ᠭᠠᠯ ᠤᠨᠲᠠᠷᠠᠭᠠᠬᠤ ᠰᠠᠭᠤᠷᠢ ᠶᠢ ᠪᠠᠬᠢᠵᠢᠭᠦᠯᠵᠦ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠵᠤ ᠭᠠᠯ ᠤᠨ ᠭᠠᠮᠰᠢᠭ ᠤᠨ ᠪᠠᠶᠢᠳᠠᠯ ᠢ ᠠᠮᠤᠷ ᠲᠦᠪᠰᠢᠨ ᠲᠣᠭᠲᠠᠭᠤᠨ ᠪᠠᠶᠢᠯᠭᠠᠬᠤ ᠬᠡᠷᠡᠭᠲᠡᠶ
ᠨᠡᠶᠢᠲᠡᠯᠡᠭᠰᠡᠨ ᠴᠠᠭ᠄
2021/9/29
   — ᠬᠤᠸᠠᠳᠧ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠵᠤᠤ ᠬᠠᠶ ᠯᠦᠩ     ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠠ᠂ ᠲᠠ ᠪᠦᠬᠦᠨ ᠰᠠᠶᠢᠨ ᠪᠠᠶᠢᠨᠤ︕ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠠᠴᠠ ᠭᠤᠣᠯᠯᠠᠨ ᠡᠷᠬᠢᠯᠡᠭᠰᠡᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠫᠷᠤᠭ᠍ᠷᠠᠮ ᠢ ᠭᠦᠯᠢᠶᠡᠨ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠂ ᠪᠢ ᠪᠣᠯ ᠲᠤᠰ ᠬᠤᠭᠤᠴᠠᠭᠠᠨ ᠤ ᠫᠷᠤᠭ᠍ᠷᠠᠮ ᠤᠨ ᠰᠤᠷᠪᠤᠯᠵᠢᠯᠠᠭᠴᠢ ᠪᠣᠯᠤᠨ᠎ᠠ᠃ ᠥᠨᠥᠳᠦᠷ ᠪᠢᠳᠡ ᠣᠯᠠᠨ ᠤ ᠠᠩᠬᠠᠷᠴᠤ ᠪᠠᠶᠢᠭ᠎ᠠ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠰᠠᠭᠤᠳᠠᠯ ᠤᠨ ᠲᠣᠭᠤᠷᠢᠨ ᠳᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠵᠣᠴᠢᠳ ᠢᠶᠠᠷ ᠬᠠᠷᠢᠭᠤ  ᠮᠡᠳᠡᠭᠦᠯᠡᠶ᠎ᠡ᠃ ᠲᠤᠰ ᠬᠤᠭᠤᠴᠠᠭᠠᠨ ᠤ ᠵᠣᠴᠢᠨ ᠪᠣᠯ᠄ ᠰᠢᠶᠠᠨ ᠤ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ ᠵᠣᠣ ᠬᠠᠶ ᠯᠦᠩ ᠪᠣᠯᠤᠨ᠎ᠠ᠃ ᠡᠩ ᠲᠡᠷᠢᠭᠦᠨ ᠳᠤ ᠶᠡᠭᠡ ᠠᠩᠭᠢ ᠶᠢᠨ ᠳᠠᠷᠤᠭ᠎ᠠ ᠵᠣᠣ ᠬᠠᠶ ᠯᠦᠩ ᠨᠥᠬᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠣᠭᠯᠠᠯᠲᠠ ᠡᠬᠢᠯᠡᠮᠡᠭᠴᠡ ᠪᠢᠳᠡ ᠤᠷᠢᠳ ᠢᠶᠠᠷ ᠵᠣᠣ ᠶᠡᠭᠡ ᠠᠩᠭᠢ ᠶᠢᠨ ᠳᠠᠷᠤᠭ᠎ᠠ ᠪᠣᠯᠤᠨ ᠰᠦᠯᠵᠢᠶᠡᠨ ᠤ ᠨᠠᠶᠢᠵᠠ ᠨᠠᠷ ᠲᠠᠢ ᠮᠡᠨᠳᠦᠴᠢᠯᠡᠶ᠎ᠡ᠃     ᠵᠣᠣ ᠬᠠᠶ ᠯᠦᠩ᠄ ᠵᠠ᠂ ᠰᠦᠯᠵᠢᠶᠡᠨ ᠤ ᠠᠨᠳᠠ ᠨᠠᠷ ᠰᠠᠶᠢᠨ ᠪᠠᠶᠢᠨᠤ︖ ᠪᠢ ᠪᠣᠯ ᠬᠤᠸᠠᠳᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠳᠠᠷᠤᠭ᠎ᠠ ᠵᠤᠤ ᠬᠠᠢ ᠯᠦᠩ ᠪᠣᠯᠤᠨ᠎ᠠ᠂ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠳᠤ ᠢᠷᠡᠵᠤ᠂ ᠨᠠᠶᠢᠵᠠ ᠨᠠᠷ ᠲᠠᠢ ᠪᠠᠨ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠠᠳᠡ᠂ ᠪᠢ ᠬᠤᠸᠠᠳᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠪᠦᠬᠦ ᠵᠢᠯᠤᠭᠤᠳᠤᠬᠴᠢ ᠪᠠᠶᠢᠯᠳᠤᠭᠴᠢᠳ ᠢ ᠲᠥᠯᠥᠭᠡᠯᠡᠨ᠂ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠠᠷ ᠳᠠᠮᠵᠢᠭᠤᠯᠵᠤ᠂ ᠮᠠᠨ ᠤ ᠰᠢᠶᠠᠨ ᠤ ᠭᠠᠯ ᠤᠨᠲᠠᠷᠠᠭᠠᠬᠤ ᠠᠵᠢᠯ ᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠵᠦ  ᠪᠠᠶᠢᠭᠰᠠᠨ ᠡᠯ᠎ᠡ ᠱᠠᠲᠤᠨ ᠤ ᠤᠳᠤᠷᠢᠳᠤᠯᠭ᠎ᠠ  ᠪᠣᠯᠤᠨ ᠰᠦᠯᠵᠢᠶᠡᠨ ᠤ ᠠᠨᠳᠠ ᠨᠠᠷ ᠲᠤ ᠮᠡᠨᠳᠦᠴᠢᠯᠡᠯ ᠳᠡᠪᠰᠢᠭᠦᠯᠵᠦ᠂ ᠤᠯᠠᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠤᠷᠤᠭᠰᠢᠲᠠᠢ᠂ ᠲᠦᠮᠡᠨ ᠬᠡᠷᠡᠭ ᠲᠡᠭᠦᠰ ᠪᠦᠲᠦᠬᠦ ᠶᠢ ᠬᠦᠰᠡᠨ ᠵᠥᠩᠨᠡᠶ᠎ᠡ︕     ᠰᠤᠷᠪᠤᠯᠵᠢᠯᠠᠭᠴᠢ᠄ ᠰᠣᠨᠣᠰᠬᠤᠯᠠᠷ ᠮᠠᠨ ᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠡᠨᠡ ᠵᠢᠯ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠪᠠᠷ ᠭᠤᠣᠯ ᠱᠤᠭᠤᠮ ᠪᠣᠯᠭᠠᠵᠤ᠂ ᠭᠠᠯ ᠤᠨᠲᠠᠷᠠᠭᠠᠬᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠤᠭᠰᠠᠨ ᠭᠡᠨ᠎ᠡ᠂ ᠲᠠ ᠪᠢᠳᠡᠨ ᠳᠤ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ  ᠤᠤ︖     ᠵᠣᠣ ᠬᠠᠶ ᠯᠦᠩ᠄ ᠵᠠ᠃ ᠡᠨᠡ ᠵᠢᠯ ᠠᠴᠠ ᠨᠠᠰᠢ᠂ ᠮᠠᠨ ᠤ ᠶᠡᠭᠡ ᠠᠩᠭᠢ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠬᠠᠤᠯᠢ ᠬᠡᠷᠡᠭᠵᠢᠭᠦᠯᠬᠦ ᠶᠢ ᠠᠳᠬᠤᠨ᠂ ᠳᠠᠯᠳᠠ ᠭᠡᠮ ᠢ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠨᠥᠬᠦᠴᠡᠯ ᠢ ᠴᠡᠪᠡᠷᠰᠢᠭᠦᠯᠵᠡᠶ᠃ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠭᠠᠯ ᠤᠨᠲᠠᠷᠠᠭᠠᠬᠤ ᠠᠵᠢᠯ ᠢ ᠲᠦᠯᠬᠢᠨ ᠠᠬᠢᠭᠤᠯᠤᠨ᠎ᠠ᠄ ᠨᠢᠭᠡ ᠳᠤ ᠭᠠᠯ ᠤᠨᠲᠠᠷᠠᠭᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠰᠢᠶᠠᠨ ᠤ ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠤᠷᠠᠯ ᠢ ᠵᠠᠰᠠᠭ ᠤᠨ ᠣᠷᠳᠣᠨ ᠳᠤ ᠳᠡᠪᠰᠢᠭᠦᠯᠵᠦ᠂ ᠰᠢᠶᠠᠨ ᠤ ᠵᠠᠰᠠᠭ ᠤᠨ ᠣᠷᠳᠣᠨ ᠲᠣᠭᠲᠠᠮᠠᠯ ᠬᠤᠭᠤᠴᠠᠭ᠎ᠠ ᠲᠠᠢ ᠪᠠᠷ ᠭᠠᠯ ᠤᠨᠲᠠᠷᠠᠭᠠᠬᠤ ᠬᠤᠷᠠᠯ ᠢ ᠬᠤᠷᠠᠯᠳᠤᠭᠤᠯᠵᠤ ᠂ ᠰᠢᠶᠠᠨ ᠤ ᠤᠳᠤᠷᠢᠳᠤᠯᠭ᠎ᠠ ᠲᠣᠭᠲᠠᠮᠠᠯ ᠬᠤᠭᠤᠴᠠᠭ᠎ᠠ ᠲᠠᠢ ᠪᠠᠷ ᠠᠩᠭᠢ ᠳᠠᠭᠠᠭᠤᠯᠤᠨ ᠭᠠᠯ ᠤᠨᠲᠠᠷᠠᠭᠠᠬᠤ ᠠᠵᠢᠯ ᠢ ᠪᠠᠶᠢᠴᠠᠭᠠᠵᠤ᠂ ᠶᠡᠭᠡ ᠠᠩᠭᠢ ᠤᠯᠠᠷᠢᠯ ᠪᠦᠷᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠠᠵᠢᠯ ᠢ ᠵᠢᠯᠣᠭᠤᠳᠤᠨ᠎ᠠ᠃ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠵᠤ ᠶᠡᠭᠡ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠢ ᠳᠥᠯᠭᠢᠨ ᠠᠬᠢᠭᠤᠯᠵᠤ᠂ ᠠᠵᠢᠯ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶ᠎ᠠ ᠳᠤ ᠬᠦᠷᠦᠭᠦᠯᠬᠦ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠲᠥᠷᠥᠯ ᠤᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠬᠤᠶᠠᠷ ᠲᠤ ᠬᠤᠲᠠ ᠬᠥᠳᠡᠭᠡ ᠶᠢᠨ ᠭᠠᠯ ᠤᠨᠲᠠᠷᠠᠭᠠᠬᠤ ᠰᠠᠭᠤᠷᠢ ᠶᠢ ᠪᠠᠬᠢᠵᠢᠭᠦᠯᠦᠨ᠎ᠡ᠃ ᠪᠥᠬᠦ ᠰᠢᠶᠠᠨ ᠤ ᠰᠢᠶᠠᠩ ᠪᠠᠯᠭᠠᠰᠤᠨ ᠤ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠳᠤ ᠱᠠᠲᠤ ᠳᠠᠷᠠᠭᠠᠯᠠᠨ ᠪᠣᠯᠪᠠᠰᠤᠷᠠᠭᠤᠯᠤᠯ ᠥᠷᠨᠢᠭᠦᠯᠵᠦ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠬᠡᠷ ᠪᠦᠯᠢ ᠶᠢᠨ ᠮᠠᠶ᠋ᠢᠭ ᠤᠨ ᠬᠤᠳᠠᠯᠳᠤᠭᠠᠨ ᠤ ᠫᠦᠰᠡ᠂ ︽ᠭᠤᠷᠪᠠ ᠶᠢ ᠨᠢᠭᠡᠳᠬᠡᠭᠰᠡᠨ︾ ᠲᠠᠯᠠᠪᠤᠷ ᠭᠠᠵᠠᠷ ᠲᠤ ᠲᠤᠰᠠᠭᠠᠷ ᠮᠠᠶ᠋ᠢᠭ ᠤᠨ ᠣᠲᠤᠭ᠎ᠠ ᠮᠡᠳᠡᠷᠡᠬᠦ ᠬᠠᠶᠢᠭᠤᠷ ᠤᠭᠰᠠᠷᠠᠬᠤ ᠶᠢ ᠳᠡᠯᠭᠡᠷᠡᠭᠦᠯᠦᠨ᠎ᠡ᠃ ᠨᠡᠶᠢᠭᠡᠮ ᠲᠣᠭᠤᠷᠢᠭ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠵᠢᠯᠣᠭᠤᠳᠤᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠪᠠᠶᠢᠭᠤᠯᠵᠤ᠂ ᠨᠡᠶᠢᠭᠡᠮ ᠤᠨ ᠨᠢᠭᠡᠴᠡ ᠶᠢᠨ ᠳᠥᠷᠪᠡᠨ ᠴᠢᠳᠠᠪᠤᠷᠢ ᠶᠢ ᠳᠡᠭᠡᠭᠰᠢᠯᠡᠭᠦᠯᠦᠨ᠂ ᠭᠤᠷᠪᠠ ᠶᠢ ᠡᠵᠡᠨ ᠮᠡᠳᠡᠵᠦ ᠬᠤᠶᠠᠷ ᠢ ᠢᠯᠡ ᠪᠣᠯᠭᠠᠬᠤ ᠨᠢᠭᠡ ᠠᠮᠠᠯᠠᠯᠲᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠠᠮᠲᠤᠷᠠᠭᠰᠠᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠭᠤᠷᠪᠠ ᠳᠤ ᠭᠠᠯ ᠤᠨ ᠭᠠᠮᠰᠢᠭ ᠤᠨ ᠳᠠᠯᠳᠠ ᠬᠡᠮ ᠢ ᠵᠠᠰᠠᠬᠤ ᠠᠵᠢᠯ ᠢ ᠵᠠᠰᠠᠭ ᠤᠨ ᠣᠷᠳᠣᠨ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶ ᠪᠣᠯᠭᠠᠨ᠎ᠠ᠃ ᠰᠢᠶᠠᠨ ᠤ ᠵᠠᠰᠠᠭ ᠤᠨ ᠣᠷᠳᠣᠨ ᠳᠤ 2 ᠭᠠᠵᠠᠷ ᠤᠨ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠵᠤ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠨᠡᠶᠢᠲᠡ 205 ᠨᠢᠭᠡᠴᠡ ᠶᠢ ᠪᠠᠶᠢᠴᠠᠭᠠᠵᠤ᠂ 722 ᠵᠦᠢᠯ ᠤᠨ ᠭᠠᠯ ᠤᠨ ᠭᠠᠮᠰᠢᠭ ᠤᠨ ᠳᠠᠯᠳᠠ ᠬᠡᠮ ᠢ ᠢᠯᠡᠷᠡᠭᠦᠯᠦᠭᠰᠡᠨ ᠪᠥᠭᠡᠳ ᠰᠢᠪᠠᠳᠠᠨ ᠴᠡᠭᠴᠡᠯᠡᠨ ᠰᠠᠶᠢᠵᠢᠷᠠᠭᠤᠯᠵᠤ᠂ 3 ᠭᠠᠵᠠᠷ ᠢ ᠲᠦᠷ ᠴᠠᠭ ᠪᠠᠶᠢᠴᠠᠭᠠᠨ ᠪᠢᠲᠡᠭᠦᠮᠵᠢᠯᠡᠵᠦ᠂ 40 ᠭᠠᠷᠤᠶ ᠲᠦᠮᠡᠨ ᠲᠥᠭᠦᠷᠢᠭ ᠢᠶᠠᠷ ᠲᠣᠷᠭᠠᠭᠠᠳ᠂ ᠳᠠᠯᠳᠠ ᠬᠡᠮ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠦᠷᠪᠡ ᠳᠤ ᠬᠠᠨᠳᠤᠯᠭᠠᠲᠤ ᠴᠢᠨᠠᠷᠲᠠᠶ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠎ᠠ᠃ ᠡᠨᠡ ᠵᠢᠯ ᠠᠴᠠ ᠨᠠᠰᠢ᠂ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠤᠬᠠᠭᠤᠯᠭ᠎ᠠ ᠶᠢᠨ ︽ᠳᠣᠯᠤᠭ᠎ᠠ ᠶᠢ ᠣᠷᠣᠭᠤᠯᠬᠤ︾ ᠪᠠᠷ ᠠᠵᠠ ᠲᠣᠬᠢᠶᠠᠯ ᠪᠣᠯᠭᠠᠵᠤ᠂ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠬᠤᠯᠪᠣᠭᠠᠯᠠᠨ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠵᠢᠴᠢ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠭᠦᠨᠵᠡᠭᠡᠶᠢᠷᠡᠨ᠂ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠲᠤᠷᠰᠢᠯᠲᠠ ᠶᠢ ᠥᠷᠨᠢᠭᠦᠯᠬᠦ᠂ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠵᠢᠯᠯᠠᠭ᠎ᠠ ᠶᠢ ᠥᠷᠨᠢᠭᠦᠯᠪᠡ᠃ ᠤᠬᠠᠭᠤᠯᠭ᠎ᠠ ᠶᠢᠨ ᠬᠥᠮᠦᠰ ᠢ ᠲᠠᠶᠢᠴᠢᠯᠠᠨ ᠵᠡᠭᠡᠯᠢ ᠳᠤ ᠭᠠᠷᠭᠠᠵᠤ᠂ ᠬᠤᠳᠠ ᠶᠢᠨ ᠳᠤᠮᠳᠠᠬᠢ ᠲᠣᠰᠬᠤᠨ᠂ ᠬᠠᠭᠤᠴᠢᠨ ᠬᠤᠳᠠ ᠶᠢᠨ ᠲᠣᠭᠤᠷᠢᠭ ᠵᠢᠴᠢ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ ᠵᠡᠷᠭᠡ ᠭᠠᠵᠠᠷ ᠲᠤ ᠭᠤᠣᠯᠳᠠᠯᠭ᠎ᠠ ᠲᠠᠢ ᠪᠠᠷ ᠡᠷᠦᠭᠡ ᠳᠤ ᠬᠦᠷᠴᠦ ᠤᠬᠠᠭᠤᠯᠬᠤ ᠠᠵᠢᠯ ᠥᠷᠨᠢᠭᠦᠯᠵᠦ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠰᠠᠳ ᠤᠨ ᠤᠬᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠶᠡᠭᠡ ᠪᠠᠷᠢᠭᠠᠳᠠ ᠶᠢᠨ ᠬᠢᠨ ︽ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠴᠢᠩᠭᠠᠳᠬᠠᠬᠤ ᠶᠢᠨ ᠬᠠᠮᠲᠤ᠂ ᠴᠡᠷᠢᠭ ᠠᠩᠭᠢ ᠶᠢᠨ ᠶᠡᠭᠡ ᠭᠠᠯ ᠢ ᠤᠨᠲᠠᠷᠠᠭᠠᠬᠤ᠂ ᠰᠢᠷᠦᠭᠦᠨ ᠪᠠᠶᠢᠯᠳᠤᠭᠠᠨ ᠬᠢᠬᠦ ᠪᠣᠭᠤᠮᠲᠠ ᠰᠢᠪᠲᠤᠯᠬᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠡᠭᠦᠷᠭᠡ ᠭᠦᠢᠴᠡᠳᠬᠡᠵᠦ ᠳᠠᠶᠢᠨ ᠳᠤ ᠪᠡᠯᠡᠳᠬᠡᠬᠦ ᠪᠠ ᠠᠶᠤᠯ ᠭᠠᠮᠰᠢᠭ ᠠᠴᠠ ᠠᠪᠤᠷᠠᠨ ᠲᠤᠰᠠᠯᠠᠬᠤ ᠪᠠᠷ ᠭᠤᠣᠯ ᠪᠣᠯᠭᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠭᠠᠷᠮᠠᠭᠠᠶ ᠪᠡᠶᠡᠯᠡᠭᠦᠯᠵᠦ᠂ ᠣᠲᠣ ᠪᠣᠯᠲᠠᠯ᠎ᠠ᠂ ᠳᠤᠮᠳᠠ ᠠᠩᠭᠢ ᠶᠢᠨ ᠬᠢᠨ ᠨᠡᠶᠢᠲᠡ 74 ᠤᠳᠠᠭ᠎ᠠ ᠴᠠᠭᠳᠠᠭ᠎ᠠ ᠭᠥᠯᠢᠶᠡᠨ ᠠᠪᠴᠤ᠂ 62 ᠭᠠᠯ ᠤᠨ ᠭᠠᠮᠰᠢᠭ ᠢ ᠤᠨᠲᠠᠷᠠᠭᠠᠵᠤ᠂ 8 ᠠᠶᠤᠯ ᠠᠴᠠ ᠠᠪᠤᠷᠠᠨ ᠲᠤᠰᠠᠯᠠᠵᠤ᠂ 4 ᠨᠡᠶᠢᠭᠡᠮ ᠠᠴᠠ ᠠᠪᠤᠷᠠᠨ ᠲᠤᠰᠠᠯᠠᠵᠤ᠂ 30 ᠭᠠᠷᠤᠶ ᠬᠥᠮᠦᠨ ᠢ ᠠᠪᠤᠷᠠᠨ ᠲᠤᠰᠠᠯᠠᠵᠤ᠂ ᠲᠠᠪᠤᠨ ᠵᠠᠭᠤ ᠭᠠᠷᠤᠶ ᠲᠦᠮᠡᠨ ᠲᠥᠭᠦᠷᠢᠭ ᠤᠨ ᠡᠳ᠋ ᠬᠥᠷᠥᠩᠭᠡ ᠶᠢ ᠠᠪᠤᠷᠠᠭᠠᠳ᠂ ᠣᠷᠣᠨ ᠨᠤᠲᠤᠭ ᠤᠨ ᠠᠵᠤ ᠠᠬᠤᠶ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠲᠦᠢᠯ ᠤᠨ ᠶᠡᠭᠡ ᠪᠠᠷ ᠬᠠᠮᠠᠭᠠᠯᠠᠪᠠ᠂ ᠲᠠᠷᠠᠭᠠᠴᠢ ᠶᠢᠨ ᠠᠯᠬᠤᠮ ᠳᠤ ᠪᠢᠳᠡ ᠳᠠᠯᠳᠠ ᠬᠡᠮ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠵᠢᠭᠦᠷᠯᠡᠬᠦ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠤᠨ᠂ ᠤᠯᠤᠰ ᠤᠨ ᠪᠠᠶᠠᠷ ᠤᠨ ᠬᠤᠭᠤᠴᠠᠭᠠᠨ ᠳᠤ ᠪᠥᠬᠦ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ ᠮᠠᠨ ᠤ ᠰᠢᠶᠠᠨ ᠤ ᠭᠠᠯ ᠤᠨᠲᠠᠷᠠᠭᠠᠬᠤ ᠭᠤᠤᠯᠳᠠᠯᠭ᠎ᠠ ᠲᠠᠢ ᠠᠵᠢᠯ ᠨᠢ ᠶᠠᠭᠤ ᠶᠠᠭᠤ ᠪᠣᠶ︖       ᠵᠣᠣ ᠬᠠᠶ ᠯᠦᠩ᠄ ᠮᠠᠨ ᠤ ᠶᠡᠭᠡ ᠠᠩᠭᠢ ᠰᠠᠯᠪᠤᠷᠢ ᠠᠩᠭᠢ ᠪᠣᠯᠤᠨ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠨᠢᠭᠡ ᠳᠤ᠂ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠶᠡᠭᠡ ᠠᠩᠭᠢ 2 ᠪᠠᠶᠢᠴᠠᠭᠠᠬᠤ ᠳᠤᠭᠤᠶᠢᠯᠠᠩ ᠲᠣᠮᠢᠯᠠᠵᠤ᠂ ᠪᠥᠬᠦ ᠰᠢᠶᠠᠨ ᠤ ᠬᠤᠪᠴᠠᠰᠤᠨ ᠤ ᠤᠩᠭᠠᠷᠢᠯ ᠪᠣᠯᠪᠠᠰᠤᠷᠠᠭᠤᠯᠬᠤ ᠠᠵᠤ ᠠᠬᠤᠶᠢᠯᠠᠯ ᠵᠢᠴᠢ ᠵᠢᠵᠢᠭ ᠦᠢᠯᠡᠳᠪᠤᠷᠢᠯᠡᠯ ᠤᠨ ᠭᠠᠵᠠᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠯᠭᠡᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠷᠢᠨ ᠪᠦᠲᠦᠨ ᠪᠥᠭᠡᠳ ᠰᠠᠶᠢᠨ ᠬᠡᠷᠡᠭᠯᠡᠭᠳᠡᠬᠦ ᠵᠢᠴᠢ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠬᠤᠶᠠᠷ ᠲᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠨᠢᠭᠡᠴᠡ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠵᠠᠰᠠᠵᠤ᠂ ᠮᠠᠨ ᠤ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠰᠤᠷᠪᠤᠯᠵᠢᠯᠠᠭᠴᠢ᠄ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ  ᠰᠠᠭᠠᠳ ᠲᠠᠢ  ᠪᠣᠯ ᠶᠠᠮᠠᠷ ᠦᠷ᠎ᠡ ᠳ᠋ᠦᠩ ᠭᠠᠷᠬᠤ ᠪᠤᠶ  ︖     ᠵᠣᠣ ᠬᠠᠶ ᠯᠦᠩ᠄ ᠭᠠᠯ ᠤᠨᠲᠠᠷᠠᠭᠠᠬᠤ ᠲᠡᠷᠭᠡᠨ ᠤ ᠵᠠᠮ ᠪᠣᠯ ᠭᠠᠯ ᠤᠨᠲᠠᠷᠠᠭᠠᠬᠤ ᠲᠡᠷᠭᠡᠨ ᠤ ᠲᠤᠬᠠᠶ ᠶᠢᠨ ᠲᠠᠯᠠᠪᠠᠶ ᠳᠤ ᠲᠦᠷᠭᠡᠨ ᠬᠦᠷᠴᠦ ᠢᠷᠡᠬᠦ ᠶᠢ ᠪᠠᠲᠤᠯᠠᠬᠤ ᠭᠤᠤᠯ ᠵᠠᠮ ᠮᠥᠨ᠂ ᠰᠠᠭᠠᠳ ᠥᠬᠡᠶ ᠨᠡᠪᠲᠡᠷᠡᠬᠦ ᠡᠰᠡᠬᠦ ᠨᠢ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠨ᠎ᠠ᠂ ᠪᠢᠳᠡ ᠡᠳᠦᠷ ᠲᠤᠲᠤᠮ ᠤᠨ ᠪᠠᠶᠢᠴᠠᠭᠠᠯᠲᠠ ᠶᠢᠨ ᠳᠤᠮᠳᠠ ᠪᠠᠨ ᠮᠠᠰᠢ ᠣᠯᠠᠨ ᠨᠡᠶᠢᠭᠡᠮ ᠲᠣᠭᠤᠷᠢᠭ ᠤᠨ ᠬᠢᠨ ᠲᠣᠮᠣ ᠬᠡᠯᠪᠡᠷᠢ ᠶᠢᠨ ᠲᠡᠷᠭᠡᠨ ᠤ ᠣᠷᠣᠵᠤ ᠢᠷᠡᠬᠦ ᠶᠢ ᠬᠤᠷᠢᠭᠯᠠᠬᠤ ᠶᠢᠨ ᠲᠥᠯᠥᠭᠡ᠂ ᠼᠧᠮᠧᠨ᠋ᠲ ᠤᠨ ᠲᠤᠯᠭᠠᠭᠤᠷ᠂ ᠲᠣᠭᠤᠰᠬᠠᠨ ᠬᠡᠷᠡᠮ ᠵᠡᠷᠭᠡ ᠵᠠᠮ ᠤᠨ ᠰᠠᠭᠠᠳ ᠬᠢᠭᠡᠳ ᠥᠨᠳᠥᠷ ᠢ ᠬᠢᠵᠠᠭᠠᠷᠯᠠᠬᠤ ᠲᠡᠮᠳᠡᠭ ᠲᠠᠯᠪᠢᠭᠰᠠᠨ ᠢ ᠣᠯᠵᠤ ᠮᠡᠳᠡᠵᠡᠶ᠃ ᠵᠠᠷᠢᠮ ᠨᠢ ᠬᠡᠳᠦ᠋ᠢᠪᠡᠷ ︽ᠭᠠᠯ ᠤᠨᠲᠠᠷᠠᠭᠠᠬᠤ ᠵᠠᠮ᠂ ᠪᠢᠲᠡᠭᠡᠶ ᠡᠵᠡᠯᠡᠨ ᠬᠡᠷᠡᠭᠯᠡᠭᠡᠷᠡᠶ︾ ᠭᠡᠰᠡᠨ ᠰᠡᠷᠡᠮᠵᠢ ᠶᠢᠨ ᠫᠠᠶᠢᠰᠠ ᠡᠯᠭᠦᠭᠰᠡᠨ ᠪᠣᠯᠪᠠᠴᠤ ᠬᠤᠪᠢ ᠶᠢᠨ ᠮᠠᠰᠢᠨ ᠲᠡᠷᠭᠡ ᠭᠠᠵᠠᠷ ᠪᠣᠯᠭᠠᠨ ᠳᠤ ᠳᠤᠷ᠎ᠠ ᠪᠠᠷ ᠢᠶᠠᠨ ᠵᠣᠭᠰᠣᠵᠤ᠂ ᠵᠠᠮ ᠱᠤᠭᠤᠮ ᠢ ᠴᠢᠩᠭ᠎ᠠ ᠪᠥᠭᠯᠡᠭᠰᠡᠨ ᠪᠠᠶᠢᠨ᠎ᠠ᠃ ᠡᠳᠡᠭᠡᠷ ᠨᠢ ᠭᠠᠯ ᠤᠨᠲᠠᠷᠠᠭᠠᠬᠤ ᠲᠡᠷᠭᠡ ᠶᠢ ᠭᠠᠯ ᠭᠠᠷᠤᠭᠰᠠᠨ ᠪᠠᠷᠢᠯᠭ᠎ᠠ ᠲᠠᠢ ᠣᠶᠢᠷᠠᠲᠤᠭᠤᠯᠬᠤ ᠶᠢᠨ ᠠᠷᠭ᠎ᠠ ᠦᠭᠡᠢ ᠪᠣᠯᠭᠠᠵᠤ᠂ ᠥᠨᠳᠥᠷ ᠡᠷᠭᠦᠬᠦ ᠲᠡᠷᠭᠡ ᠶᠢ ᠠᠵᠢᠯᠯᠠᠬᠤ ᠭᠠᠵᠠᠷ ᠦᠭᠡᠢ ᠮᠥᠷᠲᠡᠭᠡᠨ ᠬᠡᠷᠡᠭᠯᠡᠬᠦ ᠭᠠᠵᠠᠷ ᠦᠭᠡᠢ ᠪᠣᠯᠭᠠᠳᠠᠭ ᠪᠠᠶᠢᠨ᠎ᠠ᠃᠃ ᠵᠠᠮ ᠰᠠᠭᠠᠳ   ᠲᠠᠢ᠂ ᠭᠠᠯ ᠤᠨᠲᠠᠷᠠᠭᠠᠬᠤ ᠲᠡᠷᠭᠡ ᠲᠤᠬᠠᠶ ᠶᠢᠨ ᠲᠠᠯᠠᠪᠤᠷ ᠲᠤ ᠴᠠᠭ ᠲᠤᠬᠠᠶ ᠳᠤᠨᠢ ᠬᠦᠷᠴᠦ ᠳᠡᠶᠢᠯᠬᠦ ᠥᠬᠡᠶ ᠪᠣᠯᠪᠠᠯ᠂ ᠬᠠᠰᠢᠭᠳᠠᠭᠰᠠᠨ ᠬᠥᠮᠦᠰ ᠢ ᠲᠠᠷᠬᠠᠭᠠᠬᠤ ᠪᠠ ᠠᠪᠤᠷᠠᠬᠤ ᠶᠢ ᠨᠥᠯᠥᠭᠡᠯᠡᠬᠦ ᠪᠣᠯᠤᠨ᠎ᠠ᠃     ᠰᠤᠷᠪᠤᠯᠵᠢᠯᠠᠭᠴᠢ᠄ ᠲᠡᠭᠡᠪᠡᠯ ᠵᠢᠵᠢᠭ ᠲᠣᠭᠤᠷᠢᠭ ᠤᠨ ᠰᠠᠭᠤᠭᠠᠯᠢ ᠠᠷᠠᠳ ᠪᠠ ᠠᠳᠠᠯ ᠠᠬᠤᠶ ᠶᠢᠨ ᠭᠠᠵᠠᠷ ᠨᠢ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ ᠰᠠᠭᠠᠳ ᠥᠬᠡᠶ ᠨᠡᠪᠲᠡᠷᠡᠬᠦ ᠲᠠᠯ᠎ᠠ ᠪᠠᠷ ᠶᠠᠭᠤ ᠬᠢᠵᠦ ᠪᠣᠯᠬᠤ ᠪᠣᠶ︖     ᠵᠣᠣ ᠬᠠᠶ ᠯᠦᠩ᠄ ᠨᠡᠶᠢᠭᠡᠮ ᠲᠣᠭᠤᠷᠢᠭ᠂ ᠠᠳᠠᠯ ᠠᠬᠤᠶ ᠶᠢᠨ ᠬᠢᠨ ᠥᠪᠡᠷ ᠤᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠦᠭᠰᠡᠨ ᠡᠰᠡᠬᠦ᠂ ᠮᠠᠰᠢᠨ ᠲᠡᠷᠭᠡ ᠶᠢ ᠡᠵᠡᠯᠡᠨ ᠬᠡᠷᠡᠭᠯᠡᠭᠰᠡᠨ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠪᠥᠭᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ︔ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ ᠴᠡᠪᠡᠷ ᠥᠷᠭᠡᠨ ᠤ ᠬᠡᠮᠵᠢᠶ᠎ᠡ ᠪᠠ ᠴᠡᠪᠡᠷ ᠠᠭᠠᠷ ᠤᠨ ᠥᠨᠳᠥᠷ ᠤᠨ ᠬᠡᠮᠵᠢᠶ᠎ᠡ ᠨᠢ 4 ᠮᠧᠲᠷ ᠠᠴᠠ ᠪᠠᠭ᠎ᠠ ᠪᠠᠶᠢᠬᠤ ᠡᠰᠡᠬᠦ᠂ ᠮᠤᠷᠦ᠋ᠢᠬᠤ ᠷᠠᠳᠢᠦ᠋ᠰ ᠨᠢ ᠭᠠᠯ ᠤᠨᠲᠠᠷᠠᠭᠠᠬᠤ ᠲᠡᠷᠭᠡᠨ ᠤ ᠮᠤᠷᠦ᠋ᠢᠬᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠡᠰᠡᠬᠦ︔ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠱᠤᠭᠤᠮ ᠵᠢᠷᠤᠵᠤ ᠬᠠᠮᠢᠶᠠᠷᠤᠭᠰᠠᠨ ᠡᠰᠡᠬᠦ᠂ ᠲᠡᠮᠳᠡᠭ ᠲᠠᠯᠪᠢᠭᠰᠠᠨ ᠡᠰᠡᠬᠦ︔ ᠲᠣᠭᠲᠠᠭᠠᠯ ᠠᠴᠠ ᠵᠥᠷᠢᠴᠡᠨ ᠬᠠᠷᠰᠢ ᠰᠠᠭᠠᠳ ᠭᠠᠷᠭᠠᠭᠰᠠᠨ ᠪᠤᠶᠤ ᠳᠡᠯᠭᠡᠭᠡ ᠮᠠᠶᠢᠮᠠᠶ ᠶᠢᠨ ᠭᠠᠵᠠᠷ ᠭᠠᠷᠭᠠᠭᠰᠠᠨ ᠨᠢ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠶᠢ ᠨᠥᠯᠥᠭᠡᠯᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ᠃ ᠰᠠᠭᠤᠭᠠᠯᠢ ᠠᠷᠠᠳ ᠬᠤᠪᠢ ᠶᠢᠨ ᠲᠡᠷᠭᠡ ᠪᠠᠨ ᠲᠡᠷᠭᠡ ᠵᠣᠭᠰᠣᠭᠠᠬᠤ ᠪᠠᠶᠢᠷᠢᠨ ᠳᠤ ᠡᠮᠬᠢ ᠵᠢᠷᠤᠮ ᠲᠠᠢ ᠪᠠᠷ ᠵᠣᠭᠰᠣᠭᠠᠵᠤ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠰᠠᠭᠤᠭᠠᠯᠢ ᠠᠷᠠᠳ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠦᠵᠡᠭᠳᠡᠯ ᠲᠠᠢ ᠪᠠᠶᠢᠬᠤ ᠶᠢ ᠣᠯᠵᠤ ᠮᠡᠳᠡᠪᠡᠯ᠂ ᠨᠡᠶᠢᠭᠡᠮ ᠲᠣᠭᠤᠷᠢᠭ᠂ ᠠᠳᠠᠯ ᠠᠬᠤᠶ ᠶᠢᠨ ᠠᠵᠢᠯᠲᠠᠨ ᠳᠤ ᠴᠠᠭ ᠲᠤᠬᠠᠶ ᠳᠤᠨᠢ ᠲᠤᠰᠬᠠᠬᠤ ᠬᠡᠷᠡᠭᠲᠡᠶ᠃     ᠰᠤᠷᠪᠤᠯᠵᠢᠯᠠᠭᠴᠢ᠄ ᠮᠠᠨ ᠤ ᠡᠳᠦᠷ ᠲᠤᠲᠤᠮ ᠤᠨ ᠬᠡᠷᠡᠭᠯᠡᠵᠦ ᠪᠠᠶᠢᠭ᠎ᠠ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ ᠶᠢᠨ ᠪᠦᠲᠦᠭᠡᠭᠳᠡᠬᠦᠨ ᠤ ᠦᠨᠡᠨ ᠬᠤᠳᠠᠯ ᠢ ᠬᠡᠷᠬᠢᠨ ᠢᠯᠭᠠᠨ ᠲᠠᠨᠢᠬᠤ ᠪᠣᠶ︖ ᠬᠢᠷᠢ ᠲᠡᠩᠴᠡᠭᠰᠡᠨ ᠭᠠᠯ ᠤᠨᠲᠠᠷᠠᠭᠠᠬᠤ ᠦᠢᠯᠡᠳᠬᠦᠨ ᠮᠥᠨ ᠤᠤ ᠪᠢᠰᠢ ᠤᠤ︖      ᠵᠣᠣ ᠬᠠᠶ ᠯᠦᠩ᠄ ᠭᠠᠯ ᠤᠨᠲᠠᠷᠠᠭᠠᠬᠤ ᠪᠦᠲᠦᠭᠡᠭᠳᠡᠬᠦᠨ ᠨᠢ ᠡᠷᠬᠡᠪᠰᠢ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠤᠯᠤᠰ ᠤᠨ ᠪᠠᠷᠢᠮᠵᠢᠶ᠎ᠠ ᠪᠠᠶᠢᠬᠤ ᠤᠢᠭᠡᠢ ᠪᠣᠯ ᠡᠷᠬᠡᠪᠰᠢ ᠠᠵᠢᠯ ᠲᠦᠷᠦᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠲᠣᠭᠲᠠᠭᠠᠭᠰᠠᠨ ᠤᠢᠭᠡᠢ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ ᠬᠥᠮᠦᠨ ᠤ ᠪᠡᠶ᠎ᠡ ᠶᠢᠨ ᠡᠷᠡᠭᠦᠯ ᠮᠡᠡᠳᠦ᠂  ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠱᠠᠭᠠᠷᠳᠠᠯᠭ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠃      ᠭᠠᠯ ᠰᠡᠷᠭᠡᠶᠢᠯᠡᠨ ᠤᠨᠲᠠᠷᠠᠭᠠᠬᠤ ᠦᠢᠯᠡᠳᠬᠦᠨ ᠢ ᠬᠡᠷᠡᠭᠯᠡᠭᠴᠢ ᠨᠢ ᠦᠢᠯᠡᠳᠬᠦᠨ ᠤ ᠬᠢᠷᠢ ᠲᠡᠩᠴᠡᠭᠰᠡᠨ ᠭᠡᠷᠡᠴᠢ ᠂ ᠦᠢᠯᠡᠳᠬᠦᠨ ᠤ ᠢᠯᠡᠳᠬᠡᠮᠵᠢ ᠲᠡᠮᠳᠡᠭ ᠪᠣᠯᠤᠨ ᠬᠤᠯᠪᠣᠭᠳᠠᠯ ᠪᠦᠬᠦᠢ ᠦᠨᠡᠮᠯᠡᠯ ᠢ ᠪᠠᠶᠢᠴᠠᠭᠠᠨ ᠰᠢᠯᠭᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠳᠤ ᠨᠡᠶᠢᠴᠡᠭᠰᠡᠨ᠂ ᠬᠢᠷᠢ ᠲᠡᠩᠴᠡᠭᠰᠡᠨ ᠭᠠᠯ ᠰᠡᠷᠭᠡᠶᠢᠯᠡᠨ ᠤᠨᠲᠠᠷᠠᠭᠠᠬᠤ ᠦᠢᠯᠡᠳᠬᠦᠨ ᠢ ᠰᠣᠩᠭᠤᠨ ᠬᠡᠷᠡᠭᠯᠡᠵᠦ ᠪᠣᠯᠤᠨ᠎ᠠ᠃      ᠬᠡᠷᠡᠭᠯᠡᠬᠦ ᠳᠡᠭᠡᠨ ᠭᠠᠯ ᠰᠡᠷᠭᠡᠶᠢᠯᠡᠨ ᠤᠨᠲᠠᠷᠠᠭᠠᠬᠤ ᠦᠢᠯᠡᠳᠬᠦᠨ ᠤ ᠭᠠᠳᠠᠷ ᠲᠥᠷᠬᠦ ᠶᠢᠨ ᠲᠡᠮᠳᠡᠭ᠂ ᠬᠡᠪ ᠪᠠᠷᠢᠮᠵᠢᠶ᠎ᠠ ᠬᠡᠯᠪᠡᠷᠢ ᠮᠠᠶ᠋ᠢᠭ᠂ ᠪᠦᠲᠦᠴᠡ ᠶᠢᠨ ᠤᠭᠰᠠᠷᠠᠭ᠎ᠠ ᠲᠤᠨᠤᠭ᠂ ᠮᠠᠲ᠋ᠧᠷᠢᠶᠠᠯ᠂ ᠴᠢᠨᠠᠷ ᠴᠢᠳᠠᠯ ᠤᠨ ᠪᠣᠯᠵᠣᠯᠳᠤ ᠲᠤᠭ᠎ᠠ᠂ ᠦᠢᠯᠡᠳᠪᠦᠷᠢᠯᠡᠭᠰᠡᠨ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ ᠬᠢᠭᠡᠳ ᠦᠢᠯᠡᠳᠪᠦᠷᠢᠯᠡᠭᠰᠡᠨ ᠭᠠᠵᠠᠷ ᠵᠡᠷᠭᠡ ᠨᠢ ᠬᠤᠯᠪᠣᠭᠳᠠᠯ ᠪᠥᠬᠦᠢ ᠲᠣᠭᠲᠠᠭᠠᠯ ᠳᠤ ᠨᠡᠶᠢᠴᠡᠬᠦ ᠡᠰᠡᠬᠦ ᠶᠢ ᠪᠠᠶᠢᠴᠠᠭᠠᠬᠤ ᠬᠡᠷᠡᠭᠲᠡᠶ᠃     ᠰᠤᠷᠪᠤᠯᠵᠢᠯᠠᠭᠴᠢ᠄ ᠡᠳᠦᠷ ᠲᠤᠲᠤᠮ ᠤᠨ ᠠᠮᠢᠳᠤᠷᠠᠯ ᠳᠤᠮᠳᠠ᠂ ᠭᠠᠯ ᠤᠨ ᠠᠶᠤᠯ ᠭᠠᠷᠤᠭᠰᠠᠨ ᠤ ᠳᠠᠷᠠᠭ᠎ᠠ᠂ ᠬᠥᠮᠦᠰ ᠬᠡᠷᠬᠢᠨ ᠰᠢᠢᠳᠪᠤᠷᠢᠯᠡᠪᠡᠯ ᠵᠣᠬᠢᠬᠤ ᠪᠣᠶ︖     ᠵᠣᠣ ᠬᠠᠶ ᠯᠦᠩ᠄ ᠡᠩ ᠲᠡᠷᠢᠭᠦᠨ ᠳᠤ᠂ ᠴᠠᠭᠳᠠᠭ᠎ᠠ ᠳᠤ ᠮᠡᠳᠡᠭᠦᠯᠬᠦ ᠶᠢ ᠰᠤᠷᠬᠤ ᠬᠡᠷᠡᠭᠲᠡᠶ᠂ ᠭᠠᠯ ᠭᠠᠷᠤᠭᠰᠠᠨ ᠢ ᠣᠯᠵᠤ ᠮᠡᠳᠡᠪᠡᠯ ᠳᠠᠷᠦ᠋ᠢᠬᠠᠨ ᠭᠠᠯ ᠲᠦᠢᠮᠡᠷ ᠤᠨ ᠳᠣᠬᠢᠶᠠᠨ ᠤ ᠤᠲᠠᠰᠤ 119 ᠶᠢ ᠴᠣᠬᠢᠵᠤ᠂ ᠵᠠᠮ ᠤᠨ ᠨᠡᠷ᠎ᠡ᠂ ᠡᠭᠦᠳᠡᠨ ᠨᠣᠮᠧᠷ ᠢ ᠲᠣᠳᠣᠷᠬᠠᠶ ᠶᠠᠷᠢᠵᠤ᠂ ᠳᠠᠷᠠᠭ᠎ᠠ ᠨᠢ ᠬᠥᠮᠦᠨ ᠲᠣᠮᠢᠯᠠᠨ ᠵᠠᠮ ᠤᠨ ᠠᠭᠤᠯᠵᠠᠷ ᠲᠤ ᠭᠠᠯ ᠤᠨᠲᠠᠷᠠᠭᠠᠬᠤ ᠲᠡᠷᠭᠡ ᠶᠢ ᠬᠦᠯᠢᠶᠡᠯᠭᠡᠶ᠎ᠡ᠃     ᠡᠳᠦᠷ ᠲᠤᠳᠦᠮ ᠤᠨ ᠡᠳ᠋ ᠪᠣᠳᠠᠰ ᠲᠤ ᠭᠠᠯ ᠭᠠᠷᠪᠠᠯ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠴᠤ ᠪᠣᠯᠤᠨ᠎ᠠ᠂ ᠵᠢᠱᠢᠶᠡᠯᠡᠪᠡᠯ ᠨᠣᠣᠰᠣᠨ ᠲᠡᠩᠰᠠ᠂ ᠬᠥᠪᠥᠩ ᠬᠥᠨᠵᠢᠯᠡ ᠳᠤ ᠭᠠᠯ ᠤᠨ ᠲᠦᠯᠦ ᠶᠢ ᠬᠠᠯᠬᠠᠯᠡᠬᠤ᠂ ᠭᠠᠯ ᠤᠨ ᠲᠦᠯᠦ ᠶᠢ ᠳᠡᠯᠡᠳᠬᠦ ᠵᠡᠷᠭᠡ ᠪᠣᠯᠤᠨ᠎ᠠ︔ ᠪᠠᠰᠠ ᠴᠠᠭ ᠲᠤᠬᠠᠶ ᠳᠤᠨᠢ ᠰᠠᠭᠤᠯᠠᠭ᠎ᠠ  ᠪᠠᠷ ᠤᠰᠤ ᠳᠠᠮᠵᠢᠭᠤᠯᠵᠤ ᠭᠠᠯ ᠤᠨᠲᠠᠷᠠᠭᠠᠬᠤ ᠪᠤᠶᠤ ᠠᠰᠠᠷ ᠤᠨ ᠳᠠᠪᠬᠤᠷᠭ᠎ᠠ ᠳᠠᠬᠢ ᠭᠠᠯ ᠤᠨᠲᠠᠷᠠᠭᠠᠬᠤ ᠬᠡᠷᠡᠭᠰᠡᠯ ᠢ ᠠᠰᠢᠭᠯᠠᠨ ᠭᠠᠯ ᠤᠨ ᠦᠵᠦᠭᠦᠷ ᠢ ᠴᠠᠭ ᠲᠤᠬᠠᠶ ᠳᠤᠨᠢ ᠤᠨᠲᠠᠷᠠᠭᠠᠨ᠎ᠠ᠃ ᠲᠣᠰᠣᠨ ᠲᠣᠭᠤᠭᠠᠨ ᠳᠤ ᠭᠠᠯ ᠭᠠᠷᠪᠠᠯ ᠰᠢᠭᠤᠳ ᠬᠠᠪᠬᠠᠭᠠᠰᠤ ᠶᠢ ᠨᠢ ᠳᠠᠷᠤᠵᠤ ᠭᠠᠯ ᠤᠨᠲᠠᠷᠠᠭᠠᠨ᠎ᠠ︔ ᠭᠡᠷ ᠤᠨ ᠴᠠᠬᠢᠯᠭᠠᠨ ᠬᠡᠷᠡᠭᠰᠡᠯ ᠳᠤ ᠭᠠᠯ ᠭᠠᠷᠪᠠᠯ᠂ ᠤᠷᠢᠳ ᠢᠶᠠᠷ ᠴᠠᠬᠢᠯᠭᠠᠨ ᠡᠭᠦᠰᠭᠡᠭᠴᠢ ᠶᠢ ᠨᠢ ᠲᠠᠰᠤᠯᠵᠤ᠂ ᠳᠠᠷᠠᠭ᠎ᠠ ᠨᠢ ᠨᠣᠣᠰᠣᠨ ᠬᠥᠨᠵᠢᠯᠡ᠂ ᠬᠥᠪᠥᠩ ᠬᠥᠨᠵᠢᠯᠡ ᠪᠠᠷ ᠪᠦᠲᠡᠵᠦ ᠭᠠᠯ ᠤᠨᠲᠠᠷᠠᠭᠠᠨ᠎ᠠ᠂ ᠬᠡᠷᠪᠡ ᠤᠨᠲᠠᠷᠠᠭᠰᠠᠨ ᠦᠭᠡᠢ ᠪᠣᠯ ᠰᠠᠶ᠋ᠢ ᠤᠰᠤ ᠪᠠᠷ ᠤᠰᠤᠯᠠᠨ᠎ᠠ᠃ ᠲᠧᠯᠸᠢᠰ ᠲᠤ ᠭᠠᠯ ᠲᠠᠯᠪᠢᠬᠤ ᠳᠤ ᠬᠡᠷᠡᠭᠯᠡᠬᠦ ᠨᠣᠣᠰᠣᠨ ᠲᠠᠩᠰᠠ᠂ ᠬᠥᠪᠥᠩ ᠬᠥᠨᠵᠢᠯᠡ ᠪᠠᠷ ᠭᠠᠯ ᠤᠨᠲᠠᠷᠠᠭᠠᠬᠤ ᠦᠶ᠎ᠡ ᠳᠤ ᠬᠥᠮᠦᠰ ᠬᠠᠵᠠᠭᠤ ᠲᠠᠯ᠎ᠠ ᠳᠤᠨᠢ ᠵᠣᠭᠰᠣᠵᠤ᠂ ᠳᠦᠷᠰᠦᠨ ᠬᠤᠭᠤᠯᠠᠶ ᠳᠡᠯᠪᠡᠷᠡᠵᠦ ᠬᠥᠮᠦᠨ ᠢ ᠰᠢᠷᠬᠠᠲᠤᠭᠤᠯᠬᠤ ᠠᠴᠠ ᠰᠡᠷᠭᠡᠶᠢᠯᠡᠨ᠎ᠡ︔ ᠨᠡᠭᠦᠷᠡᠰᠦᠨ ᠬᠡᠢ᠂ ᠰᠢᠩᠭᠡᠵᠢᠮᠠᠯ ᠬᠡᠢ ᠶᠢᠨ ᠵᠤᠤᠬ᠎ᠠ ᠳᠤ ᠭᠠᠯ ᠭᠠᠷᠪᠠᠯ᠂ ᠤᠷᠢᠳ ᠢᠶᠠᠷ ᠨᠡᠭᠡᠯᠡᠬᠡᠶ ᠶᠢ ᠨᠢ ᠬᠠᠭᠠᠵᠤ᠂ ᠬᠤᠷᠮᠦ᠋ᠢᠪᠴᠢ᠂ ᠬᠤᠪᠴᠠᠰᠤ ᠬᠤᠨᠠᠷ᠂ ᠬᠥᠪᠥᠩ ᠬᠥᠨᠵᠢᠯᠡ ᠵᠡᠷᠭᠡ ᠶᠢ ᠤᠰᠤᠨ ᠳᠤ ᠳᠡᠪᠲᠦᠭᠡᠭᠰᠡᠨ ᠤ ᠳᠠᠷᠠᠭ᠎ᠠ ᠳᠠᠷᠤᠵᠤ ᠳᠡᠭᠡᠭᠰᠢ ᠤᠰᠤᠯᠠᠵᠤ ᠤᠨᠲᠠᠷᠠᠭᠠᠨ᠎ᠠ᠃ ᠭᠠᠯ ᠤᠨᠲᠠᠷᠠᠭᠠᠬᠤ ᠦᠶ᠎ᠡ ᠳᠤ ᠡᠭᠦᠳᠡ ᠴᠣᠩᠬᠤ ᠪᠠᠨ ᠠᠯᠭᠤᠷᠬᠠᠨ ᠨᠡᠭᠡᠭᠡᠵᠦ᠂ ᠠᠭᠠᠷ ᠤᠨ ᠰᠣᠯᠢᠭ ᠤᠷᠤᠰᠬᠠᠯ ᠤᠨ ᠭᠠᠯ ᠤᠨ ᠳᠥᠯᠥ ᠶᠢᠨ ᠲᠦᠷᠭᠡᠨ ᠲᠠᠷᠬᠠᠬᠤ ᠪᠠ ᠭᠠᠯ ᠤᠨ ᠳᠥᠯᠥ ᠶᠢᠨ ᠭᠡᠨᠡᠳᠲᠡ ᠪᠠᠷ ᠬᠥᠮᠦᠨ ᠢ ᠰᠢᠷᠬᠠᠲᠤᠭᠤᠯᠬᠤ ᠠᠴᠠ ᠵᠠᠶᠢᠯᠠᠰᠬᠢᠬᠦ ᠬᠡᠷᠡᠭᠲᠡᠶ᠃ ᠭᠠᠯ ᠭᠠᠷᠤᠭᠰᠠᠨ ᠭᠠᠵᠠᠷ ᠤᠨ ᠳᠠᠭᠠᠯᠳᠤᠪᠤᠷᠢ ᠬᠡᠰᠡᠭ ᠤᠨ ᠰᠢᠲᠠᠮᠠᠬᠠᠶ ᠪᠣᠳᠠᠰ ᠵᠢᠴᠢ ᠰᠢᠩᠭᠡᠨᠵᠢᠮᠡᠯ ᠬᠡᠢ ᠶᠢᠨ ᠰᠠᠪᠠ ᠶᠢ ᠴᠠᠭ ᠲᠤᠬᠠᠶ ᠳᠤᠨᠢ ᠠᠶᠤᠯ ᠦᠭᠡᠢ ᠭᠠᠵᠠᠷ ᠲᠤ ᠲᠠᠷᠬᠠᠭᠠᠨ ᠶᠠᠪᠤᠭᠤᠯᠬᠤ ᠬᠡᠷᠡᠭᠲᠡᠶ᠃     ᠰᠤᠷᠪᠤᠯᠵᠢᠯᠠᠭᠴᠢ᠄ ᠰᠠᠭᠤᠭᠠᠯᠢ ᠠᠷᠠᠳ ᠳᠤᠲᠠᠭᠠᠵᠤ ᠪᠣᠯᠬᠤ ᠦᠭᠡᠶ ᠭᠡᠳᠡᠭ ᠢ ᠮᠡᠳᠡᠭᠰᠡᠨ ᠦᠶ᠎ᠡ ᠳᠤ ᠪᠢᠳᠡ ᠲᠤᠰᠠᠯᠠᠮᠵᠢ ᠬᠦᠯᠢᠶᠡᠬᠦ ᠣᠷᠴᠢᠨ ᠲᠣᠭᠤᠷᠢᠨ ᠤ ᠠᠮᠤᠷ ᠲᠦᠪᠰᠢᠨ ᠤ ᠴᠢᠨᠠᠷ ᠢ ᠬᠡᠷᠬᠢᠨ ᠨᠡᠮᠡᠭᠳᠡᠭᠦᠯᠬᠦ ᠪᠤᠶ︖ ᠥᠪᠡᠷ ᠤᠨ ᠠᠮᠤᠷ ᠲᠦᠪᠰᠢᠨ ᠢᠶᠠᠨ ᠬᠡᠷᠬᠢᠨ ᠨᠡᠮᠡᠭᠳᠡᠭᠦᠯᠬᠦ ᠪᠤᠢ︖     ᠵᠣᠣ ᠬᠠᠶ ᠯᠦᠩ᠄ ᠠᠰᠠᠷ ᠤᠨ ᠳᠣᠲᠣᠷᠠᠬᠢ ᠪᠤᠰᠤᠳ ᠠᠶᠢᠯ ᠪᠤᠶᠤ ᠠᠰᠠᠷ ᠤᠨ ᠱᠠᠲᠤᠨ ᠳᠤ ᠭᠠᠯ ᠤᠨ ᠠᠶᠤᠯ ᠭᠠᠷᠤᠭᠰᠠᠨ ᠢ ᠮᠡᠳᠡᠭᠰᠡᠨ ᠦᠶ᠎ᠡ ᠳᠤ᠂ ᠡᠩ ᠲᠡᠷᠢᠭᠦᠨ ᠳᠤ ᠡᠭᠦᠳᠡ ᠶᠢ ᠨᠢ ᠲᠡᠮᠲᠡᠷᠢᠵᠦ ᠦᠵᠡᠶ᠎ᠡ᠃ ᠡᠭᠦᠳᠡ ᠬᠠᠯᠠᠭᠤᠯᠬᠤ ᠪᠤᠶᠤ ᠡᠭᠦᠳᠡ ᠬᠠᠷᠠᠵᠤ ᠪᠠᠶᠢᠭᠠᠳ ᠠᠰᠠᠷ ᠤᠨ ᠬᠤᠩᠭᠢᠯ ᠳᠤ ᠥᠳᠬᠡᠨ ᠤᠲᠤᠭ᠎ᠠ ᠬᠠᠮᠠᠷ ᠭᠠᠳᠠᠮ᠎ᠠ ᠪᠠᠶᠢᠬᠤ ᠦᠶ᠎ᠡ ᠳᠤ ᠡᠭᠦᠳᠡ ᠪᠠᠨ ᠬᠠᠭᠠᠵᠤ ᠡᠭᠦᠳᠡᠨ ᠤ ᠵᠠᠪᠰᠠᠷ ᠢ ᠪᠥᠭᠯᠡᠪᠡᠯ ᠵᠣᠬᠢᠨ᠎ᠠ᠃ ᠤᠲᠤᠭ᠎ᠠ ᠦᠭᠡᠢ ᠥᠷᠥᠭᠡᠨ ᠳᠤ ᠳᠠᠯᠳᠠᠯᠠᠵᠤ᠂ ᠡᠭᠦᠳᠡ ᠪᠠᠨ ᠬᠠᠭᠠᠵᠤ ᠴᠣᠩᠬᠤ ᠪᠠᠨ ᠨᠡᠭᠡᠭᠡᠵᠦ᠂ ᠴᠠᠭᠳᠠᠭ᠎ᠠ ᠳᠤ ᠮᠡᠳᠡᠭᠦᠯᠬᠦ ᠤᠲᠠᠰᠤ ᠪᠠᠷ ᠠᠪᠤᠷᠠᠯ ᠳᠠᠭᠤᠳᠠᠵᠤ᠂ ᠲᠤᠰᠠᠯᠠᠮᠵᠢ ᠬᠦᠯᠢᠶᠡᠵᠦ ᠪᠠᠶᠢᠭ᠎ᠠ ᠥᠷᠥᠭᠡ ᠪᠠᠨ ᠪᠠᠲᠤ ᠰᠠᠬᠢᠬᠤ ᠳᠤ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄1.ᠭᠡᠷ ᠤᠨ ᠡᠭᠦᠳᠡ ᠨᠢ ᠤᠲᠤᠭ᠎ᠠ ᠶᠢ ᠬᠠᠯᠬᠠᠯᠠᠨ ᠬᠠᠯᠠᠭᠤᠨ ᠢ ᠬᠠᠯᠬᠠᠯᠠᠵᠦ ᠴᠢᠳᠠᠨ᠎ᠠ᠂ ᠬᠡᠷᠪᠡ ᠡᠭᠦᠳᠡᠨ ᠳᠡᠭᠡᠷ᠎ᠡ ᠨᠢ ᠴᠣᠭᠤᠯᠪᠤᠷᠢᠯᠠᠬᠤ ᠲᠣᠨᠣᠭᠯᠠᠯ᠂ ᠰᠦᠯᠢᠶᠣᠣ ᠴᠠᠪᠠᠤ ᠶᠢᠨ ᠮᠠᠲ᠋ᠧᠷᠢᠶᠠᠯ᠂ ᠡᠩ ᠤᠨ ᠰᠢᠯ ᠵᠡᠷᠭᠡ ᠲᠠᠢ ᠪᠣᠯ ᠪᠦᠷ ᠪᠣᠯᠬᠤ ᠦᠭᠡᠢ︔  2. ᠭᠠᠳᠠᠭᠰᠢ ᠨᠡᠭᠡᠭᠡᠭᠰᠡᠨ ᠲᠠᠯᠠᠪᠠᠶ ᠨᠢ ᠶᠡᠭᠡ ᠴᠣᠩᠬᠤ ᠲᠠᠢ ᠪᠠᠶᠢᠬᠤ ᠬᠡᠷᠡᠭᠲᠡᠶ᠂ ᠨᠡᠭᠡᠭᠡᠭᠰᠡᠨ ᠲᠠᠯᠠᠪᠠᠶ ᠨᠢ ᠪᠡᠶ᠎ᠡ ᠪᠠᠷ ᠢᠶᠠᠨ ᠥᠩᠭᠡᠷᠡᠵᠦ ᠳᠡᠶᠢᠯᠦᠨ᠎ᠡ᠂ ᠨᠡᠭᠡᠭᠡᠭᠰᠡᠨ ᠴᠣᠩᠬᠤ ᠨᠢ ᠬᠡᠷ ᠳᠣᠲᠣᠷᠠᠬᠢ ᠥᠳᠬᠡᠨ ᠤᠲᠤᠭ᠎ᠠ ᠶᠢ ᠰᠠᠷᠨᠢᠭᠤᠯᠵᠤ᠂ ᠠᠪᠤᠷᠠᠯ ᠭᠤᠶᠤᠬᠤ ᠪᠠ ᠥᠪᠡᠷ ᠢ ᠪᠠᠨ ᠠᠪᠤᠷᠠᠬᠤ ᠳᠤ ᠴᠤ ᠲᠥᠬᠦᠮ ᠪᠣᠯᠭᠠᠨ᠎ᠠ︔  3. ᠠᠮᠠᠷᠬᠠᠨ ᠰᠢᠲᠠᠬᠤ ᠥᠬᠡᠶ ᠮᠠᠲ᠋ᠧᠷᠢᠶᠠᠯ ᠪᠣᠯ ᠠᠮᠠᠷᠬᠠᠨ ᠨᠤᠷᠠᠬᠤ ᠥᠬᠡᠶ᠃ ᠲᠤᠰᠠᠯᠠᠮᠵᠢ ᠬᠦᠯᠢᠶᠡᠬᠦ ᠳᠡᠭᠡᠨ ᠴᠠᠭᠳᠠᠭ᠎ᠠ ᠳᠤ ᠮᠡᠳᠡᠭᠦᠯᠬᠦ  ᠤᠲᠠᠰᠤ ᠪᠠᠷ ᠤᠲᠠᠰᠤᠳᠠᠬᠤ ᠪᠠ ᠨᠡᠭᠡᠭᠡᠭᠰᠡᠨ ᠭᠠᠳᠠᠷ ᠴᠣᠩᠬᠤ ᠪᠠᠷ ᠠᠪᠤᠷᠠᠯ ᠭᠤᠶᠤᠬᠤ ᠬᠡᠷᠡᠭᠲᠡᠶ᠃  ᠂ ᠡᠳᠦᠷ ᠨᠢ ᠭᠠᠳᠠᠷ ᠴᠣᠩᠬᠤᠨ ᠳᠤ ᠢᠯᠡ ᠲᠣᠳᠣ ᠬᠤᠪᠴᠠᠰᠤ ᠬᠤᠨᠠᠷ ᠢᠶᠠᠨ ᠬᠥᠳᠡᠯᠭᠡᠵᠦ᠂ ᠳᠡᠷ᠎ᠡ ᠮᠡᠲᠦ ᠶᠢᠨ ᠲᠣᠮᠣ ᠡᠵᠡᠯᠡᠬᠦᠨ ᠲᠠᠢ ᠵᠥᠭᠡᠯᠡᠨ ᠪᠣᠳᠠᠰ ᠢ ᠳᠣᠷᠣᠭᠰᠢ ᠬᠠᠶᠠᠵᠤ᠂ ᠲᠡᠮᠦᠷᠯᠢᠭ ᠢ ᠲᠣᠭᠰᠢᠵᠤ ᠳᠠᠭᠤ ᠭᠠᠷᠭᠠᠨ᠎ᠠ︔ ᠰᠥᠨᠢ ᠳᠡᠭᠡᠨ ᠭᠠᠷ ᠳ᠋ᠧᠩ ᠢᠶᠠᠨ ᠬᠥᠳᠡᠯᠭᠡᠵᠦ᠂ ᠶᠠᠭᠤᠮ᠎ᠠ ᠬᠡᠤᠮ᠎ᠡ ᠪᠠᠨ ᠲᠣᠭᠰᠢᠵᠤ ᠲᠠᠭᠤ ᠭᠠᠷᠭᠠᠳᠠᠭ᠃     ᠰᠤᠷᠪᠤᠯᠵᠢᠯᠠᠭᠴᠢ᠄ ︽ᠶᠢᠰᠦᠨ ᠵᠢᠵᠢᠭ︾ ᠲᠠᠯᠠᠪᠤᠷ ᠭᠡᠳᠡᠭ ᠨᠢ ᠶᠠᠮᠠᠷ ᠶᠠᠮᠠᠷ ᠲᠠᠯᠠᠪᠤᠷ ᠭᠠᠵᠠᠷ ᠢ ᠵᠢᠭᠠᠵᠤ ᠪᠠᠶᠢᠬᠤ ᠪᠣᠶ︖ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠤ ᠶᠠᠭᠤ ᠶᠢ ᠠᠩᠬᠠᠷᠪᠠᠯ ᠵᠣᠬᠢᠬᠤ ᠪᠣᠶ︖     ᠵᠣᠣ ᠬᠠᠶ ᠯᠦᠩ᠄ ︽ᠶᠢᠰᠦᠨ ᠪᠠᠭ᠎ᠠ︾ ᠲᠠᠯᠠᠪᠤᠷ ᠭᠡᠳᠡᠭ ᠨᠢ ᠪᠠᠭ᠎ᠠ ᠰᠤᠷᠭᠠᠭᠤᠯᠢ ᠪᠤᠶᠤ ᠬᠡᠤᠬᠡᠳ ᠤᠨ ᠴᠡᠴᠡᠷᠯᠢᠭ᠂ ᠪᠠᠭ᠎ᠠ ᠡᠮᠨᠡᠯᠭᠡ ᠶᠢᠨ ᠬᠤᠷᠢᠶ᠎ᠠ᠂ ᠪᠠᠭ᠎ᠠ ᠳᠡᠯᠭᠡᠭᠦᠷ᠂ ᠪᠠᠭ᠎ᠠ ᠢᠳᠡᠭᠡᠨ ᠤᠮᠳᠠᠭᠠᠨ ᠤ ᠲᠠᠯᠠᠪᠤᠷ᠂ ᠪᠠᠭ᠎ᠠ ᠪᠠᠭᠤᠳᠠᠯ᠂ ᠪᠠᠭ᠎ᠠ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ᠂ ᠪᠠᠭ᠎ᠠ ᠰᠦᠯᠵᠢᠶᠡᠨ ᠤ ᠪᠠᠭᠠᠷ᠂ ᠪᠠᠭ᠎ᠠ ᠵᠢᠰᠦ ᠭᠤᠶᠣᠯᠠᠬᠤ ᠤᠬᠢᠶᠠᠯᠭ᠎ᠠ ᠶᠢᠨ ᠲᠠᠯᠠᠪᠤᠷ᠂ ᠪᠠᠭ᠎ᠠ ᠦᠢᠯᠡᠳᠪᠤᠷᠢᠯᠡᠵᠤ ᠡᠳ᠋ᠰᠢᠭᠦᠯᠬᠦ ᠠᠵᠤ ᠠᠬᠤᠶᠢᠯᠠᠯ ᠤᠨ ᠶᠡᠷᠦᠩᠬᠡᠶ ᠨᠡᠷᠡᠶᠢᠳᠦᠯ ᠪᠣᠯᠤᠨ᠎ᠠ᠃     ︽ᠶᠢᠰᠦᠨ ᠵᠢᠵᠢᠭ︾ ᠲᠠᠯᠠᠪᠤᠷ ᠭᠠᠵᠠᠷ ᠤᠨ ᠠᠮᠤᠷ ᠲᠦᠪᠰᠢᠨ ᠤ ᠤᠬᠠᠮᠰᠠᠷ ᠪᠠᠭᠤᠷᠠᠶ᠂ ᠠᠮᠤᠷ ᠲᠦᠪᠰᠢᠨ ᠤ ᠠᠷᠭ᠎ᠠ ᠬᠡᠮᠵᠢᠶ᠎ᠡ ᠨᠢ ᠪᠠᠷᠢᠮᠵᠢᠶ᠎ᠠ ᠳᠤ ᠭᠦᠷᠦᠭᠰᠡᠨ ᠥᠬᠡᠶ ᠠᠴᠠ ᠪᠣᠯᠵᠣ᠂ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠮᠥᠷᠲᠡᠭᠡᠨ ᠬᠥᠮᠦᠨ ᠬᠠᠷ᠎ᠠ ᠨᠢᠭᠲᠠᠷᠠᠵᠤ ᠪᠠᠶᠢᠬᠤ ᠤᠴᠢᠷ ᠠᠴᠠ ᠲᠦᠢᠯ ᠤᠨ ᠠᠮᠠᠷᠬᠠᠨ ᠭᠠᠯ ᠤᠨ ᠠᠶᠤᠯ ᠭᠠᠷᠳᠠᠭ᠃ ᠡᠶᠢᠮᠦ ᠠᠴᠠ ︽ᠶᠢᠰᠦᠨ ᠵᠢᠵᠢᠭ︾ ᠲᠠᠯᠠᠪᠤᠷ ᠭᠠᠵᠠᠷ ᠢ ᠡᠳᠦᠷ ᠲᠤᠳᠤᠮ ᠤᠨ ᠡᠵᠡᠩᠨᠡᠯᠲᠡ ᠬᠢᠬᠦ ᠳᠡᠭᠡᠨ ᠠᠩᠬᠠᠷᠬᠤ ᠬᠡᠷᠡᠭᠲᠡᠶ᠄ ᠡᠳᠦᠷ ᠪᠦᠷᠢ ᠶᠢᠨ ᠭᠠᠯ ᠰᠡᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢ ᠪᠠᠷᠢᠮᠲᠠᠯᠠᠵᠤ᠂ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ︔ ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ᠂ ᠪᠠᠭᠠᠵᠢ ᠬᠡᠷᠡᠭᠰᠡᠯ ᠢ ᠪᠠᠶᠢᠷᠢᠯᠠᠭᠤᠯᠬᠤ ᠬᠡᠷᠡᠭᠲᠡᠶ︔ ᠲᠠᠷᠬᠠᠭᠠᠨ ᠶᠠᠪᠤᠭᠤᠯᠬᠤ ᠵᠠᠮ᠂ ᠠᠶᠤᠯ ᠦᠭᠡᠢ ᠭᠠᠷᠬᠤ ᠡᠭᠦᠳᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠯ ᠤᠨᠲᠠᠷᠠᠭᠠᠬᠤ ᠲᠡᠷᠭᠡ ᠶᠢ ᠡᠵᠡᠯᠡᠨ ᠬᠡᠷᠡᠭᠯᠡᠬᠦ ᠵᠠᠮ ᠢ ᠪᠥᠭᠯᠡᠬᠦ ᠦᠭᠡᠢ᠂ ᠭᠠᠯ ᠰᠡᠷᠭᠡᠶᠢᠯᠡᠬᠦ ᠬᠤᠭᠤᠷᠣᠨᠳᠣᠬᠢ ᠵᠠᠶ ᠶᠢ ᠪᠠᠲᠤᠯᠠᠬᠤ ᠬᠡᠷᠡᠭᠲᠡᠢ︔ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠨᠣᠴᠣᠮᠠᠲᠠᠭᠠᠶ ᠳᠡᠯᠪᠡᠷᠡᠮᠡᠲᠡᠭᠡᠶ ᠬᠢᠮᠢ ᠶᠢᠨ ᠠᠶᠤᠯᠲᠤ ᠪᠣᠳᠠᠰ ᠢ ᠬᠠᠤᠯᠢ ᠠᠴᠠ ᠵᠥᠷᠢᠴᠡᠨ ᠬᠠᠳᠠᠭᠠᠯᠠᠬᠤ ᠥᠬᠡᠶ︔ ᠴᠠᠬᠢᠯᠭᠠᠨ ᠬᠡᠷᠡᠭᠰᠡᠯ ᠤᠨ ᠬᠡᠯᠬᠢᠶ᠎ᠡ ᠶᠢ ᠳᠤᠷ᠎ᠠ ᠪᠠᠷ ᠢᠶᠠᠨ ᠲᠠᠲᠠᠵᠤ ᠵᠠᠯᠭᠠᠵᠤ ᠪᠣᠯᠬᠤ ᠦᠭᠡᠢ︔ ᠡᠭᠦᠳᠡ ᠴᠣᠩᠬᠤᠨ ᠳᠤ ᠲᠡᠮᠦᠷ ᠬᠡᠷᠡᠰᠬᠡ ᠲᠠᠭᠠᠷᠠᠭᠤᠯᠵᠤ ᠪᠣᠯᠬᠤ ᠦᠭᠡᠶ᠂ ᠵᠠᠷ ᠤᠨ ᠫᠠᠶᠢᠰᠠ ᠪᠤᠰᠬᠠᠵᠤ ᠠᠮᠢ ᠵᠢᠭᠤᠲᠠᠬᠤ ᠶᠢ ᠨᠥᠯᠥᠭᠡᠯᠡᠬᠦ ᠰᠠᠭᠠᠳ ᠪᠣᠳᠠᠰ ᠢ ᠲᠠᠯᠪᠢᠵᠤ ᠪᠣᠯᠬᠤ ᠦᠭᠡᠶ︔ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠯᠲᠡ ᠨᠢ ᠰᠢᠲᠠᠮᠠᠬᠠᠶ ᠪᠣᠳᠠᠰ ᠠᠴᠠ ᠬᠤᠯᠠ ᠪᠠᠶᠢᠳᠠᠭ᠃ ᠠᠵᠢᠯᠲᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠴᠢᠩᠭᠠᠳᠬᠠᠬᠤ  ᠬᠡᠷᠡᠭᠲᠡᠶ᠃     ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠲᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ ᠭᠠᠯ ᠭᠠᠷᠤᠭᠰᠠᠨ ᠠᠴᠠ ᠪᠣᠯᠵᠤ ᠬᠥᠮᠦᠨ ᠬᠠᠷ᠎ᠠ ᠠᠳᠡᠵᠦ ᠰᠢᠷᠬᠠᠲᠤᠭᠰᠠᠨ ᠣᠯᠠᠨ ᠬᠡᠷᠡᠭ ᠤᠨ ᠵᠢᠱᠢᠶ᠎ᠡ ᠭᠠᠷᠴᠠᠶ᠂ ᠪᠢᠳᠡ ᠡᠳᠦᠷ ᠲᠤᠲᠤᠮ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠳᠡᠭᠡᠨ ᠶᠠᠭᠤ ᠶᠢ ᠠᠩᠬᠠᠷᠪᠠᠯ ᠵᠣᠬᠢᠬᠤ ᠪᠤᠶ︖     ᠵᠣᠣ ᠬᠠᠶ ᠯᠦᠩ᠄ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠬᠦ ᠳᠡᠭᠡᠨ ᠶᠠᠭᠠᠬᠢᠭᠰᠠᠨ ᠴᠤ ᠪᠠᠷᠢᠯᠭ᠎ᠠ ᠶᠢᠨ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠠᠰᠠᠷ ᠤᠨ ᠱᠠᠲᠤᠨ ᠤ ᠥᠷᠥᠭᠡ᠂ ᠴᠠᠬᠢᠯᠭᠠᠨ ᠱᠠᠲᠤ ᠶᠢᠨ ᠡᠮᠦᠨ᠎ᠡ ᠥᠷᠥᠭᠡᠨ ᠳᠤ ᠴᠠᠬᠢᠯᠭᠠᠨ ᠴᠡᠨᠡᠭᠯᠡᠬᠦ ᠶᠢ ᠵᠣᠭᠰᠣᠭᠠᠵᠤ ᠪᠣᠯᠬᠤ ᠥᠬᠡᠶ︔ ᠴᠠᠬᠢᠯᠭᠠᠨ ᠴᠡᠨᠡᠭᠯᠡᠬᠦ ᠴᠠᠭ ᠢ ᠬᠡᠲᠦᠷᠬᠡᠶ ᠤᠷᠲᠤ ᠪᠠᠶᠢᠯᠭᠠᠵᠤ ᠪᠣᠯᠬᠤ ᠦᠭᠡᠢ᠂ ᠶᠡᠷᠦ ᠳᠡᠭᠡᠨ 8 ᠴᠠᠭ ᠤᠨ ᠳᠣᠲᠣᠷ᠎ᠠ ᠬᠢᠵᠠᠭᠠᠷᠯᠠᠨ᠎ᠠ︔ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ ᠶᠠᠭᠠᠬᠢᠭᠰᠠᠨ ᠴᠤ ᠪᠣᠯᠬᠤ ᠦᠭᠡᠶ᠃ ᠪᠠᠷᠢᠯᠭ᠎ᠠ ᠶᠢᠨ ᠭᠠᠳᠠᠷ ᠪᠡᠶ᠎ᠡ ᠪᠠᠨ ᠳᠠᠭᠠᠭᠠᠭᠰᠠᠨ ᠣᠷᠣᠨ ᠳᠤ ᠴᠠᠬᠢᠯᠭᠠᠨ ᠢ ᠲᠥᠪᠯᠡᠷᠡᠭᠦᠯᠦᠨ ᠴᠡᠨᠡᠭᠯᠡᠨ᠎ᠡ︔ ᠴᠠᠬᠢᠯᠭᠠᠨ ᠴᠡᠨᠡᠭᠯᠡᠬᠦ ᠳᠡᠭᠡᠨ ᠬᠠᠮᠤᠭ ᠰᠠᠶᠢᠨ ᠨᠢ ᠡᠳᠦᠷ ᠢᠶᠠᠷ ᠴᠠᠬᠢᠯᠭᠠᠨ ᠴᠡᠨᠡᠭᠯᠡᠨ᠎ᠡ᠂ ᠬᠠᠷᠠᠵᠤ ᠬᠠᠮᠢᠶᠠᠷᠬᠤ ᠬᠥᠮᠦᠨ ᠤᠢᠭᠡᠢ ᠪᠠᠶᠢᠳᠠᠯ ᠳᠣᠣᠷ᠎ᠠ ᠴᠠᠬᠢᠯᠭᠠᠨ ᠴᠡᠨᠡᠭᠯᠡᠵᠦ ᠪᠣᠯᠬᠤ ᠤᠢᠭᠡᠢ︔ ᠡᠷᠬᠡᠪᠰᠢ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠠᠴᠠ ᠬᠤᠯᠠ ᠵᠠᠶᠢᠳᠠᠭᠤ ᠪᠠᠶᠢᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠠᠴᠠ ᠪᠣᠯᠵᠤ ᠨᠡᠩ ᠶᠡᠭᠡ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃     ᠰᠤᠷᠪᠤᠯᠵᠢᠯᠠᠭᠴᠢ᠄ ᠣᠶᠢᠷ᠎ᠠ ᠳᠤ᠂ ᠥᠪᠥᠷ ᠮᠣᠩᠭᠤᠯ ᠪᠤᠶᠤ ᠤᠯᠠᠭᠠᠨᠴᠠᠪ ᠴᠢᠨᠠᠭᠰᠢᠯᠠᠪᠠᠯ ᠬᠤᠸᠠᠳᠧ ᠮᠡᠲᠦ ᠶᠢᠨ ᠭᠠᠯ ᠰᠡᠷᠭᠡᠶᠢᠯᠡᠬᠦ ᠲᠥᠪ ᠤᠨ ᠬᠢᠨ᠂ ᠮᠠᠨ ᠤ ᠪᠠᠶᠢᠭᠤᠯᠭ᠎ᠠ ᠳᠤ ᠭᠠᠯ ᠤᠨᠲᠠᠷᠠᠭᠠᠬᠤ ᠪᠣᠯᠪᠠᠰᠤᠷᠠᠯ ᠬᠦᠷᠲᠡᠭᠡᠬᠦ ᠬᠡᠷᠡᠭᠲᠡᠶ᠂ ᠬᠡᠷᠪᠡ ᠪᠣᠯᠪᠠᠰᠤᠷᠠᠯ ᠬᠦᠷᠲᠡᠭᠡᠬᠦ ᠥᠬᠡᠶ ᠪᠣᠯ ᠶᠠᠮᠠᠷ ᠰᠢᠢᠳᠭᠡᠯ‌ᠣᠯᠵᠤ ᠮᠡᠳᠡᠨ᠎ᠡ᠂ ᠮᠠᠨ ᠤ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠪᠣᠯᠪᠠᠰᠤᠷᠠᠯ ᠳᠤ ᠰᠦᠢᠳᠭᠡᠯ ᠬᠤᠷᠢᠶᠠᠬᠤ ᠡᠰᠡᠬᠦ᠂ ᠪᠣᠯᠪᠠᠰᠤᠷᠠᠯ ᠬᠢᠬᠦ ᠦᠶ᠎ᠡ ᠳᠤ ᠦᠢᠯᠡᠳᠭᠦᠨ ᠢᠶᠠᠨ ᠪᠣᠷᠣᠯᠠᠭᠤᠯᠤᠨ᠎ᠠ ᠤᠤ︖ ᠭᠡᠵᠦ ᠨᠡᠶᠢᠭᠡᠮ ᠤᠨ ᠪᠠᠶᠢᠭᠤᠯᠤᠯᠭ᠎ᠠ ᠦᠷᠭᠦᠯᠵᠢ ᠤᠲᠠᠰᠤ ᠲᠤᠰᠳᠠᠭ ᠪᠠᠶᠢᠨ᠎ᠠ᠂     ᠵᠣᠣ ᠬᠠᠶ ᠯᠦᠩ᠄ ᠣᠶᠢᠷ᠎ᠠ ᠳᠤ᠂ ᠮᠠᠨ ᠤ ᠶᠡᠭᠡ ᠠᠩᠭᠢ ︽XX ᠭᠠᠯ ᠤᠨᠲᠠᠷᠠᠭᠠᠬᠤ ᠶᠡᠭᠡ ᠠᠩᠭᠢ︾ ᠶᠢᠨ ᠨᠡᠷ᠎ᠡ ᠪᠠᠷ ᠡᠳ᠋ ᠪᠣᠳᠠᠰ ᠬᠤᠳᠠᠯᠳᠤᠨ ᠠᠪᠬᠤ᠂ ᠬᠥᠳᠡᠯᠭᠡᠭᠡᠨ ᠬᠢᠵᠦ ᠬᠤᠭᠤᠯᠠ ᠵᠠᠬᠢᠶᠠᠯᠠᠬᠤ᠂ ᠳᠠᠭᠠᠭᠠᠴᠢᠯᠠᠯᠲᠠ ᠵᠠᠷᠯᠠᠵᠤ ᠭᠠᠯ ᠤᠨᠲᠠᠷᠠᠭᠠᠬᠤ ᠢᠨᠵᠧᠨᠧᠷᠢᠩ ᠵᠡᠷᠭᠡ ᠮᠡᠬᠡᠯᠡᠯ ᠤᠨ ᠠᠵᠢᠯᠯᠠᠭ᠎ᠠ  ᠶᠢ ᠤᠯᠠᠨ ᠤᠳᠠᠭ᠎ᠠ ᠲᠤᠰᠴᠤ ᠠᠪᠤᠭᠰᠠᠨ ᠪᠠ ︽XX ᠭᠠᠯ ᠰᠡᠷᠭᠡᠶᠢᠯᠡᠬᠦ ᠤᠬᠠᠭᠤᠯᠭ᠎ᠠ ᠶᠢᠨ ᠲᠥᠪ︾᠂ ︽XX ᠭᠠᠯ ᠰᠡᠷᠭᠡᠶᠢᠯᠡᠬᠦ ᠪᠣᠯᠪᠠᠰᠤᠷᠠᠯ ᠤᠨ ᠲᠥᠪ︾ ᠵᠡᠷᠭᠡ ᠪᠠᠶᠢᠭᠤᠯᠤᠮᠵᠢ ᠶᠢᠨ ᠨᠡᠷ᠎ᠡ ᠪᠠᠷ ᠵᠠᠬᠢᠳᠠᠯ ᠢᠯᠡᠭᠡᠵᠦ ︽ᠰᠦᠢᠳᠬᠡᠯ ᠬᠤᠷᠢᠶᠠᠬᠤ ᠦᠭᠡᠶ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ︾᠂ ︽ᠰᠦᠢᠳᠬᠡᠯ ᠬᠤᠷᠢᠶᠠᠬᠤ ᠦᠭᠡᠶ ᠪᠠᠷ ᠭᠠᠯ ᠤᠨᠲᠠᠷᠠᠭᠠᠬᠤ ᠮᠡᠳᠡᠯᠭᠡ ᠶᠢᠨ ᠲᠠᠶᠢᠯᠤᠮᠵᠢ︾ ᠶᠢ ᠥᠷᠨᠢᠭᠦᠯᠬᠦ ᠪᠠᠷ ᠣᠯᠠᠨ ᠤᠳᠠᠭᠠᠨ ᠤ ᠠᠵᠢᠯᠯᠠᠭ᠎ᠠ ᠶᠢ ᠬᠦᠯᠢᠶᠡᠨ ᠠᠪᠤᠭᠰᠠᠨ ᠪᠠᠶᠢᠨ᠎ᠠ᠂ ᠡᠭᠦᠨ ᠳᠤ ᠮᠠᠨ ᠤ ᠶᠡᠭᠡ ᠠᠩᠭᠢ ︽XX ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠲᠥᠪ︾᠂ ︽XX ᠭᠠᠯ ᠰᠡᠷᠭᠡᠶᠢᠯᠡᠬᠦ ᠠᠵᠢᠯ ᠤᠨ ᠪᠣᠯᠪᠠᠰᠤᠷᠠᠯ ᠤᠨ ᠲᠥᠪ︾ ᠭᠡᠬᠦ ᠮᠡᠲᠦ ᠶᠢᠨ ᠠᠵᠢᠯᠯᠠᠭ᠎ᠠ ᠶᠢ ᠬᠦᠯᠢᠶᠡᠨ ᠠᠪᠤᠭᠰᠠᠨ ᠪᠠᠶᠢᠨ᠎ᠠ᠃ ᠦᠨᠡᠨ ᠳᠡᠭᠡᠨ ᠪᠣᠷᠣᠯᠠᠭᠤᠯᠭ᠎ᠠ ᠶᠢ ᠳᠡᠯᠭᠡᠷᠡᠭᠦᠯᠵᠦ᠂ ᠡᠯ᠎ᠡ ᠲᠥᠷᠥᠯ ᠤᠨ ︽ᠥᠨᠳᠥᠷ ᠦᠨ᠎ᠡ︾᠂ ︽ᠳᠡᠭᠡᠳᠦ ᠰᠢᠨᠵᠢᠯᠡᠬᠦ ᠤᠬᠠᠭᠠᠨ ᠮᠡᠷᠭᠡᠵᠢᠯ︾ ᠤᠨ ᠭᠠᠯ ᠤᠨᠲᠠᠷᠠᠭᠠᠬᠤ ᠦᠢᠯᠡᠳᠭᠦᠨ ᠢ ᠠᠯᠪᠠᠳᠠᠯᠭ᠎ᠠ ᠪᠠᠷ ᠪᠣᠷᠣᠯᠠᠭᠤᠯᠬᠤ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠶᠢᠨ ᠲᠥᠯᠥᠭᠡ ᠶᠤᠮ᠃     ᠠᠳᠡ᠂ ᠬᠤᠸᠠᠳᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠲᠥᠪ ᠴᠢᠩᠭ᠎ᠠ ᠪᠠᠷ ᠢᠯᠡᠷᠬᠡᠶᠢᠯᠡᠭᠰᠡᠨ ᠨᠢ᠄ ᠡᠶᠢᠮᠦᠷᠬᠦ ᠪᠠᠶᠢᠭᠤᠯᠤᠮᠵᠢ ᠨᠢ ᠴᠥᠮ ᠮᠠᠨ ᠤ ᠶᠡᠭᠡ ᠠᠩᠬᠢ ᠶᠢᠨ ᠬᠤᠯᠪᠣᠭ᠎ᠠ ᠪᠦᠬᠦᠢ ᠪᠠᠶᠢᠭᠤᠯᠤᠮᠵᠢ ᠪᠢᠰᠢ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠨᠠᠷᠢᠨ ᠬᠢᠨᠠᠮᠠᠭᠠᠢ ᠢᠯᠭᠠᠨ ᠲᠤᠲᠤᠯᠠᠬᠤ  ᠪᠤᠯᠪᠤᠤ᠃ ᠮᠠᠨ ᠤ ᠶᠡᠭᠡ ᠠᠩᠭᠢ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠬᠦ ᠳᠤ ᠶᠠᠮᠠᠷ ᠴᠤ ᠵᠠᠷᠤᠳᠠᠯ ᠬᠤᠷᠢᠶᠠᠬᠤ ᠥᠬᠡᠶ᠂ ᠶᠠᠮᠠᠷ ᠴᠤ ᠨᠡᠷ᠎ᠡ᠂ ᠶᠠᠮᠠᠷ ᠴᠤ ᠠᠷᠭ᠎ᠠ ᠬᠡᠯᠪᠡᠷᠢ ᠪᠠᠷ ᠡᠯ᠎ᠡ  ᠵᠦᠢᠯ ᠤᠨ ᠭᠠᠯ ᠤᠨᠲᠠᠷᠠᠭᠠᠬᠤ ᠦᠢᠯᠡᠳᠭᠦᠨ ᠢ ᠳᠡᠯᠭᠡᠷᠡᠭᠦᠯᠬᠦ᠂ ᠤᠬᠠᠭᠤᠯᠬᠤ ᠪᠠ ᠵᠢᠭᠠᠨ ᠲᠣᠭᠲᠠᠭᠠᠵᠤ ᠪᠣᠷᠣᠯᠠᠭᠤᠯᠬᠤ ᠥᠬᠡᠶ᠃     ᠡᠯ᠎ᠡ ᠨᠢᠭᠡᠴᠡ ᠨᠦᠭᠦᠳ ᠬᠡᠷᠪᠡ ︽ᠰᠦᠢᠳᠬᠡᠯ ᠬᠤᠷᠢᠶᠠᠬᠤ ᠦᠭᠡᠶ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ︾᠂ ︽ᠰᠦᠢᠳᠬᠡᠯ ᠬᠤᠷᠢᠶᠠᠬᠤ ᠦᠭᠡᠶ ᠪᠠᠷ ᠭᠠᠯ ᠤᠨᠲᠠᠷᠠᠭᠠᠬᠤ ᠮᠡᠳᠡᠯᠭᠡ ᠶᠢᠨ ᠲᠠᠶᠢᠯᠤᠮᠵᠢ︾᠂ ᠡᠳ᠋ ᠪᠠᠷᠠᠭ᠎ᠠ ᠬᠤᠳᠠᠯᠳᠤᠨ ᠠᠪᠬᠤ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠬᠤᠭᠤᠯᠠ ᠵᠠᠬᠢᠶᠠᠯᠠᠬᠤ ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠵᠡᠷᠭᠡ ᠪᠠᠶᠢᠳᠠᠯ ᠲᠠᠢ ᠬᠠᠷᠢᠯᠴᠠᠪᠠᠯ᠂ ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠠᠨ ᠤ ᠶᠡᠭᠡ ᠠᠩᠭᠢ ᠶᠢᠨ 0474  ̄ 7907119 ᠳ᠋ᠦᠭᠡᠷ ᠲᠤ ᠤᠲᠠᠰᠤᠳᠠᠵᠤ ᠬᠢᠨᠠᠨ ᠬᠠᠷᠭᠤᠭᠤᠯᠵᠤ ᠪᠣᠯᠤᠨ᠎ᠠ᠃         ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ         ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ         ᠣᠷᠴᠢᠭᠤᠯᠤᠭᠴᠢ᠄ ᠳᠤᠭᠤᠰ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2