ᠪᠦᠬᠦ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠢ ᠪᠠᠲᠤᠯᠠᠵᠤ ᠦᠵᠡᠯ ᠰᠤᠷᠲᠠᠯ ᠤᠨ | ᠬᠡᠯᠪᠡᠷᠢᠰᠢᠯ ᠤᠨ ᠠᠮᠤᠷ ᠲᠦᠪᠰᠢᠨ ᠢ ᠬᠠᠮᠠᠭᠠᠯᠠᠶ᠎ᠠ — ᠬᠤᠸᠠᠳᠧ ᠰᠢᠶᠠᠨ ᠤ ᠰᠣᠶᠣᠯ ᠪᠠ ᠵᠢᠭᠤᠯᠴᠢᠯᠠᠯ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠳ᠋ᠢᠩ ᠹᠧᠩ ᠸᠧᠶ | | ᠰᠤᠷᠪᠤᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠦᠦ︖ ᠥᠨᠥᠳᠦᠷ ᠪᠢᠳᠡ ᠰᠢᠶᠠᠨ ᠤ ᠰᠣᠶᠣᠯ ᠪᠠ | ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠳ᠋ᠢᠩ ᠹᠧᠩ ᠸᠧᠶ ᠨᠥᠬᠦᠷ ᠢ ︽ᠰᠦᠯᠵᠢᠶᠡᠨ ᠳᠠᠬᠢ ᠰᠤᠷᠪᠤᠯᠵᠢᠯᠠᠭ᠎ᠠ︾ | ᠳᠡᠭᠡᠨ ᠵᠣᠯ ᠢᠶᠠᠷ ᠤᠷᠢᠵᠤ ᠠᠪᠴᠢᠷᠠᠯ᠎ᠠ᠂ ᠳ᠋ᠢᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠳ᠋ᠢᠩ ᠹᠧᠩ ᠸᠧᠶ᠄ ᠰᠠᠶᠢᠨ ᠪᠠᠶᠢᠵᠠᠭᠠᠨ᠎ᠠ ᠦᠦ︖ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ︽ | ᠰᠦᠯᠵᠢᠶᠡᠨ ᠳᠠᠬᠢ ᠰᠤᠷᠪᠤᠯᠵᠢᠯᠠᠭ᠎ᠠ︾ ᠪᠤᠯᠤᠩ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠮᠥᠨ ᠴᠦ | ᠲᠠ ᠪᠦᠬᠦᠨ ᠤ ᠰᠣᠶᠣᠯ ᠵᠢᠭᠤᠯᠴᠢᠯᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠰᠤᠷᠪᠤᠯᠵᠢᠯᠠᠭᠴᠢ᠄ ᠳ᠋ᠢᠩ ᠲᠣᠪᠴᠢᠶᠠᠨ ᠳᠠᠷᠤᠭ᠎ᠠ ᠡ᠂ ᠲᠠ ᠡᠩ ᠲᠡᠷᠢᠭᠦᠨ ᠳᠤ ᠡᠨᠡ ᠵᠢᠯ ᠤᠨ ᠪᠥᠬᠦ | ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ | ᠠᠪᠤᠭᠰᠠᠨ ᠠᠷᠭ᠎ᠠ ᠬᠡᠮᠵᠢᠶ᠎ᠡ ᠶᠢ ᠲᠠᠨᠢᠯᠴᠠᠭᠤᠯᠤᠭᠠᠳ ᠥᠭᠭᠦᠨ᠎ᠡ ᠦᠦ︖ | ᠳ᠋ᠢᠩ ᠹᠧᠩ ᠸᠧᠢ᠄ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠡᠯ᠎ᠡ | ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠬᠦ ᠪᠠ ᠬᠤᠷᠢᠭᠯᠠᠬᠤ ᠶᠢᠨ ᠲᠥᠯᠥᠭᠡ᠂ | ᠪᠢᠳᠡ ᠲᠦᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠰᠣᠶᠣᠯ ᠤᠨ ᠵᠠᠬ᠎ᠠ ᠳᠡᠯᠭᠡᠭᠦᠷ ᠤᠨ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | 1. ᠲᠠᠨᠢᠯᠲᠠ ᠪᠠᠨ ᠳᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠨ᠎ᠠ᠃ ᠰᠣᠶᠣᠯ ᠤᠨ ᠵᠠᠬ᠎ᠠ | ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠦᠬᠦ | ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ ᠴᠢᠬᠤᠯᠠ ᠠᠵᠢᠯ ᠤᠨ ᠵᠥᠪᠯᠡᠬᠦ | ᠵᠦᠢᠯ ᠳᠡᠭᠡᠨ ᠣᠷᠣᠭᠤᠯᠵᠤ᠂ ᠶᠠᠭ ᠥᠷᠨᠢᠭᠦᠯᠵᠦ ᠪᠠᠶᠢᠭ᠎ᠠ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ | ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ | ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰᠬᠠᠢ ᠬᠥᠮᠦᠨ ᠲᠣᠮᠢᠯᠠᠨ ᠬᠠᠷᠢᠭᠤᠴᠠᠭᠤᠯᠵᠠᠢ᠃ | 2. ᠤᠬᠠᠭᠤᠯᠭ᠎ᠠ ᠪᠠᠨ ᠴᠢᠩᠭᠠᠳᠬᠠᠵᠤ᠂ ᠦᠵᠡᠯ ᠤᠬᠠᠮᠰᠠᠷ ᠢᠶᠠᠨ ᠴᠢᠩᠭᠠᠳᠬᠠᠨ᠎ᠠ᠃ ᠵᠠᠭᠤᠴᠢ | ᠵᠠᠭᠤᠴᠢᠯᠠᠭᠤᠷ ᠢ ᠭᠦᠢᠴᠡᠳ ᠠᠰᠢᠭᠯᠠᠨ ᠠᠶᠤᠯ ᠥᠬᠡᠶ ᠦᠢᠯᠡᠳᠪᠤᠷᠢᠯᠡᠯ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠪᠠ ᠬᠠᠮᠢᠶ᠎ᠠ ᠪᠥᠬᠦᠶ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠠᠶᠦᠯᠭᠦᠢ ᠦᠢᠯᠡᠳᠪᠤᠷᠢᠯᠡᠯ ᠤᠨ | ᠠᠩᠬᠠᠷᠬᠤ ᠵᠦᠢᠯᠡᠰ ᠪᠠ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠡᠵᠡᠩᠨᠡᠯᠲᠡ ᠶᠢᠨ ᠥᠮᠴᠢᠲᠡᠨ ᠤ | ᠠᠶᠦᠯᠭᠦᠢ ᠦᠢᠯᠡᠳᠪᠤᠷᠢᠯᠡᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠲᠡᠳᠡᠨ ᠢ ᠰᠢᠮᠳᠠᠭᠤᠯᠵᠤ ᠪᠠᠶᠢᠭᠠᠳ | ᠡᠵᠡᠩᠨᠡᠯᠲᠡ ᠶᠢᠨ ᠲᠠᠯᠠᠪᠤᠷ ᠭᠠᠵᠠᠷ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠠᠤᠯᠢ ᠶᠣᠰᠣᠭᠠᠷ ᠡᠵᠡᠩᠨᠡᠬᠦ᠂ ᠬᠠᠤᠯᠢ ᠶᠢ ᠰᠠᠬᠢᠵᠤ ᠡᠵᠡᠩᠨᠡᠬᠦ ᠶᠢ | ᠪᠡᠶᠡᠯᠡᠭᠦᠯᠦᠨ᠎ᠡ᠃ | 3. ᠲᠤᠰᠬᠠᠶ ᠵᠦᠢᠯ ᠢᠶᠠᠷ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠪᠦᠬᠦ | ᠰᠢᠶᠠᠨ ᠤ ᠺᠢᠨᠣ᠋ ᠭᠠᠷᠭᠠᠬᠤ᠂ ᠬᠡᠪᠯᠡᠬᠦ ᠠᠵᠤ ᠠᠬᠤᠶᠢᠯᠠᠯ᠂ ᠳᠠᠭᠤᠤ ᠪᠥᠵᠢᠭ ᠵᠤᠭ᠎ᠠ ᠴᠡᠩᠭᠡᠯ ᠤᠨ ᠭᠠᠵᠠᠷ ᠪᠣᠯᠤᠨ | ᠰᠦᠯᠵᠢᠶᠡᠨ ᠤ ᠪᠠᠭᠠᠷ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠲᠤᠰᠬᠠᠶ | ᠵᠦᠢᠯ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠮᠤᠷ | ᠲᠦᠪᠰᠢᠨ ᠤ ᠪᠡᠯᠡᠳᠬᠡᠮᠵᠢ ᠨᠢ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢᠨ | ᠠᠵᠢᠯᠯᠠᠬᠤ ᠪᠠ ᠬᠠᠮᠠᠭᠠᠯᠠᠵᠤ ᠠᠷᠠᠴᠢᠯᠠᠬᠤ ᠨᠢ ᠬᠡᠪ ᠤᠨ ᠪᠠᠶᠢᠬᠤ ᠡᠰᠡᠬᠦ᠂ ᠵᠠᠰᠠᠵᠤ ᠴᠢᠮᠡᠭᠯᠡᠬᠦ ᠮᠠᠲ᠋ᠧᠷᠢᠶᠠᠯ᠂ | ᠴᠠᠬᠢᠯᠭᠠᠨ ᠤ ᠱᠤᠭᠤᠮ᠂ ᠭᠠᠯ ᠬᠡᠷᠡᠭᠯᠡᠬᠦ ᠴᠠᠬᠢᠯᠭᠠᠨ ᠤ ᠬᠠᠮᠢᠶᠠᠷᠤᠯᠲᠠ ᠨᠢ ᠵᠢᠷᠤᠮᠵᠢᠯ ᠲᠠᠢ ᠪᠠᠶᠢᠬᠤ ᠡᠰᠡᠬᠦ᠂ ᠠᠮᠤᠷ | ᠲᠦᠪᠰᠢᠨ ᠤ ᠨᠡᠪᠲᠡᠷᠡᠬᠦ ᠵᠠᠮ ᠨᠢ ᠰᠠᠭᠠᠳ ᠥᠬᠡᠶ ᠪᠠᠶᠢᠬᠤ ᠡᠰᠡᠬᠦ᠂ ᠭᠠᠯ ᠤᠨᠲᠠᠷᠠᠭᠠᠬᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠨᠢ ᠬᠦᠴᠦᠨ ᠲᠠᠢ ᠪᠠᠶᠢᠬᠤ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠬᠤ ᠶᠢᠨ | ᠬᠠᠮᠲᠤ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠃ | 4. ᠵᠢᠵᠢᠭᠦᠷᠯᠡᠬᠦ ᠪᠠᠨ ᠴᠢᠩᠭᠠᠳᠬᠠᠵᠤ᠂ ᠴᠢᠮᠡᠭᠡ ᠬᠤᠯᠪᠤᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨᠬᠦ | ᠪᠠᠲᠤᠯᠠᠨ᠎ᠠ᠃ ᠵᠢᠵᠢᠭᠦᠷᠯᠡᠬᠦ ᠲᠦᠷᠢᠮ ᠪᠠ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠤᠷᠢᠯᠡᠬᠦ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠪᠦᠷᠢ ᠵᠢᠵᠢᠭᠦᠷᠯᠡᠭᠴᠢ ᠶᠢ ᠳᠣᠭᠢᠷᠠᠭᠤᠯᠤᠨ ᠵᠢᠵᠢᠭᠦᠷᠯᠡᠭᠦᠯᠵᠦ᠂ ᠡᠳᠦᠷ | ᠲᠤᠲᠤᠮ ᠤᠨ ᠠᠵᠢᠯ ᠢ ᠰᠢᠢᠳᠪᠤᠷᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠭᠥᠯᠢᠶᠡᠨ | ᠠᠪᠴᠤ ᠰᠢᠢᠳᠪᠤᠷᠢᠯᠡᠬᠦ ᠶᠢᠨ ᠬᠠᠮᠲᠤ᠂ ᠰᠣᠶᠣᠯ ᠤᠨ ᠵᠠᠬ᠎ᠠ ᠳᠡᠯᠭᠡᠭᠦᠷ ᠤᠨ ᠢᠯᠡᠴᠢᠯᠡᠨ ᠮᠡᠳᠡᠭᠦᠯᠬᠦ ᠬᠠᠯᠠᠮᠰᠢᠯ | ᠤᠲᠠᠰᠤ ︽12318︾ ᠶᠢ 24 ᠴᠠᠭ ᠲᠤ ᠨᠡᠪᠲᠡᠷᠡᠭᠦᠯᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ | ᠢᠯᠡᠴᠢᠯᠡᠨ ᠮᠡᠳᠡᠭᠦᠯᠬᠦ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠤᠷᠢᠯᠡᠨ᠎ᠡ᠃ | ᠰᠤᠷᠪᠤᠯᠵᠢᠯᠠᠭᠴᠢ᠄ ᠳ᠋ᠢᠩ ᠲᠣᠪᠴᠢᠶᠠᠨ ᠳᠠᠷᠤᠭ᠎ᠠ ᠡ᠂ ᠵᠠᠯᠭᠠᠭᠠᠳ ᠲᠠ ᠦᠵᠡᠯ ᠰᠤᠷᠲᠠᠯ ᠤᠨ ᠬᠡᠯᠪᠡᠷᠢᠰᠢᠯ ᠤᠨ | ᠠᠮᠤᠷ ᠲᠦᠪᠰᠢᠨ ᠢ ᠬᠠᠮᠠᠭᠠᠯᠠᠭᠰᠠᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠳ᠋ᠢᠩ ᠹᠧᠩ ᠸᠧᠶ᠄ | ᠨᠢᠭᠡ ᠳᠤ᠂ ᠦᠵᠡᠯ ᠰᠤᠷᠲᠠᠯ ᠤᠨ ᠬᠡᠯᠪᠡᠷᠢᠰᠢᠯ ᠤᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠶ | ᠲᠠᠨᠢᠬᠤ ᠬᠡᠷᠡᠭᠲᠡᠶ᠃ ᠦᠵᠡᠯ ᠦᠵᠡᠯ ᠰᠤᠷᠲᠠᠯ ᠤᠨ ᠬᠡᠯᠪᠡᠷᠢᠰᠢᠯ ᠤᠨ ᠠᠵᠢᠯ ᠪᠣᠯ ᠨᠠᠮ ᠤᠨ ᠨᠢᠭᠡᠨ ᠲᠦᠢᠯ ᠤᠨ | ᠴᠢᠬᠤᠯᠠ ᠠᠵᠢᠯ ᠮᠥᠨ᠂ ᠲᠡᠷᠡ ᠨᠢ ᠲᠤᠭ ᠳᠡᠮᠳᠡᠭ ᠲᠠᠢ ᠬᠤᠯᠪᠣᠭᠳᠠᠵᠤ᠂ ᠵᠠᠮ ᠱᠤᠭᠤᠮ ᠲᠠᠢ ᠬᠤᠯᠪᠣᠭᠳᠠᠵᠤ᠂ | ᠤᠯᠤᠰ ᠣᠷᠣᠨ ᠤ ᠤᠯᠤᠰ ᠳᠦᠷᠦ ᠶᠢᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠦᠵᠡᠯ ᠰᠤᠷᠲᠠᠯ ᠤᠨ ᠬᠡᠯᠪᠡᠷᠢᠰᠢᠯ ᠨᠢ ᠰᠣᠶᠣᠯ ᠤᠨ | ᠤᠷᠤᠭᠰᠢᠯᠠᠯᠲᠠ ᠶᠢᠨ ᠴᠢᠭᠯᠡᠯ ᠪᠣᠯᠤᠨ ᠬᠥᠭᠵᠢᠯᠲᠡ ᠶᠢᠨ ᠵᠠᠮ ᠢ ᠲᠣᠭᠲᠠᠭᠠᠨ᠎ᠠ︾᠂ ︽ᠦᠵᠡᠯ ᠰᠤᠷᠲᠠᠯ ᠤᠨ | ᠬᠡᠯᠪᠡᠷᠢᠰᠢᠯ ᠤᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠬᠦ ᠬᠡᠷᠡᠭᠲᠡᠢ︾ ᠭᠡᠵᠦ ᠵᠢᠭᠠᠵᠤ ᠭᠠᠷᠭᠠᠵᠠᠢ᠂ | ᠡᠨᠡ ᠨᠢ ᠪᠢᠳᠡᠨ ᠤ ᠰᠢᠨ᠎ᠡ ᠪᠠᠶᠢᠳᠠᠯ ᠳᠣᠣᠷᠠᠬᠢ ᠦᠵᠡᠯ ᠰᠤᠷᠲᠠᠯ ᠤᠨ ᠬᠡᠯᠪᠡᠷᠢᠰᠢᠯ ᠤᠨ ᠠᠵᠢᠯ ᠢ ᠰᠠᠶᠢᠲᠤᠷ ᠬᠢᠬᠦ ᠳᠤ | ᠦᠨᠳᠦᠰᠦᠨ ᠵᠢᠷᠤᠮᠯᠠᠯ ᠬᠠᠩᠭᠠᠵᠠᠢ᠃ | ᠬᠤᠶᠠᠷ ᠲᠤ᠂ ᠦᠵᠡᠯ ᠰᠤᠷᠲᠠᠯ ᠤᠨ ᠬᠡᠯᠪᠡᠷᠢᠰᠢᠯ ᠤᠨ ᠠᠵᠢᠯ ᠤᠨ ᠲᠤᠬᠠᠶ ᠲᠥᠪ ᠬᠤᠷᠢᠶᠠᠨ ᠤ ᠰᠢᠢᠳᠪᠤᠷᠢᠲᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠲᠤᠭᠤᠰᠢᠯᠠᠭᠤᠯᠵᠤ᠂ ᠤᠯᠤᠰ ᠲᠦᠷᠦ ᠶᠢᠨ ᠴᠢᠭᠯᠡᠯ᠂ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠰᠢ ᠶᠢᠨ ᠲᠠᠯ᠎ᠠ ᠪᠠᠷ ᠵᠣᠭᠰᠣᠯᠲᠠ ᠪᠠᠲᠤ᠂ ᠲᠤᠭ ᠲᠡᠮᠳᠡᠭ | ᠲᠣᠳᠣᠷᠬᠠᠶ ᠪᠠᠶᠢᠬᠤ ᠬᠡᠷᠡᠭᠲᠡᠶ᠃ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠵᠠᠳᠠᠯᠤᠨ ᠰᠤᠳᠤᠯᠵᠤ ᠮᠠᠭᠠᠳᠯᠠᠬᠤ ᠪᠠᠨ | ᠴᠢᠩᠭᠠᠳᠬᠠᠵᠤ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ | ᠰᠢᠢᠳᠪᠦᠷᠢᠯᠡᠵᠦ᠂ ᠤᠷᠢᠳᠴᠢᠯᠠᠨ ᠮᠡᠳᠡᠭᠳᠡᠬᠦ ᠠᠴᠠ ᠡᠮᠦᠨ᠎ᠡ ᠰᠡᠷᠭᠡᠶᠢᠯᠡᠬᠦ ᠶᠢ ᠦᠨᠡᠨᠬᠦ ᠪᠡᠶᠡᠯᠡᠭᠦᠯᠵᠦ᠂ ᠠᠵᠢᠯ ᠤᠨ | ᠵᠥᠩᠨᠡᠯᠳᠦ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠨ᠎ᠠ᠃ | ᠭᠤᠷᠪᠠ ᠳᠤ᠂ ᠡᠭᠡᠯᠵᠢᠯᠡᠨ ᠬᠥᠳᠡᠯᠭᠡᠬᠦ ᠦᠢᠯᠡᠳᠦᠯ ᠢ ᠪᠦᠷᠢᠯᠳᠦᠭᠦᠯᠵᠦ᠂ ᠳᠠᠭᠤᠨ ᠨᠢᠭᠡᠲᠡᠢ ᠪᠣᠯᠭᠠᠬᠤ ᠶᠢ | ᠪᠠᠲᠤᠯᠠᠬᠤ ᠬᠡᠷᠡᠭᠲᠡᠢ᠃ ᠮᠠᠨ ᠤ ᠰᠣᠶᠣᠯ ᠵᠤᠭᠠᠴᠠᠯ ᠤᠨ ᠰᠠᠯᠠᠭ᠎ᠠ ᠮᠥᠴᠢᠷ ᠤᠨ ᠬᠢᠨ ᠰᠠᠭᠤᠷᠢᠨ ᠭᠠᠵᠠᠷ ᠤᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠢᠨᠲ᠋ᠧᠷ ᠰᠦᠯᠵᠢᠶᠡᠨ ᠤ ᠰᠡᠳᠬᠢᠬᠦᠢ ᠪᠣᠯᠤᠨ ᠰᠢᠨ᠎ᠡ ᠶᠢ ᠡᠭᠦᠳᠬᠦ ᠠᠷᠭ᠎ᠠ | ᠬᠡᠮᠵᠢᠶ᠎ᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠺᠠᠳ᠋ᠷ ᠠᠵᠢᠯᠳᠠᠨ ᠤ ᠦᠵᠡᠯ ᠰᠠᠨᠠᠭ᠎ᠠ | ᠲᠠᠨᠢᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ | ᠭᠠᠷᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠢ᠃ | ᠲᠦᠷᠪᠡ ᠳᠤ᠂ ᠦᠵᠡᠯ ᠰᠤᠷᠲᠠᠯ ᠤᠨ ᠬᠡᠯᠪᠡᠷᠢᠰᠢᠯ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠢ | ᠃ ᠦᠵᠡᠯ ᠰᠤᠷᠲᠠᠯ ᠤᠨ ᠬᠡᠯᠪᠡᠷᠢᠰᠢᠯ ᠤᠨ ᠠᠵᠢᠯ ᠢ ᠣᠨ ᠤ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠳᠤ ᠣᠷᠣᠭᠤᠯᠵᠤ᠂ ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ | ᠭᠤᠣᠯᠳᠠᠯᠭ᠎ᠠ ᠳᠤ ᠣᠷᠣᠭᠤᠯᠵᠤ᠂ ᠪᠣᠳᠠᠲᠠᠢ ᠠᠵᠢᠯ ᠤᠨ ᠠᠭᠤᠯᠭ᠎ᠠ ᠶᠢ ᠨᠠᠷᠢᠯᠢᠬᠵᠢᠭᠤᠯᠬᠤ ᠬᠡᠷᠡᠭᠲᠡᠢ᠃ ᠤᠳᠤᠷᠢᠳᠬᠤ | ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠥᠪᠡᠷ ᠢ ᠪᠠᠨ ᠪᠠᠶᠢᠴᠠᠭᠠᠬᠤ ᠪᠠ ᠣᠨ ᠤ ᠠᠵᠢᠯ ᠤᠨ | ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ | ᠦᠵᠡᠯ ᠰᠤᠷᠲᠠᠯ ᠤᠨ ᠬᠡᠯᠪᠡᠷᠢᠰᠢᠯ ᠤᠨ ᠠᠮᠤᠷ ᠲᠦᠪᠰᠢᠨ ᠤ ᠠᠵᠢᠯ ᠢ ᠠᠳᠬᠤᠬᠤ ᠬᠠᠷᠢᠭᠤᠴᠠᠯᠭᠠᠲᠤ | ᠰᠡᠳᠬᠢᠯᠭᠡ ᠪᠠᠨ ᠨᠡᠮᠡᠭᠳᠡᠭᠦᠯᠦᠨ᠎ᠡ᠃ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠᠷ ᠳᠠᠮᠵᠢᠭᠤᠯᠤᠨ᠂ ᠬᠤᠪᠢᠰᠬᠠᠯᠲᠤ ᠤᠳᠤᠮᠰᠢᠯ ᠢ ᠲᠠᠶᠢᠰᠠᠨ ᠳᠤ ᠣᠷᠣᠭᠤᠯᠵᠤ᠂ ︽ᠰᠢ ᠵᠦᠴᠦᠭᠡ ᠶᠢ | ᠬᠥᠳᠡᠭᠡ ᠬᠦᠷᠭᠡᠬᠦ︾᠂ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ︾᠂ ︽ᠣᠯᠠᠨ ᠲᠦᠮᠡᠨ ᠤ | ᠰᠣᠶᠣᠯ ᠤᠨ ᠠᠵᠢᠯᠯᠠᠭ᠎ᠠ︾ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠪᠠᠷ ᠲᠠᠪᠴᠠᠩ ᠪᠣᠯᠭᠠᠨ᠂ ᠨᠡᠶᠢᠭᠡᠮ | ᠨᠡᠶᠢᠲᠡ ᠳᠤ ᠨᠠᠩ ᠣᠯᠠᠨ ᠭᠠᠵᠠᠷ ᠣᠷᠣᠨ ᠤ ᠣᠨᠴᠠᠯᠢᠭ ᠢ ᠢᠯᠡᠷᠡᠭᠦᠯᠬᠦ ᠤᠷᠠᠨ ᠰᠠᠶᠢᠬᠠᠨ ᠤ ᠲᠣᠭᠯᠠᠯᠲᠠ ᠶᠢ | ᠬᠦᠷᠭᠡᠵᠦ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠣᠮ ᠤᠨ ᠰᠠᠩ ᠤᠨ ᠳᠡᠯᠡᠬᠡᠶ ᠶᠢᠨ | ᠨᠣᠮ ᠤᠩᠰᠢᠬᠤ ᠡᠳᠦᠷ ᠤᠨ ᠰᠢᠷᠢᠰ ᠤᠩᠰᠢᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ | ᠤᠩᠰᠢᠭᠴᠢᠳ ᠤᠨ ᠤᠩᠰᠢᠯᠭ᠎ᠠ ᠶᠢᠨ ᠤᠷᠮ᠎ᠠ ᠶᠢ ᠳᠡᠭᠡᠭᠰᠢᠯᠡᠭᠦᠯᠵᠦ᠂ ᠨᠣᠮ ᠤᠨ ᠦᠨᠦᠷ ᠬᠠᠩᠬᠤᠯᠤᠭᠰᠠᠨ ᠶᠣᠰᠣ | ᠮᠣᠷᠠᠯ ᠤᠨ ᠠᠭᠤᠷ ᠠᠮᠢᠰᠬᠤᠯ ᠢ ᠪᠤᠶ ᠪᠣᠯᠭᠠᠬᠤ ᠬᠡᠷᠡᠭᠲᠡᠶ᠃ ᠰᠣᠶᠣᠯ ᠤᠨ ᠵᠠᠬ᠎ᠠ ᠳᠡᠯᠭᠡᠭᠦᠷ ᠢ ᠴᠡᠴᠡᠭᠯᠡᠭᠦᠯᠦᠨ | ᠬᠥᠭᠵᠢᠭᠦᠯᠵᠦ᠂ ᠰᠣᠶᠣᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠦᠨᠡᠨ ᠬᠦ | ᠭᠦᠢᠴᠡᠳᠬᠡᠵᠦ᠂ ᠨᠢᠭᠡ ᠲᠠᠯ᠎ᠠ ᠪᠠᠷ ᠴᠡᠴᠡᠭᠯᠡᠭᠦᠯᠦᠨ ᠬᠥᠭᠵᠢᠭᠦᠯᠬᠦ ᠶᠢ ᠠᠳᠬᠤᠵᠤ᠂ ᠨᠢᠭᠡ ᠲᠠᠯ᠎ᠠ ᠪᠠᠷ | ᠬᠠᠮᠢᠶᠠᠷᠤᠯᠲᠠ ᠶᠢ ᠠᠳᠬᠤᠵᠤ᠂ ᠰᠣᠶᠣᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠲᠣᠭᠲᠠᠭᠠᠯ ᠠᠴᠠ ᠵᠥᠷᠢᠴᠡᠨ ᠡᠵᠡᠩᠨᠡᠬᠦ᠂ ᠬᠠᠤᠯᠢ ᠪᠤᠰᠤ ᠪᠠᠷ ᠡᠵᠡᠩᠨᠡᠬᠦ ᠶᠢᠨ ᠥᠷᠭᠡᠵᠢᠨ ᠳᠡᠯᠭᠡᠷᠡᠬᠦ ᠬᠠᠨᠳᠤᠰᠢ ᠶᠢ | ᠬᠤᠷᠢᠭᠯᠠᠵᠤ᠂ ᠮᠠᠨ ᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠨᠡᠶᠢᠭᠡᠮ ᠤᠨ ᠰᠣᠶᠣᠯ ᠤᠨ ᠣᠷᠴᠢᠨ ᠨᠥᠬᠦᠴᠡᠯ ᠢ ᠴᠡᠪᠡᠷᠰᠢᠭᠦᠯᠬᠦ ᠳᠤ ᠰᠠᠶᠢᠨ | ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠴᠡᠶ᠃ | ᠰᠤᠷᠪᠤᠯᠵᠢᠯᠠᠭᠴᠢ᠄ ᠳ᠋ᠢᠩ ᠲᠣᠪᠴᠢᠶᠠᠨ ᠳᠠᠷᠤᠭ᠎ᠠ ᠶᠢᠨ ᠪᠢᠳᠡᠨ ᠲᠠᠢ ᠰᠠᠨᠠᠯ ᠢᠶᠠᠨ ᠰᠣᠯᠢᠯᠴᠠᠨ | ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠂ ᠳ᠋ᠢᠩ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ | ᠳᠡᠮᠵᠢᠨ᠂ ᠪᠢᠳᠡ ᠬᠤᠸᠠᠳᠧ ᠰᠢᠶᠠᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠨᠠᠩ ᠭᠦᠨᠵᠡᠭᠡᠶ | ᠣᠶᠢᠯᠠᠭᠠᠯᠲᠠ ᠲᠠᠢ ᠪᠣᠯᠪᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠶ᠎ᠡ᠂ ᠳ᠋ᠢᠩ ᠲᠣᠪᠴᠢᠶᠠᠨ ᠳᠠᠷᠤᠭ᠎ᠠ ᠶᠢᠨ | ᠮᠠᠨ ᠤ ᠰᠤᠷᠪᠤᠯᠵᠢᠯᠠᠭ᠎ᠠ ᠳᠤ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ | ᠳ᠋ᠢᠩ ᠹᠧᠩ ᠸᠧᠶ᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂ | ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ | ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |