ᠬᠤᠸᠠᠳᠧ ᠰᠢᠶᠠᠨ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠷᠢᠮ ᠤᠬᠠᠭᠤᠯᠤᠨ ᠲᠠᠶᠢᠯᠪᠤᠷᠢᠯᠠᠬᠤ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/21
   ᠤᠢᠢᠷ᠎ᠠ ᠶᠢᠨ ᠡᠳᠦᠷ᠂ ᠬᠤᠸᠠᠳᠧ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠰᠤᠷᠭᠠᠨ ᠬᠥᠮᠦᠵᠢᠯ ᠤᠨ ᠳᠤᠪᠴᠢᠶ᠎ᠠ᠂ ᠬᠠᠤᠯᠢ ᠴᠠᠭᠠᠵᠠ ᠶᠢᠨ ᠳᠤᠪᠴᠢᠶ᠎ᠠ ᠬᠠᠮᠲᠤᠷᠠᠨ ︽ᠲᠠᠪᠤᠨ ᠰᠤᠷᠭᠠᠭᠤᠯᠢ ᠶᠢᠨ ᠬᠦᠷᠢᠶᠡᠨ ᠳᠤ ᠬᠦᠷᠴᠦ᠂ ᠬᠤᠶᠢᠴᠢ ᠦᠶ᠎ᠡ ᠪᠠᠨ ᠬᠠᠯᠠᠮᠵᠢᠯᠠᠨ ᠬᠠᠶᠢᠷᠠᠯᠠᠬᠤ︾ ᠭᠤᠣᠯ ᠰᠡᠳᠦᠪ ᠢᠶᠠᠷ ᠨᠠᠰᠤᠨ ᠳᠤ ᠦᠯᠦ ᠬᠦᠷᠦᠭᠰᠡᠳ ᠤᠨ ᠬᠠᠤᠯᠢ ᠲᠦᠷᠢᠮ ᠤᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠵᠦ᠂ ᠰᠤᠷᠤᠭᠴᠢᠳ ᠤᠨ ᠬᠠᠤᠯᠢ ᠲᠦᠷᠢᠮ ᠤᠨ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠪᠠᠶᠠᠯᠢᠭᠵᠢᠭᠤᠯᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠮᠡᠳᠡᠳᠡᠭ᠂ ᠬᠠᠤᠯᠢ ᠰᠠᠬᠢᠳᠠᠭ ᠬᠢᠷᠢ ᠲᠡᠩᠴᠡᠭᠰᠡᠨ ᠰᠤᠷᠤᠭᠴᠢ ᠪᠤᠯᠬᠤ ᠳᠤ ᠦᠢᠯᠡᠴᠢᠯᠡᠵᠡᠢ᠃    ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠢᠷᠭᠡᠨ ᠤ ᠬᠠᠤᠯᠢ ︾ ᠵᠡᠷᠭᠡ ᠮᠡᠳᠡᠯᠭᠡ ᠶᠢᠨ ᠲᠠᠶᠢᠯᠤᠮᠵᠢ ᠶᠢ ᠬᠢᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠪᠤᠳᠠᠲᠠᠢ ᠬᠡᠷᠡᠭ ᠤᠨ ᠵᠢᠱᠢᠶ᠎ᠡ ᠶᠢ ᠤᠶᠠᠯᠳᠤᠭᠤᠯᠤᠨ᠂ ᠰᠤᠷᠤᠭᠴᠢᠳ ᠲᠤ ᠥᠪᠡᠷ ᠢ ᠪᠠᠨ ᠬᠡᠷᠬᠢᠨ ᠬᠠᠮᠠᠭᠠᠯᠠᠬᠤ᠂ ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠡᠷᠬᠢᠨ ᠬᠠᠮᠠᠭᠠᠯᠠᠬᠤ ᠶᠢ ᠣᠶᠢᠯᠠᠭᠠᠭᠤᠯᠪᠠ᠃    ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠭᠦᠯᠦᠭᠰᠡᠨ ᠨᠢ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠵᠠᠯᠠᠭᠤᠴᠤᠳ ᠪᠠᠭᠠᠴᠤᠳ ᠤᠨ ᠬᠠᠤᠯᠢ ᠳᠦᠷᠢᠮ ᠰᠠᠬᠢᠯᠭ᠎ᠠ ᠪᠠᠳᠤ ᠶᠢ ᠵᠢᠷᠤᠮᠯᠠᠬᠤ ᠤᠬᠠᠮᠰᠠᠷ ᠢ ᠳᠡᠭᠡᠭᠰᠢᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠰᠡᠷᠭᠡᠶᠢᠯᠡᠨ ᠪᠠᠭᠠᠰᠬᠠᠵᠤ᠂ ᠰᠤᠷᠤᠭᠴᠢᠳ ᠲᠤ ᠬᠠᠤᠯᠢ ᠴᠠᠭᠠᠵᠠ ᠶᠢ ᠵᠦᠷᠢᠴᠡᠵᠦ ᠪᠤᠯᠬᠤ ᠦᠭᠡᠢ ᠬᠠᠲᠠᠭᠤ ᠴᠢᠨᠠᠷ ᠢ ᠨᠡᠩ ᠭᠦᠨᠵᠡᠭᠡᠶ ᠤᠢᠢᠯᠠᠭᠠᠭᠤᠯᠤᠭᠰᠠᠨ ᠪᠦᠭᠡᠳ ᠬᠡᠷᠬᠢᠨ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠬᠦᠨᠵᠡᠬᠡᠢ ᠲᠠᠨᠢᠭᠤᠯᠵᠦ᠂ ᠬᠠᠤᠯᠢ ᠳᠦᠷᠢᠮ ᠤᠨ ᠦᠵᠡᠯᠲᠡ ᠶᠢ ᠰᠤᠷᠤᠭᠴᠢ ᠨᠢᠭᠡᠪᠦᠷᠢ ᠶᠢᠨ ᠰᠡᠳᠬᠢᠯ ᠳᠤ ᠦᠨᠡᠨ ᠬᠦ ᠬᠠᠳᠠᠩᠰᠢᠭᠤᠯᠤᠭᠰᠠᠨ ᠪᠠᠶᠢᠨ᠎ᠠ᠃          ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
ᠢᠷᠡᠯᠲᠡ᠄ ᠤᠯᠠᠭᠠᠨᠴᠠᠪ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2