︽ᠬᠤᠸᠠᠳᠧ ᠰᠢᠶᠠᠨ ᠬᠤᠲᠠ ᠶᠢᠨ ︿ᠬᠤᠶᠠᠷ ᠦᠨᠳᠦᠷ﹀ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠭᠤᠷᠪᠠᠨ ᠳᠤᠭᠤᠶᠢᠯᠠᠩ ᠤᠨ ᠰᠢᠯᠵᠢᠭᠦᠯᠦᠨ ᠰᠢᠢᠳᠪᠤᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/12
                    ᠬᠤᠸᠠᠳᠧ ᠵᠠᠰᠠᠭ ᠲᠠᠷᠬᠠᠭᠠᠭᠰᠠᠨ ﹇2021﹈ 83 ᠳ᠋ᠤᠭᠠᠷ ᠲᠣᠭᠠᠲᠤᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ᠄    ︽ᠬᠤᠸᠠᠳᠧ ᠰᠢᠶᠠᠨ ᠬᠤᠲᠠ ᠶᠢᠨ ︿ᠬᠤᠶᠠᠷ ᠥᠨᠳᠥᠷ﹀ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠭᠤᠷᠪᠠᠨ ᠳᠤᠭᠤᠶᠢᠯᠠᠩ ᠤᠨ ᠰᠢᠯᠵᠢᠭᠦᠯᠦᠨ ᠰᠢᠢᠳᠪᠤᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃   ᠳᠠᠭᠠᠯᠳᠤᠭᠤᠯᠤᠯ᠄ ᠬᠤᠸᠠᠳᠧ ᠰᠢᠶᠠᠨ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠤᠷᠪᠠᠳᠤᠭᠠᠷ ᠳᠤᠭᠤᠶᠢᠯᠠᠩ ᠤᠨ ᠰᠢᠯᠵᠢᠭᠦᠯᠦᠨ ᠰᠢᠢᠳᠪᠤᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠶᠢᠳᠠᠪᠤᠷᠢᠵᠢᠭᠤᠯᠤᠨ᠎ᠠ   ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ                        2021 ᠣᠨ ᠤ 8 ᠰᠠᠷ᠎ᠠ ᠶᠢᠨ 9   ᠬᠤᠸᠠᠳᠧ ᠰᠢᠶᠠᠨ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠤᠷᠪᠠᠳᠤᠭᠠᠷ ᠳᠤᠭᠤᠶᠢᠯᠠᠩ ᠤᠨ ᠰᠢᠯᠵᠢᠭᠦᠯᠦᠨ  ᠰᠢᠢᠳᠪᠤᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠶᠢᠳᠠᠪᠤᠷᠢᠵᠢᠭᠤᠯᠪᠠ   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ  ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠬᠤᠶᠠᠷ ᠳᠡᠭᠡᠳᠦ ᠰᠢᠭᠦᠬᠦ ᠬᠤᠷᠢᠶ᠎ᠠ︾ ᠶᠢᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠲᠤᠬᠠᠶ ᠮᠡᠳᠡᠭᠳᠡᠯ︾ ︵ᠲᠢᠩᠬᠢᠮ ᠥᠰᠥᠭ ︹ 2021 ︺ 12 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠲᠢᠩᠬᠢᠮ ᠥᠰᠥᠭ ︹ 2021 ︺ 12 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢᠨ ︿ᠬᠤᠶᠠᠷ ᠦᠨᠳᠦᠷ﹀ ᠤᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠢᠩᠬᠢᠮ ᠲᠠᠷᠬᠠᠭᠠᠭᠰᠠᠨ︹ 2021 ︺ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠰᠢᠶᠠᠨ ᠤ ︽ᠬᠤᠶᠠᠷ ᠥᠨᠳᠥᠷ︾ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠵᠢᠷᠤᠮᠵᠢᠭᠤᠯᠵᠤ᠂ ᠤᠯᠠᠭᠠᠨᠴᠠᠪ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ   ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ︽ᠬᠤᠶᠠᠷ ᠥᠨᠳᠥᠷ︾ ᠤᠨ ᠲᠦᠷᠦᠯ ᠵᠦᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠣᠯᠤᠨ ᠡᠷᠴᠢᠮ ᠤᠨ ︽ᠬᠤᠶᠠᠷ ᠢ ᠡᠵᠡᠮᠳᠡᠬᠦ︾ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠴᠢᠮ ᠢ ᠡᠵᠡᠮᠳᠡᠬᠦ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃    ᠬᠤᠶᠠᠷ᠂ ᠠᠵᠢᠯ ᠤᠨ ᠬᠠᠷᠠᠯᠲᠠ   ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠮᠦᠷ ᠮᠡᠲᠦ ᠬᠠᠲᠠᠭᠤ ᠵᠣᠷᠢᠭ᠂ ᠡᠷᠡᠰ ᠬᠠᠲᠠᠭᠤ ᠠᠷᠭ᠎ᠠ ᠬᠡᠮᠵᠢᠶ᠎ᠡ ᠪᠠᠷ ᠤᠯᠠᠭᠠᠨᠴᠠᠪ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠤᠷᠪᠠᠳᠤᠭᠠᠷ ᠳᠤᠭᠤᠶᠢᠯᠠᠩ ᠤᠨ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠵᠤ ᠡᠮᠬᠢᠯᠡᠨ ᠳᠢᠭᠯᠡᠵᠦ ᠭᠠᠷᠭᠠᠭᠰᠠᠨ 8 ᠲᠠᠯ᠎ᠠ ᠶᠢᠨ 87 ᠠᠰᠠᠭᠤᠳᠠᠯ ᠢ ᠴᠢᠩᠭ᠎ᠠ ᠵᠢᠷᠤᠮᠯᠠᠨ᠂ ᠬᠠᠷᠢᠭᠤᠴᠠᠯᠭᠠᠲᠤ ᠤᠳᠤᠷᠢᠳᠤᠯᠭ᠎ᠠ᠂ ᠲᠦᠷᠦᠭᠦᠯᠡᠨ ᠭᠦᠢᠴᠡᠳᠬᠡᠬᠦ ᠨᠢᠭᠡᠴᠡ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠳ᠋ᠤᠭᠠᠷ ᠬᠠᠰᠤᠬᠤ ᠠᠷᠭ᠎ᠠ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠲᠤᠰᠬᠠᠶ ᠬᠥᠮᠦᠨ ᠲᠣᠮᠢᠯᠠᠨ ᠬᠠᠮᠢᠶᠠᠷᠤᠭᠤᠯᠬᠤ ᠶᠢ ᠦᠨᠡᠨᠬᠦ ᠪᠡᠶᠡᠯᠡᠭᠦᠯᠵᠦ᠂ ᠶᠠᠪᠤᠳᠠᠯ ᠪᠣᠯᠭᠠᠨ ᠳᠤ ᠬᠠᠷᠢᠭᠤ ᠲᠤᠰᠬᠠᠯ ᠲᠠᠢ᠂ ᠶᠠᠪᠤᠳᠠᠯ ᠪᠣᠯᠭᠠᠨ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠪᠠᠶᠢᠴᠠᠭᠠᠵᠤ ᠲᠤᠰᠢᠶᠠᠨ ᠥᠭᠴᠦ ᠰᠢᠢᠳᠪᠦᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠴᠢᠨᠠᠷ ᠰᠠᠶᠢᠲᠠᠢ  ᠪᠡᠶᠡᠯᠡᠭᠦᠯᠦᠨ᠎ᠡ᠃   ᠭᠤᠷᠪᠠ᠂ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ   ︵ᠨᠢᠭᠡ︶ ᠰᠡᠳᠦᠪ ᠲᠣᠭᠲᠠᠭᠠᠬᠤ ᠶᠢ ᠬᠢᠨᠠᠨ ᠵᠥᠪᠰᠢᠶᠡᠷᠡᠬᠦ ᠲᠥᠷᠥᠯ ︵1 ᠠᠰᠠᠭᠤᠳᠠᠯ︶    ᠬᠠᠷᠭᠤᠭᠤᠯᠤᠨ ᠪᠠᠶᠢᠴᠠᠭᠠᠭᠰᠠᠨ ᠠᠰᠠᠭᠤᠳᠠᠯ᠄ ᠤᠯᠠᠭᠠᠨᠴᠠᠪ ᠬᠤᠲᠠ ᠶᠢᠨ ᠰᠢᠶᠦ᠋ᠩ ᠸᠧᠶ ᠭᠤᠸᠠᠩ ᠳ᠋ᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 4 ᠳᠤᠮᠳᠠ ᠳᠠᠪᠲᠠᠮᠵᠢ ᠶᠢᠨ ᠵᠤᠤᠬᠠᠨ ᠳᠤ ᠲᠥᠷᠥᠯ ᠵᠦᠢᠯ ᠤᠨ ᠳᠡᠩᠰᠡᠯᠡᠯᠲᠡ ᠬᠢᠭᠰᠡᠨ ᠥᠬᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠡ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠬᠠᠮᠵᠢᠯᠴᠠᠵᠤ᠂ ᠰᠢᠶᠦ᠋ᠩ ᠸᠧᠢ ᠭᠤᠸᠠᠩ ᠳ᠋ᠠ ᠭᠤᠷᠪᠠᠳᠠᠬᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠦᠢᠯᠡᠳᠪᠦᠷᠢ ᠶᠢᠨ ᠲᠣᠭᠤᠷᠢᠭ ᠲᠠᠬᠢ 4 ᠳᠤᠮᠳᠠ ᠳᠠᠪᠲᠠᠮᠵᠢ ᠶᠢᠨ ᠵᠤᠤᠬ᠎ᠠ ᠶᠢ ᠬᠤᠯᠪᠣᠭᠳᠠᠯ ᠪᠦᠬᠦᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠶᠣᠰᠣᠭᠠᠷ ᠰᠢᠨ᠎ᠡ ᠪᠠᠷ ᠬᠢᠨᠠᠨ ᠲᠣᠭᠲᠠᠭᠠᠵᠤ ᠬᠢᠨᠠᠨ ᠬᠠᠷᠭᠤᠭᠤᠯᠬᠤ ᠶᠢ ᠱᠠᠯᠠᠪᠳᠠᠭᠤᠯᠤᠨ᠎ᠠ᠃    ᠬᠤᠶᠠᠷ ᠲᠤ᠂ ᠬᠢᠨᠠᠨ ᠲᠣᠭᠲᠠᠭᠠᠵᠤ ᠬᠢᠨᠠᠨ ᠬᠠᠷᠭᠤᠭᠤᠯᠤᠭᠰᠠᠨ ᠤ ᠳᠠᠷᠠᠭ᠎ᠠ ᠬᠡᠷᠪᠡ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠪᠡᠯ᠂ ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠭᠠᠷ ᠭᠦᠢᠴᠡᠳᠬᠡᠯ ᠢ ᠨᠢ ᠲᠡᠭᠦᠯᠳᠡᠷᠵᠢᠭᠦᠯᠦᠨ᠎ᠡ︔ ᠬᠡᠷᠪᠡ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ ᠪᠣᠯ᠂ ᠬᠤᠭᠤᠴᠠᠭ᠎ᠠ ᠬᠢᠵᠠᠭᠠᠷᠯᠠᠨ ᠦᠢᠯᠡᠳᠪᠤᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠤᠨ᠎ᠠ᠃    ᠬᠠᠷᠢᠭᠤᠴᠠᠯᠭᠠᠲᠤ ᠤᠳᠤᠷᠢᠳᠤᠯᠭ᠎ᠠ᠄ ᠡᠦ  ᠴᠢᠯᠠᠭᠤ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠲᠦᠷᠦᠭᠦᠯᠡᠨ ᠬᠢᠬᠦ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ    ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠳ᠋ᠤᠭᠠᠷ ᠬᠠᠰᠤᠬᠤ ᠮᠠᠲ᠋ᠧᠷᠢᠶᠠᠯ ᠢ ᠨᠠᠶᠢᠷᠠᠭᠤᠯᠤᠨ ᠡᠮᠬᠢᠳᠬᠡᠵᠦ ᠰᠢᠯᠭᠠᠨ ᠠᠪᠬᠤ ᠶᠢ ᠬᠠᠷᠢᠭᠤᠴᠠᠵᠤ᠂ ᠰᠢᠶᠠᠨ ᠤ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠭᠤᠷᠪᠠᠨ ᠳᠤᠭᠤᠶᠢᠯᠠᠩ ᠤᠨ ᠰᠢᠯᠵᠢᠭᠦᠯᠦᠨ ᠭᠦᠢᠴᠡᠳᠬᠡᠬᠦ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ︽ᠤᠳᠤᠷᠢᠳᠬᠤ ᠳᠤᠭᠤᠶᠢᠯᠠᠩ︾ ᠭᠡᠵᠦ ᠲᠣᠪᠴᠢᠯᠠᠨ᠎ᠠ︶ ᠢᠶᠠᠷ ᠳᠡᠮᠵᠢᠨ ᠰᠢᠯᠭᠠᠨ ᠬᠤᠷᠢᠶᠠᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃   ︵ᠬᠤᠶᠠᠷ︶ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠴᠣᠬᠤᠯᠠᠪᠤᠷᠢ ᠶᠢᠨ ᠲᠥᠷᠥᠯ ︵7 ᠠᠰᠠᠭᠤᠳᠠᠯ︶    ᠬᠠᠷᠭᠤᠭᠤᠯᠤᠨ ᠪᠠᠶᠢᠴᠠᠭᠠᠬᠤ ᠠᠰᠠᠭᠤᠳᠠᠯ᠄ ᠦ᠋ ᠵᠧᠤ ᠶᠢᠨ ᠪᠣᠯᠣᠳ ᠲᠡᠮᠦᠷ ᠤᠨ ᠦᠢᠯᠡᠰ᠂ ᠢ ᠯᠢ ᠲᠡᠮᠦᠷᠯᠢᠭ ᠬᠠᠶᠢᠯᠤᠭᠤᠯᠬᠤ ᠦᠢᠯᠡᠰ᠂ ᠰᠢᠨ ᠳ᠋ᠡ ᠳ᠋ᠢ᠂ ᠵᠢᠶᠠ ᠮᠢᠩ ᠪᠣᠯᠣᠳ ᠲᠡᠮᠦᠷ ᠤᠨ  ᠦᠢᠯᠡᠰ᠂ ᠲᠢᠶᠠᠨ ᠴᠧᠩ ᠺᠣᠮᠫᠠᠨᠢ᠂ ᠶᠢᠨ ᠰᠢᠨ ᠵᠡᠷᠭᠡ 6 ᠠᠵᠤ ᠠᠬᠤᠶᠢᠯᠠᠯ ᠣᠷᠴᠢᠨ ᠠᠬᠤᠶ ᠶᠢᠨ ᠬᠠᠮᠠᠭᠠᠯᠠᠯᠲᠠ ᠶᠢᠨ ᠪᠠᠷᠢᠯᠭ᠎ᠠ ᠳᠠᠭᠤᠰᠤᠭᠰᠠᠨ ᠰᠢᠯᠭᠠᠨ ᠪᠠᠶᠢᠴᠠᠭᠠᠯᠲᠠ ᠶᠢ ᠭᠦᠢᠴᠡᠳᠬᠡᠭᠰᠡᠨ ᠥᠬᠡᠶ︔ ᠿᠢ ᠱᠧᠩ ᡁᠢ ᠪᠥᠸᠧ ᠶᠢᠨ ᠰᠢᠭᠠᠷᠤ ᠶᠢ ᠰᠣᠩᠭᠤᠬᠤ ᠲᠥᠬᠦᠭᠡᠷᠦᠮᠵᠢ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠭᠠᠷ ᠭᠦᠢᠴᠡᠳᠬᠡᠯ ᠬᠢᠭᠰᠡᠨ ᠦᠭᠡᠢ    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ᠂ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠡ ᠲᠦᠷᠦᠭᠦᠯᠡᠵᠦ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶ᠎ᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ ᠠᠵᠤ ᠠᠬᠤᠶᠢᠯᠠᠯ ᠤᠨ ᠭᠤᠷᠪᠠᠳᠠᠬᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠯᠭᠠᠬᠤ ᠶᠢ ᠱᠠᠯᠠᠪᠳᠠᠭᠤᠯᠵᠤ᠂ ᠠᠵᠤ ᠠᠬᠤᠶᠢᠯᠠᠯ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠢ ᠥᠪᠡᠷ ᠢᠶᠠᠨ ᠵᠣᠬᠢᠶᠠᠨ ᠪᠠᠶᠢᠭᠤᠯᠵᠤ᠂ ᠰᠢᠯᠭᠠᠨ ᠠᠪᠤᠭᠰᠠᠨ ᠤ ᠳᠠᠷᠠᠭ᠎ᠠ ᠭᠡᠷᠡᠴᠢᠯᠡᠬᠦ ᠮᠠᠲ᠋ᠧᠷᠢᠶᠠᠯ ᠢ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃    ᠬᠤᠶᠠᠷ ᠲᠤ᠂ ᠲᠢᠶᠠᠨ ᠴᠧᠩ ᠺᠣᠮᠫᠠᠨᠢ ᠶᠢᠨ 50 ᠰᠠᠶ᠎ᠠ ᠸᠠᠲ ᠤᠨ ᠰᠡᠬᠦᠯ ᠤᠨ ᠬᠡᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠦ᠋ ᠵᠧᠦ ᠶᠢᠨ ᠪᠤᠯᠤᠳ ᠲᠡᠮᠦᠷ ᠤᠨ ᠦᠢᠯᠡᠰ᠂ ᠢ ᠯᠢ ᠲᠡᠮᠦᠷᠯᠢᠭ ᠪᠣᠯᠪᠠᠰᠤᠷᠠᠭᠤᠯᠬᠤ᠂ ᠰᠢᠨ ᠳ᠋ᠡ ᠳ᠋ᠢ᠂ ᠵᠢᠶᠠ ᠮᠢᠩ ᠪᠤᠯᠤᠳ ᠲᠡᠮᠦᠷ ᠤᠨ ᠦᠢᠯᠡᠰ᠂ ᠶᠢᠨ ᠰᠢᠨ ᠵᠡᠷᠭᠡ ᠠᠵᠤ ᠠᠬᠤᠶᠢᠯᠠᠯ ᠤᠨ ᠰᠡᠬᠦᠯ ᠤᠨ ᠬᠡᠢ ᠶᠢ ᠲᠥᠪᠯᠡᠷᠡᠭᠦᠯᠦᠨ ᠬᠤᠷᠢᠶᠠᠨ ᠠᠪᠴᠤ ᠠᠰᠢᠭᠯᠠᠵᠤ᠂ ᠰᠡᠬᠦᠯ ᠤᠨ ᠬᠡᠢ ᠶᠢ ᠳᠤᠷ᠎ᠠ ᠪᠠᠷ ᠢᠶᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃    ᠬᠠᠷᠢᠭᠤᠴᠠᠯᠭᠠᠲᠤ ᠤᠳᠤᠷᠢᠳᠤᠯᠭ᠎ᠠ᠄ ᠡᠦ  ᠴᠢᠯᠠᠭᠤ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠲᠦᠷᠦᠭᠦᠯᠡᠨ ᠬᠢᠬᠦ ᠨᠢᠭᠡᠴᠡ᠄ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ    ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ︵ᠭᠤᠷᠪᠠ︶ ᠤᠰᠤ ᠲᠠᠲᠠᠬᠤ ᠵᠥᠪᠰᠢᠶᠡᠷᠡᠯ ᠤᠨ ᠲᠥᠷᠥᠯ ︵3 ᠠᠰᠠᠭᠤᠳᠠᠯ︶    ᠬᠠᠷᠭᠤᠭᠤᠯᠤᠨ ᠪᠠᠶᠢᠴᠠᠭᠠᠬᠤ ᠠᠰᠠᠭᠤᠳᠠᠯ᠄ ᠵᠥᠩ ᠲᠠᠢ ᠨᠢᠺᠤᠯ ᠲᠡᠮᠦᠷ᠂ ᠳ᠋ᠠ ᠲᠠᠩ ᠯᠦᠩ ᠳ᠋ᠧ᠂ ᠵᠢᠶᠠ ᠮᠢᠩ ᠤᠨ ᠪᠣᠯᠣᠳ ᠲᠡᠮᠦᠷ ᠤᠨ ᠦᠢᠯᠡᠰ ᠤᠨ 3 ᠠᠵᠤ ᠠᠬᠤᠶᠢᠯᠠᠯ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠭᠦᠢᠴᠡᠳᠬᠡᠭᠰᠡᠨ ᠥᠬᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠦᠷᠦᠭᠦᠯᠡᠵᠦ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ᠂ ᠠᠵᠤ ᠠᠬᠤᠶᠢᠯᠠᠯ ᠢ ᠰᠢᠪᠠᠳᠠᠵᠤ ᠪᠠᠶᠢᠭᠠᠳ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠯᠭᠠᠬᠤ ᠶᠢᠨ ᠬᠠᠮᠲᠤ ᠥᠪᠡᠰᠦᠪᠡᠨ ᠵᠣᠬᠢᠶᠠᠨ ᠪᠠᠶᠢᠭᠤᠯᠤᠨ ᠰᠢᠯᠭᠠᠨ ᠬᠤᠷᠢᠶᠠᠵᠤ᠂ ᠰᠢᠯᠭᠠᠨ ᠠᠪᠤᠭᠰᠠᠨ ᠤ ᠳᠠᠷᠠᠭ᠎ᠠ ᠭᠡᠷᠡᠴᠢ ᠪᠣᠯᠬᠤ ᠮᠠᠲ᠋ᠧᠷᠢᠶᠠᠯ ᠤᠨ ᠲᠣᠨᠤᠭ ᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃    ᠬᠤᠶᠠᠷ ᠲᠤ᠂ ᠤᠰᠤᠨ ᠠᠰᠢᠭᠯᠠᠯᠲᠠ ᠶᠢᠨ ᠲᠣᠪᠴᠢᠶ᠎ᠠ ᠨᠢ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ  ᠬᠤᠷᠢᠭᠯᠠᠨ᠎ᠠ᠃    ᠬᠠᠷᠢᠭᠤᠴᠠᠯᠭᠠᠲᠤ ᠤᠳᠤᠷᠢᠳᠤᠯᠭ᠎ᠠ᠄ ᠰᠢᠶᠤᠤ ᠵᠧᠨ ᠢᠦᠶ   ᠰᠢᠶᠠᠨ ᠤ  ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ    ᠲᠦᠷᠦᠭᠦᠯᠡᠨ ᠬᠢᠬᠦ ᠨᠢᠭᠡᠴᠡ᠄ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ   ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠴᠡᠭᠴᠡᠯᠡᠨ ᠥᠭᠡᠷᠡᠴᠢᠯᠡᠬᠦ ᠴᠠᠭ ᠤᠨ ᠬᠢᠵᠠᠭᠠᠷ᠄ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠢᠶᠠᠷ ᠵᠣᠬᠢᠶᠠᠨ ᠪᠠᠶᠢᠭᠤᠯᠵᠤ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ︵ᠳᠥᠷᠪᠡ︶ ᠭᠠᠵᠠᠷ ᠰᠢᠷᠣᠶ ᠶᠢᠨ ᠬᠡᠷᠡᠭᠯᠡᠯᠲᠡ ᠶᠢᠨ ᠲᠥᠷᠥᠯ ︵6 ᠠᠰᠠᠭᠤᠳᠠᠯ︶    ᠬᠠᠷᠭᠤᠭᠤᠯᠤᠨ ᠪᠠᠶᠢᠴᠠᠭᠠᠬᠤ ᠠᠰᠠᠭᠤᠳᠠᠯ᠄ ᠰᠢᠨ ᠳ᠋ᠡ ᠳ᠋ᠢ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠠᠪᠤᠭᠰᠠᠨ ᠥᠬᠡᠶ᠂ ᠳ᠋ᠠ ᠲᠠᠩ ᠯᠦᠩ ᠳ᠋ᠧ ᠭᠠᠵᠠᠷ ᠬᠡᠷᠡᠭᠯᠡᠬᠦ ᠲᠥᠯᠥᠪᠵᠢᠭᠦᠯᠭᠡ᠂ ᠢᠨᠵᠧᠨᠧᠷᠢᠩ ᠤᠨ ᠲᠥᠯᠥᠪᠵᠢᠭᠦᠯᠭᠡ ᠬᠢᠭᠰᠡᠨ ᠥᠬᠡᠶ᠂ ᠵᠢᠶᠠ ᠮᠢᠩ ᠪᠣᠯᠣᠳ ᠲᠡᠮᠦᠷ ᠤᠨ ᠦᠢᠯᠡᠰ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠠᠪᠤᠭᠰᠠᠨ ᠥᠬᠡᠶ᠂ ᠰᠢᠨ ᠰᠢᠨ ᠽᠧ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠢᠴᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠦᠨᠡᠮᠯᠡᠯ ᠠᠪᠤᠭᠰᠠᠨ ᠥᠬᠡᠶ᠂ ᠮᠧᠩ ᠢᠦᠢ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠠᠪᠤᠭᠰᠠᠨ ᠥᠬᠡᠶ᠂ ᠶᠢᠨ ᠰᠢᠨ ᠦᠢᠯᠡᠳᠪᠤᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠠᠪᠤᠭᠰᠠᠨ ᠥᠬᠡᠶ᠃   ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄   ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠵᠦ᠂ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ᠂ ᠰᠢᠨ ᠳ᠋ᠡ ᠳ᠋ᠢ᠂ ᠳ᠋ᠠ ᠲᠠᠩ ᠯᠦᠩ ᠳ᠋ᠧ᠂ ᠵᠢᠶᠠ ᠮᠢᠩ ᠪᠣᠯᠣᠳ ᠲᠡᠮᠦᠷ ᠤᠨ ᠦᠢᠯᠡᠰ᠂ ᠰᠢᠨ ᠰᠢᠨ ᠽᠧ᠂ ᠶᠢᠨ ᠰᠢᠨ᠂ ᠮᠧᠩ ᠢᠦᠢ ᠵᠡᠷᠭᠡ 6 ᠠᠵᠤ ᠠᠬᠤᠶᠢᠯᠠᠯ ᠤᠨ ᠭᠠᠵᠠᠷ ᠬᠡᠷᠡᠭᠯᠡᠬᠦ ᠲᠥᠯᠥᠪᠵᠢᠭᠦᠯᠭᠡ ᠪᠠ ᠢᠨᠵᠧᠨᠧᠷᠢᠩ ᠤᠨ ᠲᠥᠯᠥᠪᠵᠢᠭᠦᠯᠭᠡ ᠶᠢᠨ ᠦᠨᠡᠮᠯᠡᠯ ᠢ ᠭᠦᠢᠴᠡᠳᠬᠡᠬᠦ ᠶᠢ ᠰᠢᠪᠠᠳᠠᠨ᠎ᠠ᠃ ︽ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠦᠨᠡᠮᠯᠡᠯ ᠠᠪᠬᠤ ᠬᠠᠮᠤᠭ ᠰᠡᠭᠦᠯᠴᠢ ᠶᠢᠨ ᠬᠤᠭᠤᠴᠠᠭ᠎ᠠ ᠶᠢ ᠲᠣᠳᠣᠷᠬᠠᠶ ᠲᠣᠭᠲᠠᠭᠠᠨ᠎ᠠ᠂ ᠬᠡᠷᠪᠡ ᠲᠣᠭᠲᠠᠭᠰᠠᠨ ᠬᠤᠭᠤᠴᠠᠭᠠᠨ ᠳᠣᠲᠣᠷ᠎ᠠ ᠬᠤᠯᠪᠣᠭᠳᠠᠯ ᠪᠦᠬᠦᠢ ᠦᠨᠡᠮᠯᠡᠯ ᠢ ᠭᠦᠢᠴᠡᠳᠬᠡᠬᠦ ᠦᠭᠡᠢ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠶᠢᠨ 64 ᠳ᠋ᠤᠭᠡᠷ ᠵᠦᠢᠯ ᠤᠨ ᠲᠣᠭᠲᠠᠭᠠᠯ  ︵ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠣᠯᠤᠭᠰᠠᠨ ᠥᠭᠡᠢ ᠪᠤᠶᠤ ᠪᠥᠳᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠶᠣᠰᠣᠭᠠᠷ ᠪᠥᠳᠥᠭᠡᠨ ᠪᠠᠶᠢᠭᠤᠯᠤᠭᠰᠠᠨ ᠥᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠪᠥᠳᠥᠭᠡᠨ ᠪᠠᠶᠢᠭᠤᠯᠬᠤ ᠶᠢ ᠨᠢ ᠵᠣᠭᠰᠣᠭᠠᠨ᠎ᠠ︔ ᠪᠠᠰᠠ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ ᠪᠠᠶᠢᠭᠠᠳ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠦᠵᠡᠭᠦᠯᠬᠦ ᠨᠥᠯᠥᠭᠡ ᠶᠢ ᠠᠷᠢᠯᠭᠠᠵᠤ ᠪᠣᠯᠬᠤ ᠳᠤ ᠬᠦᠷᠪᠡᠯ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠵᠠᠭᠤᠨ ᠤ ᠲᠠᠪᠤ ᠠᠴᠠ ᠳᠡᠭᠡᠭᠰᠢ ᠵᠠᠭᠤᠨ ᠤ ᠠᠷᠪᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ ᠨᠥᠯᠥᠭᠡ ᠶᠢ ᠨᠢ ᠠᠷᠢᠯᠭᠠᠬᠤ ᠶᠢᠨ ᠠᠷᠭ᠎ᠠ ᠤᠢᠭᠡᠢ ᠪᠠᠶᠢᠪᠠᠯ᠂ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ᠂ ᠨᠤᠷᠠᠭᠠᠵᠤ ᠪᠣᠯᠬᠤ ᠤᠢᠭᠡᠢ ᠪᠣᠯ ᠪᠣᠳᠠᠲᠤ ᠶᠠᠭᠤᠮ᠎ᠠ ᠪᠤᠶᠤ ᠬᠠᠤᠯᠢ ᠶᠢ ᠵᠥᠷᠢᠴᠡᠵᠦ ᠣᠯᠤᠭᠰᠠᠨ ᠣᠷᠣᠯᠭ᠎ᠠ ᠶᠢ ᠨᠢ ᠬᠤᠷᠢᠶᠡᠠ ᠠᠪᠴᠤ᠂ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠵᠠᠭᠤᠨ ᠤ ᠠᠷᠪᠠ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ ᠪᠣᠯᠤᠨ᠎ᠠ︶ ᠢᠶᠠᠷ ᠰᠢᠳᠬᠡᠨ᠎ᠡ᠃    ᠬᠠᠷᠢᠭᠤᠴᠠᠯᠭᠠᠲᠤ ᠤᠳᠤᠷᠢᠳᠤᠯᠭ᠎ᠠ᠄ ᠡᠦ  ᠴᠢᠯᠠᠭᠤ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠲᠦᠷᠦᠭᠦᠯᠡᠨ ᠬᠢᠬᠦ ᠨᠢᠭᠡᠴᠡ᠄ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ    ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ︵ᠲᠠᠪᠤ︶ ᠠᠶᠤᠯ ᠥᠭᠡᠢ ᠦᠢᠯᠡᠳᠪᠦᠷᠢᠯᠡᠯ ᠤᠨ ᠲᠥᠷᠥᠯ ︵12 ᠠᠰᠠᠭᠤᠳᠠᠯ︶    ᠬᠠᠷᠭᠤᠭᠤᠯᠤᠨ ᠪᠠᠶᠢᠴᠠᠭᠠᠬᠤ ᠠᠰᠠᠭᠤᠳᠠᠯ᠄ ᠦ᠋ ᠵᠧᠤ ᠶᠢᠨ ᠪᠣᠯᠣᠳ ᠲᠡᠮᠦᠷ ᠤᠨ ᠦᠢᠯᠡᠰ᠂ ᠵᠥᠩ ᠲᠠᠢ ᠨᠢᠺᠤᠯ ᠲᠡᠮᠦᠷ᠂ ᠢ ᠯᠢ ᠲᠡᠮᠦᠷᠯᠢᠭ ᠬᠠᠶᠢᠯᠤᠭᠤᠯᠬᠤ ᠦᠢᠯᠡᠰ᠂ ᠰᠢᠨ ᠳ᠋ᠡ ᠳ᠋ᠢ᠂ ᠳ᠋ᠠ ᠲᠠᠩ ᠯᠦᠩ ᠳ᠋ᠧ᠂ ᠵᠢᠶᠠ ᠮᠢᠩ ᠪᠣᠯᠣᠳ ᠲᠡᠮᠦᠷ ᠤᠨ ᠦᠢᠯᠡᠰ᠂ ᠰᠢᠨ ᠰᠢᠨ ᠽᠧ᠂ ᠲᠢᠶᠠᠨ ᠴᠧᠩ ᠺᠣᠮᠫᠠᠨᠢ᠂ ᠰᠢᠶᠦ᠋ᠩ ᠸᠧᠶ ᠭᠤᠸᠠᠩ ᠳ᠋ᠠ᠂ ᠮᠧᠩ ᠢᠦᠢ᠂ ᠶᠢᠨ ᠰᠢᠨ ᠵᠡᠷᠭᠡ 11 ᠠᠵᠤ ᠠᠬᠤᠶᠢᠯᠠᠯ ᠪᠠᠷᠢᠯᠭ᠎ᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠭᠰᠨ ᠥᠬᠡᠶ︔ ᠺᠦᠨ ᠱᠧᠩ ︵ᠡᠦ ᠺᠤᠸᠠᠩ ᠬᠤ᠋ ᠲᠢᠶᠧ︶ ᠳᠤ ᠭᠠᠯ ᠤᠨᠲᠠᠷᠠᠭᠠᠬᠤ ᠰᠢᠯᠭᠠᠯᠲᠠ ᠬᠢᠭᠰᠡᠨ ᠦᠭᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ᠂ ᠭᠠᠯ ᠤᠨᠲᠠᠷᠠᠭᠠᠬᠤ ᠭᠠᠷᠳᠠᠮ ᠭᠦᠢᠴᠡᠳᠬᠡᠭᠰᠡᠨ ᠥᠬᠡᠶ ᠠᠵᠤ ᠠᠬᠤᠶᠢᠯᠠᠯ ᠢ ᠰᠢᠪᠠᠳᠠᠵᠤ ᠪᠠᠶᠢᠭᠠᠳ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠯᠭᠡᠨ᠎ᠡ᠃ᠬᠤᠶᠠᠷ ᠲᠤ᠂ ᠭᠠᠯ ᠤᠨᠲᠠᠷᠠᠭᠠᠬᠤ ᠭᠠᠷ ᠭᠦᠢᠴᠡᠳᠬᠡᠯ ᠬᠢᠭᠡᠳᠦᠶ ᠠᠵᠤ ᠠᠬᠤᠶᠢᠯᠠᠯ ᠤᠨ ᠭᠠᠯ ᠤᠨᠲᠠᠷᠠᠭᠠᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠵᠢᠷᠤᠭ ᠤᠨ ᠶᠣᠰᠣᠭᠠᠷ ᠭᠤᠷᠪᠠᠳᠠᠬᠢ ᠡᠲᠡᠭᠡᠳ ᠢ ᠤᠷᠢᠵᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠶᠢᠴᠠᠭᠠᠨ ᠬᠡᠮᠵᠢᠯᠲᠡ ᠬᠢᠯᠭᠡᠬᠦ ᠳᠤ ᠬᠢᠨᠠᠯᠲᠠ ᠲᠠᠯᠪᠢᠨ᠎ᠠ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠭᠰᠡᠨ ᠤ ᠲᠠᠷᠠᠭ᠎ᠠ ᠠᠵᠤ ᠠᠬᠤᠶᠢᠯᠠᠯ ᠥᠪᠡᠰᠦᠪᠡᠨ ᠵᠣᠬᠢᠶᠠᠨ ᠪᠠᠶᠢᠭᠤᠯᠤᠨ ᠰᠢᠯᠭᠠᠨ ᠠᠪᠴᠤ᠂ ᠰᠢᠯᠭᠠᠨ ᠠᠪᠤᠭᠰᠠᠨ ᠤ ᠲᠠᠷᠠᠭ᠎ᠠ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃    ᠬᠠᠷᠢᠭᠤᠴᠠᠯᠭᠠᠲᠤ ᠤᠳᠤᠷᠢᠳᠤᠯᠭ᠎ᠠ᠄ ᠶᠠᠨ ᠵᠢᠶᠦ᠋ᠨ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠲᠦᠷᠦᠭᠦᠯᠡᠨ ᠬᠢᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠡ    ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾  ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ︵ᠵᠢᠷᠭᠤᠭ᠎ᠠ︶ ᠲᠥᠷᠥᠯ ᠵᠦᠢᠯ ᠤᠨ ᠪᠠᠷᠢᠯᠭ᠎ᠠ ᠶᠢᠨ ᠲᠥᠷᠥᠯ ︵15 ᠠᠰᠠᠭᠤᠳᠠᠯ︶    ᠬᠢᠨᠠᠨ ᠪᠠᠶᠢᠴᠠᠭᠠᠬᠤ ᠠᠰᠠᠭᠤᠳᠠᠯ᠄ ᠮᠧᠩ ᠳ᠋ᠡ ᠲᠢᠲ᠋ᠠᠨ ᠤ ᠦᠢᠯᠡᠰ᠂ ᠡᠦ ᠵᠧᠦ ᠶᠢᠨ ᠪᠣᠯᠣᠳ ᠲᠡᠮᠦᠷ ᠤᠨ ᠦᠢᠯᠡᠰ᠂ ᠵᠥᠩ ᠲᠠᠢ ᠨᠢᠺᠤᠯ ᠲᠡᠮᠦᠷ᠂ ᠢ ᠯᠢ ᠲᠡᠮᠦᠷᠯᠢᠭ ᠪᠣᠯᠪᠠᠰᠤᠷᠠᠭᠤᠯᠬᠤ ᠦᠢᠯᠡᠰ᠂ ᠿᠢ ᠱᠧᠩ ᡁᠢ ᠪᠥᠸᠧ᠂ ᠺᠦᠨ ᠱᠧᠩ ︵ᠡᠦ ᠺᠤᠸᠠᠩ ᠬᠤ᠋ ᠲᠢᠶᠧ︶᠂ ᠰᠢᠨ ᠳ᠋ᠡ ᠳ᠋ᠢ᠂ ᠳ᠋ᠠ ᠲᠠᠩ ᠯᠦᠩ ᠳ᠋ᠧ᠂ ᠵᠢᠶᠠ ᠮᠢᠩ ᠪᠣᠯᠣᠳ ᠲᠡᠮᠦᠷ ᠤᠨ ᠦᠢᠯᠡᠰ᠂ ᠰᠢᠨ ᠰᠢᠨ ᠽᠧ᠂ ᠲᠢᠶᠠᠨ ᠴᠧᠩ ᠺᠣᠮᠫᠠᠨᠢ᠂ ᠰᠢᠶᠦ᠋ᠩ ᠸᠧᠶ ᠭᠤᠸᠠᠩ ᠳ᠋ᠠ  ᠮᠧᠩ ᠢᠦᠢ᠂ ᠶᠢᠨ ᠰᠢᠨ ᠵᠡᠷᠭᠡ 14 ᠠᠵᠤ ᠠᠬᠤᠶᠢᠯᠠᠯ ᠪᠠᠷᠢᠯᠭ᠎ᠠ ᠪᠠᠷᠢᠬᠤ ᠵᠥᠪᠰᠢᠶᠡᠷᠡᠯ ᠠᠪᠤᠭᠰᠠᠨ ᠥᠬᠡᠶ︔ ᠳ᠋ᠠ ᠲᠠᠩ ᠯᠦᠩ ᠳ᠋ᠧ ᠶᠢᠨ ᠥᠯᠥ ᠰᠢᠲᠠᠭᠠᠬᠤ ᠲᠣᠭᠤᠰᠬ᠎ᠠ ᠶᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠶᠢ ᠭᠦᠢᠴᠡᠳᠬᠡᠭᠰᠡᠨ ᠥᠬᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠠᠪᠤᠭᠰᠠᠨ ᠥᠬᠡᠶ ᠠᠵᠤ ᠠᠬᠤᠶᠢᠯᠠᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠶᠢ ᠰᠢᠮᠳᠠᠭᠤᠯᠤᠨ᠎ᠠ︔ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠭᠦᠢᠴᠡᠳᠬᠡᠭᠰᠡᠨ‌ᠥᠬᠡᠶ ᠪᠠᠶᠢᠪᠠᠯ᠂ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠭᠤᠷᠪᠠᠳᠠᠬᠢ ᠡᠲᠡᠭᠡᠳ ᠢ ᠤᠷᠢᠵᠤ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠯᠭᠠᠵᠤ᠂ ᠡᠵᠡᠨ ᠮᠡᠳᠡᠵᠦ ᠰᠢᠯᠭᠠᠨ ᠠᠪᠤᠭᠰᠠᠨ ᠤ ᠳᠠᠷᠠᠭ᠎ᠠ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃    ᠬᠠᠷᠢᠭᠤᠴᠠᠯᠭᠠᠲᠤ ᠤᠳᠤᠷᠢᠳᠤᠯᠭ᠎ᠠ᠄ ᠶᠠᠨ ᠵᠢᠶᠦ᠋ᠨ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ    ᠲᠦᠷᠦᠭᠦᠯᠡᠨ ᠬᠢᠬᠦ ᠨᠢᠭᠡᠴᠡ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠡ    ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾  ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ︵ᠳᠣᠯᠤᠭ᠎ᠠ︶ ᠪᠣᠬᠢᠷᠲᠤᠯ ᠢ ᠵᠠᠰᠠᠬᠤ ᠲᠥᠷᠥᠯ ︵36 ᠠᠰᠠᠭᠤᠳᠠᠯ︶    ᠬᠠᠷᠭᠤᠭᠤᠯᠤᠨ ᠪᠠᠶᠢᠴᠠᠭᠠᠬᠤ ᠠᠰᠠᠭᠤᠳᠠᠯ᠄ 9 ᠠᠵᠤ ᠠᠬᠤᠶᠢᠯᠠᠯ ᠤᠨ 36 ᠠᠰᠠᠭᠤᠳᠠᠯ᠃ 1. ᠡᠦ ᠵᠧᠦ ᠶᠢᠨ ᠪᠣᠯᠣᠳ ᠲᠡᠮᠦᠷ ᠤᠨ ᠦᠢᠯᠡᠰ ᠤᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠰᠠᠷᠠᠪᠴᠢ ᠶᠢᠨ ᠪᠠᠭᠲᠠᠭᠠᠮᠵᠢ ᠬᠦᠷᠦᠯᠴᠡᠬᠦ ᠥᠬᠡᠶ ᠪᠠᠶᠢᠵᠤ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ᠂ ᠬᠡᠰᠡᠭ ᠲᠦᠭᠦᠬᠡᠶ ᠮᠠᠲ᠋ᠧᠷᠢᠶᠠᠯ ᠢ ᠨᠢ ᠪᠦᠲᠡᠭᠡᠭᠰᠡᠨ ᠥᠬᠡᠶ︔ 2. ᠮᠠᠲ᠋ᠧᠷᠢᠶᠠᠯ ᠣᠷᠣᠭᠤᠯᠬᠤ ᠠᠮᠠᠰᠠᠷ ᠲᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ᠂ ᠰᠢᠭᠠᠷᠤ ᠭᠠᠷᠭᠠᠬᠤ ᠠᠮᠠᠰᠠᠷ ᠤᠨ ᠪᠥᠲᠥᠭᠡᠨ ᠪᠠᠶᠢᠭᠤᠯᠤᠯᠲᠠ ᠨᠢ ᠵᠢᠷᠤᠮᠵᠢᠯ ᠥᠬᠡᠶ ᠪᠠᠶᠢᠬᠤ︔ ᠮᠠᠲ᠋ᠧᠷᠢᠶᠠᠯ ᠣᠷᠣᠭᠤᠯᠬᠤ ᠠᠮᠠᠰᠠᠷ ᠲᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ᠂ ᠰᠢᠭᠠᠷᠤ ᠭᠠᠷᠭᠠᠬᠤ ᠠᠮᠠᠰᠠᠷ ᠤᠨ ᠪᠥᠲᠥᠭᠡᠨ ᠪᠠᠶᠢᠭᠤᠯᠤᠯᠲᠠ ᠨᠢ ᠵᠢᠷᠤᠮᠵᠢᠯ ᠥᠬᠡᠶ ᠪᠠᠶᠢᠬᠤ︔ 3. ᠬᠠᠶᠠᠭᠳᠠᠮᠠᠯ ᠰᠢᠭᠠᠷᠤ ᠶᠢ ᠠᠴᠢᠶᠠᠯᠠᠵᠤ ᠪᠠᠭᠤᠯᠭᠠᠬᠤ ᠶᠠᠪᠤᠴᠠ ᠳᠤ ᠠᠷᠭ᠎ᠠ ᠬᠡᠮᠵᠢᠶ᠎ᠡ ᠠᠪᠤᠭᠰᠠᠨ ᠥᠬᠡᠶ᠂ ᠨᠢᠭᠡ ᠬᠡᠰᠡᠭ ᠢ ᠨᠢ ᠵᠤᠤᠬᠠᠨ ᠤ ᠰᠢᠭᠠᠷᠤ ᠶᠢ ᠵᠠᠳᠠᠭᠠᠶ ᠣᠪᠣᠭᠠᠯᠠᠵᠤ ᠲᠠᠯᠪᠢᠭᠠᠳ ︽ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ︾ ᠬᠢᠭᠰᠡᠨ ᠥᠬᠡᠶ᠂ ᠨᠢᠭᠡ ᠬᠡᠰᠡᠭ ᠢ ᠨᠢ ᠤᠰᠤᠨ ᠵᠠᠮ ᠢᠶᠠᠷ ᠳᠡᠮᠵᠢᠨ ᠬᠠᠵᠠᠭᠤ ᠶᠢᠨ ᠬᠦᠷᠢᠶᠡᠨ ᠳᠤ ᠣᠷᠣᠭᠤᠯᠵᠤ᠂ ᠬᠠᠭᠤᠷᠠᠶ ᠰᠢᠭᠠᠷᠤ ᠶᠢ ᠤᠰᠤ ᠪᠠᠷ ᠤᠬᠢᠶᠠᠬᠤ ᠲᠥᠬᠦᠭᠡᠷᠦᠮᠵᠢ ᠳᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ᠃    4. ᠵᠦᠩ ᠲᠠᠢ ᠨᠢᠺᠤᠯ ᠲᠡᠮᠦᠷ ᠤᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠫᠧᠩ ᠤᠨ ᠪᠠᠭᠲᠠᠭᠠᠮᠵᠢ ᠨᠢ ᠬᠦᠷᠦᠯᠴᠡᠬᠦ ᠥᠬᠡᠶ ᠪᠠᠶᠢᠵᠤ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠬᠡᠶ︔ 5᠂ ᠮᠠᠲ᠋ᠧᠷᠢᠶᠠᠯ ᠣᠷᠣᠭᠤᠯᠬᠤ ᠠᠮᠠᠰᠠᠷ ᠲᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠭᠡᠢ᠂ ᠰᠢᠭᠠᠷᠤ ᠭᠠᠷᠭᠠᠬᠤ ᠠᠮᠠᠰᠠᠷ ᠤᠨ ᠪᠥᠳᠥᠭᠡᠨ ᠪᠠᠶᠢᠭᠤᠯᠤᠯᠲᠠ ᠨᠢ ᠵᠢᠷᠤᠮᠵᠢᠯ ᠥᠭᠡᠢ᠂ ᠤᠲᠤᠭ᠎ᠠ ᠬᠡᠢ ᠶᠢ ᠵᠢᠷᠤᠮᠵᠢᠯ ᠲᠠᠢ ᠪᠠᠷ ᠭᠠᠳᠠᠭᠰᠢᠯᠠᠭᠤᠯᠬᠤ ᠥᠭᠡᠢ︔ 6. ᠴᠢᠳᠬᠤᠬᠤ ᠠᠵᠢᠯ ᠤᠨ ᠬᠡᠰᠡᠭ ᠲᠤ ᠲᠣᠭᠤᠰᠣ ᠬᠤᠷᠢᠶᠠᠬᠤ ᠲᠥᠬᠦᠭᠡᠷᠦᠮᠵᠢ ᠶᠢ ᠬᠤᠶᠠᠳᠠᠬᠢ ᠤᠳᠠᠭ᠎ᠠ ᠨᠡᠮᠡᠵᠦ ᠤᠭᠰᠠᠷᠠᠭᠰᠠᠨ ᠥᠬᠡᠶ︔ 7. ᠬᠠᠭᠤᠷᠠᠶ ᠰᠢᠭᠠᠷᠤ ᠶᠢ ᠤᠰᠤ ᠪᠠᠷ ᠤᠬᠢᠶᠠᠬᠤ ᠲᠥᠬᠦᠭᠡᠷᠦᠮᠵᠢ ᠳᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ ᠪᠠᠷ ᠵᠠᠳᠠᠭᠠᠶ  ᠦᠢᠯᠡᠳᠪᠤᠷᠢᠯᠡᠵᠦ᠂ ᠬᠡᠰᠡᠭ ᠰᠢᠭᠠᠷᠤ ᠶᠢ ᠵᠠᠳᠠᠭᠠᠶ ᠣᠪᠣᠭᠠᠯᠠᠵᠤ ᠲᠠᠯᠪᠢᠭᠠᠳ ︽ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ︾ ᠠᠪᠤᠭᠰᠠᠨ ᠥᠬᠡᠶ᠃    8᠂ ᠢ ᠯᠢ ᠲᠡᠮᠦᠷᠯᠢᠭ ᠤᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠫᠧᠩ ᠤᠨ ᠪᠠᠭᠲᠠᠭᠠᠮᠵᠢ ᠬᠦᠷᠦᠯᠴᠡᠬᠦ ᠥᠭᠡᠢ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠭᠡᠢ︔ 9. ᠮᠠᠲ᠋ᠧᠷᠢᠶᠠᠯ ᠣᠷᠣᠭᠤᠯᠬᠤ ᠠᠮᠠᠰᠠᠷ ᠤᠨ ᠲᠣᠭᠤᠰᠣ ᠬᠤᠷᠢᠶᠠᠬᠤ ᠲᠥᠬᠦᠭᠡᠷᠦᠮᠵᠢ ᠨᠢ ᠲᠡᠭᠦᠯᠳᠡᠷ ᠪᠤᠰᠤ᠂ ᠮᠠᠲ᠋ᠧᠷᠢᠶᠠᠯ ᠣᠷᠣᠭᠤᠯᠬᠤ ᠲᠣᠭᠤᠰᠣ ᠠᠷᠢᠯᠭᠠᠭᠤᠷ ᠤᠨ ᠬᠡᠶ ᠭᠠᠷᠭᠠᠬᠤ ᠲᠦᠩᠰᠡ ᠶᠢᠨ ᠥᠨᠳᠥᠷ ᠤᠨ ᠬᠡᠮᠵᠢᠶ᠎ᠡ ᠨᠢ ᠬᠦᠷᠦᠯᠴᠡᠬᠦ ᠥᠬᠡᠶ︔ 10. ᠠᠵᠤ ᠦᠢᠯᠡᠳᠪᠤᠷᠢ ᠶᠢᠨ ᠬᠠᠶᠠᠭᠳᠠᠮᠠᠯ ᠰᠢᠭᠠᠷᠤ ᠶᠢ ᠵᠠᠳᠠᠭᠠᠶ ᠣᠪᠤᠭᠠᠯᠠᠵᠤ ᠪᠠᠶᠢᠭ᠎ᠠ ᠪᠠᠶᠢᠳᠠᠯ ᠪᠠᠶᠢᠨ᠎ᠠ︔ 11. ᠰᠢᠭᠠᠷᠤ ᠤᠬᠢᠶᠠᠬᠤ ᠲᠥᠬᠦᠭᠡᠷᠦᠮᠵᠢ ᠳᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ︔ 12᠂ ᠲᠣᠭᠤᠰᠣ ᠦᠨᠡᠰᠦ ᠬᠠᠳᠠᠭᠠᠯᠠᠬᠤ ᠭᠠᠵᠠᠷ ᠤᠨ ᠲᠠᠯᠠᠪᠤᠷ ᠢ ᠵᠢᠷᠤᠮᠵᠢᠯ ᠤᠨ ᠶᠣᠰᠣᠭᠠᠷ ᠪᠠᠶᠢᠭᠤᠯᠤᠭᠰᠠᠨ ᠥᠭᠡᠢ᠂ ᠲᠡᠮᠳᠡᠭ ᠲᠠᠯᠪᠢᠭᠰᠠᠨ ᠥᠭᠡᠢ᠃    13. ᠿᠢ ᠱᠧᠩ ᡁᠢ ᠪᠥᠸᠧ ᠶᠢᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠫᠧᠩ ᠤᠨ ᠪᠠᠭᠲᠠᠭᠠᠮᠵᠢ ᠬᠦᠷᠦᠯᠴᠡᠬᠦ ᠥᠬᠡᠶ ᠪᠠᠶᠢᠵᠤ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠬᠡᠶ︔ 14. ᠮᠠᠲ᠋ᠧᠷᠢᠶᠠᠯ ᠣᠷᠣᠭᠤᠯᠬᠤ ᠠᠮᠠᠰᠠᠷ ᠤᠨ ᠲᠣᠭᠤᠰᠣ ᠬᠤᠷᠢᠶᠠᠬᠤ ᠲᠥᠬᠦᠭᠡᠷᠦᠮᠵᠢ ᠨᠢ ᠲᠡᠭᠦᠯᠳᠡᠷ ᠪᠤᠰᠤ ᠪᠠᠶᠢᠵᠤ᠂ ᠬᠡᠰᠡᠭ ᠤᠲᠤᠭ᠎ᠠ ᠶᠢ ᠦᠢᠯᠡᠳᠪᠤᠷᠢ ᠶᠢᠨ ᠲᠠᠰᠤᠭ ᠤᠨ ᠣᠷᠣᠶ ᠪᠠᠷ ᠳᠡᠮᠵᠢᠨ ᠬᠠᠮᠢᠶ᠎ᠠ ᠥᠬᠡᠶ ᠭᠠᠳᠠᠭᠰᠢᠯᠠᠭᠤᠯᠵᠤ ᠪᠠᠶᠢᠨ᠎ᠠ︔ 15. ᠰᠢᠭᠠᠷᠤ ᠭᠠᠷᠭᠠᠬᠤ ᠠᠮᠠᠰᠠᠷ ᠤᠨ ᠪᠥᠲᠥᠭᠡᠨ ᠪᠠᠶᠢᠭᠤᠯᠤᠯᠲᠠ ᠨᠢ ᠵᠢᠷᠤᠮᠵᠢᠯ ᠥᠬᠡᠶ᠂ ᠲᠣᠭᠲᠠᠭᠠᠯ ᠶᠣᠰᠣᠭᠠᠷ ᠵᠢᠭᠠᠨ ᠲᠣᠭᠲᠠᠭᠠᠭᠰᠠᠨ ᠭᠠᠵᠠᠷ ᠲᠤ ᠣᠷᠣᠭᠤᠯᠵᠤ ᠰᠢᠢᠳᠪᠤᠷᠢᠯᠡᠭᠰᠡᠨ ᠥᠬᠡᠶ ᠪᠠᠶᠢᠪᠠᠯ᠂ ᠲᠣᠰ ᠬᠠᠶᠠᠭᠳᠠᠮᠠᠯ ᠰᠢᠭᠠᠷᠤ ᠪᠠᠷ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ︵PH12-13︶ ᠬᠢᠬᠦ ᠴᠢᠬᠤᠯᠠᠲᠠᠶ︔ 16. ᠲᠣᠭᠤᠰᠣ ᠠᠷᠢᠯᠭᠠᠭᠤᠷ ᠤᠨ ᠦᠨᠡᠰᠦ ᠭᠠᠷᠭᠠᠬᠤ ᠠᠮᠠᠰᠠᠷ ᠲᠤ ᠨᠢᠭᠡᠨᠲᠡ ᠪᠢᠲᠡᠭᠦᠮᠵᠢᠯᠡᠭᠰᠡᠨ ᠬᠦᠷᠢᠶ᠎ᠡ ᠬᠠᠰᠢᠶ᠎ᠠ ᠪᠠᠶᠢᠭᠤᠯᠵᠤ᠂ ᠲᠣᠭᠤᠰᠣ ᠠᠷᠢᠯᠭᠠᠬᠤ ᠬᠡᠰᠡᠭ ᠨᠢ ᠤᠰᠤᠨ ᠰᠤᠪᠠᠭ ᠢᠶᠠᠷ ᠳᠡᠮᠵᠢᠨ ᠪᠢᠲᠡᠭᠦᠮᠵᠢᠯᠡᠭᠰᠡᠨ ᠬᠦᠷᠢᠶ᠎ᠡ ᠬᠠᠰᠢᠶ᠎ᠠ ᠳᠤ ᠤᠷᠤᠰᠤᠨ ᠣᠷᠣᠬᠤ ᠠᠴᠠ ᠭᠠᠳᠠᠨ᠎ᠠ᠂ ᠠᠶᠤᠯᠲᠠᠶ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠬᠠᠮᠢᠶᠠᠷᠤᠭᠰᠠᠨ ᠥᠬᠡᠶ᠃    17. ᠺᠦᠨ ᠱᠧᠩ ︵ᠡᠦ ᠺᠤᠸᠠᠩ ᠬᠤ᠋ ᠲᠢᠶᠧ︶ ᠤᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠰᠠᠷᠠᠪᠴᠢ ᠶᠢᠨ ᠪᠠᠭᠲᠠᠭᠠᠮᠵᠢ ᠬᠦᠷᠦᠯᠴᠡᠬᠦ ᠥᠬᠡᠶ ᠪᠠᠶᠢᠵᠤ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠬᠡᠶ︔ 18. ᠬᠠᠭᠠᠷᠬᠠᠶ ᠬᠠᠭᠤᠷᠠᠶ ᠰᠢᠭᠠᠷᠤ ᠶᠢᠨ ᠮᠠᠲ᠋ᠧᠷᠢᠶᠠᠯ ᠤᠨ ᠠᠮᠠᠰᠠᠷ ᠲᠤ ᠲᠣᠭᠤᠰᠣ ᠠᠷᠢᠯᠭᠠᠬᠤ ᠲᠥᠬᠦᠭᠡᠷᠦᠮᠵᠢ ᠤᠭᠰᠠᠷᠠᠭᠰᠠᠨ ᠥᠬᠡᠶ᠂ ᠨᠢᠭᠡ ᠬᠡᠰᠡᠭ ᠢ ᠨᠢ ᠵᠤᠤᠬᠠᠨ ᠤ ᠰᠢᠭᠠᠷᠤ ᠶᠢ ᠵᠠᠳᠠᠭᠠᠶ ᠣᠪᠣᠭᠠᠯᠠᠵᠤ ᠲᠠᠯᠪᠢᠭᠠᠳ ︽ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ︾ ᠬᠢᠭᠰᠡᠨ ᠥᠬᠡᠶ᠂ ᠬᠠᠭᠤᠷᠠᠶ ᠰᠢᠭᠠᠷᠤ ᠶᠢ ᠤᠰᠤ ᠪᠠᠷ ᠤᠬᠢᠶᠠᠬᠤ ᠲᠥᠬᠦᠭᠡᠷᠦᠮᠵᠢ ᠳᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ ᠪᠠᠷ ᠵᠠᠳᠠᠭᠠᠶ ᠦᠢᠯᠡᠳᠪᠤᠷᠢᠯᠡᠵᠦ ᠪᠤᠢ︔ 19. ᠮᠠᠲ᠋ᠧᠷᠢᠶᠠᠯ ᠣᠷᠣᠭᠤᠯᠬᠤ ᠠᠮᠠᠰᠠᠷ ᠤᠨ ᠲᠣᠭᠤᠰᠣ ᠬᠤᠷᠢᠶᠠᠬᠤ ᠲᠥᠬᠦᠭᠡᠷᠦᠮᠵᠢ ᠶᠢᠨ ᠲᠣᠭᠤᠰᠣ ᠬᠤᠷᠢᠶᠠᠬᠤ ᠦᠷ᠎ᠡ ᠪᠦᠲᠦᠮᠵᠢ ᠨᠢ ᠮᠠᠭᠤ᠂ ᠡᠷᠭᠢᠯᠳᠦᠭᠡ ᠤᠭᠤᠷᠬᠠᠶ ᠶᠢᠨ ᠮᠠᠲ᠋ᠧᠷᠢᠶᠠᠯ ᠭᠠᠷᠭᠠᠬᠤ ᠠᠮᠠᠰᠠᠷ ᠲᠤ ᠲᠣᠭᠤᠰᠣ ᠬᠤᠷᠢᠶᠠᠬᠤ ᠠᠷᠭ᠎ᠠ ᠬᠡᠮᠵᠢᠶ᠎ᠡ ᠲᠠᠭᠠᠷᠠᠭᠤᠯᠤᠭᠰᠠᠨ ᠥᠬᠡᠶ︔ 20.  ᠦᠢᠯᠡᠳᠪᠤᠷᠢ ᠶᠢᠨ ᠲᠠᠰᠤᠭ ᠤᠨ ᠠᠵᠢᠯᠯᠠᠬᠤ ᠲᠣᠭᠤᠷᠢᠭ ᠲᠤ ᠬᠥᠮᠦᠨ ᠤ ᠬᠦᠴᠦ ᠪᠠᠷ ᠲᠡᠮᠦᠷ ᠰᠣᠩᠭᠤᠬᠤ᠂ ᠲᠡᠮᠦᠷ ᠰᠢᠭᠰᠢᠬᠦ ᠠᠴᠠ ᠪᠣᠯᠵᠣ ᠬᠡᠰᠡᠭ ᠲᠣᠭᠤᠰᠣ ᠶᠢ ᠲᠤᠷ᠎ᠠ ᠪᠠᠷ ᠭᠠᠳᠠᠭᠰᠢᠯᠠᠭᠤᠯᠵᠤ ᠪᠤᠢ︔ 21᠂ ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠤᠷ ᠭᠠᠵᠠᠷ ᠢ ᠵᠢᠷᠤᠮᠵᠢᠯ ᠶᠣᠰᠣᠭᠠᠷ ᠪᠦᠳᠦᠭᠡᠨ ᠪᠠᠶᠢᠭᠤᠯᠵᠤ᠂ ᠢᠯᠡᠳᠬᠡᠭᠴᠢ ᠳᠡᠮᠳᠡᠭ ᠲᠠᠯᠪᠢᠭᠰᠠᠨ ᠦᠬᠡᠢ᠃    22. ᠰᠢᠨ ᠳ᠋ᠡ ᠳ᠋ᠢ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠰᠠᠷᠠᠪᠴᠢ ᠶᠢᠨ ᠪᠠᠭᠲᠠᠭᠠᠮᠵᠢ ᠬᠦᠷᠦᠯᠴᠡᠬᠦ ᠥᠬᠡᠶ ᠪᠠᠶᠢᠵᠤ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠬᠡᠶ︔ 23. ᠬᠠᠭᠠᠷᠬᠠᠶ ᠬᠠᠭᠤᠷᠠᠶ ᠰᠢᠭᠠᠷᠤ ᠶᠢᠨ ᠮᠠᠲ᠋ᠧᠷᠢᠶᠠᠯ ᠤᠨ ᠠᠮᠠᠰᠠᠷ ᠲᠤ ᠲᠣᠭᠤᠰᠣ ᠠᠷᠢᠯᠭᠠᠬᠤ ᠲᠥᠬᠦᠭᠡᠷᠦᠮᠵᠢ ᠲᠠᠭᠠᠷᠠᠭᠤᠯᠤᠭᠰᠠᠨ ᠥᠬᠡᠶ︔ 24. ᠮᠠᠲ᠋ᠧᠷᠢᠶᠠᠯ ᠣᠷᠣᠭᠤᠯᠬᠤ ᠠᠮᠠᠰᠠᠷ ᠤᠨ ᠲᠣᠭᠤᠰᠣ ᠬᠤᠷᠢᠶᠠᠬᠤ ᠲᠥᠬᠦᠭᠡᠷᠦᠮᠵᠢ ᠶᠢ ᠤᠭᠰᠠᠷᠠᠭᠰᠠᠨ ᠥᠬᠡᠶ᠂ ᠲᠣᠭᠤᠰᠣ ᠠᠷᠢᠯᠭᠠᠭᠤᠷ ᠤᠨ ᠵᠠᠮ ᠤᠨ ᠬᠠᠵᠠᠭᠤ ᠳᠤ ᠪᠢᠲᠡᠭᠦᠮᠵᠢᠯᠡᠭᠰᠡᠨ ᠥᠬᠡᠶ︔ 25. ᠬᠠᠭᠤᠷᠠᠶ ᠰᠢᠭᠠᠷᠤ ᠶᠢ ᠰᠢᠭᠰᠢᠨ ᠰᠣᠩᠭᠤᠬᠤ ᠲᠥᠬᠦᠭᠡᠷᠦᠮᠵᠢ ᠨᠢ ᠬᠠᠮᠢᠶ᠎ᠠ ᠪᠥᠬᠦᠶ ᠭᠠᠷᠳᠠᠮ ᠢ ᠭᠦᠢᠴᠡᠳᠬᠡᠭᠰᠡᠨ ᠥᠬᠡᠶ᠂ ᠬᠡᠰᠡᠭ ᠠᠵᠤ ᠦᠢᠯᠡᠳᠪᠤᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢ ᠵᠠᠳᠠᠭᠠᠶ ᠣᠪᠣᠭᠠᠯᠠᠵᠤ ᠲᠠᠯᠪᠢᠭᠰᠠᠨ ᠮᠥᠷᠲᠡᠭᠡᠨ ︽ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ︾ ᠬᠢᠭᠰᠡᠨ ᠥᠬᠡᠶ᠃    26. ᠳ᠋ᠠ ᠲᠠᠩ ᠤᠨ ᠯᠦᠩ ᠳ᠋ᠧ ᠶᠢᠨ ᠨᠢᠭᠡ ᠬᠡᠰᠡᠭ ᠨᠢ ᠵᠤᠤᠬᠠᠨ ᠤ ᠰᠢᠭᠠᠷᠤ ᠪᠠᠨ ᠵᠠᠳᠠᠭᠠᠶ ᠣᠪᠣᠭᠠᠯᠠᠵᠤ ᠲᠠᠯᠪᠢᠭᠠᠳ ︽ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ︾ ᠠᠪᠤᠭᠰᠠᠨ ᠦᠭᠡᠶ ᡽27. ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠰᠠᠷᠠᠪᠴᠢ ᠶᠢᠨ ᠪᠠᠭᠲᠠᠭᠠᠮᠵᠢ ᠬᠦᠷᠦᠯᠴᠡᠬᠦ ᠥᠬᠡᠶ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠬᠡᠶ︔ 28. ᠮᠠᠲ᠋ᠧᠷᠢᠶᠠᠯ ᠣᠷᠣᠭᠤᠯᠬᠤ ᠠᠮᠠᠰᠠᠷ ᠲᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ᠂ ᠲᠡᠮᠦᠷ ᠭᠠᠷᠭᠠᠬᠤ ᠠᠮᠠᠰᠠᠷ ᠲᠤ ᠣᠲᠤᠭ᠎ᠠ ᠲᠣᠭᠤᠰᠣ ᠬᠤᠷᠢᠶᠠᠬᠤ ᠲᠥᠬᠦᠭᠡᠷᠦᠮᠵᠢ ᠲᠠᠭᠠᠷᠠᠭᠤᠯᠤᠭᠰᠠᠨ ᠪᠣᠯᠪᠠᠴᠤ ᠲᠣᠭᠤᠰᠣ ᠠᠷᠢᠯᠭᠠᠭᠤᠷ ᠢ ᠵᠠᠯᠭᠠᠭᠰᠠᠨ ᠥᠬᠡᠶ᠃    29. ᠲᠢᠶᠠᠨ ᠴᠧᠩ ᠺᠣᠮᠫᠠᠨᠢ ᠶᠢᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠫᠧᠩ ᠤᠨ ᠪᠠᠭᠲᠠᠭᠠᠮᠵᠢ ᠨᠢ ᠬᠦᠷᠦᠯᠴᠡᠬᠦ ᠥᠬᠡᠶ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠨ ᠲᠠᠯᠪᠢᠭᠠᠳ ᠪᠦᠲᠡᠭᠡᠭᠰᠡᠨ ᠥᠬᠡᠶ᠂ ᠮᠠᠲ᠋ᠧᠷᠢᠶᠠᠯ ᠣᠷᠣᠭᠤᠯᠬᠤ ᠳᠠᠭᠠᠨ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ︔ 30. ᠰᠢᠭᠠᠷᠤ ᠭᠠᠷᠭᠠᠬᠤ ᠠᠮᠠᠰᠠᠷ ᠤᠨ ᠪᠥᠲᠥᠭᠡᠨ ᠪᠠᠶᠢᠭᠤᠯᠤᠯᠲᠠ ᠨᠢ ᠵᠢᠷᠤᠮᠵᠢᠯ ᠥᠬᠡᠶ ᠪᠠᠶᠢᠵᠤ᠂ ᠰᠢᠭᠠᠷᠤ ᠶᠢᠨ ᠲᠠᠲᠠᠭᠠᠯ ᠤᠨ ᠤᠰᠤ ᠨᠢ ᠬᠠᠵᠠᠭᠤ ᠶᠢᠨ ᠬᠡᠷᠡᠮ ᠤᠨ ᠨᠦᠬᠡ ᠪᠠᠷ ᠳᠡᠮᠵᠢᠨ ᠬᠡᠷᠡᠮ ᠤᠨ ᠭᠠᠳᠠᠨ᠎ᠠ ᠤᠷᠤᠰᠤᠨ ᠣᠷᠣᠵᠤ᠂ ᠠᠵᠤ ᠦᠢᠯᠡᠳᠪᠤᠷᠢ ᠶᠢᠨ ᠬᠠᠶᠠᠭᠳᠠᠮᠠᠯ ᠰᠢᠭᠠᠷᠤ ᠶᠢ ᠵᠠᠳᠠᠭᠠᠶ ᠣᠪᠣᠭᠠᠯᠠᠵᠤ ᠲᠠᠯᠪᠢᠵᠤ ᠪᠤᠢ᠃    31. ᠰᠢᠶᠦ᠋ᠩ ᠸᠧᠢ ᠭᠤᠸᠠᠩ ᠳ᠋ᠠ ᠬᠡᠷᠡᠯ ᠤᠨ ᠨᠢᠭᠲᠠ ᠪᠢᠲᠡᠭᠦᠮᠵᠢᠯᠡᠭᠰᠡᠨ ᠲᠦᠭᠦᠬᠡᠶ ᠮᠠᠲ᠋ᠧᠷᠢᠶᠠᠯ ᠤᠨ ᠫᠧᠩ ᠤᠨ ᠪᠠᠭᠲᠠᠭᠠᠮᠵᠢ ᠬᠦᠷᠦᠯᠴᠡᠬᠦ ᠥᠬᠡᠶ᠂ ᠬᠡᠰᠡᠭ ᠲᠦᠭᠦᠬᠡᠶ ᠮᠠᠲ᠋ᠧᠷᠢᠶᠠᠯ ᠢ ᠵᠠᠳᠠᠭᠠᠶ ᠣᠪᠣᠭᠠᠯᠠᠵᠤ ᠪᠦᠲᠡᠭᠡᠭᠰᠡᠨ ᠥᠬᠡᠶ︔ 32. ᠨᠠᠷᠢᠯᠢᠭ ᠪᠣᠯᠪᠠᠰᠤᠷᠠᠭᠤᠯᠬᠤ ᠵᠤᠤᠬᠠᠨ ᠳᠤ ᠲᠣᠭᠤᠰᠣ ᠬᠤᠷᠢᠶᠠᠬᠤ ᠲᠥᠬᠦᠭᠡᠷᠦᠮᠵᠢ ᠤᠭᠰᠠᠷᠠᠭᠰᠠᠨ ᠥᠬᠡᠶ︔ 33. ᠲᠦᠭᠦᠬᠡᠶ ᠡᠳ᠋ ᠢ ᠤᠷᠢᠳᠴᠢᠯᠠᠨ  ᠰᠢᠢᠳᠪᠤᠷᠢᠯᠡᠬᠦ ᠮᠠᠲ᠋ᠧᠷᠢᠶᠠᠯ ᠣᠷᠣᠭᠤᠯᠬᠤ᠂ ᠮᠠᠲ᠋ᠧᠷᠢᠶᠠᠯ ᠭᠠᠷᠭᠠᠬᠤ ᠠᠮᠠᠰᠠᠷ ᠢ ᠨᠢᠭᠡᠨᠲᠡ ᠨᠢᠭᠲᠠ ᠪᠢᠲᠡᠭᠦᠮᠵᠢᠯᠡᠭᠡᠳ ᠲᠣᠭᠤᠰᠣ ᠬᠤᠷᠢᠶᠠᠬᠤ ᠲᠥᠬᠦᠭᠡᠷᠦᠮᠵᠢ ᠨᠡᠮᠡᠵᠦ ᠤᠭᠰᠠᠷᠠᠭᠰᠠᠨ ᠥᠬᠡᠶ︔ 34. ᠲᠣᠭᠤᠰᠣ ᠠᠷᠢᠯᠭᠠᠭᠤᠷ ᠤᠨ ᠦᠨᠡᠰᠦ ᠭᠠᠷᠭᠠᠬᠤ ᠠᠮᠠᠰᠠᠷ ᠲᠤ ᠪᠢᠲᠡᠭᠦᠮᠵᠢᠯᠡᠭᠰᠡᠨ ᠬᠦᠷᠢᠶ᠎ᠡ ᠬᠠᠰᠢᠶ᠎ᠠ ᠶᠢᠨ ᠪᠡᠯᠡᠳᠬᠡᠮᠵᠢ ᠪᠠᠶᠢᠭᠤᠯᠤᠭᠰᠠᠨ ᠥᠬᠡᠶ︔    35. ᠾᠷᠣᠮᠲᠤ ᠲᠡᠮᠦᠷ ᠤᠨ ᠲᠣᠭᠤᠰᠣ ᠠᠷᠢᠯᠭᠠᠬᠤ ᠲᠦᠷ ᠬᠠᠳᠠᠭᠠᠯᠠᠬᠤ ᠬᠥᠮᠥᠷᠭᠡ ᠪᠠᠶᠢᠭᠤᠯᠤᠭᠰᠠᠨ ᠥᠬᠡᠶ᠂ ᠾᠷᠣᠮᠲᠤ ᠲᠡᠮᠦᠷ ᠤᠨ ᠲᠣᠭᠤᠰᠣ ᠠᠷᠢᠯᠭᠠᠬᠤ ᠦᠨᠡᠰᠦ ᠶᠢ ᠮᠠᠲ᠋ᠧᠷᠢᠶᠠᠯ ᠤᠨ ᠰᠠᠷᠠᠪᠴᠢᠨ ᠳᠤ ᠬᠠᠳᠠᠭᠠᠯᠠᠵᠤ᠂ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠥᠬᠡᠶ︔ 36. ᠠᠵᠤ ᠦᠢᠯᠡᠳᠪᠤᠷᠢ ᠶᠢᠨ ᠬᠠᠶᠠᠭᠳᠠᠮᠠᠯ ᠰᠢᠭᠠᠷᠤ ᠶᠢ ᠵᠠᠳᠠᠭᠠᠶ ᠣᠪᠣᠭᠠᠯᠠᠵᠤ ᠲᠠᠯᠪᠢᠵᠦ ᠪᠤᠢ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ᠂ ᠰᠢᠶᠠᠨ ᠤ ᠠᠮᠢ ᠠᠬᠤᠢ ᠣᠷᠴᠢᠨ ᠲᠣᠭᠤᠷᠢᠨ ᠢᠶᠠᠷ ᠲᠦᠷᠦᠭᠦᠯᠡᠭᠦᠯᠦᠨ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠣᠪᠴᠢᠶ᠎ᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠵᠢᠯᠴᠠᠨ ᠠᠵᠤ ᠠᠬᠤᠶᠢᠯᠠᠯ ᠤᠨ ᠥᠪᠡᠷ ᠤᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠬᠦ ᠶᠢ ᠱᠠᠯᠠᠪᠳᠠᠭᠤᠯᠬᠤ ᠶᠢᠨ ᠬᠠᠮᠲᠤ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠦᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠤ ᠮᠡᠳᠡᠭᠦᠯᠦᠨ ᠬᠦᠷᠭᠡᠨ᠎ᠡ᠃    ᠬᠤᠶᠠᠷ ᠲᠤ᠂ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠡ ᠠᠰᠠᠭᠤᠳᠠᠯ ᠳᠤ ᠴᠢᠭᠯᠡᠭᠦᠯᠦᠨ ︽ᠨᠢᠭᠡ ᠠᠰᠠᠭᠤᠯᠲᠠ ᠨᠢᠭᠡ ᠳᠠᠩᠰᠠ︾᠂ ︽ᠨᠢᠭᠡ ᠠᠵᠤ ᠠᠬᠤᠶᠢᠯᠠᠯ ᠨᠢᠭᠡ ᠪᠤᠳᠤᠯᠭ᠎ᠠ︾ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠲᠣᠭᠲᠠᠭᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ ᠪᠣᠯᠬᠤ ᠶᠢ ᠨᠢ ᠲᠡᠷᠡ ᠳᠠᠷᠤᠢ ᠳᠤᠨᠢ ᠬᠡᠷᠡᠭᠵᠢᠭᠦᠯᠵᠦ᠂ ᠲᠡᠷᠡ ᠳᠠᠷᠤᠢ ᠳᠤᠨᠢ ᠥᠭᠡᠷᠡᠴᠢᠯᠡᠵᠦ ᠪᠣᠯᠬᠤ ᠦᠭᠡᠢ ᠶᠢ ᠨᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠨ᠎ᠠ᠃     ᠬᠠᠷᠢᠭᠤᠴᠠᠯᠭᠠᠲᠤ ᠤᠳᠤᠷᠢᠳᠤᠯᠭ᠎ᠠ᠄ ᠡᠦ  ᠴᠢᠯᠠᠭᠤ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ     ᠲᠦᠷᠦᠭᠦᠯᠡᠨ ᠬᠢᠬᠦ ᠨᠢᠭᠡᠴᠡ᠄ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ     ᠬᠠᠮᠵᠢᠯᠴᠠᠬᠤ ᠨᠢᠭᠡᠴᠡ᠄ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ     ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠄ 2021 ᠣᠨ ᠤ 11 ᠳ᠋ᠤᠭᠡᠷ ᠰᠠᠷ᠎ᠠ ᠶᠢᠨ ᠰᠡᠭᠦᠯᠴᠢ     ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ︵ᠨᠠᠢᠮᠠ︶ ᠦᠢᠯᠡᠳᠪᠦᠷᠢ ᠶᠢᠨ ᠲᠦᠷᠢ ᠲᠥᠷᠬᠦ ᠶᠢᠨ ᠲᠦᠷᠦᠯ ︵7 ᠠᠰᠠᠭᠤᠳᠠᠯ︶ ᠬᠢᠨᠠᠨ ᠪᠠᠶᠢᠴᠠᠭᠠᠬᠤ ᠠᠰᠠᠭᠤᠳᠠᠯ᠄ ᠡᠦ ᠵᠧᠦ ᠪᠣᠯᠣᠳ ᠲᠡᠮᠦᠷ ᠤᠨ ᠦᠢᠯᠡᠰ ᠤᠨ ᠨᠡᠭᠦᠷᠡᠰᠦᠨ ᠬᠡᠶ ᠶᠢᠨ ᠬᠡᠰᠡᠭ ᠢ ᠰᠢᠲᠠᠭᠠᠨ ᠪᠠᠷᠢᠯᠳᠤᠭᠤᠯᠬᠤ ᠳᠤ ᠬᠡᠷᠡᠭᠯᠡᠵᠦ᠂ ᠦᠯᠡᠳᠡᠭᠰᠡᠨ ᠬᠡᠰᠡᠭ ᠢ ᠨᠢ ᠭᠠᠳᠠᠭᠰᠢᠯᠠᠭᠤᠯᠵᠤ᠂ ᠦᠢᠯᠡᠳᠪᠦᠷᠢ ᠶᠢᠨ ᠲᠣᠭᠤᠷᠢᠭ ᠤᠨ ᠬᠡᠰᠡᠭ ᠵᠠᠮ ᠤᠨ ᠭᠠᠳᠠᠷᠭᠤ ᠶᠢ ᠬᠠᠲᠠᠭᠤᠷᠠᠭᠤᠯᠵᠤ᠂ ᠣᠶᠢᠵᠢᠭᠤᠯᠤᠯᠲᠠ ᠪᠠᠷ ᠮᠠᠭᠤ᠂ ᠬᠠᠶᠠᠭᠳᠠᠮᠠᠯ ᠬᠠᠭᠤᠴᠢᠨ ᠮᠠᠰᠢᠨ ᠲᠥᠬᠦᠭᠡᠷᠦᠮᠵᠢ ᠵᠡᠷᠭᠡ ᠡᠯᠳᠡᠪ ᠪᠣᠳᠠᠰ ᠢ ᠡᠷᠦᠶ ᠬᠤᠷᠤᠶ ᠥᠬᠡᠶ ᠣᠪᠣᠭᠠᠯᠠᠵᠤ᠂ ᠦᠢᠯᠡᠳᠪᠦᠷᠢ ᠶᠢᠨ ᠲᠣᠭᠤᠷᠢᠭ ᠤᠨ ᠬᠡᠰᠡᠭ ᠬᠦᠷᠢᠶ᠎ᠡ ᠬᠠᠰᠢᠶ᠎ᠠ ᠶᠢ ᠡᠪᠳᠡᠵᠦ᠂ ᠬᠡᠷᠡᠮ ᠢ ᠭᠡᠷᠡᠯᠲᠦᠭᠦᠯᠬᠦ ᠪᠠᠷ ᠮᠠᠭᠤ︔ ᠿᠢ ᠱᠧᠩ ᡁᠢ ᠪᠥᠸᠧ ᠶᠢᠨ ᠬᠠᠶᠠᠭᠳᠠᠮᠠᠯ ᠬᠠᠭᠤᠴᠢᠨ ᠮᠠᠰᠢᠨ ᠲᠥᠬᠦᠭᠡᠷᠦᠮᠵᠢ ᠵᠡᠷᠭᠡ ᠡᠯᠳᠡᠪ ᠶᠠᠭᠤᠮ᠎ᠠ ᠶᠢ ᠦᠷᠦᠵᠦ ᠲᠠᠯᠪᠢᠭᠰᠠᠨ ᠨᠢ ᠲᠡᠭᠰᠢ ᠦᠭᠡᠢ᠂ ᠺᠦᠨ ᠱᠧᠩ ︵ᠡᠦ ᠺᠤᠸᠠᠩ ᠬᠤ᠋ ᠲᠢᠶᠧ︶ ᠳᠤ ᠳ᠋ᠧᠩ ᠠᠰᠠᠭᠠᠬᠤ ᠦᠵᠡᠭᠳᠡᠯ ᠣᠷᠣᠰᠢᠵᠤ᠂ ᠲᠢᠶᠠᠨ ᠴᠧᠩ ᠺᠣᠮᠫᠠᠨᠢ ᠳᠤ ᠳ᠋ᠧᠩ ᠠᠰᠠᠭᠠᠬᠤ ᠲᠥᠬᠦᠭᠡᠷᠦᠮᠵᠢ ᠲᠠᠢ ᠪᠣᠯᠪᠠ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ᠂ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠠᠮᠢ ᠠᠬᠤᠢ ᠶᠢᠨ ᠣᠷᠴᠢᠨ ᠲᠣᠭᠤᠷᠢᠨ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠢ ᠵᠣᠬᠢᠴᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠦ᠋ ᠵᠧᠦ ᠶᠢᠨ ᠪᠤᠯᠤᠳ ᠲᠡᠮᠦᠷ ᠤᠨ ᠦᠢᠯᠡᠰ᠂ ᠿᠢ ᠱᠧᠩ ᡁᠢ ᠪᠥᠸᠧ᠂ ᠺᠦᠨ ᠱᠧᠩ ︵ᠡᠦ ᠺᠤᠸᠠᠩ ᠬᠤ᠋ ᠲᠢᠶᠧ︶ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠠᠵᠤ ᠠᠬᠤᠶᠢᠯᠠᠯ ᠢ ᠲᠣᠭᠲᠠᠭᠰᠠᠨ ᠬᠤᠭᠤᠴᠠᠭᠠᠨ ᠳᠣᠲᠣᠷ᠎ᠠ ᠦᠢᠯᠡᠳᠪᠦᠷᠢ ᠶᠢᠨ ᠳᠦᠷᠰᠦ ᠪᠠᠶᠢᠳᠠᠯ ᠤᠨ ᠬᠠᠮᠢᠶ᠎ᠠ ᠪᠦᠬᠦᠢ ᠴᠡᠭᠴᠡᠯᠡᠨ ᠵᠠᠰᠠᠯᠲᠠ ᠶᠢ ᠪᠡᠶᠡᠯᠡᠭᠦᠯᠬᠦ ᠪᠠᠷ ᠵᠠᠷᠯᠢᠭᠳᠠᠪᠠ᠃    ᠬᠤᠶᠠᠷ ᠲᠤ᠂ ᠠᠵᠤ ᠠᠬᠤᠶᠢᠯᠠᠯ ᠤᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠦᠯᠡᠳᠡᠪᠦᠷᠢ ᠢᠯᠴᠢ᠂ ᠦᠯᠡᠳᠡᠪᠦᠷᠢ ᠬᠡᠢ ᠶᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ 10 ᠳ᠋ᠤᠭᠠᠷ ᠰᠠᠷ᠎ᠠ ᠶᠢᠨ ᠰᠡᠭᠦᠯᠴᠢ ᠪᠠᠷ ᠲᠢᠶᠠᠨ ᠴᠧᠩ ᠤᠨ 50 ᠰᠠᠶ᠎ᠠ ᠸᠠᠲ ᠤᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠪᠠᠶᠢᠭᠤᠯᠤᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠢᠶᠠᠨ ᠴᠧᠩ᠂ ᠡᠤ ᠵᠧᠤ ᠶᠢᠨ ᠪᠣᠯᠣᠳ ᠲᠡᠮᠦᠷ ᠤᠨ ᠦᠢᠯᠡᠰ᠂ ᠺᠦᠨ ᠱᠧᠩ ︵ᠡᠦ ᠺᠤᠸᠠᠩ ᠬᠤ᠋ ᠲᠢᠶᠧ︶ ᠵᠡᠷᠭᠡ ᠬᠠᠶᠢᠯᠤᠰᠢ ᠶᠢᠨ ᠠᠵᠤ ᠠᠬᠤᠶᠢᠯᠠᠯ ᠤᠨ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠦᠯᠡᠳᠡᠪᠦᠷᠢ ᠢᠯᠴᠢ ᠦᠯᠡᠳᠡᠪᠦᠷᠢ ᠬᠡᠶ ᠶᠢ ᠪᠦᠬᠦᠨ ᠢ ᠬᠤᠷᠢᠶᠠᠨ ᠠᠪᠴᠤ ᠠᠰᠢᠭᠯᠠᠬᠤ ᠶᠢ ᠦᠨᠡᠨᠬᠦ ᠪᠠᠲᠤᠯᠠᠨ᠎ᠠ᠃    ᠭᠤᠷᠪᠠ ᠳᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠤᠬᠠᠭᠤᠯᠭ᠎ᠠ ᠶᠢ ᠰᠠᠶᠢᠲᠤᠷ ᠬᠢᠵᠦ᠂ ᠵᠦᠩ ᠲᠠᠢ ᠶᠢᠨ 50 ᠰᠠᠶ᠎ᠠ ᠸᠠᠲ᠂ ᠮᠧᠩ ᠳ᠋ᠠ ᠶᠢᠨ 14.4 ᠰᠠᠶ᠎ᠠ ᠸᠠᠲ ᠤᠨ ᠰᠡᠭᠦᠯ ᠤᠨ ᠬᠡᠶ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠠᠮᠢᠶ᠎ᠠ ᠪᠥᠬᠦᠶ ᠭᠠᠷᠳᠠᠮ ᠢ ᠭᠦᠢᠴᠡᠳᠬᠡᠬᠦ ᠳᠤ ᠢᠳᠡᠪᠬᠢᠲᠡᠶ ᠬᠠᠮᠵᠢᠯᠴᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠯᠡᠳᠡᠪᠦᠷᠢ ᠢᠯᠴᠢ ᠦᠯᠡᠳᠡᠪᠦᠷᠢ ᠬᠡᠶ ᠶᠢᠨ ᠪᠦᠬᠦᠯᠢ ᠴᠣᠭᠴᠠ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃    ᠬᠠᠷᠢᠭᠤᠴᠠᠯᠭᠠᠲᠤ ᠤᠳᠤᠷᠢᠳᠤᠯᠭ᠎ᠠ᠄  ᠡᠦ  ᠴᠢᠯᠠᠭᠤ    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ    ᠲᠦᠷᠦᠭᠦᠯᠡᠬᠦ ᠨᠢᠭᠡᠴᠡ᠄ ᠰᠢᠶᠠᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠬᠠᠮᠵᠢᠯᠴᠠᠬᠤ ᠨᠢᠭᠡᠴᠡ᠄ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ    ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ    ᠳ᠋ᠤᠭᠠᠷ ᠬᠠᠰᠤᠬᠤ ᠠᠷᠭ᠎ᠠ᠄ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠰᠢᠶᠠᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠳ᠋ᠤᠭᠠᠷ ᠬᠠᠰᠤᠭᠰᠠᠨ ᠮᠠᠲ᠋ᠧᠷᠢᠶᠠᠯ ᠢ ᠨᠠᠶᠢᠷᠠᠭᠤᠯᠤᠨ ᠡᠮᠬᠢᠯᠡᠵᠦ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠢᠶᠠᠨ ᠤ ᠤᠳᠤᠷᠢᠳᠬᠤ ᠳᠤᠭᠤᠶᠢᠯᠠᠩ ᠢᠶᠠᠷ ᠵᠣᠬᠢᠶᠠᠨ ᠪᠠᠶᠢᠭᠤᠯᠤᠨ ᠰᠢᠯᠭᠠᠨ ᠠᠪᠤᠭᠰᠠᠨ ᠤ ᠳᠠᠷᠠᠭ᠎ᠠ ᠬᠤᠲᠠ ᠶᠢᠨ ︽ᠬᠤᠶᠠᠷ ᠥᠨᠳᠥᠷ︾ ‍ᠤᠨ‌‍ᠲ᠋ᠥ᠋ᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠳᠤ ᠮᠡᠳᠡᠭᠦᠯᠦᠨ᠎ᠡ᠃    ᠳᠥᠷᠪᠡ᠂ ᠠᠵᠢᠯ ᠤᠨ ᠱᠠᠭᠠᠷᠳᠠᠯᠭ᠎ᠠ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠳ᠋ᠢᠶᠤᠤ ᠴᠦᠨ ᠬᠠᠶ ᠳᠤᠭᠤᠶᠢᠯᠠᠩ ᠤᠨ ᠳᠠᠷᠤᠭ᠎ᠠ ᠪᠣᠯᠵᠤ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠢᠶᠠᠨ ᠤ ᠳᠡᠳ᠋ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠬᠤᠸᠠᠳᠧ ᠰᠢᠶᠠᠨ ᠤ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠤᠷᠪᠠᠳᠤᠭᠠᠷ ᠳᠤᠭᠤᠶᠢᠯᠠᠩ ᠤᠨ ᠰᠢᠯᠵᠢᠭᠦᠯᠦᠨ ᠰᠢᠢᠳᠪᠤᠷᠢᠯᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠤᠷᠢᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠱᠠᠭᠠᠷᠳᠠᠯᠭ᠎ᠠ ᠶᠣᠰᠣᠭᠠᠷ ᠬᠤᠭᠤᠴᠠᠭ᠎ᠠ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠰᠠ ᠵᠣᠬᠢᠬᠤ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ︽ᠨᠢᠭᠡᠳᠦᠭᠡᠷ ᠤᠳᠤᠷᠢᠳᠤᠯᠭ᠎ᠠ ︾ ᠪᠡᠶ᠎ᠡ ᠪᠠᠷ ᠢᠶᠠᠨ ᠠᠳᠬᠤᠵᠤ᠂ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠂ ᠲᠤᠰᠬᠠᠶ ᠴᠡᠭᠴᠡᠯᠡᠨ ᠰᠠᠶᠢᠵᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠱᠠᠲᠤ ᠱᠠᠲᠤ ᠪᠠᠷ ᠳᠠᠷᠤᠯᠲᠠ ᠶᠢ ᠳᠠᠮᠵᠢᠭᠤᠯᠵᠤ᠂ ᠴᠢᠩᠭ᠎ᠠ ᠰᠢᠮᠳᠠᠭᠤᠯᠤᠨ ᠰᠢᠢᠳᠪᠤᠷᠢᠯᠡᠭᠦᠯᠵᠦ ᠨᠠᠶᠢᠳᠠᠪᠤᠷᠢᠵᠢᠭᠤᠯᠬᠤ ᠬᠡᠷᠡᠭᠲᠡᠶ᠃ ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ᠂ ᠲᠦᠷᠦᠭᠦᠯᠡᠨ ᠭᠦᠢᠴᠡᠳᠬᠡᠬᠦ ᠨᠢᠭᠡᠴᠡ ᠪᠣᠯᠤᠨ ᠬᠠᠮᠵᠢᠯᠴᠠᠬᠤ ᠨᠢᠭᠡᠴᠡ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠂ ︽ᠬᠤᠶᠠᠷ ᠥᠨᠳᠥᠷ︾ ᠤᠨ ᠲᠦᠷᠦᠯ ᠵᠦᠢᠯ ᠤᠨ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠣᠷᠣᠰᠢᠵᠤ ᠪᠠᠶᠢᠭ᠎ᠠ ᠪᠤᠰᠤᠳ ᠠᠰᠠᠭᠤᠳᠠᠯ ᠢ ᠪᠦᠬᠦ ᠲᠠᠯ᠎ᠠ ᠪᠠᠷ ᠡᠷᠢᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠠᠯᠳᠠᠰᠢ ᠭᠠᠷᠬᠤ ᠶᠢ ᠰᠡᠷᠭᠡᠶᠢᠯᠡᠬᠦ ᠬᠡᠷᠡᠭᠲᠡᠢ᠃    ︵ᠭᠤᠷᠪᠠ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠰᠢᠶᠠᠨ ᠤ ᠬᠤᠲᠠ ᠶᠢᠨ ︽ᠬᠤᠶᠠᠷ ᠥᠨᠳᠥᠷ︾ ᠤᠨ ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠭᠤᠷᠪᠠᠳᠤᠭᠠᠷ ᠳᠤᠭᠤᠶᠢᠯᠠᠩ ᠠᠴᠠ ᠰᠢᠯᠵᠢᠭᠦᠯᠦᠨ ᠰᠢᠢᠳᠪᠤᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠤᠰᠬᠠᠶ ᠠᠩᠭᠢ ᠪᠠᠶᠢᠭᠤᠯᠵᠤ᠂ ᠰᠢᠯᠵᠢᠭᠦᠯᠦᠨ ᠰᠢᠢᠳᠪᠤᠷᠢᠯᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠰᠢᠮᠳᠠᠭᠤᠯᠤᠨ ᠪᠠᠶᠢᠴᠠᠭᠠᠬᠤ ᠠᠷᠭ᠎ᠠ ᠪᠠᠷᠢᠯ ᠢ ᠭᠦᠢᠴᠡᠳ ᠬᠡᠷᠡᠭᠯᠡᠨ᠂ ᠰᠠᠯᠠᠭ᠎ᠠ ᠮᠥᠴᠢᠷ ᠤᠨ ᠵᠥᠪᠳᠡᠯᠴᠡᠨ ᠭᠦᠢᠴᠡᠳᠬᠡᠬᠦ ᠲᠣᠭᠲᠠᠴᠠ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ᠂ ᠲᠤᠬᠠᠶ ᠶᠢᠨ ᠲᠠᠯᠠᠪᠤᠷ ᠲᠤ ᠰᠢᠮᠳᠠᠭᠤᠯᠤᠨ ᠵᠢᠯᠣᠭᠤᠳᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠡᠳᠡᠷᠭᠦ ᠰᠢᠬᠠᠮᠳᠠᠭᠤᠯᠬᠤ ᠬᠡᠷᠡᠭᠲᠡᠶ᠃ ᠡᠭᠦᠨ ᠤ ᠬᠠᠮᠲᠤ᠂ ᠡᠯᠭᠦᠭᠡ ᠲᠠᠩᠰᠠ ᠪᠠᠷ ᠰᠢᠪᠠᠳᠠᠨ ᠰᠢᠢᠳᠪᠤᠷᠢᠯᠡᠭᠦᠯᠬᠦ᠂ ᠲᠤᠰᠬᠠᠶ ᠬᠡᠷᠡᠭ ᠢᠶᠠᠷ ᠪᠠᠶᠢᠴᠠᠭᠠᠨ ᠰᠢᠢᠳᠪᠤᠷᠢᠯᠡᠬᠦ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠭᠠᠷᠠᠭ ᠤᠨ ᠲᠣᠬᠢᠷᠠᠭᠤᠯᠤᠯᠲᠠ ᠬᠢᠵᠦ᠂ ᠦᠷᠭᠦᠯᠵᠢᠯᠡᠨ ᠬᠦᠴᠦᠯᠡᠨ᠂ ᠡᠴᠦᠰ ᠲᠤᠨᠢ ᠲᠤᠯᠲᠠᠯ᠎ᠠ ᠥᠭᠡᠷᠡᠴᠢᠯᠡᠵᠦ᠂ ᠠᠰᠠᠭᠤᠳᠠᠯ ᠤᠨ ᠳᠠᠬᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ᠃    ︵ᠳᠥᠷᠪᠡ︶ ᠰᠢᠨᠵᠢᠯᠡᠬᠦ ᠤᠬᠠᠭᠠᠨᠴᠢ ᠪᠠᠷ ᠲᠣᠬᠢᠲᠠᠶ ᠰᠢᠢᠳᠪᠤᠷᠢᠯᠡᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠰᠲ᠋ᠧᠮᠲᠦ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠮᠥᠷᠲᠡᠭᠡᠨ ᠪᠠᠰᠠ ᠦᠨᠡᠨ ᠠᠴᠠ ᠵᠥᠪ ᠢ ᠡᠷᠢᠵᠦ᠂ ᠢᠯᠭᠠᠭ᠎ᠠ ᠲᠠᠢ ᠬᠠᠨᠳᠤᠵᠤ᠂ ᠨᠢᠭᠡ ᠯᠡ ᠠᠳᠠᠯᠢ ᠪᠠᠷ ᠱᠠᠭᠠᠷᠳᠠᠬᠤ ᠦᠭᠡᠢ ᠪᠠᠶᠢᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠭᠦᠢᠴᠡᠳ ᠣᠷᠣᠨ ᠵᠠᠢ ᠦᠯᠡᠳᠡᠭᠡᠨ ᠥᠭᠴᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠰᠠᠶᠢᠲᠤᠷ ᠬᠢᠵᠦ᠂ ᠡᠯ᠎ᠡ ᠲᠦᠷᠦᠯ ᠤᠨ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃    ︵ᠲᠠᠪᠤ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠲᠠ ᠶᠢᠨ ︽ᠬᠤᠶᠠᠷ ᠥᠨᠳᠥᠷ︾ ᠤᠨ ᠲᠥᠷᠥᠯ  ᠵᠦᠢᠯ ᠤᠨ ᠲᠤᠰᠬᠠᠶ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠤᠷᠪᠠᠨ ᠳᠤᠭᠤᠶᠢᠯᠠᠩ ᠠᠴᠠ ᠰᠢᠯᠵᠢᠭᠦᠯᠦᠨ ᠰᠢᠢᠳᠪᠤᠷᠢᠯᠡᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠠᠬᠢᠭᠤᠯᠤᠭᠰᠠᠨ ᠢᠶᠠᠷ ᠬᠦᠴᠦᠨ ᠥᠬᠡᠶ᠂ ᠠᠬᠢᠴᠠ ᠨᠢ ᠤᠳᠠᠭᠠᠨ᠂ ᠠᠯᠪᠠ ᠬᠠᠰᠢᠵᠤ ᠠᠮᠠ ᠪᠥᠭᠯᠡᠬᠦ ᠴᠢᠨᠠᠭᠰᠢᠯᠠᠪᠠᠯ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠵᠢᠴᠢ ᠬᠤᠯᠪᠣᠭᠳᠠᠯ ᠪᠥᠬᠦᠶ ᠠᠵᠤ ᠠᠬᠤᠶᠢᠯᠠᠯ ᠠᠴᠠ ᠬᠠᠤᠯᠢ ᠰᠠᠬᠢᠯᠭ᠎ᠠ ᠲᠦᠷᠢᠮ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃        ᠣᠷᠴᠢᠭᠤᠯᠤᠭᠴᠢ᠄ ᠣᠳᠣᠨᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2