ᠬᠢᠵᠢᠭ ᠶᠢᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠠᠷᠭ᠎ᠠ︾ ᠠᠴᠠ ᠭᠠᠳᠠᠨ᠎ᠠ ᠪᠠᠰᠠ ︽ᠬᠠᠤᠯᠢ︾ ᠶᠢ ᠴᠢᠬᠤᠯᠠᠴᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/8/20
   ᠪᠦᠬᠦ ᠣᠷᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠵᠦ ᠪᠠᠶᠢᠭ᠎ᠠ ᠲᠠᠰᠢᠷᠠᠮ ᠳᠤ᠂ ᠣᠨᠴᠠ ᠵᠠᠷᠢᠮ ᠬᠥᠮᠦᠨ ᠬᠠᠷᠢᠨ ︽ᠤᠬᠠᠭᠠᠨ ᠭᠠᠷᠭᠠᠵᠤ︾ ᠢᠯᠡ ᠪᠠᠷ ᠬᠠᠦᠯᠢ ᠠᠴᠠ ᠵᠥᠷᠢᠴᠡᠵᠦ᠂ ᠠᠶᠠᠯᠠᠯ ᠢᠶᠠᠨ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠨ ᠲᠠᠷᠬᠠᠭᠠᠵᠤ᠂ ᠪᠦᠷᠢᠳᠭᠡᠭᠦᠯᠬᠦ ᠪᠠ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠬᠦ ᠶᠢ ᠲᠡᠪᠴᠢᠵᠦ᠂ ᠴᠢᠨᠠᠭᠰᠢᠯᠠᠪᠠᠯ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠡᠷᠬᠡ ᠶᠢ ᠬᠠᠭᠤᠷᠮᠠᠭᠯᠠᠨ ᠦᠢᠯᠡᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠷᠰᠢᠯᠠᠵᠤ ᠪᠠᠶᠢᠨ᠎ᠠ᠃ ᠡᠲᠡᠭᠡᠷ ᠬᠥᠮᠦᠰ  ᠤᠨ ᠦᠢᠯᠡ ᠠᠵᠢᠯᠯᠠᠭ᠎ᠠ ᠨᠢ ᠥᠪᠡᠷ ᠪᠤᠰᠤᠳ ᠢ ᠬᠤᠣᠷᠯᠠᠬᠤ ᠪᠠᠷ ᠪᠠᠷᠠᠬᠤ ᠥᠬᠡᠶ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢ ᠨᠦᠯᠦᠭᠡᠯᠡᠵᠦ᠂ ᠰᠢᠨ᠎ᠡ ᠲᠢᠲᠢᠮᠯᠢᠭ ᠸᠢᠷᠦ᠋ᠰ ᠲᠤ ᠵᠠᠪᠰᠢᠬᠤ ᠲᠣᠬᠢᠶᠠᠯ ᠣᠯᠭᠤᠵᠤ᠂ ᠬᠢᠵᠢᠭ ᠤᠨ ᠪᠠᠶᠢᠳᠠᠯ ᠢ ᠰᠡᠷᠭᠡᠢᠯᠡᠨ ᠡᠵᠡᠮᠳᠡᠬᠦ ᠳᠤ ᠬᠦᠨᠳᠦ ᠶᠡᠭᠡ ᠠᠶᠤᠯ ᠲᠦᠭᠰᠢᠭᠦᠷᠢ ᠤᠴᠠᠷᠠᠭᠤᠯᠵᠤ ᠮᠡᠳᠡᠨ᠎ᠡ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠬᠠᠮᠵᠢᠯᠴᠠᠵᠤ ᠰᠠᠨᠠᠭᠠᠴᠢᠯᠠᠭ᠎ᠠ ᠠᠴᠠ ᠪᠠᠨ ᠬᠢᠬᠦ ᠭᠡᠳᠡᠭ ᠨᠢ ᠬᠢᠬᠦ ᠲᠤᠷ᠎ᠠ ᠲᠠᠢ ᠪᠤᠯ ᠬᠢᠬᠦ ᠰᠣᠩᠭᠤᠯᠲᠠ ᠪᠢᠰᠢ᠂ ᠬᠠᠷᠢᠨ ᠬᠠᠤᠯᠢ ᠴᠠᠭᠠᠵᠠ ᠠᠴᠠ ᠠᠷᠠᠳ ᠢᠷᠭᠡᠨ ᠨᠢᠭᠡ ᠪᠦᠷᠢ ᠶᠢ ᠱᠠᠭᠠᠷᠳᠠᠵᠤ ᠪᠠᠶᠢᠭ᠎ᠠ ᠡᠷᠬᠡᠪᠰᠢ ᠭᠦᠢᠴᠡᠳᠭᠡᠬᠦ ᠬᠠᠷᠢᠭᠤᠴᠠᠯᠭ᠎ᠠ ᠪᠠ ᠡᠭᠦᠷᠭᠡ ᠶᠤᠮ᠃ ᠬᠠᠤᠯᠢ ᠴᠠᠭᠠᠵᠠ ᠶᠢ ᠵᠥᠷᠢᠴᠡᠵᠦ ᠪᠤᠰᠤᠳ ᠲᠤ ᠬᠤᠤᠷ ᠬᠦᠨᠦᠭᠡᠯ ᠤᠴᠠᠷᠠᠭᠤᠯᠪᠠᠯ ᠵᠶᠢᠯᠠᠰᠢ ᠦᠭᠡᠢ ᠰᠢᠢᠳᠬᠡᠭᠳᠡᠬᠦ ᠶᠤᠰᠤᠳᠠᠢ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠬᠠᠤᠯᠢ ᠬᠡᠷᠡᠭᠵᠢᠬᠦᠯᠬᠦ ᠰᠠᠯᠠᠭ᠎ᠠ ᠮᠥᠴᠢᠷ ᠤᠨ ᠬᠢᠨ ᠴᠠᠭ ᠲᠤᠬᠠᠶ ᠲᠤᠨᠢ ᠬᠦᠳᠠᠯᠦᠯᠴᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠤᠯᠢ ᠲᠤᠭᠲᠠᠭᠠᠯ ᠶᠣᠰᠣᠭᠠᠷ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠳᠠ  ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨ ᠪᠠᠷᠠᠭᠠᠨ ᠤ ᠦᠨ᠎ᠠ ᠶᠢ ᠦᠰᠭᠡᠬᠦ᠂ ᠬᠠᠳᠠᠭᠠᠯᠠᠨ ᠳᠠᠷᠤᠵᠤ ᠬᠤᠨᠵᠢᠨ ᠵᠠᠪᠰᠢᠬᠤ ᠵᠡᠷᠭᠡ ᠵᠠᠬ᠎ᠠ ᠳᠡᠯᠭᠡᠭᠦᠷ ᠢ ᠰᠠᠮᠠᠭᠤᠷᠠᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠤ᠂ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠵᠡᠷᠭᠡ ᠰᠠᠯᠠᠭ᠎ᠠ ᠮᠦᠴᠢᠷ  ᠤᠨ ᠬᠢᠨ ᠲᠤᠰᠠᠭᠠᠷᠯᠠᠭᠳᠠᠵᠤ ᠪᠠᠶᠢᠭ᠎ᠠ᠂ ᠡᠮᠨᠡᠭᠦᠯᠵᠤ ᠪᠠᠶᠢᠭ᠎ᠠ ᠪᠤᠶᠤ ᠬᠢᠵᠢᠭ ᠠᠴᠠ ᠪᠤᠯᠵᠤ ᠠᠵᠢᠯ ᠢᠶᠠᠨ ᠰᠡᠷᠭᠦᠭᠡᠵᠤ ᠲᠡᠶᠢᠯᠬᠦ ᠦᠭᠡᠢ ᠪᠠᠶᠢᠭ᠎ᠠ ᠦᠶ᠎ᠠ ᠶᠢᠨ ᠬᠦᠳᠡᠯᠮᠤᠷᠢ ᠶᠢᠨ ᠭᠡᠷ᠎ᠠ᠂ ᠴᠠᠯᠢᠩ ᠬᠦᠯᠦᠰᠦ᠂ ᠡᠮᠴᠢᠯᠡᠭᠡᠨ ᠤ ᠪᠠᠳᠤᠯᠠᠭ᠎ᠠ ᠵᠡᠷᠭᠡ ᠠᠰᠠᠭᠤᠳᠠᠯ ᠤᠳ ᠤᠨ ᠲᠤᠬᠠᠢ ᠲᠦᠷᠢᠮ ᠲᠤᠭᠲᠠᠭᠠᠯ  ᠲᠤᠭᠲᠠᠭᠠᠬᠤ ᠬᠡᠷᠡᠭᠲᠡᠢ᠃ ᠬᠢᠵᠢᠭ ᠠᠴᠠ ᠪᠣᠯᠤᠭᠰᠠᠨ ᠢᠷᠭᠡᠨ ᠤ ᠬᠡᠷᠡᠭ ᠤᠨ ᠮᠠᠷᠭᠤᠭᠠᠨ ᠳᠤ ᠰᠢᠭᠦᠨ ᠲᠠᠰᠤᠯᠬᠤ ᠪᠠᠶᠢᠭᠤᠯᠤᠮᠵᠢ ᠶᠢᠨ ᠬᠢᠨ ᠬᠠᠤᠯᠢ ᠶᠤᠰᠤᠭᠠᠷ ᠡᠯ᠎ᠠ ᠲᠠᠯ᠎ᠠ ᠶᠢᠨ ᠬᠢᠨ ᠤ ᠬᠠᠤᠯᠢ ᠶᠣᠰᠤᠨ ᠤ ᠡᠷᠬᠡ  ᠠᠰᠢᠭ ᠢ ᠬᠠᠮᠠᠭᠠᠯᠠᠵᠤ᠂ ᠮᠠᠷᠭᠤᠭᠠᠨ ᠢ ᠨᠠᠮᠳᠠᠭᠤᠯᠬᠤ ᠪᠠᠷ ᠢᠳᠡᠪᠬᠢᠳᠠᠢ ᠴᠢᠷᠮᠠᠶᠢᠵᠤ᠂ ᠠᠵᠤ ᠠᠬᠤᠢ ᠶᠢᠨ ᠭᠦᠭᠵᠢᠯᠲᠡ ᠪᠠ ᠨᠡᠶᠢᠭᠡᠮ ᠤᠨ ᠲᠤᠭᠲᠠᠭᠤᠨ ᠢ ᠪᠠᠳᠤᠯᠠᠬᠤ ᠬᠡᠷᠡᠭᠲᠡᠢ᠃ ᠡᠯ᠎ᠠ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠠ ᠨᠢ ᠬᠢᠵᠢᠭ ᠢ ᠡᠵᠡᠮᠳᠡᠬᠦ ᠬᠠᠷᠠᠯᠲᠠ ᠳᠠᠭᠠᠨ ᠬᠦᠷᠦᠭᠰᠡᠨ ᠤᠷᠢᠳᠠᠯ ᠳᠤᠤᠷ᠎ᠠ᠂ ᠤᠯᠠᠨ ᠲᠦᠮᠡᠨ ᠤ ᠠᠮᠢᠳᠤᠷᠠᠯ  ᠳᠤ ᠦᠵᠡᠭᠦᠯᠬᠦ ᠨᠦᠯᠦᠭᠡ ᠶᠢ ᠬᠠᠮᠤᠭ ᠤᠨ ᠶᠡᠭᠡ ᠬᠡᠮᠵᠢᠶ᠎ᠠ ᠪᠠᠷ ᠪᠠᠭᠠᠰᠬᠠᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢ ᠪᠠᠳᠤᠯᠠᠬᠤ ᠬᠡᠷᠡᠭᠲᠡᠢ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠠᠷᠭ᠎ᠠ︾ ᠠᠴᠠ ᠭᠠᠳᠠᠨ᠎ᠠ ᠪᠠᠰᠠ ︽ᠬᠠᠤᠯᠢ︾ ᠶᠢ ᠴᠢᠬᠤᠯᠠᠴᠢᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠦᠨᠳᠦᠰᠦᠲᠡᠨ ᠨᠦᠭᠦᠳ  ᠤᠨ ᠺᠠᠳ᠋ᠷ ᠤᠯᠠᠨ ᠲᠦᠮᠡᠨ ᠬᠠᠦᠯᠢ ᠶᠢ ᠵᠢᠷᠤᠮᠯᠠᠨ᠂ ᠬᠠᠦᠯᠢ ᠶᠢ ᠬᠦᠮᠦᠨ ᠪᠣᠯᠭᠠᠨ ᠤ ᠠᠵᠢᠯᠯᠠᠭᠠᠨ ᠤ ᠵᠢᠷᠤᠮᠵᠢᠯ ᠪᠤᠯᠭᠠᠵᠤ᠂ ᠬᠢᠵᠢᠭ ᠤᠨ ᠪᠠᠶᠢᠳᠠᠯ ᠢ ᠰᠠᠢᠳᠤᠷ ᠰᠡᠷᠭᠡᠶᠢᠯᠡᠨ ᠡᠵᠡᠮᠳᠡᠬᠦ ᠳᠤ ᠬᠦᠮᠦᠨ ᠪᠤᠯᠭᠠᠨ ᠬᠦᠴᠦ ᠭᠠᠷᠭᠠᠬᠤ ᠬᠡᠷᠡᠭᠲᠡᠢ᠃    ᠵᠣᠬᠢᠶᠠᠭᠴᠢ᠄ ᠶᠤᠸᠠᠨ ᠪᠦᠦ ᠨᠢᠶᠠᠨ    ᠨᠠᠶᠢᠷᠠᠭᠤᠯᠤᠭᠴᠢ᠄ ᠰᠤᠶᠤᠯᠲᠦ    ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2