ᠮᠠᠨ ᠤ ᠰᠢᠶᠠᠨ ᠤ ᠳᠣᠯᠣᠳᠤᠭᠠᠷ ᠪᠠᠯᠭᠠᠰᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠳᠠᠲᠤ ᠲᠠᠶᠢᠨ ᠤ ᠭᠠᠷ ᠳᠡᠪᠲᠡᠷ︾ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/1/20
   ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂1 ᠰᠠᠷ᠎ᠠ ᠶᠢᠨ 18 ᠤ ᠡᠳᠦᠷ᠂ ᠳᠣᠯᠣᠳᠤᠭᠠᠷ ᠪᠠᠯᠭᠠᠰᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠲᠡᠶᠢᠨ ᠤ ᠭᠠᠷ ᠳᠡᠪᠲᠡᠷ︾ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠬᠤᠷᠠᠯ   ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠮᠠ ᠸᠧᠢ ᠬᠤᠩ ᠡᠷᠭᠢᠯᠡᠵᠡᠶ᠃
   ᠬᠤᠷᠠᠯ ᠳᠡᠭᠡᠷ᠎ᠡ᠂ ᠮᠠ ᠸᠧᠢ ᠬᠤᠩ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠲᠡᠶᠢᠨ ᠤ ᠭᠠᠷ ᠳᠡᠪᠲᠡᠷ︾ ᠤᠨ ᠭᠤᠣᠯᠳᠠᠯᠭ᠎ᠠ ᠲᠠᠢ ᠬᠡᠰᠡᠭ ᠲᠤ ᠨᠠᠷᠢᠨ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠶᠢ ᠮᠡᠳᠡᠵᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠲᠣᠰ ᠲᠣᠰ ᠤᠨ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠭᠦᠨᠵᠡᠭᠡᠢ ᠰᠤᠳᠤᠯᠤᠨ ᠤᠩᠰᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠲᠡᠶᠢᠨ ᠤ ᠭᠠᠷ ᠳᠡᠪᠲᠡᠷ︾ ᠤᠨ ᠬᠠᠮᠢᠶ᠎ᠠ ᠪᠦᠬᠦᠢ ᠠᠭᠤᠯᠭ᠎ᠠ ᠶᠢ ᠣᠨᠣᠪᠴᠢᠲᠠᠶ ᠡᠵᠡᠮᠰᠢᠵᠦ᠂ ᠪᠣᠳᠠᠲᠤ ᠲᠡᠶᠢᠨᠴᠢᠯᠡᠬᠦ ᠱᠠᠭᠠᠷᠳᠠᠯᠭ᠎ᠠ ᠶᠣᠰᠣᠭᠠᠷ᠂ ᠪᠠᠷᠢᠮᠵᠢᠶ᠎ᠠ ᠶᠢ ᠴᠢᠩᠭ᠎ᠠ ᠬᠠᠷᠭᠤᠭᠤᠯᠵᠤ᠂ ᠳᠤᠲᠠᠭᠳᠠᠯ ᠢ ᠴᠠᠭ ᠲᠤᠬᠠᠢ ᠳᠤᠨᠢ ᠪᠠᠶᠢᠴᠠᠭᠠᠨ᠂ ᠳᠤᠲᠠᠭᠤᠳᠠᠯ ᠢ ᠨᠥᠬᠦᠪᠦᠷᠢᠯᠡᠵᠦ᠂ ᠦᠨᠡᠨ ᠬᠦ ᠰᠡᠳᠬᠢᠯ ᠳᠡᠭᠡᠨ ᠪᠠᠲᠤ ᠴᠡᠭᠡᠵᠢᠯᠡᠵᠦ᠂ ᠴᠡᠭᠡᠵᠢᠨ ᠳᠡᠭᠡᠨ ᠮᠡᠳᠡᠵᠦ᠂ ᠪᠣᠳᠠᠲᠠᠢ ᠪᠠᠷ ᠨᠠᠶᠢᠳᠠᠪᠤᠷᠢᠵᠢᠭᠤᠯᠵᠤ᠂ ᠳᠣᠯᠣᠳᠤᠭᠠᠷ ᠪᠠᠯᠭᠠᠰᠤᠨ ᠤ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠳᠤ ᠰᠠᠶᠢᠨ ᠰᠠᠭᠤᠷᠢ ᠲᠠᠯᠪᠢᠬᠤ ᠬᠡᠷᠡᠭᠲᠡᠢ᠃ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠪᠠᠯᠭᠠᠰᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠣᠯᠪᠠᠰᠤᠷᠠᠯ ᠤᠨ ᠬᠤᠷᠠᠯ ᠳᠤ ᠣᠷᠣᠯᠴᠠᠵᠠᠢ᠃        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯ        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2