| ᠬᠤᠸᠠᠳᠧ ᠵᠠᠰᠠᠭ ᠲᠠᠷᠬᠠᠭᠠᠭᠰᠠᠨ 〔2022〕5 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ ᠄ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ | ᠵᠢᠷᠤᠮᠵᠢᠭᠤᠯᠬᠤ᠂ ᠪᠠᠲᠤᠯᠠᠬᠤ ᠪᠠ ᠬᠢᠨᠠᠯᠲᠠ ᠲᠠᠯᠪᠢᠬᠤ ᠶᠢᠨ ᠲᠥᠯᠥᠭᠡ᠂ ᠠᠷᠠᠳ ᠢᠷᠭᠡᠨ᠂ ᠬᠠᠤᠯᠢ ᠶᠢᠨ ᠬᠥᠮᠥᠨ | ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ | ᠪᠣᠯᠣᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ | ᠦᠨᠳᠦᠰᠦᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ | ᠪᠣᠳᠠᠲᠠᠢ ᠲᠠᠢ ᠪᠠᠨ ᠤᠶᠠᠯᠳᠤᠭᠤᠯᠤᠨ᠂ ᠬᠡᠰᠡᠭ ᠨᠢᠭᠡᠴᠡ ᠶᠢᠨ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ | ᠬᠤᠪᠢᠷᠠᠭᠤᠯᠤᠯᠲᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ | ᠳᠣᠣᠷᠠᠬᠢ 42 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠨ᠎ᠡ᠃ ᠡᠯ᠎ᠡ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠨᠤᠭᠤᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠳᠦᠷᠢᠮ ᠢ ᠬᠢᠨᠠᠮᠠᠭᠠᠢ ᠶᠠᠪᠤᠭᠤᠯᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠣᠯᠣᠨ ᠬᠢᠷᠢ ᠬᠡᠮᠵᠢᠶ᠎ᠡ ᠪᠠᠨ | ᠦᠨᠡᠨᠬᠦ ᠳᠡᠭᠡᠭᠰᠢᠯᠡᠭᠦᠯᠬᠦ ᠬᠡᠷᠡᠭᠲᠡᠢ ᠃ | ᠨᠢᠭᠡ ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ︵ 28 ᠪᠠᠶᠢᠨ᠎ᠠ︶ | 1.ᠬᠤᠸᠠᠳᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ | 2.ᠬᠤᠸᠠᠳᠧ ᠰᠢᠶᠠᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ | 3.ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | 4.ᠬᠤᠸᠠᠳᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠡ | 5.ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠬᠦ | ᠡᠷᠬᠡ ᠶᠢᠨ ᠲᠣᠪᠴᠢᠶ᠎ᠡ︶ | 6.ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ | ᠬᠢᠨᠠᠯᠲᠠ ᠲᠠᠯᠪᠢᠬᠤ ᠵᠥᠪᠯᠡᠯ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶ | 7.ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 8.ᠬᠤᠸᠠᠳᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ | 9.ᠬᠤᠸᠠᠳᠧ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ | 10. ᠬᠤᠸᠠᠳᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | 11. ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶ | 12.ᠬᠤᠸᠠᠳᠧ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯ ᠤᠨ | ᠲᠣᠪᠴᠢᠶ᠎ᠠ︶ | 13. ᠬᠤᠸᠠᠳᠧ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | 14. ᠬᠤᠸᠠᠳᠧ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ︶ | 15.ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 16. ᠬᠤᠸᠠᠳᠧ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ | 17.ᠬᠤᠸᠠᠳᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ︵ᠮᠣᠩᠭᠤᠯ ᠬᠡᠯᠡ ᠪᠢᠴᠢᠭ ᠤᠨ ᠠᠵᠢᠯ ᠤᠨ | ᠺᠣᠮᠢᠰ︶ | 18.ᠬᠤᠸᠠᠳᠧ ᠰᠢᠶᠠᠨ ᠤ ᠬᠢᠨᠠᠨ ᠪᠤᠳᠤᠬᠤ ᠲᠣᠪᠴᠢᠶ᠎ᠠ | 19.ᠬᠤᠸᠠᠳᠧ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ | 20.ᠬᠤᠸᠠᠳᠧ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | 21. ᠬᠤᠸᠠᠳᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠮᠣᠩᠭᠤᠯ ᠡᠮ | ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ | ᠵᠥᠪᠯᠡᠯ︶ | 22.ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | 23.ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠸᠠᠳᠧ ᠰᠢᠶᠠᠨ ᠳᠠᠬᠢ ᠭᠠᠶᠢᠯᠢ ᠶᠢᠨ | ᠲᠣᠪᠴᠢᠶ᠎ᠡ | 24. ᠬᠤᠸᠠᠳᠧ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠡ | 25.ᠬᠤᠸᠠᠳᠧ ᠰᠢᠶᠠᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ︵ᠰᠢᠶᠠᠨ ᠤ ᠨᠠᠮ ᠤᠨ ᠬᠤᠷᠢᠶᠠᠨ ᠤ | ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ ᠳᠤ ᠫᠠᠶᠢᠰᠠ ᠡᠯᠭᠦᠪᠡ︶ | 26.ᠬᠤᠸᠠᠳᠧ ᠰᠢᠶᠠᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ︵ᠰᠢᠶᠠᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶ | 27.ᠬᠤᠸᠠᠳᠧ ᠰᠢᠶᠠᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ︵ᠰᠢᠶᠠᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠲᠤ ᠫᠠᠶᠢᠰᠠ ᠡᠯᠭᠦᠪᠡ︶ | 28. ᠬᠤᠸᠠᠳᠧ ᠰᠢᠶᠠᠨ ᠤ ᠳᠠᠩᠰᠠ ᠡᠪᠬᠡᠮᠡᠯ ᠤᠨ ᠲᠣᠪᠴᠢᠶ᠎ᠠ ︵ᠰᠢᠶᠠᠨ ᠤ ᠨᠠᠮ ᠤᠨ ᠬᠤᠷᠢᠶᠠᠨ ᠤ ᠠᠯᠪᠠᠨ | ᠭᠡᠷ ᠲᠤ ᠫᠠᠶᠢᠰᠠ ᠡᠯᠭᠦᠪᠡ︶ | ᠬᠤᠶᠠᠷ ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ︵14︶ | 1.ᠬᠤᠸᠠᠳᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ | 2. ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠤᠸᠠᠳᠧ ᠰᠢᠶᠠᠨ ᠤ ᠶᠡᠭᠡ ᠠᠩᠭᠢ | 3.ᠬᠤᠸᠠᠳᠧ ᠰᠢᠶᠠᠨ ᠤ ᠭᠠᠯ ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ | 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠸᠠᠳᠧ ᠰᠢᠶᠠᠨ ᠤ ᠨᠠᠪᠴᠢᠨ ᠲᠠᠮᠠᠬᠢ ᠶᠢᠨ ᠲᠤᠰᠬᠠᠢ | ᠬᠤᠳᠠᠯᠳᠤᠭᠠᠨ ᠤ ᠲᠣᠪᠴᠢᠶ᠎ᠠ | 5. ᠥᠪᠥᠷ ᠮᠣᠩᠭᠤᠯ ᠤᠨ ᠬᠤᠸᠠᠳᠧ ᠰᠢᠶᠠᠨ ᠤ ᠴᠠᠭ ᠠᠭᠤᠷ ᠤᠨ ᠲᠣᠪᠴᠢᠶ᠎ᠠ | 6.ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ | 7.ᠬᠤᠸᠠᠳᠧ ᠰᠢᠶᠠᠨ ᠤ ᠵᠠᠰᠠᠭ ᠤᠨ ᠣᠷᠳᠣᠨ ᠤ ᠬᠠᠷᠢᠶᠠᠲᠤ ᠨᠠᠷ ᠤᠨ ᠶᠠᠪᠤᠳᠠᠯ ᠤᠨ ᠠᠯᠪᠠᠨ ᠭᠡᠷ ︵ᠰᠢᠶᠠᠨ ᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠫᠠᠶᠢᠰᠠ ᠡᠯᠭᠦᠪᠡ︶ | 8.ᠬᠤᠸᠠᠳᠧ ᠰᠢᠶᠠᠨ ᠤ ᠠᠵᠢᠯ ᠦᠢᠯᠡᠰ ᠤᠨ ᠨᠢᠭᠡᠴᠡ ᠶᠢᠨ ᠳᠡᠩᠰᠡᠯᠡᠨ ᠬᠠᠮᠢᠶᠠᠷᠬᠤ ᠲᠣᠪᠴᠢᠶ᠎ᠠ ︵ᠰᠢᠶᠠᠨ ᠤ | ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠲᠤ ᠫᠠᠶᠢᠰᠠ ᠡᠯᠭᠦᠪᠡ︶ | 9.ᠬᠤᠸᠠᠳᠧ ᠰᠢᠶᠠᠨ ᠤ ᠳᠣᠯᠣᠳᠤᠭᠠᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 10.ᠬᠤᠸᠠᠳᠧ ᠰᠢᠶᠠᠨ ᠤ ᠴᠣᠣᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 11.ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 12.ᠬᠤᠸᠠᠳᠧ ᠰᠢᠶᠠᠨ ᠤ ᠳᠡᠪᠡᠭᠡᠲᠤ ᠰᠢᠶᠠᠩ ᠤᠨ ᠠᠷᠠᠳ ᠤᠨ ᠵᠠᠰᠠᠭ ᠤᠨ ᠣᠷᠳᠣᠨ | 13.ᠬᠤᠸᠠᠳᠧ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠠᠷᠠᠳ ᠤᠨ ᠵᠠᠰᠠᠭ ᠤᠨ ᠣᠷᠳᠣᠨ | 14.ᠬᠤᠸᠠᠳᠧ ᠰᠢᠶᠠᠨ ᠤ ᠪᠠᠶᠠᠨᠲᠠᠯ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ | ᠭᠤᠷᠪᠠ᠂ ᠬᠠᠮᠢᠶ᠎ᠠ ᠪᠦᠬᠦᠢ ᠤᠴᠢᠷ | ︵ᠨᠢᠭᠡ︶ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ | ᠨᠡᠷᠡᠰ ᠢ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠬᠠᠮᠲᠤ ᠳᠤᠨᠢ | ᠨᠡᠶᠢᠲᠡᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠳᠤ ᠂ | ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠲᠠᠢ ᠪᠢᠴᠢᠭ ᠤᠨ | ᠬᠡᠯᠪᠡᠷᠢ ᠶᠢᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠭᠠᠵᠤ ᠂ ᠨᠠᠶᠢᠳᠠᠯᠭ᠎ᠠ ᠬᠦᠯᠢᠶᠡᠭᠰᠡᠨ ᠪᠡᠶᠡᠴᠢ ᠴᠣᠭᠴᠠ ᠪᠠ | ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠰᠦᠯᠵᠢᠶᠡᠨ ᠦᠷᠳᠡᠭᠡ ᠪᠤᠶᠤ ᠵᠠᠭᠤᠴᠢ | ᠳᠡᠭᠡᠷ᠎ᠡ ᠢᠯᠡ ᠪᠣᠯᠭᠠᠬᠤ ᠶᠢᠨ ᠬᠠᠮᠲᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠢ ᠃ | ︵ᠭᠤᠷᠪᠠ︶ ᠰᠢᠶᠠᠨ ᠤ ᠨᠠᠮ ᠤᠨ ᠬᠤᠷᠢᠶᠠᠨ ᠤ ᠠᠵᠢᠯᠯᠠᠬᠤ ᠪᠠᠶᠢᠭᠤᠯᠭ᠎ᠠ ᠳᠤ ᠫᠠᠶᠢᠰᠠ ᠡᠯᠭᠦᠭᠰᠡᠨ ᠪᠠᠶᠢᠭᠤᠯᠤᠮᠵᠢ | ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ | ᠦᠨᠳᠦᠰᠦᠯᠡᠨ᠂ ᠫᠠᠶᠢᠰᠠ ᠡᠯᠭᠦᠭᠰᠡᠨ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠪᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠦᠨ᠎ᠡ ᠃ | ︵ᠳᠥᠷᠪᠡ︶ ᠲᠣᠰ ᠤᠳᠠᠭᠠᠨ ᠤ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠭᠤᠣᠯ ᠴᠣᠭᠴᠠ ᠳᠤ ᠵᠢᠭᠰᠠᠭᠠᠨ | ᠣᠷᠣᠭᠤᠯᠤᠭᠰᠠᠨ ᠦᠭᠡᠢ ᠬᠠᠤᠯᠢ ᠬᠡᠷᠡᠭᠵᠢᠭᠦᠯᠬᠦ ᠨᠢᠭᠡᠴᠡ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠴᠥᠮ | ᠵᠥᠪᠰᠢᠶᠡᠷᠡᠬᠦ ᠦᠭᠡᠢ᠃ | ︵ᠲᠠᠪᠤ︶ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠣᠯ ᠴᠣᠭᠴᠠ ᠳᠤ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠣᠯ ᠴᠣᠭᠴᠠ ᠶᠢᠨ ᠬᠢᠷᠢ | ᠬᠡᠮ ᠢ ᠬᠦᠴᠦᠨ ᠦᠭᠡᠢ ᠪᠣᠯᠭᠠᠬᠤ ᠵᠡᠷᠭᠡ ᠪᠠᠶᠢᠳᠠᠯ ᠭᠠᠷᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠭ | ᠲᠤᠬᠠᠢ ᠳᠤᠨᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠨ ᠬᠠᠷᠭᠤᠭᠤᠯᠬᠤ | ᠬᠡᠷᠡᠭᠲᠡᠢ᠃ | ︵ᠵᠢᠷᠭᠤᠭ᠎ᠠ︶ ᠲᠣᠰ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠂ ᠤᠤᠯ ᠤᠨ | ᠠᠯᠪᠠᠨ ᠵᠠᠷ ︵ ᠬᠤᠸᠠᠳᠧ ᠵᠠᠰᠠᠭ ᠲᠠᠷᠬᠠᠭᠠᠭᠰᠠᠨ ︽2021︾ 72 ᠳ᠋ᠤᠭᠠᠷ ᠲᠣᠭᠠᠲᠤ︶ ᠢ ᠬᠦᠴᠦᠨ ᠦᠭᠡᠢ | ᠪᠣᠯᠭᠠᠨ᠎ᠠ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 1 ᠰᠠᠷ᠎ᠠ ᠶᠢᠨ 20 | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |