ᠬᠢᠵᠢᠭ ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠤᠲᠠᠭᠤᠳᠠᠯ︾ ᠢ ᠭᠠᠷᠭᠠᠵᠥ ᠪᠤᠯᠬᠤ ᠦᠭᠡᠢ
ᠨᠡᠶᠢᠲᠡᠯᠡᠭᠰᠡᠨ ᠴᠠᠭ᠄
2021/8/16
   ᠣᠶᠢᠷ᠎ᠠ ᠶᠢᠨ ᠡᠳᠦᠷ ᠤᠳ ᠲᠤ᠂ ᠨᠠᠨᠵᠢᠩ ᠤᠨ ᠯᠦᠺᠸᠦ ᠨᠢᠰᠭᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠨᠢᠭᠡᠨᠲᠡ ᠣᠯᠠᠨ ᠮᠤᠵᠢ ᠬᠤᠲᠠ ᠳᠤ ᠳᠡᠯᠭᠡᠷᠡᠪᠡ᠃ ᠡᠨᠡ ᠤᠳᠠᠭ᠎ᠠ ᠶᠢᠨ ᠬᠢᠵᠢᠭ ᠤᠨ  ᠪᠠᠶᠢᠳᠠᠯ ᠤᠨ ᠦᠷᠪᠢᠰᠦᠨ ᠳᠡᠯᠭᠡᠷᠡᠬᠦ ᠬᠤᠷᠳᠤᠴᠠ ᠲᠦᠷᠭᠡᠨ᠂ ᠬᠠᠯᠳᠠᠪᠤᠷᠢᠯᠠᠬᠤ ᠬᠡᠯᠬᠢᠶ᠎ᠡ ᠤᠷᠳᠤ ᠪᠠᠶᠢᠭ᠎ᠠ ᠨᠢ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠳᠤ ᠰᠡᠷᠡᠮᠵᠢ ᠶᠢᠨ ᠲᠤᠬᠢᠶ᠎ᠠ  ᠥᠭᠴᠡᠢ᠃    ᠲᠣᠰ ᠡᠭᠡᠯᠵᠢ ᠶᠢᠨ ᠬᠢᠵᠢᠭ ᠤᠨ ᠪᠠᠶᠢᠳᠠᠯ ᠳᠤ᠂ ᠨᠢᠭᠲᠠ ᠣᠶᠢᠷᠠᠲᠤᠭᠰᠠᠳ ᠠᠮᠠᠪᠴᠢ ᠵᠡᠭᠦᠭᠰᠡᠨ ᠠᠴᠠ ᠪᠣᠯᠵᠣ ᠬᠠᠯᠳᠠᠪᠤᠷᠢᠯᠠᠬᠤ ᠠᠴᠠ ᠵᠠᠶᠢᠯᠠᠰᠬᠢᠵᠦ᠂ ᠵᠠᠷᠢᠮ ᠮᠠᠵᠢᠶᠠᠩ ᠤᠨ ᠭᠠᠵᠠᠷ ᠵᠡᠷᠭᠡ ᠬᠥᠮᠦᠨ ᠬᠠᠷ᠎ᠡ ᠣᠯᠠᠨ ᠴᠤᠭᠯᠠᠷᠠᠬᠤ ᠲᠠᠯᠠᠪᠤᠷ ᠨᠢ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ ᠴᠢᠳᠠᠭᠰᠠᠨ ᠦᠭᠡᠢ ᠠᠴᠠ ᠪᠣᠯᠵᠣ᠂ ᠬᠢᠵᠢᠭ ᠲᠠᠷᠬᠠᠬᠤ ᠭᠤᠤᠯ ᠤᠷᠤᠨ ᠪᠣᠯᠵᠠᠶ᠃ ᠡᠨᠡ ᠨᠢ ᠣᠳᠤ ᠶᠢᠨ ᠬᠢᠵᠢᠭ ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠮᠥᠨ ᠬᠦ ᠪᠦᠲᠦᠮᠵᠢᠲᠡᠶ ᠪᠠᠶᠢᠵᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠮᠠᠪᠴᠢ ᠵᠡᠭᠦᠬᠦ᠂ ᠭᠠᠷ  ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠡᠩ ᠤᠨ ᠠᠷᠭ᠎ᠠ ᠬᠢᠳᠠᠯ᠂ ᠬᠥᠮᠦᠨ ᠪᠦᠬᠦᠨ ᠬᠢᠵᠦ ᠪᠣᠯᠬᠤ ᠦᠨᠳᠦᠰᠦᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠨᠢ ᠸᠢᠷᠦ᠋ᠰ ᠤᠨ ᠬᠥᠮᠦᠰ ᠤᠨ ᠳᠤᠮᠳᠠ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠸᠢᠷᠦ᠋ᠰ ᠤᠨ ᠬᠠᠯᠳᠠᠪᠤᠷᠢᠯᠠᠬᠤ ᠬᠦᠴᠦᠨ ᠢ ᠪᠠᠭᠠᠰᠬᠠᠵᠤ᠂ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠠᠷᠬᠠᠨ ᠳᠡᠯᠭᠡᠷᠡᠬᠦ ᠶᠢ ᠰᠡᠷᠭᠡᠶᠢᠯᠡᠵᠦ ᠴᠢᠳᠠᠨ᠎ᠠ ᠭᠡᠳᠡᠭ ᠢ ᠭᠦᠢᠴᠡᠳ ᠬᠡᠷᠡᠴᠢᠯᠡᠪᠡ᠃    ᠬᠢᠵᠢᠭ ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠪᠣᠯ ᠸᠢᠷᠦ᠋ᠰ ᠤᠨ ᠬᠠᠯᠳᠠᠪᠤᠷᠢᠯᠠᠬᠤ᠂ ᠲᠠᠷᠬᠠᠬᠤ ᠪᠠ ᠦᠷᠪᠢᠰᠤᠨ ᠳᠡᠯᠭᠡᠷᠡᠬᠦ  ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠵᠠᠮ ᠮᠥᠨ᠂ ᠬᠥᠮᠦᠨ ᠨᠢᠭᠡ ᠪᠦᠷᠢ ᠶᠢᠨ ᠠᠮᠢᠳᠤᠷᠠᠯ ᠤᠨ ᠪᠠᠷᠢᠮᠵᠢᠶ᠎ᠠ ᠪᠣᠯᠭᠠᠪᠠᠯ ᠵᠣᠬᠢᠨ᠎ᠠ᠃ ᠭᠡᠲᠡᠯ᠎ᠡ᠂ ᠡᠮᠦᠨ᠎ᠡ ᠬᠡᠰᠡᠭ ᠬᠤᠭᠤᠴᠠᠭᠠᠨ ᠳᠤ ᠬᠢᠵᠢᠭ ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠣᠬᠢᠬᠤ ᠦᠷ᠎ᠡ ᠪᠦᠲᠦᠮᠵᠢ ᠣᠯᠵᠤ᠂ ᠵᠠᠷᠢᠮ ᠬᠥᠮᠦᠰ ᠠᠯᠮᠠᠶᠢᠷᠠᠨ ᠲᠠᠶᠢᠪᠤᠰᠢᠷᠠᠬᠤ ᠪᠣᠳᠣᠯ ᠪᠠ ᠰᠤᠯᠠᠷᠠᠬᠤ ᠪᠣᠳᠣᠯ ᠣᠷᠣᠵᠤ᠂ ᠵᠠᠷᠢᠮ ᠬᠥᠮᠦᠨ ᠭᠠᠳᠠᠭᠰᠢ ᠭᠠᠷᠬᠤ ᠳᠠᠭᠠᠨ ︽ᠠᠮᠠᠪᠴᠢ ᠵᠡᠭᠦᠬᠦ︾ ᠪᠢᠰᠢ ᠬᠠᠷᠢᠨ ︽ᠠᠮᠠᠪᠴᠢ ᠪᠠᠨ ᠠᠪᠴᠤ ᠶᠠᠪᠤᠬᠤ ᠲᠠᠳᠤᠢ︾ ᠪᠣᠯᠵᠣ᠂ ᠵᠠᠷᠢᠮ ᠬᠥᠮᠦᠨ ᠠᠮᠠᠪᠴᠢ ᠪᠠᠨ ᠡᠷᠡᠦ ᠳᠡᠭᠡᠨ ᠵᠡᠭᠦᠵᠦ᠂ ᠵᠡᠭᠦᠬᠦ ᠥᠬᠡᠶ ᠪᠠᠶᠢᠬᠤ ᠲᠠᠢ ᠶᠠᠮᠠᠷ ᠴᠣ᠋ ᠢᠯᠭᠠᠭ᠎ᠠ ᠥᠬᠡᠶ ᠪᠣᠯᠵᠠᠶ᠂ ᠵᠠᠷᠢᠮ ᠬᠥᠮᠦᠨ ᠣᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ ᠬᠠᠯᠠᠭᠤᠨ ᠢᠶᠠᠨ ᠬᠡᠮᠵᠢᠬᠦ ᠥᠬᠡᠶ᠂ ᠪᠥᠭᠡᠮᠨᠡᠷᠡᠨ ᠴᠤᠭᠯᠠᠷᠠᠳᠠᠭ ᠁ ᠡᠲᠡᠭᠡᠷ ᠵᠦᠢᠯ ᠨᠢ ᠪᠡᠶ᠎ᠡ ᠪᠠᠨ ᠬᠠᠭᠤᠷᠴᠤ ᠪᠤᠰᠤᠳ ᠢ ᠮᠡᠬᠡᠯᠡᠬᠦ ᠶᠢᠨ ᠲᠦᠢᠯ ᠳᠤ ᠬᠦᠷᠴᠦ᠂ ᠪᠤᠰᠤᠳ  ᠢ ᠬᠤᠤᠷᠯᠠᠬᠤ ᠪᠦᠭᠡᠳ ᠦᠪᠡᠷ ᠢ ᠪᠠᠨ ᠬᠤᠤᠷᠯᠠᠵᠤ᠂ ᠬᠥᠮᠦᠰ ᠢ ᠬᠢᠯᠢᠩᠨᠡᠭᠦᠯᠬᠦ ᠶᠢᠨ ᠬᠠᠮᠲᠤ ᠰᠠᠨᠠᠭ᠎ᠠ ᠵᠣᠪᠠᠭᠤᠯᠤᠨ᠎ᠡ᠃    ᠶᠡᠷᠦ ᠶᠢᠨ ᠦᠭᠡᠨ ᠳᠤ᠂ ᠲᠡᠪᠡᠨᠡ ᠶᠢᠨ ᠴᠢᠨᠡᠭᠡ ᠨᠥᠬᠡ ᠪᠠᠷ ᠲᠡᠮᠡᠭᠡᠨ ᠴᠢᠨᠡᠭᠡ ᠰᠠᠯᠬᠢ ᠣᠷᠣᠨ᠎ᠠ ᠭᠡᠳᠡᠭ᠃ ᠸᠢᠷᠦ᠋ᠰ ᠤᠯᠠᠮ ᠠᠴᠠ ᠤᠯᠠᠮ ᠬᠤᠯᠵᠢᠨ ᠪᠣᠯᠵᠤ᠂ ᠶᠠᠮᠠᠷ ᠨᠢᠭᠡᠨ ᠬᠥᠮᠦᠨ ᠠᠯᠮᠠᠶᠢᠷᠠᠨ ᠲᠠᠶᠢᠪᠤᠰᠢᠷᠠᠪᠡᠯ᠂ ᠮᠠᠰᠢ ᠣᠯᠠᠨ ᠬᠦᠮᠦᠨ ᠤ ᠴᠢᠷᠮᠠᠶᠢᠯᠭ᠎ᠠ ᠪᠦᠷ ᠬᠤᠭᠤᠰᠣᠨ ᠪᠣᠯᠵᠤ ᠮᠡᠳᠡᠨ᠎ᠡ᠃ ᠣᠳᠤᠬᠠᠨ ᠳᠤ ︽ᠳ᠋ᠧᠯᠲ᠋ᠠ︾ ᠣᠨᠳᠤᠤᠰᠢᠨ ᠬᠤᠪᠢᠷᠠᠬᠰᠡᠨ ᠸᠢᠷᠦ᠋ᠰ  ᠤᠨ ᠰᠠᠭᠤᠷᠢ ᠲᠠᠭᠠᠷᠢᠵᠥ᠂ ᠤᠯᠤᠰ ᠤᠨ ᠳᠣᠲᠤᠭᠠᠲᠤ ᠶᠢᠨ ᠬᠢᠵᠢᠭ ᠤᠨ ᠪᠠᠶᠢᠳᠠᠯ ᠤᠯᠠᠨ ᠴᠡᠭ ᠲᠤ ᠲᠠᠷᠬᠠᠨ ᠳᠡᠯᠭᠡᠷᠡᠵᠦ ᠪᠠᠶᠢᠭ᠎ᠠ ᠪᠠᠶᠢᠳᠠᠯ ᠳᠣᠣᠷ᠎ᠠ᠂ ᠬᠥᠮᠦᠨ ᠪᠦᠬᠦᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠪᠡᠶ᠎ᠡ ᠶᠢᠨ ᠬᠠᠯᠠᠭᠤᠨ ᠢᠶᠠᠨ ᠬᠡᠮᠵᠢᠬᠦ᠂ ᠴᠥᠭᠡᠨ ᠴᠤᠭᠯᠠᠷᠠᠬᠤ ᠵᠡᠷᠭᠡ ᠬᠢᠵᠢᠭ ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠡᠷᠡᠰ ᠰᠠᠢᠲᠤᠷ ᠬᠢᠵᠦ᠂ ᠡᠯ᠎ᠡ ᠵᠦᠢᠯ ᠤᠨ ᠲᠤᠭᠲᠠᠭᠠᠯ ᠢ ᠴᠢᠩᠭ᠎ᠠ ᠵᠢᠷᠤᠮᠯᠠᠵᠤ᠂ ᠥᠪᠡᠷ ᠢ ᠪᠠᠨ ᠬᠢᠵᠢᠭ  ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ︽ᠳᠤᠲᠠᠭᠤᠳᠠᠯ︾ ᠪᠣᠯᠭᠠᠬᠤ ᠦᠭᠡᠢ ᠪᠠᠶᠢᠬᠤ ᠬᠡᠷᠡᠭᠲᠡᠢ᠃   ᠵᠣᠬᠢᠶᠠᠭᠴᠢ᠄ ᠪᠠᠶ ᠵᠢᠶᠠᠩ ᠬᠤᠩ   ᠨᠠᠶᠢᠷᠠᠭᠤᠯᠤᠭᠴᠢ᠄ ᠰᠤᠶᠤᠯᠲᠦ   ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2