ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ 2021 ᠣᠨ ᠤ ᠠᠵᠢᠯ ᠢ ᠥᠷᠨᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2022/1/20

    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ 2021 ᠣᠨ ᠤ ᠠᠵᠢᠯ ᠢ

ᠥᠷᠨᠢᠭᠦᠯᠦᠭᠰᠡᠨ ᠪᠠᠶᠢᠳᠠᠯ

             — ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠣᠪᠴᠢᠶᠠᠨ ᠤ

ᠳᠠᠷᠤᠭ᠎ᠠ ᠮᠠ ᠶᠠ ᠱᠧᠩ

   ᠰᠤᠷᠪᠤᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠦᠦ︖ ᠥᠨᠥᠳᠥᠷ ᠪᠢᠳᠡ ᠰᠢᠶᠠᠨ ᠤ ᠠᠵᠤ

ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠮᠠ ᠶᠠ ᠱᠧᠩ ᠨᠥᠬᠦᠷ ᠢ ︽ᠰᠦᠯᠵᠢᠶᠡᠨ

ᠳᠡᠭᠡᠷᠡᠬᠢ ᠰᠣᠷᠪᠤᠯᠵᠢᠯᠠᠭ᠎ᠠ︾ ᠳᠤ ᠠᠵᠠ ᠪᠠᠷ ᠤᠷᠢᠯ᠎ᠠ᠂ ᠮᠠ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ

ᠪᠠᠶᠢᠨ᠎ᠠ᠃

   ᠮᠠ ᠶᠠ ᠱᠧᠩ᠄ ᠰᠠᠶᠢᠨ ᠪᠠᠶᠢᠵᠠᠭᠠᠨ᠎ᠠ ᠦᠦ︖ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠤ ︽

ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠮᠥᠨ

ᠴᠦ ᠣᠯᠠᠨ ᠢᠶᠠᠷ ᠢᠶᠠᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ ᠢ ᠬᠠᠯᠠᠮᠵᠢᠯᠠᠨ

ᠳᠡᠮᠵᠢᠭᠰᠡᠨ ᠳᠤ ᠮᠠᠰᠢ ᠲᠠᠯᠠᠷᠬᠠᠵᠤ ᠪᠠᠶᠢᠨ᠎ᠠ᠃

   ᠨᠢᠭᠡ᠂ ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠡ᠂ ᠲᠠ ᠡᠩ ᠲᠡᠷᠢᠭᠦᠨ ᠳᠤ ᠡᠨᠡ ᠵᠢᠯ ᠤᠨ ᠠᠵᠤ

ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ

ᠲᠠᠨᠢᠯᠴᠠᠭᠤᠯᠤᠭᠠᠳ ᠥᠭᠭᠦᠨ᠎ᠡ ᠦᠦ︖

   ᠮᠠ ᠶᠠ ᠱᠧᠩ᠄

   ︵ᠨᠢᠭᠡ︶ 2021 ᠣᠨ ᠤ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ

   2021 ᠣᠨ ᠤ 1 ︱ 11 ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ

ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ 81.36 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ

ᠬᠤᠷᠳᠤᠴᠠ —6.32%᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ —20.

9% ᠪᠣᠯᠪᠠ᠃1-11 ᠰᠠᠷ᠎ᠠ ᠳᠤ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠬᠡᠷᠡᠭᠯᠡᠭᠰᠡᠨ ᠴᠠᠬᠢᠯᠭᠠᠨ ᠤ

ᠬᠡᠮᠵᠢᠶ᠎ᠡ 40.58 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.2%

ᠪᠠᠭᠤᠷᠠᠵᠠᠢ᠃1-11 ᠰᠠᠷ᠎ᠠ ᠳᠤ ᠬᠠᠶᠢᠯᠤᠰᠢ ᠶᠢᠨ ᠭᠠᠷᠤᠯᠲᠠ 102.6 ᠲᠦᠮᠡᠨ ᠲᠣᠨ ᠳᠤ ᠬᠦᠷᠴᠦ᠂ ᠠᠳᠠᠯᠢ

ᠬᠤᠭᠤᠴᠠᠭᠠᠨ ᠤ ᠬᠢ ᠠᠴᠠ 30.4% ᠪᠠᠷ ᠪᠠᠭᠤᠷᠠᠵᠤ᠂ ᠦᠢᠯᠡᠳᠬᠦᠨ ᠤ ᠥᠷᠲᠡᠭ ᠨᠢ 77.8 ᠳ᠋ᠦᠩᠰᠢᠭᠤᠷ

ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠪᠠᠭᠤᠷᠠᠪᠠ᠃

   ︵ᠬᠤᠶᠠᠷ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠲᠥᠷᠥᠯ ᠵᠦᠢᠯ ᠢ ᠲᠦᠯᠬᠢᠨ

ᠠᠬᠢᠭᠤᠯᠤᠭᠰᠠᠨ ᠪᠠᠶᠢᠳᠠᠯ

   2021 ᠣᠨ ᠤ ᠲᠥᠷᠥᠯ ᠵᠦᠢᠯ ᠢ ᠠᠬᠢᠭᠤᠯᠤᠭᠰᠠᠨ ᠪᠠᠶᠢᠳᠠᠯ

   2021 ᠣᠨ ᠳᠤ ᠪᠦᠬᠦ ᠰᠢᠶᠠᠨ ᠢᠶᠠᠷ ᠢᠶᠠᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ  6 ᠲᠦᠷᠦᠯ

ᠵᠦᠢᠯ ᠢ ᠬᠡᠷᠡᠭᠵᠢᠭᠦᠯᠵᠦ᠂ ᠡᠭᠦᠨ ᠳᠤ 2 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ 4 ᠲᠦᠷᠦᠯ ᠵᠦᠢᠯ ᠢ

ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 47.13 ᠳ᠋ᠦᠩᠰᠢᠭᠤᠷ ᠲᠥᠭᠦᠷᠢᠭ ᠲᠤ

ᠬᠦᠷᠴᠡᠢ᠃ 5 ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ 1 ᠲᠥᠷᠥᠯ ᠵᠦᠢᠯ ᠢ ᠠᠵᠢᠯ ᠡᠬᠢᠯᠡᠭᠦᠯᠦᠭᠡᠳᠦᠢ

ᠪᠠᠶᠢᠵᠤ᠂ 2021 ᠣᠨ ᠤ 1 ︱ 11 ᠰᠠᠷ᠎ᠠ ᠳᠤ 8.57 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠤᠯᠲᠠ ᠶᠢ ᠪᠡᠶᠡᠯᠡᠭᠦᠯᠪᠡ᠃

ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ

   4 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 35.97

ᠳ᠋ᠦᠩᠰᠢᠭᠤᠷ ᠲᠥᠭᠦᠷᠢᠭ ᠲᠤ ᠬᠦᠷᠴᠦ᠂ 2021 ᠣᠨ ᠤ 1 ︱ 11 ᠰᠠᠷ᠎ᠠ ᠳᠤ 5.35 ᠳ᠋ᠦᠩᠰᠢᠭᠤᠷ

ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠂ ᠡᠭᠦᠨ ᠳᠤ ᠲᠣᠰ ᠲᠣᠰ᠄

   1. ᠬᠤᠸᠠᠳᠧ ᠰᠢᠶᠠᠨ ᠤ ᠵᠦᠩ ᠲᠠᠢ ᠨᠢᠺᠧᠯ ᠲᠡᠮᠦᠷ ᠤᠨ ᠬᠢᠵᠠᠭᠠᠷᠲᠤ ᠺᠣᠮᠫᠠᠨᠢ ᠶᠢᠨ ᠵᠢᠯ ᠳᠤ 130 ᠲᠦᠮᠡᠨ

ᠲᠣᠨ ᠥᠨᠳᠥᠷ ᠨᠡᠭᠦᠷᠡᠰᠦᠲᠥ᠋ᠷᠥᠭᠴᠢᠲᠦ ᠾᠷᠣᠮᠲᠤ ᠲᠡᠮᠦᠷ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ

ᠮᠡᠷᠭᠡᠵᠢᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ

ᠢᠨᠵᠧᠨᠧᠷᠢᠩ ᠳᠤ᠂ ᠨᠡᠶᠢᠲᠡ 30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 3.5

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2 ᠰᠠᠤᠷᠢ ᠠᠭᠤᠷᠬᠠᠢ ᠶᠢᠨ ᠢᠯᠴᠢ ᠶᠢᠨ

ᠵᠤᠤᠬ᠎ᠠ ᠶᠢ ᠪᠠᠶᠢᠭᠤᠯᠤᠨ ᠳᠠᠭᠤᠰᠬᠠᠵᠤ᠂ ᠴᠠᠬᠢᠯᠭᠠᠨ ᠬᠠᠩᠭᠠᠬᠤ ᠱᠤᠭᠤᠮ ᠢ ᠥᠭᠡᠷᠡᠴᠢᠯᠡᠨ ᠤᠭᠰᠠᠷᠠᠬᠤ ᠶᠢ

ᠪᠡᠶᠡᠯᠡᠭᠦᠯᠵᠦ᠂ ᠢᠵᠢ ᠪᠦᠷᠢᠳᠦᠭᠦᠯᠬᠦ ᠪᠡᠯᠡᠳᠬᠡᠮᠵᠢ ᠶᠢ ᠶᠠᠭ ᠤᠭᠰᠠᠷᠠᠵᠤ ᠳᠠᠭᠤᠰᠬᠠᠪᠠ᠃

   2. ᠬᠤᠸᠠᠳᠧ ᠰᠢᠶᠠᠨ ᠤ ᠲᠢᠶᠠᠨ ᠴᠧᠩ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠶᠢᠨ ᠨᠢᠭᠲᠠ

ᠪᠢᠲᠡᠭᠦᠮᠵᠢᠯᠡᠭᠰᠡᠨ ᠴᠠᠬᠢᠭᠤᠷ ᠮᠠᠩᠭᠠᠨ ᠤ ᠠᠭᠤᠷᠬᠠᠢ ᠶᠢᠨ ᠢᠯᠴᠢ ᠶᠢᠨ ᠵᠤᠤᠬ᠎ᠠ ᠵᠢᠴᠢ ᠮᠠᠩᠭᠠᠨ ᠤ ᠰᠢᠭᠠᠷᠤ ᠶᠢᠨ

ᠥᠨᠳᠥᠷ ᠵᠤᠤᠬ᠎ᠠ ᠶᠢᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠶᠡᠷᠦᠩᠬᠡᠢ ᠪᠡᠯᠡ

ᠣᠷᠣᠭᠤᠯᠤᠯᠲᠠ ᠨᠢ 1.56 ᠳ᠋ᠦᠩᠰᠢᠭᠤᠷ ᠲᠥᠭᠦᠷᠢᠭ ᠲᠤ ᠬᠦᠷᠴᠦ᠂ 1.2 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠤᠯᠲᠠ ᠶᠢ ᠪᠡᠶᠡᠯᠡᠭᠦᠯᠵᠡᠢ᠂ ᠤᠳᠤ ᠶᠢᠨ ᠰᠡᠭᠦᠯ ᠤᠨ ᠬᠡᠢ ᠶᠢ ᠡᠭᠡᠭᠦᠯᠦᠨ ᠬᠤᠷᠢᠶᠠᠬᠤ ᠮᠡᠷᠭᠡᠵᠢᠯ ᠤᠨ

ᠥᠭᠡᠷᠡᠴᠢᠯᠡᠯᠲᠡ ᠳᠤ ᠤᠳᠤ ᠶᠠᠭ ᠬᠡᠢ ᠶᠢᠨ ᠠᠪᠳᠠᠷ᠎ᠠ ᠤᠭᠰᠠᠷᠠᠵᠤ ᠪᠠᠶᠢᠬᠤ ᠪᠥᠭᠡᠳ ᠨᠡᠭᠦᠷᠡᠰᠦᠨ ᠬᠡᠢ ᠶᠢᠨ

ᠬᠤᠭᠤᠯᠠᠢ ᠲᠠᠯᠪᠢᠵᠤ ᠪᠠᠶᠢᠨ᠎ᠠ᠂ ᠳᠣᠲᠣᠭᠠᠳᠤ ᠶᠢᠨ ᠴᠠᠬᠢᠯᠭᠠᠨ ᠨᠡᠪᠲᠡᠷᠡᠭᠦᠯᠬᠦ ᠲᠥᠬᠦᠭᠡᠷᠦᠮᠵᠢ ᠶᠢ ᠶᠠᠭ ᠤᠭᠰᠠᠷᠠᠵᠤ᠂

ᠠᠭᠤᠷ ᠤᠨ ᠲᠦᠷᠪᠢᠨ ᠢ ᠤᠭᠰᠠᠷᠠᠵᠤ ᠪᠤᠢ᠃

   3. ᠬᠤᠸᠠᠳᠧ ᠰᠢᠶᠠᠨ ᠤ ᠮᠧᠩ ᠳ᠋ᠡ ᠲᠢᠲ᠋ᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 30

ᠲᠦᠮᠡᠨ ᠲᠣᠨ ᠥᠨᠳᠥᠷ ᠲᠢᠲ᠋ᠠᠨ ᠤ ᠰᠢᠭᠠᠷᠤ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ

ᠲᠥᠷᠥᠯ ᠵᠦᠢᠯ ᠳᠤ᠂ ᠨᠡᠶᠢᠲᠡ 2.57 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 0.65 ᠳ᠋ᠦᠩᠰᠢᠭᠤᠷ

ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠯᠪᠠᠨ ᠠᠰᠠᠷ ᠢ ᠪᠠᠶᠢᠭᠤᠯᠤᠨ ᠳᠠᠭᠤᠰᠬᠠᠵᠤ᠂ 1 ᠰᠠᠤᠷᠢ

ᠠᠭᠤᠷᠬᠠᠢ ᠶᠢᠨ ᠢᠯᠴᠢ ᠶᠢᠨ ᠵᠤᠤᠬ᠎ᠠ ᠶᠢ ᠪᠠᠶᠢᠭᠤᠯᠤᠨ ᠳᠠᠭᠤᠰᠬᠠᠵᠤ᠂ 2 ᠰᠠᠤᠷᠢ 25500KVA

ᠠᠭᠤᠷᠬᠠᠢ ᠶᠢᠨ ᠢᠯᠴᠢ ᠶᠢᠨ ᠵᠤᠤᠬ᠎ᠠ ᠶᠢᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ 4 ᠰᠠᠤᠷᠢ ᠬᠦᠴᠦᠳᠡᠯ

ᠥᠭᠡᠷᠡᠴᠢᠯᠡᠬᠦ ᠥᠷᠲᠡᠭᠡ ᠶᠢᠨ ᠲᠥᠬᠦᠭᠡᠷᠦᠮᠵᠢ ᠶᠢ ᠵᠠᠬᠢᠶᠠᠯᠠᠨ ᠬᠤᠳᠠᠯᠳᠤᠵᠤ ᠳᠠᠭᠤᠰᠬᠠᠪᠠ᠃

   4. ᠬᠤᠸᠠᠳᠧ ᠰᠢᠶᠠᠨ ᠤ ᠰᠢᠨ ᠰᠢᠨ ᠽᠧ ᠬᠠᠶᠢᠯᠤᠰᠢ ᠬᠠᠶᠢᠯᠤᠭᠤᠯᠬᠤ ᠬᠢᠵᠠᠭᠠᠷᠲᠤ ᠺᠣᠮᠫᠠᠨᠢ ᠶᠢᠨ

2×33000KVA ᠶᠢᠨ ᠪᠦᠷᠢᠨ ᠪᠢᠲᠡᠭᠦᠮᠵᠢᠯᠡᠭᠰᠡᠨ ᠴᠠᠬᠢᠭᠤᠷ ᠮᠠᠩᠭᠠᠨ ᠤ ᠬᠠᠶᠢᠯᠤᠰᠢ ᠶᠢᠨ ᠠᠭᠤᠷᠬᠠᠢ ᠶᠢᠨ

ᠢᠯᠴᠢ ᠶᠢᠨ ᠵᠤᠤᠬ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠨᠡᠶᠢᠲᠡ 1.84 ᠳ᠋ᠦᠩᠰᠢᠭᠤᠷ

ᠲᠥᠭᠦᠷᠢᠭ ᠤᠨ ᠪᠡᠯᠡ ᠣᠷᠣᠭᠤᠯᠵᠤ᠂ ᠠᠯᠪᠠᠯᠠᠬᠤ ᠠᠰᠠᠷ ᠤᠨ ᠭᠤᠣᠯ ᠴᠣᠭᠴᠠ ᠶᠢ ᠪᠠᠷᠢᠵᠤ ᠳᠠᠭᠤᠰᠬᠠᠨ᠂ ᠪᠣᠯᠣᠳ

ᠪᠦᠲᠦᠴᠡ ᠶᠢᠨ ᠬᠡᠰᠡᠭ ᠢ ᠪᠠᠶᠢᠭᠤᠯᠪᠠ᠃

   ᠰᠢᠨ᠎ᠡ ᠪᠠᠷ ᠪᠠᠶᠢᠭᠤᠯᠬᠤ ᠵᠦᠢᠯ ᠤᠨ ᠠᠬᠢᠴᠠ ᠶᠢᠨ ᠪᠠᠶᠢᠳᠠᠯ

   2 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 11.16 ᠳ᠋ᠦᠩᠰᠢᠭᠤᠷ

ᠲᠥᠭᠦᠷᠢᠭ ᠲᠤ ᠬᠦᠷᠴᠦ᠂ 2021 ᠣᠨ ᠤ 1 ︱ 11 ᠰᠠᠷ᠎ᠠ ᠳᠤ 3.22 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠤᠯᠲᠠ ᠶᠢ ᠪᠡᠶᠡᠯᠡᠭᠦᠯᠪᠡ᠂ ᠡᠨᠡ ᠨᠢ ᠲᠣᠰ ᠲᠣᠰ᠄

   1. ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ

ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠪᠣᠷᠵᠢᠨ ᠴᠢᠯᠠᠭᠤᠯᠢᠭ ︵ᠳᠠᠬᠢᠯᠲᠠ ᠡᠬᠢ ᠪᠠᠶᠠᠯᠢᠭ︶ ᠤᠨ

ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠢ

ᠰᠢᠢᠳᠪᠦᠷᠢᠯᠡᠵᠦ᠂ ᠨᠡᠶᠢᠲᠡ 1.16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 0.22 ᠳ᠋ᠦᠩᠰᠢᠭᠤᠷ

ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠢ ᠶᠠᠭ ᠬᠠᠮᠢᠶ᠎ᠠ

ᠪᠦᠬᠦᠢ ᠭᠠᠷᠳᠠᠮ ᠢ ᠭᠦᠢᠴᠡᠳᠬᠡᠵᠦ ᠪᠠᠶᠢᠨ᠎ᠠ᠃ 4 ᠳᠠᠪᠬᠤᠷ ᠰᠢᠨᠵᠢᠯᠡᠬᠦ ᠤᠬᠠᠭᠠᠨ ᠮᠡᠷᠭᠡᠵᠢᠯ ᠤᠨ ᠠᠰᠠᠷ ᠤᠨ ᠭᠤᠣᠯ

ᠴᠣᠭᠴᠠ ᠶᠢ ᠪᠠᠷᠢᠵᠤ ᠳᠠᠭᠤᠰᠬᠠᠨ᠂ ᠲᠣᠨᠤᠭ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠵᠤ ᠪᠣᠶ᠃

   2. ᠥᠪᠥᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ ᠵᠢᠴᠢ

ᠢᠵᠢ ᠪᠦᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 10

ᠳ᠋ᠦᠩᠰᠢᠭᠤᠷ ᠲᠥᠭᠦᠷᠢᠭ ᠪᠠᠶᠢᠵᠤ᠂ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂

ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ 95% ᠶᠢ ᠪᠡᠶᠡᠯᠡᠭᠦᠯᠪᠡ᠃

   ︵ᠭᠤᠷᠪᠠ︶ ᠭᠤᠣᠯᠯᠠᠬᠤ ᠠᠵᠤ ᠦᠢᠯᠡᠰ ᠤᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ

ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠡ

   1. ᠬᠠᠶᠢᠯᠤᠰᠢ ᠶᠢᠨ ᠠᠵᠤ ᠦᠢᠯᠡᠰ ᠤᠨ ᠲᠠᠯ᠎ᠠ ᠪᠠᠷ᠄17 ᠬᠠᠶᠢᠯᠤᠰᠢ ᠶᠢᠨ ᠠᠵᠤ ᠠᠬᠤᠶᠢᠯᠠᠯ ᠤᠨ 10 ᠨᠢ

ᠦᠢᠯᠡᠳᠪᠦᠷᠢᠯᠡᠯ ᠢᠶᠠᠨ ᠵᠣᠭᠰᠣᠭᠠᠵᠤ᠂ 4 ᠨᠢ ᠦᠢᠯᠡᠳᠪᠦᠷᠢᠯᠡᠯ ᠢᠶᠠᠨ ᠵᠣᠭᠰᠤᠭᠠᠬᠤ ᠮᠡᠷᠭᠡᠵᠢᠯ ᠤᠨ ᠥᠭᠡᠷᠡᠴᠢᠯᠡᠯᠲᠡ

ᠬᠢᠵᠦ᠂ 3 ᠨᠢ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠵᠤ᠂ 56 ᠠᠭᠤᠷᠬᠠᠢ ᠶᠢᠨ ᠢᠯᠴᠢ ᠶᠢᠨ

ᠵᠤᠤᠬ᠎ᠠ ︵ᠡᠭᠦᠨ ᠳᠤ 25000KVA ᠠᠴᠠ ᠳᠡᠭᠡᠭᠰᠢᠬᠢ ᠠᠭᠤᠷᠬᠠᠢ ᠶᠢᠨ ᠢᠯᠴᠢ ᠶᠢᠨ ᠵᠤᠤᠬ᠎ᠠ 29᠂

25000KVA ᠠᠴᠠ ᠳᠣᠷᠣᠭᠰᠢᠬᠢ ᠡᠩ ᠤᠨ ᠠᠭᠤᠷᠬᠠᠢ ᠶᠢᠨ ᠢᠯᠴᠢ ᠶᠢᠨ ᠵᠤᠤᠬ᠎ᠠ 6᠂ ᠣᠨᠴᠠ ᠲᠦᠷᠦᠯ ᠤᠨ

ᠬᠠᠶᠢᠯᠤᠰᠢ ᠵᠢᠴᠢ ᠨᠠᠷᠢᠯᠢᠭ ᠪᠣᠯᠪᠠᠰᠤᠷᠠᠭᠤᠯᠬᠤ ᠵᠤᠤᠬ᠎ᠠ 21︶ ᠶᠢ ᠪᠠᠶᠢᠭᠤᠯᠵᠤ᠂ ᠶᠡᠷᠦᠩᠬᠡᠢ ᠳᠠᠭᠠᠭᠠᠴᠠ ᠨᠢ 115

ᠲᠦᠮᠡᠨ KVA᠂ ᠦᠢᠯᠡᠳᠪᠦᠷᠢᠯᠡᠬᠦ ᠴᠢᠳᠠᠪᠤᠷᠢ ᠨᠢ 205 ᠲᠦᠮᠡᠨ ᠲᠣᠨ ᠳᠤ ᠬᠦᠷᠴᠡᠢ᠃ ᠮᠠᠨ ᠤ ᠰᠢᠶᠠᠨ ᠤ

ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠢᠭᠡ ᠪᠦᠯᠦᠭ ᠢ ᠨᠢ ᠬᠤᠷᠢᠭᠯᠠᠵᠤ᠂ ᠨᠢᠭᠡ ᠪᠦᠯᠦᠭ ᠢ ᠨᠢ

ᠰᠢᠭᠰᠢᠵᠦ᠂ ᠨᠢᠭᠡ ᠪᠦᠯᠦᠭ ᠢ ᠨᠢ ᠥᠭᠡᠷᠡᠴᠢᠯᠡᠵᠦ᠂ ᠨᠢᠭᠡ ᠪᠦᠯᠦᠭ ᠢ ᠨᠢ ᠰᠢᠯᠢᠳᠡᠭᠵᠢᠭᠦᠯᠬᠦ︾ ᠶᠣᠰᠣᠭᠠᠷ᠂

ᠬᠠᠶᠢᠯᠤᠰᠢ ᠶᠢᠨ ᠠᠵᠤ ᠠᠬᠤᠶᠢᠯᠠᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠭᠡᠳᠡᠷᠬᠦ

ᠰᠢᠬᠠᠮᠳᠠᠭᠤᠯᠵᠤ ᠪᠠᠶᠢᠭᠠᠳ ᠤᠯᠤᠰ ᠤᠨ ᠲᠡᠷᠢᠭᠦᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ  ᠬᠦᠷᠭᠡᠪᠡ᠃ ᠨᠢᠭᠡ ᠳᠤ᠂

︽ᠬᠤᠸᠠᠳᠧ ᠰᠢᠶᠠᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠡᠨᠧᠷᠭᠢ ᠶᠢᠨ ᠬᠤᠷᠣᠭᠳᠠᠭᠤᠯᠤᠯ ᠤᠨ

ᠬᠤᠣᠰ ᠡᠵᠡᠮᠳᠡᠯ ᠤᠨ ᠬᠡᠷᠡᠭᠵᠢᠭᠦᠯᠬᠦ ᠲᠥᠰᠥᠯ︾ ᠢ ᠲᠤᠭᠲᠠᠭᠠᠪᠡ᠃ ᠬᠤᠶᠠᠷ ᠲᠤ᠂ ᠡᠬᠢ ᠡᠭᠦᠰᠦᠯ ᠠᠴᠠ ᠨᠢ

ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ ᠴᠢᠩᠭ᠎ᠠ ᠬᠢᠵᠠᠭᠠᠷᠯᠠᠪᠡ᠃

ᠣᠳᠣᠬᠠᠨ ᠪᠣᠯᠲᠠᠯ᠎ᠠ᠂ ᠮᠧᠩ ᠢᠦᠢ ᠺᠣᠮᠫᠠᠨᠢ ᠶᠢᠨ 1 ᠰᠠᠤᠷᠢ 30000KVA ᠥᠨᠳᠥᠷ ᠨᠡᠭᠦᠷᠡᠰᠦᠲᠥ᠋ᠷᠥᠭᠴᠢᠲᠦ

ᠾᠷᠣᠮᠲᠤ ᠲᠡᠮᠦᠷ ᠤᠨ ᠬᠦᠳᠡᠷ ᠤᠨ ᠢᠯᠴᠢ ᠶᠢᠨ ᠵᠤᠤᠬ᠎ᠠ ᠳᠤ ᠴᠠᠬᠢᠯᠭᠠᠨ ᠬᠦᠷᠭᠡᠬᠦ ᠭᠠᠷ ᠭᠦᠢᠴᠡᠳᠬᠡᠯ ᠬᠢᠵᠦ

ᠪᠠᠶᠢᠬᠤ ᠠᠴᠠ ᠭᠠᠳᠠᠨ᠎ᠠ᠂ ᠪᠤᠰᠤᠳ ᠠᠭᠤᠷᠬᠠᠢ ᠶᠢᠨ ᠢᠯᠴᠢ ᠶᠢᠨ ᠵᠤᠤᠬ᠎ᠠ ᠶᠢ ᠦᠢᠯᠡᠳᠪᠦᠷᠢᠯᠡᠬᠦ ᠶᠣᠰᠣᠲᠠᠢ ᠪᠠᠨ

ᠪᠦᠬᠦᠨ ᠢ ᠦᠢᠯᠡᠳᠪᠦᠷᠢᠯᠡᠬᠦ ᠬᠡᠮᠵᠢᠶᠡᠨ ᠳᠤ ᠬᠦᠷᠭᠡᠵᠡᠢ᠃ ᠡᠭᠦᠨ ᠤ ᠵᠡᠷᠭᠡ ᠳᠤ᠂ ᠵᠥᠩ  ᠲᠠᠢ ᠺᠣᠮᠫᠠᠨᠢ ᠶᠢᠨ

ᠰᠢᠨ᠎ᠡ ᠪᠠᠷ ᠪᠠᠶᠢᠭᠤᠯᠤᠭᠰᠠᠨ 48000KVA ᠠᠭᠤᠷᠬᠠᠢ ᠶᠢᠨ ᠢᠯᠴᠢ ᠶᠢᠨ ᠵᠤᠤᠬ᠎ᠠ ᠶᠢᠨ ᠴᠠᠬᠢᠯᠭᠠᠨ ᠢ ᠨᠢᠭᠡᠨᠲᠡ

ᠬᠦᠷᠭᠡᠵᠦ᠂ ᠣᠳᠣ ᠶᠠᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠪᠠᠶᠢᠨ᠎ᠠ᠃ ᠭᠤᠷᠪᠠ ᠳᠤ᠂ ︽ᠤᠯᠠᠭᠠᠨᠴᠠᠪ

ᠬᠤᠲᠠ ᠶᠢᠨ ︿ᠬᠤᠶᠠᠷ ᠥᠨᠳᠥᠷ﹀ ᠠᠵᠢᠯ ᠲᠥᠷᠥᠯ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠢᠲᠡᠭᠦᠮᠵᠢᠯᠡᠬᠦ

ᠥᠭᠡᠷᠡᠴᠢᠯᠡᠯᠲᠡ ᠶᠢᠨ ᠲᠤᠰᠬᠠᠢ ᠴᠡᠭᠴᠡᠯᠡᠨ ᠰᠠᠶᠢᠵᠢᠷᠠᠭᠤᠯᠬᠤ ᠲᠥᠰᠥᠯ︾ ︽ᠤᠯᠠᠭᠠᠨᠴᠠᠪ ᠬᠤᠲᠠ ᠶᠢᠨ ︿ᠬᠤᠶᠠᠷ

ᠥᠨᠳᠥᠷ﹀ ᠠᠵᠢᠯ ᠲᠥᠷᠥᠯ ᠤᠨ ᠠᠵᠤ ᠠᠬᠤᠶᠢᠯᠠᠯ ᠤᠨ ︽ᠲᠡᠭᠷᠢ ᠶᠢᠨ ᠳ᠋ᠧᠩ ᠠᠰᠠᠭᠠᠬᠤ︾ ᠠᠰᠠᠭᠤᠳᠠᠯ ᠤᠨ

ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯᠯᠠᠭᠠᠨ ᠤ ᠲᠥᠰᠥᠯ︾ ᠵᠢᠴᠢ ︽ᠤᠯᠠᠭᠠᠨᠴᠠᠪ ᠬᠤᠲᠠ ᠶᠢᠨ ︿ᠬᠤᠶᠠᠷ

ᠥᠨᠳᠥᠷ﹀ ᠠᠵᠢᠯ ᠲᠥᠷᠥᠯ ᠤᠨ ᠦᠯᠡᠭᠦᠦ ᠦᠢᠯᠡᠳᠪᠦᠷᠢᠯᠡᠬᠦ ᠴᠢᠳᠠᠪᠤᠷᠢ ᠶᠢ ᠰᠢᠢᠳᠪᠦᠷᠢᠯᠡᠬᠦ ᠲᠤᠰᠬᠠᠢ ᠬᠡᠷᠡᠭᠵᠢᠭᠦᠯᠬᠦ

ᠲᠥᠰᠥᠯ︾ ᠶᠣᠰᠣᠭᠠᠷ᠂ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠦᠬᠦᠨ ᠢ ᠪᠢᠲᠡᠭᠦᠮᠵᠢᠯᠡᠬᠦ ᠮᠡᠷᠭᠡᠵᠢᠯ ᠤᠨ

ᠥᠭᠡᠷᠡᠴᠢᠯᠡᠯᠲᠡ ᠵᠢᠴᠢ ︽ᠲᠡᠭᠷᠢ ᠶᠢᠨ ᠳ᠋ᠧᠩ ᠠᠰᠠᠭᠠᠬᠤ︾ ᠠᠰᠠᠭᠤᠳᠠᠯ ᠢ ᠲᠤᠰᠬᠠᠢ ᠴᠡᠭᠴᠡᠯᠡᠨ

ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠪᠧᠢ ᠴᠧᠨ ᠺᠣᠮᠫᠠᠨᠢ᠂ ᠪᠥᠸᠧ ᠶᠤᠸᠠᠨ ᠺᠣᠮᠫᠠᠨᠢ ᠶᠢ ᠭᠠᠷᠭᠠᠪᠠᠯ᠂

ᠪᠤᠰᠤᠳ ᠠᠵᠤ ᠠᠬᠤᠶᠢᠯᠠᠯ ᠢ 2022 ᠣᠨ ᠤ 1 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ

ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ︔5 ᠠᠵᠤ ᠠᠬᠤᠶᠢᠯᠠᠯ ᠤᠨ ︽ᠲᠡᠭᠷᠢ ᠶᠢᠨ ᠳ᠋ᠧᠩ ᠠᠰᠠᠭᠠᠬᠤ︾

ᠠᠰᠠᠭᠤᠳᠠᠯ ᠢ ᠵᠢᠯ ᠤᠨ ᠡᠴᠦᠰ ᠠᠴᠠ ᠡᠮᠦᠨ᠎ᠡ ᠴᠡᠭᠴᠡᠯᠡᠨ ᠵᠠᠰᠠᠵᠤ ᠳᠠᠭᠤᠰᠬᠠᠨ᠎ᠠ︔ ᠰᠢᠭᠰᠢᠭᠳᠡᠭᠦᠯᠬᠦ ᠳᠤ

ᠵᠢᠭᠰᠠᠭᠠᠭᠳᠠᠭᠰᠠᠨ 2 ᠡᠷᠦᠬᠡ ᠶᠢᠨ 4 ᠠᠭᠤᠷᠬᠠᠢ ᠶᠢᠨ ᠢᠯᠴᠢ ᠶᠢᠨ ᠵᠤᠤᠬ᠎ᠠ ᠶᠢᠨ ᠴᠠᠬᠢᠯᠭᠠᠨ ᠬᠦᠴᠦᠨ ᠢ ᠨᠢᠭᠡᠨᠲᠡ

ᠮᠡᠳᠡᠭᠦᠯᠦᠨ ᠵᠣᠭᠰᠣᠭᠠᠵᠤ᠂ ᠵᠢᠯ ᠤᠨ ᠡᠴᠦᠰ ᠠᠴᠠ ᠡᠮᠦᠨ᠎ᠡ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠭᠤᠣᠯ

ᠴᠣᠭᠴᠠ ᠶᠢ ᠨᠤᠷᠠᠭᠠᠬᠤ ᠶᠢ ᠪᠡᠶᠡᠯᠡᠭᠦᠯᠪᠡ᠃ ᠳᠥᠷᠪᠡ ᠳᠤ᠂ ᠴᠠᠬᠢᠯᠭᠠᠨ ᠬᠡᠷᠡᠭᠯᠡᠬᠦ ᠳᠤ ᠲᠥᠰᠥᠪ ᠤᠨ

ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ 2021 ᠣᠨ ᠤ 1-6 ᠰᠠᠷ᠎ᠠ ᠳᠤ ᠬᠤᠳᠠ ᠶᠢᠨ ᠪᠠᠭᠤᠯᠭᠠᠭᠰᠠᠨ

ᠬᠠᠷᠠᠯᠲᠠᠲᠤ ᠬᠡᠷᠡᠭᠯᠡᠬᠦ ᠬᠡᠮᠵᠢᠶ᠎ᠡ 264144.3 ᠲᠦᠮᠡᠨ ᠺᠢᠯᠣᠸᠠᠲ ᠤᠨ ᠦᠶ᠎ᠡ ᠳᠤ᠂ ᠪᠣᠳᠠᠲᠠᠢ ᠬᠡᠷᠡᠭᠯᠡᠭᠰᠡᠨ

ᠴᠠᠬᠢᠯᠭᠠᠨ ᠤ ᠬᠡᠮᠵᠢᠶ᠎ᠡ 273380.3 ᠲᠦᠮᠡᠨ ᠺᠢᠯᠣᠸᠠᠲ ᠤᠨ ᠦᠶ᠎ᠡ ᠳᠤ᠂ ᠬᠡᠲᠦᠷᠡᠭᠦᠯᠦᠨ ᠬᠡᠷᠡᠭᠯᠡᠭᠰᠡᠨ

ᠴᠠᠬᠢᠯᠭᠠᠨ ᠤ ᠬᠡᠮᠵᠢᠶ᠎ᠡ 9236 ᠲᠦᠮᠡᠨ ᠺᠢᠯᠣᠸᠠᠲ ᠤᠨ ᠦᠶ᠎ᠡ ᠳᠤ᠂ ᠬᠡᠷᠡᠭᠯᠡᠭᠰᠡᠨ ᠴᠠᠬᠢᠯᠭᠠᠨ ᠤ ᠬᠡᠮᠵᠢᠶ᠎ᠡ

ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 17.49% ᠪᠠᠷ ᠪᠠᠭᠤᠷᠠᠪᠠ᠃

   ︵ᠳᠥᠷᠪᠡ︶ ᠡᠯ᠎ᠡ ᠵᠦᠢᠯ ᠤᠨ ᠠᠵᠢᠯ ᠲᠥᠷᠥᠯ ᠤᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠰᠠᠶᠢᠲᠤᠷ

ᠨᠠᠶᠢᠳᠠᠪᠤᠷᠢᠵᠢᠭᠤᠯᠪᠡ

   1. ᠠᠵᠤ ᠠᠬᠤᠢ ᠶᠢᠨ ᠠᠵᠢᠯᠯᠠᠭᠠᠨ ᠤ ᠪᠠᠶᠢᠳᠠᠯ᠃ ᠨᠢᠭᠡ ᠳᠤ᠂ ᠠᠵᠤ ᠠᠬᠤᠶᠢᠯᠠᠯ ᠤᠨ ᠠᠵᠢᠯᠯᠠᠭᠠᠨ ᠤ

ᠲᠣᠬᠢᠷᠠᠭᠤᠯᠤᠯᠲᠠ ᠶᠢᠨ ᠠᠵᠢᠯ ᠢ ᠴᠢᠩᠭᠠᠳᠬᠠᠵᠤ᠂ ᠰᠠᠷ᠎ᠠ ᠪᠦᠷᠢ ᠶᠢᠨ 15 ᠤ ᠡᠳᠦᠷ ᠲᠡᠮᠦᠷ ᠤᠨ ᠬᠠᠶᠢᠯᠤᠰᠢ ᠶᠢᠨ

ᠠᠵᠤ ᠦᠢᠯᠡᠰ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ᠎ᠡ᠃ ᠬᠤᠶᠠᠷ ᠲᠤ᠂ ᠪᠦᠬᠦ ᠰᠢᠶᠠᠨ ᠤ

ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠭᠠᠷᠠᠭ ᠪᠦᠷᠢ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ

ᠬᠡᠯᠪᠡᠯᠵᠡᠯ ᠵᠢᠴᠢ ᠰᠠᠷ᠎ᠠ ᠪᠦᠷᠢ ᠶᠢᠨ ᠬᠠᠩᠭᠠᠯᠭ᠎ᠠ ᠬᠡᠷᠡᠭᠴᠡᠭᠡᠨ ᠤ ᠵᠠᠳᠠᠯᠤᠯᠲᠠ ᠶᠢ ᠬᠢᠨᠠᠮᠠᠭᠠᠢ ᠰᠠᠶᠢᠲᠤᠷ ᠬᠢᠵᠦ᠂

ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠤᠷᠢᠳᠴᠢᠯᠠᠨ ᠰᠡᠷᠡᠮᠵᠢᠯᠡᠭᠦᠯᠬᠦ ᠳᠤ

ᠦᠨᠳᠦᠰᠦ ᠪᠠᠷᠢᠮᠲᠠ ᠬᠠᠩᠭᠠᠬᠤ ᠬᠡᠷᠡᠭᠲᠡᠢ᠃

   2. ᠠᠵᠢᠯ ᠲᠥᠷᠥᠯ ᠤᠨ ᠬᠠᠮᠢᠶᠠᠷᠤᠯᠲᠠ ᠶᠢᠨ ᠪᠠᠶᠢᠳᠠᠯ᠃ ᠨᠢᠭᠡ ᠳᠤ᠂ ᠳᠣᠲᠣᠭᠠᠳᠤ ᠶᠢ ᠬᠠᠮᠠᠭᠠᠯᠠᠬᠤ

ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠡᠷᠡᠭᠦᠯ ᠬᠠᠮᠠᠭᠠᠯᠠᠯ ᠡᠷᠡᠭᠦᠯ

ᠮᠡᠨᠳᠦ ᠶᠢᠨ ᠵᠥᠪᠯᠡᠯ ᠲᠠᠢ ᠬᠠᠮᠲᠤᠷᠠᠨ ᠪᠥᠬᠦ ᠰᠢᠶᠠᠨ ᠤ ᠬᠡᠪᠴᠢᠶᠡᠨ ᠳᠠᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ

ᠪᠠ ᠢᠳᠡᠰᠢᠨ ᠳᠠᠪᠤᠰᠤᠨ ᠤ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ

ᠲᠤᠰᠬᠠᠢ ᠪᠠᠶᠢᠴᠠᠭᠠᠯᠲᠠ ᠬᠢᠵᠦ᠂ ᠨᠡᠶᠢᠲᠡ 2 ᠤᠳᠠᠭ᠎ᠠ ᠪᠠᠶᠢᠴᠠᠭᠠᠵᠤ᠂ ᠢᠳᠡᠰᠢᠨ ᠳᠠᠪᠤᠰᠤᠨ ᠤ ᠪᠥᠭᠡᠮ ᠢᠶᠠᠷ

ᠬᠤᠳᠠᠯᠳᠤᠬᠤ ᠠᠵᠤ ᠠᠬᠤᠶᠢᠯᠠᠯ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠳᠠᠭᠠᠯᠠᠬᠤ ᠪᠠ ᠬᠤᠳᠠᠯᠳᠤᠨ

ᠠᠪᠬᠤ ᠪᠠ ᠪᠣᠷᠣᠯᠠᠭᠤᠯᠬᠤ ᠡᠬᠡ ᠲᠠᠩᠰᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠳᠡᠰᠢᠨ‌‍ᠲ᠋ᠠᠪᠤᠰᠤᠨ ᠤ

ᠵᠠᠬ᠎ᠠ ᠳᠡᠯᠭᠡᠭᠦᠷ ᠤᠨ ᠠᠮᠤᠷ ᠲᠦᠪᠰᠢᠨ ᠢ ᠪᠠᠲᠤᠯᠠᠪᠠ᠃ ᠬᠤᠶᠠᠷ ᠲᠤ᠂ ᠪᠦᠬᠦ ᠰᠢᠶᠠᠨ ᠤ ᠳᠠᠬᠢᠯᠲᠠ ᠡᠬᠢ

ᠪᠠᠶᠠᠯᠢᠭ ᠤᠨ ᠵᠠᠬ᠎ᠠ ᠳᠡᠯᠭᠡᠭᠦᠷ ᠢ ᠢᠯᠭᠠᠷᠠᠭᠤᠯᠤᠨ ᠴᠡᠭᠴᠡᠯᠡᠵᠦ᠂ ᠨᠡᠶᠢᠲᠡ 20 ᠠᠵᠤ ᠠᠬᠤᠶᠢᠯᠠᠯ ᠢ ᠪᠠᠶᠢᠴᠠᠭᠠᠪᠠ᠃

ᠣᠲᠣ ᠪᠣᠯᠲᠠᠯ᠎ᠠ ᠨᠡᠶᠢᠲᠡ 120 ᠤᠳᠠᠭ᠎ᠠ ᠪᠠᠶᠢᠴᠠᠭᠠᠯᠲᠠ ᠬᠢᠪᠡ᠃ ᠭᠤᠷᠪᠠ ᠳᠤ᠂ ᠪᠦᠬᠦ ᠰᠢᠶᠠᠨ ᠤ ᠭᠡᠷ

ᠠᠬᠤᠢ ᠶᠢᠨ ᠠᠵᠤ ᠠᠬᠤᠶᠢᠯᠠᠯ ᠳᠤ ᠠᠩᠬ᠎ᠠ ᠠᠯᠬᠤᠮ ᠤᠨ ᠪᠠᠶᠢᠳᠠᠯ ᠢ ᠣᠶᠢᠯᠠᠭᠠᠨ ᠪᠠᠶᠢᠴᠠᠭᠠᠯᠲᠠ ᠬᠢᠪᠡ᠃ ᠮᠠᠨ ᠤ

ᠰᠢᠶᠠᠨ ᠤ ᠭᠡᠷ ᠠᠬᠤᠢ ᠶᠢᠨ 16 ᠺᠣᠮᠫᠠᠨᠢ ᠶᠢᠨ ᠳᠣᠲᠣᠷ᠎ᠠ ᠣᠳᠣᠬᠠᠨ ᠳᠤ 5 ᠺᠣᠮᠫᠠᠨᠢ ᠬᠡᠪ ᠤᠨ ᠶᠣᠰᠣᠭᠠᠷ

ᠡᠵᠡᠩᠨᠡᠵᠦ ᠪᠠᠶᠢᠨ᠎ᠠ᠃ ᠡᠭᠦᠨ ᠳᠤ᠂ ᡁᠢ ᠴᠧᠩ ᠭᠡᠷ ᠠᠬᠤᠢ ᠶᠢᠨ ᠦᠢᠯᠡᠴᠢᠯᠡᠭᠡ ᠶᠢᠨ ᠺᠣᠮᠫᠠᠨᠢ ᠳᠡᠩᠰᠡᠯᠡᠨ

ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠶᠢᠨ ᠬᠦᠴᠦᠨ ᠳᠤ ᠰᠦᠢᠳᠬᠡᠯ ᠬᠤᠷᠢᠶᠠᠬᠤ ᠦᠭᠡᠢ ᠪᠠᠷ ᠭᠡᠷ ᠭᠡᠷ

ᠠᠬᠤᠢ ᠶᠢᠨ ᠦᠢᠯᠡᠴᠢᠯᠡᠭᠡᠨ ᠤ ᠪᠣᠯᠪᠠᠰᠤᠷᠠᠭᠤᠯᠤᠯ ᠬᠠᠩᠭᠠᠵᠤ᠂ ᠨᠡᠶᠢᠲᠡ 22 ᠶᠠᠳᠠᠭᠤ ᠬᠦᠴᠢᠷᠳᠡᠯᠲᠡᠢ ᠡᠷᠦᠬᠡ ᠭᠡᠷ

ᠠᠬᠤᠢ ᠶᠢᠨ ᠦᠢᠯᠡᠴᠢᠯᠡᠭᠡ ᠺᠣᠮᠫᠠᠨᠢ ᠳᠤ ᠠᠵᠢᠯᠯᠠᠵᠤ ᠪᠠᠶᠢᠨ᠎ᠠ᠃ ᠭᠤᠣᠯᠳᠠᠭᠤ ᠭᠠᠷ ᠤᠷᠠᠯᠠᠯ ᠤᠨ ᠠᠵᠢᠯ ᠬᠢᠬᠦ ᠵᠡᠷᠭᠡ

︔ ᠬᠥᠮᠥᠨ ᠪᠦᠷᠢ ᠶᠢᠨ ᠳᠤᠮᠳᠠᠴᠢ ᠴᠠᠯᠢᠩ ᠨᠢ 2500 ᠲᠥᠭᠦᠷᠢᠭ ᠣᠷᠴᠢᠮ ᠪᠣᠯᠣᠨ᠎ᠠ᠃ ᠣᠲᠣ ᠪᠣᠯᠲᠠᠯ᠎ᠠ

ᠨᠡᠶᠢᠲᠡ 30 ᠤᠳᠠᠭ᠎ᠠ ᠪᠠᠶᠢᠴᠠᠭᠠᠪᠠ᠃ ᠳᠥᠷᠪᠡ ᠳᠤ᠂ ᠪᠥᠬᠦ ᠰᠢᠶᠠᠨ ᠤ ᠭᠠᠷ ᠳᠠᠮᠵᠢᠭᠰᠠᠨ ᠮᠠᠰᠢᠨ ᠲᠡᠷᠭᠡ

ᠡᠵᠡᠩᠨᠡᠬᠦ 3 ᠠᠵᠤ ᠠᠬᠤᠶᠢᠯᠠᠯ᠂ ᠮᠠᠰᠢᠨ ᠲᠡᠷᠭᠡ ᠪᠣᠷᠣᠯᠠᠭᠤᠯᠬᠤ 5 ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂

ᠣᠲᠣ ᠪᠣᠯᠲᠠᠯ᠎ᠠ ᠨᠡᠶᠢᠲᠡ 48 ᠤᠳᠠᠭ᠎ᠠ ᠪᠠᠶᠢᠴᠠᠭᠠᠯᠲᠠ ᠬᠢᠪᠡ᠃ ᠲᠠᠪᠤ ᠳᠤ᠂ ᠪᠦᠬᠦ ᠰᠢᠶᠠᠨ ᠤ ᠦᠰᠦ ᠭᠤᠶᠣᠯᠠᠵᠤ

ᠦᠰᠦ ᠵᠠᠰᠠᠬᠤ ᠦᠢᠯᠡᠰ ᠤᠨ 72 ᠠᠵᠤ ᠠᠬᠤᠶᠢᠯᠠᠯ ᠢ ᠣᠶᠢᠯᠠᠭᠠᠨ ᠪᠠᠶᠢᠴᠠᠭᠠᠵᠤ᠂ ᠡᠯ᠎ᠡ ᠦᠨᠳᠦᠰᠦᠨ ᠪᠠᠶᠢᠳᠠᠯ ᠤᠨ

ᠮᠡᠳᠡᠭᠡ ᠵᠠᠩᠭᠢ ᠶᠢ ᠴᠥᠮ ᠮᠠᠨ ᠤ ᠲᠣᠪᠴᠢᠶ᠎ᠠ ᠳᠤ ᠲᠠᠩᠰᠠ ᠡᠪᠬᠡᠮᠡᠯ ᠳᠤ ᠣᠷᠣᠭᠤᠯᠵᠠᠢ᠃ ᠵᠢᠷᠭᠤᠭ᠎ᠠ ᠳᠤ᠂ ᠬᠠᠮᠢᠶ᠎ᠠ

ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ

ᠪᠠᠶᠢᠭᠤᠯᠤᠯᠲᠠ ᠶᠢ ᠰᠠᠶᠢᠲᠤᠷ ᠬᠢᠵᠦ᠂ ᠪᠥᠬᠦ ᠰᠢᠶᠠᠨ ᠤ 4 ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ

ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ

ᠰᠣᠩᠭᠤᠭᠳᠠᠪᠠ᠃ ᠳᠣᠯᠤᠭ᠎ᠠ ᠳᠤ᠂ 15 ᠲᠣᠰᠣ ᠨᠡᠮᠡᠬᠦ ᠥᠷᠲᠡᠭᠡ ᠶᠢ ᠰᠢᠪᠠᠳᠠᠵᠤ ᠪᠠᠶᠢᠭᠠᠳ ᠠᠷᠠᠳ ᠲᠤ ᠲᠥᠬᠦᠮ

ᠦᠵᠡᠭᠦᠯᠬᠦ ᠵᠣᠷᠯᠣᠩ ᠢ ᠲᠠᠰ ᠳᠡᠪᠰᠢᠭᠦᠯᠦᠨ ᠥᠭᠡᠷᠡᠴᠢᠯᠡᠵᠦ᠂ ᠨᠢᠭᠡᠨᠲᠡ ᠪᠦᠬᠦᠨ ᠢ ᠰᠢᠯᠭᠠᠨ ᠬᠤᠷᠢᠶᠠᠵᠤ

ᠳᠠᠭᠤᠰᠬᠠᠪᠠ᠃

   3.ᠡᠨᠧᠷᠭᠢ ᠠᠷᠪᠢᠯᠠᠬᠤ ᠵᠢᠴᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠠᠵᠢᠯ ᠤᠨ ᠪᠠᠶᠢᠳᠠᠯ᠃

ᠨᠢᠭᠡ ᠳᠤ᠂ 2021 ᠣᠨ ᠤ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠶᠢᠨ ᠲᠤᠭ᠎ᠠ

ᠪᠦᠷᠢᠳᠬᠡᠯ ᠢ ᠳᠡᠭᠡᠭᠰᠢ ᠮᠡᠳᠡᠭᠦᠯᠬᠦ ᠠᠵᠢᠯ ᠢ ᠪᠡᠶᠡᠯᠡᠭᠦᠯᠵᠦ᠂ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠠᠵᠤ

ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠪᠠᠭᠤᠯᠭᠠᠭᠰᠠᠨ ︽2021 ᠣᠨ ᠤ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠪᠣᠬᠢᠷᠳᠤᠯ ᠦᠭᠡᠢ ᠦᠶᠯᠡᠳᠬᠦ ᠲᠥᠷᠥᠯ ᠵᠦᠢᠯ ᠢ

ᠭᠤᠶᠤᠴᠢᠯᠠᠨ ᠮᠡᠳᠡᠭᠦᠯᠬᠦ ᠠᠵᠢᠯ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂

ᠨᠥᠬᠦᠴᠡᠯ ᠳᠤ ᠨᠡᠶᠢᠴᠡᠬᠦ ᠥᠪᠥᠷ ᠮᠣᠩᠭᠤᠯ ᠤᠨ ᠬᠤᠸᠠ ᠴᠧᠨ ᠳᠠᠬᠢᠯᠲᠠ ᠡᠬᠢ ᠪᠠᠶᠠᠯᠢᠭ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠮᠧᠩ ᠳ᠋ᠡ ᠲᠢᠲ᠋ᠠᠨ ᠤ ᠦᠢᠯᠡᠰ ᠤᠨ ᠺᠣᠮᠫᠠᠨᠢ᠂ ᠤᠯᠠᠭᠠᠨᠴᠠᠪ ᠬᠤᠲᠠ ᠶᠢᠨ

ᠰᠢᠶᠦ᠋ᠩ ᠸᠧᠢ ᠭᠤᠸᠠᠩ ᠳ᠋ᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢ ᠪᠣᠬᠢᠷᠳᠤᠯ ᠦᠭᠡᠢ

ᠦᠢᠯᠡᠳᠪᠦᠷᠢ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠪᠡ᠃ ᠭᠤᠷᠪᠠ ᠳᠤ᠂ ᠪᠦᠬᠦ ᠰᠢᠶᠠᠨ ᠤ ᠡᠨᠧᠷᠭᠢ

ᠬᠡᠷᠡᠭᠯᠡᠬᠦ ᠭᠤᠣᠯᠳᠠᠯᠭ᠎ᠠ ᠲᠠᠢ 11 ᠠᠵᠤ ᠠᠬᠤᠶᠢᠯᠠᠯ ᠤᠨ ᠬᠢᠵᠠᠭᠠᠷᠲᠤ ᠲᠤᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ

ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠪᠠ᠃ ᠳᠥᠷᠪᠡ ᠳᠤ᠂ ᠬᠠᠶᠢᠯᠤᠰᠢ ᠶᠢᠨ ᠠᠵᠤ

ᠠᠬᠤᠶᠢᠯᠠᠯ ᠢ ᠬᠠᠪᠰᠤᠷᠴᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠦᠷᠨᠢᠭᠦᠯᠪᠡ᠂ ᠣᠶᠢᠯᠠᠭᠠᠭᠰᠠᠨ ᠢᠶᠠᠷ᠂

ᠪᠤᠰᠤᠳ ᠬᠤᠰᠢᠭᠤ ᠰᠢᠶᠠᠨ ᠤ ᠭᠤᠷᠪᠠᠨ ᠲᠠᠯ᠎ᠠ ᠶᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠵᠠᠷᠤᠳᠠᠯ ᠨᠢ

ᠠᠵᠤ ᠠᠬᠤᠶᠢᠯᠠᠯ ᠪᠦᠷᠢ ᠳᠤ 5 ᠲᠦᠮᠡᠨ ᠲᠥᠭᠦᠷᠢᠭ ᠪᠠᠶᠢᠵᠤ᠂ ᠮᠠᠨ ᠤ ᠰᠢᠶᠠᠨ ᠵᠠᠰᠠᠭ ᠤᠨ ᠣᠷᠳᠣᠨ ᠠᠴᠠ ᠪᠡᠯᠡ

ᠮᠥᠩᠭᠦ ᠭᠠᠷᠭᠠᠵᠤ ᠬᠠᠶᠢᠯᠤᠰᠢ ᠶᠢᠨ ᠠᠵᠤ ᠠᠬᠤᠶᠢᠯᠠᠯ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠬᠢᠵᠦ᠂

ᠵᠠᠰᠠᠭ ᠤᠨ ᠣᠷᠳᠣᠨ ᠠᠴᠠ ᠨᠡᠶᠢᠳᠡ 10 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ᠡᠵᠡᠩᠨᠡᠯᠲᠡ ᠶᠢᠨ

ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨᠬᠦ

ᠬᠥᠩᠭᠡᠷᠡᠭᠦᠯᠵᠦ᠂ ᠠᠵᠤ ᠠᠬᠤᠶᠢᠯᠠᠯ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠪᠡᠯᠡ ᠮᠥᠩᠭᠦ ᠶᠢ

ᠠᠷᠪᠢᠯᠠᠵᠤ ᠥᠭᠴᠡᠢ᠃

   4. ᠠᠶᠤᠯᠭᠦᠢ ᠦᠢᠯᠡᠳᠪᠦᠷᠢᠯᠡᠯ ᠤᠨ ᠪᠠᠶᠢᠳᠠᠯ᠃ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ

ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠮᠠᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ

ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ

ᠠᠬᠤᠶᠢᠯᠠᠯ᠂ ᠲᠣᠰᠣ ᠨᠡᠮᠡᠬᠦ ᠦᠷᠳᠡᠭᠡ ᠵᠢᠴᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠳᠤ

ᠵᠣᠬᠢᠰᠲᠠᠢ ᠠᠵᠢᠯ ᠤᠨ ᠬᠤᠪᠢᠶᠠᠷᠢᠯᠠᠯ ᠬᠢᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠪᠢᠳᠠᠨ ᠬᠠᠮᠢᠶᠠᠷᠴᠤ

ᠪᠠᠶᠢᠭ᠎ᠠ ᠠᠵᠢᠯ ᠲᠦᠷᠦᠯ ᠳᠤ ᠭᠦᠨᠵᠡᠭᠡᠶᠢᠷᠡᠨ ᠰᠠᠷ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠤᠯᠠᠷᠢᠯ ᠤᠨ

ᠠᠮᠤᠷ ᠲᠦᠪᠰᠢᠨ ᠤ ᠬᠡᠮ ᠰᠣᠭᠤᠭ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ

ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠪᠡ᠃ ᠬᠤᠶᠠᠷ ᠲᠤ᠂ ᠪᠦᠬᠦ ᠰᠢᠶᠠᠨ ᠤ ᠭᠤᠣᠯᠳᠠᠯᠭ᠎ᠠ ᠲᠠᠢ ᠠᠵᠤ

ᠦᠢᠯᠡᠳᠪᠦᠷᠢ ᠶᠢᠨ ᠠᠵᠤ ᠠᠬᠤᠶᠢᠯᠠᠯ ᠳᠤ 15 ᠤᠳᠠᠭ᠎ᠠ ᠶᠢᠨ ᠲᠤᠰᠬᠠᠢ ᠪᠠᠶᠢᠴᠠᠭᠠᠯᠲᠠ ᠬᠢᠵᠦ᠂ ᠵᠠᠷᠯᠢᠭᠳᠠᠨ

ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠢ 4 ᠤᠳᠠᠭ᠎ᠠ ᠪᠠᠭᠤᠯᠭᠠᠵᠤ᠂ ᠳᠠᠷᠠᠭᠠᠯᠠᠨ ᠪᠠᠶᠢᠴᠠᠭᠠᠵᠤ ᠭᠠᠷᠭᠠᠭᠰᠠᠨ

ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠪᠠ᠃ ᠭᠤᠷᠪᠠ ᠳᠤ᠂ ᠪᠦᠬᠦ ᠰᠢᠶᠠᠨ ᠤ

ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠡᠵᠡᠩᠨᠡᠯᠲᠡ ᠶᠢᠨ 26 ᠲᠣᠣᠷ ᠴᠡᠭ ᠲᠤ 6 ᠤᠳᠠᠭᠠᠨ ᠤ ᠲᠤᠰᠬᠠᠢ

ᠪᠠᠶᠢᠴᠠᠭᠠᠯᠲᠠ ᠬᠢᠪᠡ᠃ ᠳᠥᠷᠪᠡ ᠳᠤ᠂ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ

ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢ ᠬᠡᠷᠡᠭᠯᠡᠵᠦ ᠪᠠᠶᠢᠭ᠎ᠠ ᠪᠠᠶᠢᠳᠠᠯ ᠳᠤ

ᠠᠶᠤᠯᠭᠦᠢ ᠶᠢᠨ ᠲᠤᠰᠬᠠᠢ ᠰᠢᠪᠠᠳᠠᠨ ᠪᠠᠶᠢᠴᠠᠭᠠᠯᠲᠠ ᠬᠢᠵᠦ᠂ ᠨᠡᠶᠢᠳᠡ 6 ᠢᠯᠡᠭᠦᠦ ᠠᠵᠤ ᠠᠬᠤᠶᠢᠯᠠᠯ ᠢ ᠪᠠᠶᠢᠴᠠᠭᠠᠪᠠ᠃

   5. ᠲᠦᠷᠦᠯ ᠵᠦᠢᠯ ᠤᠨ ᠪᠡᠯᠡ ᠮᠥᠩᠭᠦ  ᠶᠢ ᠲᠡᠮᠡᠴᠡᠨ ᠣᠯᠣᠭᠰᠠᠨ ᠪᠠᠶᠢᠳᠠᠯ᠃ ᠠᠵᠤ ᠠᠬᠤᠶᠢᠯᠠᠯ ᠢ ᠤᠯᠠᠮ

ᠨᠢᠭᠡ ᠠᠯᠬᠤᠮ ᠬᠥᠲᠥᠯᠥᠨ ᠵᠢᠯᠤᠭᠤᠳᠴᠤ ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠤᠰᠠᠳᠠ᠂

ᠬᠤᠳᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂

ᠬᠤᠳᠠᠯᠳᠤᠭᠠᠨ ᠤ ᠶᠠᠪᠤᠳᠠᠯ ‍ᠤᠨ‌‍ᠲ᠋ᠢᠩᠬᠢᠮ᠂ ᠡᠳ᠋ ᠤᠨ ᠵᠠᠰᠠᠭ ᠤᠨ ᠲᠢᠩᠬᠢᠮ ᠯᠦᠭᠡ ᠢᠳᠡᠪᠬᠢᠲᠡᠢ ᠪᠠᠷ ᠵᠣᠯᠭᠠᠭᠤᠯᠵᠤ᠂

ᠲᠥᠷᠥᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ

ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠲᠥᠷᠥᠯ ᠵᠦᠢᠯ ᠳᠤ ᠥᠪᠡᠷᠲᠡᠭᠡᠨ ᠵᠠᠰᠠᠬᠤ

ᠣᠷᠣᠨ ᠤ 2000 ᠲᠦᠮᠡᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠵᠥᠪᠰᠢᠶᠡᠷᠡᠭᠳᠡᠵᠦ᠂

ᠲᠢᠶᠠᠨ ᠴᠧᠩ ᠺᠣᠮᠫᠠᠨᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ

ᠴᠣᠬᠤᠯᠠᠪᠤᠷᠢ ᠥᠭᠬᠦ ᠶᠢ ᠬᠦᠯᠢᠶᠡᠪᠡ᠃ ᠮᠧᠩ ᠳ᠋ᠡ ᠲᠢᠲ᠋ᠠᠨ ᠤ ᠦᠢᠯᠡᠰ ᠤᠨ ᠺᠣᠮᠫᠠᠨᠢ᠂ ᠠᠯᠲᠠᠨ ᠲᠡᠮᠡᠭᠡᠲᠦ

ᠬᠤᠪᠴᠠᠰᠤ ᠵᠠᠰᠠᠯ ᠤᠨ ᠺᠣᠮᠫᠠᠨᠢ᠂ ᠢᠦᠢ ᠮᠧᠩ ᠷᠧᠨ ᠬᠤᠪᠴᠠᠰᠤ ᠵᠠᠰᠠᠯ ᠤᠨ ᠺᠣᠮᠫᠠᠨᠢ ᠵᠡᠷᠭᠡ 3 ᠭᠠᠳᠠᠭᠠᠳᠤ

ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠭᠤᠶᠤᠴᠢᠯᠠᠬᠤ ᠲᠤᠰᠬᠠᠢ ᠪᠡᠯᠡ

ᠮᠥᠩᠭᠦ ᠶᠢᠨ ᠮᠠᠲ᠋ᠧᠷᠢᠶᠠᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ

ᠮᠡᠳᠡᠭᠦᠯᠪᠡ᠃  ᠠᠮᠢᠳᠤ ᠮᠠᠯ ᠤᠨ ᠠᠷᠠᠯᠵᠢᠶᠠᠨ ᠤ ᠲᠥᠪ ᠤᠨ ᠲᠥᠷᠥᠯ ᠵᠦᠢᠯ ᠨᠢ ᠰᠤᠳᠤᠯᠵᠤ ᠪᠣᠯᠬᠤ

ᠴᠣᠬᠤᠯᠠᠪᠤᠷᠢ ᠶᠢ ᠣᠯᠵᠤ᠂ 2800 ᠲᠦᠮᠡᠨ ᠲᠥᠭᠦᠷᠢᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ

ᠳᠡᠮᠵᠢᠯᠭᠡ ᠭᠤᠶᠤᠴᠢᠯᠠᠬᠤ ᠪᠠᠷ ᠪᠣᠶ᠂ ᠣᠲᠣ ᠨᠢᠭᠡᠨᠲᠡ ᠡᠳ᠋ ᠤᠨ ᠵᠠᠰᠠᠭ ᠤᠨ ᠲᠢᠩᠬᠢᠮ ᠲᠠᠢ ᠵᠣᠯᠭᠠᠯᠳᠤᠵᠤ ᠪᠠᠶᠢᠨ᠎ᠠ᠃

ᠮᠧᠩ ᠳ᠋ᠡ ᠲᠢᠲ᠋ᠠᠨ ᠤ ᠦᠢᠯᠡᠰ ᠤᠨ ᠺᠣᠮᠫᠠᠨᠢ᠂ ᠰᠢᠶᠦ᠋ᠩ ᠸᠧᠢ ᠭᠤᠸᠠᠩ ᠳ᠋ᠠ᠂ ᠬᠤᠸᠠ ᠴᠧᠨ ᠠᠭᠤᠷᠬᠠᠢ ᠶᠢᠨ

ᠦᠢᠯᠡᠰ ᠤᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠦᠢᠯᠡᠳᠪᠦᠷᠢ ᠶᠢᠨ ᠮᠠᠭᠠᠳᠯᠠᠨ

ᠲᠣᠭᠲᠠᠭᠠᠯᠲᠠ ᠪᠠᠷ ᠳᠡᠮᠵᠢᠨ᠂ ᠺᠣᠮᠫᠠᠨᠢ ᠪᠦᠷᠢ 50 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠪᠠ᠃

   6. ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠃ ᠣᠲᠣ ᠪᠣᠯᠲᠠᠯ᠎ᠠ᠂ ᠰᠢᠯᠵᠢᠮᠡᠯ

ᠮᠡᠳᠡᠭᠡ ᠬᠤᠯᠪᠣᠭᠠᠨ ᠤ ᠺᠣᠮᠫᠠᠨᠢ 5G ᠶᠢᠨ ᠰᠠᠭᠤᠷᠢ ᠥᠷᠲᠡᠭᠡ ᠶᠢ 10 ᠪᠠᠶᠢᠭᠤᠯᠵᠤ᠂ ᠵᠢᠱᠢᠯᠲᠡ ᠪᠠᠷ ᠵᠢᠯ ᠤᠨ

ᠳᠣᠲᠣᠷ᠎ᠠ 15 ᠰᠠᠭᠤᠷᠢ ᠥᠷᠲᠡᠭᠡ ᠶᠢ ᠪᠠᠶᠢᠭᠤᠯᠵᠤ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭᠠᠨ ᠤ ᠺᠣᠮᠫᠠᠨᠢ

ᠬᠤᠲᠠ ᠶᠢᠨ ᠲᠣᠭᠤᠷᠢᠭ ᠲᠤ 5G ᠶᠢᠨ ᠨᠡᠶᠢᠲᠡ ᠶᠢᠨ ᠬᠡᠷᠡᠭᠯᠡᠭᠡᠨ ᠤ ᠰᠠᠭᠤᠷᠢ ᠥᠷᠲᠡᠭᠡ ᠶᠢ 47 ᠪᠠᠶᠢᠭᠤᠯᠵᠤ᠂

ᠵᠢᠱᠢᠯᠲᠡ ᠪᠠᠷ ᠵᠢᠯ ᠤᠨ ᠳᠣᠲᠣᠷ᠎ᠠ 50 ᠰᠠᠭᠤᠷᠢ ᠥᠷᠲᠡᠭᠡ ᠶᠢ ᠪᠠᠶᠢᠭᠤᠯᠵᠤ᠂ ᠵᠢᠯ ᠤᠨ ᠡᠴᠦᠰ ᠲᠤ 5G ᠶᠢᠨ

ᠰᠦᠯᠵᠢᠶ᠎ᠡ ᠶᠢ ᠬᠤᠲᠠ ᠶᠢᠨ ᠲᠣᠭᠤᠷᠢᠭ ᠲᠤ ᠪᠦᠷᠬᠦᠭᠦᠯᠬᠦ ᠪᠣᠯᠣᠨ᠎ᠠ᠃

   7. ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠤᠭᠰᠠᠨ ᠪᠠᠶᠢᠳᠠᠯ᠃

ᠨᠢᠭᠡ ᠳᠤ᠂ ᠱᠠᠩᠳᠤ ᠶᠢᠨ ᠮᠧᠩ ᠱᠠᠩ ᠪᠠᠩᠬᠢ ᠲᠠᠢ ᠬᠤᠸᠠᠳᠧ‌‍ᠰᠢᠶᠠᠨ ᠤ ᠳᠤᠮᠳᠠ ᠪᠠᠭ᠎ᠠ ᠠᠵᠤ ᠠᠬᠤᠶᠢᠯᠠᠯ ᠢ

ᠵᠣᠯᠭᠠᠭᠤᠯᠵᠤ᠂ ᠠᠵᠤ ᠠᠬᠤᠶᠢᠯᠠᠯ ᠤᠨ ᠪᠡᠯᠡ ᠮᠥᠩᠭᠦᠨ ᠤ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠂ ᠬᠤᠶᠠᠷ ᠲᠤ᠂

ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠠᠢ ᠢᠳᠡᠪᠬᠢᠲᠡᠢ ᠪᠠᠷ ᠵᠣᠯᠭᠠᠭᠤᠯᠵᠤ᠂

 ᠶᠢᠨ ᠲᠦᠸᠧ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ᠂ ᠬᠤᠸᠠᠳᠧ ᠠᠷᠢᠬᠢ ᠨᠡᠷᠡᠬᠦ ᠬᠢᠵᠠᠭᠠᠷᠲᠤ ᠺᠣᠮᠫᠠᠨᠢ ᠳᠤ

ᠪᠠᠲᠤᠯᠠᠭᠠᠲᠤ ᠵᠢᠭᠡᠯᠡᠯᠭᠡ ᠶᠢ ᠦᠷᠭᠦᠯᠵᠢᠯᠡᠨ ᠵᠢᠭᠡᠯᠡᠭᠦᠯᠬᠦ ᠲᠤᠬᠠᠶᠢᠯᠠᠭᠰᠠᠨ ᠠᠵᠢᠯ ᠢ ᠬᠢᠵᠦ᠂ 595 ᠲᠦᠮᠡᠨ

ᠲᠥᠭᠦᠷᠢᠭ ᠤᠨ ᠪᠡᠯᠡ ᠮᠥᠩᠭᠦ ᠦᠷᠭᠦᠯᠵᠢᠯᠡᠨ ᠵᠢᠭᠡᠯᠡᠭᠦᠯᠦᠨ᠎ᠡ᠃ ᠭᠤᠷᠪᠠ ᠳᠤ᠂ ᠨᠢᠭᠡ ᠰᠠᠷ᠎ᠠ ᠶᠢᠨ ᠬᠤᠭᠤᠴᠠᠭ᠎ᠠ ᠲᠠᠢ

ᠬᠡᠷᠡᠭᠯᠡᠭᠡ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠱᠢ ᠵᠢᠢ ᠬᠤᠸᠠ ᠯᠢᠶᠠᠨ᠂ ᠳ᠋ᠧ ᠹᠦ᠋ ᠪᠦᠷᠢᠨ

ᠪᠠᠷᠠᠭ᠎ᠠ᠂ ᠳ᠋ᠦ᠋ ᠳ᠋ᠧ ᠯᠢ ᠵᠡᠷᠭᠡ 25 ᠠᠵᠤ ᠠᠬᠤᠶᠢᠯᠠᠯ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠨᠡᠶᠢᠲᠡ

850 ᠭᠠᠷᠤᠢ ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠪᠡ᠃

  7. ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠪᠠᠶᠢᠳᠠᠯ᠃ ᠡᠨᠡ ᠵᠢᠯ ᠠᠴᠠ ᠨᠠᠰᠢ᠂ ᠡᠯᠧᠺᠲᠷᠣᠨ

ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ

ᠲᠥᠷᠥᠯ ᠵᠦᠢᠯ ᠪᠠ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠰᠢᠷᠢᠰ ᠠᠵᠢᠯ ᠢ ᠥᠷᠨᠢᠭᠦᠯᠬᠦ ᠶᠢᠨ

ᠲᠣᠭᠤᠷᠢᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ

ᠵᠢᠱᠢᠶ᠎ᠡ ᠦᠵᠡᠭᠦᠯᠬᠦ ᠲᠥᠷᠥᠯ ᠵᠦᠢᠯ ᠨᠢᠭᠡᠨᠲᠡ ᠰᠢᠪᠲᠤᠯᠤᠯᠲᠠ ᠶᠢᠨ ᠱᠠᠲᠤᠨ ᠳᠤ ᠣᠷᠣᠵᠤ᠂ 1-9 ᠰᠠᠷ᠎ᠠ ᠳᠤ

ᠬᠤᠸᠠᠳᠧ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 1.23 ᠳ᠋ᠦᠩᠰᠢᠭᠤᠷ

ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠪᠡ︔ ᠰᠦᠯᠵᠢᠶ᠎ᠡ ᠪᠠᠷ

ᠵᠢᠵᠢᠭᠯᠡᠨ ᠬᠤᠳᠠᠯᠳᠤᠭᠰᠠᠨ ᠲᠤᠭ᠎ᠠ 4505 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ

 ᠬᠢ ᠠᠴᠠ 31.6% ᠨᠡᠮᠡᠭᠳᠡᠪᠡ︔ ᠵᠢᠵᠢᠭᠯᠡᠨ ᠬᠤᠳᠠᠯᠳᠤᠭᠰᠠᠨ ᠬᠡᠮᠵᠢᠶ᠎ᠡ 166.2 ᠲᠦᠮᠡᠨ ᠬᠤᠪᠢ ᠳᠤ ᠬᠦᠷᠴᠦ᠂

ᠬᠥᠳᠡᠭᠡ ᠪᠠᠭᠤᠵᠤ ᠲᠦᠷᠭᠡᠨ ᠬᠦᠷᠭᠡᠭᠰᠡᠨ ᠬᠡᠮᠵᠢᠶ᠎ᠡ 5.51 ᠲᠦᠮᠡᠨ ᠬᠤᠪᠢ ᠳᠤ ᠬᠥᠷᠪᠡ᠃

   1600 ᠲᠡᠭᠰᠢ ᠳᠥᠷᠪᠡᠯᠵᠢᠨ ᠮᠧᠲᠷ ᠤᠨ ᠰᠢᠶᠠᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ

ᠦᠢᠯᠡᠴᠢᠯᠡᠭᠡᠨ ᠤ ᠲᠥᠪ ᠢ 1 ᠪᠠᠶᠢᠭᠤᠯᠵᠤ᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠦᠷᠭᠡᠨ

ᠬᠦᠷᠭᠡᠯᠲᠡ ᠶᠢᠨ ᠬᠥᠮᠥᠷᠭᠡᠯᠡᠨ ᠬᠠᠳᠠᠭᠠᠯᠠᠬᠤ ᠲᠥᠪᠯᠡᠷᠡᠭᠦᠯᠦᠨ ᠲᠠᠷᠬᠠᠭᠠᠬᠤ ᠲᠥᠪ ᠢ 1᠂ ᠬᠥᠳᠡᠭᠡ ᠲᠣᠰᠬᠤᠨ ᠤ

ᠡᠯᠧᠺᠲᠷᠣᠨ ᠬᠤᠳᠠᠯᠳᠤᠭᠠᠨ ᠤ ᠥᠷᠲᠡᠭᠡ ᠴᠡᠭ ᠢ 43 ᠪᠠᠶᠢᠭᠤᠯᠵᠤ᠂ ᠬᠥᠳᠡᠭᠡ ᠲᠣᠰᠬᠤᠨ ᠤ ᠪᠠᠷᠠᠭᠠᠨ ᠤ

ᠭᠦᠢᠯᠭᠡᠭᠡᠨ ᠤ ᠥᠷᠲᠡᠭᠡ ᠴᠡᠭ ᠢ 51 ᠪᠠᠶᠢᠭᠤᠯᠵᠤ᠂ ᠬᠥᠳᠡᠭᠡ ᠲᠣᠰᠬᠤᠨ ᠤ ᠰᠢᠭᠤᠳ ᠨᠡᠪᠲᠡᠷᠡᠭᠦᠯᠭᠡ ᠶᠢᠨ ᠵᠢᠱᠢᠶ᠎ᠡ

ᠦᠵᠡᠭᠦᠯᠬᠦ ᠴᠡᠭ 2 ᠢ ᠪᠠᠶᠢᠭᠤᠯᠵᠠᠢ᠃ ᠵᠢᠩ ᠳ᠋ᠦᠩ ᠤᠨ ᠣᠨᠴᠠᠯᠢᠭᠲᠤ ᠣᠷᠳᠣᠨ ᠪᠠᠶᠢᠭᠤᠯᠵᠤ᠂ ᠾᠧᠪᠧᠢ

ᠮᠤᠵᠢ ᠶᠢᠨ ᠰᠢᠤᠸᠠᠨ ᠬᠤᠸᠠ ᠬᠤᠳᠠ ᠶᠢᠨ ᠡᠯᠧᠺᠲᠷᠣᠨ ᠬᠤᠳᠠᠯᠳᠤᠭᠠᠨ ᠤ ᠠᠷᠭ᠎ᠠ ᠵᠠᠮ ᠤᠨ ᠠᠵᠤ ᠠᠬᠤᠶᠢᠯᠠᠯ ᠲᠠᠢ

ᠬᠠᠮᠲᠤᠷᠠᠯᠴᠠᠨ ᠶᠠᠳᠠᠭᠤ ᠶᠢ ᠲᠡᠳᠬᠦᠬᠦ 832 ᠲᠠᠪᠴᠠᠩ ᠢ ᠨᠡᠶᠢᠳᠬᠡᠵᠦ᠂ ᠭᠥᠸᠧ ᠲᠢᠶᠧ ᠬᠤᠳᠠᠯᠳᠤᠭᠠᠨ ᠤ

ᠬᠤᠳᠠ ᠲᠠᠢ ᠬᠠᠮᠲᠤᠷᠠᠯᠴᠠᠵᠤ᠂ ︽ᠠᠷᠤ ᠭᠠᠵᠠᠷ ᠤᠨ ᠬᠠᠨ ᠹᠧᠩ︾ ᠲᠠᠷᠢᠶᠠᠯᠠᠩ ᠤᠨ ᠪᠦᠲᠦᠭᠡᠭᠳᠡᠬᠦᠨ᠂ ︽

ᠪᠠᠭ᠋ᠠᠷᠤᠯᠲᠤ ᠵᠤᠤ ᠵᠢᠶᠦ᠋ᠨ︾ ᠬᠤᠪᠴᠠᠰᠤᠨ ᠤ ᠰᠦᠯᠵᠢᠶᠡᠨ ᠳᠡᠭᠡᠷᠡᠬᠢ ᠳᠡᠯᠭᠡᠭᠦᠷ ᠢ ᠪᠠᠶᠢᠭᠤᠯᠪᠠ᠃

   8. ᠲᠠᠷᠢᠶᠠᠯᠠᠩ ᠤᠨ ᠪᠦᠲᠦᠭᠡᠭᠳᠡᠬᠦᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ᠄ ᠨᠢᠭᠡ ᠳᠤ᠂ 5

ᠰᠠᠷ᠎ᠠ ᠶᠢᠨ 21  ᠤ ᠦᠳᠡ ᠶᠢᠨ ᠡᠮᠦᠨ᠎ᠡ ᠪᠡᠭᠡᠵᠢᠩ ᠵᠣᠴᠢᠳ ᠤᠨ ᠪᠠᠭᠤᠳᠠᠯ ᠤᠨ ᠤᠯᠠᠨ ᠤᠯᠤᠰ ᠤᠨ ᠬᠤᠷᠠᠯ

ᠦᠵᠡᠰᠬᠦᠯᠡᠩ ᠤᠨ ᠲᠥᠪ ᠲᠤ ︽ᠠᠷᠤ ᠭᠠᠵᠠᠷ ᠤᠨ ᠬᠠᠨ ᠹᠧᠩ︾ ᠲᠠᠷᠢᠶᠠᠯᠠᠩ ᠤᠨ ᠪᠦᠲᠦᠭᠡᠭᠳᠡᠬᠦᠨ ᠤ ᠤᠯᠠᠨ

ᠨᠡᠶᠢᠲᠡ ᠶᠢᠨ ᠲᠦᠷᠦᠯ ᠲᠡᠮᠳᠡᠭ ᠢ ᠨᠡᠶᠢᠲᠡᠯᠡᠬᠦ ᠬᠤᠷᠠᠯ ᠬᠢᠵᠦ᠂ ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠡ᠂

ᠲᠥᠪ ᠤᠨ ᠸᠢᠳᠢᠤ᠋ ᠵᠡᠷᠭᠡ 10 ᠭᠠᠷᠤᠢ ᠭᠤᠣᠯ ᠵᠠᠭᠤᠴᠢᠯᠠᠭᠤᠷ ᠤᠨ ᠬᠢᠨ ᠮᠡᠳᠡᠭᠡᠯᠡᠪᠡ᠃ ᠬᠤᠷᠠᠯ ᠳᠡᠭᠡᠷ᠎ᠡ᠂ ᠣᠯᠠᠨ

ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠭᠰᠡᠨ ᠠᠩᠬᠠᠨ ᠤ ᠪᠦᠯᠦᠭ 12 ᠠᠵᠤ ᠠᠬᠤᠶᠢᠯᠠᠯ ᠳᠤ ᠫᠠᠶᠢᠰᠠ

ᠣᠯᠭᠤᠭᠰᠠᠨ ᠪᠥᠭᠡᠳ ᠳᠤᠮᠳᠠᠳᠤ ᠤᠯᠤᠰ ᠤᠨ ᠤᠯᠤᠰ ᠤᠨ ᠨᠠᠷᠠᠲᠤ ᠲᠥᠷᠥᠯ ᠲᠡᠮᠳᠡᠭᠲᠦ ᠶᠢᠨ ᠰᠦᠯᠵᠢᠶ᠎ᠡ ᠲᠠᠢ

ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠪᠣᠷᠣ ᠲᠥᠯᠥᠪ ᠤᠨ ᠬᠡᠯᠡᠯᠴᠡᠭᠡᠷ ᠲᠣᠭᠲᠠᠪᠠ᠃ ᠬᠤᠶᠠᠷ ᠲᠤ᠂ G6

ᠲᠦᠷᠭᠡᠨ ᠵᠠᠰᠠᠮᠠᠯ ᠵᠠᠮ ᠤᠨ ᠵᠢᠨᠢᠩ ᠤᠨ ᠡᠮᠦᠨ᠎ᠡ ᠭᠠᠷᠭᠠᠯᠲᠠ ᠶᠢᠨ ᠪᠠᠷᠠᠭᠤᠨ ᠲᠠᠯ᠎ᠠ ᠳᠤ ᠲᠤᠯᠭᠠᠭᠤᠷᠢ ᠪᠠᠭᠠᠨ᠎ᠠ ᠶᠢ

ᠠᠰᠢᠭᠯᠠᠨ ︽ᠠᠷᠤ ᠭᠠᠵᠠᠷ ᠤᠨ ᠬᠠᠨᠹᠧᠩ︾ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠨᠡᠶᠢᠲᠡ ᠶᠢᠨ ᠨᠠᠷᠠᠲᠤ

ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠬᠢᠪᠡ᠃

   9.ᠭᠠᠳᠠᠭᠠᠳᠤ ᠠᠷᠠᠯᠵᠢᠶᠠᠨ ᠤ ᠠᠵᠢᠯ ᠤᠨ ᠪᠠᠶᠢᠳᠠᠯ᠃ ᠣᠲᠣ ᠪᠣᠯᠲᠠᠯ᠎ᠠ᠂ ᠮᠠᠨ ᠤ ᠰᠢᠶᠠᠨ ᠳᠤ ᠥᠪᠡᠰᠦᠪᠡᠨ

ᠡᠵᠡᠩᠨᠡᠵᠦ ᠪᠠᠶᠢᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠲᠠᠢ ᠠᠵᠤ ᠠᠬᠤᠶᠢᠯᠠᠯ

ᠨᠡᠶᠢᠲᠡ 20 ᠪᠣᠶ᠂ ᠡᠭᠦᠨ ᠳᠤ ᠬᠤᠪᠴᠠᠰᠤ ᠬᠤᠨᠠᠷ ᠤᠨ ᠠᠵᠤ ᠠᠬᠤᠶᠢᠯᠠᠯ 9᠂ ᠲᠡᠮᠦᠷᠯᠢᠭ ᠬᠠᠶᠢᠯᠤᠭᠤᠯᠬᠤ ᠠᠵᠤ

ᠠᠬᠤᠶᠢᠯᠠᠯ 6᠂ ᠢᠳᠡᠭᠡᠨ ᠤ ᠠᠵᠤ ᠠᠬᠤᠶᠢᠯᠠᠯ 2᠂ ᠪᠤᠰᠤᠳ ᠠᠵᠤ ᠠᠬᠤᠶᠢᠯᠠᠯ 3 ᠪᠣᠶ᠃ ᠡᠨᠡ ᠵᠢᠯ ᠦ᠋ ᠺᠤᠸᠠᠩ

ᠺᠣᠮᠫᠠᠨᠢ ᠶᠢ ᠬᠠᠪᠰᠤᠷᠴᠤ ᠥᠪᠡᠷ ᠢᠶᠠᠨ ᠡᠵᠡᠩᠨᠡᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ

 ᠲᠠᠢ ᠪᠣᠯᠭᠠᠪᠡ᠃ ᠶᠢᠨ ᠲᠦᠸᠧ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢ ᠢᠳᠡᠪᠬᠢᠲᠡᠢ ᠪᠠᠷ ᠬᠠᠮᠵᠢᠨ

ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠺᠣᠮᠫᠠᠨᠢ ᠶᠢ ᠠᠮᠵᠢᠯᠲᠠ ᠲᠠᠢ ᠪᠠᠷ ᠳᠠᠩᠰᠠᠯᠠᠭᠤᠯᠪᠠ᠂

ᠲᠠᠷᠠᠭᠠᠴᠢ ᠶᠢᠨ ᠠᠯᠬᠤᠮ ᠳᠤ ᠲᠣᠰ ᠺᠣᠮᠫᠠᠨᠢ ᠮᠣᠩᠭᠤᠯ ᠤᠯᠤᠰ ᠲᠤ ᠬᠤᠪᠢᠶᠠᠷᠢ ᠺᠣᠮᠫᠠᠨᠢ ᠪᠠᠶᠢᠭᠤᠯᠬᠤ ᠪᠠᠷ ᠪᠣᠶ᠃

2020 ᠣᠨ ᠳᠤ ᠮᠧᠩ ᠳ᠋ᠠ ᠲᠢᠲ᠋ᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠮᠠᠨᠵᠤᠤᠷ

ᠪᠣᠭᠤᠮᠲᠠ ᠪᠠᠷ ᠳᠠᠮᠵᠢᠭᠤᠯᠤᠨ 3960 ᠲᠣᠨ ᠥᠨᠳᠥᠷ ᠲᠢᠲ᠋ᠠᠨ ᠤ ᠰᠢᠭᠠᠷᠤ ᠶᠢ ᠭᠠᠳᠠᠭᠠᠳᠤ ᠳᠤ ᠭᠠᠷᠭᠠᠵᠤ᠂ 374

ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠡᠭᠦᠳᠪᠡ︔ ᠥᠪᠥᠷ ᠮᠣᠩᠭᠤᠯ ᠤᠨ ᠶᠢᠨ ᠲᠦᠸᠧ ᠬᠤᠪᠴᠠᠰᠤ

ᠵᠠᠰᠠᠯ ᠤᠨ ᠬᠢᠵᠠᠭᠠᠷᠲᠤ ᠺᠣᠮᠫᠠᠨᠢ ᠲᠡᠮᠡᠭᠡᠨ ᠨᠣᠣᠰᠣᠨ ᠳ᠋ᠠᠴᠠᠩ ᠢ 190 ᠵᠠᠬ᠎ᠠ ᠭᠠᠳᠠᠭᠠᠳᠤ ᠳᠤ ᠭᠠᠷᠭᠠᠵᠤ᠂ 1.1

ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠣᠯᠪᠠ︔ ᠢᠦᠢ ᠮᠧᠩ ᠷᠧᠨ ᠬᠤᠪᠴᠠᠰᠤ ᠵᠠᠰᠠᠯ ᠤᠨ ᠬᠢᠵᠠᠭᠠᠷᠲᠤ

ᠺᠣᠮᠫᠠᠨᠢ 4598 ᠣᠷᠣᠰ ᠤᠨ ᠬᠦᠢᠲᠡᠨ ᠠᠴᠠ ᠰᠡᠷᠭᠡᠶᠢᠯᠡᠬᠦ ᠬᠤᠪᠴᠠᠰᠤ ᠶᠢ ᠭᠠᠳᠠᠭᠠᠳᠤ ᠳᠤ ᠭᠠᠷᠭᠠᠵᠤ᠂ 34.8

ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠣᠯᠪᠠ᠃ 2021 ᠣᠨ ᠠᠴᠠ ᠣᠲᠣ ᠪᠣᠯᠲᠠᠯ᠎ᠠ ᠢᠦᠢ ᠮᠧᠩ

ᠷᠧᠨ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ 4416 ᠵᠠᠬ᠎ᠠ ᠬᠤᠪᠴᠠᠰᠤ ᠭᠠᠳᠠᠭᠠᠳᠤ ᠳᠤ ᠭᠠᠷᠭᠠᠵᠤ᠂ 39.

744 ᠲᠦᠮᠡᠨ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠣᠯᠵᠤ᠂ 1.68 ᠲᠦᠮᠡᠨ ᠲᠥᠭᠦᠷᠢᠭ ᠤᠨ ᠭᠠᠶᠢᠯᠢ

ᠪᠤᠴᠠᠭᠠᠬᠤ ᠪᠠᠷ ᠭᠤᠶᠤᠴᠢᠯᠠᠵᠠᠢ᠃

   10. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠪᠠ᠃ ᠨᠢᠭᠡ ᠳᠤ᠂

ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠠᠶᠢᠭ᠎ᠠ

ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠤᠯᠪᠣᠭᠳᠠᠯ ᠪᠦᠬᠦᠢ ᠲᠠᠰᠤᠭ ᠤᠨ

ᠣᠷᠣᠯᠴᠠᠭᠰᠠᠨ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠶᠠᠨ ᠤ ᠨᠠᠮ ᠤᠨ

ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠨ᠎ᠡ ᠲᠢᠲᠢᠮᠯᠢᠭ ᠸᠢᠷᠦ᠋ᠰ ‍ᠦᠨ‌ᠠᠭᠤᠰᠬᠢᠨ ᠦᠷᠪᠢᠰᠦᠯ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ

ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠤᠯᠭ᠎ᠠ

ᠵᠣᠬᠢᠰᠲᠠᠢ᠂ ᠪᠠᠶᠢᠷᠢᠯᠠᠭᠤᠯᠤᠯᠲᠠ ᠬᠦᠴᠦᠲᠡᠢ᠂ ᠨᠠᠶᠢᠳᠠᠪᠤᠷᠢᠵᠢᠭᠤᠯᠤᠯᠲᠠ ᠪᠦᠲᠦᠮᠵᠢᠲᠡᠶ ᠪᠠᠶᠢᠬᠤ ᠶᠢ ᠦᠨᠡᠨ ᠬᠦ

ᠪᠠᠲᠤᠯᠠᠪᠠ᠃ ᠨᠢᠭᠡᠨᠲᠡ ᠠᠵᠢᠯ ᠲᠥᠷᠥᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ

ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠵᠤ᠂ ᠣᠲᠣ ᠪᠣᠯᠲᠠᠯ᠎ᠠ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ

᠂ ᠲᠣᠰᠣ ᠨᠡᠮᠡᠬᠦ ᠥᠷᠲᠡᠭᠡ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠠᠵᠢᠯ

ᠲᠥᠷᠥᠯ ᠤᠨ ᠠᠵᠤ ᠠᠬᠤᠶᠢᠯᠠᠯ ᠤᠨ ᠸᠠᠺᠼᠢᠨ ᠤ ᠲᠠᠷᠢᠯᠭ᠎ᠠ ᠶᠢᠨ ᠬᠥᠮᠥᠨ ᠤ ᠲᠤᠭ᠎ᠠ 1100 ᠪᠣᠯᠵᠠᠢ᠃

ᠬᠤᠶᠠᠷ ᠲᠤ᠂ 2021 ᠣᠨ ᠳᠤ ᠬᠦᠢᠲᠡᠨ ᠬᠡᠯᠬᠢᠶᠡᠲᠦ ᠢᠳᠡᠭᠡᠨ ᠤ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ

ᠤᠯᠠᠨ ᠲᠠᠯ᠎ᠠ ᠲᠠᠢ ᠬᠠᠮᠵᠢᠯᠴᠠᠨ ᠬᠢᠪᠡ᠃

   ᠬᠤᠶᠠᠷ᠂ ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠡ᠂ ᠲᠠ ᠠᠵᠤ ᠦᠢᠯᠡᠳᠪᠦᠷᠢ ᠶᠢᠨ ᠬᠦᠷᠢᠶᠡᠯᠡᠩ

ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠨ᠎ᠠ ᠦᠦ︖

   ᠮᠠ ᠶᠠ ᠱᠧᠩ᠄

   ︵ᠨᠢᠭᠡ︶ ᠨᠠᠮ ᠤᠨ ᠡᠭᠦᠷ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠪᠠᠶᠢᠳᠠᠯ᠄ ᠲᠣᠪᠴᠢᠶ᠎ᠠ ᠶᠢᠨ ᠨᠠᠮ ᠤᠨ

ᠡᠭᠦᠷ ᠤᠨ ᠰᠢᠨ᠎ᠡ ᠨᠢᠭᠡ ᠬᠤᠭᠤᠴᠠᠭᠠᠨ ᠤ ᠡᠭᠦᠷ ᠤᠨ ᠭᠡᠰᠢᠭᠦᠳ ᠤᠨ ᠪᠦᠷᠢᠯᠳᠦᠭᠦᠨ ᠵᠢᠴᠢ ᠨᠠᠮ ᠤᠨ ᠡᠭᠦᠷ ᠤᠨ

ᠨᠠᠮ ᠤᠨ ᠳᠤᠭᠤᠶᠢᠯᠠᠩ ᠤᠨ ᠬᠤᠪᠢᠶᠠᠷᠢᠯᠠᠯ ᠤᠨ ᠪᠠᠶᠢᠳᠠᠯ ᠶᠣᠰᠣᠭᠠᠷ᠂ ᠲᠣᠪᠴᠢᠶ᠎ᠠ ᠶᠢᠨ ᠨᠠᠮ ᠤᠨ ᠡᠭᠦᠷ ᠤᠨ

ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠵᠢᠷᠤᠭ ᠢ ᠰᠢᠨ᠎ᠡ ᠪᠠᠷ ᠪᠠᠶᠢᠭᠤᠯᠤᠭᠰᠠᠨ ᠪᠥᠭᠡᠳ ᠬᠠᠨ᠎ᠠ ᠳᠡᠭᠡᠷ᠎ᠡ

ᠭᠠᠷᠭᠠᠭᠰᠠᠨ ᠪᠥᠭᠡᠳ ᠨᠠᠮ ᠤᠨ ᠪᠠᠶᠢᠭᠤᠯᠤᠯᠲᠠ ᠶᠢᠨ ᠵᠢᠷᠤᠭ ᠢ 10 ᠭᠠᠷᠤᠢ ᠰᠢᠨᠡᠳᠬᠡᠵᠦ᠂ ᠰᠤᠷᠤᠯᠴᠠᠬᠤ

ᠬᠦᠷᠢᠶᠡᠯᠡᠩ ᠢ ᠪᠠᠶᠢᠭᠤᠯᠵᠤ᠂ ᠨᠠᠮ ᠤᠨ ᠡᠭᠦᠷ ᠤᠨ ᠲᠡᠷᠢᠭᠦᠨ ᠤ ᠴᠢᠨᠠᠷ ᠢᠶᠠᠨ ᠡᠭᠦᠷᠢᠳᠡ ᠪᠠᠲᠤᠯᠠᠬᠤ ᠤᠷᠳᠤ

ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠨᠠᠮ ᠤᠨ ᠪᠠᠶᠢᠭᠤᠯᠤᠯᠲᠠ ᠶᠢᠨ

ᠠᠵᠢᠯ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ ᠥᠭᠭᠦᠭᠰᠡᠨ ᠪᠥᠭᠡᠳ ᠨᠠᠮ ᠤᠨ ᠭᠡᠰᠢᠭᠦᠨ

ᠺᠠᠳ᠋ᠷᠴᠤᠳ ᠤᠨ ᠦᠵᠡᠯ ᠰᠠᠨᠠᠭ᠎ᠠ ᠶᠢ ᠴᠤ ᠬᠥᠲᠥᠯᠥᠨ ᠳᠠᠭᠠᠭᠤᠯᠵᠤ ᠨᠡᠪᠴᠢᠭᠦᠯᠦᠭᠰᠡᠨ ᠪᠠᠶᠢᠨ᠎ᠠ᠃

   ︵ᠬᠤᠶᠠᠷ︶ ᠨᠠᠮ ᠤᠨ ᠳᠣᠲᠣᠭᠠᠳᠤ ᠶᠢᠨ ᠠᠵᠢᠯ ᠤᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ᠄

   1. ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ

ᠳᠦᠷᠢᠮ ᠢ ᠬᠡᠷᠡᠭᠵᠢᠭᠦᠯᠦᠭᠰᠡᠨ ᠪᠠᠶᠢᠳᠠᠯ᠄ ᠰᠠᠷ᠎ᠠ ᠪᠦᠷᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠯᠤᠭ᠎ᠠ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠬᠠᠢ ᠰᠡᠳᠬᠢᠯ ᠤᠨ ᠦᠭᠡ ᠪᠠᠨ ᠨᠢᠭᠡ ᠤᠳᠠᠭ᠎ᠠ

ᠶᠠᠷᠢᠯᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠠᠵᠢᠯ ᠢ ᠡᠳᠦᠷ ᠲᠤᠳᠤᠮ ᠤᠨ

ᠰᠢᠪᠠᠳᠠᠨ ᠱᠠᠭᠠᠷᠳᠠᠵᠤ᠂ ᠮᠥᠷᠳᠡᠵᠦ᠂ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠡᠷᠡᠭᠲᠡᠢ᠃

ᠪᠦᠬᠦ ᠺᠠᠳ᠋ᠷ ᠠᠵᠢᠯᠲᠠᠨ ᠠᠵᠢᠯᠴᠢᠨ ᠳᠤ ᠰᠡᠷᠡᠮᠵᠢᠯᠡᠭᠦᠯᠬᠦ ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠪᠠ

ᠠᠬᠢᠭᠤᠯᠬᠤ ᠬᠤᠷᠠᠯ ᠢ ᠨᠡᠶᠢᠳᠡ 2 ᠤᠳᠠᠭ᠎ᠠ ᠬᠤᠷᠠᠯᠳᠤᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠳᠤ ᠶᠡᠷᠦᠩᠬᠡᠢ ᠪᠠᠶᠢᠷᠢᠯᠠᠭᠤᠯᠤᠯᠲᠠ ᠬᠢᠬᠦ ᠶᠢᠨ ᠬᠠᠮᠲᠤ᠂ ᠡᠯ᠎ᠡ ᠬᠤᠪᠢ ᠣᠷᠣᠭᠤᠯᠤᠭᠰᠠᠨ ᠭᠡᠷ ᠲᠤ

ᠣᠷᠣᠰᠢᠵᠤ ᠮᠡᠳᠡᠬᠦ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ

ᠤᠷᠢᠳᠴᠢᠯᠠᠨ ᠰᠡᠷᠡᠮᠵᠢᠯᠡᠭᠦᠯᠪᠡ᠃ ᠠᠵᠢᠯ ᠤᠨ ᠲᠠᠯ᠎ᠠ ᠪᠠᠷ᠂ ᠪᠥᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ

ᠠᠵᠢᠯᠴᠢᠨ ᠤ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠡᠭᠦᠷᠭᠡ ᠲᠤᠰᠢᠶᠠᠯ ᠢᠶᠠᠨ

ᠬᠢᠴᠢᠶᠡᠩᠭᠦᠶᠢᠯᠡᠨ ᠭᠦᠢᠴᠡᠳᠬᠡᠬᠦ ᠶᠢ ᠬᠥᠮᠥᠵᠢᠭᠦᠯᠦᠨ ᠵᠢᠯᠣᠭᠤᠳᠤᠨ᠎ᠠ᠃ ᠠᠵᠤ ᠠᠬᠤᠶᠢᠯᠠᠯ ᠳᠤ ᠦᠢᠯᠡᠴᠢᠯᠡᠬᠦ ᠳᠡᠭᠡᠨ

ᠣᠪᠣᠷ ᠢᠶᠠᠨ ᠲᠥᠪ ᠪᠣᠯᠭᠠᠵᠤ᠂ ᠢᠨᠢᠶᠡᠮᠰᠦᠭᠯᠡᠨ ᠦᠢᠯᠡᠴᠢᠯᠡᠵᠦ᠂ ᠦᠢᠯᠡᠴᠢᠯᠡᠭᠡᠨ ᠤ ᠦᠷ᠎ᠡ ᠠᠰᠢᠭ ᠪᠣᠯᠣᠨ

ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠶᠢᠵᠤ᠂

ᠢᠯᠵᠢᠷᠡᠬᠦ ᠶᠢ ᠰᠡᠷᠭᠡᠶᠢᠯᠡᠵᠦ ᠬᠤᠪᠢᠷᠠᠬᠤ ᠶᠢ ᠲᠡᠪᠴᠢᠬᠦ ᠦᠵᠡᠯ ᠰᠠᠨᠠᠭᠠᠨ ᠤ ᠬᠤᠷᠢᠭ᠎ᠠ ᠱᠤᠭᠤᠮ ᠢ ᠪᠠᠲᠤ ᠰᠠᠬᠢᠬᠤ

ᠬᠡᠷᠡᠭᠲᠡᠢ᠃ ᠠᠮᠢᠳᠤᠷᠠᠯ ᠤᠨ ᠳᠤᠮᠳᠠ᠂ ᠪᠦᠬᠦ ᠲᠠᠯ᠎ᠠ ᠶᠢᠨ ᠺᠠᠳ᠋ᠷ ᠠᠵᠢᠯᠲᠠᠨ ᠠᠵᠢᠯᠴᠢᠨ᠂ ᠠᠵᠤ ᠠᠬᠤᠶᠢᠯᠠᠯ ᠤᠨ

ᠦᠢᠯᠡᠴᠢᠯᠡᠬᠦ ᠡᠲᠡᠭᠡᠳ ᠤᠨ ᠠᠯᠪᠠᠨ ᠬᠡᠷᠡᠭᠯᠡᠭᠡᠨ ᠤ ᠬᠡᠷᠡᠭᠰᠡᠯ ᠢ ᠠᠷᠪᠢᠯᠠᠨ ᠬᠡᠷᠡᠭᠯᠡᠬᠦ᠂ ᠤᠰᠤ ᠴᠠᠬᠢᠯᠭᠠᠨ ᠢ ᠠᠷᠪᠢᠯᠠᠨ

ᠬᠡᠷᠡᠭᠯᠡᠬᠦ ᠶᠢ ᠬᠥᠮᠥᠵᠢᠭᠦᠯᠦᠨ ᠵᠢᠯᠤᠭᠤᠳᠴᠤ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂

ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠤᠯᠤᠰ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ

ᠴᠤᠤᠷᠢᠶᠠᠲᠤᠨ ᠳᠠᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ᠂ ᠨᠡᠭᠦᠷᠡᠰᠦᠲᠥ᠋ᠷᠥᠭᠴᠢ

ᠪᠠᠭ᠎ᠠ ᠭᠠᠳᠠᠭᠰᠢᠯᠠᠭᠤᠯᠬᠤ ᠠᠮᠢᠳᠤᠷᠠᠯ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ ᠢ

ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠳᠤᠮᠳᠠᠴᠢᠯᠠᠬᠤ

ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ

ᠡᠷᠭᠦᠨ᠎ᠡ᠃

   2. ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠤᠨ ᠪᠠᠶᠢᠳᠠᠯ᠄

   ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠰᠠᠭᠤᠷᠢᠨ ᠭᠠᠵᠠᠷ ᠤᠨ ᠤᠬᠠᠭᠤᠯᠭ᠎ᠠ ᠶᠢᠨ ᠬᠥᠲᠥᠯᠥᠨ

ᠳᠠᠭᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ

ᠪᠠᠶᠢᠭᠤᠯᠤᠭᠳᠠᠭᠰᠠᠨ 100 ᠵᠢᠯ ᠤᠨ ᠤᠢ ᠶᠢᠨ ᠦᠶ᠎ᠡ ᠳᠤ᠂ ᠲᠣᠪᠴᠢᠶ᠎ᠠ ᠶᠢᠨ ᠤᠯᠠᠨ ᠨᠡᠶᠢᠲᠡ ᠶᠢᠨ ᠳ᠋ᠤᠭᠠᠷ᠂

ᠠᠮᠢᠵᠢᠷᠠᠯ ᠤᠨ ᠬᠦᠴᠦᠨ ᠲᠠᠢ ᠬᠤᠸᠠᠳᠧ ᠵᠡᠷᠭᠡ ᠡᠯ᠎ᠡ ᠲᠦᠷᠦᠯ ᠤᠨ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ

ᠠᠰᠢᠭᠯᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠦᠢᠯᠡᠳᠦᠯᠭᠡ ᠶᠢᠨ ᠦᠷ᠎ᠡ ᠪᠦᠲᠦᠭᠡᠯ ᠢ ᠤᠬᠠᠭᠤᠯᠵᠤ᠂

ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ

ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ︽ᠲᠦᠷᠪᠡᠨ ᠲᠡᠦᠬᠡ︾ ᠶᠢᠨ ᠰᠤᠷᠤᠯᠴᠠᠯᠭ᠎ᠠ ᠠᠴᠠ ᠤᠶᠤᠨ

ᠤᠬᠠᠭᠠᠨ ᠪᠠ ᠬᠦᠴᠦᠨ ᠴᠢᠳᠠᠯ ᠰᠢᠩᠭᠡᠬᠡᠨ ᠠᠪᠤᠭᠤᠯᠪᠠ᠃ ᠪᠠᠰᠠ ᠨᠥᠯᠥᠭᠡᠯᠡᠬᠦ ᠬᠡᠪᠴᠢᠶ᠎ᠡ ᠶᠢ ᠤᠯᠠᠮ ᠨᠢᠭᠡ ᠠᠯᠬᠤᠮ

ᠥᠷᠭᠡᠳᠬᠡᠵᠦ᠂ ᠪᠦᠬᠦ ᠨᠡᠶᠢᠭᠡᠮ ᠢᠶᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠭᠦᠨ

ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ ᠥᠭᠪᠡ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ

ᠵᠠᠳᠠᠯᠤᠨ ᠰᠤᠳᠤᠯᠵᠤ ᠮᠠᠭᠠᠳᠯᠠᠭᠰᠠᠨ ᠳ᠋ᠦᠩᠨᠡᠯᠲᠡ ᠶᠢᠨ ᠬᠤᠷᠠᠯ ᠢ ᠤᠯᠠᠷᠢᠯ ᠪᠦᠷᠢ ᠳᠤ ᠬᠤᠷᠠᠯᠳᠤᠭᠤᠯᠵᠤ᠂

ᠬᠦᠷᠦᠯᠴᠡᠬᠦ ᠦᠭᠡᠢ ᠲᠠᠯ᠎ᠠ ᠪᠠᠨ ᠡᠷᠢᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ

ᠲᠣᠳᠤᠷᠬᠠᠶᠢᠯᠠᠪᠡ᠃ ᠣᠶᠢᠷ᠎ᠠ ᠶᠢᠨ ᠬᠤᠭᠤᠴᠠᠭᠠᠨ ᠳᠤ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ

ᠠᠰᠠᠭᠤᠳᠠᠯ ᠢ ᠣᠶᠢᠯᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ᠂ ᠮᠠᠨ ᠤ ᠲᠣᠪᠴᠢᠶ᠎ᠠ

ᠪᠠᠴᠢᠮ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠢ

ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠠ ᠨᠡᠪᠲᠡ ᠠᠵᠢᠭᠯᠠᠬᠤ ᠴᠢᠳᠠᠪᠤᠷᠢ ᠪᠠᠨ ᠲᠠᠰᠤᠷᠠᠯᠲᠠ ᠦᠭᠡᠢ

ᠳᠡᠭᠡᠭᠰᠢᠯᠡᠭᠦᠯᠬᠦ ᠶᠢᠨ ᠬᠠᠮᠲᠤ ᠦᠵᠡᠯ ᠤᠬᠠᠮᠰᠠᠷ ᠤᠨ ᠬᠡᠯᠪᠡᠷᠢ ᠶᠢᠨ ᠦᠭᠡ ᠶᠠᠷᠢᠶᠠᠨ ᠤ ᠰᠠᠨᠠᠭᠠᠴᠢᠯᠠᠭᠠᠲᠤ ᠡᠷᠬᠡ ᠶᠢ

ᠪᠠᠲᠤ ᠡᠵᠡᠮᠰᠢᠵᠦ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠦᠵᠡᠯ

ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ

ᠭᠡᠵᠦ ᠴᠢᠩᠭ᠎ᠠ ᠱᠠᠭᠠᠷᠳᠠᠪᠠ᠃

   3᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠤᠨ ᠪᠠᠶᠢᠳᠠᠯ᠄

   ᠨᠢᠭᠡ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠰᠢᠶᠠᠨ ᠤ

ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠳᠡᠭᠡᠷ᠎ᠡ ᠬᠠᠭᠠᠰ ᠵᠢᠯ ᠳᠤ ᠡᠯ᠎ᠡ ᠱᠠᠲᠤᠨ ᠤ

ᠤᠳᠤᠷᠢᠳᠤᠯᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠬᠤᠷᠠᠯ ᠳᠡᠭᠡᠷᠡᠬᠢ

ᠶᠠᠷᠢᠶ᠎ᠠ᠂ ᠰᠢᠨ᠎ᠡ ᠠᠷᠠᠳᠴᠢᠯᠠᠭᠰᠠᠨ ᠶᠣᠰᠣᠨ ᠤ ᠴᠠᠭ ᠦᠶ᠎ᠡ ᠶᠢᠨ ᠲᠡᠦᠬᠡ᠂ ᠨᠡᠶᠢᠭᠡᠮ ᠵᠢᠷᠤᠮᠲᠤ ᠬᠤᠪᠢᠰᠬᠠᠯ ᠪᠣᠯᠣᠨ

ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ

 ᠶᠢᠨ ᠲᠡᠦᠬᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠡᠦᠬᠡ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠵᠡᠷᠭᠡ ᠵᠢᠷᠭᠤᠭᠠᠨ ᠱᠠᠲᠤᠨ ᠤ

ᠰᠤᠷᠤᠯᠴᠠᠯᠭ᠎ᠠ ᠶᠢ ᠪᠡᠶᠡᠯᠡᠭᠦᠯᠵᠡᠢ᠃ ᠬᠤᠭᠤᠴᠠᠭ᠎ᠠ ᠪᠦᠷᠢ ᠶᠢᠨ ᠲᠡᠦᠬᠡ ᠶᠢᠨ ᠰᠤᠷᠤᠯᠴᠠᠯᠭ᠎ᠠ ᠳᠠᠭᠤᠰᠤᠭᠰᠠᠨ ᠤ

ᠲᠠᠷᠠᠭ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠭᠤᠣᠯ ᠳᠤᠭᠤᠶᠢᠯᠠᠩ︶ ᠭᠤᠣᠯ ᠰᠡᠳᠦᠪ ᠤᠨ

ᠲᠣᠭᠤᠷᠢᠨ ᠳᠤ ᠭᠦᠢᠴᠡᠳ ᠰᠣᠯᠢᠯᠴᠠᠨ ᠰᠤᠳᠤᠯᠤᠨ ᠶᠠᠷᠢᠯᠴᠠᠵᠤ᠂ ᠡᠩ ᠤᠨ ᠨᠠᠮ ᠤᠨ ᠭᠡᠰᠢᠭᠦᠨ ᠺᠠᠳ᠋ᠷ ᠣᠯᠣᠯᠲᠠ

ᠲᠥᠷᠥᠭᠳᠡᠯ ᠢᠶᠠᠨ ᠪᠢᠴᠢᠵᠦ᠂ ᠬᠤᠶᠢᠰᠢᠳᠠ ᠶᠢᠨ ᠴᠢᠷᠮᠠᠶᠢᠯᠭ᠎ᠠ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃

   ᠬᠤᠶᠠᠷ ᠲᠤ᠂ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠣᠯ ᠰᠡᠳᠦᠪᠲᠦ ᠨᠠᠮ ᠤᠨ ᠡᠳᠦᠷ︾ ᠤᠨ

ᠠᠵᠢᠯᠯᠠᠭ᠎ᠠ ᠶᠢᠨ ᠳᠦᠷᠢᠮ ᠢᠶᠠᠷ ᠰᠤᠷᠤᠯᠴᠠᠯᠭ᠎ᠠ ᠶᠢᠨ ᠠᠴᠢᠶᠠᠯᠠᠪᠤᠷᠢ ᠪᠣᠯᠭᠠᠵᠤ᠂ ᠣᠳᠣᠬᠠᠨ ᠤ ᠨᠠᠮ ᠤᠨ ᠲᠡᠦᠬᠡ ᠶᠢᠨ

ᠰᠤᠷᠤᠯᠴᠠᠯᠭ᠎ᠠ ᠬᠥᠮᠦᠵᠢᠯ ᠲᠠᠢ ᠳᠡᠭᠡᠳᠦ ᠬᠡᠮᠵᠢᠶ᠎ᠡ ᠪᠠᠷ ᠠᠭᠤᠰᠤᠯᠴᠠᠭᠤᠯᠤᠨ᠂ ᠣᠯᠠᠨ ᠵᠦᠢᠯ ᠤᠨ ᠰᠢᠨ᠎ᠡ

ᠬᠡᠯᠪᠡᠷᠢ ᠶᠢᠨ ᠰᠤᠷᠤᠯᠴᠠᠯᠭ᠎ᠠ᠂ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠪᠡ᠃ ᠳᠡᠭᠡᠷ᠎ᠡ ᠬᠠᠭᠠᠰ ᠵᠢᠯ ᠤᠨ

ᠲᠤᠷᠰᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠮᠠᠨ ᠤ ᠲᠣᠪᠴᠢᠶ᠎ᠠ ᠶᠢᠨ

ᠨᠠᠮ ᠤᠨ ᠭᠡᠰᠢᠭᠦᠨ ᠺᠠᠳ᠋ᠷ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠡᠨᠧᠷᠭᠢ ᠠᠷᠪᠢᠯᠠᠵᠤ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠠᠨᠠᠭᠠᠴᠢᠯᠠᠭ᠎ᠠ ᠶᠢᠨ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂

ᠴᠢᠦ ᠯᠢᠩ ᠭᠧᠦ ᠶᠢᠨ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠬᠢᠯᠢ ᠬᠢᠵᠠᠭᠠᠷ ᠢ ᠬᠠᠮᠠᠭᠠᠯᠠᠬᠤ

ᠳᠤᠷᠠᠰᠬᠠᠯ ᠤᠨ ᠣᠷᠳᠣᠨ ᠳᠤ ᠬᠤᠪᠢᠰᠬᠠᠯ ᠤᠨ ᠬᠥᠮᠦᠵᠢᠯ ᠢ ᠨᠢᠭᠡ ᠤᠳᠠᠭ᠎ᠠ ᠥᠷᠨᠢᠭᠦᠯᠵᠦ᠂ ᠨᠠᠮ ᠤᠨ ᠡᠭᠦᠷ ᠤᠨ

ᠱᠦᠵᠢ ᠲᠤᠰᠬᠠᠢ ᠰᠡᠳᠦᠪᠲᠦ ᠨᠠᠮ ᠤᠨ ᠬᠢᠴᠢᠶᠡᠯ ᠢ 2 ᠤᠳᠠᠭ᠎ᠠ ᠶᠠᠷᠢᠵᠤ᠂ ᠬᠤᠪᠢᠳᠠᠨ ᠬᠠᠮᠢᠶᠠᠷᠴᠤ ᠪᠠᠶᠢᠭ᠎ᠠ

ᠤᠳᠤᠷᠢᠳᠤᠯᠭ᠎ᠠ ︵ᠰᠢᠦᠢ ᠵᠢᠶᠠᠨ ᠵᠦᠩ︶ ᠳᠠᠭᠠᠭᠠᠴᠢᠯᠠᠨ ᠲᠡᠳᠬᠦᠬᠦ ᠲᠣᠰᠬᠤᠨ ᠳᠤ ᠨᠢᠭᠡ ᠤᠳᠠᠭ᠎ᠠ ᠨᠠᠮ ᠤᠨ

ᠬᠢᠴᠢᠶᠡᠯ ᠣᠷᠣᠵᠤ᠂ ᠨᠠᠮ ᠤᠨ ᠳᠤᠭᠤᠶᠢᠯᠠᠩ ᠤᠨ ᠬᠤᠷᠠᠯ ᠢ 4 ᠤᠳᠠᠭ᠎ᠠ ᠬᠤᠷᠠᠯᠳᠤᠭᠤᠯᠵᠤ᠂ ᠨᠠᠮ ᠤᠨ ᠡᠭᠦᠷ ᠤᠨ

ᠭᠡᠰᠢᠭᠦᠳ ᠤᠨ ᠬᠤᠷᠠᠯ ᠢ 6 ᠤᠳᠠᠭ᠎ᠠ ᠬᠤᠷᠠᠯᠳᠤᠭᠤᠯᠵᠤ᠂ ᠪᠦᠬᠦ ᠨᠠᠮ ᠤᠨ ᠭᠡᠰᠢᠭᠦᠳ ᠤᠨ ᠶᠡᠭᠡ ᠬᠤᠷᠠᠯ ᠢ 2

ᠤᠳᠠᠭ᠎ᠠ ᠬᠤᠷᠠᠯᠳᠤᠭᠤᠯᠵᠠᠢ᠃

   4. ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ

ᠪᠠᠶᠢᠳᠠᠯ᠄

   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠲᠠᠰᠢᠷᠠᠮ ᠳᠤ᠂ ᠮᠠᠨ ᠤ

ᠤᠯᠤᠰ ᠤᠨ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠦᠢᠯᠡᠳᠦᠯᠭᠡ ᠶᠢᠨ ᠠᠵᠢᠯᠯᠠᠭ᠎ᠠ ᠶᠢᠨ ᠬᠠᠮᠢᠶ᠎ᠠ

ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠬᠤᠶᠠᠷ ᠵᠦᠢᠯ ᠤᠨ ᠰᠡᠳᠬᠢᠴᠡ ᠪᠠᠷ ᠵᠡᠷᠭᠡᠪᠡᠷ ᠤᠷᠤᠭᠰᠢᠯᠠᠪᠠ

᠂ ᠨᠢᠭᠡ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ

ᠣᠨᠴᠠᠯᠢᠭ ᠲᠤ ᠰᠠᠭᠤᠷᠢᠯᠠᠵᠤ᠂ ᠠᠵᠢᠯ ᠤᠨ ᠪᠠᠶᠢᠷᠢ ᠶᠢᠨ ᠣᠨᠴᠠᠯᠢᠭ ᠢᠶᠠᠨ ᠪᠠᠳᠠᠷᠠᠭᠤᠯᠵᠤ᠂ ᠠᠵᠤ ᠦᠢᠯᠡᠳᠪᠦᠷᠢ ᠶᠢᠨ

ᠠᠵᠤ ᠠᠬᠤᠶᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠦᠢᠯᠡᠴᠢᠯᠡᠭᠡᠨ ᠤ ᠠᠵᠢᠯ ᠢ

ᠴᠢᠷᠮᠠᠶᠢᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ

ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠰᠢᠨ᠎ᠡ ᠪᠠᠶᠢᠷᠢᠰᠢᠯ ᠢ

ᠪᠠᠶᠢᠭᠤᠯᠬᠤ ᠶᠢ ᠠᠬᠢᠭᠤᠯᠪᠠ᠃ ᠬᠤᠶᠠᠷ ᠲᠤ᠂ ᠬᠤᠯᠪᠤᠭᠠᠯᠠᠨ ᠳᠠᠭᠠᠭᠠᠴᠢᠯᠠᠬᠤ ᠴᠡᠭ ᠲᠤ ᠭᠦᠨᠵᠡᠭᠡᠶᠢᠷᠡᠨ᠂

ᠠᠷᠠᠳ ᠤᠨ ᠬᠡᠷᠡᠭᠴᠡᠭᠡ ᠶᠢ ᠠᠰᠠᠭᠤᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠣᠯᠠᠨ

ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠨᠠᠷᠢᠨ ᠲᠠᠩᠰᠠ ᠵᠢᠭᠰᠠᠭᠠᠵᠤ᠂ ᠲᠠᠩᠰᠠ ᠶᠢ ᠬᠠᠷᠭᠤᠭᠤᠯᠵᠤ

ᠳ᠋ᠤᠭᠠᠷ ᠢ ᠬᠦᠴᠦᠨ ᠦᠭᠡᠢ ᠪᠣᠯᠭᠠᠨ᠎ᠠ᠃ ᠣᠳᠣᠬᠠᠨ ᠪᠣᠯᠲᠠᠯ᠎ᠠ᠂ ᠮᠠᠨ ᠤ ᠲᠣᠪᠴᠢᠶ᠎ᠠ ᠨᠠᠶᠢᠳᠠ 24 ᠵᠦᠢᠯ

︽ᠪᠣᠳᠠᠲᠠᠢ ᠶᠠᠪᠤᠳᠠᠯ︾ ᠢ ᠪᠡᠶᠡᠯᠡᠭᠦᠯᠵᠡᠢ᠂ ᠡᠭᠦᠨ ᠳᠤ ᠤᠳᠤᠷᠢᠳᠬᠤ ᠪᠠᠭ ᠤᠳᠤᠷᠢᠳᠬᠤ ᠺᠠᠳ᠋ᠷ ᠢ ᠲᠠᠨᠢᠵᠤ ᠠᠪᠴᠤ

ᠪᠤᠳᠠᠲᠤ ᠶᠠᠪᠤᠳᠠᠯ ᠬᠢᠭᠰᠡᠨ ᠨᠢ 14 ᠵᠦᠢᠯ᠂ ᠨᠠᠮ ᠤᠨ ᠭᠡᠰᠢᠭᠦᠨ ᠨᠠᠮ ᠤᠨ ᠡᠭᠦᠷ ᠢ ᠲᠠᠨᠢᠵᠤ ᠠᠪᠴᠤ ᠪᠤᠳᠠᠲᠤ

ᠶᠠᠪᠤᠳᠠᠯ ᠬᠢᠭᠰᠡᠨ ᠨᠢ 5 ᠵᠦᠢᠯ᠂ ᠤᠳᠤᠷᠢᠳᠬᠤ ᠪᠠᠭ ᠪᠣᠯᠣᠨ ᠨᠠᠮ ᠤᠨ ᠭᠡᠰᠢᠭᠦᠨ ᠢ ᠲᠠᠨᠢᠵᠤ ᠠᠪᠴᠤ

ᠳᠠᠭᠠᠭᠠᠴᠢᠯᠠᠨ ᠬᠤᠯᠪᠣᠭᠠᠯᠠᠬᠤ ᠴᠡᠭ ᠲᠤ ᠪᠣᠳᠠᠲᠤ ᠶᠠᠪᠤᠳᠠᠯ ᠢ ᠬᠢᠭᠰᠡᠨ ᠨᠢ 5 ᠵᠦᠢᠯ ᠪᠤᠢ᠃

   5. ᠨᠠᠮ ᠤᠨ ᠪᠠᠶᠢᠭᠤᠯᠤᠯᠲᠠ ᠶᠢᠨ ᠵᠠᠮᠴᠢᠯᠠᠯ ᠤᠨ ᠦᠢᠯᠡᠳᠦᠯᠭᠡ

   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠵᠣᠷᠢᠯᠭ᠎ᠠ ᠪᠣᠯ ᠲᠡᠦᠬᠡ ᠰᠤᠷᠴᠤ ᠶᠣᠰᠣ ᠤᠴᠢᠷ ᠢ

ᠮᠡᠳᠡᠬᠦ᠂ ᠢᠲᠡᠭᠡᠯᠴᠡᠭᠡ ᠪᠠᠨ ᠨᠡᠮᠡᠭᠳᠡᠭᠦᠯᠬᠦ᠂ ᠶᠣᠰᠣ ᠰᠤᠷᠲᠠᠬᠤᠨ ᠢ ᠡᠷᠬᠢᠮᠯᠡᠬᠦ᠂ ᠴᠢᠷᠮᠠᠶᠢᠨ ᠬᠡᠷᠡᠭᠵᠢᠭᠦᠯᠬᠦ ᠶᠠᠪᠤᠳᠠᠯ

ᠪᠣᠯᠣᠨ᠎ᠠ᠃ ᠰᠤᠷᠤᠯᠴᠠᠯᠭ᠎ᠠ ᠶᠢᠨ ᠳᠤᠮᠳᠠ ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠪᠣᠳᠠᠲᠠᠢ

ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠭᠡᠰᠢᠭᠦᠳ ᠤᠨ ᠲᠥᠪ ᠣᠪᠣᠷ᠂ ᠲᠡᠷᠢᠭᠦᠨ ᠤ ᠦᠵᠡᠯ

ᠰᠠᠨᠠᠭ᠎ᠠ ᠪᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠪᠦᠯᠬᠦᠮ ᠨᠢ ᠰᠠᠶ᠋ᠢ ᠠᠵᠢᠯ ᠢᠶᠠᠨ ᠠᠳᠠᠯᠢ

ᠪᠤᠰᠤ ᠦᠷ᠎ᠡ ᠪᠦᠲᠦᠮᠵᠢ ᠲᠠᠢ ᠪᠣᠯᠭᠠᠵᠤ ᠴᠢᠳᠠᠨ᠎ᠠ᠃ ᠮᠠᠨ ᠤ ᠲᠣᠪᠴᠢᠶ᠎ᠠ ᠶᠢᠨ ᠨᠠᠮ ᠤᠨ ᠭᠡᠰᠢᠭᠦᠨ ᠤᠳᠤᠷᠢᠳᠬᠤ

ᠺᠠᠳ᠋ᠷ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ

ᠬᠦᠴᠦᠨ ᠢᠶᠠᠨ ᠬᠠᠮᠲᠤᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠠᠵᠤ ᠦᠢᠯᠡᠳᠪᠦᠷᠢ ᠶᠢᠨ ᠠᠵᠤ

ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠴᠢᠮ ᠬᠦᠴᠢᠷᠲᠡᠢ ᠵᠣᠪᠠᠭᠤᠷᠢ ᠵᠦᠳᠡᠭᠦᠷᠢ ᠲᠠᠢ

ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠪᠠ᠃ ᠠᠵᠤ ᠠᠬᠤᠶᠢᠯᠠᠯ ᠤᠨ ᠬᠥᠭᠵᠢᠯᠲᠡ ᠶᠢᠨ ᠵᠠᠩᠭᠢᠯᠠᠭ᠎ᠠ ᠨᠢ ᠪᠡᠯᠡ

ᠮᠥᠩᠭᠦ ᠪᠣᠯᠣᠨ᠎ᠠ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ

ᠠᠵᠢᠯᠯᠠᠭ᠎ᠠ ᠲᠠᠢ ᠤᠶᠠᠯᠳᠤᠭᠤᠯᠤᠨ᠂ ᠲᠣᠪᠴᠢᠶ᠎ᠠ ᠶᠢᠨ ᠤᠳᠤᠷᠢᠳᠬᠤ ᠪᠠᠭ ᠨᠢ ᠣᠯᠠᠨ ᠵᠦᠢᠯ ᠤᠨ ᠬᠡᠯᠪᠡᠷᠢ ᠪᠠᠷ ᠠᠵᠤ

ᠠᠬᠤᠶᠢᠯᠠᠯ ᠤᠨ ᠬᠥᠭᠵᠢᠯᠲᠡ ᠳᠤ ᠪᠡᠯᠡ ᠮᠥᠩᠭᠦ ᠲᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠂

ᠨᠢᠭᠡ ᠳᠤ᠂ ᠱᠠᠩᠳᠤ ᠶᠢᠨ ᠮᠧᠩ ᠱᠠᠩ ᠬᠤᠳᠠᠯᠳᠤᠭᠠᠨ ᠤ ᠪᠠᠩᠬᠢ ᠲᠠᠢ ᠢᠳᠡᠪᠬᠢᠲᠡᠢ ᠬᠠᠷᠢᠯᠴᠠᠵᠤ᠂ ᠪᠠᠩᠬᠢ ᠪᠠ ᠠᠵᠤ

ᠠᠬᠤᠶᠢᠯᠠᠯ ᠤᠨ ᠬᠤᠶᠠᠷ ᠲᠠᠯ᠎ᠠ ᠶᠢ ᠵᠣᠬᠢᠴᠠᠭᠤᠯᠤᠨ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ

ᠬᠤᠷᠠᠯᠳᠤᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠲᠠᠪᠴᠠᠩ ᠪᠠᠶᠢᠭᠤᠯᠤᠨ ᠥᠭᠴᠦ᠂ ᠰᠡᠳᠬᠢᠴᠡ

ᠪᠠ ᠠᠷᠭᠠᠴᠠᠬᠤ ᠪᠣᠳᠣᠯᠭ᠎ᠠ ᠬᠠᠩᠭᠠᠨ᠎ᠠ᠃ ᠬᠤᠶᠠᠷ ᠲᠤ᠂ ᠲᠣᠪᠴᠢᠶ᠎ᠠ ᠶᠢᠨ ᠤᠳᠤᠷᠢᠳᠬᠤ ᠺᠠᠳ᠋ᠷ ᠬᠤᠪᠢ ᠬᠥᠮᠥᠨ

ᠬᠠᠷᠠᠮ ᠦᠭᠡᠢ ᠪᠠᠷ ᠬᠠᠪᠰᠤᠷᠤᠨ ᠳᠡᠮᠵᠢᠵᠦ᠂ ᠬᠤᠪᠴᠠᠰᠤ ᠬᠤᠨᠠᠷ ᠤᠨ ᠠᠵᠤ ᠠᠬᠤᠶᠢᠯᠠᠯ ᠤᠨ ᠪᠠᠩᠬᠢ ᠶᠢᠨ

ᠵᠢᠭᠡᠯᠡᠯᠭᠡ ᠶᠢ ᠳᠥᠯᠥᠬᠦ ᠪᠠᠷ ᠵᠢᠱᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠂ ᠭᠤᠷᠪᠠ ᠳᠤ᠂ ᠠᠵᠤ ᠠᠬᠤᠶᠢᠯᠠᠯ ᠢ

ᠴᠢᠳᠠᠬᠤ ᠶᠢᠨ ᠬᠢᠷᠢ ᠪᠠᠷ ᠬᠠᠪᠰᠤᠷᠴᠤ ᠪᠠᠶᠢᠭᠠᠳ ︽ᠪᠠᠲᠤᠯᠠᠭᠠᠲᠤ ᠵᠢᠭᠡᠯᠡᠯᠭᠡ︾ ᠶᠢ ᠭᠦᠢᠴᠡᠳᠬᠡᠨ᠎ᠡ᠃ᠡᠭᠦᠨ ᠳᠤ᠂

 ᠶᠢᠨ ᠲᠦᠸᠧ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠪᠣᠯᠣᠨ ᠢᠦᠢ ᠮᠧᠩ ᠷᠧᠨ ᠬᠤᠪᠴᠠᠰᠤ ᠵᠠᠰᠠᠯ ᠤᠨ

ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠯᠠᠷᠬᠠᠯ ᠤᠨ ᠰᠡᠳᠬᠢᠯᠭᠡ ᠪᠠᠨ ᠢᠯᠡᠳᠬᠡᠬᠦ ᠶᠢᠨ ᠲᠥᠯᠥᠭᠡ᠂ ᠮᠠᠨ ᠤ

ᠲᠣᠪᠴᠢᠶ᠎ᠠ ᠳᠤ ᠬᠡᠮᠡᠷᠯᠢᠭ ᠲᠤᠭ ᠬᠤᠶᠠᠷ ᠢ ᠪᠡᠯᠡᠭᠯᠡᠵᠦ᠂ ᠬᠡᠮᠡᠷᠯᠢᠭ ᠲᠤᠭ ᠲᠤ᠄ ︽ᠠᠵᠤ ᠠᠬᠤᠶᠢᠯᠠᠯ ᠤᠨ ᠪᠣᠳᠠᠲᠤ

ᠶᠠᠪᠤᠳᠠᠯ ᠪᠦᠲᠦᠭᠡᠬᠦ ᠶᠢ ᠪᠤᠳᠤᠵᠤ᠂ ᠬᠦᠴᠢᠷ ᠵᠣᠪᠠᠭᠤᠷᠢ ᠶᠢ ᠰᠢᠢᠳᠪᠦᠷᠢᠯᠡᠨ ᠬᠥᠭᠵᠢᠯᠲᠡ ᠶᠢ ᠠᠬᠢᠭᠤᠯᠤᠶ᠎ᠠ︾

ᠭᠡᠰᠡᠨ ᠪᠢᠴᠢᠭᠡᠰᠦ ᠪᠢᠴᠢᠵᠦ ᠥᠭᠴᠡᠢ᠂ ᠡᠨᠡ ᠬᠤᠶᠠᠷ ᠪᠠᠳᠠᠭ ᠦᠭᠡ ᠪᠣᠯ ᠠᠵᠤ ᠦᠢᠯᠡᠳᠪᠦᠷᠢ ᠶᠢᠨ ᠪᠠ ᠮᠡᠳᠡᠭᠡ

ᠵᠠᠩᠭᠢᠵᠢᠯᠲᠠ ᠶᠢᠨ ᠠᠵᠢᠯᠲᠠᠨ ᠤ ᠦᠨᠡᠨ ᠪᠣᠳᠠᠲᠠᠢ ᠵᠢᠷᠤᠭᠯᠠᠯ ᠮᠥᠨ᠃

   ᠬᠤᠶᠢᠰᠢᠳᠠ ᠪᠢᠳᠡ ᠨᠠᠮ ᠤᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠰᠠᠶᠢᠲᠤᠷ ᠠᠳᠬᠤᠵᠤ᠂ ᠨᠠᠮ ᠤᠨ

ᠪᠠᠶᠢᠭᠤᠯᠤᠯᠲᠠ ᠪᠠᠷ ᠠᠯᠢᠪᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ

ᠬᠥᠮᠦᠵᠢᠯ ᠤᠨ ᠡᠯ᠎ᠡ ᠵᠦᠢᠯ ᠤᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ︽ᠲᠦᠷᠪᠡᠨ ᠤᠬᠠᠮᠰᠠᠷ︾  ᠢᠶᠠᠨ

ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂︽ᠬᠤᠶᠠᠷ ᠢ ᠬᠠᠮᠠᠭᠠᠯᠠᠬᠤ︾ ᠠᠵᠢᠯ ᠢ ᠰᠠᠶᠢᠲᠤᠷ

ᠬᠢᠨ᠎ᠡ᠃ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠰᠢᠨ᠎ᠡ ᠭᠠᠷᠤᠭ᠎ᠠ

ᠳᠡᠭᠡᠷ᠎ᠡ ᠵᠣᠭᠰᠣᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠵᠤ᠂ ᠬᠤᠪᠢᠰᠬᠠᠯᠲᠤ ᠤᠯᠠᠮᠵᠢᠯᠠᠯ ᠢ

ᠦᠷᠭᠦᠯᠵᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ

ᠰᠡᠳᠬᠢᠯᠭᠡ ᠶᠢ ᠦᠨᠡᠨᠬᠦ ᠴᠢᠩᠭᠠᠳᠬᠠᠵᠤ᠂ ᠬᠤᠸᠠᠳᠧ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ

ᠪᠡᠶᠡᠯᠡᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠤᠯᠠᠨ ᠪᠣᠳᠠᠲᠤ ᠶᠠᠪᠤᠳᠠᠯ᠂ ᠰᠠᠶᠢᠨ

ᠶᠠᠪᠤᠳᠠᠯ ᠢ ᠬᠢᠨ᠎ᠡ᠃

   ᠭᠤᠷᠪᠠ᠂ ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠲᠠ᠂ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ ᠶᠢᠨ ᠲᠣᠪᠴᠢᠶ᠎ᠠ ᠶᠢᠨ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ

ᠲᠠᠨᠢᠯᠴᠠᠭᠤᠯᠤᠨ᠎ᠠ ᠦᠦ︖

   ᠮᠠ ᠶᠠ ᠱᠧᠩ᠄

   2022 ᠣᠨ ᠳᠤ᠂ ᠮᠠᠨ ᠤ ᠲᠣᠪᠴᠢᠶ᠎ᠠ ᠦᠷᠭᠦᠯᠵᠢᠯᠡᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ

ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ

ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ  ᠤ ᠶᠡᠷᠦᠩᠬᠡᠢ ᠱᠦᠵᠢ ᠶᠢᠨ

ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠤᠷᠤᠭᠰᠢᠯᠠᠨ

ᠳᠠᠪᠰᠢᠵᠤ᠂ ᠰᠢᠨ᠎ᠡ ᠶᠢ ᠡᠭᠦᠳᠦᠨ ᠬᠥᠭᠵᠢᠵᠦ᠂ ᠠᠵᠤ ᠦᠢᠯᠡᠳᠪᠦᠷᠢ ᠶᠢᠨ ᠠᠵᠤ ᠠᠬᠤᠢ ᠪᠠ ᠠᠷᠠᠯᠵᠢᠶ᠎ᠠ

ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ

   ︵ᠨᠢᠭᠡ︶ ᠨᠠᠮ ᠤᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠨᠠᠮ ᠤᠨ

ᠪᠠᠶᠢᠭᠤᠯᠤᠯᠲᠠ ᠶᠢᠨ ᠠᠵᠢᠯ ᠪᠣᠯᠣᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠮᠠᠨ ᠤ ᠲᠣᠪᠴᠢᠶ᠎ᠠ ᠶᠢᠨ ᠨᠠᠮ ᠤᠨ ᠳᠣᠲᠣᠭᠠᠳᠤ ᠶᠢᠨ ᠤᠯᠤᠰ

ᠲᠦᠷᠦ ᠶᠢᠨ ᠠᠮᠢᠳᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂

ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ

ᠦᠢᠯᠡᠳᠦᠯ ᠢ ᠭᠦᠢᠴᠡᠳ ᠪᠠᠳᠠᠷᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠤᠯᠤᠰ ᠲᠦᠷᠦ ᠶᠢᠨ ᠤᠨᠤᠯ᠂ ᠬᠠᠤᠯᠢ

ᠴᠠᠭᠠᠵᠠ ᠬᠠᠤᠯᠢ ᠲᠣᠭᠲᠠᠭᠠᠯ ᠪᠠ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂

ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ

ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠨ᠎ᠠ

   ︵ᠬᠤᠶᠠᠷ︶ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠨᠢᠭᠡ ᠳᠤ᠂

ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠢ

ᠴᠠᠭ ᠲᠤᠬᠠᠢ ᠳᠤᠨᠢ ᠣᠶᠢᠯᠠᠭᠠᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠲᠦᠷᠭᠡᠨ ᠪᠥᠭᠡᠳ

ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ︔ ᠠᠵᠤ ᠠᠬᠤᠶᠢᠯᠠᠯ ᠤᠨ ᠲᠣᠭᠲᠠᠮᠠᠯ

ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ

ᠡᠵᠡᠩᠨᠡᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ

ᠣᠶᠢᠯᠠᠭᠠᠵᠤ᠂ ᠬᠥᠲᠥᠯᠥᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠠᠵᠢᠯ ᠢ ᠴᠢᠩᠭᠠᠳᠬᠠᠵᠤ᠂ ᠠᠵᠤ

ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ

ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠲᠤ᠂ ᠪᠦᠬᠦ ᠰᠢᠶᠠᠨ ᠤ ᠠᠮᠢᠳᠤᠷᠠᠯ ᠤᠨ ᠴᠢᠬᠤᠯᠠ

ᠬᠡᠷᠡᠭᠴᠡᠭᠡᠨ ᠤ ᠵᠦᠢᠯ ᠢ ᠬᠢᠨᠠᠨ ᠬᠡᠮᠵᠢᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠠᠮᠢᠳᠤᠷᠠᠯ ᠤᠨ ᠴᠢᠬᠤᠯᠠ

ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠢ ᠤᠷᠢᠳᠴᠢᠯᠠᠨ ᠰᠡᠷᠡᠮᠵᠢᠯᠡᠭᠦᠯᠬᠦ ᠪᠠ ᠤᠳᠤᠷᠢᠳᠤᠯᠭ᠎ᠠ ᠶᠢᠨ

ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠬᠠᠩᠭᠠᠨ᠎ᠠ᠃

   ︵ᠭᠤᠷᠪᠠ︶ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠲᠡᠮᠦᠷ ᠤᠨ

ᠬᠠᠶᠢᠯᠤᠰᠢ ᠶᠢᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠴᠢᠩᠭ᠎ᠠ

ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ᠃

ᠬᠤᠶᠠᠷ ᠲᠤ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠭᠤᠯᠭ᠎ᠠ ᠶᠢ ᠪᠦᠷᠢᠳᠬᠡᠬᠦ ᠠᠵᠢᠯ ᠢ ᠰᠠᠶᠢᠲᠤᠷ ᠬᠢᠵᠦ᠂

ᠭᠤᠣᠯᠳᠠᠯᠭ᠎ᠠ ᠲᠠᠢ ᠡᠨᠧᠷᠭᠢ ᠶᠢᠨ ᠬᠤᠷᠣᠭᠳᠠᠭᠤᠯᠭ᠎ᠠ ᠶᠢᠨ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠭᠤᠯᠭ᠎ᠠ ᠶᠢ

ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠢᠵᠠᠭᠠᠷ ᠲᠤᠭ᠎ᠠ ᠶᠢᠨ

ᠪᠠᠷᠢᠮᠵᠢᠶ᠎ᠠ ᠶᠢ ᠬᠡᠷᠡᠭᠵᠢᠭᠦᠯᠬᠦ ᠠᠵᠢᠯ ᠳᠤ ᠬᠦᠴᠦᠲᠠᠢ ᠲᠤᠯᠭᠠᠭᠤᠷᠢᠯᠠᠯ ᠬᠠᠩᠭᠠᠨ᠎ᠠ᠃ ᠭᠤᠷᠪᠠ ᠳᠤ᠂ ᠬᠤᠴᠤᠷᠤᠩᠭᠤᠢ

ᠦᠢᠯᠡᠳᠪᠦᠷᠢᠯᠡᠬᠦ ᠴᠢᠳᠠᠪᠤᠷᠢ ᠶᠢ ᠭᠡᠭᠡᠭᠳᠡᠭᠦᠯᠬᠦ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠢ ᠢᠳᠡᠪᠬᠢᠲᠡᠢ ᠪᠠᠷ

ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠯᠭᠡᠨ᠎ᠡ᠃

ᠳᠥᠷᠪᠡ ᠳᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠶᠢᠨ

ᠡᠷᠴᠢᠮ ᠢ ᠴᠢᠩᠭᠠᠷᠠᠭᠤᠯᠵᠤ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ

ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠡᠷᠬᠡ ᠳᠤ ᠬᠠᠯᠳᠠᠵᠤ ᠬᠠᠭᠤᠷᠮᠠᠭᠯᠠᠨ ᠦᠶᠯᠡᠳᠬᠦ ᠦᠶᠯᠡ

ᠠᠵᠢᠯᠯᠠᠭ᠎ᠠ ᠳᠤ ᠴᠣᠬᠢᠯᠲᠠ ᠥᠭᠴᠦ᠂ ᠲᠥᠪ ᠭᠤᠥᠯᠴᠢ᠂ ᠡᠮᠬᠢ ᠵᠢᠷᠤᠮ ᠲᠠᠢ᠂ ᠵᠢᠷᠤᠮᠵᠢᠭᠰᠠᠨ ᠵᠠᠬ᠎ᠠ ᠳᠡᠯᠭᠡᠭᠦᠷ ᠤᠨ

ᠣᠷᠴᠢᠨ ᠲᠣᠭᠤᠷᠢᠨ ᠢ ᠪᠣᠶ ᠪᠣᠯᠭᠠᠨ᠎ᠠ᠃ ᠲᠠᠪᠤ ᠳᠤ᠂ ᠲᠣᠰᠣ ᠨᠡᠮᠡᠬᠦ ᠦᠷᠲᠡᠭᠡ ᠵᠢᠴᠢ ᠬᠥᠮᠥᠨ ᠤᠯᠠᠨ ᠴᠤᠭᠯᠠᠷᠠᠳᠠᠭ

ᠲᠠᠯᠠᠪᠤᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠠᠶᠤᠯᠭᠦᠢ

ᠦᠢᠯᠡᠳᠪᠦᠷᠢᠯᠡᠯ ᠤᠨ ᠥᠨᠴᠥᠭ ᠪᠤᠯᠤᠩ ᠦᠭᠡᠢ ᠪᠠᠶᠢᠬᠤ ᠶᠢ ᠪᠠᠲᠤᠯᠠᠨ᠎ᠠ᠃

   ︵ᠳᠥᠷᠪᠡ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃

ᠨᠢᠭᠡ ᠳᠤ᠂ ᠰᠢᠨ᠎ᠡ ᠪᠠᠷ ᠨᠡᠶᠢᠲᠡᠯᠡᠭᠰᠡᠨ︽ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠢᠨᠠᠷ ᠰᠠᠶᠢᠲᠠᠢ

ᠬᠥᠭᠵᠢᠯᠲᠡ ᠶᠢᠨ ᠬᠡᠷᠡᠭᠵᠢᠭᠦᠯᠬᠦ ᠰᠠᠨᠠᠯ︾᠂ ︽ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ

ᠴᠢᠨᠠᠭᠰᠢᠳᠠ ᠠᠬᠢᠭᠤᠯᠬᠤ ᠵᠢᠯᠤᠭᠤᠳᠬᠤ ᠰᠠᠨᠠᠯ︾  ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂

25000KVA ᠠᠴᠠ ᠳᠣᠷᠣᠭᠰᠢᠬᠢ ᠬᠠᠭᠠᠰ ᠪᠢᠲᠡᠭᠦᠦ ᠵᠤᠤᠬ᠎ᠠ ᠶᠢ ᠪᠦᠬᠦᠨ ᠢ ᠪᠢᠲᠡᠭᠦᠮᠵᠢᠯᠡᠬᠦ

ᠥᠭᠡᠷᠡᠴᠢᠯᠡᠯᠲᠡ ᠶᠢ ᠪᠡᠶᠡᠯᠡᠭᠦᠯᠬᠦ ᠶᠢ ᠠᠬᠢᠭᠤᠯᠬᠤ ᠶᠢᠨ ᠬᠠᠮᠲᠤ ᠦᠯᠡᠳᠡᠭᠳᠡᠯ ᠢᠯᠴᠢ ᠦᠯᠡᠳᠡᠭᠳᠡᠯ ᠬᠡᠢ ᠵᠡᠷᠭᠡ

ᠶᠡᠷᠦᠩᠬᠡᠶᠢᠯᠡᠨ ᠠᠰᠢᠭᠯᠠᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠬᠤᠶᠠᠷ ᠲᠤ᠂

︽ᠮᠠᠰᠢᠨ ᠢᠶᠠᠷ ᠬᠥᠮᠥᠨ ᠰᠣᠯᠢᠬᠤ︾ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠰ ᠤᠨ

ᠣᠶᠤᠨᠴᠢ ᠦᠶᠯᠡᠳᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠪᠠ ᠠᠵᠤ

ᠦᠢᠯᠡᠳᠪᠦᠷᠢᠵᠢᠯᠲᠡ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠭᠤᠷᠪᠠ ᠳᠤ᠂ ︽ᠲᠤᠰᠬᠠᠢ ᠨᠠᠷᠢᠯᠢᠭ ᠣᠨᠴᠠ

ᠰᠢᠨ᠎ᠡ︾ ᠶᠢ ᠪᠣᠶᠢᠵᠢᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ

ᠰᠢᠨ᠎ᠡ ᠶᠢ ᠡᠭᠦᠳᠬᠦ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ

ᠰᠠᠶᠢᠲᠤᠷ ᠪᠠᠳᠠᠷᠠᠭᠤᠯᠤᠨ᠎ᠠ᠃

   ︵ᠲᠠᠪᠤ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠬᠤᠪᠴᠠᠰᠤ

ᠬᠤᠨᠠᠷ᠂ ᠰᠢᠨ᠎ᠡ ᠮᠠᠲ᠋ᠧᠷᠢᠶᠠᠯ᠂ ᠪᠠᠷᠠᠭᠠᠨ ᠤ ᠭᠦᠢᠯᠭᠡᠭᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ

ᠪᠦᠲᠦᠭᠡᠭᠳᠡᠬᠦᠨ ᠢ ᠡᠳ᠋ᠰᠢᠭᠦᠯᠬᠦ᠂ ᠮᠡᠳᠡᠭᠡ ᠵᠠᠩᠭᠢ ᠵᠡᠷᠭᠡ ᠠᠵᠤ ᠦᠢᠯᠡᠰ ᠲᠤ ᠰᠠᠭᠤᠷᠢᠯᠠᠨ᠂ ᠲᠥᠷᠥᠯ ᠵᠦᠢᠯ ᠤᠨ

ᠨᠥᠭᠡᠴᠡᠯᠡᠬᠦ ᠠᠵᠢᠯ ᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠨᠧᠷᠭᠢ ᠶᠢᠨ

ᠬᠤᠷᠣᠭᠳᠠᠭᠤᠯᠭ᠎ᠠ ᠶᠢᠨ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠬᠤᠳᠠᠯᠳᠤᠭ᠎ᠠ ᠡᠷᠭᠢᠯᠡᠬᠦ ᠣᠷᠴᠢᠨ

ᠲᠣᠭᠤᠷᠢᠨ ᠢ ᠰᠢᠯᠢᠳᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ

ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠳᠠᠭᠰᠢ ᠭᠠᠷᠴᠤ᠂ ᠤᠷᠢᠵᠤ ᠣᠷᠣᠭᠤᠯᠤᠨ ᠠᠪᠴᠢᠷᠠᠵᠤ᠂

ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ

ᠾᠧᠪᠧᠢ ᠵᠡᠷᠭᠡ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠤᠣᠯᠳᠠᠯᠭ᠎ᠠ ᠲᠠᠢ ᠵᠠᠯᠭᠠᠨ ᠠᠪᠴᠤ᠂

ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠠᠵᠤ ᠦᠢᠯᠡᠳᠪᠦᠷᠢ ᠶᠢᠨ ᠬᠠᠲᠠᠭᠤ

ᠪᠡᠶᠡᠲᠦ ᠬᠠᠶᠠᠭᠳᠠᠮᠠᠯ ᠪᠣᠳᠠᠰ᠂ ᠰᠡᠭᠦᠯ ᠤᠨ ᠬᠡᠢ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠲᠠᠷᠢᠶᠠᠯᠠᠩ

ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠶᠢ ᠳᠡᠭᠡᠭᠰᠢᠯᠡᠭᠦᠯᠦᠨ᠂ ᠬᠦᠷᠢᠶᠡᠯᠡᠩ

ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ ᠪᠣᠯᠭᠠᠨ᠎ᠠ᠃

   ︵ᠵᠢᠷᠭᠤᠭ᠎ᠠ︶ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠷᠴᠢᠮ ᠢ

ᠴᠢᠩᠭᠠᠷᠠᠭᠤᠯᠤᠨ᠎ᠠ᠃ ᠨᠢᠭᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠢ ᠠᠬᠢᠭᠤᠯᠬᠤ ᠳᠦᠷᠢᠮ︾ ᠢ ᠤᠬᠠᠭᠤᠯᠤᠨ

ᠲᠤᠭᠤᠰᠢᠯᠠᠭᠤᠯᠬᠤ ᠠᠵᠢᠯ ᠢ ᠦᠨᠡᠨᠬᠦ ᠰᠠᠶᠢᠲᠤᠷ ᠬᠢᠨ᠎ᠡ᠃ ᠬᠤᠶᠠᠷ ᠲᠤ᠂ ︽ᠪᠠᠲᠤᠯᠠᠭᠠᠲᠤ ᠵᠢᠭᠡᠯᠡᠯᠭᠡ ᠶᠢ ᠲᠤᠰᠠᠯᠠᠬᠤ

︾ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ

ᠬᠥᠭᠵᠢᠯᠲᠡ ᠶᠢ ᠲᠡᠮᠵᠢᠨ᠎ᠠ᠃ ᠭᠤᠷᠪᠠ ᠳᠤ᠂ ᠦᠷᠭᠦᠯᠵᠢᠯᠡᠨ︽ᠠᠵᠤ ᠠᠬᠤᠶᠢᠯᠠᠯ ᠤᠨ ᠬᠡᠷᠡᠭᠴᠡᠭᠡ ᠶᠢ ᠵᠣᠯᠭᠠᠭᠤᠯᠵᠤ᠂

ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ︾ ᠪᠠᠷ ᠬᠠᠷᠠᠯᠲᠠ ᠪᠣᠯᠭᠠᠵᠤ᠂ ᠬᠠᠨᠳᠤᠯᠭᠠᠲᠤ ᠴᠢᠨᠠᠷᠲᠠᠢ ᠰᠢᠷᠢᠰ

ᠲᠠᠶᠢᠯᠤᠮᠵᠢ᠂ ᠪᠣᠯᠪᠠᠰᠤᠷᠠᠭᠤᠯᠤᠯ ᠢ ᠥᠷᠨᠢᠭᠦᠯᠵᠦ᠂ ᠮᠠᠨ ᠤ ᠰᠢᠶᠠᠨ ᠤ ᠳᠤᠮᠳᠠ ᠵᠢᠵᠢᠭ ᠪᠢᠴᠢᠯ ᠠᠵᠤ

ᠠᠬᠤᠶᠢᠯᠠᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃

   ︵ᠳᠣᠯᠤᠭ᠎ᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ

ᠦᠵᠡᠭᠦᠯᠬᠦ ᠠᠵᠢᠯ ᠢ ᠲᠦᠷᠭᠡᠳᠬᠡᠨ᠎ᠡ᠃ᠮᠠᠨ ᠤ ᠰᠢᠶᠠᠨ ᠤ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ

ᠪᠦᠲᠦᠭᠡᠭᠳᠡᠬᠦᠨ ᠪᠠ ᠬᠤᠨᠢ ᠢᠮᠠᠭ᠎ᠠ ︵ᠲᠡᠮᠡᠭᠡ︶ ᠶᠢᠨ ᠨᠣᠯᠤᠤᠷ ᠬᠤᠪᠴᠠᠰᠤ ᠵᠡᠷᠭᠡ ᠳᠠᠪᠠᠭᠤᠯᠢᠭ ᠠᠵᠤ

ᠦᠢᠯᠡᠰ ᠲᠤ ᠲᠦᠰᠢᠭᠯᠡᠨ᠂ ︽ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ

ᠣᠷᠣᠭᠤᠯᠬᠤ ᠵᠢᠱᠢᠶ᠎ᠡ ᠦᠵᠡᠭᠦᠯᠬᠦ ᠰᠢᠶᠠᠨ︾ ᠤ ᠲᠥᠷᠥᠯ ᠵᠦᠢᠯ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂

ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ

ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠢᠶᠠᠨ᠂ ᠰᠢᠶᠠᠩ᠂ ᠲᠣᠰᠬᠤᠨ

ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ︵ᠬᠦᠢᠲᠡᠨ ᠬᠡᠯᠬᠢᠶᠡᠲᠦ

ᠪᠠᠷᠠᠭᠠᠨ ᠤ ᠭᠦᠢᠯᠭᠡᠭᠡᠨ ᠤ ᠬᠥᠮᠥᠷᠭᠡᠯᠡᠵᠦ ᠲᠣᠬᠢᠷᠠᠭᠤᠯᠤᠨ ᠬᠦᠷᠭᠡᠬᠦ ᠶᠢ ᠪᠠᠭᠲᠠᠭᠠᠨ᠎ᠠ︶ ᠶᠢ ᠲᠡᠭᠦᠯᠳᠡᠷᠵᠢᠭᠦᠯᠦᠨ᠂

ᠬᠤᠪᠴᠠᠰᠤ ᠬᠤᠨᠠᠷ ᠤᠨ ᠠᠵᠤ ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠶᠢ ᠪᠠᠶᠢᠭᠤᠯᠵᠤ᠂ ᠰᠢᠶᠠᠨ ᠤ ᠬᠡᠪᠴᠢᠶᠡᠨ ᠤ

ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ

ᠰᠦᠯᠵᠢᠶᠡᠨ ᠠᠴᠠ ᠭᠠᠳᠠᠭᠤᠷᠬᠢ ᠡᠬᠢ ᠪᠠᠶᠠᠯᠢᠭ ᠢ ᠭᠦᠨᠵᠡᠭᠡᠢ ᠠᠭᠤᠰᠤᠯᠴᠠᠭᠤᠯᠤᠨ᠂ ᠡᠯᠧᠺᠲᠷᠣᠨ ᠬᠤᠳᠠᠯᠳᠤᠭᠠᠨ ᠤ

ᠶᠠᠪᠤᠳᠠᠯ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ

ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ

ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ

ᠪᠠᠶᠢᠭᠤᠯᠤᠯᠲᠠ ᠶᠢ ᠲᠦᠷᠭᠡᠳᠬᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠬᠤᠪᠴᠠᠰᠤ

ᠬᠤᠨᠠᠷ ᠤᠨ ᠡᠬᠢ ᠪᠠᠶᠠᠯᠢᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠪᠤᠰᠢᠭᠤ ᠭᠠᠷ᠂ ᠲᠢᠺ ᠲᠣᠺ ᠵᠢᠴᠢ

ᠰᠢᠭᠤᠳ ᠨᠡᠪᠲᠡᠷᠡᠭᠦᠯᠬᠦ ᠶᠢ ᠥᠷᠨᠢᠭᠦᠯᠵᠦ᠂ ᠡᠬᠢ ᠡᠭᠦᠰᠦᠯ ᠢ ᠨᠢ ᠡᠷᠢᠬᠦ ᠰᠢᠰᠲ᠋ᠧᠮᠵᠢ ᠶᠢᠨ ᠪᠦᠲᠦᠭᠡᠨ

ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠵᠦ᠂

ᠪᠥᠬᠦ ᠠᠵᠤ ᠦᠢᠯᠡᠰ ᠤᠨ ᠬᠡᠯᠬᠢᠶᠡᠵᠢᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠲᠥᠷᠥᠯ ᠤᠨ ᠰᠢᠰᠲ᠋ᠧᠮᠵᠢ ᠶᠢ

ᠪᠠᠶᠢᠭᠤᠯᠤᠨ᠂ ᠰᠢᠯᠢᠳᠡᠭ ᠬᠢᠷᠢ ᠪᠦᠲᠦᠮᠵᠢ ᠪᠠᠷ ᠤᠯᠤᠰ ᠤᠨ ᠰᠢᠯᠭᠠᠨ ᠠᠪᠬᠤ ᠶᠢ ᠪᠡᠶᠡᠯᠡᠭᠦᠯᠦᠨ᠎ᠡ᠃

   ︵ᠨᠠᠢᠮᠠ︶ ᠭᠠᠳᠠᠭᠠᠳᠤ ᠠᠷᠠᠯᠵᠢᠶᠠᠨ ᠤ ᠡᠷᠴᠢᠮ ᠢ ᠴᠢᠩᠭᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ

ᠣᠷᠣᠨ᠂ ᠬᠤᠳᠠ ᠶᠢᠨ ᠬᠤᠯᠪᠣᠭᠳᠠᠯ ᠪᠦᠬᠦᠢ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ

ᠭᠠᠷᠭᠠᠯᠲᠠ ᠶᠢᠨ ᠥᠭᠡᠷᠡᠴᠢᠯᠡᠯᠲᠡ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠢ ᠬᠠᠪᠰᠤᠷᠤᠨ ᠥᠪᠡᠷ ᠢᠶᠠᠨ

ᠡᠵᠡᠩᠨᠡᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠶᠢ ᠨᠢ ᠭᠦᠢᠴᠡᠳᠬᠡᠵᠦ᠂ ᠠᠵᠤ

ᠠᠬᠤᠶᠢᠯᠠᠯ ᠤᠨ ︽ᠭᠠᠳᠠᠭᠰᠢ ᠭᠠᠷᠴᠤ︾ ᠤᠯᠠᠨ ᠤᠯᠤᠰ ᠤᠨ ᠦᠵᠡᠰᠬᠦᠯᠡᠩ ᠳᠤ ᠣᠷᠤᠯᠴᠠᠬᠤ ᠶᠢ ᠵᠣᠷᠢᠭᠵᠢᠭᠤᠯᠵᠤ

᠂ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠴᠤ ᠪᠠᠶᠢᠭᠠᠳ ᠭᠠᠳᠠᠭᠠᠳᠤ ᠠᠷᠠᠯᠵᠢᠶᠠᠨ ᠤ ᠱᠠᠩᠨᠠᠯ ᠤᠨ ᠪᠡᠯᠡ

ᠮᠥᠩᠭᠦ ᠣᠯᠬᠤ ᠪᠠᠷ ᠴᠢᠷᠮᠠᠶᠢᠨ᠎ᠠ᠃

   ︵ᠶᠢᠰᠦ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ

ᠴᠢᠩᠭᠠᠷᠠᠭᠤᠯᠤᠨ᠎ᠠ᠃ ᠬᠤᠸᠠᠳᠧ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠠᠮᠢᠶ᠎ᠠ ᠪᠦᠬᠦᠢ ᠮᠡᠳᠡᠭᠳᠡᠯ ᠤᠨ ᠵᠣᠷᠢᠭ ᠰᠠᠨᠠᠭ᠎ᠠ ᠶᠢ

ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ

ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋

ᠪᠣᠳᠠᠰ ᠢ ᠵᠣᠬᠢᠴᠠᠭᠤᠯᠤᠨ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠠᠵᠤ ᠦᠢᠯᠡᠳᠪᠦᠷᠢ ᠶᠢᠨ

ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ

ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃

   ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠶᠢᠨ ᠪᠢᠳᠡᠨ ᠲᠠᠢ ᠰᠠᠨᠠᠯ ᠢᠶᠠᠨ ᠰᠣᠯᠢᠯᠴᠠᠨ

ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠂ ᠮᠠ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ ᠳᠡᠮᠵᠢᠨ

᠂ ᠪᠢᠳᠡ 2021 ᠣᠨ ᠤ ᠬᠤᠸᠠᠳᠧ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ ᠶᠢᠨ ᠠᠵᠢᠯ ᠳᠤ ᠨᠠᠩ ᠭᠦᠨᠵᠡᠭᠡᠢ ᠣᠶᠢᠯᠠᠭᠠᠯᠲᠠ ᠲᠠᠢ ᠪᠣᠯᠪᠠ᠃ ᠥᠨᠥᠳᠥᠷ ᠤᠨ ᠰᠣᠷᠪᠤᠯᠵᠢᠯᠠᠭ᠎ᠠ ᠠᠳᠡ

ᠬᠦᠷᠦᠶ᠎ᠡ᠂ ᠲᠠᠨ ᠤ ᠮᠠᠨ ᠤ ᠰᠣᠷᠪᠤᠯᠵᠢᠯᠠᠭ᠎ᠠ ᠳᠤ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠃

   ᠮᠠ ᠶᠠ ᠱᠧᠩ᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ

ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠳᠤᠷᠠᠳᠬᠤ ᠶᠢ

ᠪᠠᠶᠠᠷᠯᠠᠨ ᠤᠭᠲᠤᠵᠤ ᠪᠠᠶᠢᠨ᠎ᠠ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2