ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 18 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ 18 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠳ᠋ᠦᠩᠨᠡᠨ | ᠬᠡᠷᠡᠭᠯᠡᠵᠦ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠨᠢ | ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠴᠢᠩᠭ᠎ᠠ ᠪᠠᠶᠢᠬᠤ ᠭᠤᠣᠯ ᠬᠥᠭ ᠠᠶᠠᠰ ᠢ | ᠭᠤᠶᠢᠪᠢᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠤᠭᠲᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ | ᠰᠢᠢᠳᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠯᠢᠪᠠ ᠢᠯᠵᠠᠷᠠᠯ ᠪᠠ ᠲᠥᠪ ᠪᠤᠰᠤ | ᠰᠤᠷᠲᠠᠯ ᠢ ᠵᠠᠯᠠᠷᠠᠭᠤᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ ᠳᠡᠭᠡᠳᠤ ᠱᠠᠳᠤ ᠨᠢ | ᠳᠣᠣᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠲᠦᠷᠢᠮ ᠢ | ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠢᠭᠰᠡᠨ ᠠᠭᠤᠤ ᠶᠡᠭᠡ ᠬᠤᠪᠢᠰᠬᠠᠯ ᠢᠶᠠᠷ ᠨᠡᠶᠢᠭᠡᠮ ᠤᠨ | ᠠᠭᠤᠤ ᠶᠡᠭᠡ ᠬᠤᠪᠢᠰᠬᠠᠯ ᠢ ᠬᠥᠲᠥᠯᠥᠨ ᠳᠠᠭᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ | ᠵᠠᠨ ᠱᠣ᠋᠂ ᠸᠠᠩ ᠶᠠᠩ᠂ ᠸᠠᠩ ᠬᠣ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠵᠤᠤ ᠯᠧ ᠵᠶᠢ ᠬᠤᠷᠠᠯ ᠢ ᠡᠷᠬᠢᠯᠡᠪᠡ᠃ | ᠰᠢ ᠶᠢᠨ ᠫᠢᠩ᠂ 2021 ᠤᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠤᠢ ᠪᠣᠯᠤᠨ᠎ᠠ᠃ ᠨᠠᠮ ᠤᠨ ᠲᠥᠪ ᠬᠤᠷᠢᠶ᠎ᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠬᠡᠶ | ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ | ᠡᠬᠢᠯᠡᠯᠲᠡ ᠲᠠᠢ ᠪᠣᠯᠭᠠᠵᠤ᠂ ᠰᠢᠨ᠎ᠡ ᠠᠶᠠᠨ ᠳᠠᠭᠠᠨ ᠮᠤᠷᠳᠠᠬᠤ ᠳᠤ ᠬᠦᠴᠦᠲᠡᠶ ᠤᠯᠤᠰ ᠲᠥᠷᠥ ᠶᠢᠨ ᠪᠠᠲᠤᠯᠠᠭ᠎ᠠ ᠬᠠᠩᠭᠠᠪᠠ᠃ | ᠡᠨᠡ ᠵᠢᠯ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠷᠪᠠᠳᠤᠭᠠᠷ ᠵᠢᠯ ᠪᠣᠯᠤᠨ᠎ᠠ᠂ ᠠᠷᠪᠠᠨ ᠵᠢᠯ | ᠴᠦᠬᠦᠷᠡᠰᠢ ᠦᠭᠡᠢ ᠴᠢᠷᠮᠠᠶᠢᠵᠤ᠂ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠳᠦᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠤᠷᠢᠳ ᠡᠮᠦᠨ᠎ᠡ ᠪᠠᠶᠢᠭ᠎ᠠ | ᠦᠭᠡᠢ ᠰᠥᠰᠥ ᠵᠣᠷᠢᠭ ᠪᠣᠯᠤᠨ ᠲᠣᠭᠲᠠᠯ ᠬᠦᠴᠦᠨ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠡᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠤᠯᠠᠨ ᠵᠢᠯ ᠤᠨ ᠲᠤᠷᠰᠢ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ | ᠭᠠᠵᠢᠭᠤ ᠰᠤᠷᠲᠠᠯ ᠮᠠᠭᠤ ᠵᠠᠩᠰᠢᠯ ᠢ ᠬᠤᠷᠢᠭᠯᠠᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ | ᠮᠠᠰᠢ ᠤᠯᠠᠨ ᠠᠷᠬᠠᠭ ᠭᠡᠮ ᠢ ᠰᠢᠢᠳᠪᠦᠷᠢᠯᠡᠵᠦ᠂ ᠨᠠᠮ᠂ ᠤᠯᠤᠰ᠂ ᠴᠡᠷᠢᠭ ᠠᠩᠬᠢ ᠶᠢᠨ ᠳᠣᠲᠣᠭᠠᠳᠤ ᠳᠤ ᠣᠷᠣᠰᠢᠵᠤ | ᠪᠠᠶᠢᠭᠰᠠᠨ ᠬᠦᠨᠳᠦ ᠨᠣᠴᠢᠲᠠᠢ ᠬᠡᠮ ᠰᠣᠭᠤᠭ ᠢ ᠠᠷᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠠᠭᠤᠵᠢᠮ ᠰᠤᠯᠠ | ᠵᠥᠭᠡᠯᠡᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ | ᠲᠦᠰᠢᠭᠯᠡᠨ ᠲᠡᠦᠬᠡᠨ ᠦᠶᠡᠯᠡᠯ ᠤᠨ ᠬᠤᠭᠤᠴᠠᠭ᠎ᠠ ᠠᠴᠠ ᠲᠠᠪᠠᠨ ᠭᠠᠷᠤᠭᠰᠠᠨ ᠠᠮᠵᠢᠯᠲᠠ ᠲᠠᠢ ᠠᠷᠭ᠎ᠠ ᠵᠠᠮ ᠢ ᠬᠠᠶᠢᠨ | ᠰᠦᠪᠡᠭᠴᠢᠯᠡᠵᠤ ᠨᠡᠭᠡᠭᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ ᠣᠯᠵᠤ᠂ ᠪᠦᠬᠦ ᠲᠠᠯ᠎ᠠ ᠶᠢᠨ᠂ ᠭᠦᠨ | ᠳᠠᠪᠬᠤᠷᠭ᠎ᠠ ᠶᠢᠨ ᠨᠥᠯᠥᠭᠡ ᠭᠠᠷᠴᠤ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠠᠰᠤᠷᠠᠯᠳᠠ ᠦᠭᠡᠢ | ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠮᠠᠨ ᠤ ᠨᠠᠮ ᠭᠠᠳᠠᠨ᠎ᠠ ᠪᠠᠨ ᠠᠷᠠᠳ ᠤᠨ ᠠᠷᠠᠳᠴᠢᠯᠠᠯ ᠢ | ᠬᠥᠭᠵᠢᠭᠦᠯᠬᠦ ᠳᠤ ᠲᠦᠰᠢᠭᠯᠡᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠳᠣᠲᠣᠭᠠᠳᠤ ᠳᠠᠭᠠᠨ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠵᠣᠷᠢᠭᠲᠠᠢ ᠪᠠᠷ ᠦᠨᠡᠨ ᠶᠣᠰᠣ ᠶᠢ | ᠪᠠᠷᠢᠮᠲᠠᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠵᠣᠷᠢᠭᠲᠠᠢ ᠪᠠᠷ ᠬᠢᠳᠤᠭᠠᠨ ᠢᠷ ᠢᠶᠠᠨ ᠳᠣᠲᠣᠭᠰᠢ ᠬᠠᠨᠳᠤᠭᠤᠯᠵᠤ᠂ | ᠵᠣᠷᠢᠭᠲᠠᠢ ᠪᠠᠷ ᠶᠠᠰᠤ ᠪᠠᠨ ᠬᠤᠰᠤᠨ ᠬᠤᠣᠷ ᠢᠶᠠᠨ ᠠᠷᠢᠯᠭᠠᠵᠤ᠂ ᠨᠠᠮ ᠤᠨ ᠥᠨᠢ ᠤᠳᠠᠭᠠᠨ ᠬᠥᠭᠵᠢᠨ ᠮᠠᠨᠳᠤᠵᠤ᠂ | ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠬᠤ ᠶᠢ ᠪᠠᠲᠤᠯᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠰᠢᠨ᠎ᠡ | ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠭᠤᠤ ᠶᠡᠭᠡ ᠦᠢᠯᠡᠳᠦᠯᠭᠡ ᠮᠥᠨ᠂ ᠵᠠᠭᠤᠨ | ᠵᠢᠯ ᠤᠨ ᠲᠤᠮᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠷᠬᠡᠪᠰᠢ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠮᠵᠢ ᠪᠤᠯᠭᠠᠬᠤ ᠶᠢ ᠪᠠᠷᠢᠮᠲᠠᠯᠠᠵᠤ᠂ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠤᠯᠤᠰ ᠲᠦᠷᠦ ᠶᠢᠨ ᠦᠨᠳᠦᠰᠦᠨ ᠴᠢᠭᠯᠡᠯ ᠢ ᠪᠠᠲᠤ ᠰᠠᠬᠢᠬᠤ ᠬᠡᠷᠡᠭᠲᠡᠢ︔ ᠡᠷᠬᠡᠪᠰᠢ ᠦᠵᠡᠯ | ᠰᠠᠨᠠᠭᠠᠨ ᠤ ᠪᠠᠶᠢᠭᠤᠯᠤᠯᠲᠠ ᠪᠠᠷ ᠨᠠᠮ ᠤᠨ ᠰᠠᠭᠤᠷᠢ ᠴᠢᠨᠠᠷᠲᠠᠢ ᠪᠠᠶᠢᠭᠤᠯᠤᠯᠲᠠ ᠪᠣᠯᠭᠠᠬᠤ ᠶᠢ ᠪᠠᠷᠢᠮᠲᠠᠯᠠᠵᠤ᠂ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠦᠵᠡᠯ ᠰᠠᠨᠠᠭᠠᠨ ᠤ ᠬᠤᠷᠴᠠ ᠵᠡᠪᠰᠡᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠡᠷᠬᠡᠪᠰᠢ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠴᠢᠩᠭ᠎ᠠ ᠰᠠᠬᠢᠯᠭ᠎ᠠ ᠪᠠᠲᠤ ᠪᠠᠷ | ᠰᠤᠷᠲᠠᠯ ᠢ ᠴᠡᠭᠴᠡᠯᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠦᠲᠦᠮᠵᠢᠲᠡᠢ ᠠᠷᠭ᠎ᠠ ᠵᠠᠮ ᠢ ᠪᠠᠶᠠᠯᠢᠭᠵᠢᠭᠤᠯᠬᠤ | ᠬᠡᠷᠡᠭᠲᠡᠢ︔ ᠡᠷᠬᠡᠪᠰᠢ ᠠᠶᠤᠩᠭ᠎ᠠ ᠴᠠᠬᠢᠯᠭᠠᠨ ᠨᠢᠵᠢᠭᠢᠨᠡᠬᠦ ᠰᠦᠷ ᠬᠦᠴᠦᠨ ᠢᠶᠠᠷ ᠢᠯᠵᠠᠷᠠᠯ ᠢ ᠡᠰᠡᠷᠭᠦᠴᠡᠵᠦ ᠬᠠᠷᠭᠢᠰ | ᠬᠦᠴᠦᠨ ᠢ ᠵᠠᠯᠬᠠᠭᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︔ ᠡᠷᠬᠡᠪᠰᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠬᠦᠴᠦᠨ ᠨᠢᠭᠲᠠᠷᠠᠭᠤᠯᠬᠤ | ᠬᠦᠴᠦᠨ ᠢ ᠴᠢᠩᠭᠠᠳᠬᠠᠬᠤ ᠶᠢ ᠪᠠᠷᠢᠮᠲᠠᠯᠠᠵᠤ᠂ ᠵᠣᠷᠢᠭᠲᠠᠢ ᠪᠦᠭᠡᠳ ᠴᠢᠳᠠᠮᠠᠭᠠᠢ ᠲᠡᠮᠡᠴᠡᠬᠦ᠂ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠡᠷᠬᠡᠪᠰᠢ ᠥᠪᠡᠷ ᠢ ᠪᠠᠨ | ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠲᠦᠷᠢᠮ | ᠵᠢᠷᠤᠮᠵᠢᠯ ᠤᠨ ᠰᠢᠰᠲ᠋ᠧᠮ ᠢ ᠪᠠᠶᠢᠭᠤᠯᠬᠤ ᠶᠢ ᠪᠠᠷᠢᠮᠲᠠᠯᠠᠵᠤ᠂ ᠥᠪᠡᠷ ᠤᠨ ᠪᠡᠶ᠎ᠠ ᠳᠡᠭᠡᠨ ᠠᠭᠤᠤ ᠶᠡᠭᠡ ᠬᠤᠪᠢᠰᠬᠠᠯ ᠬᠢᠬᠦ ᠶᠢ | ᠠᠬᠢᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠮᠠᠷᠺᠰ ᠤᠨ ᠦᠵᠡᠯ ᠤᠨ ᠨᠠᠮ | ᠪᠠᠶᠢᠭᠤᠯᠬᠤ ᠰᠤᠷᠭᠠᠯ ᠢ ᠵᠠᠯᠭᠠᠮᠵᠢᠯᠠᠨ ᠬᠥᠭᠵᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ | ᠳ᠋ᠦᠩᠨᠡᠨ ᠬᠡᠷᠡᠭᠯᠡᠵᠦ᠂ ᠨᠠᠮ ᠢ ᠬᠠᠮᠢᠶᠠᠷᠬᠤ ᠨᠠᠮ ᠢ ᠵᠠᠰᠠᠬᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠤᠨᠤᠯ ᠤᠨ ᠰᠢᠨ᠎ᠡ | ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠢ ᠠᠬᠢᠭᠤᠯᠵᠤ᠂ ᠶᠠᠮᠠᠷᠰᠢᠤ ᠤᠷᠳᠤ ᠬᠤᠭᠤᠴᠠᠭ᠎ᠠ ᠪᠠᠷ ᠲᠦᠷᠦ | ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ | ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠰᠢᠨ᠎ᠡ | ᠦᠨᠳᠦᠷᠴᠡ ᠳᠤ ᠬᠦᠷᠴᠡᠢ᠃ ᠡᠨᠡ ᠨᠢ ᠳᠠᠷᠤᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠮᠵᠢ ᠪᠤᠯᠭᠠᠬᠤ ᠶᠢ ᠪᠠᠷᠢᠮᠲᠠᠯᠠᠵᠤ᠂ | ᠴᠢᠩᠭ᠎ᠠ ᠪᠠᠶᠢᠬᠤ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ | ᠪᠠᠳᠠᠷᠠᠭᠤᠯᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠣᠭᠳᠤ ᠠᠭᠤᠴᠢᠯᠠᠬᠤ ᠦᠭᠡᠢ | ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ | ᠠᠯᠢᠪᠠ ᠢᠯᠵᠠᠷᠠᠯ ᠪᠠ ᠲᠥᠪ ᠪᠤᠰᠤ ᠰᠤᠷᠲᠠᠯ ᠢ ᠵᠠᠯᠠᠷᠠᠭᠤᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠢ ᠠᠳᠬᠤᠨ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠬᠢᠨᠠᠯᠲᠠ | ᠲᠠᠯᠪᠢᠬᠤ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠳᠠᠯᠠᠵᠤ᠂ ᠪᠦᠬᠦ ᠲᠠᠯ᠎ᠠ ᠶᠢ ᠬᠠᠮᠤᠷᠤᠭᠰᠠᠨ᠂ ᠪᠠᠶᠢᠩᠭᠤ ᠶᠢᠨ ᠪᠥᠭᠡᠳ | ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠦᠷᠢᠯᠳᠦᠭᠦᠯᠦᠭᠰᠡᠨ ᠶᠠᠪᠤᠳᠠᠯ ᠪᠣᠯᠤᠨ᠎ᠠ | ᠭᠡᠵᠦ ᠴᠢᠬᠤᠯᠠᠴᠢᠯᠠᠪᠠ᠃ | | ᠰᠢ ᠶᠢᠨ ᠫᠢᠩ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠭᠡᠵᠦ᠂ ᠨᠡᠩ ᠡᠷᠡᠰ ᠪᠠᠲᠤ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ᠂ ᠬᠥᠮᠦᠵᠢᠯ᠂ ᠤᠬᠠᠭᠤᠯᠭ᠎ᠠ ᠶᠢ ᠴᠥᠬᠦᠷᠡᠰᠢ ᠥᠬᠡᠶ ᠠᠬᠢᠭᠤᠯᠵᠤ᠂ ᠪᠥᠬᠦ ᠨᠠᠮ ᠢ | ᠬᠥᠲᠥᠯᠥᠨ ᠵᠢᠯᠣᠭᠤᠳᠴᠤ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠰᠡᠳᠭᠢᠯ ᠵᠢᠷᠦᠭᠡᠨ ᠳᠡᠭᠡᠨ ᠦᠨᠡᠨ ᠬᠦ ᠦᠨᠳᠦᠰᠦᠯᠡᠭᠦᠯᠵᠦ᠂ ᠨᠠᠮ ᠪᠣᠯᠤᠨ ᠠᠷᠠᠳ ᠲᠦᠮᠡᠨ ᠳᠤ ᠦᠨᠡᠨᠴᠢ ᠰᠢᠳᠤᠷᠭᠤ | ᠪᠠᠶᠢᠬᠤ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ | ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠨᠠᠮ ᠪᠣᠯᠤᠨ ᠠᠷᠠᠳ ᠲᠦᠮᠡᠨ ᠤ ᠦᠶ᠋ᠯᠡᠰ ᠲᠤ ᠴᠢᠩ ᠦᠨᠡᠨᠴᠢ ᠬᠤᠪᠢ ᠨᠡᠮᠡᠷᠢ | ᠦᠵᠡᠭᠦᠯᠵᠦ᠂ ᠰᠢᠯᠭᠠᠯᠲᠠ ᠳᠤ ᠣᠷᠣᠯᠴᠠᠬᠤ ᠰᠢᠨ᠎ᠡ ᠵᠠᠮ ᠳᠡᠭᠡᠷ᠎ᠡ ᠰᠠᠶᠢᠨ ᠬᠢᠷᠢ ᠪᠦᠲᠦᠮᠵᠢ ᠤᠯᠬᠤ ᠬᠡᠷᠡᠭᠲᠡᠶ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠮ ᠤᠨ ᠭᠡᠰᠢᠭᠦᠨ᠂ | ᠺᠠᠳ᠋ᠷ ᠢ ᠬᠥᠲᠥᠯᠥᠨ ᠵᠢᠯᠣᠭᠤᠳᠴᠤ ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠠᠮ ᠤᠨ ᠲᠥᠪ ᠬᠤᠷᠢᠶᠠᠨ ᠤ ᠦᠨᠳᠦᠰᠦᠨ | ᠪᠣᠳᠣᠯᠭ᠎ᠠ ᠴᠢᠭᠯᠡᠯᠲᠡ ᠶᠢ ᠦᠨᠡᠨ ᠬᠦ ᠭᠦᠨᠵᠡᠭᠡᠶ ᠣᠶᠢᠯᠠᠭᠠᠭᠤᠯᠵᠤ᠂ ᠴᠠᠭ ᠢᠮᠠᠭᠲᠠ ᠭᠠᠵᠠᠷ ᠪᠣᠯᠭᠠᠨ ᠳᠤ ᠨᠠᠮ ᠤᠨ ᠲᠥᠪ | ᠬᠤᠷᠢᠶ᠎ᠠ ᠲᠠᠢ ᠨᠢᠭᠡᠳᠦᠯᠲᠡᠶ ᠪᠠᠶᠢᠯᠭᠠᠵᠤ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠯᠠᠪᠳᠠᠭᠤᠨ ᠪᠠᠲᠤᠲᠠᠶ ᠲᠤᠭᠤᠰᠢᠯᠠᠭᠤᠯᠵᠤ᠂ ᠳᠤᠲᠠᠭᠤ ᠳᠣᠷᠭᠤᠨ ᠬᠢᠬᠦ ᠥᠬᠡᠶ᠂ ᠥᠩᠭᠡᠨ ᠲᠠᠯ᠎ᠠ ᠶᠢᠨ ᠠᠵᠢᠯ ᠬᠢᠬᠦ ᠥᠬᠡᠶ | ᠪᠠᠶᠢᠵᠤ᠂ ᠳᠤᠷ᠎ᠠ ᠵᠣᠷᠢᠭ ᠤᠨ ᠦᠵᠡᠯ᠂ ᠥᠪᠡᠷᠡᠮᠡᠲᠡᠭᠡᠶ ᠦᠵᠡᠯ᠂ ᠬᠠᠮᠠᠭᠠᠯᠠᠬᠤ ᠦᠵᠡᠯ ᠢ ᠵᠠᠯᠠᠷᠠᠭᠤᠯᠵᠤ᠂ ᠨᠢᠭᠡ ᠴᠠᠭ ᠨᠢᠭᠡ | ᠭᠠᠵᠠᠷ ᠤᠨ ᠠᠰᠢᠭ ᠲᠤᠰᠠ ᠶᠢᠨ ᠲᠥᠯᠥᠭᠡ ᠵᠠᠯᠢ ᠮᠡᠭᠡ ᠭᠠᠷᠭᠠᠬᠤ ᠥᠬᠡᠶ᠂ ᠠᠷᠭ᠎ᠠ ᠤᠬᠠᠭᠠᠨ ᠭᠠᠷᠭᠠᠬᠤ ᠥᠬᠡᠶ ᠪᠠᠶᠢᠵᠤ᠂ | ᠬᠡᠷᠡᠭᠵᠢᠭᠦᠯᠬᠦ ᠳᠡᠭᠡᠨ ᠬᠡᠯᠪᠠᠶᠢᠯᠭᠡᠬᠦ ᠥᠬᠡᠶ᠂ ᠬᠤᠪᠢᠷᠠᠭᠤᠯᠬᠤ ᠥᠬᠡᠶ᠂ ᠥᠭᠡᠷᠡᠲᠦᠭᠦᠯᠬᠦ ᠥᠬᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠢᠯᠵᠠᠷᠡᠯ ᠢ ᠡᠰᠡᠷᠭᠦᠴᠡᠬᠦ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠢᠯᠵᠠᠷᠡᠬᠤ ᠠᠴᠠ | ᠵᠢᠷᠦᠬᠡᠰᠢᠶᠡᠬᠦ᠂ ᠢᠯᠵᠠᠷᠡᠵᠦ ᠪᠣᠯᠬᠤ ᠦᠭᠡᠢ᠂ ᠢᠯᠵᠠᠷᠡᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ | ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ᠃ ᠢᠯᠵᠠᠷᠠᠯ ᠪᠠ | ᠢᠯᠵᠠᠷᠠᠯ ᠢ ᠡᠰᠡᠷᠭᠦᠴᠡᠬᠦ ᠲᠡᠮᠡᠴᠡᠯ ᠪᠠᠰᠠ ᠬᠤᠷᠴᠠ ᠰᠢᠷᠦᠭᠦᠨ ᠶᠠᠪᠤᠭᠳᠠᠵᠤ ᠪᠠᠶᠢᠬᠤ ᠪᠥᠭᠡᠳ ᠱᠠᠳᠤ ᠦᠶᠡᠴᠢ ᠴᠢᠨᠠᠷᠲᠠᠢ | ᠵᠠᠷᠢᠮ ᠰᠢᠨ᠎ᠡ ᠣᠨᠴᠠᠯᠢᠭ ᠢᠯᠡᠷᠡᠵᠦ᠂ ᠵᠦᠢᠯ ᠵᠢᠰᠦᠮ ᠤᠨ ᠠᠰᠢᠭ ᠲᠤᠰᠠ ᠶᠢᠨ ᠪᠦᠯᠦᠭᠯᠡᠯ ᠤᠨ ᠪᠦᠯᠦᠭᠯᠡᠨ ᠬᠠᠮᠵᠢᠯᠴᠠᠬᠤ᠂ | ︽ᠬᠤᠮᠤᠷᠭᠠᠯᠠᠨ ᠠᠪᠠᠯᠠᠬᠤ︾ ᠶᠢ ᠰᠡᠷᠭᠡᠶᠢᠯᠡᠬᠦ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠢᠯᠵᠠᠷᠠᠯ ᠢ ᠪᠦᠲᠦᠮᠵᠢᠲᠡᠢ | ᠠᠷᠭᠠᠴᠠᠭᠠᠬᠤ ᠠᠷᠭ᠎ᠠ ᠪᠠᠷᠢᠯ ᠢ ᠨᠢᠭᠤᠭᠳᠠᠮᠠᠯ ᠪᠤᠯᠭᠠᠵᠤ ᠬᠤᠪᠢᠷᠠᠭᠤᠯᠬᠤ᠂ ᠰᠢᠨᠡᠳᠭᠡᠵᠦ ᠲᠡᠰ ᠳᠡᠪᠰᠢᠭᠦᠯᠬᠦ ᠳᠤ ᠡᠭᠦᠷᠭᠡ | ᠬᠦᠨᠳᠦ ᠵᠠᠮ ᠬᠤᠯᠠ ᠪᠠᠶᠢᠨ᠎ᠠ᠂ ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠲᠦᠢᠯᠪᠤᠷᠢᠲᠠᠢ ᠠᠷᠢᠯᠭᠠᠵᠤ᠂ ᠳᠠᠯᠠᠢ | ᠲᠠᠪᠠᠯᠭᠠᠨ ᠦᠭᠡᠢ ᠭᠤᠤᠯ ᠴᠡᠪᠡᠷ ᠲᠤᠩᠭᠠᠯᠠᠭ ᠪᠤᠯᠭᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠰᠢᠰᠲ᠋ᠧᠮ ᠤᠨ | ᠴᠢᠨᠠᠷᠲᠠᠢ ᠢᠯᠵᠠᠷᠠᠯ ᠢ ᠠᠷᠢᠯᠭᠠᠨ᠂ ᠠᠶᠤᠯ ᠲᠦᠭᠰᠢᠭᠦᠷᠢ ᠶᠢᠨ ᠲᠠᠯᠳᠠ ᠭᠡᠮ ᠢ ᠨᠠᠮᠲᠠᠭᠠᠬᠤ ᠳᠤ ᠡᠭᠦᠷᠭᠡ ᠬᠦᠨᠳᠦ ᠵᠠᠮ ᠬᠤᠯᠠ | ᠪᠠᠶᠢᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃ ᠪᠢᠳᠡ ᠲᠠᠷᠢᠬᠢ ᠲᠣᠯᠣᠭᠠᠢ ᠪᠠᠨ ᠰᠡᠷᠭᠡᠭ | ᠪᠠᠶᠢᠯᠭᠠᠵᠤ᠂ ᠳᠠᠭᠠᠷᠢᠯᠲᠠ ᠶᠢᠨ ᠪᠦᠷᠢᠶ᠎ᠡ ᠶᠢ ᠡᠭᠦᠷᠢᠳᠡ ᠬᠠᠩᠬᠢᠨᠠᠭᠤᠯᠵᠤ᠂ ᠢᠯᠵᠠᠷᠠᠯ ᠢ ᠡᠰᠡᠷᠭᠦᠴᠡᠬᠦ ᠶᠠᠪᠤᠳᠠᠯ ᠬᠡᠵᠢᠶᠡᠳᠡ | ᠳᠠᠭᠤᠰᠤᠰᠢ ᠦᠭᠡᠢ ᠭᠡᠳᠡᠭ ᠢ ᠪᠠᠲᠤ ᠴᠡᠭᠡᠵᠢᠯᠡᠬᠦ ᠬᠡᠷᠡᠭᠲᠡᠢ᠃ ᠢᠯᠵᠠᠷᠠᠯ ᠤᠨ ᠠᠰᠠᠭᠤᠳᠠᠯ ᠡᠭᠦᠰᠳᠡᠭ ᠬᠦᠷᠦᠰᠦ ᠰᠢᠷᠤᠢ | ᠪᠤᠯᠤᠨ ᠨᠦᠬᠦᠴᠡᠯ ᠪᠤᠯᠤᠯᠴᠠᠭ᠎ᠠ ᠣᠷᠣᠰᠢᠵᠤ ᠪᠠᠶᠢᠳᠠᠭ ᠯᠠ ᠶᠤᠮ ᠪᠣᠯ ᠢᠯᠵᠠᠷᠠᠯ ᠤᠨ ᠦᠵᠡᠭᠳᠡᠯ ᠢ ᠦᠨᠳᠦᠰᠦ ᠪᠠᠷ ᠨᠢ | ᠠᠷᠢᠯᠭᠠᠵᠦ ᠳᠡᠶᠢᠯᠬᠦ ᠦᠭᠡᠢ ᠪᠠᠶᠢᠵᠤ᠂ ᠮᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠴᠦ ᠵᠣᠭᠰᠣᠬᠤ ᠦᠭᠡᠢ ᠶᠤᠮ᠃ | ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷᠴᠤᠳ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠦᠵᠡᠯ | ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠪᠠᠨ ᠪᠠᠬᠢᠵᠢᠭᠦᠯᠦᠨ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠵᠦ᠂ | ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠤᠳᠤᠷᠢᠳᠬᠤ | ᠺᠠᠳ᠋ᠷᠴᠤᠳ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ | ᠴᠢᠩᠭᠠᠳᠬᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷᠴᠤᠳ ᠵᠠᠪᠠᠯ ᠭᠡᠷ ᠤᠨ | ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ ᠬᠠᠨᠢ ᠨᠦᠬᠦᠷ᠂ ᠦᠷ᠎ᠡ | ᠬᠡᠦᠬᠡᠳ ᠢᠶᠠᠨ ᠰᠠᠶᠢᠲᠤᠷ ᠬᠠᠮᠢᠶᠠᠷᠴᠤ᠂ ᠬᠤᠪᠢ ᠪᠠᠨ ᠰᠠᠬᠢᠳᠠᠭ ᠬᠦᠮᠦᠨ ᠪᠤᠯᠵᠤ᠂ ᠠᠷᠢᠭᠤᠨ ᠴᠢᠭᠡᠴᠢ ᠪᠠᠷ ᠠᠵᠢᠯᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠪᠠᠬᠢᠵᠢᠭᠦᠯᠵᠦ᠂ ︽ᠲᠦᠷᠪᠡᠨ ᠰᠤᠷᠲᠠᠯ︾ ᠢ | ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ | ᠪᠣᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠶᠡᠭᠡ ᠳᠠᠶᠢᠰᠤᠨ ᠮᠥᠨ᠃ ᠤᠳᠤᠷᠢᠳᠬᠤ ᠺᠠᠳ᠋ᠷᠴᠤᠳ | ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠠᠴᠠ ᠡᠬᠢᠯᠡᠨ ᠠᠳᠬᠤᠵᠤ᠂ ᠠᠵᠢᠯ ᠤᠨ ᠠᠮᠵᠢᠯᠳᠠ ᠪᠦᠲᠦᠮᠵᠢ ᠶᠢᠨ ᠵᠥᠪ | ᠦᠵᠡᠯᠲᠡ ᠶᠢ ᠪᠤᠢ ᠪᠣᠯᠭᠠᠨ᠂ ᠪᠤᠰᠤᠳᠴᠢ ᠪᠣᠳᠠᠲᠤ ᠪᠠᠶᠢᠳᠠᠯ ᠪᠠ ᠤᠯᠠᠨ ᠲᠦᠮᠡᠨ ᠤ ᠬᠡᠷᠡᠭᠴᠡᠭᠡ ᠶᠢ ᠬᠦᠨᠳᠦᠳᠭᠡᠵᠦ᠂ | ᠰᠢᠰᠲ᠋ᠧᠮᠲᠦ ᠰᠡᠳᠭᠢᠬᠦᠢ ᠪᠠ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠨ ᠴᠢᠩᠭᠠᠳᠬᠠᠨ᠂ ᠠᠷᠠᠳ ᠲᠦᠮᠡᠨ ᠳᠤ ᠪᠤᠶᠠᠨ | ᠦᠢᠯᠡᠳᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠵᠦ᠂ ᠶᠠᠩᠵᠤ ᠭᠠᠷᠭᠠᠬᠤ᠂ ᠯᠠᠷᠵᠢᠶ᠎ᠠ ᠶᠠᠩᠪᠠ ᠲᠠᠲᠠᠬᠤ᠂ | ᠰᠣᠬᠤᠷ ᠪᠠᠯᠠᠢ ᠪᠠᠷ ᠯᠠᠨᠴᠢᠬ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ᠃ ᠺᠠᠳ᠋ᠷ ᠢ ᠬᠢᠨᠠᠨ ᠰᠢᠯᠭᠠᠬᠤ᠂ ᠠᠵᠢᠯ ᠢ | ᠪᠠᠶᠢᠴᠠᠭᠠᠬᠤ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠵᠤ᠂ ᠺᠠᠳ᠋ᠷ ᠤᠨ ᠠᠵᠢᠯ ᠤᠨ ᠠᠮᠵᠢᠯᠲᠠ ᠶᠢ ᠰᠢᠨᠵᠢᠯᠡᠬᠦ | ᠤᠬᠠᠭᠠᠨᠴᠢ ᠪᠠᠷ ᠦᠨᠡᠯᠡᠵᠦ᠂ ᠺᠠᠳ᠋ᠷ ᠤᠨ ᠨᠡᠩ ᠰᠠᠶᠢᠨ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠠᠷᠠᠳ ᠲᠤ ᠠᠰᠢᠭ ᠬᠦᠷᠲᠡᠭᠡᠬᠦ᠂ ᠠᠷᠠᠳ ᠢ | ᠠᠮᠤᠷᠵᠢᠭᠤᠯᠵᠤ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ ᠤᠨ ᠳᠠᠭᠠᠳᠬᠠᠯ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠵᠡᠷᠭᠡ ᠬᠦᠷᠢᠶᠡᠨ ᠳᠠᠬᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠵᠠᠯᠠᠷᠠᠭᠤᠯᠤᠨ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠠᠯᠢ ᠤᠯᠠᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤᠮᠳᠠ ᠠᠴᠠ ᠲᠥᠪ | ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠵᠠᠯᠠᠭᠤ ᠺᠠᠳ᠋ᠷ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠵᠠᠯᠠᠭᠤ ᠺᠠᠳ᠋ᠷ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠪᠣᠯᠤᠨ ᠠᠷᠠᠳ ᠲᠦᠮᠡᠨ ᠤ ᠦᠨᠡᠨᠴᠢ ᠰᠢᠳᠤᠷᠭᠤ ᠨᠠᠶᠢᠳᠠᠪᠤᠷᠢᠲᠠᠢ ᠺᠠᠳ᠋ᠷ | ᠪᠣᠯᠭᠠᠬᠤ ᠬᠡᠷᠡᠭᠲᠡᠢ᠃ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭ᠎ᠠ ᠪᠥᠭᠡᠳ ᠪᠣᠳᠠᠲᠠᠢ ᠴᠢᠩᠭᠠᠳᠬᠠᠵᠤ᠂ ᠵᠠᠯᠠᠭᠤ | ᠺᠠᠳ᠋ᠷᠴᠤᠳ ᠤᠨ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡ ᠳᠤ ᠵᠥᠪ ᠬᠠᠨᠳᠤᠵᠤ᠂ ᠴᠠᠭ ᠢᠮᠠᠭᠲᠠ ᠪᠡᠶ᠎ᠡ ᠪᠠᠨ | ᠬᠢᠴᠢᠶᠡᠨ ᠪᠡᠶ᠎ᠡ ᠪᠠᠨ ᠲᠤᠩᠭᠠᠵᠤ᠂ ᠰᠠᠬᠢᠯᠭ᠎ᠠ ᠪᠠᠲᠤ ᠬᠠᠤᠯᠢ ᠲᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠪᠠᠷ ᠵᠠᠰᠠᠭ | ᠪᠠᠷᠢᠬᠤ ︽ᠨᠢᠭᠡᠳᠦᠭᠡᠷ ᠲᠣᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠢ᠃ ᠵᠠᠯᠠᠭᠤ ᠺᠠᠳ᠋ᠷᠴᠤᠳ ᠡᠷᠬᠡᠪᠰᠢ ᠰᠡᠷᠭᠡᠭ | ᠲᠠᠨᠢᠯᠲᠠ ᠲᠠᠢ ᠪᠠᠶᠢᠵᠤ᠂ ᠦᠷᠭᠦᠯᠵᠢ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ | ᠬᠠᠷᠢᠴᠠᠭᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠲᠠᠢ ᠬᠠᠷᠭᠤᠭᠤᠯᠵᠤ᠂ ᠵᠠᠷᠢᠮ ᠤᠴᠢᠷ ᠶᠠᠪᠤᠳᠠᠯ ᠢ ᠬᠢᠬᠦ ᠶᠣᠰᠣᠲᠠᠢ ᠡᠰᠡᠬᠦ᠂ ᠬᠢᠵᠦ ᠳᠡᠶᠢᠯᠬᠦ | ᠡᠰᠡᠬᠦ ᠶᠢ ᠲᠣᠳᠣᠷᠬᠠᠢ ᠲᠠᠨᠢᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ | ᠪᠠᠲᠤ ᠰᠠᠬᠢᠬᠤ ᠬᠡᠷᠡᠭᠲᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠷᠬᠡ ᠳᠤ ᠬᠢᠨᠠᠯᠲᠠ ᠲᠠᠯᠪᠢᠬᠤ ᠲᠦᠷᠢᠮ ᠪᠣᠯᠤᠨ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ | ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ ᠶᠢ ᠨᠡᠩ ᠵᠢᠷᠤᠮᠵᠢᠯ ᠲᠠᠢ᠂ ᠨᠡᠩ ᠬᠦᠴᠦᠲᠡᠢ᠂ | ᠨᠡᠩ ᠪᠦᠲᠦᠮᠵᠢᠲᠡᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠢᠯᠠᠩᠭᠤᠶ᠎ᠠ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠬᠢᠨᠠᠯᠲᠠ | ᠲᠠᠯᠪᠢᠬᠤ ᠶᠢ ᠲᠤᠪᠤᠶᠢᠯᠭᠠᠨ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭᠠᠲᠤ ᠪᠠᠶᠢᠭᠤᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠬᠤᠷᠢᠶ᠎ᠠ ᠶᠢ | ᠬᠠᠮᠵᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠ ᠪᠤᠰᠤᠳ ᠡᠯ᠎ᠡ | ᠲᠦᠷᠦᠯ ᠤᠨ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠠᠬᠢᠭᠤᠯᠵᠤ᠂ ᠭᠦᠨᠵᠡᠭᠡᠢ ᠨᠡᠪᠲᠡᠷᠡᠭᠦᠯᠦᠨ | ᠬᠠᠮᠵᠢᠯᠴᠠᠭᠤᠯᠬᠤ ᠪᠦᠲᠦᠮᠵᠢᠲᠡᠢ ᠠᠷᠭ᠎ᠠ ᠵᠠᠮ ᠢ ᠬᠠᠶᠢᠨ ᠰᠦᠪᠡᠭᠴᠢᠯᠡᠬᠦ ᠬᠡᠷᠡᠭᠲᠡᠢ᠃ ᠬᠤᠭᠤᠴᠠᠭ᠎ᠠ ᠰᠣᠯᠢᠬᠤ | ᠰᠤᠩᠭᠤᠭᠤᠯᠢ ᠳᠠᠬᠢ ᠰᠠᠬᠢᠯᠭ᠎ᠠ ᠪᠠᠲᠤ ᠬᠡᠪ ᠰᠤᠷᠲᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠮ ᠠᠴᠠ ᠺᠠᠳ᠋ᠷ ᠢ | ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠪᠣᠭᠤᠮᠲᠠ ᠰᠠᠬᠢᠬᠤ | ᠦᠢᠯᠡᠳᠦᠯ ᠢ ᠴᠢᠩᠭᠠᠳᠬᠠᠵᠤ᠂ ᠢᠯᠠᠩᠭᠤᠶ᠎ᠠ ᠤᠯᠤᠰ ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ | ᠴᠢᠩᠭ᠎ᠠ ᠰᠠᠬᠢᠬᠤ ᠬᠡᠷᠡᠭᠲᠡᠢ ᠬᠡᠵᠤ ᠴᠢᠬᠤᠯᠠᠴᠢᠯᠠᠪᠠ᠃ | | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠢᠮᠠᠭᠲᠠ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ | ᠰᠢᠳᠤᠷᠭᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠳᠠᠬᠢ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ ᠡᠵᠡᠮᠳᠡᠵᠦ᠂ | ᠨᠠᠮ ᠤᠨ ᠵᠠᠭᠤᠨ ᠵᠢᠯ ᠤᠨ ᠲᠡᠮᠡᠴᠡᠯ ᠢᠶᠠᠷ ᠪᠦᠷᠢᠯᠳᠦᠭᠰᠡᠨ ᠡᠷᠬᠢᠮ ᠨᠠᠨᠳᠢᠨ ᠲᠤᠷᠰᠢᠯᠭ᠎ᠠ ᠪᠣᠯᠤᠨ ᠰᠢᠯᠢᠳᠡᠭ ᠰᠤᠷᠲᠠᠯ ᠢ | ᠪᠠᠳᠠᠷᠠᠭᠤᠯᠵᠤ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠢᠨᠠᠯᠲᠠ ᠲᠠᠯᠪᠢᠬᠤ ᠪᠠᠲᠤᠯᠠᠬᠤ | ᠬᠡᠷᠡᠭᠵᠢᠭᠦᠯᠬᠦ ᠦᠢᠯᠡᠳᠦᠯ ᠢᠶᠠᠨ ᠪᠠᠳᠠᠷᠠᠭᠤᠯᠵᠤ᠂ ᠨᠠᠮ ᠪᠣᠯᠤᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠨᠡᠩ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠡᠷᠬᠡᠪᠰᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠰᠠᠬᠢᠯᠭ᠎ᠠ ᠪᠠᠲᠤ ᠪᠠᠷ | ᠥᠪᠡᠷ ᠢ ᠪᠠᠨ ᠱᠠᠭᠠᠷᠳᠠᠵᠤ᠂ ᠰᠢᠯᠭᠠᠷᠠᠭᠰᠠᠨ ᠦᠵᠡᠯ ᠰᠠᠨᠠᠭ᠎ᠠ ᠣᠪᠣᠷ ᠰᠤᠷᠲᠠᠯ᠂ ᠴᠢᠳᠠᠪᠤᠷᠢ ᠬᠡᠪ ᠪᠣᠯᠪᠠᠰᠤᠷᠠᠯ ᠢᠶᠠᠨ | ᠳᠠᠪᠲᠠᠨ ᠪᠣᠯᠪᠠᠰᠤᠷᠠᠭᠤᠯᠵᠤ᠂ ᠨᠠᠮᠴᠢ ᠴᠢᠨᠠᠷ ᠢᠶᠠᠷ ᠪᠡᠶ᠎ᠡ ᠪᠠᠨ ᠪᠠᠷᠢᠨ ᠠᠵᠢᠯᠯᠠᠵᠤ᠂ ᠡᠷᠡᠰ ᠬᠠᠲᠠᠭᠤ ᠪᠠᠶᠢᠵᠤ᠂ ᠰᠠᠬᠢᠯᠭ᠎ᠠ | ᠪᠠᠲᠤ ᠶᠢ ᠲᠥᠪ ᠭᠤᠣᠯᠴᠢ ᠪᠠᠷ ᠬᠡᠷᠡᠭᠵᠢᠭᠦᠯᠵᠦ᠂ ᠡᠷᠬᠡ ᠪᠠᠨ ᠪᠣᠯᠭᠤᠮᠵᠢᠲᠠᠢ ᠬᠡᠷᠡᠭᠯᠡᠵᠦ᠂ ᠲᠤᠰ ᠪᠡᠶ᠎ᠡ ᠶᠢᠨ ᠦᠯᠦ | ᠬᠠᠯᠳᠠᠭᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠪᠠ ᠨᠡᠶᠢᠭᠡᠮ ᠤᠨ ᠡᠯ᠎ᠡ | ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠢᠮᠠᠭᠲᠠ ᠨᠠᠮ ᠪᠠ ᠠᠷᠠᠳ ᠲᠦᠮᠡᠨ ᠤ ᠦᠨᠡᠨᠴᠢ | ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠢ ᠬᠡᠵᠤ ᠵᠢᠭᠠᠵᠤ ᠭᠠᠷᠭᠠᠪᠠ᠃ | ᠵᠤᠤ ᠯᠧ ᠵᠶᠢ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ | ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠠᠮᠵᠢᠯᠲᠠ ᠲᠠᠢ ᠦᠢᠯᠡᠳᠦᠯᠭᠡ ᠶᠢ ᠭᠦᠨᠵᠡᠭᠡᠢ | ᠳ᠋ᠦᠩᠨᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠣᠯᠤᠭᠰᠠᠨ ᠲᠡᠦᠬᠡᠲᠦ ᠴᠢᠨᠠᠷᠲᠠᠢ ᠪᠦᠲᠦᠭᠡᠯᠴᠢ | ᠴᠢᠨᠠᠷᠲᠠᠢ ᠠᠮᠵᠢᠯᠲᠠ᠂ ᠪᠤᠢ ᠪᠣᠯᠤᠭᠰᠠᠨ ᠪᠦᠬᠦ ᠲᠠᠯ᠎ᠠ ᠶᠢᠨ ᠭᠦᠨ ᠳᠠᠪᠬᠤᠷᠭ᠎ᠠ ᠶᠢᠨ ᠨᠥᠯᠥᠭᠡ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠲᠤᠬᠠᠢ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠬᠢᠵᠡᠢ᠃ ᠶᠠᠷᠢᠶᠠᠨ ᠤ ᠤᠳᠭ᠋᠎ᠠ ᠰᠠᠨᠠᠭ᠎ᠠ ᠭᠦᠨ᠂ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ | ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ | ᠴᠢᠨᠠᠷ ᠲᠠᠢ ᠶᠤᠮ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ | ᠠᠬᠢᠭᠤᠯᠬᠤ ᠦᠨᠳᠦᠰᠦᠨ ᠵᠢᠷᠤᠮᠯᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠭᠦᠷᠢᠳᠡ ᠳᠠᠭᠤᠰᠤᠰᠢ | ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠡᠯ ᠢ | ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠨ ᠢ ᠦᠷᠭᠦᠯᠵᠢᠯᠡᠨ | ᠰᠠᠶᠢᠲᠤᠷ ᠬᠢᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ | ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ | ᠲᠣᠭᠤᠷᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ | ᠬᠤᠯᠪᠣᠭᠳᠠᠯ ᠪᠦᠬᠦᠢ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ | ᠬᠤᠷᠠᠯ ᠤᠨ ᠬᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ | ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠬᠢ ᠶᠢᠨ ᠬᠤᠯᠪᠣᠭᠳᠠᠯ | ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ 1 ᠰᠠᠷ᠎ᠠ ᠶᠢᠨ 18 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃ 18 ᠤ | ᠦᠳᠡ ᠶᠢᠨ ᠬᠤᠶᠢᠨ᠎ᠠ ᠵᠤᠤ ᠯᠧ ᠵᠶᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠵᠡᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ |