢᠭ ᠢ ᠠᠪᠴᠤ᠂ | ᠨᠥᠬᠦᠪᠥᠷᠢ ᠪᠡᠯᠡ ᠮᠥᠩᠭᠦ ᠶᠢ ᠪᠣᠳᠠᠲᠠᠶ ᠠᠮᠤ ᠪᠤᠳᠠᠭ᠎ᠠ ᠲᠠᠷᠢᠳᠠᠭ ᠲᠠᠷᠢᠶᠠᠴᠢᠳ ᠲᠤ ᠴᠠᠭ ᠲᠤᠬᠠᠶ ᠳᠤᠨᠢ ᠣᠯᠭᠤᠵᠤ᠂ | ᠪᠣᠳᠠᠲᠠᠶ ᠠᠮᠤ ᠪᠤᠳᠠᠭ᠎ᠠ ᠲᠠᠷᠢᠳᠠᠭ ᠲᠠᠷᠢᠶᠠᠴᠢᠳ ᠲᠤ ᠦᠨᠡᠨ ᠬᠦ ᠠᠰᠢᠭ ᠬᠦᠷᠲᠡᠭᠡᠨ᠎ᠡ᠃ | ︵ᠲᠥᠷᠪᠡ︶ ᠵᠠᠷᠯᠠᠨ ᠨᠡᠶᠢᠲᠡᠯᠡᠬᠦ᠃ ᠨᠥᠬᠦᠪᠥᠷᠢ ᠥᠭᠬᠦ ᠡᠲᠡᠭᠡᠳ᠂ ᠨᠥᠬᠦᠪᠥᠷᠢ ᠥᠭᠬᠦ ᠲᠠᠯᠠᠪᠠᠢ᠂ | ᠨᠥᠬᠦᠪᠥᠷᠢ ᠶᠢ ᠡᠷᠦᠬᠡ ᠳᠤ ᠬᠦᠷᠲᠡᠯ᠎ᠡ ᠣᠯᠭᠤᠬᠤ ᠪᠡᠯᠡ ᠮᠥᠩᠭᠦ ᠶᠢ ᠲᠤᠰ ᠵᠠᠰᠠᠭ ᠵᠠᠬᠢᠷᠭᠠᠨ ᠤ ᠲᠣᠰᠬᠤᠨ ᠤ | ᠬᠡᠪᠴᠢᠶᠡᠨ ᠳᠤ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠪᠠ ᠲᠣᠰᠬᠤᠨ ᠤ ᠳᠡᠰ ᠤᠨ ᠢᠯᠡ ᠨᠡᠶᠢᠲᠡᠯᠡᠬᠦ | ᠪᠤᠯᠤᠩ ᠢ ᠠᠰᠢᠭᠯᠠᠨ ᠢᠯᠡ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠢᠯᠡ ᠨᠡᠶᠢᠲᠡᠯᠡᠬᠦ | ᠬᠤᠭᠤᠴᠠᠭ᠎ᠠ ᠶᠢ 7 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠸᠠᠳᠧ ᠰᠢᠶᠠᠨ ᠤ | 2021 ᠣᠨ ᠤ ᠠᠮᠤ ᠪᠤᠳᠠᠭ᠎ᠠ ᠲᠠᠷᠢᠬᠤ ᠪᠣᠳᠠᠲᠠᠶ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ | ᠣᠯᠭᠤᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠠᠬᠢᠴᠠ ᠶᠢ ᠰᠢᠪᠠᠳᠠᠨ | ᠪᠠᠶᠢᠴᠠᠭᠠᠵᠤ᠂ ᠨᠥᠬᠦᠪᠥᠷᠢ ᠣᠯᠭᠤᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ᠃ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠡᠭᠦᠷᠭᠡ ᠨᠢ | ᠪᠣᠳᠠᠲᠠᠶ᠂ ᠬᠠᠷᠢᠭᠤᠴᠠᠯᠭ᠎ᠠ ᠶᠢ ᠬᠥᠮᠦᠨ ᠳᠤᠨᠢ ᠳᠠᠭᠠᠭᠠᠯᠭᠠᠵᠤ᠂ ᠨᠥᠬᠦᠪᠥᠷᠢ ᠣᠯᠭᠤᠬᠤ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠳᠤᠭᠤᠶᠢᠯᠠᠩ ᠤᠨ ᠳᠠᠷᠤᠭ᠎ᠠ᠄ ᠵᠠᠩ ᠭᠥᠸᠧ ᠷᠦᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠵᠧᠩ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠯᠢ ᠰᠢᠶᠤᠤ ᠹᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠠᠷᠤᠭ᠎ᠠ | ᠭᠡᠰᠢᠭᠦᠨ᠄ ᠸᠧᠢ ᠵᠢᠶᠧ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ | ᠵᠠᠩ ᠱᠢ ᠶᠠᠩ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠᠶ ᠰᠢᠤᠢ ᠳ᠋ᠦᠩ ᠰᠢᠶᠠᠨ ᠤ ᠬᠢᠨᠠᠨ ᠪᠣᠳᠣᠬᠤ ᠲᠣᠪᠴᠢᠶᠠᠨ ᠤ ᠳᠠᠷᠤᠭ᠎ᠠ | ᠭᠦᠸᠧ ᠭᠤᠸᠠᠩ ᠪᠢᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠯᠢᠦ ᠵᠢᠶᠠᠩ ᠾᠦᠩ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ | ᠬᠤᠸᠠᠳᠧ ᠰᠢᠶᠠᠨ ᠤ ᠰᠠᠯᠪᠤᠷᠢ ᠪᠠᠩᠬᠢ ᠶᠢᠨ ᠳᠠᠷᠤᠭ᠎ᠠ | ᠯᠢ ᠵᠢᠶ ᠴᠢᠶᠠᠩ ᠴᠠᠩᠱᠦ᠋ᠨ ᠪᠠᠯᠭᠠᠰᠤᠨ ᠤ ᠳᠠᠷᠤᠭ᠎ᠠ | ᠼᠤᠤ ᠵᠢᠶᠦ᠋ᠨ ᠴᠤᠤᠶᠠᠩ ᠪᠠᠯᠭᠠᠰᠤᠨ ᠤ ᠳᠠᠷᠤᠭ᠎ᠠ | ᠶᠠᠩ ᠴᠢᠩ ᠹᠧᠩ ᠪᠠᠶᠠᠨᠲᠠᠯ᠎ᠠ ᠰᠢᠶᠠᠩ ᠤᠨ ᠳᠠᠷᠤᠭ᠎ᠠ | ᠢᠦᠢ ᠫᠢᠩ ᠳᠡᠪᠡᠭᠡᠲᠤ ᠰᠢᠶᠠᠩ ᠤᠨ ᠳᠠᠷᠤᠭ᠎ᠠ | ᠵᠠᠩ ᠭᠦᠸᠧ ᠰᠢᠨ ᠳᠣᠯᠣᠳᠤᠭᠠᠷ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ | ᠬᠤᠸᠠᠩ ᠰᠢᠶᠤᠤ ᠪᠥᠸᠧ ᠭᠦᠨᠤᠯᠠᠭᠠᠨᠬᠤᠳᠳᠤᠭ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ | ᠡᠳ᠋ ᠤᠨ ᠵᠠᠰᠠᠭ ᠤᠨ ᠲᠣᠪᠴᠢᠶ᠎ᠠ ᠨᠥᠬᠦᠪᠥᠷᠢ ᠶᠢᠨ ᠪᠡᠯᠡ ᠮᠥᠩᠭᠦ ᠶᠢ ᠵᠣᠬᠢᠴᠠᠭᠤᠯᠤᠨ ᠣᠯᠭᠤᠬᠤ ᠪᠠ | ᠨᠥᠬᠦᠪᠥᠷᠢ ᠶᠢᠨ ᠪᠡᠯᠡ ᠮᠥᠩᠭᠦ ᠲᠠᠷᠬᠠᠭᠠᠬᠤ ᠶᠢ ᠬᠢᠨᠠᠵᠤ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠪᠣᠳᠠᠲᠠᠶ ᠳᠠᠷᠢᠬᠤ ᠲᠠᠯᠠᠪᠠᠶ ᠶᠢᠨ ᠲᠤᠭ᠎ᠠ ᠪᠠᠷᠢᠮᠲᠠ ᠶᠢ | ᠬᠤᠷᠢᠶᠠᠩᠭᠤᠶᠢᠯᠠᠵᠤ ᠰᠤᠭᠤᠴᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠨᠢ ᠦᠢᠯᠡᠳᠪᠦᠷᠢᠯᠡᠯ ᠤᠨ ᠥᠪᠡᠷ ᠤᠨ ᠥᠷᠲᠡᠭ ᠤᠨ ᠠᠰᠢᠭ ᠣᠷᠣᠯᠭ᠎ᠠ ᠪᠠ ᠵᠠᠬ᠎ᠠ ᠳᠡᠯᠭᠡᠭᠦᠷ ᠤᠨ ᠦᠨ᠎ᠡ | ᠬᠠᠩᠰᠢ ᠶᠢ ᠬᠢᠨᠠᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠢᠨᠠᠨ ᠪᠤᠳᠤᠬᠤ | ᠲᠣᠪᠴᠢᠶ᠎ᠠ ᠠᠴᠠ ᠨᠥᠬᠦᠪᠥᠷᠢ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠯ᠎ᠡ | ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ ᠪᠣᠳᠠᠲᠠᠶ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ | ᠬᠠᠷᠭᠤᠭᠤᠯᠤᠨ ᠪᠠᠶᠢᠴᠠᠭᠠᠵᠤ ᠬᠢᠨᠠᠨ ᠲᠣᠭᠲᠠᠭᠠᠬᠤ ᠪᠠ ᠨᠥᠬᠦᠪᠥᠷᠢ ᠥᠭᠭᠦᠭᠰᠡᠨ ᠪᠠᠶᠢᠳᠠᠯ ᠢ ᠢᠯᠡ ᠨᠡᠶᠢᠲᠡᠯᠡᠵᠦ ᠢᠯᠡ | ᠪᠣᠯᠭᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠣᠯᠭᠤᠬᠤ ᠶᠠᠪᠤᠴᠠ ᠶᠢ ᠵᠢᠷᠤᠮᠵᠢᠭᠤᠯᠤᠨ᠎ᠠ᠃ ᠨᠥᠬᠦᠪᠥᠷᠢ ᠶᠢ ᠣᠯᠭᠤᠬᠤ ᠠᠴᠠ ᠡᠮᠦᠨ᠎ᠡ | ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠵᠤ᠂ ᠣᠯᠭᠤᠬᠤ ᠶᠠᠪᠤᠴᠠ ᠳᠤ ᠲᠠᠰᠢᠷᠠᠮ | ᠳᠠᠭᠠᠤ ᠰᠤᠭᠤᠴᠢᠨ ᠪᠠᠶᠢᠴᠠᠭᠠᠵᠤ᠂ ᠡᠷᠦᠬᠡ ᠳᠤ ᠣᠯᠭᠤᠭᠰᠠᠨ ᠤ ᠳᠠᠷᠠᠭ᠎ᠠ ᠲᠤᠰᠬᠠᠶ ᠵᠦᠢᠯ ᠢᠶᠠᠷ ᠬᠠᠷᠭᠤᠭᠤᠯᠤᠨ | ᠪᠠᠶᠢᠴᠠᠭᠠᠬᠤ᠂ ᠲᠣᠮᠣ ᠳ᠋ᠠᠶᠢᠲ᠋ᠠ ᠶᠢᠨ ᠲᠤᠰᠠᠯᠠᠮᠵᠢ ᠶᠢ ᠬᠠᠷᠭᠤᠭᠤᠯᠬᠤ ᠵᠡᠷᠭᠡ ᠠᠵᠢᠯ ᠢ ᠥᠷᠨᠢᠭᠦᠯᠵᠦ᠂ ᠪᠠᠯᠠ | ᠮᠥᠩᠭᠦ ᠶᠢ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃ ᠨᠥᠬᠦᠪᠥᠷᠢ ᠶᠢ ᠢᠯᠡ | ᠨᠡᠶᠢᠲᠡᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠪᠣᠯᠤᠨ ᠣᠯᠠᠨ ᠲᠦᠮᠡᠨ ᠤ ᠬᠢᠨᠠᠯᠲᠠ ᠶᠢ | ᠬᠦᠯᠢᠶᠡᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠭᠤᠷᠪᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠡᠯᠡ ᠮᠥᠩᠭᠦ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ | ᠨᠥᠬᠦᠪᠥᠷᠢ ᠣᠯᠭᠤᠬᠤ ᠪᠠᠶᠢᠳᠠᠯ ᠢ ᠡᠵᠡᠮᠳᠡᠵᠦ᠂ ᠨᠥᠬᠦᠪᠥᠷᠢ ᠣᠯᠭᠤᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠶ ᠳᠤᠨᠢ ᠵᠠᠯᠠᠷᠠᠭᠤᠯᠤᠨ᠎ᠠ᠃ ᠮᠡᠬᠡᠯᠡᠨ ᠠᠪᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠤᠶᠤ | ᠲᠣᠭᠲᠠᠭᠠᠯ ᠠᠴᠠ ᠵᠥᠷᠢᠴᠡᠨ ᠲᠠᠷᠬᠠᠭᠠᠭᠰᠠᠨ ᠵᠡᠷᠭᠡ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ | ᠰᠢᠢᠳᠪᠤᠷᠢᠯᠡᠨ᠎ᠡ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠨ᠎ᠡ᠃ ᠡᠯ᠎ᠡ ᠰᠢᠶᠠᠩ ᠪᠠᠯᠭᠠᠰᠤᠨ ᠤ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠲᠣᠰᠬᠤᠨ ᠪᠣᠯᠭᠠᠨ ᠳᠤ ᠨᠡᠪᠲᠡᠷᠡᠭᠦᠯᠬᠦ ᠵᠡᠷᠭᠡ | ᠵᠠᠭᠤᠴᠢᠯᠠᠭᠤᠷ ᠢ ᠭᠦᠢᠴᠡᠳ ᠠᠰᠢᠭᠯᠠᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ | ᠡᠯ᠎ᠡ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠺᠠᠳ᠋ᠷ᠂ ᠲᠣᠰᠬᠤᠨ ᠤ ᠬᠤᠶᠠᠷ ᠵᠥᠪᠯᠡᠯ ᠤᠨ ᠺᠠᠳ᠋ᠷ | ᠨᠥᠬᠦᠪᠥᠷᠢ ᠶᠢᠨ ᠰᠢᠨᠵᠢ ᠴᠢᠨᠠᠷ ᠪᠠ ᠨᠥᠬᠦᠪᠥᠷᠢ ᠤᠯᠬᠤ ᠡᠲᠡᠭᠡᠳ ᠵᠡᠷᠭᠡ ᠲᠦᠷᠦ ᠶᠢᠨ ᠪᠤᠳᠤᠯᠭ᠎ᠠ ᠶᠢᠨ | ᠠᠭᠤᠯᠭ᠎ᠠ ᠶᠢᠨ ᠲᠣᠭᠤᠷᠢᠨ ᠳᠤ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ | ᠬᠡᠷᠡᠭᠲᠡᠢ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |