ᠬᠤᠸᠠᠳᠧ ᠰᠢᠨ᠎ᠡ ᠺᠣᠷᠤᠨᠠ ᠰᠡᠷᠭᠡᠶᠢᠯᠡᠬᠦ ᠲᠠᠷᠬᠠᠭᠠᠭᠰᠠᠨ ﹇2021﹈ 19 ᠳ᠋ᠦᠭᠡᠷ ᠲᠣᠭᠠᠲᠤ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ | ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ᠂ ᠰᠢᠶᠠᠨ ᠳᠤ ᠰᠠᠭᠤᠭ᠎ᠠ ᠡᠯ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠢᠵᠢᠭ ᠤᠨ | ᠪᠠᠶᠢᠳᠠᠯ ᠤᠨ ᠵᠢᠯᠣᠭᠤᠳᠬᠤ ᠭᠠᠵᠠᠷ ᠤᠨ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ | ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠵᠤ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ | ᠭᠠᠵᠠᠷ ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ | ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠤᠨ ᠲᠠᠷᠬᠠᠬᠤ ᠶᠢ ᠴᠢᠩᠭ᠎ᠠ ᠰᠡᠷᠭᠡᠶᠢᠯᠡᠬᠦ ᠲᠤᠬᠠᠶ ᠪᠠᠴᠢᠮ ᠮᠡᠳᠡᠭᠳᠡᠯ︾ ︵ | ᠥᠪᠥᠷ ᠰᠡᠷᠭᠡᠶᠢᠯᠡᠯᠲᠡ ᠵᠢᠯᠤᠭᠤᠳᠬᠤ ᠴᠠᠬᠢᠯᠭᠠᠨ ︹ 2021 ︺ 26 ᠳ᠋ᠤᠭᠠᠷ ᠲᠣᠭᠠᠲᠤ︶ ᠪᠣᠯᠤᠨ | ᠬᠤᠲᠠ ᠶᠢᠨ ᠵᠢᠯᠣᠭᠤᠳᠬᠤ ᠭᠠᠵᠠᠷ ᠤᠨ ︽ᠮᠠᠨ ᠤ ᠬᠤᠲᠠ ᠶᠢᠨ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠶ ᠪᠠᠴᠢᠮ ᠮᠡᠳᠡᠭᠳᠡᠯ︾ ︵ᠤᠯᠠᠭᠠᠨᠴᠠᠪ ᠰᠢᠨ᠎ᠡ | ᠺᠣᠷᠤᠨᠠ ᠰᠡᠷᠭᠡᠶᠢᠯᠡᠬᠦ ︹ 2021 ︺ 22 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ | ᠶᠣᠰᠣᠭᠠᠷ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠷᠭ᠎ᠠ | ᠪᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠶᠢᠨ ᠲᠦᠯᠦᠭᠡ᠂ ᠡᠳᠦᠭᠡ ᠬᠤᠯᠪᠣᠭᠳᠠᠯ ᠪᠦᠬᠦᠢ ᠤᠴᠢᠷ | ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠭᠤᠤᠯᠳᠠᠯᠭ᠎ᠠ ᠲᠠᠢ ᠭᠠᠵᠠᠷ ᠣᠷᠣᠨ ᠤ ᠪᠤᠴᠠᠵᠤ ᠢᠷᠡᠭᠰᠡᠳ ᠢ ᠵᠢᠭᠰᠠᠭᠠᠨ ᠪᠠᠶᠢᠴᠠᠭᠠᠬᠤ ᠶᠢ ᠰᠠᠶᠢᠲᠤᠷ | ᠬᠢᠨ᠎ᠡ | 1. ᠨᠡᠶᠢᠭᠡᠮ ᠲᠣᠭᠤᠷᠢᠭ ︵ᠲᠣᠰᠬᠤᠨ︶ ᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ | ᠰᠢᠶᠠᠨ ᠤ ᠨᠡᠶᠢᠭᠡᠮ ᠲᠣᠭᠤᠷᠢᠭ ︵ᠲᠣᠰᠬᠤᠨ︶ ᠤᠨ ᠬᠢᠨ ᠲᠣᠤᠷᠵᠢᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠪᠥᠬᠦ | ᠲᠠᠯ᠎ᠠ ᠪᠠᠷ ᠡᠬᠢᠯᠡᠭᠦᠯᠵᠦ᠂ ᠭᠠᠳᠠᠨ᠎ᠠ ᠠᠴᠠ ᠢᠷᠡᠭᠰᠡᠨ ᠬᠥᠮᠦᠰ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ | ᠭᠠᠵᠠᠷ ᠣᠷᠣᠨ ᠵᠢᠴᠢ ᠬᠢᠯᠢ ᠶᠢᠨ ᠭᠠᠳᠠᠨ᠎ᠠ ᠠᠴᠠ ᠮᠠᠨ ᠤ ᠰᠢᠶᠠᠨ ᠳᠤ ᠢᠷᠡᠭᠰᠡᠨ ᠬᠥᠮᠦᠰ ᠢ ᠭᠤᠤᠯᠳᠠᠯᠭ᠎ᠠ ᠲᠠᠢ | ᠵᠢᠭᠰᠠᠭᠠᠨ ᠪᠠᠶᠢᠴᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶ | 2. ᠠᠶᠤᠯ ᠲᠦᠭᠰᠢᠭᠦᠷᠢ ᠶᠡᠬᠡᠲᠡᠶ ᠬᠥᠮᠦᠰ ᠢ ᠮᠥᠷᠳᠡᠵᠦ ᠬᠠᠷᠭᠤᠭᠤᠯᠤᠨ ᠪᠠᠶᠢᠴᠠᠭᠠᠬᠤ ᠶᠢ ᠰᠠᠶᠢᠲᠤᠷ ᠬᠢᠨ᠎ᠡ᠃ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ | ᠬᠠᠮᠢᠶᠠᠷᠤᠯᠲᠠ ᠡᠵᠡᠮᠳᠡᠯ ᠤᠨ ᠳᠤᠭᠤᠶᠢᠯᠠᠩ ᠲᠦᠷᠦᠭᠦᠯᠡᠵᠦ᠂ ᠲᠣᠮᠣ ᠳ᠋ᠠᠶᠢᠲ᠋ᠠ ᠶᠢᠨ ᠴᠢᠳᠠᠮᠵᠢ ᠶᠢ ᠭᠦᠢᠴᠡᠳ | ᠠᠰᠢᠭᠯᠠᠵᠤ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ | ᠣᠷᠣᠨ ᠠᠴᠠ ᠪᠤᠴᠠᠵᠤ ᠢᠷᠡᠭᠰᠡᠨ ᠬᠥᠮᠦᠰ ᠪᠠ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ | ᠣᠶᠢᠷᠠᠲᠤᠭᠰᠠᠳ᠂ ᠳᠡᠳ᠋ ᠨᠢᠭᠲᠠ ᠣᠶᠢᠷᠠᠲᠤᠭᠰᠠᠳ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ | 24 ᠴᠠᠭ ᠤᠨ ᠳᠣᠲᠣᠷ᠎ᠠ ᠪᠣᠶ ᠪᠥᠬᠦᠶ ᠬᠥᠮᠦᠰ ᠢ ᠮᠥᠷᠳᠡᠨ ᠳᠠᠭᠠᠵᠤ᠂ ᠬᠠᠮᠢᠶᠠᠷᠤᠨ ᠡᠵᠡᠮᠳᠡᠵᠦ᠂ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠶᠢ ᠦᠨᠡᠨ ᠬᠦ ᠪᠠᠲᠤᠯᠠᠵᠤ᠂ ᠠᠷᠭ᠎ᠠ ᠴᠢᠨᠠᠷ ᠲᠠᠢ ᠪᠠᠶᠢᠬᠤ ᠶᠢ ᠣᠯᠵᠤ ᠮᠡᠳᠡᠪᠡᠯ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠷᠡ ᠳᠠᠷᠤᠶ ᠳᠤᠨᠢ ᠡᠬᠢᠯᠡᠨ ᠬᠡᠷᠡᠭᠵᠢᠭᠦᠯᠵᠦ᠂ ᠰᠢᠨᠵᠢᠯᠡᠬᠦ | ᠤᠬᠠᠭᠠᠨᠴᠢ᠂ ᠲᠦᠷᠭᠡᠨ᠂ ᠡᠷᠡᠰ ᠰᠢᠭᠤᠷᠬᠠᠶ ᠰᠢᠢᠳᠪᠤᠷᠢᠯᠡᠬᠦ ᠶᠢ ᠡᠷᠡᠰ ᠪᠡᠶᠡᠯᠡᠭᠦᠯᠵᠦ᠂ ᠬᠢᠵᠢᠭ ᠤᠨ ᠥᠷᠭᠡᠵᠢᠨ | ᠳᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ︶ | ᠬᠤᠶᠠᠷ᠂ ᠭᠤᠣᠯᠳᠠᠯᠭ᠎ᠠ ᠲᠠᠢ ᠭᠠᠵᠠᠷ ᠲᠠᠯᠠᠪᠤᠷ ᠭᠤᠣᠯᠳᠠᠯᠭ᠎ᠠ ᠲᠠᠢ ᠬᠥᠮᠦᠰ ᠢ ᠰᠡᠷᠭᠡᠶᠢᠯᠡᠨ ᠡᠵᠡᠮᠳᠡᠨ᠎ᠡ | 1. ︽ᠬᠤᠶᠠᠷ ᠥᠷᠲᠡᠭᠡ ᠨᠢᠭᠡ ᠲᠠᠯᠠᠪᠤᠷ︾ ᠤᠨ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠭᠠᠯᠲᠤ | ᠲᠡᠷᠭᠡᠨ ᠤ ᠥᠷᠲᠡᠭᠡ᠂ ᠮᠠᠰᠢᠨ ᠲᠡᠷᠭᠡᠨ ᠥᠷᠲᠡᠭᠡ ᠨᠢ ᠥᠷᠲᠡᠭᠡᠨ ᠳᠤ ᠰᠠᠯᠬᠢ ᠨᠡᠪᠲᠡᠷᠡᠭᠦᠯᠬᠦ᠂ ᠠᠷᠢᠭᠤᠳᠬᠠᠬᠤ ᠪᠠ | ᠥᠷᠲᠡᠭᠡ ᠪᠠᠷ ᠣᠷᠣᠵᠤ ᠭᠠᠷᠬᠤ ᠠᠶᠠᠨᠴᠢᠳ ᠲᠤ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠪᠡᠶ᠎ᠡ ᠶᠢᠨ | ᠳᠤᠯᠠᠭᠠᠨ ᠢ ᠪᠠᠶᠢᠴᠠᠭᠠᠨ ᠬᠡᠮᠵᠢᠬᠦ᠂ ᠨᠣᠮᠧᠷ ᠰᠢᠷᠪᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠭᠠᠯᠲᠤ ᠲᠡᠷᠭᠡᠨ ᠥᠷᠲᠡᠭᠡ︶ | 2. ᠭᠤᠤᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠪᠥᠬᠦ ᠰᠢᠶᠠᠨ ᠤ ᠪᠣᠶ ᠪᠥᠬᠦᠶ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠰᠣᠶᠣᠯ | ᠴᠡᠩᠭᠡᠯ ᠤᠨ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ ᠪᠠ ︽ | ᠠᠮᠠᠪᠴᠢ + ᠺᠣᠳ᠋ ᠰᠢᠷᠪᠢᠬᠦ + ᠪᠡᠶ᠎ᠡ ᠶᠢᠨ ᠳᠤᠯᠠᠭᠠᠨ ᠢ ᠬᠡᠮᠵᠢᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠢᠯᠠᠩᠭᠤᠶ᠎ᠠ ᠵᠣᠴᠢᠳ ᠤᠨ ᠪᠠᠭᠤᠳᠠᠯ ᠨᠢ ᠭᠠᠳᠠᠨ᠎ᠠ ᠠᠴᠠ ᠢᠷᠡᠭᠰᠡᠨ | ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠳᠠᠩᠰᠠᠯᠠᠬᠤ᠂ ᠺᠣᠳ᠋ ᠰᠢᠷᠪᠢᠬᠦ ᠲᠦᠷᠢᠮ ᠢ ᠡᠷᠬᠡᠪᠰᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠵᠤ ᠦᠢᠯᠡᠳᠪᠤᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 3. ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠠᠭᠠᠵᠢ ᠬᠡᠷᠡᠭᠰᠡᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠯᠪᠣᠭᠳᠠᠯ ᠪᠥᠬᠦᠶ ᠵᠢᠷᠤᠮᠵᠢᠯ ᠢ ᠴᠢᠩᠭ᠎ᠠ | ᠵᠢᠷᠤᠮᠯᠠᠨ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠲᠠᠯ᠎ᠠ ᠪᠠᠷ ᠠᠷᠢᠭᠤᠳᠬᠠᠵᠤ᠂ ᠠᠶᠠᠨᠴᠢᠳ ᠤᠨ ᠠᠮᠠᠪᠴᠢ ᠵᠡᠭᠦᠬᠦ᠂ | ᠺᠣᠳ᠋ ᠰᠢᠷᠪᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠡᠯᠧᠺᠲᠷᠣᠨ | ᠲᠣᠭᠠᠴᠠᠭ᠎ᠠ ᠬᠡᠷᠡᠭᠯᠡᠬᠦ ᠶᠢ ᠰᠠᠨᠠᠭᠠᠴᠢᠯᠠᠬᠤ ᠬᠡᠷᠡᠭᠲᠡᠶ᠃ ︵ᠬᠠᠷᠢᠭᠤᠴᠠᠬᠤ ᠨᠢᠭᠡᠴᠡ᠄ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ︶ | ᠭᠤᠷᠪᠠ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠴᠢᠩᠭᠠᠷᠠᠭᠤᠯᠤᠨ᠎ᠠ | 1. ᠭᠠᠳᠠᠭᠠᠳᠤ ᠠᠴᠠ ᠣᠷᠣᠭᠤᠯᠬᠤ ᠦᠢᠯᠡᠳᠬᠦᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ᠂ ᠬᠦᠢᠲᠡᠨ ᠬᠡᠯᠬᠢᠶᠡᠲᠦ ᠪᠤᠰᠤ ᠡᠳ᠋ ᠪᠣᠳᠠᠰ ᠢ | ᠬᠢᠨᠠᠨ ᠬᠠᠮᠢᠶᠠᠷᠬᠤ ᠰᠠᠯᠠᠭ᠎ᠠ ᠮᠥᠴᠢᠷ ᠤᠳᠠᠷᠢᠭᠤᠳᠬᠠᠬᠤ᠂ ᠪᠠᠶᠢᠴᠠᠭᠠᠨ ᠰᠢᠯᠭᠠᠬᠤ᠂ ᠵᠢᠭᠰᠠᠭᠠᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠠᠷᠢᠭᠤᠳᠬᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠥᠯᠢᠭᠡᠷ ᠠᠪᠴᠤ᠂ ᠪᠠᠶᠢᠴᠠᠭᠠᠨ ᠰᠢᠯᠭᠠᠵᠤ᠂ | ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ | ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠤᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠰᠢᠤᠳᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 2᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠦᠢᠯᠡᠰ ᠤᠨ ᠬᠠᠮᠢᠶᠠᠷᠤᠯᠲᠠ ᠶᠢ ᠴᠢᠩᠳᠠᠯᠠᠨ᠎ᠠ᠃ | ᠰᠢᠤᠳᠠᠨ ᠤ ᠶᠠᠪᠤᠳᠠᠯ᠂ ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠᠨ ᠤ ᠠᠵᠢᠯ ᠲᠥᠷᠥᠯ ᠤᠳ ᠲᠦᠷᠭᠡᠨ | ᠬᠦᠷᠭᠡᠯᠲᠡ ᠶᠢ ᠠᠷᠢᠭᠤᠳᠬᠠᠬᠤ ᠵᠢᠴᠢ ᠲᠦᠷᠭᠡᠨ ᠬᠦᠷᠭᠡᠭᠴᠢ ᠶᠢᠨ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠲᠣᠭᠲᠠᠮᠠᠯ | ᠬᠤᠭᠤᠴᠠᠭ᠎ᠠ ᠲᠠᠢ ᠪᠠᠷ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ | ᠢᠯᠠᠩᠭᠤᠶ᠎ᠠ ᠭᠠᠳᠠᠭᠠᠳᠤ ᠠᠴᠠ ᠣᠷᠣᠭᠤᠯᠬᠤ ᠲᠦᠷᠭᠡᠨ ᠬᠦᠷᠭᠡᠬᠦ ᠡᠳ᠋ ᠪᠣᠳᠠᠰ᠂ ᠭᠠᠳᠠᠭᠠᠳᠤ ᠠᠴᠠ ᠣᠷᠣᠭᠤᠯᠬᠤ | ᠬᠦᠢᠲᠡᠨ ᠬᠡᠯᠬᠢᠶᠡᠲᠦ ᠢᠳᠡᠭᠡᠨ ᠤ ᠪᠣᠭᠤᠳᠠᠯ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠤᠨ ᠤᠷᠢᠳᠴᠢᠯᠠᠨ ᠰᠡᠷᠭᠡᠶᠢᠯᠡᠬᠦ | ᠴᠢᠨᠠᠷᠲᠠᠶ ᠠᠷᠢᠭᠤᠳᠬᠠᠯ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠴᠢᠩᠭᠠᠳᠬᠠᠵᠤ᠂ ᠠᠵᠢᠯᠯᠠᠵᠤ ᠪᠠᠶᠢᠭ᠎ᠠ | ᠬᠥᠮᠦᠰ ᠤᠨ ᠬᠤᠪᠢ ᠬᠥᠮᠦᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠵᠤ ᠦᠢᠯᠡᠳᠪᠤᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠤᠳᠠᠨ ᠤ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 3. ᠡᠮᠴᠢᠯᠡᠭᠡᠨ ᠤ ᠪᠠᠶᠢᠭᠤᠯᠤᠮᠵᠢ ᠪᠠ ᠡᠮ ᠤᠨ ᠳᠡᠯᠭᠡᠭᠦᠷ ᠤᠨ ᠬᠠᠷᠠᠭᠤᠯ ᠤᠨ ᠴᠡᠭ ᠤᠨ ᠦᠢᠯᠡᠳᠦᠯ ᠢ | ᠴᠢᠩᠭᠠᠷᠠᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠵᠢᠴᠢ ᠠᠩᠬ᠎ᠠ ᠣᠨᠣᠰᠢᠯᠠᠬᠤ ᠶᠢ | ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ | ᠬᠠᠮᠢᠶᠠᠷᠤᠯᠲᠠ ᠶᠢ ᠴᠢᠩᠳᠠᠯᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠴᠢᠩᠳᠠᠯᠠᠵᠤ᠂ | ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ︔ ᠡᠮ ᠤᠨ ᠳᠡᠯᠭᠡᠭᠦᠷ᠂ ᠡᠭᠦᠳᠡᠨ | ᠡᠮᠨᠡᠯᠭᠡ ᠳᠤ ᠬᠠᠯᠠᠭᠤᠨ ᠢ ᠪᠠᠭᠤᠷᠠᠭᠤᠯᠬᠤ ᠡᠮ᠂ ᠲᠠᠭᠰᠢᠭᠤᠷ ᠤᠨ ᠡᠮ᠂ ᠸᠢᠷᠦ᠋ᠰ ᠢ ᠡᠰᠡᠷᠭᠦᠴᠡᠬᠦ ᠡᠮ ᠢ | ᠬᠤᠳᠠᠯᠳᠤᠬᠤ ᠳᠡᠩᠰᠡᠯᠡᠯᠲᠡ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠡᠮ ᠤᠨ | ᠳᠡᠯᠭᠡᠭᠦᠷ ᠤᠨ ᠬᠠᠷᠠᠭᠤᠯ ᠤᠨ ᠭᠠᠵᠠᠷ ᠤᠨ ᠰᠡᠷᠭᠡᠶᠢᠯᠡᠨ ᠡᠵᠡᠮᠳᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ | ᠬᠠᠯᠠᠭᠤᠷᠠᠵᠤ ᠪᠠᠶᠢᠭ᠎ᠠ ᠡᠪᠡᠳᠴᠢᠲᠡᠨ ᠢ ᠡᠷᠲᠡ ᠢᠯᠭᠠᠨ ᠲᠠᠨᠢᠬᠤ ᠶᠢ ᠴᠢᠩᠭᠠᠷᠠᠭᠤᠯᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ᠳᠥᠷᠪᠡ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠰᠢᠶᠠᠨ ᠳᠤ ᠰᠠᠭᠤᠭ᠎ᠠ ᠡᠯ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ︽ᠴᠢᠬᠤᠯᠠ ᠦᠭᠡᠶ ᠪᠣᠯ ᠡᠷᠭᠢᠯᠡᠬᠦ ᠦᠭᠡᠶ︾ ︽ᠬᠡᠨ | ᠵᠣᠬᠢᠶᠠᠨ ᠪᠠᠶᠢᠭᠤᠯᠪᠠᠯ ᠬᠡᠨ ᠬᠠᠷᠢᠭᠤᠴᠠᠬᠤ᠂ ᠬᠡᠨ ᠭᠤᠣᠯᠯᠠᠨ ᠡᠷᠬᠢᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ | ᠂ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠳᠡᠯᠭᠡᠨ ᠦᠵᠡᠭᠦᠯᠵᠦ ᠳᠡᠯᠭᠡᠨ | ᠪᠣᠷᠣᠯᠠᠭᠤᠯᠬᠤ᠂ ᠲᠣᠮᠣ ᠬᠡᠯᠪᠡᠷᠢ ᠶᠢᠨ ᠬᠤᠷᠠᠯ ︵ᠠᠯᠢ ᠴᠢᠳᠠᠬᠤ ᠪᠠᠷ ᠰᠦᠯᠵᠢᠶᠡᠨ ᠳᠡᠭᠡᠷᠡᠬᠢ ᠬᠤᠷᠠᠯ ᠪᠤᠶᠤ ᠸᠢᠳᠢᠣ᠋ | ᠬᠤᠷᠠᠯ ᠡᠷᠭᠢᠯᠡᠬᠦ ᠶᠢ ᠰᠠᠨᠠᠭᠠᠴᠢᠯᠠᠨ᠎ᠠ︶ ᠵᠡᠷᠭᠡ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ | ᠴᠢᠩᠭ᠎ᠠ ᠬᠢᠨᠠᠨ ᠬᠠᠮᠢᠶᠠᠷᠴᠤ᠂ ᠬᠡᠷᠪᠡ ᠦᠨᠡᠨᠬᠦ ᠡᠷᠬᠢᠯᠡᠬᠦ ᠴᠢᠬᠤᠯᠠ ᠲᠠᠢ ᠪᠣᠯ ᠬᠡᠪᠴᠢᠶ᠎ᠡ ᠶᠢ ᠨᠢ ᠴᠢᠩᠭ᠎ᠠ | ᠬᠢᠵᠠᠭᠠᠷᠯᠠᠵᠤ᠂ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠰᠡᠷᠭᠡᠶᠢᠯᠡᠨ ᠡᠵᠡᠮᠳᠡᠬᠦ ᠵᠦᠭᠯᠡᠭᠦᠷ ᠵᠢᠴᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠢ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠵᠢᠭᠦᠯᠬᠦ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠰᠠᠶᠢᠲᠤᠷ ᠲᠣᠭᠲᠠᠭᠠᠭᠰᠠᠨ ᠰᠠᠭᠤᠷᠢᠨ ᠳᠡᠭᠡᠷ᠎ᠡ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠡᠳ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ | ᠮᠡᠳᠡᠭᠦᠯᠦᠭᠰᠡᠨ ᠤ ᠲᠠᠷᠠᠭ᠎ᠠ ᠰᠠᠶ᠋ᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠵᠦ ᠪᠣᠯᠣᠨ᠎ᠠ᠃ ︵ᠬᠠᠷᠢᠭᠤᠴᠠᠯᠭᠠᠲᠤ | ᠨᠢᠭᠡᠴᠡ᠄ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠡᠯ᠎ᠡ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ᠲᠠᠪᠤ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ | ᠨᠥᠭᠡᠴᠡᠯᠡᠯᠲᠡ ᠶᠢ ᠴᠢᠩᠭᠠᠳᠬᠠᠨ᠎ᠠ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠳ᠋ ᠪᠣᠳᠠᠰ ᠤᠨ | ᠪᠠᠲᠤᠯᠠᠭ᠎ᠠ ᠶᠢᠨ ᠳᠤᠭᠤᠶᠢᠯᠠᠩ ᠤᠨ ᠬᠢᠨ ᠴᠢᠬᠤᠯᠠ ᠡᠮᠴᠢᠯᠡᠭᠡᠨ ᠤ ᠡᠳ᠋ ᠪᠣᠳᠠᠰ ᠤᠨ ᠨᠥᠭᠡᠴᠡᠯᠡᠯᠲᠡ ᠪᠣᠯᠤᠨ | ᠦᠢᠯᠡᠳᠪᠦᠷᠢᠯᠡᠯ ᠤᠨ ᠴᠢᠳᠠᠪᠤᠷᠢ ᠶᠢᠨ ᠳᠠᠶᠢᠴᠢᠯᠠᠯᠲᠠ ᠶᠢᠨ ᠬᠤᠭᠤᠷᠣᠨᠳᠣᠬᠢ ᠵᠣᠯᠭᠠᠯᠴᠠᠭ᠎ᠠ ᠲᠥᠬᠦᠷᠵᠢᠭᠦᠯᠦᠯᠲᠡ ᠶᠢ | ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠲᠦᠷᠭᠡᠨ ᠲᠣᠬᠢᠷᠠᠭᠤᠯᠬᠤ᠂ ᠬᠡᠷᠡᠭᠯᠡᠵᠦ ᠳᠡᠶᠢᠯᠬᠦ | ᠪᠣᠯᠭᠠᠬᠤ ᠬᠡᠷᠡᠭᠲᠡᠶ᠃ ᠪᠠᠰᠠ ᠣᠲᠣ ᠶᠢᠨ ᠪᠠᠶᠢᠭ᠎ᠠ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠨ᠂ ᠨᠥᠭᠡᠴᠡ ᠡᠳ᠋ ᠪᠣᠳᠠᠰ ᠢ ᠬᠠᠳᠠᠭᠠᠯᠠᠨ ᠬᠠᠮᠢᠶᠠᠷᠬᠤ ᠪᠠ ᠡᠭᠡᠯᠵᠢᠯᠡᠨ ᠰᠣᠯᠢᠬᠤ | ᠠᠵᠢᠯ ᠢ ᠰᠠᠶᠢᠲᠤᠷ ᠬᠢᠵᠦ᠂ ᠡᠳᠦᠷ ᠲᠤᠲᠤᠮ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠂ ︽ | ᠪᠠᠶᠢᠯᠳᠤᠬᠤ︾ ᠦᠶ᠎ᠡ ᠶᠢᠨ ᠲᠦᠷᠭᠡᠨ ᠲᠤᠰᠬᠠᠯ ᠪᠠ ᠡᠳ᠋ ᠪᠣᠳᠠᠰ ᠤᠨ ᠪᠠᠲᠤᠯᠠᠭ᠎ᠠ ᠶᠢᠨ ᠬᠡᠷᠡᠭᠴᠡᠭᠡ ᠶᠢ | ᠬᠠᠩᠭᠠᠬᠤ ᠪᠠᠷ ᠪᠠᠷᠠᠬᠤ ᠥᠬᠡᠶ ᠪᠠᠰᠠ ᠡᠩ ᠤᠨ ᠦᠶ᠎ᠡ ᠶᠢᠨ ᠡᠭᠦᠷᠭᠡ ᠬᠠᠷᠢᠭᠤᠴᠠᠯᠭ᠎ᠠ ᠪᠠ ᠠᠵᠢᠯᠯᠠᠭᠠᠨ ᠤ | ᠥᠪᠡᠷ ᠤᠨ ᠥᠷᠲᠡᠭ ᠢ ᠭᠦᠢᠴᠡᠳ ᠪᠣᠳᠣᠯᠬᠢᠯᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ | ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠰᠢᠶᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠡᠯ᠎ᠡ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ᠵᠢᠷᠭᠤᠭ᠎ᠠ᠂ ᠸᠠᠺᠼᠢᠨ ᠳᠠᠷᠢᠬᠤ ᠠᠬᠢᠴᠠ ᠶᠢ ᠲᠦᠷᠭᠡᠳᠬᠡᠨ᠎ᠡ | ᠦᠷᠭᠦᠯᠵᠢᠯᠡᠨ ︽ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠥᠮᠦᠨ ᠢ ᠡᠷᠢᠬᠦ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠲᠠᠷᠢᠯᠭ᠎ᠠ ᠬᠢᠬᠦ︾ ᠵᠠᠷᠴᠢᠮ ᠶᠣᠰᠣᠭᠠᠷ᠂ ᠲᠣᠤᠷᠵᠢᠭᠤᠯᠤᠭᠰᠠᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠨᠠᠰᠤᠲᠠᠶᠢᠴᠤᠤᠯ ᠪᠠᠭᠠᠴᠤᠳ︾ ᠤᠨ | ᠲᠠᠷᠢᠯᠭ᠎ᠠ ᠶᠢᠨ ᠠᠵᠢᠯ ᠢ ᠤᠬᠠᠭᠤᠯᠬᠤ᠂ ᠵᠣᠬᠢᠶᠠᠨ ᠪᠠᠶᠢᠭᠤᠯᠬᠤ᠂ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ | ᠲᠠᠷᠢᠯᠭ᠎ᠠ ᠶᠢᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ᠂ ᠡᠯ᠎ᠡ ᠵᠢᠵᠢᠭ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠨᠢᠭᠡᠴᠡ︶ | ᠳᠣᠯᠤᠭ᠎ᠠ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠯᠠᠨ ᠵᠦᠢᠯ ᠤᠨ ᠠᠷᠭ᠎ᠠ ᠬᠡᠯᠪᠡᠷᠢ ᠪᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶ ᠴᠢᠩᠭᠠᠳᠬᠠᠵᠤ᠂ | ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ | ᠤ ᠣᠨᠣᠯᠵᠢᠬᠤᠨ ᠢ ᠪᠣᠶ ᠪᠣᠯᠭᠠᠵᠤ᠂ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠪᠤᠶᠤ ᠤᠯᠤᠰ ᠤᠨ | ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ | ᠰᠢᠶᠠᠨ ᠳᠤ ᠢᠷᠡᠵᠦ ᠶᠠᠪᠤᠭᠰᠠᠨ ᠬᠥᠮᠦᠰ ᠨᠡᠶᠢᠭᠡᠮ ᠲᠣᠭᠤᠷᠢᠭ ︵ᠲᠣᠰᠬᠤᠨ︶᠂ ᠪᠠᠶᠢᠭ᠎ᠠ ᠨᠢᠭᠡᠴᠡ᠂ ᠰᠠᠭᠤᠭ᠎ᠠ | ᠪᠠᠭᠤᠳᠠᠯ ᠪᠤᠶᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ | ᠳᠠᠩᠰᠠᠯᠠᠭᠤᠯᠬᠤ ᠶᠢᠨ ᠬᠠᠮᠲᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠣᠯᠠᠨ ᠨᠡᠶᠢᠲᠡ ᠪᠠᠷ ᠢᠶᠠᠨ ︽ᠠᠷᠠᠳ | ᠢᠷᠭᠡᠳ ᠤᠨ ᠬᠢᠵᠢᠭ ᠢ ᠰᠡᠷᠭᠡᠶᠢᠯᠡᠬᠦ ᠦᠨᠳᠦᠰᠦᠨ ᠦᠢᠯᠡ ᠠᠵᠢᠯᠯᠠᠭ᠎ᠠ ᠶᠢᠨ ᠪᠠᠷᠢᠮᠵᠢᠶ᠎ᠠ︾ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ | ᠴᠥᠭᠡᠨ ᠴᠤᠭᠯᠠᠷᠠᠬᠤ᠂ ︽ᠨᠢᠭᠡ ᠮᠧᠲᠷ ᠤᠨ ᠱᠤᠭᠤᠮ︾ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ | ᠳᠠᠳᠬᠠᠯ ᠪᠠ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠥᠪᠡᠷ ᠢ ᠪᠠᠨ ᠬᠠᠮᠠᠭᠠᠯᠠᠬᠤ | ᠦᠵᠡᠯ ᠤᠬᠠᠮᠰᠠᠷ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ | ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠳᠤᠭᠤᠶᠢᠯᠠᠩ︶ | ᠨᠠᠢᠮᠠ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠎ᠠ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠣᠳᠣᠬᠠᠨ ᠤ ᠬᠠᠮᠤᠭ ᠤᠨ ᠴᠢᠬᠤᠯᠠ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠷᠴᠢᠮ ᠢᠶᠠᠨ ᠦᠨᠡᠨᠬᠦ ᠴᠢᠩᠭᠠᠷᠠᠭᠤᠯᠤᠨ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠪᠡᠯᠡᠳᠬᠡᠯ | ᠵᠡᠷᠭᠡ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠥᠪᠡᠷ ᠢᠶᠠᠨ ᠪᠠᠶᠢᠴᠠᠭᠠᠵᠤ᠂ ᠠᠰᠠᠭᠤᠳᠠᠯ ᠪᠠ ᠪᠠᠭᠤᠷᠠᠶ ᠲᠠᠯ᠎ᠠ ᠶᠢ | ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ ᠰᠢᠶᠠᠨ ᠤ ᠵᠢᠯᠣᠭᠤᠳᠬᠤ ᠭᠠᠵᠠᠷ ᠠᠴᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠢ ᠰᠢᠪᠠᠳᠠᠨ ᠪᠠᠶᠢᠴᠠᠭᠠᠵᠤ᠂ ᠨᠢᠭᠤᠴᠠ ᠪᠠᠷ ᠰᠤᠷᠪᠤᠯᠵᠢᠯᠠᠵᠤ᠂ ︽ | ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠰᠢᠶᠠᠩ ᠪᠠᠯᠭᠠᠰᠤ | ᠂ ᠰᠠᠯᠠᠭ᠎ᠠ ᠮᠥᠴᠢᠷ ᠠᠴᠠ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠬᠡᠷ ᠤᠨ | ᠬᠠᠷᠢᠯᠴᠠᠬᠤ ᠤᠲᠠᠰᠤ᠄ 0474 — 7914560 | ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠯᠴᠠᠬᠤ ᠬᠥᠮᠦᠨ᠄ ᠳ᠋ᠦᠩ ᡁᠢ ᠭᠠᠩ | 13734746382 | ᠬᠤᠸᠠᠳᠧ ᠰᠢᠶᠠᠨ ᠤ ᠰᠢᠨ᠎ᠡ ᠺᠣᠷᠤᠨᠠ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠵᠢᠯᠣᠭᠤᠳᠬᠤ ᠭᠠᠵᠠᠷ | 2021 ᠣᠨ ᠤ 7 ᠰᠠᠷ᠎ᠠ ᠶᠢᠨ 31 | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |