ᠬᠤᠸᠠᠳᠧ ᠰᠢᠨ᠎ᠡ ᠺᠣᠷᠤᠨᠠ ᠰᠡᠷᠭᠡᠶᠢᠯᠡᠬᠦ ᠲᠠᠷᠬᠠᠭᠠᠭᠰᠠᠨ ﹇2021﹈ 20 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠨᠦᠭᠦᠳ ᠲᠤ᠄ | 8 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠦᠶ ᠸᠧᠶ ᠵᠢᠶᠦ᠋ᠨ ᠱᠦᠵᠢ ᠮᠠᠨ ᠤ | ᠰᠢᠶᠠᠨ ᠳᠤ ᠢᠷᠡᠵᠦᠰᠢᠨᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ | ᠲᠠᠷᠢᠯᠭ᠎ᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠰᠠᠭᠤᠳᠠᠯ ᠳᠤᠷᠠᠳᠤᠨ ᠭᠠᠷᠭᠠᠵᠠᠢ᠂ | ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ | ᠰᠢᠶᠠᠨ ᠤ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ | ︽ᠬᠤᠸᠠᠳᠧ ᠰᠢᠶᠠᠨ ᠤ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠲᠣᠭᠲᠠᠭᠠᠭᠰᠠᠨ ᠪᠥᠭᠡᠳ ᠬᠤᠸᠠᠳᠧ ᠰᠢᠶᠠᠨ ᠤ ᠰᠢᠨ᠎ᠡ | ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠠᠩᠬᠠᠳᠤᠭᠠᠷ ᠤᠳᠠᠭᠠᠨ ᠤ ᠬᠤᠷᠠᠯ ᠢᠶᠠᠷ ᠳᠡᠮᠵᠢᠨ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠪᠠ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠶᠢᠨ | ᠬᠠᠮᠲᠤ 8 ᠰᠠᠷ᠎ᠠ ᠶᠢᠨ 11 ᠤ ᠡᠳᠦᠷ ᠠᠴᠠ ᠡᠮᠦᠨ᠎ᠡ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ | ᠪᠠᠶᠢᠳᠠᠯ ᠢᠶᠠᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠭᠡᠷᠡᠶ᠃ | ᠡᠭᠦᠨ ᠤ ᠲᠤᠯᠠ ᠮᠡᠳᠡᠭᠳᠡᠪᠡ | ᠬᠤᠸᠠᠳᠧ ᠰᠢᠶᠠᠨ ᠤ ᠰᠢᠨ᠎ᠡ ᠺᠣᠷᠤᠨᠠ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ | 2021 ᠣᠨ ᠤ 8 ᠰᠠᠷ᠎ᠠ ᠶᠢᠨ 7 | ᠬᠤᠸᠠᠳᠧ ᠰᠢᠶᠠᠨ ᠤ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ | 8 ᠰᠠᠷ᠎ᠠ ᠶᠢᠨ 5 ᠤ ᠡᠳᠦᠷ ᠬᠤᠲᠠ ᠶᠢᠨ ᠨᠠᠮ ᠤᠨ ᠬᠤᠷᠢᠶᠠᠨ ᠤ ᠰᠦᠶ ᠸᠧᠶ ᠵᠢᠶᠦ᠋ᠨ ᠤ ᠱᠦᠵᠢ ᠶᠢᠨ ᠪᠠᠶᠢᠴᠠᠭᠠᠨ | ᠰᠤᠳᠤᠯᠤᠯᠲᠠ ᠳᠤ ᠳᠤᠷᠠᠳᠤᠭᠰᠠᠨ ᠠᠰᠠᠭᠤᠳᠠᠯ ᠵᠢᠴᠢ ᠮᠠᠨ ᠤ ᠰᠢᠶᠠᠨ ᠤ ᠥᠪᠡᠷ ᠤᠨ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠢ ᠡᠳᠦᠷ ᠲᠤᠲᠤᠮ ᠤᠨ ᠰᠢᠮᠳᠠᠭᠤᠯᠤᠨ ᠵᠢᠯᠣᠭᠤᠳᠴᠤ ᠪᠠᠶᠢᠴᠠᠭᠠᠬᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠯᠤᠭ᠎ᠠ ᠤᠶᠠᠯᠳᠤᠭᠤᠯᠵᠤ᠂ ︽ᠭᠠᠳᠠᠨ᠎ᠠ ᠠᠴᠠ ᠣᠷᠤᠬᠤ ᠶᠢ ᠰᠡᠷᠭᠡᠶᠢᠯᠡᠵᠦ᠂ | ᠳᠣᠲᠣᠭᠠᠳᠤ ᠳᠠᠭᠠᠨ ᠳᠠᠬᠢᠨ ᠦᠷᠪᠢᠰᠦᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠲᠠᠯᠠᠪᠤᠷ᠂ | ᠭᠤᠤᠯᠳᠠᠯᠭ᠎ᠠ ᠲᠠᠢ ᠬᠥᠮᠦᠰ ᠢ ᠰᠡᠷᠭᠡᠶᠢᠯᠡᠨ ᠡᠵᠡᠮᠳᠡᠬᠦ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠬᠦ ᠪᠠᠷ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠴᠡᠭᠴᠡᠯᠡᠨ ᠰᠠᠶᠢᠵᠢᠷᠠᠭᠤᠯᠬᠤ ᠬᠠᠷᠠᠯᠲᠠ | ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ | ᠳᠠᠷᠤᠶ ᠳᠤᠨᠢ ᠥᠭᠡᠷᠡᠴᠢᠯᠡᠨ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠬᠤ ᠶᠢ ᠵᠤᠷᠪᠤᠰ ᠳᠠᠷᠠᠭᠠᠯᠠᠨ ᠰᠠᠶᠢᠲᠤᠷ ᠠᠳᠬᠤᠨ᠎ᠠ᠃ ︽ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠬᠦ︾ ᠪᠠᠷ ᠳᠠᠮᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠳᠤᠲᠠᠭᠳᠠᠯ ᠢ ᠴᠠᠭ ᠲᠤᠬᠠᠶ ᠳᠤᠨᠢ ᠪᠥᠭᠯᠡᠵᠦ᠂ ᠳᠤᠲᠠᠭᠤᠳᠠᠯ ᠢ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠥᠬᠦᠷᠡᠰᠢ ᠥᠬᠡᠶ ᠰᠠᠶᠢᠲᠤᠷ ᠠᠳᠬᠤᠨ᠎ᠠ᠃ | ᠬᠤᠶᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮᠵᠢ ᠨᠢ ᠲᠡᠭᠦᠯᠳᠡᠷ ᠪᠤᠰᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠨᠢ ᠵᠦᠢ ᠵᠤᠬᠢᠰ ᠥᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠭᠡᠷ ᠭᠠᠷᠭᠠᠭᠰᠠᠨ ᠥᠭᠡᠢ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ᠂ ᠬᠤᠸᠠᠳᠧ ᠰᠢᠶᠠᠨ ᠤ ᠰᠢᠨ᠎ᠡ ᠺᠣᠷᠤᠨᠠ | ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠵᠢᠴᠢ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠰᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠬᠡᠷ ᠢ ᠪᠠᠶᠢᠭᠤᠯᠤᠨ᠎ᠠ᠃ | ᠬᠤᠶᠠᠷ ᠲᠤ᠂ ᠵᠢᠯᠣᠭᠤᠳᠬᠤ ᠭᠠᠵᠠᠷ ᠤᠨ ᠠᠯᠪᠠᠨ ᠬᠡᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ | ᠰᠢᠶᠠᠨ ᠤ ᠬᠢᠵᠢᠭ ᠤᠨ ᠪᠠᠶᠢᠳᠠᠯ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠪᠠᠶᠢᠳᠠᠯ ᠢ ᠣᠨᠣᠪᠴᠢᠲᠠᠶ ᠡᠵᠡᠮᠰᠢᠵᠦ᠂ | ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠨ᠂ | 7 ᠠᠵᠢᠯᠯᠠᠬᠤ ᠳᠤᠭᠤᠶᠢᠯᠠᠩ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠭᠤᠷᠪᠠ ᠳᠤ᠂ ᠵᠢᠯᠣᠭᠤᠳᠬᠤ | ᠭᠠᠵᠠᠷ ᠤᠨ ᠠᠯᠪᠠᠨ ᠬᠡᠷ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠶᠢᠳᠠᠯ | ᠭᠠᠷᠬᠤ ᠶᠢ ᠪᠠᠲᠤᠯᠠᠵᠤ᠂ ᠴᠠᠭ ᠲᠤᠬᠠᠶ ᠳᠤᠨᠢ ᠪᠦᠲᠦᠮᠵᠢᠲᠡᠶ ᠰᠢᠢᠳᠪᠤᠷᠢᠯᠡᠨ᠎ᠡ᠃ | ᠬᠠᠷᠢᠭᠤᠴᠠᠯᠭᠠᠲᠤ ᠤᠳᠤᠷᠢᠳᠤᠯᠭ᠎ᠠ᠄ ᠵᠠᠩ ᠢᠦᠶ ᠵᠢᠤᠸᠠᠨ ᠰᠢᠶᠠᠨ ᠤ ᠳᠡᠳ᠋ ᠳᠠᠷᠤᠭ᠎ᠠ | ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ | ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ | ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ | ︵ᠬᠤᠶᠠᠷ︶ ᠮᠠᠰᠢᠨ ᠲᠡᠷᠭᠡᠨ ᠥᠷᠲᠡᠭᠡᠨ ᠤ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ | ᠬᠥᠰᠬᠡ ᠶᠢᠨ ᠠᠷᠢᠭᠤᠳᠬᠠᠭᠰᠠᠨ ᠲᠤᠭ᠎ᠠ ᠨᠢ ᠵᠢᠷᠤᠮᠵᠢᠯ ᠤᠨ ᠱᠠᠭᠠᠷᠳᠠᠯᠭ᠎ᠠ ᠳᠤ ᠬᠥᠷᠥᠭᠰᠡᠨ ᠥᠭᠡᠢ︔ ᠮᠠᠰᠢᠨ | ᠲᠡᠷᠭᠡᠨ ᠤ ᠥᠷᠲᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠲᠣᠭᠲᠠᠭᠠᠭᠰᠠᠨ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠦᠷᠢᠮ | ᠲᠣᠭᠲᠠᠭᠠᠯ ᠪᠦᠷᠢᠨ ᠲᠡᠭᠦᠯᠳᠡᠷ ᠪᠤᠰᠤ ᠪᠠᠶᠢᠨ᠎ᠠ᠃ | ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ ᠳᠤ᠂ ︽ᠰᠢᠨ᠎ᠡ ᠺᠣᠷᠤᠨᠠ ᠸᠢᠷᠦ᠋ᠰ ᠤᠨ ᠬᠢᠵᠢᠭ ᠤᠨ | ᠪᠠᠶᠢᠳᠠᠯ ᠢ ᠠᠷᠢᠭᠤᠳᠬᠠᠬᠤ ᠮᠡᠷᠭᠡᠵᠢᠯ ᠤᠨ ᠵᠢᠭᠠᠯᠲᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠡᠳᠦᠷ ᠪᠦᠷᠢ 3 ᠤᠳᠠᠭ᠎ᠠ ᠠᠷᠢᠭᠤᠳᠬᠠᠬᠤ ᠶᠢ | ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠮᠠᠰᠢᠨ ᠲᠡᠷᠭᠡᠨ ᠤ ᠥᠷᠲᠡᠭᠡ ᠶᠢ ᠵᠠᠷᠯᠢᠭᠳᠠᠵᠤ ᠪᠠᠶᠢᠭᠠᠳ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠶ ᠲᠦᠷᠭᠡᠨ ᠲᠣᠭᠲᠠᠭᠠᠯᠭᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ | ᠳᠠᠩᠰᠠᠯᠠᠭᠤᠯᠤᠨ᠎ᠠ᠃ | ᠬᠠᠷᠢᠭᠤᠴᠠᠯᠭᠠᠲᠤ ᠤᠳᠤᠷᠢᠳᠤᠯᠭ᠎ᠠ᠄ ᠶᠠᠨ ᠵᠢᠶᠦ᠋ᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ | ᠬᠠᠷᠢᠭᠤᠴᠠᠯᠭᠠᠲᠤ ᠨᠢᠭᠡᠴᠡ᠄ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ | ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ᠎ᠡ | ︵ᠭᠤᠷᠪᠠ︶ ᠳᠡᠪᠡᠭᠡᠲᠤ ᠰᠢᠶᠠᠩ᠂ ᠭᠦᠨᠤᠯᠠᠭᠠᠨᠬᠤᠳᠳᠤᠭ᠂ ᠲᠤ ᠴᠧᠩ ᠽᠢ ᠡᠷᠡᠭᠦᠯ ᠬᠠᠮᠠᠭᠠᠯᠠᠯ ᠤᠨ ᠬᠤᠷᠢᠶ᠎ᠠ᠂ | ᠠᠷᠠᠳᠴᠢᠯᠠᠯ ᠲᠣᠰᠬᠤᠨ ᠵᠡᠷᠭᠡ 12 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢᠯᠡᠭᠡᠨ ᠤ ᠬᠤᠭ | ᠨᠣᠪᠰᠢ ᠶᠢ ᠬᠠᠳᠠᠭᠠᠯᠠᠵᠤ᠂ ᠰᠢᠢᠳᠪᠤᠷᠢᠯᠡᠭᠰᠡᠨ ᠨᠢ ᠵᠢᠷᠤᠮᠵᠢᠯ ᠥᠬᠡᠶ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠡᠮᠴᠢᠯᠡᠭᠡᠨ ᠳᠤ ᠬᠡᠷᠡᠭᠯᠡᠬᠦ ᠬᠤᠭ ᠨᠣᠪᠰᠢ ᠶᠢ ᠬᠠᠳᠠᠭᠠᠯᠠᠨ ᠰᠢᠢᠳᠪᠤᠷᠢᠯᠡᠬᠦ ᠲᠦᠷᠢᠮ ᠲᠣᠭᠲᠠᠭᠠᠯ | ᠶᠣᠰᠣᠭᠠᠷ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠨᠢᠭᠡᠪᠦᠷᠢ ᠶᠢ ᠵᠢᠯᠣᠭᠤᠳᠴᠤ ᠪᠠᠶᠢᠭᠠᠳ ᠬᠠᠳᠠᠭᠠᠯᠠᠬᠤ ᠲᠠᠰᠤᠭ᠂ ᠬᠠᠳᠠᠭᠠᠯᠠᠬᠤ ᠰᠠᠭᠤᠯᠠᠭ᠎ᠠ ᠶᠢ | ᠵᠢᠷᠤᠮᠵᠢᠭᠤᠯᠤᠨ ᠪᠠᠶᠢᠷᠢᠯᠠᠭᠤᠯᠵᠤ᠂ ᠳᠡᠩᠰᠡᠯᠡᠨ ᠲᠡᠮᠳᠡᠭᠯᠡᠬᠦ᠂ ᠲᠥᠷᠥᠯ ᠬᠤᠪᠢᠶᠠᠨ ᠪᠢᠲᠡᠭᠦᠮᠵᠢᠯᠡᠨ ᠬᠠᠳᠠᠭᠠᠯᠠᠬᠤ᠂ | ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠷᠢᠨ ᠪᠦᠲᠦᠨ | ᠵᠢᠷᠤᠮᠵᠢᠭᠰᠠᠨ ᠪᠥᠬᠦ ᠬᠡᠯᠬᠢᠶ᠎ᠡ᠂ ᠪᠥᠬᠦ ᠵᠠᠩᠭᠢᠯᠠᠭ᠎ᠠ ᠶᠢᠨ ᠡᠮᠴᠢᠯᠡᠭᠡᠨ ᠤ ᠬᠤᠭ ᠨᠣᠪᠰᠢ ᠶᠢ ᠰᠢᠢᠳᠪᠤᠷᠢᠯᠡᠬᠦ ᠲᠦᠷᠢᠮ ᠢ | ᠪᠠᠶᠢᠭᠤᠯᠤᠨ᠎ᠠ᠃ ᠡᠭᠦᠨ ᠤ ᠬᠠᠮᠲᠤ᠂ ᠪᠠᠶᠢᠴᠠᠭᠠᠵᠤ ᠬᠢᠨᠠᠨ ᠵᠢᠯᠣᠭᠤᠳᠬᠤ ᠪᠠᠨ ᠦᠨᠡᠨᠬᠦ ᠴᠢᠩᠭᠠᠳᠬᠠᠵᠤ᠂ | ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠤᠷᠢᠯᠡᠬᠦ ᠶᠠᠪᠤᠴᠠ ᠶᠢᠨ ᠠᠮᠤᠷ ᠲᠦᠪᠰᠢᠨ ᠤ ᠵᠢᠷᠤᠮᠵᠢᠯ ᠢ | ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠡᠭᠦᠰᠦᠭᠰᠡᠨ | ᠡᠮᠴᠢᠯᠡᠭᠡᠨ ᠳᠤ ᠬᠡᠷᠡᠭᠯᠡᠬᠦ ᠬᠤᠭ ᠨᠣᠪᠰᠢ ᠶᠢ ᠬᠤᠶᠠᠷ ᠡᠳᠦᠷ ᠪᠦᠷᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠠᠴᠠ ᠬᠤᠷᠢᠶᠠᠨ ᠴᠤᠭᠯᠠᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠡᠮᠴᠢᠯᠡᠭᠡᠨ ᠳᠤ ᠬᠡᠷᠡᠭᠯᠡᠬᠦ ᠬᠤᠭ ᠨᠣᠪᠰᠢ ᠲᠠᠢ ᠬᠠᠮᠲᠤ ᠳᠤᠨᠢ ᠯᠢᠶᠠᠨ ᠳ᠋ᠧ ᠡᠮᠨᠡᠯᠭᠡ ᠶᠢᠨ ᠬᠤᠷᠢᠶ᠎ᠠ ᠳᠤ | ᠵᠥᠭᠡᠭᠡᠪᠦᠷᠢᠯᠡᠨ ᠬᠦᠷᠭᠡᠭᠰᠡᠨ ᠤ ᠳᠠᠷᠠᠭ᠎ᠠ᠂ ᠬᠤᠶᠠᠷ ᠡᠳᠦᠷ ᠪᠦᠷᠢ ᠤᠯᠠᠭᠠᠨᠴᠠᠪ ᠬᠤᠲᠠ ᠶᠢᠨ ᠬᠤᠸᠠᠨ ᠲᠠᠢ | ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠤᠷᠢᠯᠡᠬᠦ ᠺᠣᠮᠫᠠᠨᠢ ᠠᠴᠠ ᠲᠥᠪᠯᠡᠷᠡᠭᠦᠯᠦᠨ ᠲᠣᠬᠢᠲᠠᠶ | ᠰᠢᠢᠳᠪᠤᠷᠢᠯᠡᠨ᠎ᠡ᠃ | ᠬᠠᠷᠢᠭᠤᠴᠠᠯᠭᠠᠲᠤ ᠤᠳᠤᠷᠢᠳᠤᠯᠭ᠎ᠠ᠄ ᠵᠠᠩ ᠢᠦᠶ ᠵᠢᠤᠸᠠᠨ ᠰᠢᠶᠠᠨ ᠤ ᠳᠡᠳ᠋ ᠳᠠᠷᠤᠭ᠎ᠠ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ | ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ | ︵ᠳᠥᠷᠪᠡ︶ ᠸᠠᠺᠼᠢᠨ ᠤ ᠲᠠᠷᠢᠯᠭ᠎ᠠ ᠶᠢᠨ ᠠᠬᠢᠴᠠ ᠤᠳᠠᠭᠠᠨ ᠪᠠᠶᠢᠵᠤ᠂ ᠣᠯᠠᠨ ᠡᠳᠦᠷ ᠳᠠᠷᠠᠭᠠᠯᠠᠨ | ᠤᠯᠠᠭᠠᠨᠴᠠᠪ ᠬᠤᠲᠠ ᠶᠢᠨ ᠪᠠᠭᠤᠯᠭᠠᠭᠰᠠᠨ ᠡᠳᠦᠷ ᠪᠦᠷᠢ ᠶᠢᠨ ᠲᠠᠷᠢᠯᠭ᠎ᠠ ᠶᠢᠨ ᠡᠭᠦᠷᠭᠡ ᠶᠢᠨ ᠲᠤᠭ᠎ᠠ ᠳᠤ ᠬᠦᠷᠦᠭᠰᠡᠨ | ᠥᠬᠡᠶ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠢᠯᠣᠭᠤᠳᠴᠤ᠂ | ᠪᠡᠶ᠎ᠡ ᠪᠠᠷ ᠢᠶᠠᠨ ᠳᠣᠭᠢᠷᠠᠭᠤᠯᠤᠨ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ | ᠬᠤᠭᠤᠴᠠᠭ᠎ᠠ ᠪᠠᠨ ᠲᠣᠩᠭᠤᠷᠠᠭᠤᠯᠤᠨ ᠵᠢᠭᠰᠠᠭᠠᠵᠤ᠂ ᠨᠢᠭᠡᠴᠡ ᠳᠠᠷᠠᠭᠠᠯᠠᠨ᠂ ᠡᠷᠦᠬᠡ ᠳᠠᠷᠠᠭᠠᠯᠠᠨ ᠳᠠᠶᠢᠴᠢᠯᠠᠵᠤ᠂ | ᠬᠥᠮᠦᠨ ᠳᠠᠷᠠᠭᠠᠯᠠᠨ ᠳ᠋ᠤᠭᠠᠷ ᠢ ᠨᠢ ᠬᠠᠰᠤᠵᠤ ᠳᠠᠷᠢᠬᠤ ᠬᠡᠷᠡᠭᠲᠡᠶ᠃ ᠬᠤᠶᠠᠷ ᠲᠤ᠂ ᠡᠯ᠎ᠡ ᠰᠢᠶᠠᠩ ᠪᠠᠯᠭᠠᠰᠤ᠂ ᠡᠯ᠎ᠡ | ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠨᠡᠶᠢᠭᠡᠮ ᠲᠣᠭᠤᠷᠢᠭ ︵ᠲᠣᠰᠬᠤᠨ︶ ᠨᠢ ᠪᠠᠶᠢᠩᠭᠤ ᠰᠠᠭᠤᠭ᠎ᠠ ᠬᠥᠮᠦᠨ | ᠠᠮᠠ ᠳᠤ ᠥᠨᠴᠥᠭ ᠪᠤᠯᠤᠩ ᠥᠬᠡᠶ᠂ ᠪᠦᠬᠦᠨ ᠢ ᠬᠠᠮᠤᠷᠬᠤ ᠨᠠᠷᠢᠯᠢᠭ ᠣᠨᠤᠴᠢᠲᠠᠢ ᠪᠠᠷ ᠪᠠᠶᠢᠴᠠᠭᠠᠨ ᠵᠢᠭᠰᠠᠭᠠᠬᠤ ᠶᠢᠨ | ᠬᠠᠮᠲᠤ ᠪᠦᠷᠢᠳᠬᠡᠨ ᠳᠡᠩᠰᠡᠯᠡᠵᠦ᠂ ᠲᠠᠷᠢᠯᠭ᠎ᠠ ᠬᠢᠭᠰᠡᠨ ᠥᠬᠡᠶ ᠬᠥᠮᠦᠰ ᠲᠤ ᠤᠬᠠᠭᠤᠯᠤᠨ ᠬᠥᠲᠥᠯᠦᠨ | ᠵᠢᠯᠣᠭᠤᠳᠬᠤ ᠶᠢ ᠴᠢᠩᠭᠠᠳᠬᠠᠵᠤ᠂ ︽ᠭᠥᠯᠢᠶᠡᠨ ᠠᠪᠬᠤ ᠶᠣᠰᠣᠲᠠᠶ ᠶᠢ ᠨᠢ ᠪᠦᠬᠦᠨ ᠢ ᠭᠥᠯᠢᠶᠡᠨ ᠠᠪᠬᠤ︾ ᠶᠢ | ᠪᠡᠶᠡᠯᠡᠭᠦᠯᠬᠦ ᠬᠡᠷᠡᠭᠲᠡᠶ︔ ᠦᠨᠡᠬᠡᠷ ᠴᠡᠭᠡᠷ ᠲᠠᠢ ᠲᠠᠷᠢᠯᠭ᠎ᠠ ᠶᠢᠨ ᠬᠥᠮᠦᠰ ᠲᠤ ᠡᠪᠡᠳᠴᠢᠨ ᠤ ᠲᠡᠦᠬᠡ ᠶᠢ ᠭᠡᠷᠡᠴᠢᠯᠡᠬᠦ | ᠮᠠᠲ᠋ᠧᠷᠢᠶᠠᠯ ᠬᠠᠩᠭᠠᠭᠰᠠᠨ ᠤ ᠳᠠᠷᠠᠭ᠎ᠠ ᠰᠢᠶᠠᠨ ᠤ ᠡᠮᠨᠡᠯᠭᠡ ᠶᠢᠨ ᠬᠤᠷᠢᠶ᠎ᠠ ᠠᠴᠠ ᠬᠢᠨᠠᠨ ᠪᠠᠶᠢᠴᠠᠭᠠᠯᠲᠠ ᠬᠢᠨ᠎ᠡ᠃ | ᠭᠤᠷᠪᠠ ᠳᠤ᠂ ᠡᠯ᠎ᠡ ᠰᠢᠶᠠᠩ ᠪᠠᠯᠭᠠᠰᠤ᠂ ᠨᠡᠶᠢᠭᠡᠮ ᠲᠣᠭᠤᠷᠢᠭ ︵ᠲᠣᠰᠬᠤᠨ︶ ᠠᠴᠠ ᠳᠣᠯᠣᠳᠤᠭᠠᠷ ᠤᠳᠠᠭᠠᠨ ᠤ | ᠨᠡᠶᠢᠳᠡᠮ ᠪᠠᠶᠢᠴᠠᠭᠠᠯᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠰᠢᠶᠠᠨ ᠤ ᠭᠠᠳᠠᠨ᠎ᠠ ᠲᠠᠷᠢᠯᠭ᠎ᠠ ᠬᠢᠵᠦ ᠪᠠᠶᠢᠭ᠎ᠠ | ᠬᠥᠮᠦᠰ ᠲᠤ ᠰᠢᠨ᠎ᠡ ᠲᠠᠷᠢᠯᠭ᠎ᠠ ᠶᠢᠨ ᠭᠡᠷᠡᠴᠢ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠯᠡᠵᠦ ᠦᠯᠡᠳᠡᠭᠡᠨ | ᠬᠠᠳᠠᠭᠠᠯᠠᠬᠤ ᠶᠢᠨ ᠬᠠᠮᠲᠤ᠂ ᠡᠯ᠎ᠡ ᠰᠢᠶᠠᠩ ᠪᠠᠯᠭᠠᠰᠤ ᠠᠴᠠ ᠬᠥᠮᠦᠨ ᠤ ᠲᠤᠭ᠎ᠠ ᠶᠢ ᠨᠢᠭᠡᠳᠦᠯᠲᠡᠶ ᠬᠤᠷᠢᠶᠠᠩᠭᠤᠶᠢᠯᠠᠵᠤ | ᠂ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠳᠤ ᠮᠡᠳᠡᠭᠦᠯᠬᠦ ᠬᠡᠷᠡᠭᠲᠡᠶ᠃ | ᠬᠠᠷᠢᠭᠤᠴᠠᠯᠭᠠᠲᠤ ᠤᠳᠤᠷᠢᠳᠤᠯᠭ᠎ᠠ᠄ ᠵᠠᠩ ᠢᠦᠶ ᠵᠢᠤᠸᠠᠨ ᠰᠢᠶᠠᠨ ᠤ ᠳᠡᠳ᠋ ᠳᠠᠷᠤᠭ᠎ᠠ | ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 9 ᠳ᠋ᠦᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠳᠠᠭᠤᠰᠬᠠᠨ᠎ᠠ | ︵ᠲᠠᠪᠤ︶ ᠳ᠋ᠠ ᠰᠢ ᠪᠧᠢ ᠴᠢᠯᠤᠭᠡᠲᠤ ᠳᠡᠯᠭᠡᠭᠦᠷ ᠤᠨ ᠳᠤᠯᠠᠭᠠᠨ ᠤ ᠬᠡᠮᠵᠢᠯᠲᠡ ᠶᠢᠨ ᠳᠡᠩᠰᠡᠯᠡᠯᠲᠡ ᠶᠢᠨ ᠺᠣᠳ᠋ | ᠰᠢᠷᠪᠢᠵᠦ ᠪᠠᠶᠢᠴᠠᠭᠠᠬᠤ ᠴᠢᠭ ᠤᠨ ᠲᠣᠬᠢᠷᠠᠭᠤᠯᠤᠯᠲᠠ ᠨᠢ ᠵᠢᠷᠤᠮᠵᠢᠯ ᠥᠬᠡᠶ᠃ | ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠳ᠋ᠠ ᠰᠢ ᠪᠧᠢ ᠴᠢᠯᠤᠭᠡᠲᠤ ᠳᠡᠯᠭᠡᠭᠦᠷ ᠤᠨ ᠳᠤᠯᠠᠭᠠᠨ ᠬᠡᠮᠵᠢᠬᠦ | ᠳᠡᠩᠰᠡᠯᠡᠯᠲᠡ ᠶᠢᠨ ᠺᠣᠳ᠋ ᠰᠢᠷᠪᠢᠵᠦ ᠪᠠᠶᠢᠴᠠᠭᠠᠬᠤ ᠴᠡᠭ ᠢ ᠬᠡᠲᠦ ᠳᠡᠯᠭᠡᠭᠦᠷ ᠤᠨ ᠣᠷᠣᠬᠤ ᠡᠭᠦᠳᠡᠨ ᠤ ᠭᠠᠳᠠᠨ᠎ᠠ | ᠪᠠᠶᠢᠷᠢᠯᠠᠭᠤᠯᠬᠤ ᠶᠢ ᠵᠠᠷᠯᠢᠭᠳᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠣᠶᠣᠯ ᠵᠢᠭᠤᠯᠴᠢᠯᠠᠯ ᠤᠨ ᠲᠣᠪᠴᠢᠶ᠎ᠠ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠳᠠᠷᠦ᠋ᠢᠬᠠᠨ ᠡᠯ᠎ᠡ ᠲᠣᠮᠣ | ᠬᠡᠲᠦ ᠳᠡᠯᠭᠡᠭᠦᠷ᠂ ᠡᠮ ᠤᠨ ᠳᠡᠯᠭᠡᠭᠦᠷ᠂ ᠡᠭᠦᠳᠡᠨ ᠡᠮᠨᠡᠯᠭᠡ᠂ ᠢᠳᠡᠭᠡᠨ ᠤᠮᠳᠠᠭᠠᠨ ᠤ ᠠᠵᠢᠯ ᠲᠥᠷᠥᠯ᠂ KTV᠂ | ᠰᠦᠯᠵᠢᠶᠡᠨ ᠤ ᠪᠠᠭᠠᠷ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠨ᠎ᠠ᠃ | ᠬᠠᠷᠢᠭᠤᠴᠠᠯᠭᠠᠲᠤ ᠤᠳᠤᠷᠢᠳᠤᠯᠭ᠎ᠠ᠄ ᠡᠦ ᠴᠢᠯᠠᠭᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠢᠶᠠᠨ ᠤ ᠳᠡᠳ᠋ ᠳᠠᠷᠤᠭ᠎ᠠ | ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠣᠶᠣᠯ ᠵᠢᠭᠤᠯᠴᠢᠯᠠᠯ ᠤᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ | ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ | ︵ᠵᠢᠷᠭᠤᠭ᠎ᠠ︶ ᠭᠠᠯᠲᠤ ᠲᠡᠷᠭᠡᠨ ᠥᠷᠲᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠣᠷᠣᠯᠴᠠᠬᠤ ᠠᠵᠢᠯᠳᠠᠨ ᠨᠡᠯᠢᠶᠡᠳ ᠴᠥᠭᠡᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠢᠶᠠᠷ ᠬᠦᠷᠦᠯᠴᠡᠬᠦ ᠥᠭᠡᠢ᠃ | ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠢ ᠨᠡᠮᠡᠨ | ᠲᠣᠬᠢᠷᠠᠭᠤᠯᠵᠤ᠂ ᠭᠠᠯᠲᠤ ᠲᠡᠷᠭᠡᠨ ᠥᠷᠲᠡᠭᠡ ᠲᠠᠢ ᠵᠣᠬᠢᠴᠠᠭᠤᠯᠤᠨ ᠬᠠᠮᠵᠢᠯᠴᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ 24 ᠴᠠᠭ ᠤᠨ ᠵᠢᠵᠢᠭᠦᠷᠯᠡᠨ ᠰᠠᠬᠢᠬᠤ ᠲᠦᠷᠢᠮ ᠢ ᠬᠡᠷᠡᠭᠵᠢᠭᠦᠯᠵᠦ᠂ ᠠᠶᠠᠨᠴᠢᠳ ᠤᠨ ᠨᠣᠮᠧᠷ | ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠶᠢ ᠴᠢᠩᠭ᠎ᠠ ᠰᠢᠪᠠᠳᠠᠬᠤ ᠬᠡᠷᠡᠭᠲᠡᠶ᠃ | ᠬᠠᠷᠢᠭᠤᠴᠠᠯᠭᠠᠲᠤ ᠤᠳᠤᠷᠢᠳᠤᠯᠭ᠎ᠠ᠄ ᠯᠢᠦ ᠰᠢᠶᠠᠩ ᠶᠠᠩ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠳᠠᠷᠤᠭ᠎ᠠ | ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠭᠠᠯᠲᠤ ᠲᠡᠷᠭᠡᠨ ᠤ ᠥᠷᠲᠡᠭᠡ | ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ | ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ | ︵ᠳᠣᠯᠤᠭ᠎ᠠ︶ ᠮᠡᠳᠡᠭᠦᠯᠬᠦ ᠥᠬᠡᠶ᠂ ᠡᠳᠦᠷ ᠤᠨ ᠮᠡᠳᠡᠭᠦᠯᠦᠯᠲᠡ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠤᠨ᠂ ᠡᠳᠦᠷ ᠪᠦᠷᠢ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠬᠤᠷᠢᠶᠠᠩᠭᠤᠶᠢᠯᠠᠵᠤ᠂ ᠥᠰᠥᠭ ᠪᠢᠴᠢᠭ ᠤᠨ ᠮᠠᠲ᠋ᠧᠷᠢᠶᠠᠯ ᠢ | ᠪᠦᠷᠢᠯᠳᠦᠭᠦᠯᠦᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ᠎ᠡ᠃ | ᠬᠠᠷᠢᠭᠤᠴᠠᠯᠭᠠᠲᠤ ᠤᠳᠤᠷᠢᠳᠤᠯᠭ᠎ᠠ᠄ ᠵᠠᠩ ᠢᠦᠶ ᠵᠢᠤᠸᠠᠨ ᠰᠢᠶᠠᠨ ᠤ ᠳᠡᠳ᠋ ᠳᠠᠷᠤᠭ᠎ᠠ | ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠨᠢᠭᠡᠴᠡ | ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ | ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ | ︵ᠨᠠᠢᠮᠠ︶ ᠵᠣᠬᠢᠶᠠᠨ ᠪᠠᠶᠢᠭᠤᠯᠤᠯᠲᠠ ᠶᠢᠨ ᠰᠣᠷᠢᠯᠲᠠ ᠶᠢ ᠪᠣᠳᠠᠲᠠᠶᠢᠵᠢᠭᠤᠯᠤᠭᠰᠠᠨ ᠥᠬᠡᠶ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠶᠠᠷ ᠲᠦᠷᠦᠭᠦᠯᠡᠭᠦᠯᠦᠨ᠂ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ | ᠨᠢᠭᠡᠴᠡ ᠨᠦᠭᠦᠳ ᠬᠠᠮᠵᠢᠯᠴᠠᠵᠤ᠂ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ ᠪᠠᠶᠢᠭᠠᠳ ᠰᠢᠨ᠎ᠡ ᠺᠣᠷᠤᠨᠠ | ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠰᠣᠷᠢᠯᠲᠠ ᠶᠢ ᠥᠷᠨᠢᠭᠦᠯᠵᠦ᠂ | ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠤᠳᠤᠷᠢᠳᠤᠯᠭ᠎ᠠ᠄ ᠵᠠᠩ ᠢᠦᠶ ᠵᠢᠤᠸᠠᠨ ᠰᠢᠶᠠᠨ ᠤ ᠳᠡᠳ᠋ ᠳᠠᠷᠤᠭ᠎ᠠ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ | ᠰᠡᠷᠭᠡᠶᠢᠯᠡᠨ ᠡᠵᠡᠮᠳᠡᠬᠦᠦ ᠲᠥᠪ᠂ ᠡᠯ᠎ᠡ ᠬᠠᠮᠢᠶ᠎ᠠ ᠪᠥᠬᠦᠶ ᠨᠢᠭᠡᠴᠡ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 8 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ | ᠳᠠᠭᠤᠰᠬᠠᠨ᠎ᠠ | ᠭᠤᠷᠪᠠ᠂ ᠪᠣᠳᠠᠲᠠᠶ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠰᠢᠶᠠᠩ ᠪᠠᠯᠭᠠᠰᠤ᠂ ᠡᠯ᠎ᠡ | ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠰᠢᠢᠳᠪᠤᠷᠢᠲᠤ | ᠪᠣᠳᠣᠯᠭ᠎ᠠ ᠶᠢᠨ ᠪᠠᠶᠢᠷᠢᠯᠠᠭᠤᠯᠤᠯᠲᠠ ᠨᠢ᠂ ᠡᠯ᠎ᠡ ᠱᠠᠲᠤᠨ ᠤ ᠡᠯ᠎ᠡ ᠲᠥᠷᠥᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠬᠤᠷᠢᠶᠠᠩᠭᠤᠶᠢᠯᠠᠨ ᠡᠮᠬᠢᠯᠡᠵᠦ᠂ ᠵᠠᠳᠠᠯᠤᠨ ᠰᠤᠳᠤᠯᠵᠤ ᠮᠠᠭᠠᠳᠯᠠᠨ᠂ ᠠᠷᠭ᠎ᠠ ᠵᠠᠮ ᠢ ᠲᠣᠳᠣᠷᠬᠠᠶᠢᠯᠠᠵᠤ᠂ | ᠭᠤᠤᠯᠳᠠᠯᠭ᠎ᠠ ᠶᠢ ᠳᠣᠪᠤᠶᠢᠯᠭᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠪᠠᠨ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠱᠠᠲᠤᠨ ᠠᠴᠠ ᠨᠢᠭᠡᠳᠦᠯᠲᠡᠶ ᠲᠥᠯᠥᠪᠯᠡᠬᠦ᠂ | ᠰᠠᠯᠠᠭ᠎ᠠ ᠮᠥᠴᠢᠷ ᠰᠢᠶᠠᠩ ᠪᠠᠯᠭᠠᠰᠤ ᠲᠣᠰᠬᠤᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ | ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃ ᠪᠦᠬᠦ ᠲᠠᠯ᠎ᠠ ᠳᠤ ᠵᠣᠭᠰᠣᠵᠤ᠂ ᠡᠴᠦᠰ ᠲᠤᠨᠢ ᠲᠤᠯᠲᠠᠯ᠎ᠠ ᠬᠢᠴᠢᠶᠡᠵᠦ᠂ | ᠴᠢᠩᠭ᠎ᠠ ᠰᠡᠷᠭᠡᠶᠢᠯᠡᠨ ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ | ︵ᠭᠤᠷᠪᠠ︶ ᠴᠢᠩᠭ᠎ᠠ ᠪᠥᠭᠡᠳ ᠪᠣᠳᠠᠲᠠᠶ ᠪᠠᠷ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ | ᠰᠠᠶᠢᠵᠢᠷᠠᠭᠤᠯᠬᠤ ᠳᠤ ᠬᠦᠴᠦᠨ ᠥᠬᠡᠶ ᠪᠠᠶᠢᠬᠤ ᠪᠣᠯ ᠬᠠᠷᠢᠭᠤᠴᠠᠯᠭ᠎ᠠ ᠪᠠᠨ ᠠᠯᠳᠠᠭᠰᠠᠨ ᠶᠠᠪᠤᠳᠠᠯ ᠮᠥᠨ᠂ ᠴᠡᠭᠴᠡᠯᠡᠨ | ᠰᠠᠶᠢᠵᠢᠷᠠᠭᠤᠯᠬᠤ ᠶᠢ ᠠᠳᠬᠤᠬᠤ ᠥᠬᠡᠶ ᠪᠠᠶᠢᠬᠤ ᠪᠣᠯ ᠲᠤᠰᠢᠶᠠᠯ ᠢᠶᠠᠨ ᠭᠤᠲᠤᠭᠠᠭᠰᠠᠨ ᠶᠠᠪᠤᠳᠠᠯ ᠮᠥᠨ ᠭᠡᠬᠦ | ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠱᠠᠲᠤᠨ ᠳᠤ ᠡᠳᠦᠷ ᠲᠤ | ᠳᠣᠭᠢᠷᠠᠭᠤᠯᠬᠤ᠂ ᠭᠠᠷᠠᠭ ᠲᠤ ᠵᠠᠷᠯᠠᠨ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ | ᠴᠢᠨᠠᠷ ᠰᠠᠶᠢᠲᠠᠶ ᠪᠥᠭᠡᠳ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠳᠥᠷᠪᠡ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠨ᠎ᠠ᠃ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠬᠢᠨᠠᠨ ᠵᠢᠯᠣᠭᠤᠳᠬᠤ ᠳᠤᠭᠤᠶᠢᠯᠠᠩ ᠨᠢ ᠴᠡᠭᠴᠡᠯᠡᠨ ᠰᠠᠶᠢᠵᠢᠷᠠᠭᠤᠯᠬᠤ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠠᠬᠢᠴᠠ ᠤᠳᠠᠭᠠᠨ ᠪᠠᠶᠢᠬᠤ ᠶᠢ ᠨᠢ ᠴᠠᠭ ᠲᠤᠬᠠᠶ ᠳᠤᠨᠢ ᠰᠢᠮᠳᠠᠭᠤᠯᠤᠨ ᠰᠢᠢᠳᠪᠤᠷᠢᠯᠡᠭᠦᠯᠵᠦ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠦᠷ᠎ᠡ ᠪᠦᠲᠦᠮᠵᠢ ᠨᠢ | ᠢᠯᠡᠷᠬᠡᠶ ᠪᠤᠰᠤ ᠪᠠᠶᠢᠬᠤ ᠶᠢ ᠨᠢ ᠰᠢᠮᠳᠠᠭᠤᠯᠵᠤ ᠪᠠᠶᠢᠭᠠᠳ ︽ᠨᠥᠬᠦᠪᠥᠷᠢᠯᠡᠬᠦ︾ ︽ᠳᠠᠭᠢᠵᠤ ᠠᠵᠢᠯᠯᠠᠭᠤᠯᠬᠤ︾ | ᠪᠣᠯᠭᠠᠵᠤ᠂ ᠪᠠᠷᠢᠮᠵᠢᠶ᠎ᠠ ᠶᠢ ᠳᠡᠭᠡᠭᠰᠢᠯᠡᠭᠦᠯᠦᠨ᠂ ᠴᠢᠩᠭ᠎ᠠ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ |