| ᠬᠤᠸᠠᠳᠧ ᠵᠠᠰᠠᠭ ᠲᠠᠷᠬᠠᠭᠠᠭᠰᠠᠨ 〔2022〕 8 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ | ᠪᠦᠬᠦᠢ ᠨᠢᠭᠡᠴᠡ ᠳᠤ᠄ | ᠡᠳᠦᠭᠡ ︽ᠬᠤᠸᠠᠳᠧ ᠰᠢᠶᠠᠨ ᠤ ᠵᠢᠵᠢᠭ ᠵᠠᠢ ᠵᠠᠪᠰᠠᠷ ᠭᠦᠶᠦᠬᠡᠨ ᠳᠠᠪᠬᠤᠷᠭ᠎ᠠ ᠶᠢᠨ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠲᠦᠪᠰᠢᠨ ᠢ ᠳᠣᠷᠣᠭᠰᠢᠯᠠᠭᠤᠯᠬᠤ ᠶᠢ ᠵᠠᠰᠠᠬᠤ ᠲᠥᠰᠥᠯ︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠥᠰᠥᠯ ᠤᠨ ᠱᠠᠭᠠᠷᠳᠠᠯᠭ᠎ᠠ ᠶᠣᠰᠣᠭᠠᠷ᠂ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 1 ᠰᠠᠷ᠎ᠠ ᠶᠢᠨ 25 ᠤ ᠡᠳᠦᠷ | ᠬᠤᠸᠠᠳᠧ ᠰᠢᠶᠠᠨ ᠤ ᠵᠢᠵᠢᠭ ᠵᠠᠢ ᠵᠠᠪᠰᠠᠷ ᠤᠨ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠲᠦᠪᠰᠢᠨ ᠤ ᠳᠣᠷᠣᠭᠰᠢᠯᠠᠯᠲᠠ ᠶᠢ ᠵᠠᠰᠠᠬᠤ ᠲᠥᠰᠥᠯ | ︽2021 ᠣᠨ ᠤ ᠭᠤᠷᠪᠠᠳᠤᠭᠠᠷ ᠤᠯᠠᠷᠢᠯ ᠤᠨ ᠪᠥᠬᠦ ᠣᠷᠣᠨ ᠤ ᠭᠠᠵᠠᠷ ᠳᠣᠣᠷᠠᠬᠢ ᠤᠰᠤᠨ ᠤ ᠲᠦᠪᠰᠢᠨ ᠤ | ᠬᠤᠪᠢᠷᠠᠯᠲᠠ ᠵᠢᠴᠢ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ ᠥᠪᠦᠷ ᠤᠰᠤᠨ ᠤ ᠡᠬᠢ ﹇2021﹈ | 191 ᠳ᠋ᠦᠭᠡᠷ ᠲᠣᠭᠠᠲᠤ︶ ᠢ ᠦᠨᠳᠦᠰᠦᠯᠡᠪᠡᠯ᠂ 2021 ᠣᠨ ᠳᠤ ᠬᠤᠸᠠᠳᠧ ᠰᠢᠶᠠᠨ ᠤ ᠵᠢᠵᠢᠭ ᠵᠠᠢ ᠵᠠᠪᠰᠠᠷ | ᠤᠨ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠭᠤᠷᠪᠠᠳᠤᠭᠠᠷ | ᠤᠯᠠᠷᠢᠯ ᠤᠨ ᠤᠰᠤᠨ ᠲᠦᠪᠰᠢᠨ ᠠᠳᠠᠯᠢ ᠬᠤᠭᠤᠴᠠᠭᠠᠨ ᠤ ᠬᠢ ᠠᠴᠠ 2.72 ᠮᠧᠲᠷ ᠳᠣᠷᠣᠭᠰᠢᠯᠠᠵᠤ ᠂ 2020 | ᠣᠨ ᠤ ᠳᠥᠷᠪᠡᠳᠦᠭᠡᠷ ᠤᠯᠠᠷᠢᠯ ᠠᠴᠠ 2021 ᠣᠨ ᠤ ᠭᠤᠷᠪᠠᠳᠤᠭᠠᠷ ᠤᠯᠠᠷᠢᠯ ᠪᠣᠯᠲᠠᠯ᠎ᠠ 4 ᠤᠯᠠᠷᠢᠯ ᠳᠠᠷᠠᠭᠠᠯᠠᠨ | ᠭᠠᠵᠠᠷ ᠳᠣᠣᠷᠠᠬᠢ ᠤᠰᠤᠨ ᠤ ᠲᠦᠪᠰᠢᠨ ᠳᠣᠷᠣᠭᠰᠢᠯᠠᠵᠤ ᠂ ᠥᠪᠡᠷᠲᠡᠭᠡᠨ ᠵᠠᠰᠠᠬᠤ ᠣᠷᠣᠨ ᠠᠴᠠ ︽ᠰᠢᠷ᠎ᠠ | ᠫᠠᠶᠢᠰᠠ ᠪᠠᠷ ᠤᠷᠢᠳᠴᠢᠯᠠᠨ ᠰᠡᠷᠡᠮᠵᠢᠯᠡᠭᠦᠯᠬᠦ︾ ᠶᠢ ᠬᠡᠷᠡᠭᠵᠢᠭᠦᠯᠪᠡ ᠃ ᠵᠠᠷᠯᠠᠯ ᠳᠠᠬᠢ ᠭᠠᠵᠠᠷ ᠳᠣᠣᠷᠠᠬᠢ ᠤᠰᠤᠨ | ᠲᠦᠪᠰᠢᠨ ᠪᠠᠭᠤᠷᠠᠭᠰᠠᠨ ᠪᠠᠶᠢᠳᠠᠯ ᠳᠤ ᠴᠢᠭᠯᠡᠭᠦᠯᠦᠨ᠂ ᠮᠠᠨ ᠤ ᠰᠢᠶᠠᠨ ᠲᠤᠰᠬᠠᠢ ᠮᠡᠷᠭᠡᠵᠢᠯᠲᠡᠳ ᠢ ᠵᠣᠬᠢᠶᠠᠨ | ᠪᠠᠶᠢᠭᠤᠯᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠤᠭ᠎ᠠ ᠪᠠᠷᠢᠮᠲᠠ ᠶᠢᠨ ᠵᠠᠳᠠᠯᠤᠯᠲᠠ ᠬᠢᠵᠦ᠂ | ᠳᠣᠣᠷᠠᠬᠢ ᠮᠡᠲᠦ ᠵᠠᠰᠠᠬᠤ ᠲᠥᠰᠥᠯ ᠢ ᠲᠣᠭᠲᠠᠭᠠᠪᠠ᠃ | ᠨᠢᠭᠡ ᠂ ᠪᠠᠭᠤᠷᠠᠭᠰᠠᠨ ᠤ ᠭᠤᠣᠯ ᠰᠢᠯᠲᠠᠭᠠᠨ | 1. ᠬᠤᠲᠠ ᠪᠠᠯᠭᠠᠰᠤᠨ ᠳᠤ ᠬᠡᠷᠡᠭᠯᠡᠬᠦ ᠤᠰᠤ | 2011 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠸᠠᠳᠧ | ᠰᠢᠶᠠᠨ ᠤ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ | ᠵᠠᠭᠠᠭᠯᠠᠨ ᠲᠣᠭᠲᠠᠭᠠᠬᠤ ᠲᠤᠬᠠᠢ ᠴᠣᠬᠤᠯᠠᠪᠤᠷᠢ ᠬᠢᠵᠦ᠂ 2020 ᠣᠨ ᠤ 4 ᠰᠠᠷ᠎ᠠ ᠶᠢᠨ 18 ᠤ ᠡᠳᠦᠷ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠢᠳᠡᠬᠦ ᠤᠰᠤᠨ ᠤ ᠬᠦᠴᠢᠷᠳᠡᠯ ᠠᠴᠠ ᠪᠣᠯᠵᠤ᠂ ᠰᠢᠶᠠᠨ ᠤ ᠵᠠᠰᠠᠭ ᠤᠨ | ᠣᠷᠳᠣᠨ ᠲᠤᠰᠬᠠᠢ ᠰᠡᠳᠦᠪ ᠢᠶᠠᠷ ᠬᠤᠲᠠ ᠶᠢᠨ ᠲᠣᠭᠤᠷᠢᠭ ᠤᠨ ᠤᠰᠤ ᠬᠠᠩᠭᠠᠬᠤ ᠥᠭᠡᠷᠡᠴᠢᠯᠡᠯᠲᠡ ᠶᠢᠨ | ᠢᠨᠵᠧᠨᠧᠷᠢᠩ ᠤᠨ ᠬᠤᠯᠪᠤᠭᠳᠠᠬᠤ ᠠᠰᠠᠭᠤᠳᠠᠯ᠂ ᠬᠤᠷᠠᠯ ᠤᠨ ᠳᠠᠷᠠᠭ᠎ᠠ ᠲᠦᠭᠡᠭᠡᠯ ᠤᠰᠤᠨ ᠤ ᠺᠣᠮᠫᠠᠨᠢ ᠤᠰᠤᠨ | ᠰᠤᠷᠪᠤᠯᠵᠢ ᠶᠢᠨ ᠭᠠᠵᠠᠷ ᠲᠤ 8 ᠮᠠᠰᠢᠨ ᠴᠠᠬᠢᠯᠭᠠᠨ ᠬᠤᠳᠳᠤᠭ ᠰᠢᠨ᠎ᠡ ᠪᠠᠷ ᠮᠠᠯᠲᠠᠵᠤ᠂ ᠴᠠᠩᠱᠦ᠋ᠨ ᠪᠠᠯᠭᠠᠰᠤᠨ ᠤ | ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠣᠯᠣᠨ ᠰᠢᠶᠦ᠋ᠩ ᠸᠧᠢ ᠭᠤᠸᠠᠩ ᠳ᠋ᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠮᠢᠳᠤᠷᠠᠯ ᠳᠤ ᠬᠡᠷᠡᠭᠯᠡᠬᠦ ᠤᠰᠤ ᠶᠢ ᠬᠠᠩᠭᠠᠬᠤ ᠳᠤ ᠬᠡᠷᠡᠭᠯᠡᠵᠦ᠂ | ᠤᠰᠤ ᠬᠠᠩᠭᠠᠬᠤ ᠬᠤᠳᠳᠤᠭ ᠤᠨ ᠪᠠᠶᠢᠷᠢᠯᠠᠭᠤᠯᠤᠯᠲᠠ ᠶᠢᠨ ᠬᠤᠳᠳᠤᠭ ᠤᠨ ᠨᠢᠭᠲᠠᠴᠠ ᠶᠡᠭᠡ᠂ ᠭᠠᠵᠠᠷ ᠳᠣᠣᠷᠠᠬᠢ | ᠤᠰᠤ ᠶᠢ ᠨᠡᠭᠡᠭᠡᠨ ᠮᠠᠯᠲᠠᠬᠤ ᠬᠦᠴᠦᠯᠡᠴᠡ ᠶᠡᠭᠡ᠂ ᠦᠷᠭᠦᠯᠵᠢᠯᠡᠨ ᠨᠡᠭᠡᠭᠡᠨ ᠮᠠᠯᠲᠠᠬᠤ ᠴᠠᠭ ᠨᠢ ᠣᠷᠳᠣ ᠤᠴᠢᠷ | ᠠᠴᠠ ᠭᠠᠵᠠᠷ ᠳᠣᠣᠷᠠᠬᠢ ᠤᠰᠤᠨ ᠤ ᠲᠦᠪᠰᠢᠨ ᠢ ᠰᠠᠷ᠎ᠠ ᠳᠠᠷᠠᠭᠠᠯᠠᠨ ᠳᠣᠷᠣᠭᠰᠢᠯᠠᠭᠤᠯᠵᠤ᠂ ᠰᠢᠨ ᠷᠦᠩ ᠤᠰᠤᠨ | ᠰᠤᠷᠪᠤᠯᠵᠢ ᠶᠢᠨ ᠭᠠᠵᠠᠷ ᠣᠷᠣᠨ ᠤ ᠬᠤᠳᠳᠤᠭ ᠢ ᠬᠢᠨᠠᠨ ᠬᠡᠮᠵᠢᠬᠦ ᠤᠰᠤᠨ ᠤ ᠲᠦᠪᠰᠢᠨ ᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠤ | ᠲᠦᠪᠰᠢᠨ ᠤ ᠤᠰᠤᠨ ᠤ ᠬᠡᠮᠵᠢᠶ᠎ᠡ ᠶᠢ ᠬᠤᠶᠠᠷ ᠢ ᠡᠵᠡᠮᠳᠡᠬᠦ ᠲᠥᠰᠥᠯ ᠢ ᠵᠠᠰᠠᠨ ᠨᠠᠶᠢᠷᠠᠭᠤᠯᠬᠤ︾ ᠳᠤ ᠬᠠᠮᠤᠭ ᠤᠨ | ᠳᠣᠣᠷ᠎ᠠ ᠤᠰᠤᠨ ᠤ ᠲᠦᠪᠰᠢᠨ ᠢ ᠵᠥᠪᠰᠢᠶᠡᠷᠡᠭᠰᠡᠨ ᠭᠤᠣᠯ ᠰᠢᠯᠲᠠᠭᠠᠨ ᠠᠴᠠ ᠪᠣᠯᠵᠤ ᠤᠰᠤᠨ ᠤ ᠲᠦᠪᠰᠢᠨ ᠢ | ᠳᠣᠣᠷ᠎ᠠ ᠪᠣᠯᠭᠠᠵᠠᠢ᠃ | 2. ᠪᠠᠶᠢᠭᠠᠯᠢ ᠶᠢᠨ ᠰᠢᠯᠲᠠᠭᠠᠨ | ᠬᠤᠸᠠᠳᠧ ᠰᠢᠶᠠᠨ ᠤ ᠤᠰᠤᠨ ᠤ ᠡᠬᠢ ᠪᠠᠶᠠᠯᠢᠭ ᠳᠤᠲᠠᠮᠠᠭ ᠪᠠᠶᠢᠵᠤ᠂ ᠤᠰᠤᠨ ᠤ ᠡᠬᠢ ᠪᠠᠶᠠᠯᠢᠭ ᠳᠤᠲᠠᠮᠠᠭ | ᠣᠷᠣᠨ ᠳᠤ ᠬᠠᠷᠢᠶᠠᠯᠠᠭᠳᠠᠬᠤ ᠮᠥᠷᠲᠡᠭᠡᠨ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠣᠷᠣᠨ ᠵᠠᠢ ᠶᠢᠨ | ᠲᠠᠷᠬᠠᠯᠲᠠ ᠨᠢ ᠵᠢᠭᠳᠡ ᠪᠤᠰᠤ ᠪᠠᠶᠢᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠵᠤ ᠪᠣᠯᠬᠤ ᠡᠬᠢ ᠪᠠᠶᠠᠯᠢᠭ | ᠨᠢ ᠭᠤᠣᠯᠳᠠᠭᠤ ᠴᠣᠣᠶᠠᠩ ᠤᠨ ᠬᠤᠲᠣᠭᠤᠷ ︵ᠰᠢᠨ ᠷᠦᠩ ᠤᠰᠤᠨ ᠤ ᠡᠬᠢ ᠰᠤᠷᠪᠤᠯᠵᠢ ᠶᠢᠨ ᠪᠠᠶᠢᠭ᠎ᠠ ᠣᠷᠣᠨ | ᠪᠦᠰᠡ︶ ᠳᠤ ᠲᠥᠪᠯᠡᠷᠡᠵᠦ ᠪᠠᠶᠢᠨ᠎ᠠ᠃ 2021 ᠣᠨ ᠤ ᠲᠤᠨᠳᠠᠰᠤᠨ ᠤ ᠬᠡᠮᠵᠢᠶ᠎ᠡ 317mm ᠪᠠᠶᠢᠵᠤ᠂ ᠣᠯᠠᠨ | ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠠᠴᠠ 325mm ᠳᠣᠣᠷ᠎ᠠ ᠪᠠᠶᠢᠵᠤ᠂ ᠲᠠᠷᠢᠮᠠᠯ ᠤᠨ ᠤᠷᠭᠤᠯᠲᠠ ᠶᠢᠨ | ᠬᠤᠭᠤᠴᠠᠭᠠᠨ ᠤ ᠪᠦᠲᠦᠮᠵᠢᠲᠡᠶ ᠲᠤᠨᠳᠠᠰᠤᠨ ᠤ ᠬᠡᠮᠵᠢᠶ᠎ᠡ ᠤᠳᠠᠭ᠎ᠠ ᠳᠠᠷᠠᠭ᠎ᠠ ᠪᠠᠷ ᠳᠣᠣᠷ᠎ᠠ ᠪᠠᠶᠢᠵᠤ᠂ ᠰᠢᠷᠦᠭᠦᠨ | ᠪᠣᠷᠣᠭᠠᠨ ᠣᠷᠣᠭᠰᠠᠨ ᠦᠭᠡᠢ ᠠᠴᠠ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ | ᠨᠡᠮᠡᠭᠳᠡᠭᠦᠯᠵᠡᠢ᠃ | 3. ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ | ᠬᠤᠸᠠᠳᠧ ᠰᠢᠶᠠᠨ ᠤ ᠵᠢᠵᠢᠭ ᠵᠠᠢ ᠵᠠᠪᠰᠠᠷ ᠲᠠᠢ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠳᠤ 6 ᠵᠠᠰᠠᠭ ᠵᠠᠬᠢᠷᠭᠠᠨ ᠤ ᠲᠣᠰᠬᠤᠨ ᠲᠠᠢ ᠬᠤᠯᠪᠣᠭᠳᠠᠵᠤ ᠂ ᠨᠡᠶᠢᠳᠡ 4.22 | ᠲᠦᠮᠡᠨ ᠮᠦ ᠤᠰᠤᠯᠠᠯᠲᠠ ᠶᠢᠨ ᠲᠠᠷᠢᠶ᠎ᠠ ᠲᠠᠢ ᠃ ᠡᠭᠦᠨ ᠳᠤ ᠰᠢᠨ ᠷᠦᠩ ᠲᠣᠰᠬᠤᠨ ᠤ ᠤᠰᠤᠯᠠᠯᠲᠠ ᠶᠢᠨ ᠭᠠᠵᠠᠷ ᠤᠨ | ᠲᠠᠯᠠᠪᠠᠢ 7120 ᠮᠦ ᠂ ᠲᠣᠭᠤᠷᠢᠭ ᠤᠨ ᠡᠵᠡᠮᠰᠢᠯ ᠬᠤᠳᠳᠤᠭ 1 ᠪᠤᠢ ︔ ᠮᠢᠨ ᠯᠧ ᠲᠣᠰᠬᠤᠨ ᠤ | ᠤᠰᠤᠯᠠᠯᠲᠠ ᠶᠢᠨ ᠭᠠᠵᠠᠷ ᠤᠨ ᠲᠠᠯᠠᠪᠠᠶ 11000 ᠮᠦ᠂ ᠲᠣᠭᠤᠷᠢᠭ ᠤᠨ ᠡᠵᠡᠮᠰᠢᠯ ᠤᠨ ᠬᠤᠳᠳᠤᠭ 1 ᠪᠣᠶ︔ | ᠰᠠᠶᠢᠨᠪᠤᠯᠤᠩ ᠲᠣᠰᠬᠤᠨ ᠤ ᠤᠰᠤᠯᠠᠯᠲᠠ ᠶᠢᠨ ᠲᠠᠷᠢᠶᠠᠨ ᠤ ᠲᠠᠯᠠᠪᠠᠢ 7500 ᠮᠦ ᠂ ᠲᠣᠭᠤᠷᠢᠭ ᠤᠨ ᠡᠵᠡᠮᠰᠢᠯ | ᠬᠤᠳᠳᠤᠭ 1 ᠪᠤᠢ ︔ ᠰᠢᠶᠣᠣ ᠵᠢᠶᠠ ᠲᠣᠰᠬᠤᠨ ᠤ ᠤᠰᠤᠯᠠᠯᠲᠠ ᠶᠢᠨ ᠲᠠᠷᠢᠶᠠᠨ ᠤ ᠲᠠᠯᠠᠪᠠᠢ 4000 ᠮᠦ︔ | ᠶᠦᠩ ᠬᠤᠩ ᠲᠣᠰᠬᠤᠨ ᠤ ᠤᠰᠤᠯᠠᠯᠲᠠ ᠶᠢᠨ ᠲᠠᠷᠢᠶᠠᠨ ᠤ ᠲᠠᠯᠠᠪᠠᠢ 7100 ᠮᠦ ᠂ ᠲᠣᠭᠤᠷᠢᠭ ᠤᠨ ᠡᠵᠡᠮᠰᠢᠯ | ᠬᠤᠳᠳᠤᠭ 1 ᠪᠤᠢ ︔ ᠪᠤᠯᠤᠩ ᠤᠨ ᠲᠣᠬᠤᠢ ᠶᠢᠨ ᠤᠰᠤᠯᠠᠯᠲᠠ ᠶᠢᠨ ᠭᠠᠵᠠᠷ ᠤᠨ ᠲᠠᠯᠠᠪᠠᠶ ᠨᠢ 5500 ᠮᠦ︔ | ᠣᠷᠣᠨ ᠪᠦᠰᠡ ᠶᠢᠨ ᠳᠣᠲᠣᠷᠠᠬᠢ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠡᠵᠡᠯᠡᠬᠦ ᠬᠡᠮᠵᠢᠶ᠎ᠡ ᠨᠢ ᠨᠡᠯᠢᠶᠡᠳ | ᠥᠨᠳᠥᠷ ᠂ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ ᠲᠥᠪᠯᠡᠷᠡᠭᠰᠡᠨ ᠮᠥᠷᠲᠡᠭᠡᠨ ᠤᠰᠤᠯᠠᠯᠲᠠ ᠶᠢᠨ ᠲᠠᠯᠠᠪᠠᠢ ᠨᠢ | ᠶᠡᠭᠡ ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠨᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ | ᠳᠠᠭᠠᠭᠠᠴᠠ ᠶᠢᠨ ᠬᠡᠮᠵᠢᠶ᠎ᠡ ᠠᠴᠠ ᠳᠠᠪᠠᠭᠰᠠᠨ ᠪᠠᠶᠢᠨ᠎ᠠ᠃ | ᠬᠤᠶᠠᠷ ᠂ ᠵᠠᠰᠠᠬᠤ ᠠᠷᠭ᠎ᠠ ᠬᠡᠮᠵᠢᠶ᠎ᠡ | 1. ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠪᠥᠬᠦ ᠰᠢᠶᠠᠨ ᠤ ᠰᠠᠭᠤᠭᠠᠯᠢ | ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ ᠶᠢᠨ ᠬᠠᠩᠭᠠᠯᠭ᠎ᠠ ᠶᠢᠨ ᠪᠠᠶᠢᠳᠠᠯ ᠢ ᠦᠨᠳᠦᠰᠦᠯᠡᠨ᠂ | ᠣᠲᠣ ᠶᠢᠨ ᠪᠠᠶᠢᠭ᠎ᠠ 3 ᠤᠰᠤᠨ ᠰᠤᠷᠪᠤᠯᠵᠢ ᠶᠢᠨ ᠭᠠᠵᠠᠷ ᠤᠨ ᠬᠠᠩᠭᠠᠯᠭ᠎ᠠ ᠶᠢᠨ ᠴᠢᠳᠠᠪᠤᠷᠢ ᠶᠢ ᠦᠨᠳᠦᠰᠦᠯᠡᠨ ᠵᠦᠢ | ᠵᠣᠬᠢᠰᠲᠠᠢ ᠬᠤᠪᠢᠶᠠᠷᠢᠯᠠᠨ ᠲᠣᠬᠢᠷᠠᠭᠤᠯᠵᠤ᠂ ᠰᠢᠨ ᠷᠦᠩ ᠤᠰᠤᠨ ᠰᠤᠷᠪᠤᠯᠵᠢ ᠶᠢᠨ ᠭᠠᠵᠠᠷ ᠠᠴᠠ ᠪᠤᠰᠤᠳ ᠤᠰᠤᠨ | ᠰᠤᠷᠪᠤᠯᠵᠢ ᠶᠢᠨ ᠭᠠᠵᠠᠷ ᠤᠨ ᠤᠰᠤ ᠬᠠᠩᠭᠠᠬᠤ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠲᠥᠪᠯᠡᠷᠡᠭᠦᠯᠦᠨ ᠤᠰᠤ | ᠲᠠᠲᠠᠭᠰᠠᠨ ᠠᠴᠠ ᠪᠣᠯᠵᠤ ᠬᠡᠰᠡᠭ ᠭᠠᠵᠠᠷ ᠳᠣᠣᠷᠠᠬᠢ ᠤᠰᠤᠨ ᠤ ᠲᠦᠪᠰᠢᠨ ᠢ ᠳᠣᠷᠣᠭᠰᠢᠯᠠᠭᠤᠯᠬᠤ ᠶᠢ ᠬᠤᠷᠢᠭᠯᠠᠨ᠎ᠠ᠃ | | ᠬᠠᠷᠢᠭᠤᠴᠠᠯᠭᠠᠲᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠳ᠋ᠧ ᠶᠤᠸᠠᠨ ᠤᠰᠤᠨ ᠤ ᠶᠠᠪᠤᠳᠠᠯ ᠤᠨ ᠺᠣᠮᠫᠠᠨᠢ᠂ ᠤᠰᠤᠨ ᠠᠰᠢᠭᠯᠠᠯᠲᠠ ᠶᠢᠨ ᠲᠣᠪᠴᠢᠶ᠎ᠠ | 2. ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠂ | ᠤᠰᠤᠨ ᠤ ᠡᠬᠢ ᠪᠠᠶᠠᠯᠢᠭ ᠤᠨ ᠵᠦᠢ ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠨ᠎ᠠ ᠃ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠭᠠᠵᠠᠷ ᠳᠣᠣᠷᠠᠬᠢ ᠤᠰᠤᠨ ᠤ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠣᠷᠣᠨ ᠪᠦᠰᠡ ᠶᠢᠨ ᠳᠣᠲᠣᠷᠠᠬᠢ ᠠᠮᠢᠳᠤᠷᠠᠯ ᠳᠤ ᠬᠡᠷᠡᠭᠯᠡᠬᠦ ᠴᠡᠪᠡᠷ ᠤᠰᠤ | ᠪᠠ ᠢᠳᠡᠭᠡᠨ ᠪᠠ ᠡᠮ ᠡᠮᠨᠡᠯᠭᠡ ᠶᠢᠨ ᠠᠵᠤ ᠠᠬᠤᠶᠢᠯᠠᠯ ᠤᠨ ᠲᠥᠷᠥᠯ ᠵᠦᠢᠯ ᠢ ᠭᠠᠷᠭᠠᠪᠠᠯ᠂ ᠤᠰᠤ ᠲᠠᠲᠠᠬᠤ | ᠵᠥᠪᠰᠢᠶᠡᠷᠡᠯ ᠤᠨ ᠬᠢᠨᠠᠨ ᠵᠥᠪᠰᠢᠶᠡᠷᠡᠭᠦᠯᠬᠦ ᠭᠠᠷᠳᠠᠮ ᠢ ᠳᠠᠭᠢᠵᠤ ᠰᠢᠨ᠎ᠡ ᠪᠠᠷ ᠨᠡᠮᠡᠬᠦ ᠦᠭᠡᠢ᠃ ᠭᠠᠵᠠᠷ ᠳᠡᠭᠡᠷᠡᠬᠢ | ᠤᠰᠤ ᠶᠢ ᠭᠦᠢᠴᠡᠳ ᠠᠰᠢᠭᠯᠠᠨ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠶᠢ ᠢᠳᠡᠪᠬᠢᠲᠡᠢ | ᠥᠷᠨᠢᠭᠦᠯᠦᠨ ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠵᠦ ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠤᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠡᠷᠡᠰ ᠬᠤᠷᠢᠭᠯᠠᠨ᠎ᠠ ᠃ | ᠬᠠᠷᠢᠭᠤᠴᠠᠯᠭᠠᠲᠤ ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ | 3. ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠴᠢᠩᠭ᠎ᠠ ᠬᠢᠵᠠᠭᠠᠷᠯᠠᠵᠤ ᠂ ᠲᠠᠷᠢᠮᠠᠯ ᠤᠨ ᠪᠦᠲᠦᠴᠡ ᠶᠢ | ᠶᠡᠭᠡ ᠪᠠᠷ ᠲᠣᠬᠢᠷᠠᠭᠤᠯᠤᠨ᠎ᠠ ᠃ ᠤᠰᠤ ᠬᠡᠷᠡᠭᠯᠡᠬᠦ ᠳᠤ ᠲᠣᠬᠢᠷᠠᠮᠵᠢᠲᠠᠢ ᠪᠣᠯ ᠤᠰᠤ ᠬᠡᠷᠡᠭᠯᠡᠬᠦ ᠂ ᠭᠠᠩᠳᠠᠬᠤ ᠳᠤ | ᠲᠣᠬᠢᠷᠠᠮᠵᠢᠲᠠᠢ ᠪᠣᠯ ᠭᠠᠩᠳᠠᠬᠤ ᠵᠠᠷᠴᠢᠮ ᠶᠣᠰᠣᠭᠠᠷ ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ | ︽ᠳᠥᠷᠪᠡ ᠶᠢ ᠤᠰᠤ ᠪᠠᠷ ᠳᠥᠷᠪᠡ ᠶᠢ ᠲᠣᠭᠲᠠᠭᠠᠬᠤ︾ ᠴᠢᠭᠯᠡᠯᠲᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ ᠃ | ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠮᠠᠯ ᠤᠨ ᠦᠵᠡᠯᠲᠡ ᠶᠢ ᠨᠢ ᠬᠤᠪᠢᠷᠠᠭᠤᠯᠵᠤ ᠂ ᠣᠷᠣᠨ | ᠪᠦᠰᠡ ᠶᠢᠨ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠦᠨᠳᠦᠰᠦᠯᠡᠨ᠂ ᠤᠰᠤᠨ ᠤ | ᠬᠤᠷᠣᠭᠳᠠᠯ ᠢᠶᠠᠷ ᠪᠠᠭ᠎ᠠ ᠭᠠᠩ ᠳᠤ ᠳᠠᠭᠠᠭᠠᠴᠠᠲᠠᠢ ᠲᠠᠷᠢᠮᠠᠯ ᠤᠨ ᠵᠦᠢᠯ ᠢ ᠲᠠᠷᠢᠬᠤ ᠪᠠᠷ ᠭᠤᠣᠯ ᠪᠣᠯᠭᠠᠨ᠎ᠠ ᠃ ᠭᠠᠵᠠᠷ | ᠳᠣᠣᠷᠠᠬᠢ ᠤᠰᠤ ᠶᠢ ᠨᠡᠭᠡᠭᠡᠨ ᠮᠠᠯᠲᠠᠬᠤ ᠶᠡᠷᠦᠩᠬᠡᠢ ᠬᠡᠮᠵᠢᠶ᠎ᠡ ᠪᠣᠯᠣᠨ ᠭᠠᠵᠠᠷ ᠳᠣᠣᠷᠠᠬᠢ ᠤᠰᠤᠨ ᠤ ᠤᠰᠤᠨ | ᠲᠦᠪᠰᠢᠨ ᠢ ︽ ᠬᠤᠣᠰ ᠢᠶᠠᠷ ᠡᠵᠡᠮᠳᠡᠬᠦ ︾ ᠬᠠᠷᠠᠯᠲᠠ ᠶᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢᠨ ᠭᠤᠣᠯ ᠦᠨᠳᠦᠰᠦᠯᠡᠯ ᠪᠣᠯᠭᠠᠵᠤ ᠂ ᠰᠢᠨ ᠷᠦᠩ ᠤᠰᠤᠨ ᠤ ᠡᠬᠢ ᠰᠤᠷᠪᠤᠯᠵᠢ ᠶᠢᠨ ᠭᠠᠵᠠᠷ ᠤᠨ | ᠡᠷᠬᠢᠨ ᠲᠣᠭᠤᠷᠢᠨ ᠤ ᠶᠦᠩ ᠬᠤᠩ ᠂ ᠮᠢᠨ ᠯᠧ ᠲᠣᠰᠬᠤᠨ᠂ ᠰᠠᠶᠢᠨᠪᠣᠯᠤᠩ ᠲᠣᠰᠬᠤᠨ ᠳᠤ ᠲᠠᠷᠢᠶᠠᠯᠠᠩ ᠤᠨ | ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠭᠤᠣᠯᠳᠠᠯᠭ᠎ᠠ ᠲᠠᠢ ᠪᠠᠭᠠᠰᠬᠠᠨ᠂ ᠮᠠᠯᠲᠠᠬᠤ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠃ 2022 ᠣᠨ ᠠᠴᠠ 2025 ᠣᠨ | ᠪᠣᠯᠲᠠᠯ᠎ᠠ ᠤᠰᠤ ᠪᠠᠭ᠎ᠠ ᠬᠤᠷᠣᠭᠳᠠᠭᠤᠯᠬᠤ ᠲᠠᠷᠢᠮᠠᠯ ᠤᠨ ᠳᠠᠷᠢᠬᠤ ᠲᠠᠯᠠᠪᠠᠶ ᠶᠢᠨ ᠲᠠᠷᠢᠮᠠᠯ ᠤᠨ ᠶᠡᠷᠦᠩᠬᠡᠢ ᠳᠠᠷᠢᠬᠤ | ᠲᠠᠯᠠᠪᠠᠶ ᠶᠢᠨ ᠳᠣᠲᠣᠷ᠎ᠠ ᠡᠵᠡᠯᠡᠬᠦ ᠬᠠᠷᠢᠴᠠᠯ ᠢ 58% ᠪᠠᠶᠢᠭᠰᠠᠨ ᠠᠴᠠ 75% ᠪᠣᠯᠲᠠᠯ᠎ᠠ ᠳᠡᠭᠡᠭᠰᠢᠯᠡᠭᠦᠯᠵᠦ᠂ | ᠬᠤᠸᠠᠳᠧ ᠰᠢᠶᠠᠨ ᠤ ᠵᠢᠵᠢᠭ ᠵᠠᠢ ᠵᠠᠪᠰᠠᠷ ᠲᠠᠢ ᠭᠦᠶᠦᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ ᠬᠡᠲᠦ | ᠮᠠᠯᠲᠠᠭᠰᠠᠨ ᠣᠷᠣᠨ ᠤ ᠳᠣᠲᠣᠷᠠᠬᠢ ︽ᠬᠤᠶᠠᠷ ᠢ ᠪᠠᠭᠠᠰᠬᠠᠵᠤ︾ ︽ᠨᠢᠭᠡ ᠶᠢ ᠰᠡᠷᠭᠦᠭᠡᠬᠦ︾ ᠬᠠᠷᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ᠂ ᠴᠣᠣᠶᠠᠩ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | 4. ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠢᠳᠡᠪᠬᠢᠲᠡᠢ ᠠᠬᠢᠭᠤᠯᠤᠨ᠎ᠠ᠃ ᠰᠢᠨ ᠷᠦᠩ᠂ ᠶᠦᠩ ᠬᠤᠩ᠂ ᠮᠢᠨ ᠯᠧ ᠵᠡᠷᠭᠡ | ᠲᠣᠰᠬᠤᠨ ᠳᠤ ᠤᠰᠤᠨ ᠤ ᠡᠷᠬᠡ ᠶᠢᠨ ᠬᠤᠪᠢᠶᠠᠷᠢᠯᠠᠯᠲᠠ ᠪᠠᠷ ᠳᠡᠮᠵᠢᠨ᠂ ᠤᠰᠤ ᠬᠡᠷᠡᠭᠯᠡᠬᠦ ᠬᠡᠮᠵᠢᠶ᠎ᠡ ᠶᠢ ᠲᠣᠰᠬᠤᠨ | ᠡᠷᠦᠬᠡ ᠭᠠᠵᠠᠷ ᠲᠤ ᠬᠦᠷᠭᠡᠵᠦ ᠬᠤᠳᠳᠤᠭ ᠲᠤ ᠬᠦᠷᠭᠡᠵᠦ᠂ ᠬᠡᠮᠵᠢᠬᠦ ᠵᠢᠴᠢ ᠴᠠᠬᠢᠯᠭᠠᠨ ᠢᠶᠠᠷ ᠤᠰᠤ ᠶᠢ ᠨᠤᠭᠤᠯᠬᠤ | ᠵᠠᠭᠪᠤᠷ ᠢ ᠬᠡᠷᠡᠭᠯᠡᠨ᠂ ᠨᠠᠷᠢᠯᠢᠭᠵᠢᠭᠤᠯᠤᠨ ᠬᠡᠮᠵᠢᠬᠦ ᠪᠠᠷ ᠬᠠᠷᠠᠯᠲᠠ ᠪᠣᠯᠭᠠᠵᠤ᠂ ᠤᠰᠤᠨ ᠤ ᠦᠨ᠎ᠡ ᠶᠢ ᠵᠦᠢ | ᠵᠣᠬᠢᠰᠲᠠᠢ ᠲᠣᠭᠲᠠᠭᠠᠵᠤ᠂ ᠤᠰᠤ ᠠᠷᠪᠢᠯᠠᠬᠤ ᠬᠠᠤᠯᠢ ᠲᠣᠭᠲᠠᠭᠠᠯ ᠤᠨ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤᠯᠠᠯᠲᠠ ᠶᠢ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠪᠡᠶᠡᠯᠡᠭᠦᠯᠵᠦ᠂ | ᠲᠠᠷᠢᠶᠠᠯᠠᠩ ᠤᠨ ᠤᠰᠤ ᠬᠡᠷᠡᠭᠯᠡᠬᠦ ᠶᠢ ᠠᠷᠪᠢᠯᠠᠬᠤ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ | 5. ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ︽ᠬᠠᠪᠤᠷ | ᠨᠠᠮᠤᠷ ᠤᠨ ᠤᠯᠠᠷᠢᠯ︾ ᠤᠨ ᠭᠤᠣᠯ ᠮᠥᠷᠡᠨ ᠨᠠᠭᠤᠷ ᠴᠥᠭᠦᠷᠥᠮ ᠤᠨ ᠲᠤᠰᠬᠠᠢ ᠠᠵᠢᠯᠯᠠᠭ᠎ᠠ ᠶᠢᠨ ᠱᠠᠭᠠᠷᠳᠠᠯᠭ᠎ᠠ | ᠶᠣᠰᠣᠭᠠᠷ᠂ ᠮᠠᠨ ᠤ ᠰᠢᠶᠠᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ | ᠱᠠᠭᠠᠷᠳᠠᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ | ᠵᠦᠢᠯ ᠤᠨ ᠰᠠᠮᠠᠭᠤᠷᠠᠯ ᠢ ᠠᠷᠢᠯᠭᠠᠬᠤ︾ ᠲᠤᠰᠬᠠᠢ ᠠᠵᠢᠯᠯᠠᠭ᠎ᠠ ᠶᠢ ᠬᠢᠨᠠᠮᠠᠭᠠᠢ ᠥᠷᠨᠢᠭᠦᠯᠵᠦ᠂ ᠰᠢᠶᠠᠨ ᠤ ᠬᠡᠪᠴᠢᠶᠡᠨ | ᠳᠣᠲᠣᠷᠠᠬᠢ ᠭᠤᠣᠯ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠵᠠᠷ ᠳᠡᠭᠡᠷᠡᠬᠢ ᠤᠰᠤ | ᠬᠢᠭᠡᠳ ᠭᠠᠵᠠᠷ ᠳᠣᠣᠷᠠᠬᠢ ᠤᠰᠤᠨ ᠤ ᠬᠠᠷᠢᠯᠴᠠᠨ ᠨᠥᠬᠦᠪᠦᠷᠢᠯᠡᠬᠦ ᠦᠢᠯᠡᠳᠦᠯ ᠢ ᠪᠡᠶᠡᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠪᠠᠶᠢᠴᠠᠭᠠᠬᠤ ᠬᠤᠷᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠰᠢᠶᠠᠩ ᠪᠠᠯᠭᠠᠰᠤ | 6. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠨ᠎ᠠ᠃ ᠬᠥᠮᠥᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠷᠢᠮᠵᠢᠶᠠᠵᠢᠭᠰᠠᠨ ᠠᠵᠢᠯᠯᠠᠬᠤ ᠴᠢᠭ᠋ ᠢ ᠪᠠᠶᠢᠭᠤᠯᠬᠤ᠂ ᠪᠣᠷᠣᠭᠠᠨ | ᠨᠡᠮᠡᠭᠳᠡᠭᠦᠯᠬᠦ ᠲᠡᠶᠢᠷᠦᠯᠲᠦ ᠰᠤᠮᠤ ᠶᠢᠨ ᠲᠥᠬᠦᠭᠡᠷᠦᠮᠵᠢ ᠬᠤᠳᠠᠯᠳᠤᠨ ᠠᠪᠬᠤ᠂ ᠡᠭᠦᠯᠡᠨ ᠤᠰᠤᠨ ᠤ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠ ᠠᠵᠢᠯᠯᠠᠬᠤ ᠶᠢ ᠵᠢᠯᠤᠭᠤᠳᠬᠤ ᠰᠢᠰᠲ᠋ᠧᠮ ᠢ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ | ᠂ ᠬᠥᠮᠥᠨ ᠤ ᠬᠦᠴᠦ ᠪᠠᠷ ᠪᠣᠷᠣᠭᠠᠨ ᠨᠡᠮᠡᠭᠳᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠯᠠᠩ ᠤᠨ | ᠤᠰᠤᠯᠠᠯᠲᠠ ᠶᠢᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠪᠦᠲᠦᠮᠵᠢᠲᠡᠶ ᠨᠠᠮᠳᠠᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠴᠠᠭ ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ | 7. ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠵᠢᠴᠢ ᠭᠠᠵᠠᠷ | ᠳᠣᠣᠷᠠᠬᠢ ᠤᠰᠤ ᠶᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠮᠠᠨ ᠤ ᠰᠢᠶᠠᠨ ᠰᠠᠯᠠᠭ᠎ᠠ ᠮᠥᠴᠢᠷ ᠤᠨ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠭᠠᠵᠠᠷ ᠳᠣᠣᠷᠠᠬᠢ ᠤᠰᠤ ᠶᠢ | ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠡᠭᠦᠨ ᠤ ᠬᠠᠮᠲᠤ ᠭᠠᠵᠠᠷ ᠳᠣᠣᠷᠠᠬᠢ ᠤᠰᠤ ᠶᠢ | ᠲᠠᠲᠠᠵᠤ ᠪᠣᠯᠬᠤ ᠦᠭᠡᠢ ᠣᠷᠣᠨ ᠤ ᠳᠣᠲᠣᠷ᠎ᠠ ᠤᠰᠤ ᠲᠠᠲᠠᠬᠤ ᠰᠢᠨ᠎ᠡ ᠬᠤᠳᠳᠤᠭ ᠮᠠᠯᠲᠠᠬᠤ ᠦᠭᠡᠢ ᠪᠠᠶᠢᠵᠤ ᠂ | ᠭᠠᠵᠠᠷ ᠳᠣᠣᠷᠠᠬᠢ ᠤᠰᠤ ᠲᠠᠲᠠᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠦᠭᠡᠢ ᠪᠠᠶᠢᠬᠤ ᠬᠡᠷᠡᠭᠲᠡᠢ ᠃ | ᠬᠠᠷᠢᠭᠤᠴᠠᠯᠭᠠᠲᠤ ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠮᠢ ᠠᠬᠤᠢ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ | 8. ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠤᠰᠤ | ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠷᠠᠳᠢᠣ᠋ ᠨᠡᠪᠲᠡᠷᠡᠭᠦᠯᠭᠡ᠂ ᠲᠧᠯᠸᠢᠰ᠂ ᠭᠡᠷ ᠤᠨ ᠭᠠᠳᠠᠨᠠᠬᠢ ᠵᠠᠷ | ᠮᠡᠳᠡᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ᠤᠰᠤ ᠠᠷᠪᠢᠯᠠᠬᠤ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠵᠦ᠂ ᠤᠰᠤ ᠠᠷᠪᠢᠯᠠᠬᠤ ᠤᠬᠠᠭᠤᠯᠭ᠎ᠠ ᠶᠢᠨ ᠣᠨᠣᠯᠵᠢᠬᠤᠨ᠂ ᠠᠭᠤᠯᠭ᠎ᠠ᠂ ᠬᠡᠯᠪᠡᠷᠢ ᠪᠠ | ᠠᠷᠭ᠎ᠠ ᠪᠠᠷᠢᠯ ᠵᠡᠷᠭᠡ ᠳᠥᠷᠪᠡᠨ ᠲᠠᠯ᠎ᠠ ᠪᠠᠷ ᠰᠢᠨ᠎ᠡ ᠶᠢ ᠡᠭᠦᠳᠴᠦ᠂ ᠰᠢᠶᠠᠨ ᠤ ᠬᠡᠪᠴᠢᠶᠡᠨ ᠤ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠦᠨ᠎ᠡ᠃ ᠬᠤᠲᠠ ᠪᠠᠯᠭᠠᠰᠤ ᠬᠢᠭᠡᠳ ᠬᠥᠳᠡᠭᠡ | ᠲᠣᠰᠬᠤᠨ ᠳᠤ ᠤᠰᠤ ᠠᠷᠪᠢᠯᠠᠬᠤ ᠰᠢᠨ᠎ᠡ ᠮᠡᠷᠭᠡᠵᠢᠯ ᠬᠢᠭᠡᠳ ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠵᠦ ᠂ | ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠤᠰᠤ | ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠂ ᠤᠰᠤ ᠠᠷᠪᠢᠯᠠᠬᠤ | ᠮᠠᠶ᠋ᠢᠭ ᠤᠨ ᠠᠵᠤ ᠠᠬᠤᠶᠢᠯᠠᠯ ᠂ ᠤᠰᠤ ᠠᠷᠪᠢᠯᠠᠬᠤ ᠮᠠᠶ᠋ᠢᠭ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠡᠭᠦᠳᠦᠨ ᠪᠠᠶᠢᠭᠤᠯᠤᠨ᠎ᠠ ᠃ | ᠬᠠᠷᠢᠭᠤᠴᠠᠯᠭᠠᠲᠤ ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ | ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠳ᠋ᠧ ᠶᠤᠸᠠᠨ ᠤᠰᠤᠨ ᠤ ᠶᠠᠪᠤᠳᠠᠯ ᠤᠨ ᠺᠣᠮᠫᠠᠨᠢ᠂ ᠪᠠᠶᠢᠭᠤᠯᠭ᠎ᠠ ᠶᠢᠨ ᠶᠠᠪᠤᠳᠠᠯ ᠤᠨ | ᠦᠢᠯᠡᠴᠢᠯᠡᠭᠡᠨ ᠤ ᠲᠥᠪ᠂ ᠡᠯ᠎ᠡ ᠰᠢᠶᠠᠩ ᠪᠠᠯᠭᠠᠰᠤ | ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ ᠴᠢᠩᠭᠠᠳᠬᠠᠨ᠎ᠠ ᠃ ᠬᠢᠨᠠᠨ | ᠡᠵᠡᠮᠳᠡᠬᠦ ᠪᠠ ᠬᠠᠮᠢᠶᠠᠷᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠬᠠᠮᠢᠶᠠᠷᠤᠯᠲᠠ ᠶᠢᠨ ᠳᠦᠷᠢᠮ ᠪᠠᠶᠢᠭᠤᠯᠤᠨ᠂ | ᠬᠠᠮᠢᠶᠠᠷᠴᠤ ᠬᠠᠮᠠᠭᠠᠯᠠᠬᠤ ᠠᠵᠢᠯᠲᠠᠨ ᠲᠣᠬᠢᠷᠠᠭᠤᠯᠵᠤ ᠂ ᠪᠠᠶᠢᠴᠠᠭᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ | ᠬᠤᠳᠠᠯᠳᠤᠨ ᠠᠪᠴᠤ ᠲᠣᠬᠢᠷᠠᠭᠤᠯᠬᠤ ᠪᠠᠷ ᠳᠠᠮᠵᠢᠭᠤᠯᠤᠨ ᠤᠰᠤᠨ ᠵᠦᠢ ᠂ ᠤᠷᠭᠤᠮᠠᠯ ᠤᠨ ᠬᠤᠴᠢᠯᠭ᠎ᠠ ᠶᠢᠨ ᠲᠤᠭ᠎ᠠ | ᠪᠠᠷᠢᠮᠲᠠ ᠶᠢ ᠪᠠᠶᠢᠴᠠᠭᠠᠨ ᠰᠢᠯᠭᠠᠬᠤ ᠳᠤ ᠬᠡᠷᠡᠭᠯᠡᠵᠦ ᠂ ᠴᠠᠭᠠᠨᠨᠠᠭᠤᠷ ᠤᠨ ᠠᠮᠢ ᠠᠬᠤᠢ ᠶᠢ ᠰᠡᠷᠭᠦᠭᠡᠬᠦ ᠪᠠ | ᠬᠠᠮᠠᠭᠠᠯᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ ᠃ | ᠬᠠᠷᠢᠭᠤᠴᠠᠯᠭᠠᠲᠤ ᠨᠢᠭᠡᠴᠡ᠄ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠴᠣᠣᠶᠠᠩ ᠪᠠᠯᠭᠠᠰᠤ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠲᠣᠬᠢᠷᠠᠭᠤᠯᠤᠨ ᠪᠠᠶᠢᠷᠢᠯᠠᠭᠤᠯᠵᠤ᠂ | ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠮᠠᠨ ᠤ | ᠰᠢᠶᠠᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠢ ᠶᠡᠷᠦᠩᠬᠡᠶᠢᠯᠡᠨ ᠵᠠᠰᠠᠬᠤ ᠶᠢᠨ ᠴᠢᠬᠤᠯᠠ ᠴᠢᠨᠠᠷ | ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ ᠂ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠲᠠᠯ᠎ᠠ ᠶᠢᠨ | ᠳᠦᠷᠢᠮ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ ᠂ ᠡᠳ᠋ ᠤᠨ ᠵᠠᠰᠠᠭ ᠤᠨ ᠪᠡᠯᠡ ᠮᠥᠩᠭᠦ ᠶᠢ | ᠲᠣᠬᠢᠷᠠᠭᠤᠯᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠵᠦ ᠂ ᠠᠵᠢᠯ ᠤᠨ ᠳᠤᠮᠳᠠᠬᠢ ᠵᠥᠷᠢᠴᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ | ᠰᠢᠢᠳᠪᠦᠷᠢᠯᠡᠵᠦ ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠠᠵᠢᠯ ᠤᠨ | ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠃ | 2. ᠬᠠᠷᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠤᠰᠤᠨ ᠠᠰᠢᠭᠯᠠᠯᠲᠠ ᠶᠢᠨ ᠲᠣᠪᠴᠢᠶ᠎ᠠ ᠪᠣᠯᠣᠨ | ᠬᠠᠮᠢᠶ᠎ᠠ ᠪᠦᠬᠦᠢ ᠰᠢᠶᠠᠩ ᠪᠠᠯᠭᠠᠰᠤ ᠨᠤᠭᠤᠳ ᠵᠠᠰᠠᠬᠤ ᠬᠠᠷᠠᠯᠲᠠᠲᠤ ᠡᠭᠦᠷᠭᠡ ᠪᠠᠨ ᠡᠯ᠎ᠡ ᠲᠣᠰᠬᠤᠨ᠂ ᠡᠯ᠎ᠡ ᠤᠰᠤ | ᠬᠡᠷᠡᠭᠯᠡᠬᠦ ᠡᠷᠦᠬᠡ ᠳᠤ ᠱᠠᠲᠤ ᠳᠠᠷᠠᠭᠠᠯᠠᠨ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠮᠠᠰᠢᠨ ᠬᠤᠳᠳᠤᠭ ᠨᠢᠭᠡᠪᠦᠷᠢ ᠳᠤ | ᠬᠦᠷᠲᠡᠯ᠎ᠡ ᠨᠠᠷᠢᠯᠢᠭᠵᠢᠭᠤᠯᠤᠨ᠂ ᠡᠯ᠎ᠡ ᠨᠢᠭᠡᠴᠡ᠂ ᠡᠯ᠎ᠡ ᠤᠰᠤ ᠬᠡᠷᠡᠭᠯᠡᠬᠦ ᠡᠷᠦᠬᠡ ᠶᠢᠨ ᠣᠨ ᠤ ᠡᠭᠦᠷᠭᠡ ᠪᠣᠯᠣᠨ | ᠣᠨ ᠤ ᠨᠡᠭᠡᠭᠡᠨ ᠮᠠᠯᠲᠠᠬᠤ ᠬᠡᠮᠵᠢᠶ᠎ᠡ ᠶᠢ ᠲᠣᠳᠣᠷᠬᠠᠶᠢᠯᠠᠵᠤ᠂ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠵᠤ᠂ | ᠲᠣᠭᠲᠠᠭᠰᠠᠨ ᠨᠣᠷᠮ᠎ᠠ ᠶᠢᠨ ᠭᠦᠢᠴᠡᠳᠬᠡᠬᠦ ᠲᠤᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠠᠪᠤᠭᠰᠠᠨ ᠢ ᠶᠡᠷᠦᠩᠬᠡᠶᠢᠯᠡᠨ ᠵᠠᠰᠠᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | 3. ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ︽ᠰᠠᠷ᠎ᠠ ᠪᠠᠷ ᠲᠣᠭᠤᠷᠢᠨ ᠪᠠᠶᠢᠴᠠᠭᠠᠬᠤ᠂ | ᠭᠠᠷᠠᠭ ᠢᠶᠠᠷ ᠰᠤᠭᠤᠴᠢᠨ ᠪᠠᠶᠢᠴᠠᠭᠠᠬᠤ︾ ᠳᠦᠷᠢᠮ ᠢ ᠪᠠᠶᠢᠭᠤᠯᠵᠤ᠂ ᠤᠰᠤᠨ ᠠᠰᠢᠭᠯᠠᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠡᠯ᠎ᠡ ᠤᠰᠤ ᠬᠡᠷᠡᠭᠯᠡᠬᠦ | ᠡᠷᠦᠬᠡ ᠶᠢᠨ ᠭᠠᠵᠠᠷ ᠳᠣᠣᠷᠠᠬᠢ ᠤᠰᠤ ᠶᠢ ᠳᠠᠷᠤᠵᠤ ᠪᠠᠭᠠᠰᠬᠠᠬᠤ ᠲᠥᠯᠥᠪᠯᠡᠭᠡ ᠶᠢ ᠬᠡᠷᠡᠭᠵᠢᠭᠦᠯᠦᠭᠰᠡᠨ᠂ | ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠵᠤ ᠠᠵᠢᠯᠯᠠᠭᠤᠯᠬᠤ ᠵᠡᠷᠭᠡ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠪᠠᠶᠢᠴᠠᠭᠠᠬᠤ ᠡᠬᠡ ᠲᠠᠩᠰᠠ ᠪᠠᠶᠢᠭᠤᠯᠤᠨ᠂ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠲᠣᠭᠲᠠᠭᠠᠯ | ᠠᠴᠠ ᠵᠥᠷᠢᠴᠡᠨ ᠬᠤᠳᠳᠤᠭ ᠮᠠᠯᠲᠠᠵᠤ ᠤᠰᠤ ᠲᠠᠲᠠᠭᠰᠠᠨ ᠦᠶᠯᠡ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ ᠂ ᠨᠡᠶᠢᠭᠡᠮ ᠤᠨ ᠬᠦᠴᠦᠨ ᠢ | ᠬᠥᠳᠡᠯᠭᠡᠨ ᠬᠢᠨᠠᠯᠲᠠ ᠲᠠᠯᠪᠢᠬᠤ ᠳᠤ ᠣᠷᠣᠯᠴᠠᠭᠤᠯᠤᠨ᠎ᠠ ᠃ | 4. ᠳᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ | ᠪᠣᠳᠠᠲᠤ ᠪᠠᠶᠢᠳᠠᠯ ᠳᠤ ᠰᠠᠭᠤᠷᠢᠯᠠᠨ᠂ ᠬᠥᠭᠵᠢᠯᠲᠡ ᠶᠢᠨ ᠰᠡᠳᠬᠢᠴᠡ ᠪᠠ ᠬᠥᠭᠵᠢᠯᠲᠡ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠵᠤ᠂ ᠬᠥᠭᠵᠢᠯᠲᠡ ᠬᠢᠭᠡᠳ ᠤᠰᠤᠨ ᠤ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ | ᠬᠢ ᠳᠦᠷᠢᠮ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠪᠠᠭᠠᠰᠬᠠᠬᠤ ᠡᠭᠦᠷᠭᠡ ᠶᠢ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠤᠰᠤᠨ ᠤ ᠡᠷᠬᠡ ᠶᠢᠨ ᠠᠷᠠᠯᠵᠢᠶ᠎ᠠ ᠶᠢᠨ ᠰᠢᠢᠳᠪᠦᠷᠢᠯᠡᠬᠦ ᠠᠷᠭ᠎ᠠ ᠵᠠᠮ ᠢ | ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |