ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠤᠯᠤᠰ ᠤᠨ ᠬᠤᠯᠪᠣᠭᠠᠲᠤ | ᠪᠠᠶᠢᠭᠤᠯᠣᠯᠭ᠎ᠠ ᠶᠢᠨ ᠬᠡᠤᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠨᠡᠶᠢᠲᠡᠯᠡᠭᠰᠡᠨ ︽ᠳᠡᠯᠡᠬᠡᠶ ᠶᠢᠨ | ᠬᠡᠤᠬᠡᠳ ᠤᠨ ᠬᠤᠤᠷᠳᠤᠯ ᠭᠡᠮᠲᠦᠯ ᠢ ᠰᠡᠷᠭᠡᠶᠢᠯᠡᠬᠦ ᠮᠡᠳᠡᠭᠦᠯᠦᠯᠲᠡ︾ ᠠᠴᠠ ᠦᠵᠡᠪᠡᠯ᠂ ᠪᠦᠬᠦ ᠪᠥᠮᠪᠥᠷᠴᠡᠭ ᠲᠤ | ᠡᠳᠦᠷ ᠪᠦᠷᠢ ᠪᠠᠷᠤᠭ 480 ᠬᠡᠦᠬᠡᠳ ᠤᠰᠤᠨ ᠳᠤ ᠵᠢᠪᠴᠦ ᠦᠬᠦᠵᠣ ᠪᠠᠶᠢᠭ᠎ᠠ ᠠᠵᠠᠢ᠃ ᠡᠶᠢᠮᠤ ᠠᠴᠠ ᠣᠰᠣᠨ ᠳᠤ | ᠵᠢᠪᠬᠦ ᠠᠴᠠ ᠰᠡᠷᠬᠡᠶᠢᠯᠡᠬᠦ ᠲᠣᠣᠷᠠᠬᠢ ᠮᠡᠳᠡᠯᠭᠡ ᠶᠢ ᠡᠷᠬᠡᠪᠰᠢ ᠬᠡᠦᠬᠡᠳ ᠲᠡᠭᠡᠨ ᠮᠡᠳᠡᠭᠦᠯᠬᠦ ᠬᠡᠷᠡᠭᠲᠡᠢ᠃ 12 ᠮᠢᠨᠦ᠋ᠲ | ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠡᠭᠡᠵᠢᠩ ᠤᠨ ᠬᠡᠤᠬᠡᠳ ᠤᠨ ᠡᠮᠨᠡᠯᠭᠡ ᠶᠢᠨ | ᠬᠤᠷᠢᠶᠠᠨ ᠤ ᠱᠦᠨ ᠢ ᠡᠮᠡᠭᠲᠡᠶᠢᠴᠤᠳ ᠬᠡᠤᠬᠡᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠭᠠᠳᠠᠷ | ᠰᠠᠯᠠᠭᠠᠨ ᠤ ᠭᠤᠤᠯ ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠬᠥᠮᠦᠨ ᠤᠰᠤᠨ ᠳᠤ ᠵᠢᠪᠪᠦᠭᠰᠡᠨ ᠤ ᠳᠠᠷᠠᠭ᠎ᠠ | ᠶᠡᠭᠡ ᠬᠡᠮᠵᠢᠶᠡᠨ ᠤ ᠤᠰᠤ ᠪᠢᠳᠡᠨ ᠤ ᠠᠮᠢᠰᠬᠤᠯ ᠤᠨ ᠵᠠᠮ ᠢ ᠬᠦᠨᠳᠦ ᠨᠣᠴᠢᠲᠠᠢ ᠪᠦᠭᠯᠡᠵᠥ᠂ ᠠᠭᠤᠰᠬᠢᠨ ᠤ | ᠬᠦᠴᠢᠯᠲᠥ᠋ᠷᠥᠭᠴᠢ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠶᠢᠨ ᠰᠣᠯᠢᠯᠴᠠᠭ᠎ᠠ ᠳᠤ | ᠬᠠᠷᠰᠢ ᠰᠠᠭᠠᠳ ᠤᠴᠠᠷᠠᠭᠤᠯᠵᠦ ᠠᠮᠢᠰᠬᠤᠯ ᠪᠥᠭᠯᠡᠷᠡᠳᠡᠭ︔ ᠡᠭᠦᠨ ᠠᠴᠠ ᠭᠠᠳᠠᠨ᠎ᠠ᠂ ᠶᠡᠭᠡ ᠬᠡᠮᠵᠢᠶᠡᠨ ᠤ ᠤᠰᠤ ᠪᠠ | ᠪᠣᠰᠣᠳ ᠪᠣᠳᠠᠰ ᠬᠥᠮᠦᠨ ᠤ ᠬᠤᠭᠤᠯᠠᠶ ᠳᠤ ᠣᠷᠣᠬᠤ ᠦᠶᠡᠰ ᠲᠥᠪᠣᠩᠬᠡᠶ ᠳᠤ ᠰᠡᠳᠦᠯᠲᠡ ᠥᠭᠴᠦ ᠵᠠᠩᠭᠢᠷᠠᠬᠤ | ᠴᠢᠨᠠᠭᠰᠢᠯᠠᠪᠠᠯ ᠵᠢᠷᠦᠬᠡᠨ ᠤ ᠯᠤᠭᠰᠢᠯᠲᠠ ᠶᠢ ᠵᠣᠭᠰᠣᠭᠠᠳᠠᠭ᠃ ᠡᠨᠡ ᠬᠤᠶᠠᠷ ᠪᠠᠶᠢᠳᠠᠯ ᠨᠢ ᠴᠥᠮ ᠬᠥᠮᠦᠨ ᠢ | ᠦᠬᠦᠭᠦᠯᠳᠡᠭ ᠶᠤᠮ᠃ ᠶᠡᠷᠦ ᠳᠡᠭᠡᠨ ᠬᠦᠮᠣᠨ ᠤ ᠪᠡᠶ᠎ᠡ ᠮᠠᠬᠠᠪᠣᠳ 4 ᠮᠢᠨᠦ᠋ᠲ ᠠᠴᠠ 6 ᠮᠢᠨᠦ᠋ᠲ ᠬᠦᠴᠢᠯᠲᠥ᠋ᠷᠥᠭᠴᠢ | ᠳᠤᠲᠠᠪᠠᠯ ᠲᠠᠷᠢᠬᠢᠨ ᠤ ᠮᠡᠳᠡᠷᠡᠯ ᠤᠨ ᠡᠰ ᠲᠤ ᠡᠪᠡᠳᠴᠢᠨ ᠤ ᠬᠤᠪᠢᠷᠠᠯᠲᠠ ᠡᠬᠦᠰᠴᠣ᠂ 12 ᠮᠢᠨᠦ᠋ᠲ | ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ ᠪᠠᠶᠢᠳᠠᠭ᠃ ᠤᠰᠤᠨ ᠳᠤ ᠤᠨᠠᠪᠠᠯ | ᠥᠪᠡᠷ ᠢ ᠪᠠᠨ ᠢᠩᠭᠢᠵᠦ ᠠᠪᠤᠷᠠᠭᠠᠷᠠᠶ ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠤᠰᠤᠨ ᠤ ᠠᠶᠤᠯᠲᠠᠶ | ᠣᠷᠣᠨ ᠢ ᠬᠡᠷᠬᠢᠨ ᠢᠯᠭᠠᠨ ᠲᠠᠨᠢᠬᠤ ᠶᠢ ᠪᠢᠳᠡ ᠬᠡᠤᠬᠡᠳ ᠲᠤ ᠵᠢᠭᠠᠵᠤ ᠥᠭᠬᠦ ᠬᠡᠷᠡᠭᠲᠡᠶ᠃ ᠵᠢᠩᠬᠢᠨᠢ ᠤᠮᠪᠠᠯᠲᠠ ᠶᠢᠨ | ᠭᠠᠵᠠᠷ ︵ᠠᠮᠤᠷ ᠢ ᠬᠠᠮᠠᠭᠠᠯᠠᠭᠴᠢ ᠪᠠ ᠤᠰᠤᠨ ᠤ ᠭᠦᠨ ᠭᠦᠢᠬᠡᠨ ᠤ ᠢᠯᠡᠷᠬᠡᠶᠢᠯᠡᠭᠴᠢ ᠪᠠᠶᠢᠬᠤ ᠬᠡᠷᠡᠭᠲᠡᠢ︶ ᠠᠴᠠ | ᠪᠤᠰᠤᠳ ᠠᠮᠤᠷ ᠢ ᠬᠠᠮᠠᠭᠠᠯᠠᠬᠤ ᠬᠦᠮᠣᠨ ᠪᠠᠶᠢᠬᠤ ᠦᠬᠡᠢ ᠪᠠ ᠠᠮᠤᠷ ᠲᠦᠪᠰᠢᠨ ᠤ ᠲᠥᠬᠦᠭᠡᠷᠦᠮᠵᠢ ᠦᠬᠡᠢ ᠪᠠᠶᠢᠳᠠᠯ | ᠳᠣᠣᠷ᠎ᠠ ᠴᠥᠭᠦᠷᠥᠮ᠂ ᠭᠤᠣᠯ ᠮᠥᠷᠡᠨ᠂ ᠳᠠᠯᠠᠢ ᠶᠢᠨ ᠤᠰᠤᠨ ᠳᠤ ᠣᠴᠢᠵᠤ ᠤᠰᠤ ᠨᠠᠭᠠᠳᠴᠤ ᠪᠣᠯᠬᠤ ᠦᠬᠡᠢ᠃ | ᠴᠢᠨᠠᠭᠰᠢᠯᠠᠪᠠᠯ ᠭᠡᠷ ᠤᠨ ᠪᠡᠶ᠎ᠡ ᠤᠬᠢᠶᠠᠬᠤ ᠰᠠᠪᠠ ᠨᠢ ᠬᠦᠷᠲᠡᠯ᠎ᠡ ᠤᠰᠤᠨ ᠳᠤ ᠵᠢᠪᠬᠦ ᠠᠶᠤᠯ ᠲᠠᠢ ᠭᠡᠳᠡᠭ ᠢ | ᠬᠡᠤᠬᠡᠳ ᠲᠡᠭᠡᠨ ᠬᠡᠯᠡᠵᠦ ᠦᠭᠬᠦ ᠬᠡᠷᠡᠭᠲᠡᠢ ᠭᠡᠪᠡ᠃ ᠡᠭᠦᠨ ᠤ ᠬᠠᠮᠲᠤ᠂ ᠬᠡᠦᠬᠡᠳ ᠲᠤ ᠵᠥᠪ ᠣᠨᠣᠪᠴᠢᠲᠠᠢ | ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠭᠦᠯᠬᠦ ᠬᠡᠷᠡᠭᠲᠡᠢ᠃ ᠵᠢᠱᠢᠶᠡᠯᠡᠪᠡᠯ᠂ ᠤᠰᠤᠨ ᠳᠤ ᠤᠮᠪᠠᠭ᠋ᠤ ᠦᠶ᠎ᠡ ᠳᠤ | ᠬᠦᠯ ᠤᠨ ᠪᠤᠯᠴᠢᠩ ᠤᠨ ᠰᠢᠷᠪᠥᠰᠥ ᠲᠠᠲᠠᠬᠤ ᠪᠠᠶᠢᠳᠠᠯ ᠭᠠᠷᠳᠠᠭ᠃ ᠡᠨᠡ ᠦᠶ᠎ᠡ ᠳᠤ ᠰᠢᠷᠪᠥᠰᠥ ᠲᠠᠲᠠᠭᠰᠠᠨ ᠬᠥᠯ ᠤᠨ | ᠬᠤᠷᠤᠭᠤ ᠶᠢ ᠭᠠᠷ ᠢᠶᠠᠷ ᠢᠶᠠᠨ ᠠᠳᠬᠤᠵᠤ᠂ ᠳᠡᠭᠡᠭᠰᠢ ᠲᠠᠲᠠᠬᠤ ᠶᠢᠨ ᠬᠠᠮᠲᠤ ᠰᠢᠷᠪᠥᠰᠥ ᠲᠠᠲᠠᠭᠰᠠᠨ ᠬᠥᠯ ᠢᠶᠠᠨ | ᠰᠤᠩᠭᠠᠵᠤ ᠪᠣᠯᠤᠨ᠎ᠠ᠃ ᠨᠥᠭᠦᠭᠡ ᠭᠠᠷ ᠢᠶᠠᠷ ᠢᠶᠠᠨ ᠤᠰᠤ ᠰᠡᠯᠢᠵᠦ᠂ ᠬᠥᠯ ᠢᠶᠠᠷ ᠢᠶᠠᠨ ᠤᠰᠤ ᠭᠢᠰᠬᠢᠵᠦ᠂ ᠪᠡᠶ᠎ᠡ ᠪᠠᠨ | ᠬᠦᠪᠪᠤᠭᠦᠯᠦᠨ᠎ᠡ᠃ ᠡᠭᠦᠨ ᠠᠴᠠ ᠭᠠᠳᠠᠨ᠎ᠠ᠂ ᠤᠮᠪᠠᠵᠤ ᠴᠢᠳᠠᠬᠤ ᠦᠭᠡᠢ ᠬᠥᠮᠦᠨ ᠵᠣᠯ ᠪᠤᠰᠤ ᠪᠠᠷ ᠤᠰᠤᠨ ᠳᠤ | ᠣᠨᠠᠪᠠᠯ᠂ ᠡᠩ ᠲᠡᠷᠢᠭᠦᠨ ᠳᠤ ᠯᠠᠪᠳᠠᠭᠤᠨ ᠲᠣᠭᠲᠠᠭᠤᠨ ᠪᠠᠶᠢᠵᠤ᠂ ᠪᠡᠶ᠎ᠡ ᠪᠠᠨ ᠳᠡᠭᠡᠭᠰᠢ ᠬᠠᠨᠳᠣᠭᠤᠯᠣᠨ᠂ | ᠲᠣᠯᠣᠭᠠᠢ ᠪᠠᠨ ᠠᠷᠤᠨᠰᠢ ᠪᠠᠨ ᠬᠡᠳᠦ᠋ᠢᠵᠦ᠂ ᠠᠮᠠ ᠬᠠᠮᠠᠷ ᠢᠶᠠᠨ ᠠᠯᠢ ᠴᠢᠳᠠᠬᠤ ᠪᠠᠷ ᠤᠰᠤᠨ ᠳᠡᠭᠡᠷ᠎ᠡ ᠭᠠᠷᠭᠠᠵᠤ᠂ | ᠴᠢᠳᠠᠬᠤ ᠶᠢᠨ ᠬᠢᠷᠢ ᠪᠠᠷ ᠪᠡᠶ᠎ᠡ ᠪᠠᠨ ᠣᠰᠣᠨ ᠳᠤ ᠵᠢᠪᠪᠦᠭᠦᠯᠬᠦ ᠦᠭᠡᠢ ᠪᠠᠶᠢᠵᠣ᠂ ᠪᠡᠶ᠎ᠡ ᠲᠡᠭᠡᠷᠡᠬᠢ ᠬᠦᠨᠳᠦ | ᠶᠠᠭᠤᠮ᠎ᠠ ᠪᠠᠨ ᠲᠠᠶᠠᠭᠳᠠᠨ᠂ ᠭᠠᠷ ᠢᠶᠠᠨ ᠤᠰᠤᠨ ᠲᠣᠳᠣᠷ᠎ᠠ ᠪᠠᠶᠢᠯᠭᠠᠬᠤ ᠬᠡᠷᠡᠭᠲᠡᠢ᠂ ᠳᠡᠭᠡᠭᠰᠢ ᠡᠷᠭᠦᠵᠦ ᠪᠣᠯᠬᠤ | ᠦᠭᠡᠢ᠂ ᠬᠡᠲᠦᠷᠬᠡᠶ ᠲᠡᠯᠴᠢᠯᠡᠬᠦ ᠠᠴᠠ ᠵᠠᠶᠢᠯᠠᠰᠬᠢᠵᠦ᠂ ᠠᠪᠤᠷᠠᠨ ᠲᠤᠰᠠᠯᠠᠬᠤ ᠶᠢ ᠬᠦᠯᠢᠶᠡᠨ᠎ᠡ᠃ ᠤᠰᠤᠨ ᠳᠤ | ᠵᠢᠪᠪᠦᠭᠰᠡᠨ ᠬᠦᠮᠣᠨ ᠢ ᠠᠪᠤᠷᠠᠨ ᠲᠤᠰᠠᠯᠠᠬᠤ ᠳᠠᠭᠠᠨ ᠪᠣᠯᠭᠤᠮᠵᠢᠲᠠᠶ ᠪᠠᠶᠢᠬᠤ ᠬᠡᠷᠡᠭᠲᠡᠶ ᠬᠡᠷᠪᠡ ᠬᠠᠵᠠᠭᠤ ᠳᠤ ᠴᠢᠨᠢ | ᠬᠡᠦᠬᠡᠳ ᠤᠰᠤᠨ ᠳᠤ ᠤᠨᠠᠪᠠᠯ ᠬᠡᠷᠬᠢᠨ ᠵᠥᠪ ᠠᠪᠤᠷᠠᠯᠲᠠ ᠬᠢᠬᠦ ᠪᠤᠢ︖ ᠡᠮᠴᠢ ᠵᠣ᠋ ᠯᠢᠨ ᠱᠧᠩ | ᠰᠠᠨᠠᠭᠤᠯᠬᠤ ᠳᠠᠭᠠᠨ᠂ ᠤᠰᠤᠨ ᠳᠤ ᠵᠢᠪᠪᠦᠭᠰᠡᠨ ᠬᠦᠮᠣᠨ ᠢ ᠠᠪᠤᠷᠠᠬᠤ ᠳᠠᠭᠠᠨ ᠴᠢᠳᠠᠯ ᠤᠨ ᠬᠢᠷᠢ ᠪᠠᠷ ᠢᠶᠠᠨ ᠠᠪᠤᠷᠠᠬᠤ | ᠬᠡᠷᠡᠭᠲᠡᠢ᠂ ᠰᠣᠬᠤᠷ ᠪᠠᠯᠠᠶ ᠪᠠᠷ ᠣᠰᠣᠨ ᠳᠤ ᠤᠷᠤᠵᠦ ᠠᠪᠤᠷᠠᠨ ᠲᠣᠰᠠᠯᠠᠵᠣ ᠪᠣᠯᠬᠤ ᠦᠭᠡᠢ᠃ ᠠᠪᠤᠷᠠᠭᠴᠢ ᠨᠢ ᠨᠠᠩ | ᠣᠯᠠᠨ ᠬᠥᠮᠦᠨ ᠢ ᠳᠠᠭᠤᠳᠠᠨ ᠢᠷᠡᠭᠦᠯᠵᠦ᠂ ᠠᠪᠤᠷᠠᠨ ᠲᠤᠰᠠᠯᠠᠬᠤ ᠠᠵᠢᠯ ᠳᠤ ᠬᠠᠮᠵᠢᠭᠤᠯᠬᠤ ᠬᠡᠷᠡᠭᠲᠡᠶ᠂ ᠡᠭᠦᠨ ᠤ | ᠬᠠᠮᠲᠤ ᠤᠰᠤᠨ ᠤ ᠬᠦᠪᠡᠭᠡᠨ ᠳᠡᠭᠡᠷ᠎ᠡ ᠠᠴᠠ ᠳᠡᠭᠡᠰᠦ᠂ ᠤᠷᠲᠤ ᠬᠤᠯᠤᠰᠤ᠂ ᠮᠣᠳᠣᠨ ᠬᠠᠪᠲᠠᠰᠤ ᠵᠡᠷᠭᠡ ᠪᠠᠷ | ᠤᠰᠤᠨ ᠳᠤ ᠵᠢᠪᠪᠦᠭᠰᠡᠨ ᠬᠦᠮᠣᠨ ᠢ ᠲᠠᠳᠠᠵᠣ ᠬᠦᠪᠡᠭᠡᠨ ᠳᠡᠭᠡᠷ᠎ᠡ ᠭᠠᠷᠭᠠᠭᠠᠳ ᠠᠪᠣᠷᠠᠵᠣ ᠪᠣᠯᠣᠨ᠎ᠠ᠃ ᠬᠡᠷᠪᠡ | ᠤᠰᠤᠨ ᠳᠤ ᠵᠢᠪᠪᠦᠭᠰᠡᠨ ᠬᠥᠮᠦᠨ ᠤ ᠪᠠᠶᠢᠳᠠᠯ ᠪᠠᠴᠢᠮ ᠪᠠᠶᠢᠪᠠᠯ᠂ ᠳᠠᠷᠤᠶ ᠲᠦᠷᠭᠡᠨ 120 ᠲᠦᠷᠭᠡᠨ ᠠᠪᠤᠷᠠᠬᠤ | ᠤᠲᠠᠰᠤ ᠠᠪᠬᠤ ᠬᠡᠷᠡᠭᠲᠡᠶ᠃ ᠤᠰᠤᠨ ᠳᠤ ᠵᠢᠪᠪᠦᠭᠰᠡᠨ ᠬᠦᠮᠣᠨ ᠤ ᠣᠷᠴᠢᠨ ᠲᠣᠭᠤᠷᠢᠨ ᠠᠮᠤᠷ ᠲᠦᠪᠰᠢᠨ ᠭᠡᠰᠡᠨ ᠢ | ᠨᠤᠲᠠᠯᠠᠭᠰᠠᠨ ᠤ ᠳᠠᠷᠠᠭ᠎ᠠ ᠰᠠᠶ᠋ᠢ ᠤᠰᠤᠨ ᠳᠤ ᠣᠷᠣᠵᠤ ᠠᠪᠤᠷᠠᠨ ᠲᠣᠰᠠᠯᠠᠵᠣ ᠪᠣᠯᠣᠨ᠎ᠠ᠃ ᠠᠪᠤᠷᠠᠯᠲᠠ ᠬᠢᠭᠰᠡᠳ | ᠤᠰᠤᠨ ᠳᠤ ᠵᠢᠪᠪᠦᠭᠰᠡᠨ ᠬᠥᠮᠦᠨ ᠤ ᠠᠷᠤ ᠲᠠᠯ᠎ᠠ ᠠᠴᠠ ᠨᠢ ᠡᠷᠭᠦᠵᠦ᠂ ᠲᠣᠯᠣᠭᠠᠢ ᠶᠢ ᠨᠢ ᠲᠤᠯᠵᠤ᠂ ᠠᠮᠢᠰᠬᠤᠵᠤ | ᠴᠢᠳᠠᠬᠤ ᠶᠢ ᠪᠠᠲᠤᠯᠠᠵᠤ᠂ ᠬᠦᠪᠡᠭᠡᠨ ᠳᠡᠭᠡᠷ᠎ᠡ ᠲᠠᠲᠠᠵᠦ ᠭᠠᠷᠭᠠᠨ᠎ᠠ᠃ ᠲᠦᠷᠭᠡᠨ ᠠᠪᠤᠷᠠᠯᠲᠠ ᠶᠢᠨ ᠬᠥᠮᠦᠰ ᠬᠦᠷᠴᠦ | ᠢᠷᠡᠬᠦ ᠠᠴᠠ ᠡᠮᠦᠨ᠎ᠡ᠂ ᠤᠰᠤᠨ ᠳᠤ ᠵᠢᠪᠪᠦᠭᠰᠡᠨ ᠬᠥᠮᠦᠨ ᠢ ᠲᠡᠭᠰᠢᠬᠡᠨ ᠭᠠᠵᠠᠷ ᠳᠡᠭᠡᠷ᠎ᠡ ᠭᠡᠪᠲᠡᠭᠦᠯᠵᠦ᠂ ᠠᠮᠠᠨ ᠤ | ᠬᠥᠨᠳᠡᠶ᠂ ᠬᠠᠮᠠᠷ ᠤᠨ ᠰᠠᠮᠰᠠ ᠳᠤ ᠣᠷᠣᠭᠰᠠᠨ ᠪᠣᠳᠠᠰ ︵ᠵᠢᠱᠢᠶᠡᠯᠡᠪᠡᠯ ᠯᠠᠭ ᠰᠢᠪᠡᠷ᠂ ᠪᠤᠵᠠᠷ ᠡᠪᠡᠰᠦ ᠵᠡᠷᠭᠡ︶ ᠢ | ᠲᠦᠷᠭᠡᠨ ᠴᠡᠪᠡᠷᠯᠡᠨ ᠠᠷᠢᠯᠭᠠᠬᠤ ᠬᠡᠷᠡᠭᠲᠡᠶ᠃ ᠤᠰᠤᠨ ᠳᠤ ᠵᠢᠪᠪᠦᠭᠰᠡᠨ ᠬᠥᠮᠦᠨ ᠤ ᠲᠣᠯᠣᠭᠠᠶ ᠶᠢ ᠬᠠᠵᠠᠶᠢᠯᠭᠠᠵᠤ᠂ | ᠵᠠᠯᠬᠢᠭᠰᠠᠨ ᠤᠰᠤ ᠶᠢ ᠨᠢ ᠠᠮᠠ ᠪᠠᠷ ᠨᠢ ᠤᠷᠤᠰᠬᠠᠨ ᠭᠠᠷᠭᠠᠵᠤ᠂ ᠳᠠᠬᠢᠨ ᠲᠣᠯᠣᠭᠠᠶ ᠶᠢ ᠨᠢ ᠲᠡᠭᠡᠭᠡᠰᠢ ᠪᠠᠨ | ᠬᠠᠨᠳᠣᠭᠤᠯᠣᠨ᠎ᠠ᠃ ᠳᠠᠷᠠᠭ᠎ᠠ ᠨᠢ᠂ ᠤᠰᠤᠨ ᠳᠤ ᠵᠢᠪᠪᠦᠭᠰᠡᠨ ᠬᠥᠮᠦᠨ ᠤ ᠤᠬᠠᠭᠠᠨ ᠮᠡᠳᠡᠷᠡᠯ ᠪᠠ ᠠᠮᠢᠰᠬᠤᠭ᠎ᠠ ᠶᠢ | ᠲᠦᠷᠭᠡᠨ ᠮᠠᠭᠠᠳᠯᠠᠨ᠎ᠠ᠃ ᠬᠡᠷᠪᠡ ᠮᠡᠳᠡᠷᠡᠯ ᠦᠭᠡᠢ ᠪᠤᠶᠤ ᠠᠮᠢᠰᠬᠤᠯ ᠦᠭᠡᠢ ᠪᠣᠯ ᠳᠠᠷᠦ᠋ᠢᠬᠠᠨ ᠵᠢᠷᠦᠬᠡ ᠠᠭᠤᠰᠭᠢ ᠶᠢ | ᠰᠡᠷᠭᠦᠭᠡᠬᠦ ᠠᠪᠣᠷᠠᠯᠳᠠ ᠬᠢᠨ᠎ᠡ᠂ ᠬᠠᠷᠢᠨ ᠤᠰᠤ ᠭᠠᠷᠠᠭᠠᠬᠤ ᠶᠢ ᠶᠠᠭᠠᠷᠠᠵᠤ ᠪᠣᠯᠬᠤ ᠦᠭᠡᠢ᠂ ᠤᠴᠢᠷ ᠨᠢ ᠤᠰᠤᠨ ᠳᠤ | ᠵᠢᠪᠬᠦ ᠦᠶ᠎ᠡ ᠳᠤ ᠬᠡᠳᠦᠨ ᠮᠢᠨᠦ᠋ᠲ ᠤᠨ ᠳᠣᠲᠣᠷ᠎ᠠ ᠤᠰᠤᠨ ᠳᠤ ᠵᠢᠪᠪᠦᠭᠰᠡᠨ ᠬᠥᠮᠦᠨ ᠤ ᠲᠥᠪᠣᠩᠬᠡᠶ ᠶᠢᠨ | ᠠᠪᠴᠢᠯᠲᠠ ᠠᠴᠠ ᠪᠣᠯᠵᠣ᠂ ᠤᠰᠤ ᠨᠢ ᠬᠤᠭᠤᠯᠠᠢ ᠪᠠᠷ ᠳᠡᠮᠵᠢᠨ ᠠᠭᠤᠰᠬᠢᠨ ᠳᠤ ᠣᠷᠣᠳᠠᠭ ᠥᠬᠡᠶ᠃ ᠡᠨᠡ | ᠦᠶ᠎ᠡ ᠳᠤ ᠠᠭᠤᠰᠬᠢᠨ ᠳᠤ ᠳᠡᠮᠡᠶ ᠤᠰᠤ ᠪᠠᠶᠢᠬᠤ ᠥᠬᠡᠶ᠃ ᠤᠰᠤ ᠶᠢ ᠭᠠᠷᠠᠭᠠᠬᠤ ᠶᠠᠪᠤᠴᠠ ᠳᠤ ᠬᠤᠳᠣᠭᠤᠳᠣᠨ | ᠳᠣᠲᠣᠷᠠᠬᠢ ᠪᠣᠳᠠᠰ ᠢ ᠠᠮᠠᠷᠬᠠᠨ ᠭᠠᠳᠠᠭᠰᠢᠯᠠᠭᠤᠯᠵᠤ᠂ ᠭᠡᠳᠡᠷᠭᠡᠨ ᠠᠮᠢᠰᠬᠤᠯ ᠪᠦᠲᠡᠬᠦ ᠠᠶᠤᠯ ᠢ ᠨᠡᠮᠡᠭᠳᠡᠭᠦᠯᠳᠡᠭ᠃ | ᠪᠡᠯᠡᠳᠭᠡᠭᠰᠡᠨ ᠨᠢ᠄ ᠳᠤᠭᠤᠰ | ᠢᠷᠡᠯᠲᠡ᠄ ᠠᠷᠠᠳ ᠤᠨ ᠮᠣᠩᠭᠤᠯ ᠰᠦᠯᠵᠢᠶ᠎ᠡ | |