ᠬᠤᠸᠠᠳᠧ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠨᠦᠭᠦᠳ ᠲᠤ᠄ | ︽2021 ᠣᠨ ᠤ ᠬᠤᠸᠠᠳᠧ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠲᠦᠭᠡᠶ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | 2021 ᠣᠨ ᠤ 8 ᠰᠠᠷ᠎ᠠ ᠶᠢᠨ 9 | 2021 ᠣᠨ ᠤ ᠬᠤᠸᠠᠳᠧ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠴᠢ ᠳᠤ | ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠥᠰᠦᠯ | 2021 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠴᠢᠳ ᠲᠤ ᠨᠥᠬᠦᠪᠥᠷᠢ ᠥᠭᠬᠦ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽ | 2021 ᠣᠨ ᠤ ᠤᠯᠠᠭᠠᠨᠴᠠᠪ ᠬᠤᠲᠠ ᠶᠢᠨ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠮᠡᠳᠡᠭᠳᠡᠯ︾ ︵ᠤᠯᠠᠭᠠᠨᠴᠠᠪ ᠵᠠᠰᠠᠭ︖ ﹇2021﹈ 796 ᠳ᠋ᠤᠭᠠᠷ ᠲᠣᠭᠠᠲᠤ︶ ᠤᠯᠠᠭᠠᠨᠴᠠᠪ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽2021 ᠣᠨ ᠤ ᠤᠯᠠᠭᠠᠨᠴᠠᠪ ᠬᠤᠲᠠ ᠶᠢᠨ ᠬᠠᠭᠤᠷᠠᠶ ᠪᠠᠷ | ᠳᠠᠷᠢᠬᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠥᠰᠥᠭ ︹ 2021 ︺16 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ︽2021 ᠣᠨ ᠤ ᠬᠤᠸᠠᠳᠧ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ | ᠲᠠᠷᠢᠭᠴᠢ ᠳᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠡ᠂ | ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠷᠳᠡᠨᠢ | ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠬᠴᠢᠳ ᠤᠨ ᠦᠨᠳᠦᠰᠦᠨ ᠠᠰᠢᠭ ᠣᠷᠣᠯᠭ᠎ᠠ ᠶᠢ ᠪᠠᠲᠤᠯᠠᠵᠤ᠂ | ᠮᠠᠨ ᠤ ᠰᠢᠶᠠᠨ ᠤ ᠲᠠᠷᠢᠶᠠᠯᠠᠩ ᠤᠨ ᠥᠨᠳᠥᠷ ᠪᠦᠲᠦᠮᠵᠢᠲᠡᠢ ᠪᠣᠬᠢᠷᠲᠤᠯ ᠦᠭᠡᠢ ᠦᠷᠭᠦᠯᠵᠢᠯᠡᠨ ᠬᠥᠭᠵᠢᠬᠦ ᠶᠢ | ᠠᠬᠢᠭᠤᠯᠵᠤ᠂ ᠮᠠᠨ ᠤ ᠰᠢᠶᠠᠨ ᠤ ᠲᠥᠮᠥᠰᠥ ᠪᠠᠷ ᠭᠤᠣᠯ ᠪᠣᠯᠭᠠᠭᠰᠠᠨ ᠠᠵᠤ ᠦᠢᠯᠡᠰ ᠤᠨ ᠲᠡᠰ ᠳᠡᠪᠰᠢᠬᠦ ᠶᠢ | ᠠᠬᠢᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠨᠢᠭᠡᠳᠦᠯᠲᠡᠶ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠰᠢᠶᠠᠨ ᠤ ᠬᠡᠪᠴᠢᠶᠡᠨ ᠳᠠᠬᠢ ᠡᠷᠳᠡᠨᠢ ᠰᠢᠰᠢ᠂ | ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ ᠪᠦᠬᠦ ᠬᠤᠳᠠ ᠶᠢᠨ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ | ᠬᠡᠷᠡᠭᠵᠢᠭᠦᠯᠦᠨ᠎ᠡ᠃ | ︵ᠬᠤᠶᠠᠷ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠥᠷᠢ ᠶᠢᠨ ᠪᠠᠯᠠ ᠮᠥᠩᠭᠦ ᠶᠢᠨ ᠪᠠᠷᠢᠮᠵᠢᠶ᠎ᠠ ᠶᠢ | ᠲᠣᠳᠣᠷᠬᠠᠶ᠂ ᠴᠤᠪᠤᠷᠠᠯ ᠢ ᠵᠢᠷᠤᠮᠵᠢᠭᠤᠯᠤᠨ᠂ ᠶᠠᠪᠤᠴᠠ ᠶᠢ ᠢᠯᠡ ᠲᠣᠳᠣ ᠪᠠᠶᠢᠯᠭᠠᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠶᠢᠨ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠲᠤᠯᠠᠨ᠎ᠠ᠃ | ᠭᠤᠷᠪᠠ᠂ ᠬᠡᠷᠡᠭᠵᠢᠭᠦᠯᠬᠦ ᠠᠭᠤᠯᠭ᠎ᠠ | ︵ᠨᠢᠭᠡ︶ ᠨᠥᠬᠦᠪᠥᠷᠢ ᠥᠭᠬᠦ ᠬᠡᠪᠴᠢᠶ᠎ᠡ ᠪᠠ ᠳ᠋ᠦᠢᠰᠢᠶᠠᠩ | ᠡᠷᠳᠡᠨᠢ ᠰᠢᠰᠢ᠂ ᠰᠢᠷ᠎ᠠ ᠪᠤᠷᠴᠠᠭ ᠲᠠᠷᠢᠭᠴᠢ ᠳᠤ ᠨᠥᠬᠦᠪᠥᠷᠢ ᠥᠭᠬᠦ ᠬᠡᠪᠴᠢᠶ᠎ᠡ ᠪᠣᠯ ᠮᠠᠨ ᠤ ᠰᠢᠶᠠᠨ ᠤ 6 | ᠰᠢᠶᠠᠩ ᠪᠠᠯᠭᠠᠰᠤᠨ ᠤ ᠬᠠᠤᠯᠢ ᠶᠣᠰᠣᠨ ᠤ ᠲᠠᠷᠢᠶᠠᠨ ᠭᠠᠵᠠᠷ ᠳᠡᠭᠡᠷ᠎ᠡ ᠡᠷᠳᠡᠨᠢ ᠰᠢᠰᠢ᠂ ᠰᠢᠷ᠎ᠠ ᠪᠤᠷᠴᠠᠭ ᠳᠠᠷᠢᠵᠤ | ᠪᠠᠶᠢᠭ᠎ᠠ ᠲᠠᠷᠢᠶᠠᠴᠢᠳ ᠳᠤ ᠨᠥᠬᠦᠪᠥᠷᠢ ᠥᠭᠭᠦᠨ᠎ᠡ︔ ᠲᠥᠮᠥᠰᠥ ᠲᠠᠷᠢᠭᠴᠢ ᠳᠤ ᠨᠥᠬᠦᠪᠥᠷᠢ ᠥᠭᠬᠦ ᠬᠡᠪᠴᠢᠶ᠎ᠡ ᠵᠢᠴᠢ | ᠳ᠋ᠦᠢᠰᠢᠶᠠᠩ ︵ᠭᠤᠷᠪᠠᠨ ᠵᠦᠢᠯ ᠤᠨ ᠲᠦᠷᠦᠯ ᠵᠦᠢᠯ ᠪᠠᠭᠲᠠᠨ᠎ᠠ᠄ ᠨᠢᠭᠡ ᠳᠤ᠂ ᠨᠢᠭᠡᠳᠦᠭᠡᠷ ᠳᠡᠰ ᠤᠨ ᠦᠷ᠎ᠡ ᠶᠢᠨ | ᠲᠥᠮᠥᠰᠥ ᠠᠴᠠ ᠳᠡᠭᠡᠭᠰᠢᠬᠢ ᠲᠥᠮᠥᠰᠥ ᠪᠠ ᠪᠤᠰᠤᠳ ᠲᠥᠮᠥᠰᠥ ᠲᠠᠷᠢᠬᠴᠢᠳ ᠲᠤ ᠨᠥᠬᠦᠪᠥᠷᠢ ᠥᠭᠭᠦᠨ᠎ᠡ︔ | ᠬᠤᠶᠠᠷ ᠲᠤ᠂ ᠣᠷᠭᠠᠨᠢᠭ ᠬᠠᠭᠤᠷᠠᠶ ᠪᠠᠷ ᠳᠠᠷᠢᠬᠤ ᠲᠥᠮᠥᠰᠥ ᠶᠢᠨ ᠵᠢᠱᠢᠶ᠎ᠡ ᠦᠵᠡᠭᠦᠯᠬᠦ ᠣᠷᠣᠨ ᠤ ᠳᠣᠲᠣᠷ᠎ᠠ᠂ | ᠲᠥᠪᠯᠡᠷᠡᠨ ᠵᠠᠯᠭᠠᠯᠳᠤᠭᠰᠠᠨ ᠣᠷᠭᠠᠨᠢᠭ ᠬᠠᠭᠤᠷᠠᠶ ᠪᠠᠷ ᠳᠠᠷᠢᠬᠤ ᠰᠠᠭᠤᠷᠢᠨ ᠭᠠᠵᠠᠷ ᠲᠠᠢ᠂ ᠣᠷᠭᠠᠨᠢᠭ ᠬᠠᠭᠤᠷᠠᠶ ᠪᠠᠷ | ᠳᠠᠷᠢᠬᠤ ᠲᠠᠷᠢᠶᠠᠯᠠᠩ ᠤᠨ ᠦᠢᠯᠡᠳᠪᠤᠷᠢᠯᠡᠯ ᠤᠨ ᠠᠵᠢᠯᠯᠠᠬᠤ ᠮᠡᠷᠭᠡᠵᠢᠯ ᠤᠨ ᠲᠦᠷᠢᠮ ᠤᠨ ᠪᠠᠷᠢᠮᠵᠢᠶ᠎ᠠ ᠶᠢ ᠴᠢᠩᠭ᠎ᠠ | ᠵᠢᠷᠤᠮᠯᠠᠨ ᠦᠢᠯᠡᠳᠪᠤᠷᠢᠯᠡᠬᠦ ᠪᠠ ᠬᠠᠮᠢᠶᠠᠷᠬᠤ ᠶᠢᠨ ᠬᠠᠮᠲᠤ ᠦᠢᠯᠡᠳᠪᠤᠷᠢᠯᠡᠭᠰᠡᠨ ᠦᠢᠯᠡᠳᠬᠦᠨ ᠳᠡᠭᠡᠨ ᠣᠷᠭᠠᠨᠢᠭ | ᠭᠡᠷᠡᠴᠢᠯᠡᠯ ᠬᠢᠵᠦ ᠪᠠᠶᠢᠭ᠎ᠠ ᠠᠵᠤ ᠠᠬᠤᠶᠢᠯᠠᠯ᠂ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠣᠭᠴᠠ︔ ᠭᠤᠷᠪᠠ ᠳᠤ᠂ ᠬᠢᠯᠢ ᠶᠢᠨ ᠳᠣᠲᠣᠷᠠᠬᠢ ᠲᠥᠮᠥᠰᠥ ᠶᠢᠨ ᠵᠦᠰᠦᠮ᠂ ᠲᠥᠮᠥᠰᠥ ᠶᠢᠨ ᠢᠯᠲᠠᠰᠤ᠂ ᠪᠦᠬᠦ | ᠲᠠᠯ᠎ᠠ ᠶᠢᠨ ᠨᠤᠨᠲᠠᠭ ᠢ ᠪᠣᠯᠪᠠᠰᠤᠷᠠᠭᠤᠯᠬᠤ ᠠᠵᠤ ᠠᠬᠤᠶᠢᠯᠠᠯ ᠯᠤᠭ᠎ᠠ ᠭᠡᠷ᠎ᠡ ᠲᠣᠭᠲᠠᠵᠤ᠂ ᠪᠦᠲᠦᠮᠵᠢᠲᠡᠶ | ᠵᠠᠬᠢᠶᠠᠯᠠᠭ᠎ᠠ ᠶᠢᠨ ᠬᠠᠭᠤᠳᠠᠰᠤ ᠲᠠᠢ ᠲᠠᠷᠢᠭᠴᠢ ᠪᠣᠯᠵᠤ᠂ ᠡᠭᠦᠨ ᠤ ᠬᠠᠮᠲᠤ ᠵᠠᠬᠢᠶᠠᠯᠠᠭ᠎ᠠ ᠶᠢᠨ ᠬᠠᠭᠤᠳᠠᠰᠤ ᠳᠤ | ᠭᠠᠷ ᠤᠨ ᠥᠰᠥᠭ ᠵᠢᠷᠤᠭᠰᠠᠨ ᠲᠠᠷᠢᠮᠠᠯ ᠤᠨ ᠠᠵᠤ ᠠᠬᠤᠶᠢᠯᠠᠯ᠂ ᠲᠣᠮᠣ ᠡᠷᠦᠬᠡ ᠬᠢᠭᠡᠳ ᠡᠳ᠋ᠰᠢᠭᠦᠯᠬᠦ ᠠᠵᠤ | ᠠᠬᠤᠶᠢᠯᠠᠯ ᠨᠢ ᠭᠡᠷ᠎ᠡ ᠶᠢᠨ ᠪᠣᠯᠵᠤᠭ᠎ᠠ ᠶᠣᠰᠣᠭᠠᠷ ᠠᠷᠠᠯᠵᠢᠶ᠎ᠠ ᠬᠢᠭᠰᠡᠨ ᠪᠠᠶᠢᠪᠠᠯ᠂ ︽2021 ᠣᠨ ᠤ ᠤᠯᠠᠭᠠᠨᠴᠠᠪ | ᠬᠤᠲᠠ ᠶᠢᠨ ᠬᠠᠭᠤᠷᠠᠶ ᠪᠠᠷ ᠳᠠᠷᠢᠬᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠮᠡᠳᠡᠭᠳᠡᠯ︾ ︵ᠤᠯᠠᠭᠠᠨᠴᠠᠪ ᠠᠯᠪᠠᠨ ᠥᠰᠥᠭ ︹ 2021 ︺ 16 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠳᠠᠬᠢ ᠲᠥᠮᠥᠰᠥ ᠳᠠᠷᠢᠭᠰᠠᠳ ᠤᠨ ᠬᠠᠮᠢᠶ᠎ᠠ ᠪᠥᠬᠦᠶ ᠠᠭᠤᠯᠭ᠎ᠠ ᠶᠢᠨ ᠶᠣᠰᠣᠭᠠᠷ ᠬᠡᠷᠡᠭᠵᠢᠭᠦᠯᠦᠨ᠎ᠡ | ᠃ | ︵ᠬᠤᠶᠠᠷ︶ ᠨᠥᠬᠦᠪᠥᠷᠢ ᠥᠭᠬᠦ ᠪᠠᠷᠢᠮᠵᠢᠶ᠎ᠠ | 1. ᠡᠷᠳᠡᠨᠢ ᠰᠢᠰᠢ᠂ ᠰᠢᠷ᠎ᠠ ᠪᠤᠷᠴᠠᠭ ᠲᠠᠷᠢᠭᠴᠢ ᠳᠤ ᠨᠥᠬᠦᠪᠥᠷᠢ ᠥᠭᠬᠦ ᠪᠠᠷᠢᠮᠵᠢᠶ᠎ᠠ ᠶᠢ ᠡᠯ᠎ᠡ ᠰᠢᠶᠠᠩ | ᠪᠠᠯᠭᠠᠰᠤᠨ ᠤ ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠦ ᠬᠤᠷᠢᠶᠠᠩᠭᠤᠶᠢᠯᠠᠭᠰᠠᠨ ᠤ | ᠳᠠᠷᠠᠭᠠᠬᠢ ᠲᠤᠬᠠᠶ ᠶᠢᠨ ᠵᠢᠯ ᠤᠨ ᠪᠥᠬᠦ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠤᠨ ᠪᠣᠳᠠᠲᠠᠶ ᠳᠠᠷᠢᠭᠰᠠᠨ | ᠲᠠᠯᠠᠪᠠᠶ ᠶᠢᠨ ᠶᠣᠰᠣᠭᠠᠷ ᠨᠢᠭᠡᠴᠢ ᠶᠢᠨ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠨ᠎ᠠ︔ ᠲᠥᠮᠥᠰᠥ | ᠲᠠᠷᠢᠭᠴᠢᠳ ᠲᠤ ᠨᠥᠬᠦᠪᠥᠷᠢ ᠥᠭᠬᠦ ᠪᠠᠷᠢᠮᠵᠢᠶ᠎ᠠ ︵ᠨᠢᠭᠡ ᠳᠤ᠂ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠠᠴᠠ | ᠳᠡᠭᠡᠭᠰᠢᠬᠢ ᠲᠥᠮᠥᠰᠥ ᠪᠠ ᠪᠤᠰᠤᠳ ᠲᠥᠮᠥᠰᠥ ᠲᠠᠷᠢᠬᠴᠢᠳ ᠢ ᠬᠡᠷᠡᠭᠯᠡᠬᠦ ᠳᠤ᠂ ᠡᠯ᠎ᠡ ᠰᠢᠶᠠᠩ ᠪᠠᠯᠭᠠᠰᠤᠨ ᠤ | ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠦ ᠬᠤᠷᠢᠶᠠᠩᠭᠤᠶᠢᠯᠠᠭᠰᠠᠨ ᠤ ᠳᠠᠷᠠᠭᠠᠬᠢ | ᠲᠤᠬᠠᠶ ᠶᠢᠨ ᠵᠢᠯ ᠤᠨ ᠪᠦᠬᠦ ᠰᠢᠶᠠᠨ ᠤ ᠪᠣᠳᠠᠲᠠᠶ ᠲᠠᠷᠢᠬᠤ ᠲᠠᠯᠠᠪᠠᠢ ᠶᠢᠨ ᠶᠣᠰᠣᠭᠠᠷ᠂ ᠨᠢᠭᠡᠴᠢ ᠨᠥᠬᠦᠪᠥᠷᠢ ᠶᠢᠨ | ᠪᠠᠷᠢᠮᠵᠢᠶ᠎ᠠ ᠶᠢ ᠲᠣᠭᠲᠠᠭᠠᠨ᠎ᠠ︔ ᠬᠤᠶᠠᠷ ᠲᠤ᠂ ᠣᠷᠭᠠᠨᠢᠭ ᠬᠠᠭᠤᠷᠠᠶ ᠪᠠᠷ ᠲᠥᠮᠥᠰᠥ ᠳᠠᠷᠢᠬᠤ ᠪᠠ ᠲᠥᠮᠥᠰᠥ | ᠡᠳ᠋ᠰᠢᠭᠦᠯᠬᠦ ᠳᠤ ᠲᠤᠰᠬᠠᠶ ᠬᠡᠷᠡᠭᠯᠡᠬᠦ ᠲᠥᠮᠥᠰᠥ ᠶᠢᠨ ᠵᠠᠬᠢᠶᠠᠯᠠᠭ᠎ᠠ ᠪᠠᠷ ᠳᠠᠷᠢᠭᠰᠠᠳ ᠲᠤ ᠨᠥᠬᠦᠪᠥᠷᠢ ᠥᠭᠬᠦ | ᠪᠠᠷᠢᠮᠵᠢᠶ᠎ᠠ ᠶᠢ 150 ᠲᠥᠭᠦᠷᠢᠭ \ ᠮᠥ ᠪᠦᠷᠢ ᠳᠤ ᠥᠭᠭᠦᠨ᠎ᠡ︔ ᠭᠤᠷᠪᠠ ᠳᠤ᠂ ᠲᠥᠮᠥᠰᠥ ᠲᠠᠷᠢᠬᠰᠠᠳ ᠤᠨ | ᠨᠥᠬᠦᠪᠥᠷᠢ᠂ ᠣᠷᠭᠠᠨᠢᠭ ᠬᠠᠭᠤᠷᠠᠢ ᠶᠢᠨ ᠲᠥᠮᠥᠰᠥ ᠲᠠᠷᠢᠬᠰᠠᠳ ᠤᠨ ᠨᠥᠬᠦᠪᠥᠷᠢ᠂ ᠲᠥᠮᠥᠰᠥ ᠡᠳ᠋ᠰᠢᠭᠦᠯᠬᠦ ᠳᠤ | ᠲᠤᠰᠬᠠᠢ ᠬᠡᠷᠡᠭᠯᠡᠬᠦ ᠲᠥᠮᠥᠰᠥ ᠵᠠᠬᠢᠶᠠᠯᠠᠭᠰᠠᠳ ᠤᠨ ᠨᠥᠬᠦᠪᠥᠷᠢ ᠭᠤᠷᠪᠠ ᠳᠤ ᠵᠥᠪᠬᠡᠨ ᠲᠡᠭᠦᠨ ᠤ ᠳᠣᠲᠣᠷᠠᠬᠢ ᠨᠢᠭᠡ | ᠵᠦᠢᠯ ᠤᠨ ᠨᠥᠬᠦᠪᠥᠷᠢ ᠶᠢ ᠬᠦᠷᠳᠡᠨ᠎ᠠ︶ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ 2021 ᠣᠨ ᠤ ᠤᠯᠠᠭᠠᠨᠴᠠᠪ ᠬᠤᠲᠠ ᠶᠢᠨ ᠬᠠᠭᠤᠷᠠᠶ ᠪᠠᠷ ᠳᠠᠷᠢᠬᠤ ᠲᠥᠮᠥᠰᠥ ᠶᠢᠨ ᠠᠵᠤ ᠦᠢᠯᠡᠰ ᠤᠨ | ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︹ 2021 ︺ 16 ᠳ᠋ᠤᠭᠠᠷ ᠲᠣᠭᠠᠲᠤ︶ | ᠤᠨ ᠪᠢᠴᠢᠭ ᠮᠠᠲ᠋ᠧᠷᠢᠶᠠᠯ ᠳᠠᠬᠢ ᠲᠥᠮᠥᠰᠥ ᠳᠠᠷᠢᠭᠰᠠᠳ ᠤᠨ ᠬᠠᠮᠢᠶ᠎ᠠ ᠪᠥᠬᠦᠶ ᠠᠭᠤᠯᠭ᠎ᠠ ᠶᠢᠨ ᠶᠣᠰᠣᠭᠠᠷ | ᠬᠡᠷᠡᠭᠵᠢᠭᠦᠯᠦᠨ᠎ᠡ᠃ | 2. ᠨᠥᠬᠦᠪᠥᠷᠢ ᠪᠡᠯᠡ ᠮᠥᠩᠭᠦ ᠶᠢ ᠬᠠᠮᠢᠶᠠᠷᠬᠤ ᠪᠠ ᠣᠯᠭᠤᠬᠤ᠃ ᠨᠥᠬᠦᠪᠥᠷᠢ ᠶᠢᠨ ᠪᠠᠯᠠ ᠮᠥᠩᠭᠦ ᠶᠢ ᠡᠯ᠎ᠡ | ᠱᠠᠲᠤᠨ ᠤ ᠠᠮᠤ ᠪᠤᠳᠠᠭᠠᠨ ᠤ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠶ ᠲᠠᠩᠰᠠᠨ ᠡᠷᠦᠬᠡ ᠳᠤ | ᠣᠷᠣᠭᠤᠯᠤᠨ ᠬᠠᠮᠢᠶᠠᠷᠴᠤ᠂ ᠲᠤᠰᠬᠠᠶ ᠲᠠᠩᠰᠠᠨ ᠡᠷᠦᠬᠡ ᠶᠢᠨ ᠳᠣᠲᠣᠷᠠᠬᠢ ᠪᠤᠰᠤᠳ ᠨᠥᠬᠦᠪᠥᠷᠢ ᠶᠢᠨ ᠪᠠᠯᠠ | ᠮᠥᠩᠭᠦ ᠯᠦᠭᠡ ᠲᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠠᠭᠠᠷ ᠲᠤᠰᠬᠠᠨ᠎ᠠ᠂ ᠬᠠᠷᠢᠯᠴᠠᠨ ᠬᠤᠯᠢᠯᠳᠤᠭᠤᠯᠤᠨ | ᠬᠡᠷᠡᠭᠯᠡᠵᠦ ᠪᠣᠯᠬᠤ ᠥᠬᠡᠶ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠤᠳᠠ ᠶᠢᠨ ᠡᠳ᠋ ᠤᠨ ᠵᠠᠰᠠᠭ ᠤᠨ | ᠨᠥᠬᠦᠪᠥᠷᠢ ᠪᠡᠯᠡ ᠮᠥᠩᠭᠦ ᠶᠢ ᠣᠯᠤᠭᠰᠠᠨ ᠤ ᠲᠠᠷᠠᠭ᠎ᠠ᠂ ᠰᠢᠶᠠᠩ ᠪᠠᠯᠭᠠᠰᠤᠨ ᠤ ᠳᠡᠭᠡᠭᠰᠢ ᠮᠡᠳᠡᠭᠦᠯᠦᠭᠰᠡᠨ | ᠲᠠᠷᠢᠮᠠᠯ ᠤᠨ ᠲᠠᠯᠠᠪᠠᠢ ᠶᠢ ᠦᠨᠳᠦᠰᠦᠯᠡᠨ᠂ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠭᠰᠠᠨ ᠤ ᠲᠠᠷᠠᠭ᠎ᠠ᠂ ᠪᠡᠯᠡ | ᠮᠥᠩᠭᠦ ᠶᠢ ᠴᠠᠭ ᠲᠤᠬᠠᠶ ᠳᠤᠨᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠳᠤ ᠪᠠᠶᠢᠭᠤᠯᠤᠭᠰᠠᠨ ᠠᠮᠤ ᠪᠤᠳᠠᠭᠠᠨ ᠤ ᠠᠶᠤᠯ ᠲᠦᠭᠰᠢᠭᠦᠷᠢ ᠶᠢᠨ ᠰᠠᠭᠤᠷᠢ | ᠮᠥᠩᠭᠦᠨ ᠤ ᠲᠤᠰᠬᠠᠶ ᠲᠠᠩᠰᠠᠨ ᠡᠷᠦᠭᠡ ᠳᠤ ᠰᠢᠯᠵᠢᠭᠦᠯᠦᠨ ᠥᠭᠭᠦᠨ᠎ᠡ᠃ ᠰᠢᠶᠠᠨ ᠤ ᠡᠳ᠋ ᠤᠨ ᠵᠠᠰᠠᠭ ᠤᠨ | ᠲᠣᠪᠴᠢᠶ᠎ᠠ ᠠᠴᠠ ᠰᠢᠶᠠᠩ ᠪᠠᠯᠭᠠᠰᠤ ᠰᠤᠮᠤ ᠶᠢᠨ ᠬᠢᠨᠠᠨ ᠬᠠᠷᠭᠤᠭᠤᠯᠤᠭᠠᠳ ᠳᠡᠭᠡᠭᠰᠢ ᠮᠡᠳᠡᠭᠦᠯᠦᠭᠰᠡᠨ ᠡᠷᠳᠡᠨᠢ ᠰᠢᠰᠢ᠂ | ᠰᠢᠷ᠎ᠠ ᠪᠤᠷᠴᠠᠭ ᠪᠠ ᠲᠥᠮᠥᠰᠥ ᠲᠠᠷᠢᠭᠴᠢ ᠶᠢᠨ ᠨᠡᠷᠡᠰ ᠤᠨ ᠪᠦᠷᠢᠳᠬᠡᠯ ᠢ ᠦᠨᠳᠦᠰᠦᠯᠡᠨ ᠨᠥᠬᠦᠪᠥᠷᠢ ᠪᠡᠯᠡ | ᠮᠥᠩᠭᠦ ᠶᠢ ︽ᠪᠦᠷᠢᠨ ᠴᠢᠳᠠᠮᠵᠢᠲᠤ ᠺᠠᠷᠲ︾ ᠵᠡᠷᠭᠡ ᠪᠠᠷ ᠳᠠᠮᠵᠢᠭᠤᠯᠤᠨ ᠡᠷᠳᠡᠨᠢ ᠰᠢᠰᠢ᠂ ᠰᠢᠷ᠎ᠠ ᠪᠤᠷᠴᠠᠭ ᠪᠠ | ᠲᠥᠮᠥᠰᠥ ᠲᠠᠷᠢᠭᠴᠢ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠣᠯᠭᠤᠵᠤ ᠥᠭᠭᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠶ | ᠮᠠᠨ ᠤ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠠᠵᠢᠯ ᠢ | ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠬᠤᠸᠠᠳᠧ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ | ᠲᠠᠷᠢᠭᠴᠢ ᠳᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠢ ᠣᠨᠴᠠᠭᠠᠶᠢᠯᠠᠨ ᠪᠠᠶᠢᠭᠤᠯᠵᠤ᠂ ᠪᠦᠷᠢᠯᠳᠦᠬᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠰᠢᠶᠤᠤ ᠵᠧᠨ ᠢᠦᠶ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠵᠧᠩ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ | ᠳᠠᠷᠤᠭ᠎ᠠ | ᠯᠢ ᠰᠢᠶᠤᠤ ᠹᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠠᠷᠤᠭ᠎ᠠ | ᠯᠢᠦᠶ ᠰᠢᠶᠠᠩ ᠢᠦᠶ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠪᠦᠷᠢᠯᠳᠦᠬᠦᠨ᠄ ᠭᠦᠸᠧ ᠭᠤᠸᠠᠩ ᠪᠢᠩ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ | ᠵᠠᠩ ᠱᠢ ᠶᠢᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ | ᠯᠢ ᠵᠢᠶ ᠴᠢᠶᠠᠩ ᠴᠠᠩᠱᠦ᠋ᠨ ᠪᠠᠯᠭᠠᠰᠤᠨ ᠤ ᠳᠠᠷᠤᠭ᠎ᠠ | ᠼᠤᠤ ᠵᠢᠶᠦ᠋ᠨ ᠴᠤᠤᠶᠠᠩ ᠪᠠᠯᠭᠠᠰᠤᠨ ᠤ ᠳᠠᠷᠤᠭ᠎ᠠ | ᠶᠠᠩ ᠴᠢᠩ ᠹᠧᠩ ᠪᠠᠶᠠᠨᠲᠠᠯ᠎ᠠ ᠰᠢᠶᠠᠩ ᠤᠨ ᠳᠠᠷᠤᠭ᠎ᠠ | ᠢᠦᠢ ᠫᠢᠩ ᠳᠡᠪᠡᠭᠡᠲᠤ ᠰᠢᠶᠠᠩ ᠤᠨ ᠳᠠᠷᠤᠭ᠎ᠠ | ᠵᠠᠩ ᠭᠦᠸᠧ ᠰᠢᠨ ᠳᠣᠯᠣᠳᠤᠭᠠᠷ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ | ᠬᠤᠸᠠᠩ ᠰᠢᠶᠤᠤ ᠪᠥᠸᠧ ᠭᠦᠨᠤᠯᠠᠭᠠᠨᠬᠤᠳᠳᠤᠭ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠤᠷᠬᠠᠶᠢᠯᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠰᠠᠶᠢᠲᠤᠷ ᠬᠢᠬᠦ ᠶᠢ ᠬᠠᠷᠢᠭᠤᠴᠠᠵᠤ᠂ ᠣᠯᠠᠨ ᠡᠰᠢᠵᠢᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ | ᠵᠢᠯᠣᠭᠤᠳᠴᠤ ᠪᠠᠶᠢᠭᠠᠳ ᠢᠳᠡᠪᠬᠢᠲᠡᠶ ᠪᠠᠷ ᠵᠠᠬ᠎ᠠ ᠳᠡᠯᠭᠡᠭᠦᠷ ᠲᠤ ᠣᠷᠣᠵᠤ ᠡᠷᠳᠡᠨᠢ ᠰᠢᠰᠢ ᠬᠤᠳᠠᠯᠳᠤᠨ ᠠᠪᠬᠤ | ᠵᠡᠷᠭᠡ ᠠᠵᠢᠯ ᠢ ᠰᠠᠶᠢᠲᠤᠷ ᠬᠢᠵᠦ᠂ ︽ᠮᠠᠭᠤ ᠠᠮᠤ︾ ᠪᠠ ︽ᠠᠮᠤ ᠪᠤᠳᠠᠭ᠎ᠠ ᠬᠤᠳᠠᠯᠳᠤᠬᠤ ᠳᠤ ᠬᠦᠴᠢᠷ︾ | ᠭᠠᠷᠬᠤ ᠶᠢ ᠰᠡᠷᠭᠡᠶᠢᠯᠡᠨ᠎ᠡ᠃ ᠡᠳ᠋ ᠤᠨ ᠵᠠᠰᠠᠭ ᠤᠨ ᠲᠣᠪᠴᠢᠶ᠎ᠠ ᠠᠴᠠ ᠨᠥᠬᠦᠪᠥᠷᠢ ᠶᠢᠨ ᠪᠡᠯᠡ ᠮᠥᠩᠭᠦ ᠶᠢ ᠵᠢᠱᠢᠨ | ᠪᠣᠳᠣᠬᠤ᠂ ᠰᠠᠯᠭᠠᠨ ᠥᠭᠬᠦ ᠪᠠ ᠨᠥᠬᠦᠪᠥᠷᠢ ᠶᠢᠨ ᠪᠡᠯᠡ ᠮᠥᠩᠭᠦ ᠣᠯᠭᠤᠬᠤ ᠳᠤ ᠬᠢᠨᠠᠯᠲᠠ ᠲᠠᠯᠪᠢᠵᠤ ᠵᠢᠯᠣᠭᠤᠳᠬᠤ | ᠵᠡᠷᠭᠡ ᠠᠵᠢᠯ ᠢ ᠬᠠᠷᠢᠭᠤᠴᠠᠨ᠎ᠠ᠃ ᠲᠤᠭ᠎ᠠ ᠪᠦᠷᠢᠳᠬᠡᠯ ᠤᠨ ᠲᠣᠪᠴᠢᠶ᠎ᠠ ᠬᠢᠭᠡᠳ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠨᠢ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠶᠢᠨ ᠪᠣᠳᠠᠲᠠᠶ ᠳᠠᠷᠢᠭᠰᠠᠨ | ᠲᠠᠯᠠᠪᠠᠶ ᠶᠢᠨ ᠲᠤᠭ᠎ᠠ ᠪᠠᠷᠢᠮᠲᠠ ᠶᠢ ᠪᠦᠷᠢᠳᠬᠡᠨ ᠪᠠᠶᠢᠴᠠᠭᠠᠬᠤ ᠵᠢᠴᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ | | ︵ᠭᠤᠷᠪᠠ︶ ᠨᠥᠬᠦᠪᠥᠷᠢ ᠥᠭᠬᠦ ᠲᠠᠯᠠᠪᠠᠢ᠂ ᠪᠡᠯᠡ ᠮᠥᠩᠭᠦ ᠶᠢ ᠢᠯᠡ ᠨᠡᠶᠢᠲᠡᠯᠡᠬᠦ ᠪᠠ ᠮᠡᠳᠡᠭᠡ ᠵᠠᠩᠭᠢ ᠶᠢᠨ | ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ᠎ᠠ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ 2021 ᠣᠨ ᠤ ᠮᠠᠨ ᠤ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ | ᠲᠠᠷᠢᠭᠴᠢ ᠳᠤ ᠨᠥᠬᠦᠪᠥᠷᠢ ᠥᠭᠬᠦ ᠲᠠᠯᠠᠪᠠᠢ ᠶᠢ ᠬᠢᠨᠠᠨ ᠬᠠᠷᠭᠤᠭᠤᠯᠬᠤ ᠪᠠ ᠪᠡᠯᠡ ᠮᠥᠩᠭᠦ ᠲᠠᠷᠬᠠᠭᠠᠬᠤ ᠵᠡᠷᠭᠡ | ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠳᠠᠷᠢᠬᠤ ᠲᠠᠯᠠᠪᠠᠶ ᠶᠢ ᠬᠢᠨᠠᠨ ᠬᠠᠷᠭᠤᠭᠤᠯᠬᠤ ᠳᠤ ᠡᠷᠬᠡᠪᠰᠢ | ᠳᠣᠤᠷᠠᠬᠢ ᠲᠠᠰ ᠳᠠᠷᠠᠭᠠᠯᠠᠯ ᠢᠶᠠᠷ ᠬᠢᠬᠦ ᠬᠡᠷᠡᠭᠲᠡᠶ᠄ | 1. ᠡᠩ ᠲᠡᠷᠢᠭᠦᠨ ᠳᠤ ᠲᠠᠷᠢᠮᠠᠯ ᠤᠨ ᠡᠷᠦᠬᠡ ᠴᠠᠭ ᠲᠤᠬᠠᠶ ᠳᠤᠨᠢ ᠭᠠᠴᠠᠭᠠᠨ ᠤ ᠠᠷᠠᠳ ᠤᠨ ᠵᠥᠪᠯᠡᠯ ᠳᠤ | ᠮᠡᠳᠡᠭᠦᠯᠦᠨ᠎ᠡ︔ ᠭᠠᠴᠠᠭᠠᠨ ᠤ ᠠᠷᠠᠳ ᠤᠨ ᠵᠥᠪᠯᠡᠯ ᠬᠢᠨᠠᠨ ᠪᠠᠶᠢᠴᠠᠭᠠᠵᠤ᠂ ᠳᠡᠪᠲᠡᠷᠯᠡᠵᠦ᠂ ᠵᠠᠷᠯᠠᠨ ᠨᠡᠶᠢᠲᠡᠯᠡᠨ᠎ᠡ︔ | ᠢᠯᠡ ᠨᠡᠶᠢᠲᠡᠯᠡᠭᠰᠡᠨ ᠤ ᠳᠠᠷᠠᠭ᠎ᠠ ᠰᠢᠶᠠᠩ ᠪᠠᠯᠭᠠᠰᠤᠨ ᠳᠤ ᠮᠡᠳᠡᠭᠦᠯᠬᠦ ᠬᠡᠷᠡᠭᠲᠡᠶ᠃ | 2. ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠣᠰᠬᠤᠨ ᠤ ᠠᠷᠠᠳ ᠤᠨ ᠵᠥᠪᠯᠡᠯ ᠤᠨ | ᠳᠡᠭᠡᠭᠰᠢ ᠮᠡᠳᠡᠭᠦᠯᠦᠭᠰᠡᠨ ᠲᠠᠷᠢᠮᠠᠯ ᠤᠨ ᠲᠠᠯᠠᠪᠠᠢ ᠶᠢᠨ ᠨᠡᠷᠡᠰ ᠤᠨ ᠪᠦᠷᠢᠳᠬᠡᠯ ᠢ ᠣᠯᠤᠭᠰᠠᠨ ᠤ ᠲᠠᠷᠠᠭ᠎ᠠ᠂ ᠳᠣᠷᠣᠭᠰᠢ | ᠲᠣᠮᠢᠯᠠᠨ ᠰᠠᠭᠤᠯᠭᠠᠭᠰᠠᠨ ᠲᠣᠰᠬᠤᠨ ᠤ ᠠᠵᠢᠯᠯᠠᠬᠤ ᠠᠩᠭᠢ ᠪᠠᠷ ᠳᠠᠮᠵᠢᠭᠤᠯᠤᠨ᠂ ᠲᠣᠰᠬᠤᠨ ᠤ ᠺᠠᠳ᠋ᠷ᠂ | ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠶᠢ ᠵᠣᠬᠢᠶᠠᠨ ᠪᠠᠶᠢᠭᠤᠯᠵᠤ ᠲᠠᠷᠢᠮᠠᠯ ᠤᠨ ᠡᠷᠦᠭᠡ ᠳᠤ | ᠭᠦᠨᠵᠡᠭᠡᠶᠢᠷᠡᠨ ᠲᠠᠷᠢᠮᠠᠯ ᠤᠨ ᠲᠠᠯᠠᠪᠠᠢ ᠪᠠ ᠴᠢᠬᠢ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠪᠣᠳᠠᠲᠠᠶ | ᠭᠠᠵᠠᠷ ᠲᠤᠨᠢ ᠬᠢᠬᠦ ᠬᠡᠷᠡᠭᠲᠡᠶ᠃ ᠬᠢᠨᠠᠨ ᠪᠠᠶᠢᠴᠠᠭᠠᠭᠠᠳ ᠪᠤᠷᠤᠭᠤ ᠦᠭᠡᠢ ᠪᠣᠯ ᠵᠠᠷᠯᠠᠨ ᠨᠡᠶᠢᠲᠡᠯᠡᠨ᠎ᠡ᠃ ᠡᠭᠦᠨ ᠤ | ᠬᠠᠮᠲᠤ ᠪᠦᠬᠦ ᠰᠢᠶᠠᠩ ᠪᠠᠯᠭᠠᠰᠤᠨ ᠤ ᠲᠠᠷᠢᠮᠠᠯ ᠤᠨ ᠨᠡᠷᠡᠰ ᠤᠨ ᠪᠦᠷᠢᠳᠬᠡᠯ ᠢ ᠬᠤᠷᠢᠶᠠᠩᠭᠤᠶᠢᠯᠠᠭᠠᠳ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶᠠᠨ ᠳᠤ ᠮᠡᠳᠡᠭᠦᠯᠦᠨ᠎ᠡ᠃ | 3. ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠣᠯᠤᠨ ᠲᠤᠭ᠎ᠠ ᠪᠦᠷᠢᠳᠬᠡᠯ ᠤᠨ ᠲᠣᠪᠴᠢᠶ᠎ᠠ ᠰᠢᠶᠠᠩ | ᠪᠠᠯᠭᠠᠰᠤᠨ ᠤ ᠳᠡᠭᠡᠭᠰᠢ ᠮᠡᠳᠡᠭᠦᠯᠦᠭᠰᠡᠨ ᠨᠡᠷ᠎ᠡ ᠶᠢᠨ ᠪᠦᠷᠢᠳᠬᠡᠯ ᠤᠨ ᠳᠡᠪᠲᠡᠷ ᠢ ᠣᠯᠤᠭᠰᠠᠨ ᠤ ᠳᠠᠷᠠᠭ᠎ᠠ᠂ ᠡᠷᠦᠬᠡ ᠳᠤ | ᠬᠦᠷᠴᠦ ᠰᠤᠭᠤᠴᠢᠨ ᠪᠠᠶᠢᠴᠠᠭᠠᠬᠤ ᠪᠠ ᠭᠠᠵᠠᠷ ᠰᠢᠷᠣᠶ ᠶᠢ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠢᠨᠠᠨ ᠬᠠᠷᠭᠤᠭᠤᠯᠤᠭᠠᠳ ᠠᠯᠳᠠᠭ᠎ᠠ ᠥᠬᠡᠶ ᠪᠣᠯ᠂ ᠬᠢᠨᠠᠨ ᠬᠠᠷᠭᠤᠭᠤᠯᠤᠭᠰᠠᠨ ᠲᠠᠯᠠᠪᠠᠶ᠂ | ᠲᠠᠷᠢᠮᠠᠯ ᠤᠨ ᠲᠥᠷᠥᠯ ᠵᠦᠢᠯ ᠢ ᠵᠠᠰᠠᠭ ᠵᠠᠬᠢᠷᠭᠠᠨ ᠤ ᠲᠣᠰᠬᠤᠨ ᠳᠤ ᠢᠯᠡ ᠨᠡᠶᠢᠲᠡᠯᠡᠨ᠎ᠡ᠃ ᠵᠠᠷᠯᠠᠨ ᠨᠡᠶᠢᠲᠡᠯᠡᠭᠰᠡᠨ ᠤ | ᠳᠠᠷᠠᠭᠠᠬᠢ ᠲᠠᠯᠠᠪᠠᠢ ᠶᠢ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ | ᠲᠣᠭᠲᠠᠭᠠᠭᠰᠠᠨ ᠤ ᠳᠠᠷᠠᠭ᠎ᠠ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠦᠨ᠎ᠡ᠃ | 4. ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ ᠬᠢᠨᠠᠨ ᠬᠠᠷᠭᠤᠭᠤᠯᠵᠤ ᠬᠤᠷᠢᠶᠠᠩᠭᠤᠶᠢᠯᠠᠭᠠᠳ ᠡᠯ᠎ᠡ ᠰᠢᠶᠠᠩ ᠪᠠᠯᠭᠠᠰᠤᠨ ᠤ | ᠳᠡᠭᠡᠭᠰᠢ ᠮᠡᠳᠡᠭᠦᠯᠦᠭᠰᠡᠨ ᠨᠥᠬᠦᠪᠥᠷᠢ ᠶᠢᠨ ᠲᠠᠯᠠᠪᠠᠢ ᠪᠠ ᠬᠤᠳᠠ ᠶᠢᠨ ᠵᠠᠰᠠᠭ ᠤᠨ ᠣᠷᠳᠣᠨ ᠤ ᠪᠠᠭᠤᠯᠭᠠᠭᠰᠠᠨ ᠪᠡᠯᠡ | ᠮᠥᠩᠭᠦ ᠶᠢᠨ ᠶᠡᠷᠦᠩᠬᠡᠶ ᠬᠡᠮᠵᠢᠶ᠎ᠡ ᠶᠢ ᠦᠨᠳᠦᠰᠦᠯᠡᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ | 5. ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠡᠳ᠋ ᠤᠨ ᠵᠠᠰᠠᠭ ᠤᠨ ᠥᠭᠭᠦᠭᠰᠡᠨ ᠨᠥᠬᠦᠪᠥᠷᠢ | ᠮᠥᠩᠭᠦ ᠶᠢ ᠣᠯᠤᠭᠰᠠᠨ ᠤ ᠳᠠᠷᠠᠭ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠨᠥᠬᠦᠪᠥᠷᠢ ᠶᠢᠨ ᠪᠠᠷᠢᠮᠵᠢᠶ᠎ᠠ ᠪᠣᠯᠤᠨ ᠲᠠᠷᠢᠮᠠᠯ ᠤᠨ ᠨᠡᠷᠡᠰ ᠤᠨ ᠪᠦᠷᠢᠳᠬᠡᠯ ᠢ ᠦᠨᠳᠦᠰᠦᠯᠡᠨ ᠡᠷᠳᠡᠨᠢ ᠰᠢᠰᠢ᠂ ᠰᠢᠷ᠎ᠠ | ᠪᠤᠷᠴᠠᠭ ᠪᠣᠯᠤᠨ ᠲᠥᠮᠥᠰᠥ ᠲᠠᠷᠢᠭᠴᠢ ᠶᠢᠨ ᠨᠥᠬᠦᠪᠥᠷᠢ ᠶᠢ ᠣᠯᠭᠤᠬᠤ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ | ᠂ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠲᠠᠷᠢᠭᠴᠢ ᠶᠢᠨ ᠨᠥᠬᠦᠪᠥᠷᠢ ᠶᠢᠨ ᠮᠡᠳᠡᠭᠡ ᠵᠠᠩᠭᠢ ᠶᠢ ᠵᠠᠰᠠᠭ | ᠵᠠᠬᠢᠷᠭᠠᠨ ᠤ ᠲᠣᠰᠬᠤᠨ ᠳᠤ ᠵᠠᠷᠯᠠᠨ ᠨᠡᠶᠢᠲᠡᠯᠡᠵᠦ᠂ ᠢᠯᠡ ᠲᠣᠳᠣ᠂ ᠲᠥᠪ ᠭᠤᠣᠯᠴᠢ ᠪᠠᠶᠢᠬᠤ ᠶᠢ ᠦᠨᠡᠨ ᠬᠦ | ᠪᠡᠶᠡᠯᠡᠭᠦᠯᠵᠦ᠂ ᠨᠥᠬᠦᠪᠥᠷᠢ ᠥᠭᠬᠦ ᠲᠠᠯᠠᠪᠠᠢ᠂ ᠪᠠᠷᠢᠮᠵᠢᠶ᠎ᠠ᠂ ᠲᠤᠭ᠎ᠠ ᠬᠡᠮᠵᠢᠶ᠎ᠡ ᠶᠢ ᠣᠨᠣᠪᠴᠢᠲᠠᠶ ᠪᠠᠶᠢᠯᠭᠠᠨ᠎ᠠ᠃ | ᠥᠩᠭᠡᠷᠡᠭᠰᠡᠨ ᠵᠢᠯ ᠤᠳ ᠤᠨ ᠡᠳ᠋ ᠤᠨ ᠵᠠᠰᠠᠭ ᠤᠨ ᠨᠥᠬᠦᠪᠥᠷᠢ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ | ᠬᠥᠮᠥᠷᠭᠡ ᠵᠡᠷᠭᠡ ᠨᠢᠭᠡᠨᠲᠡ ᠪᠠᠶᠢᠭ᠎ᠠ ᠰᠠᠭᠤᠷᠢ ᠲᠤᠭ᠎ᠠ ᠶᠢ ᠭᠦᠢᠴᠡᠳ ᠠᠰᠢᠭᠯᠠᠨ᠂ ᠨᠥᠬᠦᠪᠥᠷᠢ ᠶᠢᠨ ᠮᠡᠳᠡᠭᠡ | ᠵᠠᠩᠭᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠭᠠᠵᠠᠷ ᠰᠢᠷᠣᠶ ᠶᠢᠨ | ᠡᠷᠭᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠨᠥᠬᠦᠪᠥᠷᠢ ᠤᠯᠬᠤ ᠡᠲᠡᠭᠡᠳ ᠤᠨ ᠮᠡᠳᠡᠭᠡ ᠵᠠᠩᠭᠢ ᠶᠢ | ᠬᠥᠳᠡᠯᠦᠩᠭᠦᠶ ᠪᠠᠷ ᠰᠢᠨᠡᠳᠬᠡᠵᠦ᠂ ᠬᠠᠮᠢᠶ᠎ᠠ ᠪᠥᠬᠦᠶ ᠨᠥᠬᠦᠪᠥᠷᠢ ᠶᠢᠨ ᠮᠡᠳᠡᠭᠡ ᠵᠠᠩᠭᠢ ᠶᠢᠨ ᠪᠦᠷᠢᠨ ᠪᠦᠲᠦᠨ ᠦᠨᠡᠨ | ᠪᠣᠳᠠᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠲᠥᠷᠪᠡ︶ ᠬᠢᠨᠠᠨ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ ᠠᠵᠢᠯ | ᠤᠨᠠᠬᠢᠴᠠ ᠶᠢ ᠦᠨᠡᠨᠬᠦ ᠪᠠᠲᠤᠯᠠᠨ᠎ᠠ | ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ | ᠤᠨ ᠡᠭᠦᠷᠭᠡ ᠬᠦᠨᠳᠦ ᠪᠠᠶᠢᠵᠤ᠂ ᠨᠥᠬᠦᠪᠥᠷᠢ ᠥᠭᠬᠦ ᠪᠡᠯᠡ ᠮᠥᠩᠭᠦ ᠶᠢ ᠴᠠᠭ ᠲᠤᠬᠠᠶ ᠲᠤᠨᠢ ᠡᠷᠳᠡᠨᠢ ᠰᠢᠰᠢ᠂ ᠰᠢᠷ᠎ᠠ | ᠪᠤᠷᠴᠠᠭ ᠪᠣᠯᠤᠨ ᠲᠥᠮᠥᠰᠥ ᠲᠠᠷᠢᠭᠴᠢᠳ ᠲᠤ ᠭᠠᠷᠳᠠᠭᠤᠯᠬᠤ ᠶᠢ ᠪᠠᠲᠤᠯᠠᠬᠤ ᠶᠢᠨ ᠲᠤᠰᠠᠳᠠ᠂ ᠡᠷᠳᠡᠨᠢ ᠰᠢᠰᠢ᠂ | ᠰᠢᠷ᠎ᠠ ᠪᠤᠷᠴᠠᠭ ᠪᠣᠯᠤᠨ ᠲᠥᠮᠥᠰᠥ ᠲᠠᠷᠢᠭᠴᠢᠳ ᠲᠤ ᠨᠥᠬᠦᠪᠥᠷᠢ ᠥᠭᠬᠦ ᠠᠵᠢᠯ ᠨᠢ ᠲᠥᠷᠥ ᠶᠢᠨ ᠪᠤᠳᠤᠯᠭ᠎ᠠ ᠶᠢᠨ | ᠴᠢᠨᠠᠷ ᠢᠶᠠᠷ ᠴᠢᠩᠭ᠎ᠠ᠂ ᠠᠵᠢᠯ ᠤᠨ ᠬᠡᠮᠵᠢᠶ᠎ᠡ ᠪᠠᠷ ᠶᠡᠭᠡ᠂ ᠬᠤᠯᠪᠣᠭᠳᠠᠬᠤ ᠬᠡᠪᠴᠢᠶ᠎ᠡ ᠪᠠᠷ ᠥᠷᠭᠡᠨ ᠪᠠᠶᠢᠵᠤ᠂ ᠶᠡᠭᠡ | ᠬᠡᠮᠵᠢᠶᠡᠨ ᠤ ᠬᠥᠮᠦᠨ ᠤ ᠬᠦᠴᠦ ᠪᠠ ᠪᠣᠳᠠᠰ ᠤᠨ ᠬᠦᠴᠦ ᠬᠡᠷᠡᠭᠰᠡᠨ᠎ᠡ᠃ ᠡᠶᠢᠮᠦ ᠠᠴᠠ᠂ ᠡᠯ᠎ᠡ ᠰᠢᠶᠠᠩ ᠪᠠᠯᠭᠠᠰᠤ | ᠵᠢᠴᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰᠬᠠᠶ ᠬᠥᠮᠦᠨ ᠲᠣᠬᠢᠷᠠᠭᠤᠯᠤᠨ | ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠠᠵᠢᠯ ᠢ ᠬᠠᠷᠢᠭᠤᠴᠠᠭᠤᠯᠵᠤ᠂ | ᠢᠯᠠᠩᠭᠤᠶ᠎ᠠ ᠰᠢᠶᠠᠩ ᠪᠠᠯᠭᠠᠰᠤᠨ ᠤ ᠬᠢᠨ ᠲᠤᠰᠬᠠᠶ ᠠᠵᠢᠯᠲᠠᠨ ᠲᠣᠬᠢᠷᠠᠭᠤᠯᠵᠤ ᠡᠷᠳᠡᠨᠢ ᠰᠢᠰᠢ᠂ ᠰᠢᠷ᠎ᠠ ᠪᠤᠷᠴᠠᠭ ᠪᠠ | ᠲᠥᠮᠥᠰᠥ ᠳᠠᠷᠢᠬᠤ ᠲᠠᠯᠠᠪᠠᠶ ᠪᠠ ᠳᠠᠷᠢᠬᠤ ᠭᠠᠵᠠᠷ ᠢ ᠬᠢᠨᠠᠨ ᠪᠠᠶᠢᠴᠠᠭᠠᠬᠤ ᠠᠵᠢᠯ ᠢ ᠪᠣᠳᠠᠲᠠᠶ ᠬᠢᠯᠭᠡᠵᠦ᠂ | ᠥᠩᠭᠡᠷᠡᠭᠰᠡᠨ ᠵᠢᠯ ᠤᠳ ᠤᠨ ᠬᠠᠷᠭᠤᠭᠤᠯᠤᠨ ᠪᠠᠶᠢᠴᠠᠭᠠᠭᠰᠠᠨ ᠲᠤᠷᠰᠢᠯᠭ᠎ᠠ ᠪᠠᠨ ᠳ᠋ᠦᠩᠨᠡᠵᠦ᠂ ᠲᠤᠭ᠎ᠠ ᠪᠠᠷᠢᠮᠲᠠ ᠶᠢ | ᠳᠡᠭᠡᠭᠰᠢ ᠮᠡᠳᠡᠭᠦᠯᠬᠦ ᠶᠢ ᠰᠠᠭᠠᠲᠠᠭᠠᠭᠰᠠᠨ ᠠᠴᠠ ᠪᠣᠯᠵᠣ ᠪᠥᠬᠦ ᠰᠢᠶᠠᠨ ᠤ ᠨᠦᠬᠦᠪᠦᠷᠢ ᠲᠠᠷᠬᠠᠭᠠᠬᠤ ᠶᠢ ᠨᠥᠯᠥᠭᠡᠯᠡᠬᠦ | ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠂ ᠬᠠᠷᠭᠤᠭᠤᠯᠤᠨ ᠪᠠᠶᠢᠴᠠᠭᠠᠵᠤ ᠬᠤᠷᠢᠶᠠᠩᠭᠤᠶᠢᠯᠠᠭᠰᠠᠨ ᠦᠷ᠎ᠡ | ᠳ᠋ᠦᠩ ᠢ ᠡᠷᠬᠡᠪᠰᠢ 8 ᠰᠠᠷ᠎ᠠ ᠶᠢᠨ 20 ᠤ ᠡᠳᠦᠷ ᠠᠴᠠ ᠡᠮᠦᠨ᠎ᠡ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠠᠴᠠ ᠮᠠᠭᠠᠳᠯᠠᠨ ᠲᠣᠭᠲᠠᠭᠠᠭᠰᠠᠨ ᠤ ᠳᠠᠷᠠᠭ᠎ᠠ ᠵᠢᠩᠬᠢᠨᠢ ᠪᠢᠴᠢᠭ ᠮᠠᠲ᠋ᠧᠷᠢᠶᠠᠯ ᠢᠶᠠᠷ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠦᠨ᠎ᠡ᠃ | ᠮᠡᠳᠡᠭᠦᠯᠬᠦ ᠠᠴᠠ ᠬᠤᠴᠣᠷᠤᠭᠤᠯᠤᠭᠰᠠᠨ᠂ ᠨᠥᠬᠦᠵᠦ ᠮᠡᠳᠡᠭᠦᠯᠦᠭᠰᠡᠨ ᠪᠠᠶᠢᠳᠠᠯ ᠭᠠᠷᠪᠠᠯ ᠨᠥᠬᠦᠪᠥᠷᠢ ᠥᠭᠬᠦ ᠦᠭᠡᠢ᠂ | ᠡᠯ᠎ᠡ ᠰᠢᠶᠠᠩ ᠪᠠᠯᠭᠠᠰᠤ ᠥᠪᠡᠷ ᠢᠶᠠᠨ ᠡᠭᠦᠷᠭᠡᠯᠡᠨ᠎ᠡ᠃ ᠠᠳᠡ᠂ ᠬᠤᠸᠠᠳᠧ ᠰᠢᠶᠠᠨ ᠤ ᠡᠷᠳᠡᠨᠢ ᠰᠢᠰᠢ᠂ ᠰᠢᠷ᠎ᠠ | ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠠᠵᠢᠯ ᠢ ᠨᠠᠶᠢᠳᠠᠪᠤᠷᠢᠵᠢᠭᠤᠯᠬᠤ ᠤᠳᠤᠷᠢᠳᠬᠤ | ᠳᠤᠭᠤᠶᠢᠯᠠᠩ ᠤᠨ ᠵᠥᠪᠰᠢᠶᠡᠷᠡᠯ ᠢᠶᠠᠷ᠂ ᠪᠦᠬᠦ ᠰᠢᠶᠠᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ | ᠲᠠᠷᠢᠬᠤ ᠳᠤ ᠨᠥᠬᠦᠪᠥᠷᠢ ᠥᠭᠬᠦ ᠠᠵᠢᠯ ᠤᠨ ᠬᠢᠨᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠪᠠ᠂ ᠬᠢᠨᠠᠨ ᠪᠠᠶᠢᠴᠠᠭᠠᠬᠤ | ᠳᠤᠭᠤᠶᠢᠯᠠᠩ ᠤᠨ ᠪᠦᠷᠢᠯᠳᠦᠬᠦᠨ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠯᠢᠦᠶ ᠰᠢᠶᠠᠩ ᠢᠦᠶ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ | ᠳᠡᠳ᠋ ᠡᠷᠬᠢᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠯᠢ ᠰᠢᠨ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ | ᠳᠠᠷᠤᠭ᠎ᠠ᠂ ᠮᠥᠩᠭᠦᠨ ᠭᠦᠢᠯᠭᠡᠭᠡᠨ ᠤ ᠠᠯᠪᠠᠨ ᠬᠡᠷ ᠤᠨ ᠡᠷᠬᠢᠯᠡᠭᠴᠢ | ᠪᠦᠷᠢᠯᠳᠦᠬᠦᠨ᠄ ᠬᠤᠸᠠᠩ ᡁᠢ ᠶᠦᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ | ᠯᠢ ᠴᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠶᠧ ᠰᠢᠨ ᠯᠸᠢ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠸᠧᠨ ᠪᠢ ᠵᠢᠶᠦ᠋ᠨ ᠴᠠᠩᠱᠦ᠋ᠨ ᠪᠠᠯᠭᠠᠰᠤᠨ ᠤ ᠳᠡᠳ᠋ ᠳᠠᠷᠤᠭ᠎ᠠ | ᠰᠦᠩ ᠵᠢᠶᠠᠩ ᠴᠤᠤᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ | ᠮᠠ ᠶᠢᠩ ᠵᠧᠤ ᠳᠣᠯᠣᠳᠤᠭᠠᠷ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ | ᠵᠠᠩ ᠴᠢᠶᠠᠩ ᠳᠡᠪᠡᠭᠡᠲᠤ ᠰᠢᠶᠠᠩ ᠤᠨ ᠳᠡᠳ᠋ ᠳᠠᠷᠤᠭ᠎ᠠ | ᠨᠢᠤ ᠬᠠᠶ ᠭᠦᠨᠤᠯᠠᠭᠠᠨᠬᠤᠳᠳᠤᠭ ᠰᠢᠶᠠᠩ ᠤᠨ ᠳᠡᠳ᠋ ᠳᠠᠷᠤᠭ᠎ᠠ | ᠯᠢ ᠮᠧᠩ ᠹᠧᠩ ᠪᠠᠶᠠᠨᠲᠠᠯ᠎ᠠ ᠰᠢᠶᠠᠩ ᠤᠨ ᠳᠡᠳ᠋ ᠳᠠᠷᠤᠭ᠎ᠠ | ᠶᠠᠩ ᠰᠢᠤ ᠯᠢ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠠᠵᠤ ᠠᠬᠤᠶᠢᠯᠠᠯ ᠤᠨ ᠡᠳ᠋ ᠤᠨ | ᠵᠠᠰᠠᠭ ᠤᠨ ᠲᠠᠰᠤᠭ ᠤᠨ ᠳᠠᠷᠤᠭ᠎ᠠ | ᠺᠠᠩ ᠶᠠᠨ ᠵᠢᠶᠦ᠋ᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ | ᠲᠥᠪ ᠤᠨ ᠡᠷᠬᠢᠯᠡᠭᠴᠢ | ᠶᠣᠣ ᠬᠤᠸᠠᠨ ᠰᠢᠶᠠ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠲᠠᠷᠢᠮᠠᠯ ᠤᠨ ᠦᠢᠯᠡᠰ ᠤᠨ ᠲᠠᠰᠤᠭ ᠤᠨ ᠳᠠᠷᠤᠭ᠎ᠠ | ᠯᠦ ᠾᠦᠢ ᠵᠢᠶᠦ᠋ᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠺᠠᠳ᠋ᠷ | ︵ᠲᠠᠪᠤ︶ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ | ᠡᠯ᠎ᠡ ᠰᠢᠶᠠᠩ ᠪᠠᠯᠭᠠᠰᠤ ᠶᠢᠨ ᠬᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢᠨ ᠡᠷᠴᠢᠮ ᠢᠶᠠᠨ | ᠴᠢᠩᠭᠠᠷᠠᠭᠤᠯᠵᠤ᠂ ᠷᠠᠳᠢᠣ᠋᠂ ᠲᠧᠯᠸᠢᠰ᠂ ᠰᠦᠯᠵᠢᠶᠡᠨ ᠤ ᠲᠠᠪᠴᠠᠩ᠂ ᠸᠢᠴᠠᠲ ᠤᠨ ᠨᠡᠶᠢᠲᠡ ᠶᠢᠨ ᠳ᠋ᠤᠭᠠᠷ᠂ | ᠤᠬᠠᠭᠤᠯᠭ᠎ᠠ ᠶᠢᠨ ᠳᠡᠪᠲᠡᠷ ᠵᠡᠷᠭᠡ ᠵᠠᠭᠤᠴᠢᠯᠠᠭᠤᠷ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠵᠢᠴᠢ ᠠᠶᠢᠯ | ᠲᠣᠰᠬᠤᠨ ᠳᠤ ᠬᠦᠷᠴᠦ ᠡᠷᠦᠬᠡ ᠳᠤ ᠬᠦᠷᠴᠦ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠥᠷᠭᠡᠨ ᠢᠶᠠᠷ ᠤᠬᠠᠭᠤᠯᠵᠤ᠂ | ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠥᠷᠭᠡᠨ ᠣᠯᠠᠨ ᠲᠦᠮᠡᠨ ᠳᠤ | ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠭᠴᠢ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠲᠣᠳᠣᠷᠬᠠᠶ ᠣᠶᠢᠯᠠᠭᠠᠭᠤᠯᠵᠤ᠂ ᠨᠥᠬᠦᠪᠥᠷᠢ ᠣᠯᠭᠤᠬᠤ ᠡᠲᠡᠭᠡᠳ᠂ ᠨᠥᠬᠦᠪᠥᠷᠢ ᠣᠯᠭᠤᠬᠤ ᠪᠠᠷᠢᠮᠵᠢᠶ᠎ᠠ᠂ ᠣᠯᠭᠤᠬᠤ | ᠠᠷᠭ᠎ᠠ ᠮᠠᠶ᠋ᠢᠭ ᠵᠡᠷᠭᠡ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠡᠵᠡᠮᠰᠢᠭᠦᠯᠦᠨ᠂ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢᠨ ᠬᠦᠴᠦᠲᠡᠶ᠂ ᠡᠮᠬᠢ ᠵᠢᠷᠤᠮ ᠲᠠᠢ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠲᠠᠪᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠲᠠᠯᠠᠨᠠ | ︵ᠨᠢᠭᠡ︶ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠬᠤᠭᠤᠴᠠᠭ᠎ᠠ ᠬᠢᠵᠠᠭᠠᠷ ᠢ ᠴᠢᠩᠭ᠎ᠠ | ᠵᠢᠷᠤᠮᠯᠠᠨ ᠨᠥᠬᠦᠪᠥᠷᠢ ᠶᠢᠨ ᠪᠡᠯᠡ ᠮᠥᠩᠭᠦ ᠶᠢ ᠠᠯᠢ ᠲᠦᠷᠭᠡᠨ ᠢᠶᠠᠷ ᠣᠨᠣᠪᠴᠢᠲᠠᠶ ᠣᠯᠭᠤᠬᠤ ᠶᠢ ᠪᠥᠬᠦᠨ ᠢ | ᠪᠣᠳᠠᠲᠠᠶᠢᠵᠢᠭᠤᠯᠬᠤ ᠬᠡᠷᠡᠭᠲᠡᠶ᠃ | ︵ᠬᠤᠶᠠᠷ︶ ᠡᠯ᠎ᠡ ᠰᠢᠶᠠᠩ ᠪᠠᠯᠭᠠᠰᠤ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ | ᠲᠠᠯᠪᠢᠬᠤ ᠳ᠋ᠢᠶᠠᠩᠬᠤᠸᠠ ᠲᠣᠬᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠤᠲᠠᠰᠤᠨ ᠨᠣᠮᠧᠷ | ᠪᠣᠯᠤᠨ ᠰᠢᠤᠳᠠᠨ ᠤ ᠬᠠᠶᠢᠷᠴᠠᠭ ᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ | ᠬᠦᠯᠢᠶᠡᠬᠦ ᠬᠡᠷᠡᠭᠲᠡᠶ᠃ | ︵ᠭᠤᠷᠪᠠ︶ ᠪᠠᠯᠠ ᠮᠥᠩᠭᠦ ᠲᠠᠷᠬᠠᠭᠠᠬᠤ ᠶᠠᠪᠤᠴᠠ ᠳᠤ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠣᠤᠷᠠᠬᠢ ᠬᠡᠳᠦᠨ ᠵᠦᠢᠯ ᠤᠨ ᠪᠠᠶᠢᠳᠠᠯ | ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠄ | 1. ᠬᠠᠤᠯᠢ ᠶᠣᠰᠣᠨ ᠤ ᠪᠤᠰᠤ ᠲᠠᠷᠢᠶᠠᠨ ᠭᠠᠵᠠᠷ ᠲᠤ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ | ᠴᠢᠩᠭ᠎ᠠ ᠴᠠᠭᠠᠵᠠᠯᠠᠨ᠎ᠠ︔ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠲᠠᠷᠢᠶᠠᠯᠠᠬᠤ ᠶᠢ | ᠵᠣᠭᠰᠣᠭᠠᠭᠰᠠᠨ ᠲᠠᠷᠢᠶᠠᠨ ᠭᠠᠵᠠᠷ ᠲᠤ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠲᠣᠳᠣᠷᠬᠠᠶ | ᠲᠣᠭᠲᠠᠭᠠᠬᠤ ᠶᠢ ᠴᠢᠩᠭ᠎ᠠ ᠴᠠᠭᠠᠵᠠᠯᠠᠨ᠎ᠠ︔ ᠲᠠᠷᠢᠬᠤ ᠪᠠᠨ ᠪᠤᠯᠢᠬᠤ᠂ ᠠᠲᠠᠷᠰᠢᠭᠤᠯᠤᠭᠰᠠᠨ ᠭᠠᠵᠠᠷ ᠲᠤ ᠨᠥᠬᠦᠪᠥᠷᠢ | ᠣᠯᠭᠤᠬᠤ ᠲᠥᠷᠥ ᠶᠢᠨ ᠪᠣᠳᠣᠯᠭ᠎ᠠ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠥᠬᠡᠶ ᠪᠠᠷ ᠭᠠᠵᠠᠷ ᠰᠢᠷᠣᠶ ᠶᠢ | ᠬᠠᠭᠠᠯᠪᠤᠷᠢᠯᠠᠬᠤ ᠪᠤᠶᠤ ᠭᠠᠵᠠᠷ ᠰᠢᠷᠣᠶ ᠶᠢ ᠬᠠᠭᠠᠯᠪᠤᠷᠢᠯᠠᠬᠤ ᠶᠢ ᠴᠠᠭᠠᠵᠠᠯᠠᠬᠤ ᠶᠢ ᠴᠢᠩᠭ᠎ᠠ ᠴᠠᠭᠠᠵᠠᠯᠠᠵᠤ᠂ | ᠵᠦᠪᠰᠢᠶᠡᠷᠡᠯ ᠦᠭᠡᠢ ᠪᠠᠷ ᠣᠶᠢᠲᠤ ᠭᠠᠵᠠᠷ᠂ ᠡᠪᠡᠰᠦᠲᠦ ᠭᠠᠵᠠᠷ᠂ ᠴᠢᠭᠢᠭᠯᠢᠭ ᠭᠠᠵᠠᠷ ᠳᠡᠭᠡᠷᠡᠬᠢ ᠡᠷᠳᠡᠨᠢ ᠰᠢᠰᠢ᠂ | ᠰᠢᠷ᠎ᠠ ᠪᠤᠷᠴᠠᠭ ᠪᠠ ᠲᠥᠮᠥᠰᠥ ᠳᠠᠷᠢᠭᠰᠠᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠬᠦᠷᠳᠡᠬᠦ ᠶᠢ | ᠴᠠᠭᠠᠵᠠᠯᠠᠨ᠎ᠠ︔ ᠵᠠᠰᠠᠭ ᠤᠨ ᠣᠷᠳᠣᠨ ᠠᠴᠠ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠪᠥᠭᠡᠳ ᠨᠥᠬᠦᠪᠥᠷᠢ ᠣᠯᠭᠤᠭᠰᠠᠨ | ᠂ ᠲᠦᠷ ᠴᠠᠭ ᠨᠡᠭᠡᠭᠡᠨ ᠠᠰᠢᠭᠯᠠᠵᠤ ᠬᠡᠷᠡᠭᠯᠡᠭᠡᠳᠦᠶ ᠲᠠᠷᠢᠶᠠᠨ ᠭᠠᠵᠠᠷ ᠤᠨ ᠡᠷᠳᠡᠨᠢ ᠰᠢᠰᠢ᠂ ᠰᠢᠷ᠎ᠠ ᠪᠤᠷᠴᠠᠭ ᠪᠠ | ᠲᠥᠮᠥᠰᠥ ᠲᠠᠷᠢᠬᠴᠢᠳ ᠲᠤ ᠨᠥᠬᠦᠪᠥᠷᠢ ᠣᠯᠭᠤᠬᠤ ᠶᠢ ᠴᠠᠭᠠᠵᠠᠯᠠᠨ᠎ᠠ︔ | 2. ᠬᠤᠳᠠᠯ ᠢᠶᠠᠷ ᠮᠡᠳᠡᠭᠦᠯᠦᠭᠰᠡᠨ᠂ ᠳᠠᠷᠤᠰᠢᠭᠤᠯᠤᠭᠰᠠᠨ᠂ ᠤᠷᠭᠠᠯᠠᠨ ᠲᠠᠷᠢᠭᠰᠠᠨ᠂ ᠪᠦᠳᠦᠭᠦᠯᠢᠭ | ᠬᠠᠮᠢᠶᠠᠷᠤᠭᠰᠠᠨ᠂ ᠡᠯᠳᠡᠪ ᠡᠪᠡᠰᠦ ᠪᠠᠭᠯᠠᠷᠠᠨ ᠤᠷᠭᠤᠭᠰᠠᠨ ᠠᠴᠠ ᠪᠤᠯᠵᠤ ᠬᠤᠷᠢᠶᠠᠯᠲᠠ ᠤᠯᠬᠤ ᠦᠭᠡᠢ᠂ | ᠦᠢᠯᠡᠳᠪᠦᠷᠢᠯᠡᠬᠦ ᠪᠠᠷ ᠵᠣᠷᠢᠯᠭ᠎ᠠ ᠪᠣᠯᠭᠠᠭᠰᠠᠨ ᠦᠭᠡᠢ ᠨᠢ ᠢᠯᠡᠷᠬᠡᠶ ᠪᠠᠶᠢᠪᠠᠯ ᠨᠥᠬᠦᠪᠥᠷᠢ ᠥᠭᠬᠦ ᠦᠭᠡᠢ᠃ | 3. ᠨᠥᠬᠦᠪᠥᠷᠢ ᠶᠢ ᠬᠠᠮᠲᠤ ᠨᠡᠶᠢᠲᠡ ᠠᠴᠠ ᠣᠷᠣᠯᠠᠨ ᠠᠪᠬᠤ ᠶᠢ ᠴᠢᠩᠭ᠎ᠠ ᠴᠠᠭᠠᠵᠠᠯᠠᠨ᠎ᠠ︔ ᠨᠥᠬᠦᠪᠥᠷᠢ ᠶᠢᠨ | ᠪᠠᠯᠠ ᠮᠥᠩᠭᠦ ᠪᠠᠷ ᠬᠠᠮᠢᠶ᠎ᠠ ᠪᠥᠬᠦᠶ ᠵᠠᠷᠤᠳᠠᠯ ᠢ ᠲᠤᠯᠭᠠᠨ ᠰᠠᠭᠤᠯᠭᠠᠬᠤ ᠶᠢ ᠴᠢᠩᠭ᠎ᠠ ᠴᠠᠭᠠᠵᠠᠯᠠᠨ᠎ᠠ᠃ | ︵ᠳᠥᠷᠪᠡ︶ ᠲᠠᠷᠢᠮᠠᠯ ᠤᠨ ᠡᠷᠦᠬᠡ᠂ ᠲᠣᠰᠬᠤᠨ ᠤ ᠠᠷᠠᠳ ᠤᠨ ᠵᠥᠪᠯᠡᠯ᠂ ᠰᠢᠶᠠᠩ ᠪᠠᠯᠭᠠᠰᠤ ᠶᠢᠨ ᠵᠠᠰᠠᠭ ᠤᠨ | ᠣᠷᠳᠣᠨ ᠤ ᠲᠤᠭ᠎ᠠ ᠪᠠᠷᠢᠮᠲᠠ ᠳᠤ ᠲᠣᠭᠠᠴᠠᠭᠳᠠᠬᠤ ᠶᠢ ᠪᠠᠶᠢᠴᠠᠭᠠᠨ ᠳᠣᠲᠣᠯᠠᠭᠰᠠᠨ ᠪᠠᠶᠢᠪᠠᠯ᠂ ᠲᠣᠭᠲᠠᠭᠠᠯ ᠠᠴᠠ | ᠵᠥᠷᠢᠴᠡᠨ ᠲᠠᠷᠬᠠᠭᠠᠭᠰᠠᠨ ᠨᠥᠬᠦᠪᠥᠷᠢ ᠶᠢᠨ ᠪᠠᠯᠠ ᠮᠥᠩᠭᠦ ᠶᠢ ᠬᠤᠷᠢᠶᠠᠨ ᠠᠪᠴᠤ᠂ ᠲᠣᠭᠲᠠᠭᠠᠯ ᠠᠴᠠ ᠵᠥᠷᠢᠴᠡᠭᠰᠡᠨ | ᠨᠢᠭᠡᠴᠡ ᠳᠤ ᠰᠡᠷᠡᠮᠵᠢ ᠥᠭᠬᠦ ᠪᠤᠶᠤ ᠵᠠᠷᠯᠠᠨ ᠰᠢᠭᠦᠮᠵᠢᠯᠡᠬᠦ ᠶᠢᠨ ᠬᠠᠮᠲᠤ᠂ ᠰᠢᠭᠤᠳ ᠬᠠᠷᠢᠭᠤᠴᠠᠯᠭ᠎ᠠ ᠲᠠᠢ ᠬᠥᠮᠦᠨ | ᠪᠠ ᠪᠤᠰᠤᠳ ᠬᠠᠮᠢᠶ᠎ᠠ ᠪᠥᠬᠦᠶ ᠬᠠᠷᠢᠭᠤᠴᠠᠯᠭ᠎ᠠ ᠲᠠᠢ ᠬᠥᠮᠦᠨ ᠳᠤ ᠵᠣᠬᠢᠬᠤ ᠰᠢᠢᠳᠪᠤᠶᠢᠯᠡᠯᠲᠡ ᠬᠢᠵᠦ᠂ | ᠨᠥᠬᠦᠪᠥᠷᠢ ᠶᠢᠨ ᠪᠠᠯᠠ ᠮᠥᠩᠭᠦ ᠶᠢ ᠮᠡᠬᠡᠯᠡᠨ ᠠᠪᠤᠭᠰᠠᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠤᠶᠤ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ | ᠲᠤᠰᠢᠶᠠᠵᠤ ᠰᠢᠢᠳᠪᠤᠷᠢᠯᠡᠭᠦᠯᠦᠨ᠎ᠡ᠃ | ᠵᠢᠷᠭᠤᠭ᠎ᠠ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠳᠡᠨᠢ ᠰᠢᠰᠢ᠂ ᠰᠢᠷ᠎ᠠ ᠪᠤᠷᠴᠠᠭ ᠪᠣᠯᠤᠨ ᠲᠥᠮᠥᠰᠥ | ᠲᠠᠷᠢᠭᠴᠢᠳ ᠲᠤ ᠨᠥᠬᠦᠪᠥᠷᠢ ᠣᠯᠭᠤᠬᠤ ᠠᠵᠢᠯ ᠢ ᠵᠣᠬᠢᠶᠠᠨ ᠪᠠᠶᠢᠭᠤᠯᠬᠤ ᠶᠠᠪᠤᠴᠠ ᠳᠤ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠠᠯᠠᠭ᠎ᠠ ᠮᠥᠴᠢᠷ | ᠂ ᠨᠢᠭᠡᠴᠡ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠪᠦᠬᠦ ᠶᠠᠪᠤᠴᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ᠂ | ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠦᠢᠯᠡᠴᠢᠯᠡᠬᠦ ᠡᠲᠡᠭᠡᠳ ᠤᠨ ᠬᠠᠨᠤᠮᠵᠢ ᠶᠢᠨ | ᠬᠡᠮᠵᠢᠶ᠎ᠡ ᠵᠡᠷᠭᠡ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠠᠴᠠ ᠪᠦᠬᠦ᠋ᠢᠯᠡ ᠴᠣᠭᠴᠠ ᠶᠢᠨ | ᠲᠥᠰᠦᠪ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠬᠡᠷᠡᠭᠲᠡᠶ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |